ᠥᠪᠥᠷ ᠮᠣᠩᠭᠤᠯ 3 ᠵᠢᠯ ᠤᠨ ᠴᠠᠭ ᠢ ᠬᠡᠷᠡᠭᠰᠡᠵᠦ ︽ᠶᠠᠰᠤ ᠴᠢᠨᠠᠷ ᠢ ᠳᠡᠭᠡᠭᠰᠢᠯᠡᠭᠦᠯᠬᠦ︾ ᠠᠵᠢᠯᠯᠠᠭ᠎ᠠ  ᠦᠷᠨᠢᠭᠦᠯᠬᠦ ᠪᠠᠷ ᠪᠤᠢ
ᠨᠡᠶᠢᠲᠡᠯᠡᠭᠰᠡᠨ ᠴᠠᠭ᠄
2018/2/12
      ᠡᠨᠡ ᠵᠢᠯ ᠠᠴᠠ ᠡᠬᠢᠯᠡᠨ 2020 ᠣᠨ ᠪᠣᠯᠲᠠᠯ᠎ᠠ᠂ ᠮᠠᠨ ᠤ ᠣᠷᠣᠨ 3 ᠵᠢᠯ ᠤᠨ ᠴᠠᠭ ᠢ ᠬᠡᠷᠡᠭᠰᠡᠵᠦ ᠪᠠᠶᠢᠭᠠᠳ ︽ᠶᠠᠰᠤ ᠴᠢᠨᠠᠷ ᠢ ᠳᠡᠭᠡᠭᠰᠢᠯᠡᠭᠦᠯᠬᠦ︾ ᠠᠵᠢᠯᠯᠠᠭ᠎ᠠ ᠥᠷᠨᠢᠭᠦᠯᠵᠦ᠂ ︽ᠥᠪᠥᠷ ᠮᠣᠩᠭᠤᠯ ᠤᠨ ᠦᠢᠯᠡᠳᠬᠡᠯ︾᠎ ᠤᠨ ᠨᠡᠷ᠎ᠡ ᠶᠢᠨ ᠬᠠᠭᠤᠳᠠᠰᠤ ᠵᠣᠬᠢᠶᠠᠬᠤ ᠪᠠᠷ ᠪᠠᠶᠢᠨ᠎ᠠ᠃      ᠨᠢᠳᠤᠨᠤᠨ᠂ ᠥᠪᠡᠷᠲᠡᠭᠡᠨ ᠵᠠᠰᠠᠭ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠰᠢᠰᠲ᠋ᠧᠮ ᠤᠨ ᠬᠢᠨ ᠪᠥᠬᠦ ᠣᠷᠣᠨ ᠤ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ᠬᠦᠴᠦ ᠲᠠᠯᠪᠢᠨ ᠲᠦᠯᠬᠢᠨ ᠠᠬᠢᠭᠤᠯᠵᠤ᠂ ᠪᠠᠷᠢᠮᠵᠢᠶᠠᠵᠢᠭᠤᠯᠤᠭᠰᠠᠨ ᠪᠠ ᠨᠡᠷᠡᠲᠦ ᠲᠡᠮᠳᠡᠭᠲᠦ ᠶᠢᠨ ᠬᠥᠭᠵᠢᠭᠦᠯᠬᠦ ᠲᠥᠯᠥᠪᠯᠡᠭᠡ ᠶᠢ ᠬᠡᠷᠡᠭᠵᠢᠭᠦᠯᠵᠦ᠂ ᠢᠯᠡᠳᠲᠡ ᠦᠷ᠎ᠡ ᠪᠦᠲᠦᠮᠵᠢ ᠣᠯᠵᠠᠶ᠃ ᠪᠦᠬᠦ ᠣᠷᠣᠨ ᠤ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠣᠷᠣᠨ ᠨᠤᠲᠤᠭ ᠤᠨ ᠪᠠᠷᠢᠮᠵᠢᠶ᠎ᠠ ᠨᠢ 592 ᠵᠦᠢᠯ᠂ ᠰᠢᠨ᠎ᠡ ᠮᠠᠶ᠋ᠢᠭ ᠤᠨ ᠠᠵᠤ ᠦᠢᠯᠡᠳᠪᠦᠷᠢ ᠶᠢᠨ ᠣᠷᠣᠨ ᠨᠤᠲᠤᠭ ᠤᠨ ᠪᠠᠷᠢᠮᠵᠢᠶ᠎ᠠ ᠨᠢ 107 ᠵᠦᠢᠯ᠂ ᠦᠢᠯᠡᠴᠢᠯᠡᠭᠡᠨ ᠤ ᠦᠢᠯᠡᠰ ᠤᠨ ᠣᠷᠣᠨ ᠨᠤᠲᠤᠭ ᠤᠨ ᠪᠠᠷᠢᠮᠵᠢᠶ᠎ᠠ ᠨᠢ 284 ᠵᠦᠢᠯ᠂ ᠨᠡᠶᠢᠭᠡᠮ ᠤᠨ ᠬᠠᠮᠢᠶᠠᠷᠤᠯᠲᠠ ᠪᠣᠯᠣᠨ ᠤᠯᠠᠨ ᠨᠡᠶᠢᠲᠡ ᠶᠢᠨ ᠦᠢᠯᠡᠴᠢᠯᠡᠭᠡᠨ ᠤ ᠣᠷᠣᠨ ᠨᠤᠲᠤᠭ ᠤᠨ ᠪᠠᠷᠢᠮᠵᠢᠶ᠎ᠠ ᠨᠢ 120 ᠵᠦᠢᠯ ᠳᠤ ᠬᠦᠷᠴᠦ᠂ ᠡᠯ᠎ᠡ ᠳᠦᠷᠦᠯ ᠤᠨ ᠪᠠᠷᠢᠮᠵᠢᠶᠠᠵᠢᠭᠤᠯᠤᠭᠰᠠᠨ ᠲᠤᠷᠰᠢᠯᠲᠠ ᠶᠢᠨ ᠲᠦᠷᠦᠯ ᠵᠦᠢᠯ ᠢ 139 ᠡᠭᠦᠳᠦᠨ ᠪᠠᠶᠢᠭᠤᠯᠵᠤ᠂ ᠤᠯᠤᠰ ᠲᠤ ᠮᠡᠳᠡᠭᠦᠯᠦᠨ ᠳᠠᠩᠰᠠᠯᠠᠭᠤᠯᠤᠭᠰᠠᠨ ᠣᠷᠣᠨ ᠨᠤᠲᠤᠭ ᠤᠨ ᠪᠠᠷᠢᠮᠵᠢᠶᠠᠨ ᠤ ᠲᠤᠭ᠎ᠠ ᠨᠢ 27 ᠳ᠋ᠤᠭᠠᠷ ᠪᠠᠶᠢᠷᠢᠨ ᠳᠤ ᠪᠠᠶᠢᠭᠰᠠᠨ ᠠᠴᠠ ᠪᠠᠨ 20 ᠳ᠋ᠤᠭᠠᠷ ᠪᠠᠶᠢᠷᠢᠨ ᠳᠤ ᠬᠦᠷᠴᠦ ᠳᠡᠭᠡᠭᠰᠢᠯᠡᠪᠡ︔ ᠤᠷᠤᠰ ᠮᠣᠩᠭᠤᠯ ᠯᠤᠭ᠎ᠠ ᠶᠢᠨ ᠪᠠᠷᠢᠮᠵᠢᠶ᠎ᠠ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠲᠦᠯᠬᠢᠨ ᠠᠬᠢᠭᠤᠯᠵᠤ᠂ ᠮᠣᠩᠭᠤᠯ ᠤᠯᠤᠰ ᠤᠨ ᠪᠠᠷᠢᠮᠵᠢᠶᠠᠵᠢᠭᠤᠯᠤᠯᠲᠠ ︵ᠥᠪᠥᠷ ᠮᠣᠩᠭᠤᠯ︶᠎ ᠶᠢᠨ ᠰᠤᠳᠤᠯᠤᠯ ᠤᠨ ᠲᠥᠪ ᠤᠯᠤᠰ ᠤᠨ ᠶᠠᠰᠤ ᠴᠢᠨᠠᠷ ᠤᠨ ᠪᠠᠶᠢᠴᠠᠭᠠᠯᠲᠠ ᠶᠢᠨ ᠶᠡᠷᠦᠩᠬᠡᠶ ᠲᠣᠪᠴᠢᠶᠠᠨ ᠤ ᠵᠥᠪᠰᠢᠶᠡᠷᠡᠯ ᠢ ᠣᠯᠪᠠ︔ ᠬᠠᠤᠯᠢ ᠬᠡᠷᠡᠭᠵᠢᠭᠦᠯᠵᠦ ᠬᠤᠳᠠᠯ ᠬᠠᠭᠤᠷᠮᠠᠭ ᠪᠠᠷᠠᠭ᠎ᠠ ᠦᠢᠯᠡᠳᠪᠦᠷᠢᠯᠡᠵᠦ ᠪᠣᠷᠣᠯᠠᠭᠤᠯᠬᠤ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ︽ᠶᠠᠰᠤ ᠴᠢᠨᠠᠷ ᠢ ᠰᠢᠯᠭᠠᠨ ᠪᠠᠶᠢᠴᠠᠭᠠᠬᠤ ᠬᠤᠷᠴᠠ ᠰᠡᠯᠡᠮ᠎ᠡ︾᠎ ᠶᠢᠨ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠲᠠᠷᠢᠶᠠᠯᠠᠩ ᠤᠨ ᠬᠡᠷᠡᠭᠰᠡᠯ᠂ ᠪᠠᠷᠢᠯᠭ᠎ᠠ ᠶᠢᠨ ᠮᠠᠲ᠋ᠧᠷᠢᠶᠠᠯ᠂ ᠮᠠᠰᠢᠨ ᠲᠡᠷᠭᠡᠨ ᠤ ᠰᠡᠯᠪᠢᠭ ᠲᠣᠨᠤᠭ᠂ ᠪᠣᠯᠪᠠᠰᠤᠷᠠᠭᠤᠯᠤᠭᠰᠠᠨ ᠴᠢᠯᠠᠭᠤᠨ ᠲᠤᠰᠤ ᠵᠡᠷᠭᠡ ᠭᠤᠣᠯᠳᠠᠯᠭ᠎ᠠ ᠲᠠᠢ ᠬᠡᠷᠡᠭᠯᠡᠭᠡᠨ ᠤ ᠵᠦᠢᠯ ᠤᠨ ᠲᠤᠰᠬᠠᠶ ᠠᠵᠢᠯᠯᠠᠭ᠎ᠠ ᠦᠷᠨᠢᠭᠦᠯᠦᠭᠰᠡᠨ ᠪᠦᠭᠡᠳ ᠰᠤᠷᠤᠭᠴᠢᠳ ᠤᠨ ᠰᠤᠷᠭᠠᠭᠤᠯᠢ ᠶᠢᠨ ᠬᠤᠪᠴᠠᠰᠤ ᠵᠡᠷᠭᠡ 3 ᠲᠥᠷᠥᠯ ᠤᠨ ᠬᠡᠷᠡᠭᠯᠡᠭᠡᠨ ᠤ ᠵᠦᠢᠯ ᠳᠤ ᠠᠩᠬ᠎ᠠ ᠤᠳᠠᠭ᠎ᠠ ᠭᠡᠮ ᠰᠣᠭᠤᠭ ᠤᠨ ᠪᠠᠶᠢᠴᠠᠭᠠᠯᠲᠠ ᠬᠢᠵᠦ᠂  ᠬᠤᠳᠠᠯ ᠬᠠᠭᠤᠷᠮᠠᠭ ᠪᠠᠷᠠᠭ᠎ᠠ ᠦᠢᠯᠡᠳᠪᠦᠷᠢᠯᠡᠵᠦ ᠪᠣᠷᠣᠯᠠᠭᠤᠯᠬᠤ ᠠᠵᠢᠯᠯᠠᠭ᠎ᠠ ᠳᠤ ᠬᠠᠣᠯᠢ ᠬᠡᠷᠡᠭᠵᠢᠭᠦᠯᠵᠦ ᠴᠣᠬᠢᠯᠲᠠ ᠥᠭᠬᠦ ᠤᠯᠤᠰ ᠤᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠭᠤᠣᠯ ᠦᠢᠯᠡᠳᠦᠯ ᠢ ᠪᠠᠳᠠᠷᠠᠭᠤᠯᠵᠤ᠂ ᠪᠦᠬᠦ ᠰᠦᠯᠵᠢᠶ᠎ᠡ᠂ ᠪᠦᠬᠦ ᠡᠯᠧᠺᠲᠷᠣᠨ ᠬᠤᠳᠠᠯᠳᠤᠭᠠᠨ ᠤ ᠮᠡᠳᠡᠭᠡ ᠵᠠᠩᠭᠢ ᠶᠢ ᠴᠤᠭᠯᠠᠭᠤᠯᠵᠤ᠂ ᠤᠶᠤᠨᠲᠤ ᠭᠠᠷ ᠤᠲᠠᠰᠤ᠂ ᠬᠡᠤᠬᠡᠳ ᠤᠨ ᠴᠠᠭᠠᠰᠤᠨ ᠭᠥᠯᠲᠥᠩ ᠵᠡᠷᠭᠡ 10 ᠲᠥᠷᠥᠯ ᠤᠨ ᠭᠤᠣᠯᠳᠠᠯᠭ᠎ᠠ ᠲᠠᠢ ᠬᠡᠷᠡᠭᠯᠡᠭᠡᠨ ᠤ ᠡᠳ᠋ ᠤᠨ  ᠲᠠᠯ᠎ᠠ ᠪᠠᠷ ᠬᠠᠤᠯᠢ ᠎ ᠠᠴᠠ ᠵᠥᠷᠢᠴᠡᠭᠰᠡᠨ ᠬᠡᠷᠡᠭ ᠤᠨ ᠰᠦᠪᠡᠭᠴᠢ ᠶᠢ ᠵᠢᠭᠰᠠᠭᠠᠨ ᠪᠠᠶᠢᠴᠠᠭᠠᠵᠠᠢ᠃ ᠣᠶᠢᠯᠠᠭᠠᠭᠰᠠᠨ ᠢᠶᠠᠷ᠂ ︽ᠶᠠᠰᠤ ᠴᠢᠨᠠᠷ ᠢ ᠳᠡᠭᠡᠭᠰᠢᠯᠡᠭᠦᠯᠬᠦ︾ ᠭᠤᠷᠪᠠᠨ ᠵᠢᠯ ᠤᠨ ᠠᠵᠢᠯᠯᠠᠭ᠎ᠠ ᠨᠢ ᠪᠠᠷᠢᠮᠵᠢᠶ᠎ᠠ ᠶᠢ ᠳᠡᠭᠡᠭᠰᠢᠯᠡᠭᠦᠯᠬᠦ ᠶᠠᠪᠤᠳᠠᠯ ᠢᠶᠠᠷ ᠭᠠᠷᠳᠠᠴᠠ ᠪᠣᠯᠭᠠᠨ᠂ ᠪᠠᠷᠢᠮᠵᠢᠶ᠎ᠠ ᠶᠢ ᠬᠠᠷᠭᠤᠭᠤᠯᠬᠤ᠂ ᠪᠠᠷᠢᠮᠵᠢᠶ᠎ᠠ ᠳᠤ ᠬᠦᠷᠦᠭᠦᠯᠬᠦ᠂ ᠪᠠᠷᠢᠮᠵᠢᠶ᠎ᠠ ᠶᠢᠨ ᠵᠡᠷᠭᠡ ᠳᠡᠰ ᠢ ᠥᠰᠬᠡᠨ ᠳᠡᠪᠰᠢᠭᠦᠯᠬᠦ ᠶᠢ ᠠᠬᠢᠭᠤᠯᠵᠤ᠂  ᠠᠵᠤ ᠦᠢᠯᠡᠰ ᠤᠨ ᠴᠢᠨᠠᠷ ᠰᠠᠶᠢᠲᠠᠢ ᠬᠡᠯᠪᠡᠷᠢ ᠵᠦᠭ ᠬᠤᠪᠢᠷᠠᠬᠤ ᠶᠢ ᠥᠨᠳᠥᠷ ᠪᠠᠷᠢᠮᠵᠢᠶ᠎ᠠ ᠪᠠᠷ ᠬᠥᠲᠥᠯᠥᠨ ᠳᠠᠭᠠᠭᠤᠯᠬᠤ ᠪᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号