︽ᠤᠯᠤᠰ ᠤᠨ ᠥᠮᠴᠢᠯᠡᠯᠲᠥ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠲᠥᠪᠯᠡᠷᠡᠭᠦᠯᠦᠨ ᠬᠤᠳᠠᠯᠳᠤᠨ ᠠᠪᠬᠤ ᠬᠠᠮᠢᠶᠠᠷᠤᠯᠲᠠ ᠳᠤ ᠲᠦᠷ ᠬᠡᠷᠡᠭᠵᠢᠭᠦᠯᠬᠦ ᠲᠣᠭᠲᠠᠭᠠᠯ︾᠎ ᠤᠨ ᠲᠤᠬᠠᠢ ᠲᠠᠶᠢᠯᠤᠮᠵᠢ
ᠨᠡᠶᠢᠲᠡᠯᠡᠭᠰᠡᠨ ᠴᠠᠭ᠄
2018/2/12
     ᠡᠳ᠋ ᠤᠨ ᠵᠠᠰᠠᠭ ᠤᠨ ᠶᠠᠮᠤᠨ ᠠᠴᠠ ᠡᠮᠦᠨᠡᠬᠡᠨ ︽ᠤᠯᠤᠰ ᠤᠨ ᠥᠮᠴᠢᠯᠡᠯᠲᠦ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠲᠥᠪᠯᠡᠷᠡᠭᠦᠯᠦᠨ ᠬᠤᠳᠠᠯᠳᠤᠨ ᠠᠪᠬᠤ ᠬᠠᠮᠢᠶᠠᠷᠤᠯᠲᠠ ᠳᠤ ᠲᠦᠷ ᠬᠡᠷᠡᠭᠵᠢᠭᠦᠯᠬᠦ ᠲᠣᠭᠲᠠᠭᠠᠯ︾ ︵ᠡᠳ᠋ ᠮᠥᠩᠭᠦᠨ  ﹇2018﹈ 9 ᠳ᠋ᠦ᠋ᠭᠡᠷ ᠲᠣᠭᠠᠲᠤ᠂ ᠳᠣᠣᠷ᠎ᠠ ︽ᠲᠣᠭᠲᠠᠭᠠᠯ︾ ᠭᠡᠵᠦ ᠲᠣᠪᠴᠢᠯᠠᠨ᠎ᠠ︶᠎ ᠢ ᠳᠠᠷᠤᠮᠠᠯᠯᠠᠨ ᠲᠠᠷᠬᠠᠭᠠᠵᠤ᠂ 2018 ᠣᠨ ᠤ 3 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠭᠦᠯᠪᠡ᠃ ︽ᠲᠣᠭᠲᠠᠭᠠᠯ︾᠎ ᠨᠢ ᠤᠯᠤᠰ ᠤᠨ ᠥᠮᠴᠢᠯᠡᠯᠲᠥ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠲᠥᠪᠯᠡᠷᠡᠭᠦᠯᠦᠨ ᠬᠤᠳᠠᠯᠳᠤᠨ ᠠᠪᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠤᠯᠤᠰ ᠤᠨ ᠥᠮᠴᠢᠯᠡᠯᠲᠥ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠲᠥᠪᠯᠡᠷᠡᠭᠦᠯᠦᠨ ᠬᠤᠳᠠᠯᠳᠤᠨ ᠠᠪᠬᠤ ᠠᠵᠢᠯᠯᠠᠭ᠎ᠠ ᠶᠢ ᠵᠢᠷᠤᠮᠵᠢᠭᠤᠯᠵᠤ᠂ ︽ᠴᠢᠯᠦᠭᠡᠲᠡᠢ ᠪᠠᠶᠢᠯᠭᠠᠬᠤ ᠬᠢᠨᠠᠨ ᠬᠠᠮᠢᠶᠠᠷᠬᠤ ᠪᠦᠲᠦᠮᠵᠢᠲᠡᠢ ᠦᠢᠯᠡᠴᠢᠯᠡᠬᠦ︾ ᠥᠭᠡᠷᠡᠴᠢᠯᠡᠯᠲᠡ ᠶᠢ ᠨᠡᠩ ᠰᠠᠶᠢᠲᠤᠷ ᠨᠠᠶᠢᠳᠠᠪᠤᠷᠢᠵᠢᠭᠤᠯᠬᠤ ᠶᠢ ᠵᠣᠷᠢᠭᠰᠠᠨ ᠪᠠᠶᠢᠨ᠎ᠠ᠃      ᠠᠰᠠᠭᠤᠯᠲᠠ᠄ ︽ᠲᠣᠭᠲᠠᠭᠠᠯ︾᠎ ᠤᠨ ᠨᠡᠶᠢᠲᠡᠯᠡᠭᠳᠡᠭᠰᠡᠨ ᠠᠬᠤᠢ ᠪᠠᠶᠢᠳᠠᠯ ᠨᠢ ᠶᠠᠮᠠᠷ ᠪᠣᠢ︖      ᠬᠠᠷᠢᠭᠤᠯᠲᠠ᠄ ᠤᠯᠤᠰ ᠤᠨ ᠥᠮᠴᠢᠯᠡᠯᠲᠥ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠲᠥᠪᠯᠡᠷᠡᠭᠦᠯᠦᠨ ᠬᠤᠳᠠᠯᠳᠤᠨ ᠠᠪᠬᠤ ᠠᠵᠢᠯᠯᠠᠭ᠎ᠠ ᠶᠢ ᠵᠢᠷᠤᠮᠵᠢᠭᠤᠯᠬᠤ ᠶᠢᠨ ᠲᠥᠯᠥᠭᠡ᠂ ᠮᠠᠨ ᠤ ᠶᠠᠮᠤᠨ ᠠᠴᠠ 2001 ᠣᠨ ᠳᠤ ︽ᠤᠯᠤᠰ ᠤᠨ ᠥᠮᠴᠢᠯᠡᠯᠲᠥ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠲᠥᠪᠯᠡᠷᠡᠭᠦᠯᠦᠨ ᠬᠤᠳᠠᠯᠳᠤᠨ ᠠᠪᠬᠤ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠲᠣᠭᠲᠠᠭᠠᠯ ᠤᠳ︾ ︵ᠡᠳ᠋ ᠮᠥᠩᠭᠦᠨ  ﹇2001﹈ 209 ᠳ᠋ᠦ᠋ᠭᠡᠷ ᠲᠣᠭᠠᠲᠤ︶᠎ ᠢ ᠳᠠᠷᠤᠮᠠᠯᠯᠠᠨ ᠲᠠᠷᠬᠠᠭᠠᠪᠠ᠃ ᠳᠡᠭᠡᠷ᠎ᠡ ᠶᠠᠷᠢᠭᠰᠠᠨ ᠲᠣᠭᠲᠠᠭᠠᠯ ᠨᠢ ᠤᠯᠤᠰ ᠤᠨ ᠥᠮᠴᠢᠯᠡᠯᠲᠥ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠲᠥᠪᠯᠡᠷᠡᠭᠦᠯᠦᠨ ᠬᠤᠳᠠᠯᠳᠤᠨ ᠠᠪᠬᠤ ᠬᠠᠮᠢᠶᠠᠷᠤᠯᠲᠠ ᠶᠢᠨ ᠲᠠᠯ᠎ᠠ ᠪᠠᠷ ᠢᠳᠡᠪᠬᠢᠲᠡᠢ ᠦᠢᠯᠡᠳᠦᠯ ᠦᠵᠡᠭᠦᠯᠦᠭᠰᠡᠨ ᠪᠣᠯᠪᠠᠴᠤ᠂ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠪᠠ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠶᠢᠨ ᠲᠠᠰᠤᠷᠠᠯᠲᠠ ᠦᠭᠡᠢ ᠭᠦᠨᠵᠡᠭᠡᠶᠢᠷᠡᠬᠦ ᠶᠢ ᠳᠠᠭᠠᠯᠳᠤᠨ᠂ ᠤᠯᠤᠰ ᠤᠨ ᠥᠮᠴᠢᠯᠡᠯᠲᠥ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠲᠥᠪᠯᠡᠷᠡᠭᠦᠯᠦᠨ ᠬᠤᠳᠠᠯᠳᠤᠨ ᠠᠪᠬᠤ ᠳᠤ ᠲᠤᠯᠭᠠᠷᠠᠭᠰᠠᠨ ᠪᠣᠳᠠᠲᠤ ᠪᠠᠶᠢᠳᠠᠯ ᠢ ᠳᠦᠷᠢᠮ ᠤᠨ ᠨᠡᠶᠢᠲᠡᠯᠡᠭᠳᠡᠬᠦ ᠦᠶ᠎ᠡ ᠶᠢᠨ ᠬᠢ ᠲᠠᠢ ᠬᠠᠷᠢᠴᠠᠭᠤᠯᠪᠠᠯ᠂ ᠨᠢᠭᠡᠨᠲᠡ ᠨᠡᠯᠢᠶᠡᠳ ᠶᠡᠭᠡ ᠬᠤᠪᠢᠷᠠᠯᠲᠠ ᠭᠠᠷᠴᠠᠢ᠂ ᠢᠯᠡᠷᠡᠯ ᠨᠢ᠄ ᠨᠢᠭᠡ ᠳᠤ ᠲᠥᠪᠯᠡᠷᠡᠭᠦᠯᠦᠨ ᠬᠤᠳᠠᠯᠳᠤᠨ ᠠᠪᠬᠤ ᠬᠠᠮᠢᠶ᠎ᠠ ᠪᠦᠬᠦᠢ ᠬᠠᠤᠯᠢ ᠴᠠᠭᠠᠵᠠ ᠲᠣᠭᠲᠠᠭᠠᠯ ᠤᠨ ᠰᠢᠰᠲ᠋ᠧᠮᠵᠢ ᠨᠢ ᠲᠠᠰᠤᠷᠠᠯᠲᠠ ᠦᠭᠡᠢ ᠲᠡᠭᠦᠯᠳᠡᠷᠵᠢᠵᠡᠢ᠃ 2008 ᠣᠨ ᠪᠠ 2014 ᠣᠨ ᠤ ︽ᠳᠠᠭᠠᠭᠠᠴᠢᠯᠠᠯᠲᠠ ᠵᠠᠷᠯᠠᠬᠤ ᠪᠠ ᠬᠦᠯᠢᠶᠡᠬᠦ ᠬᠠᠤᠯᠢ︾᠂ ︽ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾ ᠵᠠᠯᠭᠠᠭ᠎ᠠ ᠪᠠᠷ ᠨᠡᠶᠢᠲᠡᠯᠡᠭᠳᠡᠵᠦ᠂ ᠡᠭᠦᠨ ᠠᠴᠠ ᠰᠡᠭᠦᠯᠡᠷ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ ᠪᠠ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠵᠢᠷᠤᠮᠵᠢᠭᠤᠯᠬᠤ ᠬᠡᠷᠡᠭ ᠶᠠᠪᠤᠳᠠᠯ ᠤᠨ ᠲᠣᠭᠤᠷᠢᠨ ᠳᠤ᠂ ᠪᠠᠰᠠ ᠨᠢᠭᠡ ᠰᠢᠷᠢᠰ ᠬᠠᠤᠯᠢ ᠴᠠᠭᠠᠵᠠ ᠲᠣᠭᠲᠠᠭᠠᠯ ᠪᠠ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠨᠡᠶᠢᠲᠡᠯᠡᠪᠡ᠃ ᠬᠤᠶᠠᠷ ᠲᠤ᠂ ᠤᠯᠤᠰ ᠤᠨ ᠥᠮᠴᠢᠯᠡᠯᠲᠦ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠪᠦᠲᠦᠴᠡ ᠶᠢᠨ ᠥᠭᠡᠷᠡᠴᠢᠯᠡᠯᠲᠡ ᠲᠣᠭᠲᠠᠭᠤᠨ ᠢᠶᠠᠷ ᠠᠬᠢᠵᠤ᠂ ᠣᠳᠣ ᠦᠶ᠎ᠡ ᠶᠢᠨ ᠺᠣᠮᠫᠠᠨᠢ ᠶᠢ ᠵᠠᠰᠠᠬᠤ ᠲᠣᠭᠲᠠᠴᠠ ᠨᠢᠭᠡᠨᠲᠡ ᠦᠨᠳᠦᠰᠦᠨ ᠳᠤ ᠪᠠᠨ ᠪᠠᠶᠢᠭᠤᠯᠤᠭᠳᠠᠪᠠ᠃ ᠤᠯᠤᠰ ᠤᠨ ᠥᠮᠴᠢᠯᠡᠯᠲᠦ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠬᠠᠮᠢᠶᠠᠷᠤᠯᠲᠠ ᠶᠢᠨ ᠬᠢᠷᠢ ᠲᠦᠪᠰᠢᠨ ᠠᠯᠬᠤᠮ ᠠᠯᠬᠤᠮ ᠢᠶᠠᠷ ᠳᠡᠭᠡᠭᠰᠢᠯᠡᠵᠦ᠂ ᠡᠵᠡᠩᠨᠡᠯᠲᠡ ᠶᠢᠨ ᠠᠵᠢᠯᠯᠠᠭ᠎ᠠ ᠨᠢ ᠡᠳᠦᠷ ᠢᠷᠡᠬᠦᠶ᠎ᠡ ᠵᠢᠷᠤᠮᠵᠢᠵᠤ ᠪᠠᠶᠢᠨ᠎ᠠ᠃ ᠭᠤᠷᠪᠠ ᠳᠤ᠂ ᠪᠣᠳᠠᠰ ᠤᠨ ᠦᠨ᠎ᠡ ᠶᠢᠨ ᠬᠢᠷᠢ ᠬᠡᠮᠵᠢᠶ᠎ᠡ ᠶᠢᠨ ᠳᠡᠭᠡᠭᠰᠢᠯᠡᠯᠲᠡ ᠪᠠ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢᠨ ᠣᠯᠠᠨ ᠡᠰᠢᠵᠢᠯᠲᠡ ᠶᠢ ᠳᠠᠭᠠᠯᠳᠤᠨ᠂ ᠤᠯᠤᠰ ᠤᠨ ᠥᠮᠴᠢᠯᠡᠯᠲᠦ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠲᠥᠪᠯᠡᠷᠡᠭᠦᠯᠦᠨ ᠬᠤᠳᠠᠯᠳᠤᠨ ᠠᠪᠬᠤ ᠬᠡᠪᠴᠢᠶ᠎ᠡ ᠪᠠ ᠪᠤᠳᠤᠯᠢᠶᠠᠨᠲᠠᠢ  ᠬᠡᠮᠵᠢᠶ᠎ᠡ ᠨᠢ ᠴᠤ ᠶᠡᠭᠡ ᠬᠡᠮᠵᠢᠶ᠎ᠡ ᠪᠠᠷ ᠨᠡᠮᠡᠭᠳᠡᠵᠡᠢ  ᠃ ᠡᠶᠢᠮᠦ ᠠᠴᠠ  ᠂ ᠤᠤᠯ ᠤᠨ ᠪᠠᠶᠢᠭᠰᠠᠨ ᠲᠣᠭᠲᠠᠭᠠᠯ ᠎ ᠳᠤ  ᠵᠠᠰᠠᠪᠤᠷᠢ  ᠣᠷᠣᠭᠤᠯᠬᠤ ᠴᠢᠬᠤᠯᠠᠲᠠᠢ ᠪᠣᠯᠵᠠᠢ᠃      ᠠᠰᠠᠭᠤᠯᠲᠠ᠄ ︽ᠲᠣᠭᠲᠠᠭᠠᠯ︾᠎ ᠢ ᠲᠤᠭᠤᠷᠪᠢᠭᠰᠠᠨ ᠭᠤᠣᠯ ᠰᠡᠳᠬᠢᠮᠵᠢ ᠨᠢ ᠶᠠᠭᠤ ᠪᠣᠢ︖      ᠬᠠᠷᠢᠭᠤᠯᠲᠠ᠄ ᠪᠢᠳᠡ ︽ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠲᠥᠰᠥᠪ ᠢᠶᠠᠷ ᠵᠢᠯᠣᠭᠤᠳᠤᠭᠤᠯᠬᠤ᠂ ᠳᠡᠰ ᠳᠠᠷᠠᠭᠠᠯᠠᠯ ᠢ ᠵᠢᠷᠤᠮᠵᠢᠭᠤᠯᠬᠤ᠂ ᠬᠢᠨᠠᠯᠲᠠ ᠪᠠᠶᠢᠴᠠᠭᠠᠯᠲᠠ ᠶᠢ ᠴᠢᠩᠭᠠᠳᠬᠠᠬᠤ︾ ᠵᠠᠷᠴᠢᠮ ᠶᠣᠰᠣᠭᠠᠷ᠂ ᠤᠯᠤᠰ ᠤᠨ ᠥᠮᠴᠢᠯᠡᠯᠲᠥ ᠮᠥᠩᠭᠦᠨ ᠭᠦᠢᠯᠭᠡᠭᠡᠨ ᠤ ᠠᠵᠤ ᠠᠬᠤᠶᠢᠯᠠᠯ ᠲᠠᠢ ᠬᠢᠨᠠᠮᠠᠭᠠᠢ ᠰᠤᠳᠤᠯᠤᠯᠲᠠ ᠶᠠᠷᠢᠯᠴᠠᠭ᠎ᠠ ᠬᠢᠭᠰᠡᠨ ᠰᠠᠭᠤᠷᠢᠨ ᠳᠡᠭᠡᠷ᠎ᠡ᠂ ︽ᠲᠣᠭᠲᠠᠭᠠᠯ︾᠎ ᠢ ᠲᠤᠭᠤᠷᠪᠢᠭᠰᠠᠨ ᠶᠤᠮ᠃ ᠭᠤᠣᠯ ᠰᠡᠳᠬᠢᠮᠵᠢ ᠨᠢ᠄ ᠨᠢᠭᠡ ᠳᠤ᠂ ︽ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ︾ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪᠯᠡᠷᠡᠭᠦᠯᠦᠨ ᠬᠤᠳᠠᠯᠳᠤᠨ ᠠᠪᠬᠤ ᠵᠠᠷᠴᠢᠮ ᠪᠠ ᠬᠠᠮᠢᠶᠠᠷᠤᠯᠲᠠ ᠶᠢᠨ ᠲᠥᠰᠥᠪ ᠢ ᠲᠣᠳᠣᠷᠬᠠᠶᠢᠯᠠᠭᠰᠠᠨ ᠰᠠᠭᠤᠷᠢᠨ ᠳᠡᠭᠡᠷ᠎ᠡ᠂ ᠡᠳ᠋ ᠤᠨ ᠵᠠᠰᠠᠭ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ᠂ ᠮᠡᠳᠡᠭᠦᠯᠦᠯᠲᠡ ᠬᠢᠬᠦ᠂ ᠬᠢᠨᠠᠨ ᠬᠠᠷᠭᠤᠭᠤᠯᠬᠤ ᠵᠡᠷᠭᠡ ᠬᠤᠯᠪᠣᠭᠳᠠᠯ ᠪᠦᠬᠦᠢ ᠭᠤᠭᠴᠤᠭ᠎ᠠ ᠶᠢ ᠬᠦᠴᠦᠨ ᠦᠭᠡᠢ ᠪᠣᠯᠭᠠᠨ᠎ᠠ᠃ ᠬᠤᠶᠠᠷ ᠲᠤ᠂ ᠤᠯᠤᠰ ᠤᠨ ᠥᠮᠴᠢᠯᠡᠯᠲᠥ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠲᠥᠪᠯᠡᠷᠡᠭᠦᠯᠦᠨ ᠬᠤᠳᠠᠯᠳᠤᠨ ᠠᠪᠬᠤ ᠲᠠᠢ ᠬᠠᠮᠢᠶ᠎ᠠ ᠪᠦᠬᠦᠢ ᠵᠣᠬᠢᠶᠠᠨ ᠪᠠᠶᠢᠭᠤᠯᠤᠯᠲᠠ᠂ ᠳᠦᠷᠢᠮ ᠤᠨ ᠪᠠᠶᠢᠭᠤᠯᠤᠯᠲᠠ ᠶᠢ ᠰᠠᠶᠢᠲᠤᠷ ᠬᠢᠬᠦ ᠶᠢᠨ ᠬᠠᠮᠲᠤ᠂ ᠠᠵᠤ ᠠᠬᠤᠶᠢᠯᠠᠯ ᠳᠤ ᠡᠵᠡᠨ ᠮᠡᠳᠡᠵᠦ ᠰᠢᠢᠳᠪᠦᠷᠢᠲᠦ ᠪᠣᠳᠣᠯᠭ᠎ᠠ ᠲᠣᠭᠲᠠᠭᠠᠬᠤ ᠠᠮᠢᠳᠤᠯᠢᠭ ᠴᠢᠨᠠᠷ ᠢ ᠣᠯᠭᠤᠨ᠎ᠠ᠃ ᠭᠤᠷᠪᠠ ᠳᠤ᠂ ᠠᠵᠢᠯ ᠤᠨ ᠡᠮᠦᠨ᠎ᠡ ᠮᠡᠳᠡᠭᠦᠯᠦᠨ ᠳᠠᠩᠰᠠᠯᠠᠭᠤᠯᠬᠤ ᠱᠠᠭᠠᠷᠳᠠᠯᠭ᠎ᠠ ᠶᠢ ᠬᠦᠴᠦᠨ ᠦᠭᠡᠢ ᠪᠣᠯᠭᠠᠭᠰᠠᠨ ᠰᠠᠭᠤᠷᠢᠨ ᠳᠡᠭᠡᠷ᠎ᠡ᠂ ᠲᠥᠪᠯᠡᠷᠡᠭᠦᠯᠦᠨ ᠬᠤᠳᠠᠯᠳᠤᠨ ᠠᠪᠬᠤ ᠮᠡᠳᠡᠭᠡ ᠵᠠᠩᠭᠢ ᠶᠢ ᠢᠯᠡ ᠪᠣᠯᠭᠠᠬᠤ ᠱᠠᠭᠠᠷᠳᠠᠯᠭ᠎ᠠ ᠶᠢ ᠰᠢᠨ᠎ᠡ ᠪᠠᠷ ᠨᠡᠮᠡᠭᠰᠡᠨ ᠤ ᠬᠠᠮᠲᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠬᠢᠨᠠᠯᠲᠠ ᠪᠠᠶᠢᠴᠠᠭᠠᠯᠲᠠ ᠬᠢᠬᠦ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠵᠠᠬ᠎ᠠ ᠳᠡᠯᠭᠡᠭᠦᠷᠵᠢᠭᠦᠯᠬᠦ ᠠᠷᠭ᠎ᠠ ᠪᠠᠷᠢᠯ ᠪᠠ ᠠᠵᠢᠯ ᠤᠨ ᠳᠠᠷᠠᠭᠠᠬᠢ ᠬᠢᠨᠠᠯᠲᠠ ᠪᠠᠶᠢᠴᠠᠭᠠᠯᠲᠠ ᠪᠠᠷ ᠳᠠᠮᠵᠢᠭᠤᠯᠵᠤ᠂ ᠬᠠᠮᠢᠶ᠎ᠠ ᠪᠦᠬᠦᠢ ᠤᠯᠤᠰ ᠤᠨ ᠥᠮᠴᠢᠯᠡᠯᠲᠥ ᠮᠥᠩᠭᠦᠨ ᠭᠦᠢᠯᠭᠡᠭᠡᠨ ᠤ ᠠᠵᠤ ᠠᠬᠤᠶᠢᠯᠠᠯ ᠢᠶᠠᠷ ᠳᠦᠷᠢᠮ ᠲᠣᠭᠲᠠᠭᠠᠯ ᠢ ᠰᠢᠮᠳᠠᠭᠤᠯᠤᠨ ᠲᠣᠭᠲᠠᠭᠠᠯᠭᠠᠵᠤ᠂ ᠲᠥᠪᠯᠡᠷᠡᠭᠦᠯᠦᠨ ᠬᠤᠳᠠᠯᠳᠤᠨ ᠠᠪᠬᠤ ᠬᠠᠮᠢᠶ᠎ᠠ ᠪᠦᠬᠦᠢ ᠠᠵᠢᠯ ᠢ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠦᠯᠦᠨ ᠰᠠᠶᠢᠲᠤᠷ ᠬᠢᠯᠭᠡᠨ᠎ᠡ᠃      ᠠᠰᠠᠭᠤᠯᠲᠠ᠄ ︽ᠲᠣᠭᠲᠠᠭᠠᠯ︾᠎ ᠤᠨ ᠭᠤᠣᠯ ᠠᠭᠤᠯᠭ᠎ᠠ ᠨᠢ ᠶᠠᠭᠤ ᠪᠣᠢ︖      ᠬᠠᠷᠢᠭᠤᠯᠲᠠ᠄ ︽ᠲᠣᠭᠲᠠᠭᠠᠯ︾᠎ ᠨᠢ ᠨᠡᠶᠢᠲᠡ 7 ᠪᠦᠯᠦᠭ 34 ᠵᠤᠷᠪᠤᠰ ᠪᠠᠶᠢᠵᠤ᠂ ᠭᠤᠣᠯ ᠠᠭᠤᠯᠭ᠎ᠠ ᠨᠢ ᠄ ᠨᠢᠭᠡ ᠳᠤ᠂ ᠶᠡᠷᠦᠩᠬᠡᠢ ᠵᠠᠷᠴᠢᠮ᠃ ᠤᠯᠤᠰ ᠤᠨ ᠥᠮᠴᠢᠯᠡᠯᠲᠥ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠎ ᠬᠢᠨ ᠲᠥᠪᠯᠡᠷᠡᠭᠦᠯᠦᠨ ᠬᠤᠳᠠᠯᠳᠤᠨ ᠠᠪᠬᠤ ᠳᠤ ᠢᠯᠡ᠂ ᠡᠷᠬᠡ ᠲᠡᠭᠰᠢ᠂ ᠲᠥᠪ ᠭᠤᠣᠯᠴᠢ᠂ ᠦᠨᠡᠨᠴᠢ ᠢᠲᠡᠭᠡᠮᠵᠢ ᠪᠠ ᠦᠷ᠎ᠡ ᠠᠰᠢᠭ ᠤᠨ ᠵᠠᠷᠴᠢᠮ ᠢ ᠵᠢᠷᠤᠮᠯᠠᠪᠠᠯ ᠵᠣᠬᠢᠨ᠎ᠠ︔ ᠨᠢᠭᠡᠳᠦᠯᠲᠡᠢ ᠬᠠᠮᠢᠶᠠᠷᠬᠤ᠂ ᠱᠠᠲᠤ ᠬᠤᠪᠢᠶᠠᠨ ᠡᠷᠬᠡ ᠣᠯᠭᠤᠬᠤ᠂ ᠬᠠᠷᠢᠯᠴᠠᠨ ᠬᠢᠵᠠᠭᠠᠷᠯᠠᠬᠤ ᠳᠣᠲᠣᠭᠠᠳᠤ ᠶᠢᠨ ᠬᠠᠮᠢᠶᠠᠷᠤᠯᠲᠠ ᠶᠢᠨ ᠪᠠᠶᠢᠭᠤᠯᠤᠯ ᠢ ᠪᠠᠶᠢᠭᠤᠯᠵᠤ᠂ ᠠᠵᠤ ᠠᠬᠤᠶᠢᠯᠠᠯ ᠪᠠ ᠤᠯᠤᠰ ᠤᠨ ᠪᠦᠬᠦᠯᠢ ᠴᠣᠭᠴᠠ ᠶᠢᠨ ᠠᠰᠢᠭ ᠲᠤᠰᠠ ᠶᠢ ᠦᠨᠡᠨ ᠬᠦ ᠬᠠᠮᠠᠭᠠᠯᠠᠬᠤ ᠭᠡᠬᠦ ᠮᠡᠲᠦ᠃ ᠬᠤᠶᠠᠷ ᠲᠤ᠂ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ᠃ ᠤᠯᠤᠰ ᠤᠨ ᠥᠮᠴᠢᠯᠡᠯᠲᠦ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠪᠠᠶᠢᠭᠤᠯᠤᠨ ᠪᠦᠷᠢᠨᠰᠢᠭᠦᠯᠪᠡᠯ ᠵᠣᠬᠢᠬᠤ ᠲᠥᠪᠯᠡᠷᠡᠭᠦᠯᠦᠨ ᠬᠤᠳᠠᠯᠳᠤᠨ ᠠᠪᠬᠤ ᠳᠤ ᠰᠢᠢᠳᠪᠦᠷᠢᠲᠦ ᠪᠣᠳᠣᠯᠭ᠎ᠠ ᠲᠣᠭᠲᠠᠭᠠᠨ ᠬᠠᠮᠢᠶᠠᠷᠬᠤ ᠡᠭᠦᠷᠭᠡ ᠴᠢᠳᠠᠪᠬᠢ ᠬᠢᠭᠡᠳ ᠠᠵᠢᠯᠯᠠᠭᠤᠯᠤᠨ ᠬᠡᠷᠡᠭᠵᠢᠭᠦᠯᠬᠦ ᠡᠭᠦᠷᠭᠡ ᠴᠢᠳᠠᠪᠬᠢ ᠶᠢ ᠬᠠᠷᠢᠯᠴᠠᠨ ᠰᠠᠯᠭᠠᠭᠰᠠᠨ ᠬᠠᠮᠢᠶᠠᠷᠤᠯᠲᠠ ᠶᠢᠨ ᠲᠣᠭᠲᠠᠴᠠ ᠶᠢ ᠲᠣᠳᠣᠷᠬᠠᠶᠢᠯᠠᠪᠠ᠃ ᠡᠭᠦᠨ ᠤ ᠬᠠᠮᠲᠤ᠂ ᠲᠥᠪᠯᠡᠷᠡᠭᠦᠯᠦᠨ ᠬᠤᠳᠠᠯᠳᠤᠨ ᠠᠪᠬᠤ ᠶᠢ ᠬᠠᠮᠢᠶᠠᠷᠬᠤ ᠵᠥᠪᠯᠡᠯ ᠨᠢ ᠳᠣᠲᠣᠭᠠᠳᠤ ᠶᠢᠨ ᠬᠠᠮᠢᠶᠠᠷᠤᠯᠲᠠ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠤᠮᠵᠢ ᠪᠣᠯᠣᠭᠰᠠᠨ ᠤ ᠬᠤᠪᠢ ᠳᠤ ᠪᠠᠶᠢᠷᠢ ᠲᠣᠭᠲᠠᠭᠠᠬᠤ ᠶᠢ ᠲᠣᠳᠣᠷᠬᠠᠶᠢᠯᠠᠭᠰᠠᠨ ᠤ ᠬᠠᠮᠲᠤ᠂ ᠤᠯᠤᠰ ᠤᠨ ᠥᠮᠴᠢᠯᠡᠯᠲᠥ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠤᠯᠢ ᠴᠠᠭᠠᠵᠠ ᠲᠣᠭᠲᠠᠭᠠᠯ ᠢ ᠦᠨᠳᠦᠰᠦᠯᠡᠨ ᠬᠤᠳᠠᠯᠳᠤᠨ ᠠᠪᠬᠤ ᠲᠥᠷᠥᠯ ᠵᠦᠢᠯ ᠤᠨ ᠪᠣᠳᠠᠲᠠᠢ ᠦᠨᠡᠯᠡᠯᠲᠡ ᠬᠢᠨᠠᠯᠲᠠ ᠶᠢᠨ ᠠᠵᠢᠯ ᠢ ᠰᠠᠶᠢᠲᠤᠷ ᠬᠢᠬᠦ ᠶᠢ ᠱᠠᠭᠠᠷᠳᠠᠨ᠎ᠠ ᠭᠡᠬᠦ ᠮᠡᠲᠦ᠃ ᠭᠤᠷᠪᠠ ᠳᠤ᠂ ᠳᠦᠷᠢᠮ ᠤᠨ ᠪᠠᠶᠢᠭᠤᠯᠤᠯᠲᠠ᠃ ᠤᠯᠤᠰ ᠤᠨ ᠥᠮᠴᠢᠯᠡᠯᠲᠥ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠬᠢᠨ ᠳᠣᠲᠣᠭᠠᠳᠤ ᠶᠢᠨ ᠳᠦᠷᠢᠮ ᠤᠨ ᠪᠠᠶᠢᠭᠤᠯᠤᠯᠲᠠ ᠪᠠᠨ ᠰᠠᠶᠢᠲᠤᠷ ᠬᠢᠪᠡᠯ ᠵᠣᠬᠢᠨ᠎ᠠ᠂ ᠡᠭᠦᠨ ᠳᠤ ᠲᠤᠰ ᠠᠵᠤ ᠠᠬᠤᠶᠢᠯᠠᠯ ᠤᠨ ᠢᠶᠠᠨ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠬᠢᠭᠡᠳ ᠲᠤᠭ᠎ᠠ ᠶᠢ ᠬᠢᠵᠠᠭᠠᠷᠯᠠᠬᠤ ᠪᠠᠷᠢᠮᠵᠢᠶ᠎ᠠ ᠶᠢ ᠲᠣᠭᠲᠠᠭᠠᠬᠤ᠂ ᠲᠥᠪᠯᠡᠷᠡᠭᠦᠯᠦᠨ ᠬᠤᠳᠠᠯᠳᠤᠨ ᠠᠪᠬᠤ ᠳᠣᠲᠣᠭᠠᠳᠤ ᠶᠢᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ᠂ ᠳᠣᠲᠣᠭᠠᠳᠤ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠬᠦ ᠵᠡᠷᠭᠡ ᠪᠠᠭᠲᠠᠵᠤ ᠪᠠᠶᠢᠨ᠎ᠠ᠃ ᠳᠥᠷᠪᠡ ᠳᠤ᠂ ᠬᠤᠳᠠᠯᠳᠤᠨ ᠠᠪᠬᠤ ᠠᠷᠭ᠎ᠠ ᠬᠡᠯᠪᠡᠷᠢ᠃ ᠲᠥᠪᠯᠡᠷᠡᠭᠦᠯᠵᠦ ᠬᠤᠳᠠᠯᠳᠤᠨ ᠠᠪᠬᠤ ᠵᠠᠷᠴᠢᠮ ᠤᠨ ᠲᠠᠯ᠎ᠠ ᠪᠠᠷ ᠢᠯᠡ ᠪᠠᠷ ᠳᠠᠭᠠᠭᠠᠴᠢᠯᠠᠯᠲᠠ ᠵᠠᠷᠯᠠᠬᠤ ᠪᠤᠶᠤ ᠤᠷᠢᠵᠤ ᠳᠠᠭᠠᠭᠠᠴᠢᠯᠠᠯᠲᠠ ᠵᠠᠷᠯᠠᠬᠤ ᠠᠷᠭ᠎ᠠ ᠬᠡᠯᠪᠡᠷᠢ ᠶᠢ ᠤᠷᠢᠳ ᠢᠶᠠᠷ ᠬᠡᠷᠡᠭᠯᠡᠵᠦ᠂ ᠳᠠᠭᠠᠭᠠᠴᠢᠯᠠᠯᠲᠠ ᠵᠠᠷᠯᠠᠬᠤ ᠪᠤᠰᠤ ᠠᠷᠭ᠎ᠠ ᠬᠡᠯᠪᠡᠷᠢ ᠶᠢ ᠬᠡᠷᠡᠭᠯᠡᠬᠦ ᠴᠢᠬᠤᠯᠠᠲᠠᠢ ᠪᠣᠯ᠂ ᠬᠤᠯᠪᠣᠭᠳᠠᠯ ᠪᠦᠬᠦᠢ ᠲᠣᠭᠲᠠᠭᠠᠯ ᠲᠠᠢ ᠨᠡᠶᠢᠴᠡᠬᠦ ᠮᠥᠷᠲᠡᠭᠡᠨ ᠳᠣᠲᠣᠭᠠᠳᠤ ᠶᠢᠨ ᠬᠠᠮᠢᠶᠠᠷᠤᠯᠲᠠ ᠶᠢᠨ ᠳᠡᠰ ᠳᠠᠷᠠᠭᠠᠯᠠᠯ ᠢ ᠤᠷᠢᠳ ᠢᠶᠠᠷ ᠭᠦᠢᠴᠡᠳᠬᠡᠪᠡᠯ ᠵᠣᠬᠢᠬᠤ ᠶᠢ ᠲᠣᠳᠣᠷᠬᠠᠶᠢᠯᠠᠪᠠ᠃ ᠡᠭᠦᠨ ᠤ ᠬᠠᠮᠲᠤ᠂ ᠢᠯᠡ ᠪᠤᠰᠤ ᠳᠠᠭᠠᠭᠠᠴᠢᠯᠠᠯᠲᠠ ᠵᠠᠷᠯᠠᠬᠤ ᠠᠷᠭ᠎ᠠ ᠬᠡᠯᠪᠡᠷᠢ ᠶᠢ ᠬᠡᠷᠡᠭᠯᠡᠵᠦ ᠪᠣᠯᠬᠤ ᠦᠶ᠎ᠡ ᠶᠢᠨ ᠬᠡᠷᠡᠭᠯᠡᠭᠳᠡᠬᠦ ᠨᠥᠬᠦᠴᠡᠯ ᠢ ᠲᠣᠳᠣᠷᠬᠠᠶᠢᠯᠠᠪᠠ᠃ ᠲᠠᠪᠤ ᠳᠤ᠂ ᠬᠤᠳᠠᠯᠳᠤᠨ ᠠᠪᠬᠤ ᠬᠠᠮᠢᠶᠠᠷᠤᠯᠲᠠ᠃ ᠤᠯᠤᠰ ᠤᠨ ᠥᠮᠴᠢᠯᠡᠯᠲᠥ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠲᠥᠪᠯᠡᠷᠡᠭᠦᠯᠵᠦ ᠬᠤᠳᠠᠯᠳᠤᠨ ᠠᠪᠬᠤ ᠳᠤ ᠬᠤᠯᠪᠣᠭᠳᠠᠬᠤ ᠪᠣᠳᠠᠲᠠᠢ ᠬᠡᠷᠡᠭ ᠶᠠᠪᠤᠳᠠᠯ ᠳᠤ ᠤᠯᠠᠮ ᠨᠢᠭᠡ ᠠᠯᠬᠤᠮ ᠵᠢᠷᠤᠮᠵᠢᠭᠤᠯᠤᠯᠲᠠ ᠬᠢᠪᠡ᠂ ᠡᠭᠦᠨ ᠳᠤ ᠲᠥᠪᠯᠡᠷᠡᠭᠦᠯᠵᠦ ᠬᠤᠳᠠᠯᠳᠤᠨ ᠠᠪᠬᠤ ᠶᠢ ᠵᠢᠯ ᠤᠨ ᠲᠥᠰᠥᠪ ᠤᠨ ᠬᠠᠮᠢᠶᠠᠷᠤᠯᠲᠠ ᠳᠤ ᠣᠷᠣᠭᠤᠯᠵᠤ᠂ ᠮᠡᠳᠡᠭᠡ ᠵᠠᠩᠭᠢ ᠶᠢ ᠢᠯᠡ ᠪᠣᠯᠭᠠᠬᠤ ᠶᠢ ᠰᠠᠶᠢᠲᠤᠷ ᠬᠢᠬᠦ ᠶᠢ ᠱᠠᠭᠠᠷᠳᠠᠭᠰᠠᠨ ᠵᠡᠷᠭᠡ ᠪᠠᠭᠲᠠᠵᠤ ᠪᠠᠶᠢᠨ᠎ᠠ᠃ ᠡᠭᠦᠨ ᠤ ᠬᠠᠮᠲᠤ᠂ ᠤᠯᠤᠰ ᠤᠨ ᠥᠮᠴᠢᠯᠡᠯᠲᠥ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠢᠯᠡ ᠪᠠᠷ ᠳᠠᠭᠠᠭᠠᠴᠢᠯᠠᠯᠲᠠ ᠵᠠᠷᠯᠠᠪᠠᠯ ᠵᠣᠬᠢᠬᠤ ᠲᠥᠷᠥᠯ ᠵᠦᠢᠯ ᠳᠤ ᠪᠦᠲᠦᠨ ᠢ ᠵᠢᠵᠢᠭᠯᠡᠬᠦ ᠪᠤᠶᠤ ᠪᠤᠰᠤᠳ ᠠᠷᠭ᠎ᠠ ᠬᠡᠯᠪᠡᠷᠢ ᠪᠠᠷ ᠢᠯᠡ ᠪᠠᠷ ᠳᠠᠭᠠᠭᠠᠴᠢᠯᠠᠯᠲᠠ ᠵᠠᠷᠯᠠᠬᠤ ᠠᠴᠠ ᠵᠠᠶᠢᠯᠠᠰᠬᠢᠵᠦ ᠪᠣᠯᠬᠤ ᠦᠭᠡᠢ ᠭᠡᠳᠡᠭ ᠢ ᠴᠢᠬᠤᠯᠠᠴᠢᠯᠠᠵᠠᠢ᠃ ᠵᠢᠷᠭᠤᠭ᠎ᠠ ᠳᠤ᠂ ᠬᠢᠨᠠᠯᠲᠠ ᠪᠠᠶᠢᠴᠠᠭᠠᠯᠲᠠ᠃ ᠤᠯᠤᠰ ᠤᠨ ᠥᠮᠴᠢᠯᠡᠯᠲᠥ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠬᠢᠨ ᠡᠳ᠋ ᠤᠨ ᠵᠠᠰᠠᠭ᠂ ᠬᠢᠨᠠᠨ ᠪᠣᠳᠣᠯᠲᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨᠠᠯᠲᠠ ᠪᠠᠶᠢᠴᠠᠭᠠᠯᠲᠠ ᠶᠢ ᠤᠬᠠᠮᠰᠠᠷ ᠠᠴᠠ ᠪᠠᠨ ᠬᠦᠯᠢᠶᠡᠨ ᠠᠪᠤᠪᠠᠯ ᠵᠣᠬᠢᠬᠤ ᠶᠢ ᠲᠣᠳᠣᠷᠬᠠᠶᠢᠯᠠᠪᠠ᠃ ᠳᠣᠯᠤᠭ᠎ᠠ ᠳᠤ᠂ ᠳᠠᠭᠠᠯᠳᠤᠭᠤᠯᠤᠯ᠃ ᠤᠯᠤᠰ ᠤᠨ ᠥᠮᠴᠢᠯᠡᠯᠲᠥ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠬᠢᠨ ᠤᠯᠠᠨ ᠤᠯᠤᠰ ᠤᠨ ᠵᠣᠬᠢᠶᠠᠨ ᠪᠠᠶᠢᠭᠤᠯᠤᠯᠲᠠ᠂ ᠭᠠᠳᠠᠭᠠᠳᠤ ᠤᠯᠤᠰ ᠤᠨ ᠵᠠᠰᠠᠭ ᠤᠨ ᠣᠷᠳᠣᠨ ᠵᠡᠷᠭᠡ ᠶᠢᠨ ᠵᠢᠭᠡᠯᠡᠯᠭᠡ ᠪᠤᠶᠤ ᠲᠤᠰᠠᠯᠠᠮᠵᠢ ᠶᠢᠨ ᠵᠣᠭᠤᠰ ᠢ ᠬᠡᠷᠡᠭᠯᠡᠨ ᠬᠤᠳᠠᠯᠳᠤᠨ ᠠᠪᠬᠤ ᠳᠤ᠂ ᠲᠡᠭᠦᠨ ᠲᠠᠢ ᠪᠣᠯᠵᠣᠨ ᠲᠣᠭᠲᠠᠵᠤ ᠪᠣᠯᠬᠤ ᠪᠣᠯᠪᠠᠴᠤ ᠤᠯᠤᠰ ᠤᠨ ᠠᠰᠢᠭ ᠲᠤᠰᠠ ᠪᠠ ᠨᠡᠶᠢᠭᠡᠮ ᠤᠨ ᠣᠯᠠᠨ ᠨᠡᠶᠢᠲᠡ ᠶᠢᠨ ᠠᠰᠢᠭ ᠲᠤᠰᠠ ᠶᠢ ᠬᠤᠬᠢᠷᠠᠭᠤᠯᠵᠤ ᠪᠣᠯᠬᠤ ᠦᠭᠡᠢ ᠭᠡᠳᠡᠭ ᠢ ᠲᠣᠳᠣᠷᠬᠠᠶᠢᠯᠠᠪᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ