ᠡᠮᠦᠨᠡᠬᠡᠨ᠂ ᠲᠥᠷᠥ ᠶᠢᠨ ᠶᠠᠪᠤᠳᠠᠯ ᠤᠨ ᠬᠤᠷᠢᠶ᠎ᠠ ︽ᠰᠠᠭᠤᠷᠢ ᠰᠢᠨᠵᠢᠯᠡᠬᠦ ᠤᠬᠠᠭᠠᠨ ᠤ ᠰᠤᠳᠤᠯᠤᠯᠲᠠ ᠶᠢ | ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠰᠠᠨᠠᠯ ᠤᠳ︾ ᠢ ᠳᠠᠷᠤᠮᠠᠯᠯᠠᠨ ᠲᠠᠷᠬᠠᠭᠠᠵᠤ᠂ ᠰᠠᠭᠤᠷᠢ ᠰᠢᠨᠵᠢᠯᠡᠬᠦ | ᠤᠬᠠᠭᠠᠨ ᠤ ᠰᠤᠳᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠳᠤ ᠪᠠᠶᠢᠷᠢᠯᠠᠭᠤᠯᠤᠯᠲᠠ ᠬᠢᠪᠡ᠃ ᠰᠤᠷᠪᠤᠯᠵᠢᠯᠠᠭᠴᠢ | ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠤᠨ ᠲᠤᠬᠠᠢ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ | ᠰᠠᠭᠤᠷᠢ ᠰᠤᠳᠤᠯᠭᠠᠨ ᠤ ᠵᠤᠷᠭᠠᠨ ᠤ ᠳᠠᠷᠤᠭ᠎ᠠ ᠶᠧ ᠢᠦᠢ ᠵᠢᠶᠠᠩ ᠪᠠ ᠡᠬᠢ ᠪᠠᠶᠠᠯᠢᠭ ᠤᠨ ᠲᠣᠬᠢᠷᠠᠭᠤᠯᠤᠯᠲᠠ ᠬᠢᠭᠡᠳ | ᠬᠠᠮᠢᠶᠠᠷᠤᠯᠲᠠ ᠶᠢᠨ ᠵᠤᠷᠭᠠᠨ ᠤ ᠳᠠᠷᠤᠭ᠎ᠠ ᠵᠠᠩ ᠰᠢᠶᠣᠣ ᠶᠤᠸᠠᠨ ᠢ ᠰᠤᠷᠪᠤᠯᠵᠢᠯᠠᠵᠠᠢ᠃ | ᠰᠤᠷᠪᠤᠯᠵᠢᠯᠠᠭᠴᠢ᠄ ᠣᠯᠠᠨ ᠵᠢᠯ ᠤᠨ ᠬᠥᠭᠵᠢᠯᠲᠡ ᠪᠠᠷ ᠳᠠᠮᠵᠢᠨ᠂ ᠮᠠᠨ ᠤ ᠤᠯᠤᠰ ᠤᠨ ᠰᠠᠭᠤᠷᠢ ᠰᠢᠨᠵᠢᠯᠡᠬᠦ | ᠤᠬᠠᠭᠠᠨ ᠤ ᠰᠤᠳᠤᠯᠤᠯᠲᠠ ᠶᠠᠮᠠᠷ ᠶᠠᠮᠠᠷ ᠠᠮᠵᠢᠯᠲᠠ ᠪᠦᠲᠦᠮᠵᠢ ᠣᠯᠣᠭᠰᠠᠨ ᠪᠣᠢ︖ ᠪᠠᠰᠠ ᠶᠠᠮᠠᠷ ᠶᠠᠮᠠᠷ | ᠳᠤᠲᠠᠭᠤᠳᠠᠯ ᠣᠷᠣᠰᠢᠵᠤ ᠪᠠᠶᠢᠬᠤ ᠪᠣᠢ︖ | ᠶᠧ ᠢᠦᠢ ᠵᠢᠶᠠᠩ᠄ ᠣᠯᠠᠨ ᠵᠢᠯ ᠤᠨ ᠴᠢᠷᠮᠠᠶᠢᠯᠭ᠎ᠠ ᠪᠠᠷ ᠳᠠᠮᠵᠢᠨ᠂ ᠮᠠᠨ ᠤ ᠤᠯᠤᠰ ᠤᠨ ᠰᠠᠭᠤᠷᠢ ᠰᠢᠨᠵᠢᠯᠡᠬᠦ | ᠤᠬᠠᠭᠠᠨ ᠤ ᠰᠤᠳᠤᠯᠤᠯᠲᠠ ᠦᠷᠭᠦᠯᠵᠢᠯᠡᠨ ᠲᠦᠷᠭᠡᠨ ᠢᠶᠠᠷ ᠬᠥᠭᠵᠢᠵᠦ᠂ ᠣᠯᠠᠨ ᠤᠯᠤᠰ ᠤᠨ ᠨᠥᠯᠥᠭᠡᠯᠡᠬᠦ ᠬᠦᠴᠦᠨ | ᠶᠡᠭᠡ ᠪᠠᠷ ᠳᠡᠭᠡᠭᠰᠢᠯᠡᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠤᠯᠭᠠᠭᠤᠷᠢᠯᠠᠵᠤ ᠬᠥᠲᠥᠯᠥᠨ ᠳᠠᠭᠠᠭᠤᠯᠬᠤ | ᠦᠢᠯᠡᠳᠦᠯ ᠨᠢ ᠲᠠᠰᠤᠷᠠᠯᠲᠠ ᠦᠭᠡᠢ ᠴᠢᠩᠭᠠᠷᠠᠪᠠ᠃ ᠮᠠᠨ ᠤ ᠤᠯᠤᠰ ᠤᠨ ᠰᠠᠭᠤᠷᠢ ᠰᠢᠨᠵᠢᠯᠡᠬᠦ ᠤᠬᠠᠭᠠᠨ ᠤ | ᠰᠤᠳᠤᠯᠤᠯᠲᠠ ᠶᠢᠨ ᠵᠠᠷᠤᠳᠠᠯ ᠤᠨ ᠣᠷᠣᠭᠤᠯᠤᠯᠲᠠ ᠨᠢ 2012 ᠣᠨ ᠤ 498.8 ᠳ᠋ᠦᠩᠰᠢᠭᠤᠷ ᠲᠥᠭᠦᠷᠢᠭ ᠠᠴᠠ | ᠨᠡᠮᠡᠭᠳᠡᠭᠡᠳ 2016 ᠣᠨ ᠤ 822.9 ᠳ᠋ᠦᠩᠰᠢᠭᠤᠷ ᠲᠥᠭᠦᠷᠢᠭ ᠪᠣᠯᠵᠠᠢ᠃ ᠮᠠᠨ ᠤ ᠤᠯᠤᠰ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠥᠭᠦᠯᠡᠯ ᠤᠨ ᠲᠤᠭ᠎ᠠ ᠬᠡᠮᠵᠢᠶ᠎ᠡ ᠵᠠᠯᠭᠠᠭ᠎ᠠ ᠪᠠᠷ ᠣᠯᠠᠨ ᠵᠢᠯ ᠳᠡᠯᠡᠬᠡᠢ ᠶᠢᠨ 2 ᠳ᠋ᠤᠭᠠᠷ | ᠪᠠᠶᠢᠷᠢ ᠳᠤ ᠵᠢᠭᠰᠠᠵᠤ᠂ ᠶᠡᠷᠦᠩᠬᠡᠢ ᠡᠰᠢᠯᠡᠭᠳᠡᠭᠰᠡᠨ ᠤᠳᠠᠭᠠᠨ ᠤ ᠲᠤᠭ᠎ᠠ ᠨᠢ 2016 ᠣᠨ ᠤ 4 ᠳ᠋ᠦ᠋ᠭᠡᠷ | ᠪᠠᠶᠢᠷᠢ ᠠᠴᠠ ᠳᠡᠭᠡᠭᠰᠢᠯᠡᠭᠡᠳ 2017 ᠣᠨ ᠤ 2 ᠳ᠋ᠤᠭᠠᠷ ᠪᠠᠶᠢᠷᠢ ᠳᠤ ᠣᠷᠣᠵᠤ᠂ ᠬᠢᠮᠢ᠂ ᠮᠠᠲ᠋ᠧᠷᠢᠶᠠᠯ᠂ ᠹᠢᠽᠢᠺ᠂ | ᠪᠠᠷᠢᠯᠭ᠎ᠠ᠂ ᠲᠣᠭᠠᠨ ᠤ ᠤᠬᠠᠭᠠᠨ᠂ ᠳᠡᠯᠡᠬᠡᠢ ᠶᠢᠨ ᠪᠥᠮᠪᠥᠷᠴᠡᠭ ᠤᠨ ᠰᠤᠳᠤᠯᠤᠯ ᠵᠡᠷᠭᠡ ᠬᠢᠴᠢᠶᠡᠯ ᠰᠢᠨᠵᠢᠯᠡᠭᠡᠨ ᠨᠢ | ᠳᠡᠯᠡᠬᠡᠢ ᠶᠢᠨ ᠲᠡᠷᠢᠭᠦᠨ ᠡᠩᠨᠡᠭᠡᠨ ᠳᠤ ᠣᠶᠢᠷᠠᠲᠤᠵᠤ᠂ ᠰᠠᠭᠤᠷᠢ ᠰᠢᠨᠵᠢᠯᠡᠬᠦ ᠤᠬᠠᠭᠠᠨ ᠤ ᠰᠤᠳᠤᠯᠤᠯᠲᠠ ᠶᠢᠨ | ᠬᠦᠷᠢᠶ᠎ᠡ ᠴᠠᠷᠠᠭᠠᠨ ᠳᠠᠬᠢ ᠨᠢᠭᠡ ᠪᠦᠯᠦᠭ ᠰᠤᠳᠤᠯᠭᠠᠨ ᠤ ᠬᠠᠮᠲᠤ ᠨᠡᠶᠢᠲᠡ ᠨᠢ ᠬᠥᠲᠥᠯᠥᠨ ᠳᠠᠭᠠᠭᠤᠯᠬᠤ ᠴᠢᠨᠠᠷᠲᠠᠢ | ᠤᠤᠭᠠᠯ ᠦᠷ᠎ᠡ ᠪᠦᠲᠦᠭᠡᠯ ᠤᠨ ᠴᠢᠬᠤᠯᠠ ᠶᠡᠭᠡ ᠰᠢᠪᠲᠤᠯᠤᠯᠲᠠ ᠶᠢ ᠪᠡᠶᠡᠯᠡᠭᠦᠯᠬᠦ ᠴᠢᠳᠠᠪᠤᠷᠢ ᠶᠢ ᠪᠦᠷᠢᠯᠳᠦᠭᠦᠯᠵᠦ᠂ | ᠳᠤᠮᠳᠠᠳᠤ ᠤᠯᠤᠰ ᠤᠨ ᠤᠯᠠᠮ ᠠᠷᠪᠢᠨ ᠰᠢᠨᠵᠢᠯᠡᠬᠦ ᠤᠬᠠᠭᠠᠨᠲᠠᠨ ᠣᠯᠠᠨ ᠤᠯᠤᠰ ᠤᠨ ᠬᠦᠨᠳᠦ ᠴᠢᠬᠤᠯᠠ ᠰᠢᠨᠵᠢᠯᠡᠬᠦ | ᠤᠬᠠᠭᠠᠨ ᠮᠡᠷᠭᠡᠵᠢᠯ ᠤᠨ ᠱᠠᠩᠨᠠᠯ ᠤᠨ ᠵᠦᠢᠯ ᠢ ᠲᠣᠰᠴᠤ ᠪᠠᠶᠢᠨ᠎ᠠ᠃ | ᠡᠭᠦᠨ ᠤ ᠬᠠᠮᠲᠤ᠂ ᠮᠠᠨ ᠤ ᠤᠯᠤᠰ ᠤᠨ ᠰᠠᠭᠤᠷᠢ ᠰᠢᠨᠵᠢᠯᠡᠬᠦ ᠤᠬᠠᠭᠠᠨ ᠤ ᠰᠤᠳᠤᠯᠤᠯᠲᠠ ᠶᠢᠨ ᠬᠦᠷᠢᠶ᠎ᠡ | ᠴᠠᠷᠠᠭ᠎ᠠ ᠳᠤ ᠠᠩᠬᠠᠨ ᠤ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠲᠠᠰᠤᠷᠠᠯᠲᠠ ᠦᠭᠡᠢ ᠢᠯᠡᠷᠡᠵᠦ᠂ ᠭᠦᠢᠴᠡᠨ | ᠳᠠᠪᠠᠵᠤ ᠬᠥᠲᠥᠯᠥᠨ ᠳᠠᠭᠠᠭᠤᠯᠬᠤ ᠠᠯᠬᠤᠴᠠ ᠨᠢ ᠲᠦᠷᠭᠡᠰᠴᠦ ᠪᠠᠶᠢᠨ᠎ᠠ᠃ ᠵᠢᠱᠢᠶᠡᠯᠡᠪᠡᠯ᠂ ᠮᠠᠨ ᠤ ᠤᠯᠤᠰ ᠤᠨ | ᠰᠠᠭᠤᠷᠢ ᠹᠢᠽᠢᠺ ᠤᠨ ᠬᠦᠷᠢᠶ᠎ᠡ ᠴᠠᠷᠠᠭ᠎ᠠ ᠨᠢ ᠵᠠᠯᠭᠠᠭ᠎ᠠ ᠪᠠᠷ ᠭᠤᠷᠪᠠᠨ ᠵᠢᠯ ᠤᠯᠤᠰ ᠤᠨ ᠪᠠᠶᠢᠭᠠᠯᠢ ᠶᠢᠨ ᠰᠢᠨᠵᠢᠯᠡᠬᠦ | ᠤᠬᠠᠭᠠᠨ ᠤ ᠱᠠᠩᠨᠠᠯ ᠤᠨ ᠨᠢᠭᠡᠳᠦᠭᠡᠷ ᠳᠡᠰ ᠤᠨ ᠱᠠᠩᠨᠠᠯ ᠢ ᠲᠣᠰᠴᠤ᠂ ᠺᠧᠨᠠᠲ ᠤᠨ ᠬᠡᠪ ᠤᠨ ᠪᠤᠰᠤ ᠬᠠᠤᠯ | ᠦᠢᠯᠡᠴᠢᠯᠡᠭᠡ᠂ ᠲᠣᠫᠣᠯᠣᠭᠢ ᠬᠠᠭᠠᠰ ᠲᠡᠮᠦᠷᠯᠢᠭ᠂ ᠸᠧᠶᠢᠯ ᠹᠧᠷᠮᠢᠶᠣᠨ᠂ ᠨᠧᠲᠷᠢᠨᠣ᠋ ᠬᠡᠯᠪᠡᠯᠵᠡᠯ ᠵᠡᠷᠭᠡ ᠤᠤᠭᠠᠯ | ᠴᠢᠨᠠᠷᠲᠠᠢ ᠦᠷ᠎ᠡ ᠪᠦᠲᠦᠭᠡᠯ ᠢ ᠰᠤᠳᠤᠯᠤᠨ ᠭᠠᠷᠭᠠᠵᠠᠢ︔ ᠮᠠᠨ ᠤ ᠤᠯᠤᠰ ᠤᠨ ᠰᠢᠨᠵᠢᠯᠡᠬᠦ ᠤᠬᠠᠭᠠᠨᠲᠠᠳ ᠤᠨ | ᠢᠯᠡᠷᠡᠭᠦᠯᠦᠭᠰᠡᠨ ᠲᠡᠮᠦᠷ ᠰᠠᠭᠤᠷᠢᠲᠤ ᠬᠡᠳᠦ ᠳᠠᠮᠵᠢᠯᠭᠠᠨ ᠤ ᠮᠠᠲ᠋ᠧᠷᠢᠶᠠᠯ ᠨᠢ ᠳᠡᠯᠡᠬᠡᠢ ᠶᠢᠨ ᠬᠠᠭᠠᠰ ᠠᠴᠠ | ᠳᠡᠭᠡᠭᠰᠢᠬᠢ ᠶᠢ ᠡᠵᠡᠯᠡᠵᠦ ᠪᠠᠶᠢᠬᠤ ᠶᠢᠨ ᠬᠠᠮᠲᠤ᠂ ᠣᠯᠠᠨ ᠤᠯᠤᠰ ᠤᠨ ᠬᠠᠮᠤᠭ ᠤᠨ ᠥᠨᠳᠥᠷ ᠬᠡᠳᠦ ᠳᠠᠮᠵᠢᠯᠭᠠᠨ | ᠬᠤᠪᠢᠷᠠᠯᠲᠠ ᠶᠢᠨ ᠳᠤᠯᠠᠭᠠᠴᠠ ᠶᠢ ᠪᠠᠲᠤᠯᠠᠵᠤ ᠪᠠᠶᠢᠨ᠎ᠠ︔ ᠮᠠᠨ ᠤ ᠤᠯᠤᠰ ᠣᠯᠠᠨ ᠹᠣᠲ᠋ᠣᠨ ᠣᠷᠢᠶᠠᠴᠠᠯᠳᠤᠯ ᠤᠨ | ᠳᠡᠯᠡᠬᠡᠢ ᠶᠢᠨ ᠲᠡᠮᠳᠡᠭᠯᠡᠯ ᠢ ᠣᠯᠠᠨ ᠤᠳᠠᠭ᠎ᠠ ᠰᠢᠨᠡᠳᠬᠡᠭᠰᠡᠨ ᠤ ᠬᠠᠮᠲᠤ ᠢᠮᠠᠭᠲᠠ ᠪᠠᠲᠤᠯᠠᠭᠰᠠᠭᠠᠷ ᠪᠠᠶᠢᠨ᠎ᠠ᠃ | ᠶᠡᠷᠦᠩᠬᠡᠢ ᠳᠤ ᠪᠠᠨ᠂ ᠮᠠᠨ ᠤ ᠤᠯᠤᠰ ᠤᠨ ᠰᠠᠭᠤᠷᠢ ᠰᠢᠨᠵᠢᠯᠡᠬᠦ ᠤᠬᠠᠭᠠᠨ ᠤ ᠰᠤᠳᠤᠯᠤᠯᠲᠠ ᠨᠢ ᠨᠢᠭᠡᠨᠲᠡ | ᠬᠡᠮᠵᠢᠶᠡᠨ ᠤ ᠬᠤᠷᠠᠮᠳᠤᠭᠤᠯᠤᠯ ᠠᠴᠠ ᠴᠢᠨᠠᠷ ᠤᠨ ᠦᠰᠦᠷᠦᠯᠲᠡ ᠲᠡᠶᠢᠰᠢ ᠂ ᠴᠡᠭ ᠤᠨ ᠰᠢᠪᠲᠤᠯᠤᠯᠲᠠ ᠠᠴᠠ | ᠰᠢᠰᠲ᠋ᠧᠮᠲᠦ ᠴᠢᠳᠠᠪᠤᠷᠢ ᠶᠢᠨ ᠳᠡᠭᠡᠭᠰᠢᠯᠡᠯᠲᠡ ᠲᠡᠶᠢᠰᠢ ᠳᠠᠪᠰᠢᠬᠤ ᠴᠢᠬᠤᠯᠠ ᠴᠠᠭ ᠦᠶ᠎ᠡ ᠳᠤ ᠣᠷᠣᠰᠢᠵᠤ | ᠪᠠᠶᠢᠨ᠎ᠠ᠃ | ᠭᠡᠲᠡᠯ᠎ᠡ᠂ ᠳᠡᠯᠡᠬᠡᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ ᠤᠯᠤᠰ ᠢ ᠪᠠᠶᠢᠭᠤᠯᠬᠤ | ᠱᠠᠭᠠᠷᠳᠠᠯᠭ᠎ᠠ ᠲᠠᠢ ᠬᠠᠷᠢᠴᠠᠭᠤᠯᠪᠠᠯ᠂ ᠮᠠᠨ ᠤ ᠤᠯᠤᠰ ᠤᠨ ᠰᠠᠭᠤᠷᠢ ᠰᠢᠨᠵᠢᠯᠡᠬᠦ ᠤᠬᠠᠭᠠᠨ ᠤ ᠰᠤᠳᠤᠯᠤᠯᠲᠠ ᠶᠢᠨ | ᠳᠤᠲᠠᠭᠤᠳᠠᠯ ᠨᠢ ᠮᠥᠨ ᠨᠡᠯᠢᠶᠡᠳ ᠲᠣᠪᠣᠶᠢᠮ᠎ᠠ ᠪᠠᠶᠢᠵᠤ᠂ ᠴᠢᠬᠤᠯᠠ ᠶᠡᠭᠡ ᠤᠤᠭᠠᠯ ᠴᠢᠨᠠᠷᠲᠠᠢ ᠦᠷ᠎ᠡ ᠪᠦᠲᠦᠭᠡᠯ | ᠳᠤᠲᠠᠮᠠᠭ᠂ ᠰᠠᠭᠤᠷᠢ ᠰᠤᠳᠤᠯᠤᠯᠲᠠ ᠶᠢᠨ ᠣᠷᠣᠶᠢᠯᠠᠭᠰᠠᠨ ᠴᠢᠳᠠᠪᠤᠷᠢᠲᠠᠨ ᠪᠠ ᠬᠠᠮᠲᠤ ᠨᠡᠶᠢᠲᠡ ᠬᠦᠷᠦᠯᠴᠡᠬᠦ ᠦᠭᠡᠢ᠂ | ᠣᠷᠣᠭᠤᠯᠤᠯᠲᠠ ᠭᠦᠢᠴᠡᠳ ᠦᠭᠡᠢ ᠮᠥᠷᠲᠡᠭᠡᠨ ᠪᠦᠲᠦᠴᠡ ᠨᠢ ᠵᠣᠬᠢᠰ ᠦᠭᠡᠢ᠂ ᠪᠦᠬᠦ ᠨᠡᠶᠢᠭᠡᠮ ᠤᠨ ᠰᠠᠭᠤᠷᠢ | ᠰᠢᠨᠵᠢᠯᠡᠬᠦ ᠤᠬᠠᠭᠠᠨ ᠤ ᠰᠤᠳᠤᠯᠤᠯᠲᠠ ᠶᠢ ᠳᠡᠮᠵᠢᠬᠦ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠬᠦ | ᠴᠢᠬᠤᠯᠠᠲᠠᠢ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠮᠠᠨ ᠤ ᠤᠯᠤᠰ ᠤᠨ ᠰᠠᠭᠤᠷᠢ ᠰᠢᠨᠵᠢᠯᠡᠬᠦ ᠤᠬᠠᠭᠠᠨ ᠤ | ᠰᠤᠳᠤᠯᠤᠯᠲᠠ ᠨᠢ ᠶᠡᠭᠡ ᠶᠢ ᠪᠦᠲᠦᠭᠡᠬᠦᠶᠢᠴᠡ ᠬᠥᠭᠵᠢᠯᠲᠡ ᠶᠢᠨ ᠠᠵᠠ ᠲᠣᠬᠢᠶᠠᠯ ᠳᠤ ᠲᠣᠬᠢᠶᠠᠯᠳᠤᠭᠰᠠᠨ ᠢᠶᠠᠷ | ᠪᠠᠷᠠᠬᠤ ᠦᠭᠡᠢ᠂ ᠤᠷᠢᠳ ᠡᠮᠦᠨ᠎ᠡ ᠭᠠᠷᠤᠭ᠎ᠠ ᠦᠭᠡᠢ ᠴᠢᠬᠤᠯᠠ ᠶᠡᠭᠡ ᠥᠷᠢᠰᠦᠯᠳᠦᠭᠡᠨ ᠳᠤ ᠲᠤᠯᠭᠠᠷᠠᠵᠤ ᠪᠠᠶᠢᠨ᠎ᠠ᠃ | ᠰᠤᠷᠪᠤᠯᠵᠢᠯᠠᠭᠴᠢ᠄ ᠲᠤᠰ ᠤᠳᠠᠭᠠᠨ ᠤ ᠨᠡᠶᠢᠲᠡᠯᠡᠭᠰᠡᠨ ︽ᠰᠠᠨᠠᠯ︾ ᠨᠢ ᠰᠠᠭᠤᠷᠢ ᠰᠤᠳᠤᠯᠤᠯᠲᠠ ᠶᠢ ᠪᠦᠬᠦ | ᠲᠠᠯ᠎ᠠ ᠪᠠᠷ ᠴᠢᠩᠭᠠᠳᠬᠠᠬᠤ ᠳᠤ ᠪᠣᠳᠠᠲᠠᠢ ᠪᠠᠶᠢᠷᠢᠯᠠᠭᠤᠯᠤᠯᠲᠠ ᠬᠢᠪᠡ᠂ ᠡᠳᠡᠭᠡᠷ ᠪᠠᠶᠢᠷᠢᠯᠠᠭᠤᠯᠤᠯᠲᠠ ᠶᠢᠨ ᠵᠢᠷᠤᠮᠯᠠᠭᠰᠠᠨ | ᠵᠠᠷᠴᠢᠮ ᠨᠢ ᠶᠠᠭᠤ ᠪᠣᠢ︖ | ᠶᠧ ᠢᠦᠢ ᠵᠢᠶᠠᠩ᠄ ︽ᠰᠠᠨᠠᠯ︾ ᠳᠤ ᠰᠠᠭᠤᠷᠢ ᠰᠢᠨᠵᠢᠯᠡᠬᠦ ᠤᠬᠠᠭᠠᠨ ᠤ ᠰᠤᠳᠤᠯᠤᠯᠲᠠ ᠶᠢ ᠪᠦᠬᠦ ᠲᠠᠯ᠎ᠠ ᠪᠠᠷ | ᠴᠢᠩᠭᠠᠳᠬᠠᠬᠤ ᠦᠨᠳᠦᠰᠦᠨ ᠵᠠᠷᠴᠢᠮ ᠢ ᠳᠤᠷᠠᠳᠴᠠᠢ᠃ | ᠨᠢᠭᠡ ᠳᠤ᠂ ᠰᠢᠨᠵᠢᠯᠡᠬᠦ ᠤᠬᠠᠭᠠᠴᠢ ᠵᠢᠮ᠎ᠡ ᠶᠣᠰᠣ ᠶᠢ ᠵᠢᠷᠤᠮᠯᠠᠵᠤ᠂ ᠲᠥᠷᠥᠯ ᠬᠤᠪᠢᠶᠠᠨ ᠵᠢᠯᠣᠭᠤᠳᠬᠤ ᠶᠢ | ᠪᠠᠷᠢᠮᠲᠠᠯᠠᠨ᠎ᠠ᠃ ᠰᠢᠨᠵᠢᠯᠡᠬᠦ ᠤᠬᠠᠭᠠᠨ ᠤ ᠰᠤᠳᠤᠯᠤᠯᠲᠠ ᠶᠢᠨ ᠣᠩᠭᠤᠨ ᠰᠡᠷᠡᠯ ᠤᠨ ᠬᠤᠷᠣᠮ ᠵᠠᠭᠤᠷ᠎ᠠ ᠶᠢᠨ ᠴᠢᠨᠠᠷ᠂ | ᠠᠷᠭ᠎ᠠ ᠬᠡᠯᠪᠡᠷᠢ ᠶᠢᠨ ᠳᠤᠷ᠎ᠠ ᠶᠢᠨ ᠴᠢᠨᠠᠷ᠂ ᠠᠷᠭ᠎ᠠ ᠵᠠᠮ ᠤᠨ ᠲᠣᠭᠲᠠᠪᠤᠷᠢ ᠦᠭᠡᠢ ᠴᠢᠨᠠᠷ ᠤᠨ ᠣᠨᠴᠠᠯᠢᠭ ᠢ | ᠴᠢᠬᠤᠯᠠᠴᠢᠯᠠᠨ ᠦᠵᠡᠵᠦ᠂ ᠰᠢᠨ᠎ᠡ ᠶᠢ ᠡᠭᠦᠳᠬᠦ ᠳᠤ ᠠᠰᠢᠭᠲᠠᠢ ᠣᠷᠴᠢᠨ ᠲᠣᠭᠤᠷᠢᠨ ᠪᠠ ᠰᠣᠶᠣᠯ ᠢ ᠪᠣᠢ ᠪᠣᠯᠭᠠᠵᠤ᠂ | ᠰᠢᠨᠵᠢᠯᠡᠬᠦ ᠤᠬᠠᠭᠠᠨᠲᠠᠳ ᠤᠨ ᠡᠷᠬᠡ ᠴᠢᠯᠦᠭᠡᠲᠡᠢ ᠪᠠᠷ ᠬᠤᠯᠪᠣᠨ ᠪᠣᠳᠣᠵᠤ᠂ ᠵᠣᠷᠢᠭᠲᠠᠢ ᠪᠠᠷ ᠲᠥᠰᠥᠭᠡᠯᠡᠵᠦ᠂ | ᠬᠢᠨᠠᠮᠠᠭᠠᠢ ᠨᠤᠲᠠᠯᠠᠬᠤ ᠶᠢ ᠵᠣᠷᠢᠭᠵᠢᠭᠤᠯᠤᠨ᠎ᠠ᠃ ᠡᠷᠬᠡ ᠴᠢᠯᠦᠭᠡᠲᠡᠢ ᠪᠠᠷ ᠬᠠᠶᠢᠨ ᠰᠦᠪᠡᠭᠴᠢᠯᠡᠬᠦ ᠪᠠ ᠬᠠᠷᠠᠯᠲᠠ ᠪᠠᠷ | ᠤᠳᠤᠷᠢᠳᠤᠭᠤᠯᠬᠤ ᠶᠢ ᠣᠷᠭᠠᠨᠢᠭ ᠢᠶᠠᠷ ᠤᠶᠠᠯᠳᠤᠭᠤᠯᠬᠤ ᠶᠢ ᠠᠬᠢᠭᠤᠯᠤᠨ᠎ᠠ᠃ | ᠬᠤᠶᠠᠷ ᠲᠤ᠂ ᠠᠩᠬᠠᠨ ᠤ ᠰᠢᠨ᠎ᠡ ᠡᠭᠦᠳᠦᠯᠲᠡ ᠶᠢ ᠲᠣᠪᠣᠶᠢᠯᠭᠠᠵᠤ᠂ ᠡᠷᠭᠢᠯᠳᠦᠭᠦᠯᠦᠨ ᠬᠥᠭᠵᠢᠭᠦᠯᠬᠦ ᠶᠢ | ᠠᠬᠢᠭᠤᠯᠤᠨ᠎ᠠ᠃ ᠠᠩᠬᠠᠨ ᠤ ᠰᠢᠨ᠎ᠡ ᠡᠭᠦᠳᠦᠯᠲᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢ ᠨᠡᠩ ᠲᠣᠪᠣᠶᠢᠮ᠎ᠠ | ᠪᠠᠶᠢᠷᠢᠨ ᠳᠤ ᠲᠠᠯᠪᠢᠨ᠎ᠠ᠃ ᠰᠢᠨᠵᠢᠯᠡᠬᠦ ᠤᠬᠠᠭᠠᠨ ᠰᠤᠷᠭᠠᠨ ᠬᠥᠮᠥᠵᠢᠯ ᠤᠨ ᠠᠭᠤᠰᠤᠯᠴᠠᠯ᠂ ᠴᠡᠷᠢᠭ ᠠᠷᠠᠳ ᠤᠨ | ᠠᠭᠤᠰᠤᠯᠴᠠᠯ ᠪᠠ ᠦᠢᠯᠡᠳᠬᠦ ᠰᠤᠷᠤᠯᠴᠠᠬᠤ ᠰᠤᠳᠤᠯᠬᠤ ᠶᠢᠨ ᠭᠦᠨᠵᠡᠭᠡᠢ ᠠᠭᠤᠰᠤᠯᠴᠠᠯ ᠢ ᠴᠢᠩᠭᠠᠷᠠᠭᠤᠯᠵᠤ᠂ | ᠬᠡᠷᠡᠭᠴᠡᠭᠡ ᠱᠠᠭᠠᠷᠳᠠᠯᠭ᠎ᠠ ᠪᠠᠷ ᠬᠥᠲᠥᠯᠥᠭᠦᠯᠬᠦ ᠶᠢ ᠪᠠᠷᠢᠮᠲᠠᠯᠠᠨ᠂ ᠰᠠᠭᠤᠷᠢ ᠰᠤᠳᠤᠯᠤᠯᠲᠠ᠂ ᠬᠡᠷᠡᠭᠯᠡᠭᠡᠨ ᠤ | ᠰᠤᠳᠤᠯᠤᠯᠲᠠ ᠬᠢᠭᠡᠳ ᠠᠵᠤ ᠦᠢᠯᠡᠰᠵᠢᠭᠦᠯᠦᠯᠲᠡ ᠶᠢ ᠵᠣᠯᠭᠠᠭᠤᠯᠤᠨ ᠨᠡᠪᠲᠡᠷᠡᠭᠦᠯᠵᠦ᠂ ᠠᠳᠠᠯᠢ ᠪᠤᠰᠤ ᠠᠵᠢᠯ | ᠲᠥᠷᠥᠯ ᠪᠠ ᠬᠦᠷᠢᠶ᠎ᠡ ᠴᠠᠷᠠᠭᠠᠨ ᠤ ᠰᠢᠨ᠎ᠡ ᠶᠢ ᠡᠭᠦᠳᠬᠦ ᠡᠯᠧᠮᠧᠨ᠋ᠲ ᠢ ᠦᠷ᠎ᠡ ᠪᠦᠲᠦᠮᠵᠢᠲᠡᠢ ᠵᠣᠯᠭᠠᠭᠤᠯᠬᠤ ᠶᠢ | ᠠᠬᠢᠭᠤᠯᠤᠨ᠎ᠠ᠃ | ᠭᠤᠷᠪᠠ ᠳᠤ᠂ ᠪᠠᠶᠢᠭᠤᠯᠤᠯ ᠲᠣᠭᠲᠠᠴᠠ ᠶᠢ ᠰᠢᠨᠡᠴᠢᠯᠡᠵᠦ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ | ᠴᠢᠩᠭᠠᠷᠠᠭᠤᠯᠤᠨ᠎ᠠ᠃ ᠬᠥᠮᠥᠨ ᠢᠶᠠᠷ ᠤᠳᠤᠷᠢᠳᠤᠮᠵᠢ ᠪᠣᠯᠭᠠᠬᠤ ᠶᠢ ᠲᠣᠪᠣᠶᠢᠯᠭᠠᠵᠤ᠂ ᠰᠢᠨᠵᠢᠯᠡᠬᠦ ᠤᠬᠠᠭᠠᠨ ᠤ | ᠰᠤᠳᠤᠯᠤᠯ ᠤᠨ ᠲᠥᠷᠥᠯ ᠵᠦᠢᠯ ᠪᠠ ᠵᠠᠷᠤᠳᠠᠯ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠠᠭᠤᠵᠢᠮ ᠴᠢᠯᠦᠭᠡᠲᠡᠢ ᠰᠢᠨᠵᠢᠯᠡᠬᠦ ᠤᠬᠠᠭᠠᠨ ᠤ ᠰᠤᠳᠤᠯᠤᠯᠲᠠ ᠶᠢᠨ ᠣᠷᠴᠢᠨ ᠲᠣᠭᠤᠷᠢᠨ ᠢ ᠪᠣᠢ ᠪᠣᠯᠭᠠᠵᠤ᠂ | ᠰᠢᠨᠵᠢᠯᠡᠬᠦ ᠤᠬᠠᠭᠠᠨ ᠤ ᠰᠤᠳᠤᠯᠭᠠᠲᠠᠳ ᠢ ᠰᠡᠳᠬᠢᠯ ᠰᠢᠭᠤᠳᠤᠭᠤᠯᠤᠨ᠂ ᠤᠷᠲᠤ ᠬᠤᠭᠤᠴᠠᠭ᠎ᠠ ᠪᠠᠷ ᠰᠠᠭᠤᠷᠢ | ᠰᠢᠨᠵᠢᠯᠡᠬᠦ ᠤᠬᠠᠭᠠᠨ ᠤ ᠰᠤᠳᠤᠯᠤᠯᠲᠠ ᠬᠢᠯᠭᠡᠨ᠎ᠡ᠃ ᠲᠥᠷᠥᠯ ᠬᠤᠪᠢᠶᠠᠨ ᠦᠨᠡᠯᠡᠯᠲᠡ ᠬᠢᠬᠦ ᠲᠣᠭᠲᠠᠴᠠ ᠶᠢ | ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨᠲᠠᠳ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠲᠠᠰᠤᠭ᠂ | ᠶᠡᠭᠡ ᠳᠡᠭᠡᠳᠦ ᠰᠤᠷᠭᠠᠭᠤᠯᠢ᠂ ᠠᠵᠤ ᠠᠬᠤᠶᠢᠯᠠᠯ ᠵᠡᠷᠭᠡ ᠲᠠᠯ᠎ᠠ ᠶᠢᠨ ᠢᠳᠡᠪᠬᠢᠵᠢᠯ ᠪᠦᠲᠦᠭᠡᠯᠴᠢ ᠴᠢᠨᠠᠷ ᠢ | ᠳᠠᠶᠢᠴᠢᠯᠠᠨ᠎ᠠ᠃ ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠠᠷᠭ᠎ᠠ ᠬᠡᠯᠪᠡᠷᠢ ᠶᠢ ᠰᠢᠨᠡᠴᠢᠯᠡᠵᠦ᠂ ᠠᠵᠤ | ᠠᠬᠤᠶᠢᠯᠠᠯ ᠢ ᠬᠥᠲᠥᠯᠥᠨ ᠰᠠᠭᠤᠷᠢ ᠰᠢᠨᠵᠢᠯᠡᠬᠦ ᠤᠬᠠᠭᠠᠨ ᠤ ᠰᠤᠳᠤᠯᠤᠯᠲᠠ ᠶᠢ ᠴᠢᠩᠭᠠᠳᠬᠠᠨ᠎ᠠ᠃ | ᠳᠥᠷᠪᠡ ᠳᠤ᠂ ᠬᠠᠮᠵᠢᠯᠴᠠᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠨᠡᠭᠡᠭᠡᠯᠲᠡ ᠬᠢᠵᠦ ᠬᠠᠮᠲᠤᠷᠠᠯᠴᠠᠬᠤ ᠶᠢ | ᠥᠷᠭᠡᠳᠬᠡᠨ᠎ᠡ᠃ ᠰᠢᠨᠵᠢᠯᠡᠬᠦ ᠤᠬᠠᠭᠠᠨ ᠤ ᠰᠤᠳᠤᠯᠤᠯᠲᠠ ᠶᠢᠨ ᠠᠵᠢᠯᠯᠠᠭ᠎ᠠ ᠶᠢᠨ ᠬᠠᠮᠵᠢᠯᠴᠠᠨ ᠬᠠᠮᠲᠤᠷᠠᠯᠴᠠᠬᠤ᠂ | ᠬᠠᠮᠲᠤᠳᠬᠠᠨ ᠳᠠᠭᠠᠭᠠᠴᠢᠯᠠᠵᠤ ᠬᠠᠮᠲᠤᠳᠬᠠᠨ ᠬᠤᠷᠠᠮᠳᠤᠭᠤᠯᠬᠤ ᠵᠡᠷᠭᠡ ᠰᠢᠨ᠎ᠡ ᠠᠷᠭ᠎ᠠ ᠬᠡᠯᠪᠡᠷᠢ ᠶᠢ ᠢᠳᠡᠪᠬᠢᠲᠡᠢ | ᠬᠠᠶᠢᠨ ᠰᠦᠪᠡᠭᠴᠢᠯᠡᠵᠦ᠂ ᠰᠢᠨᠵᠢᠯᠡᠬᠦ ᠤᠬᠠᠭᠠᠨ ᠤ ᠬᠦᠴᠢᠷᠳᠡᠯ ᠲᠠᠢ ᠰᠡᠳᠦᠪ ᠢ ᠰᠢᠢᠳᠪᠦᠷᠢᠯᠡᠨ᠎ᠡ᠃ ᠪᠦᠬᠦ | ᠳᠡᠯᠡᠬᠡᠢ ᠶᠢᠨ ᠬᠠᠷᠠᠭᠠᠰᠤ ᠶᠢ ᠪᠠᠷᠢᠮᠲᠠᠯᠠᠵᠤ᠂ ᠴᠢᠳᠠᠪᠤᠷᠢᠲᠠᠨ ᠢ ᠪᠣᠯᠪᠠᠰᠤᠷᠠᠭᠤᠯᠬᠤ ᠲᠣᠭᠲᠠᠴᠠ ᠶᠢ ᠰᠢᠨᠡᠴᠢᠯᠡᠨ᠂ | ᠣᠯᠠᠨ ᠲᠠᠯ᠎ᠠ ᠠᠴᠠ ᠴᠢᠳᠠᠪᠤᠷᠢᠲᠠᠨ ᠢ ᠲᠠᠲᠠᠵᠤ ᠣᠶᠣᠨ ᠬᠦᠴᠦᠨ ᠢ ᠲᠠᠲᠠᠨ ᠣᠷᠣᠭᠤᠯᠤᠨ᠎ᠠ᠃ ᠪᠦᠬᠦ ᠳᠡᠯᠡᠬᠡᠢ ᠶᠢᠨ | ᠰᠢᠨ᠎ᠡ ᠶᠢ ᠡᠭᠦᠳᠬᠦ ᠲᠣᠣᠷ ᠰᠦᠯᠵᠢᠶ᠎ᠡ ᠲᠠᠢ ᠰᠠᠨᠠᠭᠠᠴᠢᠯᠠᠭ᠎ᠠ ᠲᠠᠢ ᠪᠠᠷ ᠠᠭᠤᠰᠤᠯᠴᠠᠵᠤ᠂ ᠰᠢᠨ᠎ᠡ ᠶᠢ ᠡᠭᠦᠳᠬᠦ | ᠴᠢᠳᠠᠪᠤᠷᠢ ᠪᠠᠷ ᠨᠡᠭᠡᠭᠡᠯᠲᠡ ᠬᠢᠵᠦ ᠬᠠᠮᠲᠤᠷᠠᠯᠴᠠᠬᠤ ᠶᠢ ᠴᠢᠩᠭᠠᠳᠬᠠᠵᠤ᠂ ᠣᠯᠠᠨ ᠤᠯᠤᠰ ᠤᠨ ᠬᠠᠮᠲᠤᠷᠠᠯᠴᠠᠭᠠᠨ ᠤ | ᠰᠢᠨ᠎ᠡ ᠲᠠᠪᠴᠠᠩ ᠢ ᠪᠠᠶᠢᠭᠤᠯᠵᠤ᠂ ᠬᠠᠮᠲᠤ ᠪᠠᠷ ᠪᠦᠬᠦ ᠳᠡᠯᠡᠬᠡᠢ ᠶᠢᠨ ᠠᠩᠬᠠᠷᠤᠯ ᠲᠠᠯᠪᠢᠵᠤ ᠪᠠᠶᠢᠭ᠎ᠠ ᠴᠢᠬᠤᠯᠠ ᠶᠡᠭᠡ | ᠰᠢᠨᠵᠢᠯᠡᠬᠦ ᠤᠬᠠᠭᠠᠨ ᠤ ᠥᠷᠢᠰᠦᠯᠳᠦᠭᠡᠨ ᠢ ᠠᠷᠭᠠᠴᠠᠭᠠᠨ᠎ᠠ᠃ | ᠲᠠᠪᠤ ᠳᠤ᠂ ᠲᠣᠭᠲᠠᠭᠤᠨ ᠢᠶᠠᠷ ᠳᠡᠮᠵᠢᠬᠦ ᠶᠢ ᠴᠢᠩᠭᠠᠷᠠᠭᠤᠯᠬᠤ᠂ ᠣᠷᠣᠭᠤᠯᠤᠯᠲᠠ ᠶᠢᠨ ᠪᠦᠲᠦᠴᠡ ᠶᠢ | ᠰᠢᠯᠢᠳᠡᠭᠵᠢᠭᠦᠯᠦᠨ᠎ᠡ᠃ ᠲᠥᠪ ᠤᠨ ᠡᠳ᠋ ᠤᠨ ᠵᠠᠰᠠᠭ ᠤᠨ ᠰᠠᠭᠤᠷᠢ ᠰᠢᠨᠵᠢᠯᠡᠬᠦ ᠤᠬᠠᠭᠠᠨ ᠤ ᠰᠤᠳᠤᠯᠤᠯᠲᠠ ᠶᠢ | ᠲᠣᠭᠲᠠᠭᠤᠨ ᠢᠶᠠᠷ ᠳᠡᠮᠵᠢᠬᠦ ᠡᠷᠴᠢᠮ ᠢ ᠴᠢᠩᠭᠠᠷᠠᠭᠤᠯᠵᠤ᠂ ᠣᠯᠠᠨ ᠡᠰᠢᠵᠢᠭᠰᠡᠨ ᠣᠷᠣᠭᠤᠯᠤᠯᠲᠠ ᠶᠢᠨ ᠲᠣᠭᠲᠠᠴᠠ ᠶᠢ | ᠪᠠᠶᠢᠭᠤᠯᠵᠤ᠂ ᠣᠷᠣᠨ ᠨᠤᠲᠤᠭ᠂ ᠠᠵᠤ ᠠᠬᠤᠶᠢᠯᠠᠯ ᠪᠠ ᠨᠡᠶᠢᠭᠡᠮ ᠤᠨ ᠬᠦᠴᠦᠨ ᠢ ᠬᠥᠲᠥᠯᠥᠨ ᠵᠢᠯᠣᠭᠤᠳᠴᠤ | ᠰᠠᠭᠤᠷᠢ ᠰᠢᠨᠵᠢᠯᠡᠬᠦ ᠤᠬᠠᠭᠠᠨ ᠤ ᠰᠤᠳᠤᠯᠤᠯᠲᠠ ᠳᠠᠬᠢ ᠣᠷᠣᠭᠤᠯᠤᠯᠲᠠ ᠶᠢ ᠨᠡᠮᠡᠭᠳᠡᠭᠦᠯᠦᠨ᠎ᠡ᠃ | ᠰᠤᠷᠪᠤᠯᠵᠢᠯᠠᠭᠴᠢ᠄ ︽ᠰᠠᠨᠠᠯ︾ ᠳᠤ ᠰᠠᠭᠤᠷᠢ ᠰᠢᠨᠵᠢᠯᠡᠬᠦ ᠤᠬᠠᠭᠠᠨ ᠤ ᠰᠤᠳᠤᠯᠤᠯᠲᠠ ᠶᠢᠨ ᠣᠯᠠᠨ | ᠡᠰᠢᠵᠢᠭᠰᠡᠨ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠬᠤ ᠬᠡᠷᠡᠭᠲᠡᠢ ᠭᠡᠵᠦ ᠳᠤᠷᠠᠳᠴᠠᠢ᠂ ᠡᠶᠢᠮᠦᠷᠬᠦ | ᠣᠷᠣᠭᠤᠯᠤᠯᠲᠠ ᠶᠢᠨ ᠲᠣᠭᠲᠠᠴᠠ ᠶᠢ ᠬᠡᠷᠬᠢᠨ ᠪᠠᠶᠢᠭᠤᠯᠬᠤ ᠪᠣᠢ︖ | ᠵᠠᠩ ᠰᠢᠶᠣᠣ ᠶᠤᠸᠠᠨ᠄ ᠣᠳᠣᠬᠠᠨ ᠳᠤ ᠮᠠᠨ ᠤᠯᠤᠰ ᠤᠨ ᠵᠠᠰᠠᠭ ᠤᠨ ᠣᠷᠳᠣᠨ ᠤ ᠰᠠᠭᠤᠷᠢ ᠰᠢᠨᠵᠢᠯᠡᠬᠦ | ᠤᠬᠠᠭᠠᠨ ᠤ ᠰᠤᠳᠤᠯᠤᠯᠲᠠ ᠶᠢ ᠳᠡᠮᠵᠢᠬᠦ ᠠᠷᠭ᠎ᠠ ᠬᠡᠯᠪᠡᠷᠢ ᠨᠢ ᠭᠤᠣᠯᠳᠠᠭᠤ ᠬᠤᠶᠠᠷ ᠵᠦᠢᠯ ᠪᠣᠢ᠄ ᠨᠢᠭᠡ ᠳᠤ | ᠲᠣᠭᠲᠠᠭᠤᠨ ᠢᠶᠠᠷ ᠳᠡᠮᠵᠢᠬᠦ᠂ ᠬᠤᠶᠠᠷ ᠲᠤ ᠥᠷᠢᠰᠦᠯᠳᠦᠬᠦ ᠮᠠᠶ᠋ᠢᠭ ᠢᠶᠠᠷ ᠳᠡᠮᠵᠢᠬᠦ᠃ ᠣᠳᠣᠬᠠᠨ ᠳᠤ ᠥᠷᠢᠰᠦᠯᠳᠦᠬᠦ | ᠴᠢᠨᠠᠷᠲᠠᠢ ᠪᠠᠷ ᠳᠡᠮᠵᠢᠬᠦ ᠪᠠ ᠲᠣᠭᠲᠠᠭᠤᠨ ᠢᠶᠠᠷ ᠳᠡᠮᠵᠢᠬᠦ ᠬᠤᠶᠠᠷ ᠠᠷᠭ᠎ᠠ ᠬᠡᠯᠪᠡᠷᠢ ᠶᠢᠨ ᠬᠤᠭᠤᠷᠣᠨᠳᠤᠬᠢ ᠬᠠᠷᠢᠴᠠᠯ | ᠨᠢ 1᠄ 1 ᠳᠤ ᠬᠦᠷᠴᠡᠢ᠃ ᠣᠷᠣᠭᠤᠯᠤᠯᠲᠠ ᠶᠢᠨ ᠪᠦᠲᠦᠴᠡ ᠶᠢᠨ ᠲᠠᠯ᠎ᠠ ᠪᠠᠷ᠂ ᠵᠠᠰᠠᠭ ᠤᠨ ᠣᠷᠳᠣᠨ ᠤ | ᠣᠷᠣᠭᠤᠯᠤᠯᠲᠠ 90% ᠠᠴᠠ ᠳᠡᠭᠡᠭᠰᠢ ᠶᠢ ᠡᠵᠡᠯᠡᠵᠦ᠂ ᠠᠵᠤ ᠠᠬᠤᠶᠢᠯᠠᠯ ᠤᠨ ᠣᠷᠣᠭᠤᠯᠤᠯᠲᠠ ᠬᠠᠷᠢᠴᠠᠩᠭᠤᠢ | ᠳᠣᠣᠷ᠎ᠠ ᠪᠠᠶᠢᠵᠤ᠂ ᠪᠤᠰᠤᠳ ᠨᠡᠶᠢᠭᠡᠮ ᠤᠨ ᠬᠦᠴᠦᠨ ᠤ ᠣᠷᠣᠭᠤᠯᠤᠯᠲᠠ ᠨᠢ ᠨᠡᠩ ᠳᠣᠣᠷ᠎ᠠ ᠪᠠᠶᠢᠨ᠎ᠠ︔ ᠭᠡᠲᠡᠯ᠎ᠡ | ᠵᠠᠷᠢᠮ ᠬᠥᠭᠵᠢᠭᠰᠡᠨ ᠤᠯᠤᠰ ᠲᠤ᠂ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠣᠷᠣᠭᠤᠯᠤᠯᠲᠠ ᠨᠢ ᠪᠦᠬᠦᠶᠢᠯᠡ | ᠰᠠᠭᠤᠷᠢ ᠰᠢᠨᠵᠢᠯᠡᠬᠦ ᠤᠬᠠᠭᠠᠨ ᠤ ᠰᠤᠳᠤᠯᠤᠯᠲᠠ ᠳᠠᠬᠢ ᠣᠷᠣᠭᠤᠯᠤᠯᠲᠠ ᠶᠢᠨ ᠬᠠᠷᠢᠴᠠᠯ ᠨᠢ 50% ᠳᠤ ᠬᠦᠷᠬᠦ | ᠦᠭᠡᠢ ᠪᠠᠶᠢᠵᠤ᠂ ᠠᠵᠤ ᠠᠬᠤᠶᠢᠯᠠᠯ ᠤᠨ ᠣᠷᠣᠭᠤᠯᠤᠯᠲᠠ ᠨᠢ ᠪᠠᠷᠤᠭ 20% ᠪᠠᠶᠢᠵᠤ᠂ ᠪᠠᠰᠠ | ᠨᠢᠭᠦᠯᠡᠰᠦᠩᠭᠦᠢ ᠶᠢᠨ ᠰᠠᠭᠤᠷᠢ ᠮᠥᠩᠭᠦ᠂ ᠨᠡᠶᠢᠭᠡᠮ ᠤᠨ ᠬᠠᠨᠳᠢᠪ ᠲᠤᠰᠠᠯᠠᠮᠵᠢ ᠵᠡᠷᠭᠡ ᠲᠠᠯ᠎ᠠ ᠶᠢᠨ ᠬᠢᠨ ᠤ | ᠣᠷᠣᠭᠤᠯᠤᠯᠲᠠ ᠪᠠᠶᠢᠳᠠᠭ᠃ | ᠡᠶᠢᠮᠦ ᠠᠴᠠ᠂ ᠪᠢᠳᠡ ᠲᠥᠪ ᠤᠨ ᠡᠳ᠋ ᠤᠨ ᠵᠠᠰᠠᠭ ᠤᠨ ᠰᠠᠭᠤᠷᠢ ᠰᠢᠨᠵᠢᠯᠡᠬᠦ ᠤᠬᠠᠭᠠᠨ ᠤ | ᠰᠤᠳᠤᠯᠤᠯᠲᠠ ᠳᠠᠬᠢ ᠣᠷᠣᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠣᠷᠣᠨ ᠨᠤᠲᠤᠭ ᠤᠨ ᠡᠳ᠋ ᠤᠨ | ᠵᠠᠰᠠᠭ ᠪᠠ ᠠᠵᠤ ᠠᠬᠤᠶᠢᠯᠠᠯ ᠨᠡᠶᠢᠭᠡᠮ ᠤᠨ ᠬᠦᠴᠦᠨ ᠤ ᠰᠠᠭᠤᠷᠢ ᠰᠢᠨᠵᠢᠯᠡᠬᠦ ᠤᠬᠠᠭᠠᠨ ᠤ ᠰᠤᠳᠤᠯᠤᠯᠲᠠ ᠳᠠᠬᠢ | ᠣᠷᠣᠭᠤᠯᠤᠯᠲᠠ ᠶᠢ ᠨᠡᠮᠡᠭᠳᠡᠭᠦᠯᠦᠨ᠎ᠡ᠃ ᠤᠯᠤᠰ ᠤᠨ ᠵᠠᠷᠢᠮ ᠬᠦᠨᠳᠦ ᠴᠢᠬᠤᠯᠠ ᠲᠥᠷᠥᠯ ᠵᠦᠢᠯ ᠢ ᠵᠣᠬᠢᠶᠠᠨ | ᠪᠠᠶᠢᠭᠤᠯᠤᠨ ᠬᠡᠷᠡᠭᠵᠢᠭᠦᠯᠬᠦ ᠦᠶ᠎ᠡ ᠳᠤ᠂ ᠲᠥᠪ ᠤᠨ ᠡᠳ᠋ ᠤᠨ ᠵᠠᠰᠠᠭ ᠪᠠ ᠣᠷᠣᠨ ᠨᠤᠲᠤᠭ ᠤᠨ ᠡᠳ᠋ ᠤᠨ ᠵᠠᠰᠠᠭ | ᠬᠠᠮᠲᠤᠷᠠᠨ ᠪᠡᠯᠡ ᠭᠠᠷᠭᠠᠵᠤ ᠬᠠᠮᠲᠤ ᠪᠠᠷ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ᠂ ᠴᠢᠬᠤᠯᠠ ᠶᠡᠭᠡ | ᠦᠷ᠎ᠡ ᠪᠦᠲᠦᠭᠡᠯ ᠢ ᠲᠤᠬᠠᠢ ᠶᠢᠨ ᠭᠠᠵᠠᠷ ᠳᠤ ᠪᠣᠳᠠᠲᠠᠶᠢᠵᠢᠭᠤᠯᠤᠨ ᠤᠯᠠᠷᠢᠭᠤᠯᠬᠤ ᠶᠢ ᠠᠬᠢᠭᠤᠯᠵᠤ᠂ ᠲᠤᠬᠠᠢ ᠶᠢᠨ | ᠭᠠᠵᠠᠷ ᠤᠨ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠎ᠠ᠃ ᠡᠭᠦᠨ ᠤ ᠬᠠᠮᠲᠤ᠂ ᠭᠠᠶᠢᠯᠢ ᠲᠠᠲᠠᠪᠤᠷᠢ ᠪᠠᠷ | ᠬᠠᠷᠠᠭᠠᠯᠵᠠᠨ ᠳᠡᠮᠵᠢᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠠᠵᠤ ᠠᠬᠤᠶᠢᠯᠠᠯ ᠤᠨ ᠰᠠᠭᠤᠷᠢ ᠰᠢᠨᠵᠢᠯᠡᠬᠦ | ᠤᠬᠠᠭᠠᠨ ᠤ ᠰᠤᠳᠤᠯᠤᠯᠲᠠ ᠳᠠᠬᠢ ᠣᠷᠣᠭᠤᠯᠤᠯᠲᠠ ᠶᠢ ᠶᠡᠭᠡ ᠬᠡᠮᠵᠢᠶ᠎ᠡ ᠪᠠᠷ ᠨᠡᠮᠡᠭᠳᠡᠭᠦᠯᠦᠨ᠎ᠡ᠃ ᠡᠭᠦᠨ ᠠᠴᠠ | ᠭᠠᠳᠠᠨ᠎ᠠ᠂ ᠨᠢᠭᠦᠯᠡᠰᠦᠩᠭᠦᠢ ᠶᠢᠨ ᠦᠢᠯᠡᠰ ᠤᠨ ᠣᠶᠢᠷ᠎ᠠ ᠶᠢᠨ ᠵᠢᠯ ᠤᠨ ᠬᠥᠭᠵᠢᠯᠲᠡ ᠴᠤ ᠨᠡᠯᠢᠶᠡᠳ ᠲᠦᠷᠭᠡᠨ ᠪᠠᠶᠢᠵᠤ | ᠂ ᠪᠢᠳᠡ ᠨᠢᠭᠦᠯᠡᠰᠦᠩᠭᠦᠢ ᠶᠢᠨ ᠬᠠᠨᠳᠢᠪ ᠲᠤᠰᠠᠯᠠᠮᠵᠢ ᠶᠢᠨ ᠰᠢᠨ᠎ᠡ ᠠᠷᠭ᠎ᠠ ᠵᠠᠮ ᠢ ᠨᠡᠭᠡᠭᠡᠬᠦ ᠪᠠᠷ ᠳᠠᠮᠵᠢᠭᠤᠯᠵᠤ ᠰᠠᠭᠤᠷᠢ | ᠰᠢᠨᠵᠢᠯᠡᠬᠦ ᠤᠬᠠᠭᠠᠨ ᠤ ᠰᠤᠳᠤᠯᠤᠯᠲᠠ ᠳᠠᠬᠢ ᠣᠷᠣᠭᠤᠯᠤᠯᠲᠠ ᠶᠢ ᠤᠯᠠᠮ ᠨᠢᠭᠡ ᠠᠯᠬᠤᠮ ᠨᠡᠮᠡᠭᠳᠡᠭᠦᠯᠦᠨ᠎ᠡ᠃ | |