ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ︽ᠰᠠᠭᠤᠷᠢ ᠰᠢᠨᠵᠢᠯᠡᠬᠦ ᠤᠬᠠᠭᠠᠨ ᠤ ᠰᠤᠳᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠰᠠᠨᠠᠯ ᠤᠳ︾ ᠤᠨ ᠲᠣᠭᠤᠷᠢᠨ ᠳᠤ ᠠᠰᠠᠭᠤᠯᠲᠠ ᠶᠢ ᠬᠠᠷᠢᠭᠤᠯᠠᠭᠰᠠᠨ ᠨᠢ
ᠨᠡᠶᠢᠲᠡᠯᠡᠭᠰᠡᠨ ᠴᠠᠭ᠄
2018/2/12
     ᠡᠮᠦᠨᠡᠬᠡᠨ᠂ ᠲᠥᠷᠥ ᠶᠢᠨ ᠶᠠᠪᠤᠳᠠᠯ ᠤᠨ ᠬᠤᠷᠢᠶ᠎ᠠ ︽ᠰᠠᠭᠤᠷᠢ ᠰᠢᠨᠵᠢᠯᠡᠬᠦ ᠤᠬᠠᠭᠠᠨ ᠤ ᠰᠤᠳᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠰᠠᠨᠠᠯ ᠤᠳ︾ ᠢ ᠳᠠᠷᠤᠮᠠᠯᠯᠠᠨ ᠲᠠᠷᠬᠠᠭᠠᠵᠤ᠂ ᠰᠠᠭᠤᠷᠢ ᠰᠢᠨᠵᠢᠯᠡᠬᠦ ᠤᠬᠠᠭᠠᠨ ᠤ ᠰᠤᠳᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠳᠤ ᠪᠠᠶᠢᠷᠢᠯᠠᠭᠤᠯᠤᠯᠲᠠ ᠬᠢᠪᠡ᠃ ᠰᠤᠷᠪᠤᠯᠵᠢᠯᠠᠭᠴᠢ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠤᠨ ᠲᠤᠬᠠᠢ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠰᠠᠭᠤᠷᠢ ᠰᠤᠳᠤᠯᠭᠠᠨ ᠤ ᠵᠤᠷᠭᠠᠨ ᠤ ᠳᠠᠷᠤᠭ᠎ᠠ ᠶᠧ ᠢᠦᠢ ᠵᠢᠶᠠᠩ ᠪᠠ ᠡᠬᠢ ᠪᠠᠶᠠᠯᠢᠭ ᠤᠨ ᠲᠣᠬᠢᠷᠠᠭᠤᠯᠤᠯᠲᠠ ᠬᠢᠭᠡᠳ ᠬᠠᠮᠢᠶᠠᠷᠤᠯᠲᠠ ᠶᠢᠨ ᠵᠤᠷᠭᠠᠨ ᠤ ᠳᠠᠷᠤᠭ᠎ᠠ ᠵᠠᠩ ᠰᠢᠶᠣᠣ ᠶᠤᠸᠠᠨ ᠢ ᠰᠤᠷᠪᠤᠯᠵᠢᠯᠠᠵᠠᠢ᠃      ᠰᠤᠷᠪᠤᠯᠵᠢᠯᠠᠭᠴᠢ᠄ ᠣᠯᠠᠨ ᠵᠢᠯ ᠤᠨ ᠬᠥᠭᠵᠢᠯᠲᠡ ᠪᠠᠷ ᠳᠠᠮᠵᠢᠨ᠂ ᠮᠠᠨ ᠤ ᠤᠯᠤᠰ ᠤᠨ ᠰᠠᠭᠤᠷᠢ ᠰᠢᠨᠵᠢᠯᠡᠬᠦ ᠤᠬᠠᠭᠠᠨ ᠤ ᠰᠤᠳᠤᠯᠤᠯᠲᠠ ᠶᠠᠮᠠᠷ ᠶᠠᠮᠠᠷ ᠠᠮᠵᠢᠯᠲᠠ ᠪᠦᠲᠦᠮᠵᠢ ᠣᠯᠣᠭᠰᠠᠨ ᠪᠣᠢ︖ ᠪᠠᠰᠠ ᠶᠠᠮᠠᠷ ᠶᠠᠮᠠᠷ ᠳᠤᠲᠠᠭᠤᠳᠠᠯ ᠣᠷᠣᠰᠢᠵᠤ ᠪᠠᠶᠢᠬᠤ ᠪᠣᠢ︖      ᠶᠧ ᠢᠦᠢ ᠵᠢᠶᠠᠩ᠄ ᠣᠯᠠᠨ ᠵᠢᠯ ᠤᠨ ᠴᠢᠷᠮᠠᠶᠢᠯᠭ᠎ᠠ ᠪᠠᠷ ᠳᠠᠮᠵᠢᠨ᠂ ᠮᠠᠨ ᠤ ᠤᠯᠤᠰ ᠤᠨ ᠰᠠᠭᠤᠷᠢ ᠰᠢᠨᠵᠢᠯᠡᠬᠦ ᠤᠬᠠᠭᠠᠨ ᠤ ᠰᠤᠳᠤᠯᠤᠯᠲᠠ ᠦᠷᠭᠦᠯᠵᠢᠯᠡᠨ ᠲᠦᠷᠭᠡᠨ ᠢᠶᠠᠷ ᠬᠥᠭᠵᠢᠵᠦ᠂ ᠣᠯᠠᠨ ᠤᠯᠤᠰ ᠤᠨ ᠨᠥᠯᠥᠭᠡᠯᠡᠬᠦ ᠬᠦᠴᠦᠨ ᠶᠡᠭᠡ ᠪᠠᠷ ᠳᠡᠭᠡᠭᠰᠢᠯᠡᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠤᠯᠭᠠᠭᠤᠷᠢᠯᠠᠵᠤ ᠬᠥᠲᠥᠯᠥᠨ ᠳᠠᠭᠠᠭᠤᠯᠬᠤ ᠦᠢᠯᠡᠳᠦᠯ ᠨᠢ ᠲᠠᠰᠤᠷᠠᠯᠲᠠ ᠦᠭᠡᠢ ᠴᠢᠩᠭᠠᠷᠠᠪᠠ᠃ ᠮᠠᠨ ᠤ ᠤᠯᠤᠰ ᠤᠨ ᠰᠠᠭᠤᠷᠢ ᠰᠢᠨᠵᠢᠯᠡᠬᠦ ᠤᠬᠠᠭᠠᠨ ᠤ ᠰᠤᠳᠤᠯᠤᠯᠲᠠ ᠶᠢᠨ ᠵᠠᠷᠤᠳᠠᠯ ᠤᠨ ᠣᠷᠣᠭᠤᠯᠤᠯᠲᠠ ᠨᠢ 2012 ᠣᠨ ᠤ 498.8 ᠳ᠋ᠦᠩᠰᠢᠭᠤᠷ ᠲᠥᠭᠦᠷᠢᠭ ᠠᠴᠠ ᠨᠡᠮᠡᠭᠳᠡᠭᠡᠳ 2016 ᠣᠨ ᠤ 822.9 ᠳ᠋ᠦᠩᠰᠢᠭᠤᠷ ᠲᠥᠭᠦᠷᠢᠭ ᠪᠣᠯᠵᠠᠢ᠃ ᠮᠠᠨ ᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠥᠭᠦᠯᠡᠯ ᠤᠨ ᠲᠤᠭ᠎ᠠ ᠬᠡᠮᠵᠢᠶ᠎ᠡ ᠵᠠᠯᠭᠠᠭ᠎ᠠ ᠪᠠᠷ ᠣᠯᠠᠨ ᠵᠢᠯ ᠳᠡᠯᠡᠬᠡᠢ ᠶᠢᠨ 2 ᠳ᠋ᠤᠭᠠᠷ ᠪᠠᠶᠢᠷᠢ ᠳᠤ ᠵᠢᠭᠰᠠᠵᠤ᠂ ᠶᠡᠷᠦᠩᠬᠡᠢ ᠡᠰᠢᠯᠡᠭᠳᠡᠭᠰᠡᠨ ᠤᠳᠠᠭᠠᠨ ᠤ ᠲᠤᠭ᠎ᠠ ᠨᠢ 2016 ᠣᠨ ᠤ 4 ᠳ᠋ᠦ᠋ᠭᠡᠷ ᠪᠠᠶᠢᠷᠢ ᠠᠴᠠ ᠳᠡᠭᠡᠭᠰᠢᠯᠡᠭᠡᠳ 2017 ᠣᠨ ᠤ 2 ᠳ᠋ᠤᠭᠠᠷ ᠪᠠᠶᠢᠷᠢ ᠳᠤ ᠣᠷᠣᠵᠤ᠂ ᠬᠢᠮᠢ᠂ ᠮᠠᠲ᠋ᠧᠷᠢᠶᠠᠯ᠂ ᠹᠢᠽᠢᠺ᠂ ᠪᠠᠷᠢᠯᠭ᠎ᠠ᠂ ᠲᠣᠭᠠᠨ ᠤ ᠤᠬᠠᠭᠠᠨ᠂ ᠳᠡᠯᠡᠬᠡᠢ ᠶᠢᠨ ᠪᠥᠮᠪᠥᠷᠴᠡᠭ ᠤᠨ ᠰᠤᠳᠤᠯᠤᠯ ᠵᠡᠷᠭᠡ ᠬᠢᠴᠢᠶᠡᠯ ᠰᠢᠨᠵᠢᠯᠡᠭᠡᠨ ᠨᠢ ᠳᠡᠯᠡᠬᠡᠢ ᠶᠢᠨ ᠲᠡᠷᠢᠭᠦᠨ ᠡᠩᠨᠡᠭᠡᠨ ᠳᠤ ᠣᠶᠢᠷᠠᠲᠤᠵᠤ᠂ ᠰᠠᠭᠤᠷᠢ ᠰᠢᠨᠵᠢᠯᠡᠬᠦ ᠤᠬᠠᠭᠠᠨ ᠤ ᠰᠤᠳᠤᠯᠤᠯᠲᠠ ᠶᠢᠨ ᠬᠦᠷᠢᠶ᠎ᠡ ᠴᠠᠷᠠᠭᠠᠨ ᠳᠠᠬᠢ ᠨᠢᠭᠡ ᠪᠦᠯᠦᠭ ᠰᠤᠳᠤᠯᠭᠠᠨ ᠤ ᠬᠠᠮᠲᠤ ᠨᠡᠶᠢᠲᠡ ᠨᠢ ᠬᠥᠲᠥᠯᠥᠨ ᠳᠠᠭᠠᠭᠤᠯᠬᠤ ᠴᠢᠨᠠᠷᠲᠠᠢ ᠤᠤᠭᠠᠯ ᠦᠷ᠎ᠡ ᠪᠦᠲᠦᠭᠡᠯ ᠤᠨ ᠴᠢᠬᠤᠯᠠ ᠶᠡᠭᠡ ᠰᠢᠪᠲᠤᠯᠤᠯᠲᠠ ᠶᠢ ᠪᠡᠶᠡᠯᠡᠭᠦᠯᠬᠦ ᠴᠢᠳᠠᠪᠤᠷᠢ ᠶᠢ ᠪᠦᠷᠢᠯᠳᠦᠭᠦᠯᠵᠦ᠂ ᠳᠤᠮᠳᠠᠳᠤ ᠤᠯᠤᠰ ᠤᠨ ᠤᠯᠠᠮ ᠠᠷᠪᠢᠨ ᠰᠢᠨᠵᠢᠯᠡᠬᠦ ᠤᠬᠠᠭᠠᠨᠲᠠᠨ ᠣᠯᠠᠨ ᠤᠯᠤᠰ ᠤᠨ ᠬᠦᠨᠳᠦ ᠴᠢᠬᠤᠯᠠ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠤᠨ ᠵᠦᠢᠯ ᠢ ᠲᠣᠰᠴᠤ ᠪᠠᠶᠢᠨ᠎ᠠ᠃      ᠡᠭᠦᠨ ᠤ ᠬᠠᠮᠲᠤ᠂ ᠮᠠᠨ ᠤ ᠤᠯᠤᠰ ᠤᠨ ᠰᠠᠭᠤᠷᠢ ᠰᠢᠨᠵᠢᠯᠡᠬᠦ ᠤᠬᠠᠭᠠᠨ ᠤ ᠰᠤᠳᠤᠯᠤᠯᠲᠠ ᠶᠢᠨ ᠬᠦᠷᠢᠶ᠎ᠡ ᠴᠠᠷᠠᠭ᠎ᠠ ᠳᠤ ᠠᠩᠬᠠᠨ ᠤ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠲᠠᠰᠤᠷᠠᠯᠲᠠ ᠦᠭᠡᠢ ᠢᠯᠡᠷᠡᠵᠦ᠂ ᠭᠦᠢᠴᠡᠨ ᠳᠠᠪᠠᠵᠤ ᠬᠥᠲᠥᠯᠥᠨ ᠳᠠᠭᠠᠭᠤᠯᠬᠤ ᠠᠯᠬᠤᠴᠠ ᠨᠢ ᠲᠦᠷᠭᠡᠰᠴᠦ ᠪᠠᠶᠢᠨ᠎ᠠ᠃ ᠵᠢᠱᠢᠶᠡᠯᠡᠪᠡᠯ᠂ ᠮᠠᠨ ᠤ ᠤᠯᠤᠰ ᠤᠨ ᠰᠠᠭᠤᠷᠢ ᠹᠢᠽᠢᠺ ᠤᠨ ᠬᠦᠷᠢᠶ᠎ᠡ ᠴᠠᠷᠠᠭ᠎ᠠ ᠨᠢ ᠵᠠᠯᠭᠠᠭ᠎ᠠ ᠪᠠᠷ ᠭᠤᠷᠪᠠᠨ ᠵᠢᠯ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ ᠤᠨ ᠨᠢᠭᠡᠳᠦᠭᠡᠷ ᠳᠡᠰ ᠤᠨ ᠱᠠᠩᠨᠠᠯ ᠢ ᠲᠣᠰᠴᠤ᠂ ᠺᠧᠨᠠᠲ ᠤᠨ ᠬᠡᠪ ᠤᠨ ᠪᠤᠰᠤ ᠬᠠᠤᠯ ᠦᠢᠯᠡᠴᠢᠯᠡᠭᠡ᠂ ᠲᠣᠫᠣᠯᠣᠭᠢ ᠬᠠᠭᠠᠰ ᠲᠡᠮᠦᠷᠯᠢᠭ᠂ ᠸᠧᠶᠢᠯ ᠹᠧᠷᠮᠢᠶᠣᠨ᠂ ᠨᠧᠲᠷᠢᠨᠣ᠋ ᠬᠡᠯᠪᠡᠯᠵᠡᠯ ᠵᠡᠷᠭᠡ ᠤᠤᠭᠠᠯ ᠴᠢᠨᠠᠷᠲᠠᠢ ᠦᠷ᠎ᠡ ᠪᠦᠲᠦᠭᠡᠯ ᠢ ᠰᠤᠳᠤᠯᠤᠨ ᠭᠠᠷᠭᠠᠵᠠᠢ︔ ᠮᠠᠨ ᠤ ᠤᠯᠤᠰ ᠤᠨ ᠰᠢᠨᠵᠢᠯᠡᠬᠦ ᠤᠬᠠᠭᠠᠨᠲᠠᠳ ᠤᠨ ᠢᠯᠡᠷᠡᠭᠦᠯᠦᠭᠰᠡᠨ ᠲᠡᠮᠦᠷ ᠰᠠᠭᠤᠷᠢᠲᠤ ᠬᠡᠳᠦ ᠳᠠᠮᠵᠢᠯᠭᠠᠨ ᠤ ᠮᠠᠲ᠋ᠧᠷᠢᠶᠠᠯ ᠨᠢ ᠳᠡᠯᠡᠬᠡᠢ ᠶᠢᠨ ᠬᠠᠭᠠᠰ ᠠᠴᠠ ᠳᠡᠭᠡᠭᠰᠢᠬᠢ ᠶᠢ ᠡᠵᠡᠯᠡᠵᠦ ᠪᠠᠶᠢᠬᠤ ᠶᠢᠨ ᠬᠠᠮᠲᠤ᠂ ᠣᠯᠠᠨ ᠤᠯᠤᠰ ᠤᠨ ᠬᠠᠮᠤᠭ ᠤᠨ ᠥᠨᠳᠥᠷ ᠬᠡᠳᠦ ᠳᠠᠮᠵᠢᠯᠭᠠᠨ ᠬᠤᠪᠢᠷᠠᠯᠲᠠ ᠶᠢᠨ ᠳᠤᠯᠠᠭᠠᠴᠠ ᠶᠢ ᠪᠠᠲᠤᠯᠠᠵᠤ ᠪᠠᠶᠢᠨ᠎ᠠ︔ ᠮᠠᠨ ᠤ ᠤᠯᠤᠰ ᠣᠯᠠᠨ ᠹᠣᠲ᠋ᠣᠨ ᠣᠷᠢᠶᠠᠴᠠᠯᠳᠤᠯ ᠤᠨ ᠳᠡᠯᠡᠬᠡᠢ ᠶᠢᠨ ᠲᠡᠮᠳᠡᠭᠯᠡᠯ ᠢ ᠣᠯᠠᠨ ᠤᠳᠠᠭ᠎ᠠ ᠰᠢᠨᠡᠳᠬᠡᠭᠰᠡᠨ ᠤ ᠬᠠᠮᠲᠤ ᠢᠮᠠᠭᠲᠠ ᠪᠠᠲᠤᠯᠠᠭᠰᠠᠭᠠᠷ ᠪᠠᠶᠢᠨ᠎ᠠ᠃ ᠶᠡᠷᠦᠩᠬᠡᠢ ᠳᠤ ᠪᠠᠨ᠂ ᠮᠠᠨ ᠤ ᠤᠯᠤᠰ ᠤᠨ ᠰᠠᠭᠤᠷᠢ ᠰᠢᠨᠵᠢᠯᠡᠬᠦ  ᠤᠬᠠᠭᠠᠨ ᠤ ᠰᠤᠳᠤᠯᠤᠯᠲᠠ ᠨᠢ ᠨᠢᠭᠡᠨᠲᠡ ᠬᠡᠮᠵᠢᠶᠡᠨ ᠤ ᠬᠤᠷᠠᠮᠳᠤᠭᠤᠯᠤᠯ ᠠᠴᠠ ᠴᠢᠨᠠᠷ ᠤᠨ ᠦᠰᠦᠷᠦᠯᠲᠡ  ᠲᠡᠶᠢᠰᠢ  ᠂  ᠴᠡᠭ  ᠤᠨ ᠰᠢᠪᠲᠤᠯᠤᠯᠲᠠ ᠠᠴᠠ ᠰᠢᠰᠲ᠋ᠧᠮᠲᠦ ᠴᠢᠳᠠᠪᠤᠷᠢ ᠶᠢᠨ ᠳᠡᠭᠡᠭᠰᠢᠯᠡᠯᠲᠡ  ᠲᠡᠶᠢᠰᠢ ᠳᠠᠪᠰᠢᠬᠤ  ᠴᠢᠬᠤᠯᠠ ᠴᠠᠭ ᠦᠶ᠎ᠡ ᠳᠤ  ᠣᠷᠣᠰᠢᠵᠤ ᠪᠠᠶᠢᠨ᠎ᠠ᠃      ᠭᠡᠲᠡᠯ᠎ᠡ᠂ ᠳᠡᠯᠡᠬᠡᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ ᠤᠯᠤᠰ ᠢ ᠪᠠᠶᠢᠭᠤᠯᠬᠤ ᠱᠠᠭᠠᠷᠳᠠᠯᠭ᠎ᠠ ᠲᠠᠢ ᠬᠠᠷᠢᠴᠠᠭᠤᠯᠪᠠᠯ᠂ ᠮᠠᠨ ᠤ ᠤᠯᠤᠰ ᠤᠨ ᠰᠠᠭᠤᠷᠢ ᠰᠢᠨᠵᠢᠯᠡᠬᠦ ᠤᠬᠠᠭᠠᠨ ᠤ ᠰᠤᠳᠤᠯᠤᠯᠲᠠ ᠶᠢᠨ ᠳᠤᠲᠠᠭᠤᠳᠠᠯ ᠨᠢ ᠮᠥᠨ ᠨᠡᠯᠢᠶᠡᠳ ᠲᠣᠪᠣᠶᠢᠮ᠎ᠠ ᠪᠠᠶᠢᠵᠤ᠂ ᠴᠢᠬᠤᠯᠠ ᠶᠡᠭᠡ ᠤᠤᠭᠠᠯ ᠴᠢᠨᠠᠷᠲᠠᠢ ᠦᠷ᠎ᠡ ᠪᠦᠲᠦᠭᠡᠯ ᠳᠤᠲᠠᠮᠠᠭ᠂ ᠰᠠᠭᠤᠷᠢ ᠰᠤᠳᠤᠯᠤᠯᠲᠠ ᠶᠢᠨ ᠣᠷᠣᠶᠢᠯᠠᠭᠰᠠᠨ ᠴᠢᠳᠠᠪᠤᠷᠢᠲᠠᠨ ᠪᠠ ᠬᠠᠮᠲᠤ ᠨᠡᠶᠢᠲᠡ ᠬᠦᠷᠦᠯᠴᠡᠬᠦ ᠦᠭᠡᠢ᠂ ᠣᠷᠣᠭᠤᠯᠤᠯᠲᠠ ᠭᠦᠢᠴᠡᠳ ᠦᠭᠡᠢ ᠮᠥᠷᠲᠡᠭᠡᠨ ᠪᠦᠲᠦᠴᠡ ᠨᠢ ᠵᠣᠬᠢᠰ ᠦᠭᠡᠢ᠂ ᠪᠦᠬᠦ ᠨᠡᠶᠢᠭᠡᠮ ᠤᠨ ᠰᠠᠭᠤᠷᠢ ᠰᠢᠨᠵᠢᠯᠡᠬᠦ ᠤᠬᠠᠭᠠᠨ ᠤ ᠰᠤᠳᠤᠯᠤᠯᠲᠠ ᠶᠢ ᠳᠡᠮᠵᠢᠬᠦ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠴᠢᠬᠤᠯᠠᠲᠠᠢ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠮᠠᠨ ᠤ ᠤᠯᠤᠰ ᠤᠨ ᠰᠠᠭᠤᠷᠢ ᠰᠢᠨᠵᠢᠯᠡᠬᠦ ᠤᠬᠠᠭᠠᠨ ᠤ ᠰᠤᠳᠤᠯᠤᠯᠲᠠ ᠨᠢ ᠶᠡᠭᠡ ᠶᠢ ᠪᠦᠲᠦᠭᠡᠬᠦᠶᠢᠴᠡ ᠬᠥᠭᠵᠢᠯᠲᠡ ᠶᠢᠨ ᠠᠵᠠ ᠲᠣᠬᠢᠶᠠᠯ ᠳᠤ ᠲᠣᠬᠢᠶᠠᠯᠳᠤᠭᠰᠠᠨ ᠢᠶᠠᠷ ᠪᠠᠷᠠᠬᠤ ᠦᠭᠡᠢ᠂ ᠤᠷᠢᠳ ᠡᠮᠦᠨ᠎ᠡ ᠭᠠᠷᠤᠭ᠎ᠠ ᠦᠭᠡᠢ ᠴᠢᠬᠤᠯᠠ ᠶᠡᠭᠡ ᠥᠷᠢᠰᠦᠯᠳᠦᠭᠡᠨ ᠳᠤ ᠲᠤᠯᠭᠠᠷᠠᠵᠤ ᠪᠠᠶᠢᠨ᠎ᠠ᠃      ᠰᠤᠷᠪᠤᠯᠵᠢᠯᠠᠭᠴᠢ᠄ ᠲᠤᠰ ᠤᠳᠠᠭᠠᠨ ᠤ ᠨᠡᠶᠢᠲᠡᠯᠡᠭᠰᠡᠨ ︽ᠰᠠᠨᠠᠯ︾ ᠨᠢ ᠰᠠᠭᠤᠷᠢ ᠰᠤᠳᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠳᠤ ᠪᠣᠳᠠᠲᠠᠢ ᠪᠠᠶᠢᠷᠢᠯᠠᠭᠤᠯᠤᠯᠲᠠ ᠬᠢᠪᠡ᠂ ᠡᠳᠡᠭᠡᠷ ᠪᠠᠶᠢᠷᠢᠯᠠᠭᠤᠯᠤᠯᠲᠠ ᠶᠢᠨ ᠵᠢᠷᠤᠮᠯᠠᠭᠰᠠᠨ ᠵᠠᠷᠴᠢᠮ ᠨᠢ ᠶᠠᠭᠤ ᠪᠣᠢ︖      ᠶᠧ ᠢᠦᠢ ᠵᠢᠶᠠᠩ᠄ ︽ᠰᠠᠨᠠᠯ︾ ᠳᠤ ᠰᠠᠭᠤᠷᠢ ᠰᠢᠨᠵᠢᠯᠡᠬᠦ ᠤᠬᠠᠭᠠᠨ ᠤ ᠰᠤᠳᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠦᠨᠳᠦᠰᠦᠨ ᠵᠠᠷᠴᠢᠮ ᠢ ᠳᠤᠷᠠᠳᠴᠠᠢ᠃      ᠨᠢᠭᠡ ᠳᠤ᠂ ᠰᠢᠨᠵᠢᠯᠡᠬᠦ ᠤᠬᠠᠭᠠᠴᠢ ᠵᠢᠮ᠎ᠡ ᠶᠣᠰᠣ ᠶᠢ ᠵᠢᠷᠤᠮᠯᠠᠵᠤ᠂ ᠲᠥᠷᠥᠯ ᠬᠤᠪᠢᠶᠠᠨ ᠵᠢᠯᠣᠭᠤᠳᠬᠤ ᠶᠢ ᠪᠠᠷᠢᠮᠲᠠᠯᠠᠨ᠎ᠠ᠃ ᠰᠢᠨᠵᠢᠯᠡᠬᠦ ᠤᠬᠠᠭᠠᠨ ᠤ ᠰᠤᠳᠤᠯᠤᠯᠲᠠ ᠶᠢᠨ ᠣᠩᠭᠤᠨ ᠰᠡᠷᠡᠯ ᠤᠨ ᠬᠤᠷᠣᠮ ᠵᠠᠭᠤᠷ᠎ᠠ ᠶᠢᠨ ᠴᠢᠨᠠᠷ᠂ ᠠᠷᠭ᠎ᠠ ᠬᠡᠯᠪᠡᠷᠢ ᠶᠢᠨ ᠳᠤᠷ᠎ᠠ ᠶᠢᠨ ᠴᠢᠨᠠᠷ᠂ ᠠᠷᠭ᠎ᠠ ᠵᠠᠮ ᠤᠨ ᠲᠣᠭᠲᠠᠪᠤᠷᠢ ᠦᠭᠡᠢ ᠴᠢᠨᠠᠷ ᠤᠨ ᠣᠨᠴᠠᠯᠢᠭ ᠢ ᠴᠢᠬᠤᠯᠠᠴᠢᠯᠠᠨ ᠦᠵᠡᠵᠦ᠂ ᠰᠢᠨ᠎ᠡ ᠶᠢ ᠡᠭᠦᠳᠬᠦ ᠳᠤ ᠠᠰᠢᠭᠲᠠᠢ ᠣᠷᠴᠢᠨ ᠲᠣᠭᠤᠷᠢᠨ ᠪᠠ ᠰᠣᠶᠣᠯ ᠢ ᠪᠣᠢ ᠪᠣᠯᠭᠠᠵᠤ᠂ ᠰᠢᠨᠵᠢᠯᠡᠬᠦ ᠤᠬᠠᠭᠠᠨᠲᠠᠳ ᠤᠨ ᠡᠷᠬᠡ ᠴᠢᠯᠦᠭᠡᠲᠡᠢ ᠪᠠᠷ ᠬᠤᠯᠪᠣᠨ ᠪᠣᠳᠣᠵᠤ᠂ ᠵᠣᠷᠢᠭᠲᠠᠢ ᠪᠠᠷ ᠲᠥᠰᠥᠭᠡᠯᠡᠵᠦ᠂ ᠬᠢᠨᠠᠮᠠᠭᠠᠢ ᠨᠤᠲᠠᠯᠠᠬᠤ ᠶᠢ ᠵᠣᠷᠢᠭᠵᠢᠭᠤᠯᠤᠨ᠎ᠠ᠃ ᠡᠷᠬᠡ ᠴᠢᠯᠦᠭᠡᠲᠡᠢ ᠪᠠᠷ ᠬᠠᠶᠢᠨ ᠰᠦᠪᠡᠭᠴᠢᠯᠡᠬᠦ ᠪᠠ ᠬᠠᠷᠠᠯᠲᠠ ᠪᠠᠷ ᠤᠳᠤᠷᠢᠳᠤᠭᠤᠯᠬᠤ ᠶᠢ ᠣᠷᠭᠠᠨᠢᠭ ᠢᠶᠠᠷ ᠤᠶᠠᠯᠳᠤᠭᠤᠯᠬᠤ ᠶᠢ ᠠᠬᠢᠭᠤᠯᠤᠨ᠎ᠠ᠃      ᠬᠤᠶᠠᠷ ᠲᠤ᠂ ᠠᠩᠬᠠᠨ ᠤ ᠰᠢᠨ᠎ᠡ ᠡᠭᠦᠳᠦᠯᠲᠡ ᠶᠢ ᠲᠣᠪᠣᠶᠢᠯᠭᠠᠵᠤ᠂ ᠡᠷᠭᠢᠯᠳᠦᠭᠦᠯᠦᠨ ᠬᠥᠭᠵᠢᠭᠦᠯᠬᠦ ᠶᠢ ᠠᠬᠢᠭᠤᠯᠤᠨ᠎ᠠ᠃ ᠠᠩᠬᠠᠨ ᠤ ᠰᠢᠨ᠎ᠡ ᠡᠭᠦᠳᠦᠯᠲᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢ ᠨᠡᠩ ᠲᠣᠪᠣᠶᠢᠮ᠎ᠠ ᠪᠠᠶᠢᠷᠢᠨ ᠳᠤ ᠲᠠᠯᠪᠢᠨ᠎ᠠ᠃ ᠰᠢᠨᠵᠢᠯᠡᠬᠦ ᠤᠬᠠᠭᠠᠨ ᠰᠤᠷᠭᠠᠨ ᠬᠥᠮᠥᠵᠢᠯ ᠤᠨ ᠠᠭᠤᠰᠤᠯᠴᠠᠯ᠂ ᠴᠡᠷᠢᠭ ᠠᠷᠠᠳ ᠤᠨ ᠠᠭᠤᠰᠤᠯᠴᠠᠯ ᠪᠠ ᠦᠢᠯᠡᠳᠬᠦ ᠰᠤᠷᠤᠯᠴᠠᠬᠤ ᠰᠤᠳᠤᠯᠬᠤ ᠶᠢᠨ ᠭᠦᠨᠵᠡᠭᠡᠢ ᠠᠭᠤᠰᠤᠯᠴᠠᠯ ᠢ ᠴᠢᠩᠭᠠᠷᠠᠭᠤᠯᠵᠤ᠂ ᠬᠡᠷᠡᠭᠴᠡᠭᠡ ᠱᠠᠭᠠᠷᠳᠠᠯᠭ᠎ᠠ ᠪᠠᠷ ᠬᠥᠲᠥᠯᠥᠭᠦᠯᠬᠦ ᠶᠢ ᠪᠠᠷᠢᠮᠲᠠᠯᠠᠨ᠂ ᠰᠠᠭᠤᠷᠢ ᠰᠤᠳᠤᠯᠤᠯᠲᠠ᠂ ᠬᠡᠷᠡᠭᠯᠡᠭᠡᠨ ᠤ ᠰᠤᠳᠤᠯᠤᠯᠲᠠ ᠬᠢᠭᠡᠳ ᠠᠵᠤ ᠦᠢᠯᠡᠰᠵᠢᠭᠦᠯᠦᠯᠲᠡ ᠶᠢ ᠵᠣᠯᠭᠠᠭᠤᠯᠤᠨ ᠨᠡᠪᠲᠡᠷᠡᠭᠦᠯᠵᠦ᠂ ᠠᠳᠠᠯᠢ ᠪᠤᠰᠤ ᠠᠵᠢᠯ ᠲᠥᠷᠥᠯ ᠪᠠ ᠬᠦᠷᠢᠶ᠎ᠡ ᠴᠠᠷᠠᠭᠠᠨ ᠤ ᠰᠢᠨ᠎ᠡ ᠶᠢ ᠡᠭᠦᠳᠬᠦ ᠡᠯᠧᠮᠧᠨ᠋ᠲ ᠢ ᠦᠷ᠎ᠡ ᠪᠦᠲᠦᠮᠵᠢᠲᠡᠢ ᠵᠣᠯᠭᠠᠭᠤᠯᠬᠤ ᠶᠢ ᠠᠬᠢᠭᠤᠯᠤᠨ᠎ᠠ᠃      ᠭᠤᠷᠪᠠ ᠳᠤ᠂ ᠪᠠᠶᠢᠭᠤᠯᠤᠯ ᠲᠣᠭᠲᠠᠴᠠ ᠶᠢ ᠰᠢᠨᠡᠴᠢᠯᠡᠵᠦ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠴᠢᠩᠭᠠᠷᠠᠭᠤᠯᠤᠨ᠎ᠠ᠃ ᠬᠥᠮᠥᠨ ᠢᠶᠠᠷ ᠤᠳᠤᠷᠢᠳᠤᠮᠵᠢ ᠪᠣᠯᠭᠠᠬᠤ ᠶᠢ ᠲᠣᠪᠣᠶᠢᠯᠭᠠᠵᠤ᠂ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠪᠠ ᠵᠠᠷᠤᠳᠠᠯ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠭᠤᠵᠢᠮ ᠴᠢᠯᠦᠭᠡᠲᠡᠢ ᠰᠢᠨᠵᠢᠯᠡᠬᠦ ᠤᠬᠠᠭᠠᠨ ᠤ ᠰᠤᠳᠤᠯᠤᠯᠲᠠ ᠶᠢᠨ ᠣᠷᠴᠢᠨ ᠲᠣᠭᠤᠷᠢᠨ ᠢ ᠪᠣᠢ ᠪᠣᠯᠭᠠᠵᠤ᠂ ᠰᠢᠨᠵᠢᠯᠡᠬᠦ ᠤᠬᠠᠭᠠᠨ ᠤ ᠰᠤᠳᠤᠯᠭᠠᠲᠠᠳ ᠢ ᠰᠡᠳᠬᠢᠯ ᠰᠢᠭᠤᠳᠤᠭᠤᠯᠤᠨ᠂ ᠤᠷᠲᠤ ᠬᠤᠭᠤᠴᠠᠭ᠎ᠠ ᠪᠠᠷ ᠰᠠᠭᠤᠷᠢ ᠰᠢᠨᠵᠢᠯᠡᠬᠦ ᠤᠬᠠᠭᠠᠨ ᠤ ᠰᠤᠳᠤᠯᠤᠯᠲᠠ ᠬᠢᠯᠭᠡᠨ᠎ᠡ᠃ ᠲᠥᠷᠥᠯ ᠬᠤᠪᠢᠶᠠᠨ ᠦᠨᠡᠯᠡᠯᠲᠡ ᠬᠢᠬᠦ ᠲᠣᠭᠲᠠᠴᠠ ᠶᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨᠲᠠᠳ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠲᠠᠰᠤᠭ᠂ ᠶᠡᠭᠡ ᠳᠡᠭᠡᠳᠦ ᠰᠤᠷᠭᠠᠭᠤᠯᠢ᠂ ᠠᠵᠤ ᠠᠬᠤᠶᠢᠯᠠᠯ ᠵᠡᠷᠭᠡ ᠲᠠᠯ᠎ᠠ ᠶᠢᠨ ᠢᠳᠡᠪᠬᠢᠵᠢᠯ ᠪᠦᠲᠦᠭᠡᠯᠴᠢ ᠴᠢᠨᠠᠷ ᠢ ᠳᠠᠶᠢᠴᠢᠯᠠᠨ᠎ᠠ᠃ ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠠᠷᠭ᠎ᠠ ᠬᠡᠯᠪᠡᠷᠢ ᠶᠢ ᠰᠢᠨᠡᠴᠢᠯᠡᠵᠦ᠂ ᠠᠵᠤ ᠠᠬᠤᠶᠢᠯᠠᠯ ᠢ ᠬᠥᠲᠥᠯᠥᠨ ᠰᠠᠭᠤᠷᠢ ᠰᠢᠨᠵᠢᠯᠡᠬᠦ ᠤᠬᠠᠭᠠᠨ ᠤ ᠰᠤᠳᠤᠯᠤᠯᠲᠠ ᠶᠢ ᠴᠢᠩᠭᠠᠳᠬᠠᠨ᠎ᠠ᠃      ᠳᠥᠷᠪᠡ ᠳᠤ᠂ ᠬᠠᠮᠵᠢᠯᠴᠠᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠨᠡᠭᠡᠭᠡᠯᠲᠡ ᠬᠢᠵᠦ ᠬᠠᠮᠲᠤᠷᠠᠯᠴᠠᠬᠤ ᠶᠢ ᠥᠷᠭᠡᠳᠬᠡᠨ᠎ᠡ᠃ ᠰᠢᠨᠵᠢᠯᠡᠬᠦ ᠤᠬᠠᠭᠠᠨ ᠤ ᠰᠤᠳᠤᠯᠤᠯᠲᠠ ᠶᠢᠨ ᠠᠵᠢᠯᠯᠠᠭ᠎ᠠ ᠶᠢᠨ ᠬᠠᠮᠵᠢᠯᠴᠠᠨ ᠬᠠᠮᠲᠤᠷᠠᠯᠴᠠᠬᠤ᠂ ᠬᠠᠮᠲᠤᠳᠬᠠᠨ ᠳᠠᠭᠠᠭᠠᠴᠢᠯᠠᠵᠤ ᠬᠠᠮᠲᠤᠳᠬᠠᠨ ᠬᠤᠷᠠᠮᠳᠤᠭᠤᠯᠬᠤ ᠵᠡᠷᠭᠡ ᠰᠢᠨ᠎ᠡ ᠠᠷᠭ᠎ᠠ ᠬᠡᠯᠪᠡᠷᠢ ᠶᠢ ᠢᠳᠡᠪᠬᠢᠲᠡᠢ ᠬᠠᠶᠢᠨ ᠰᠦᠪᠡᠭᠴᠢᠯᠡᠵᠦ᠂ ᠰᠢᠨᠵᠢᠯᠡᠬᠦ ᠤᠬᠠᠭᠠᠨ ᠤ ᠬᠦᠴᠢᠷᠳᠡᠯ ᠲᠠᠢ ᠰᠡᠳᠦᠪ ᠢ ᠰᠢᠢᠳᠪᠦᠷᠢᠯᠡᠨ᠎ᠡ᠃ ᠪᠦᠬᠦ ᠳᠡᠯᠡᠬᠡᠢ ᠶᠢᠨ ᠬᠠᠷᠠᠭᠠᠰᠤ ᠶᠢ ᠪᠠᠷᠢᠮᠲᠠᠯᠠᠵᠤ᠂  ᠴᠢᠳᠠᠪᠤᠷᠢᠲᠠᠨ ᠢ ᠪᠣᠯᠪᠠᠰᠤᠷᠠᠭᠤᠯᠬᠤ ᠲᠣᠭᠲᠠᠴᠠ ᠶᠢ ᠰᠢᠨᠡᠴᠢᠯᠡᠨ᠂ ᠣᠯᠠᠨ ᠲᠠᠯ᠎ᠠ ᠠᠴᠠ ᠴᠢᠳᠠᠪᠤᠷᠢᠲᠠᠨ ᠢ ᠲᠠᠲᠠᠵᠤ ᠣᠶᠣᠨ ᠬᠦᠴᠦᠨ ᠢ ᠲᠠᠲᠠᠨ ᠣᠷᠣᠭᠤᠯᠤᠨ᠎ᠠ᠃ ᠪᠦᠬᠦ ᠳᠡᠯᠡᠬᠡᠢ ᠶᠢᠨ ᠰᠢᠨ᠎ᠡ ᠶᠢ ᠡᠭᠦᠳᠬᠦ ᠲᠣᠣᠷ ᠰᠦᠯᠵᠢᠶ᠎ᠡ ᠲᠠᠢ ᠰᠠᠨᠠᠭᠠᠴᠢᠯᠠᠭ᠎ᠠ ᠲᠠᠢ ᠪᠠᠷ ᠠᠭᠤᠰᠤᠯᠴᠠᠵᠤ᠂ ᠰᠢᠨ᠎ᠡ ᠶᠢ ᠡᠭᠦᠳᠬᠦ ᠴᠢᠳᠠᠪᠤᠷᠢ ᠪᠠᠷ ᠨᠡᠭᠡᠭᠡᠯᠲᠡ ᠬᠢᠵᠦ ᠬᠠᠮᠲᠤᠷᠠᠯᠴᠠᠬᠤ ᠶᠢ ᠴᠢᠩᠭᠠᠳᠬᠠᠵᠤ᠂ ᠣᠯᠠᠨ ᠤᠯᠤᠰ ᠤᠨ ᠬᠠᠮᠲᠤᠷᠠᠯᠴᠠᠭᠠᠨ ᠤ ᠰᠢᠨ᠎ᠡ ᠲᠠᠪᠴᠠᠩ ᠢ ᠪᠠᠶᠢᠭᠤᠯᠵᠤ᠂ ᠬᠠᠮᠲᠤ ᠪᠠᠷ ᠪᠦᠬᠦ ᠳᠡᠯᠡᠬᠡᠢ ᠶᠢᠨ ᠠᠩᠬᠠᠷᠤᠯ ᠲᠠᠯᠪᠢᠵᠤ ᠪᠠᠶᠢᠭ᠎ᠠ ᠴᠢᠬᠤᠯᠠ ᠶᠡᠭᠡ ᠰᠢᠨᠵᠢᠯᠡᠬᠦ ᠤᠬᠠᠭᠠᠨ ᠤ ᠥᠷᠢᠰᠦᠯᠳᠦᠭᠡᠨ ᠢ ᠠᠷᠭᠠᠴᠠᠭᠠᠨ᠎ᠠ᠃      ᠲᠠᠪᠤ ᠳᠤ᠂ ᠲᠣᠭᠲᠠᠭᠤᠨ ᠢᠶᠠᠷ ᠳᠡᠮᠵᠢᠬᠦ ᠶᠢ ᠴᠢᠩᠭᠠᠷᠠᠭᠤᠯᠬᠤ᠂ ᠣᠷᠣᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠦᠨ᠎ᠡ᠃ ᠲᠥᠪ ᠤᠨ ᠡᠳ᠋ ᠤᠨ ᠵᠠᠰᠠᠭ ᠤᠨ ᠰᠠᠭᠤᠷᠢ ᠰᠢᠨᠵᠢᠯᠡᠬᠦ ᠤᠬᠠᠭᠠᠨ ᠤ ᠰᠤᠳᠤᠯᠤᠯᠲᠠ ᠶᠢ ᠲᠣᠭᠲᠠᠭᠤᠨ ᠢᠶᠠᠷ ᠳᠡᠮᠵᠢᠬᠦ ᠡᠷᠴᠢᠮ ᠢ ᠴᠢᠩᠭᠠᠷᠠᠭᠤᠯᠵᠤ᠂ ᠣᠯᠠᠨ ᠡᠰᠢᠵᠢᠭᠰᠡᠨ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠵᠤ᠂ ᠣᠷᠣᠨ ᠨᠤᠲᠤᠭ᠂ ᠠᠵᠤ ᠠᠬᠤᠶᠢᠯᠠᠯ ᠪᠠ ᠨᠡᠶᠢᠭᠡᠮ ᠤᠨ ᠬᠦᠴᠦᠨ ᠢ ᠬᠥᠲᠥᠯᠥᠨ ᠵᠢᠯᠣᠭᠤᠳᠴᠤ ᠰᠠᠭᠤᠷᠢ ᠰᠢᠨᠵᠢᠯᠡᠬᠦ ᠤᠬᠠᠭᠠᠨ ᠤ ᠰᠤᠳᠤᠯᠤᠯᠲᠠ ᠳᠠᠬᠢ ᠣᠷᠣᠭᠤᠯᠤᠯᠲᠠ ᠶᠢ ᠨᠡᠮᠡᠭᠳᠡᠭᠦᠯᠦᠨ᠎ᠡ᠃      ᠰᠤᠷᠪᠤᠯᠵᠢᠯᠠᠭᠴᠢ᠄ ︽ᠰᠠᠨᠠᠯ︾ ᠳᠤ ᠰᠠᠭᠤᠷᠢ ᠰᠢᠨᠵᠢᠯᠡᠬᠦ ᠤᠬᠠᠭᠠᠨ ᠤ ᠰᠤᠳᠤᠯᠤᠯᠲᠠ ᠶᠢᠨ ᠣᠯᠠᠨ ᠡᠰᠢᠵᠢᠭᠰᠡᠨ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠬᠤ ᠬᠡᠷᠡᠭᠲᠡᠢ ᠭᠡᠵᠦ ᠳᠤᠷᠠᠳᠴᠠᠢ᠂ ᠡᠶᠢᠮᠦᠷᠬᠦ ᠣᠷᠣᠭᠤᠯᠤᠯᠲᠠ ᠶᠢᠨ ᠲᠣᠭᠲᠠᠴᠠ ᠶᠢ ᠬᠡᠷᠬᠢᠨ ᠪᠠᠶᠢᠭᠤᠯᠬᠤ ᠪᠣᠢ︖      ᠵᠠᠩ ᠰᠢᠶᠣᠣ ᠶᠤᠸᠠᠨ᠄ ᠣᠳᠣᠬᠠᠨ ᠳᠤ ᠮᠠᠨ ᠤᠯᠤᠰ ᠤᠨ ᠵᠠᠰᠠᠭ ᠤᠨ ᠣᠷᠳᠣᠨ ᠤ ᠰᠠᠭᠤᠷᠢ ᠰᠢᠨᠵᠢᠯᠡᠬᠦ ᠤᠬᠠᠭᠠᠨ ᠤ ᠰᠤᠳᠤᠯᠤᠯᠲᠠ ᠶᠢ ᠳᠡᠮᠵᠢᠬᠦ ᠠᠷᠭ᠎ᠠ ᠬᠡᠯᠪᠡᠷᠢ ᠨᠢ ᠭᠤᠣᠯᠳᠠᠭᠤ ᠬᠤᠶᠠᠷ ᠵᠦᠢᠯ ᠪᠣᠢ᠄ ᠨᠢᠭᠡ ᠳᠤ ᠲᠣᠭᠲᠠᠭᠤᠨ ᠢᠶᠠᠷ ᠳᠡᠮᠵᠢᠬᠦ᠂ ᠬᠤᠶᠠᠷ ᠲᠤ ᠥᠷᠢᠰᠦᠯᠳᠦᠬᠦ ᠮᠠᠶ᠋ᠢᠭ ᠢᠶᠠᠷ ᠳᠡᠮᠵᠢᠬᠦ᠃ ᠣᠳᠣᠬᠠᠨ ᠳᠤ ᠥᠷᠢᠰᠦᠯᠳᠦᠬᠦ ᠴᠢᠨᠠᠷᠲᠠᠢ ᠪᠠᠷ ᠳᠡᠮᠵᠢᠬᠦ ᠪᠠ ᠲᠣᠭᠲᠠᠭᠤᠨ ᠢᠶᠠᠷ ᠳᠡᠮᠵᠢᠬᠦ ᠬᠤᠶᠠᠷ ᠠᠷᠭ᠎ᠠ ᠬᠡᠯᠪᠡᠷᠢ ᠶᠢᠨ ᠬᠤᠭᠤᠷᠣᠨᠳᠤᠬᠢ ᠬᠠᠷᠢᠴᠠᠯ  ᠨᠢ 1᠄ 1 ᠳᠤ ᠬᠦᠷᠴᠡᠢ᠃ ᠣᠷᠣᠭᠤᠯᠤᠯᠲᠠ ᠶᠢᠨ ᠪᠦᠲᠦᠴᠡ ᠶᠢᠨ ᠲᠠᠯ᠎ᠠ ᠪᠠᠷ᠂ ᠵᠠᠰᠠᠭ ᠤᠨ ᠣᠷᠳᠣᠨ ᠤ ᠣᠷᠣᠭᠤᠯᠤᠯᠲᠠ 90% ᠠᠴᠠ ᠳᠡᠭᠡᠭᠰᠢ ᠶᠢ ᠡᠵᠡᠯᠡᠵᠦ᠂ ᠠᠵᠤ ᠠᠬᠤᠶᠢᠯᠠᠯ ᠤᠨ ᠣᠷᠣᠭᠤᠯᠤᠯᠲᠠ ᠬᠠᠷᠢᠴᠠᠩᠭᠤᠢ ᠳᠣᠣᠷ᠎ᠠ ᠪᠠᠶᠢᠵᠤ᠂ ᠪᠤᠰᠤᠳ ᠨᠡᠶᠢᠭᠡᠮ ᠤᠨ ᠬᠦᠴᠦᠨ ᠤ ᠣᠷᠣᠭᠤᠯᠤᠯᠲᠠ ᠨᠢ ᠨᠡᠩ ᠳᠣᠣᠷ᠎ᠠ ᠪᠠᠶᠢᠨ᠎ᠠ︔ ᠭᠡᠲᠡᠯ᠎ᠡ ᠵᠠᠷᠢᠮ ᠬᠥᠭᠵᠢᠭᠰᠡᠨ ᠤᠯᠤᠰ ᠲᠤ᠂ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠣᠷᠣᠭᠤᠯᠤᠯᠲᠠ ᠨᠢ ᠪᠦᠬᠦᠶᠢᠯᠡ ᠰᠠᠭᠤᠷᠢ ᠰᠢᠨᠵᠢᠯᠡᠬᠦ ᠤᠬᠠᠭᠠᠨ ᠤ ᠰᠤᠳᠤᠯᠤᠯᠲᠠ ᠳᠠᠬᠢ ᠣᠷᠣᠭᠤᠯᠤᠯᠲᠠ ᠶᠢᠨ ᠬᠠᠷᠢᠴᠠᠯ ᠨᠢ 50% ᠳᠤ ᠬᠦᠷᠬᠦ ᠦᠭᠡᠢ ᠪᠠᠶᠢᠵᠤ᠂ ᠠᠵᠤ ᠠᠬᠤᠶᠢᠯᠠᠯ ᠤᠨ ᠣᠷᠣᠭᠤᠯᠤᠯᠲᠠ ᠨᠢ ᠪᠠᠷᠤᠭ 20% ᠪᠠᠶᠢᠵᠤ᠂ ᠪᠠᠰᠠ ᠨᠢᠭᠦᠯᠡᠰᠦᠩᠭᠦᠢ ᠶᠢᠨ ᠰᠠᠭᠤᠷᠢ ᠮᠥᠩᠭᠦ᠂ ᠨᠡᠶᠢᠭᠡᠮ ᠤᠨ ᠬᠠᠨᠳᠢᠪ ᠲᠤᠰᠠᠯᠠᠮᠵᠢ ᠵᠡᠷᠭᠡ ᠲᠠᠯ᠎ᠠ ᠶᠢᠨ ᠬᠢᠨ ᠤ ᠣᠷᠣᠭᠤᠯᠤᠯᠲᠠ ᠪᠠᠶᠢᠳᠠᠭ᠃      ᠡᠶᠢᠮᠦ ᠠᠴᠠ᠂ ᠪᠢᠳᠡ ᠲᠥᠪ ᠤᠨ ᠡᠳ᠋ ᠤᠨ ᠵᠠᠰᠠᠭ ᠤᠨ ᠰᠠᠭᠤᠷᠢ ᠰᠢᠨᠵᠢᠯᠡᠬᠦ ᠤᠬᠠᠭᠠᠨ ᠤ ᠰᠤᠳᠤᠯᠤᠯᠲᠠ ᠳᠠᠬᠢ ᠣᠷᠣᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠣᠷᠣᠨ ᠨᠤᠲᠤᠭ ᠤᠨ ᠡᠳ᠋ ᠤᠨ ᠵᠠᠰᠠᠭ ᠪᠠ ᠠᠵᠤ ᠠᠬᠤᠶᠢᠯᠠᠯ ᠨᠡᠶᠢᠭᠡᠮ ᠤᠨ ᠬᠦᠴᠦᠨ ᠤ ᠰᠠᠭᠤᠷᠢ ᠰᠢᠨᠵᠢᠯᠡᠬᠦ ᠤᠬᠠᠭᠠᠨ ᠤ ᠰᠤᠳᠤᠯᠤᠯᠲᠠ ᠳᠠᠬᠢ ᠣᠷᠣᠭᠤᠯᠤᠯᠲᠠ ᠶᠢ ᠨᠡᠮᠡᠭᠳᠡᠭᠦᠯᠦᠨ᠎ᠡ᠃ ᠤᠯᠤᠰ ᠤᠨ ᠵᠠᠷᠢᠮ ᠬᠦᠨᠳᠦ ᠴᠢᠬᠤᠯᠠ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠦᠶ᠎ᠡ ᠳᠤ᠂ ᠲᠥᠪ ᠤᠨ ᠡᠳ᠋ ᠤᠨ ᠵᠠᠰᠠᠭ ᠪᠠ ᠣᠷᠣᠨ ᠨᠤᠲᠤᠭ ᠤᠨ ᠡᠳ᠋ ᠤᠨ ᠵᠠᠰᠠᠭ ᠬᠠᠮᠲᠤᠷᠠᠨ ᠪᠡᠯᠡ ᠭᠠᠷᠭᠠᠵᠤ ᠬᠠᠮᠲᠤ ᠪᠠᠷ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ᠂ ᠴᠢᠬᠤᠯᠠ ᠶᠡᠭᠡ ᠦᠷ᠎ᠡ ᠪᠦᠲᠦᠭᠡᠯ ᠢ ᠲᠤᠬᠠᠢ ᠶᠢᠨ ᠭᠠᠵᠠᠷ ᠳᠤ ᠪᠣᠳᠠᠲᠠᠶᠢᠵᠢᠭᠤᠯᠤᠨ ᠤᠯᠠᠷᠢᠭᠤᠯᠬᠤ ᠶᠢ ᠠᠬᠢᠭᠤᠯᠵᠤ᠂ ᠲᠤᠬᠠᠢ ᠶᠢᠨ ᠭᠠᠵᠠᠷ ᠤᠨ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠎ᠠ᠃ ᠡᠭᠦᠨ ᠤ ᠬᠠᠮᠲᠤ᠂ ᠭᠠᠶᠢᠯᠢ ᠲᠠᠲᠠᠪᠤᠷᠢ ᠪᠠᠷ ᠬᠠᠷᠠᠭᠠᠯᠵᠠᠨ ᠳᠡᠮᠵᠢᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠠᠵᠤ ᠠᠬᠤᠶᠢᠯᠠᠯ ᠤᠨ ᠰᠠᠭᠤᠷᠢ ᠰᠢᠨᠵᠢᠯᠡᠬᠦ ᠤᠬᠠᠭᠠᠨ ᠤ ᠰᠤᠳᠤᠯᠤᠯᠲᠠ ᠳᠠᠬᠢ ᠣᠷᠣᠭᠤᠯᠤᠯᠲᠠ ᠶᠢ ᠶᠡᠭᠡ ᠬᠡᠮᠵᠢᠶ᠎ᠡ ᠪᠠᠷ ᠨᠡᠮᠡᠭᠳᠡᠭᠦᠯᠦᠨ᠎ᠡ᠃ ᠡᠭᠦᠨ ᠠᠴᠠ ᠭᠠᠳᠠᠨ᠎ᠠ᠂ ᠨᠢᠭᠦᠯᠡᠰᠦᠩᠭᠦᠢ ᠶᠢᠨ ᠦᠢᠯᠡᠰ ᠤᠨ ᠣᠶᠢᠷ᠎ᠠ ᠶᠢᠨ ᠵᠢᠯ ᠤᠨ ᠬᠥᠭᠵᠢᠯᠲᠡ ᠴᠤ ᠨᠡᠯᠢᠶᠡᠳ ᠲᠦᠷᠭᠡᠨ ᠪᠠᠶᠢᠵᠤ ᠂ ᠪᠢᠳᠡ ᠨᠢᠭᠦᠯᠡᠰᠦᠩᠭᠦᠢ ᠶᠢᠨ ᠬᠠᠨᠳᠢᠪ ᠲᠤᠰᠠᠯᠠᠮᠵᠢ ᠶᠢᠨ ᠰᠢᠨ᠎ᠡ ᠠᠷᠭ᠎ᠠ ᠵᠠᠮ ᠢ ᠨᠡᠭᠡᠭᠡᠬᠦ ᠪᠠᠷ ᠳᠠᠮᠵᠢᠭᠤᠯᠵᠤ ᠰᠠᠭᠤᠷᠢ ᠰᠢᠨᠵᠢᠯᠡᠬᠦ ᠤᠬᠠᠭᠠᠨ ᠤ ᠰᠤᠳᠤᠯᠤᠯᠲᠠ ᠳᠠᠬᠢ ᠣᠷᠣᠭᠤᠯᠤᠯᠲᠠ ᠶᠢ ᠤᠯᠠᠮ ᠨᠢᠭᠡ ᠠᠯᠬᠤᠮ ᠨᠡᠮᠡᠭᠳᠡᠭᠦᠯᠦᠨ᠎ᠡ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ