2 ᠳ᠋ᠤᠭᠠᠷ ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ ᠤ ᠨᠠᠮ | ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠠᠷᠪᠠ ᠶᠢᠰᠦᠳᠦᠭᠡᠷ ᠬᠤᠭᠤᠴᠠᠭᠠᠨ ᠤ | ᠲᠦᠪ ᠬᠤᠷᠢᠶ᠎ᠠ ᠶᠢᠨ ᠨᠢᠭᠡᠳᠦᠭᠡᠷ ᠡᠭᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠢ ᠲᠠᠶᠢᠴᠢᠯᠠᠨ ᠪᠠᠶᠢᠷᠢᠯᠠᠭᠤᠯᠬᠤ | ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠰᠤᠷᠤᠯᠴᠠᠯᠭ᠎ᠠ ᠪᠠ ᠪᠠᠶᠢᠴᠠᠭᠠᠨ ᠰᠤᠳᠤᠯᠤᠯᠳᠠ ᠶᠢ | ᠴᠢᠩᠭᠠᠳᠬᠠᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ | ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ | ᠵᠢᠢ ᠾᠧᠩ ᠬᠤᠷᠠᠯ ᠢ ᠡᠷᠬᠢᠯᠡᠵᠡᠢ᠃ | ᠬᠤᠷᠠᠯ ᠠᠴᠠ ᠵᠢᠭᠠᠵᠤ ᠭᠠᠷᠭᠠᠭᠰᠠᠨ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ | ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠲᠤᠭᠤᠷᠢᠨ ᠪᠠᠶᠢᠴᠠᠭᠠᠬᠤ ᠠᠵᠢᠯ ᠢ ᠲᠡᠭᠡᠳᠦ | ᠬᠡᠮᠵᠢᠶ᠎ᠠ ᠪᠠᠷ ᠬᠦᠨᠳᠦᠳᠭᠡᠵᠦ᠂ ᠲᠤᠭᠤᠷᠢᠨ ᠪᠠᠶᠢᠴᠠᠭᠠᠬᠤ ᠠᠵᠢᠯ ᠡᠯᠪᠡᠭ ᠳᠡᠯᠪᠡᠭ ᠦᠷ᠎ᠡ ᠪᠦᠳᠦᠮᠵᠢ ᠤᠯᠵᠤ᠂ | ᠲᠤᠭᠤᠷᠢᠨ ᠪᠠᠶᠢᠴᠠᠭᠠᠬᠤ ᠬᠤᠷᠴᠠ ᠰᠡᠯᠡᠮ᠎ᠡ ᠶᠢᠨ ᠦᠢᠯᠡᠳᠦᠯ ᠢᠯᠡᠳᠳᠡ ᠪᠣᠯᠵᠣ᠂ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠳᠤ ᠬᠦᠴᠦᠨ ᠪᠦᠬᠦᠢ ᠲᠤᠯᠭᠠᠭᠤᠷᠢᠯᠠᠯ ᠬᠠᠩᠭᠠᠪᠠ᠃ ᠪᠦᠬᠦ ᠤᠷᠤᠨ ᠤ ᠡᠯ᠎ᠠ ᠱᠠᠳᠤ ᠡᠯ᠎ᠠ ᠰᠠᠯᠠᠭ᠎ᠠ ᠮᠦᠴᠢᠷ | ᠤᠨᠴᠠᠭᠠᠶᠢᠯᠠᠨ ᠲᠤᠭᠤᠷᠢᠨ ᠪᠠᠶᠢᠴᠠᠭᠠᠬᠤ ᠪᠠᠶᠢᠭᠤᠯᠤᠮᠵᠢ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ | ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠰᠢ ᠶᠢᠨ ᠫᠢᠩ | ᠤᠨ ᠳᠣᠭᠤᠷᠢᠨ ᠪᠠᠶᠢᠴᠠᠭᠠᠬᠤ ᠠᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠣᠷᠣᠯᠴᠠᠵᠣ᠂ ᠠᠷᠪᠠ ᠶᠢᠰᠦᠳᠦᠭᠡᠷ | ᠬᠤᠭᠤᠴᠠᠭᠠᠨ ᠤ ᠲᠦᠪ ᠬᠤᠷᠢᠶ᠎ᠠ ᠶᠢᠨ ᠨᠢᠭᠡᠳᠦᠭᠡᠷ ᠡᠭᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠢ ᠲᠠᠶᠢᠴᠢᠯᠠᠨ | ᠪᠠᠶᠢᠷᠢᠯᠠᠭᠤᠯᠬᠤ ᠬᠤᠷᠠᠯ ᠤᠨ ᠵᠤᠷᠢᠭ ᠰᠠᠨᠠᠭ᠎ᠠ ᠤᠨᠴᠠᠭᠠᠶᠢᠯᠠᠨ ᠵᠤᠤ ᠯᠧ ᠵᠢᠢ ᠨᠦᠬᠦᠷ ᠤᠨ ᠶᠠᠷᠢᠶ᠎ᠠ ᠶᠢᠨ | ᠱᠠᠭᠠᠷᠳᠠᠯᠭ᠎ᠠ ᠶᠢ ᠬᠢᠨᠠᠮᠠᠭᠠᠢ ᠲᠤᠤᠱᠯᠠᠭᠤᠯᠤᠨ ᠨᠡᠶᠢᠳᠡᠪᠦᠷᠢᠵᠢᠭᠤᠯᠵᠤ᠂ ᠨᠡᠩ ᠬᠦᠴᠦᠨ ᠪᠦᠬᠦᠢ ᠨᠡᠩ ᠦᠷ᠎ᠠ | ᠪᠦᠳᠦᠮᠵᠢᠳᠡᠢ ᠠᠷᠭ᠎ᠠ ᠭᠡᠮᠵᠢᠶ᠎ᠠ ᠪᠠᠷ ᠲᠤᠭᠤᠷᠢᠨ ᠪᠠᠶᠢᠴᠠᠭᠠᠬᠤ ᠠᠵᠢᠯ ᠢ ᠪᠠᠬᠢᠵᠢᠭᠦᠯᠭᠦ ᠲᠤᠮᠳᠠ ᠬᠦᠨᠵᠡᠭᠡᠶᠢᠷᠡᠭᠦᠯᠵᠤ᠂ | ᠬᠦᠨᠵᠡᠭᠡᠶᠢᠷᠡᠭᠦᠯᠭᠦ ᠲᠤᠮᠳᠠ ᠬᠦᠭᠵᠢᠭᠦᠯᠭᠦ ᠬᠡᠷᠡᠭᠳᠡᠢ᠃ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ | ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠣᠭᠤᠶᠢᠯᠠᠩ ᠵᠢᠴᠢ ᠠᠯᠪᠠᠨ ᠬᠡᠷ ᠨᠢᠭᠡ ᠬᠤᠭᠤᠴᠠᠭᠠᠨ ᠤ ᠨᠠᠮ | ᠤᠨ ᠬᠤᠷᠢᠶ᠎ᠠ ᠶᠢᠨ ᠲᠤᠰᠢᠶᠠᠯ ᠤᠨ ᠬᠤᠭᠤᠴᠠᠭᠠᠨ ᠳᠤ ᠲᠤᠭᠤᠷᠢᠨ ᠪᠠᠶᠢᠴᠠᠭᠠᠬᠤ ᠶᠢ ᠪᠦᠷᠭᠦᠭᠦᠯᠭᠦ ᠡᠭᠦᠷᠭᠡ ᠶᠢ ᠴᠢᠨᠠᠷ | ᠰᠠᠶᠢᠳᠠᠢ ᠪᠡᠶᠡᠯᠡᠭᠦᠯᠭᠦ ᠳᠡᠭᠡᠷ᠎ᠡ ᠠᠩᠬᠠᠷᠤᠯ ᠢᠶᠠᠨ ᠲᠦᠪᠯᠡᠷᠡᠭᠦᠯᠵᠦ᠂ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ᠶᠢᠨ ᠲᠤᠭᠤᠷᠢᠨ ᠪᠠᠶᠢᠴᠠᠭᠠᠬᠤ ᠠᠵᠢᠯ ᠢ ᠦᠨᠳᠦᠷ ᠪᠠᠷᠢᠮᠵᠢᠶ᠎ᠠ ᠪᠠᠷ ᠲᠦᠯᠦᠪᠵᠢᠭᠦᠯᠦᠨ ᠦᠷᠨᠢᠭᠦᠯᠵᠤ᠂ | ᠠᠶᠢᠮᠠᠭ ᠬᠤᠳᠠ᠂ ᠬᠤᠰᠢᠭᠤ ᠰᠢᠶᠠᠨ ︵ᠬᠤᠳᠠ ᠲᠤᠭᠤᠷᠢᠭ︶ ᠤ ᠴᠠᠭᠳᠠᠨ ᠪᠠᠶᠢᠴᠠᠭᠠᠬᠤ ᠠᠵᠢᠯ ᠢ ᠰᠠᠶᠢᠳᠤᠷ | ᠰᠢᠮᠳᠠᠭᠤᠯᠤᠨ ᠪᠠᠶᠢᠴᠠᠭᠠᠵᠣ ᠵᠢᠭᠠᠨ ᠵᠢᠯᠤᠭᠤᠳᠴᠤ᠂ ᠮᠠᠨ ᠤ ᠤᠷᠤᠨ ᠤ ᠲᠤᠭᠤᠷᠢᠨ ᠪᠠᠶᠢᠴᠠᠭᠠᠬᠤ ᠠᠵᠢᠯ ᠤᠨ | ᠲᠠᠰᠤᠷᠠᠯᠳᠠ ᠦᠭᠡᠢ ᠰᠢᠨ᠎ᠠ ᠳᠡᠭᠳᠡᠷ ᠲᠤ ᠭᠠᠷᠬᠤ ᠶᠢ ᠠᠬᠢᠭᠤᠯᠬᠤ ᠬᠡᠷᠡᠭᠳᠡᠢ ᠭᠡᠵᠡᠢ᠃ | ᠬᠤᠷᠠᠯ ᠠᠴᠠ ︽ᠨᠠᠮ ᠤᠨ ᠬᠡᠰᠢᠭᠦᠨ ᠺᠠᠳ᠋ᠷ ᠤᠨ ᠰᠤᠷᠤᠯᠴᠠᠯᠭ᠎ᠠ ᠪᠠ ᠪᠠᠶᠢᠴᠠᠭᠠᠨ ᠰᠤᠳᠤᠯᠤᠯᠳᠠ ᠶᠢ | ᠴᠢᠨᠠᠬᠰᠢᠳᠠ ᠴᠢᠩᠭᠠᠳᠬᠠᠬᠤ ᠲᠤᠬᠠᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ᠶᠢᠨ ᠰᠠᠨᠠᠯ︾ ᠢ ᠬᠢᠨᠠᠨ ᠵᠦᠪᠯᠡᠵᠤ ᠪᠠᠳᠤᠯᠠᠨ᠂ ᠪᠦᠬᠦ ᠤᠷᠤᠨ ᠤ ᠦᠷᠭᠡᠨ ᠤᠯᠠᠨ ᠨᠠᠮ ᠤᠨ ᠬᠡᠰᠢᠭᠦᠨ | ᠺᠠᠳ᠋ᠷᠴᠣᠳ ᠤᠨᠴᠠᠭᠠᠶᠢᠯᠠᠨ ᠡᠯ᠎ᠠ ᠱᠠᠳᠤᠨ ᠤ ᠤᠳᠤᠷᠢᠳᠬᠤ ᠺᠠᠳ᠋ᠷᠴᠤᠳ ᠶᠡᠷᠦᠩᠬᠡᠢ ᠱᠦᠵᠢ ᠰᠢ ᠶᠢᠨ ᠫᠢᠩ ᠤᠨ ︽ | ᠪᠦᠬᠦ ᠨᠠᠮ ᠢᠶᠠᠷ ᠢᠶᠠᠨ ᠨᠢᠭᠡ ᠣᠳᠠᠭ᠎ᠠ ᠶᠡᠭᠡ ᠰᠤᠷᠤᠯᠴᠠᠯᠭ᠎ᠠ ᠬᠢᠬᠦ︾ ᠪᠠ ᠪᠠᠶᠢᠴᠠᠭᠠᠨ ᠰᠤᠳᠤᠯᠬᠤ ᠰᠤᠷᠳᠠᠯ ᠢ | ᠶᠡᠭᠡᠪᠡᠷ ᠮᠠᠨᠳᠤᠭᠤᠯᠬᠤ ᠵᠡᠷᠭᠡ ᠲᠤᠬᠠᠢ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠬᠢᠨᠠᠮᠠᠭᠠᠢ ᠲᠤᠤᠱᠯᠠᠭᠤᠯᠤᠨ | ᠨᠡᠶᠢᠳᠡᠪᠦᠷᠢᠵᠢᠭᠤᠯᠵᠤ᠂ ᠤᠬᠠᠮᠰᠠᠷ ᠠᠴᠠ ᠪᠠᠨ ᠰᠤᠷᠤᠯᠴᠠᠯᠭ᠎ᠠ ᠪᠠᠨ ᠴᠢᠩᠭᠠᠳᠬᠠᠨ᠂ ᠪᠠᠶᠢᠴᠠᠭᠠᠨ ᠰᠤᠳᠤᠯᠬᠤ | ᠦᠨᠳᠦᠰᠦᠨ ᠴᠢᠳᠠᠪᠤᠷᠢ ᠪᠠᠨ ᠰᠠᠶᠢᠳᠤᠷ ᠪᠤᠯᠪᠠᠰᠤᠷᠠᠭᠤᠯᠵᠤ᠂ ᠠᠵᠢᠯ ᠤᠨ ᠴᠢᠳᠠᠪᠤᠷᠢ ᠪᠠ ᠤᠳᠤᠷᠢᠳᠬᠤ | ᠲᠦᠪᠰᠢᠨ ᠢᠶᠠᠨ ᠲᠠᠰᠤᠷᠠᠯᠳᠠ ᠦᠭᠡᠢ ᠲᠡᠭᠡᠭᠰᠢᠯᠡᠭᠦᠯᠭᠦ ᠬᠡᠷᠡᠭᠳᠡᠢ ᠬᠡᠵᠤ ᠴᠢᠬᠤᠯᠠᠴᠢᠯᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠴᠠᠭᠠᠨ ᠰᠠᠷ᠎ᠠ ᠣᠳᠠᠯ ᠦᠭᠡᠢ ᠬᠦᠷᠴᠦ ᠢᠷᠡᠬᠦ ᠪᠣᠯᠣᠯ᠎ᠠ᠂ ᠡᠯ᠎ᠠ | ᠱᠠᠳᠤ ᠡᠯ᠎ᠠ ᠰᠠᠯᠠᠭ᠎ᠠ ᠮᠦᠴᠢᠷ ᠤᠨ ᠬᠢᠨ ᠶᠠᠳᠠᠭᠤ ᠬᠦᠴᠢᠷᠳᠡᠯᠳᠡᠢ ᠤᠯᠠᠨ ᠲᠦᠮᠡᠨ ᠤ ᠠᠮᠢᠳᠤᠷᠠᠯ ᠢ ᠬᠠᠯᠠᠮᠵᠢᠯᠠᠬᠤ᠂ | ᠲᠤᠬᠳᠠᠭᠤᠨ ᠢ ᠬᠠᠮᠠᠭᠠᠯᠠᠬᠤ ᠪᠠ ᠠᠶᠤᠯ ᠦᠭᠡᠢ ᠦᠢᠯᠡᠳᠪᠦᠷᠢᠯᠡᠯ ᠵᠡᠷᠭᠡ ᠠᠵᠢᠯ ᠢ ᠰᠡᠳᠬᠢᠯ ᠲᠠᠯᠪᠢᠨ ᠰᠠᠶᠢᠳᠤᠷ | ᠬᠢᠵᠤ᠂ ᠡᠶ᠎ᠡ ᠵᠤᠬᠢᠴᠠᠩᠭᠤᠢ ᠠᠮᠤᠷ ᠲᠤᠬᠳᠠᠭᠤᠨ ᠪᠠᠶᠠᠷ ᠤᠨ ᠡᠳᠦᠷ ᠤᠨ ᠤᠷᠴᠢᠨ ᠲᠤᠭᠤᠷᠢᠨ ᠢ ᠪᠤᠢ ᠪᠤᠯᠭᠠᠬᠤ | ᠬᠡᠷᠡᠭᠳᠡᠢ ᠭᠡᠵᠡᠢ᠃ | ᠬᠤᠷᠠᠯ ᠠᠴᠠ᠂ ᠦᠪᠡᠷᠳᠡᠭᠡᠨ ᠵᠠᠰᠠᠬᠤ ᠤᠷᠤᠨ ᠤ 2017 ᠤᠨ ᠤ ᠤᠯᠤᠰ ᠲᠦᠷᠦ ᠶᠢᠨ ᠵᠦᠪᠯᠡᠯᠭᠡᠨ ᠤ | ᠵᠦᠪᠯᠡᠭᠦ ᠲᠦᠯᠦᠪᠯᠡᠭᠡ ᠪᠠᠨ ᠵᠤᠬᠢᠶᠠᠨ ᠪᠠᠶᠢᠭᠤᠯᠵᠤ ᠬᠡᠷᠡᠭᠵᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠳᠡ ᠶᠢ | ᠰᠤᠨᠤᠰᠴᠤ᠂ 2018 ᠤᠨ ᠤ ᠤᠯᠤᠰ ᠲᠦᠷᠦ ᠶᠢᠨ ᠵᠦᠪᠯᠡᠯᠭᠡᠨ ᠤ ᠵᠦᠪᠯᠡᠭᠦ ᠲᠦᠯᠦᠪᠯᠡᠭᠡ ᠶᠢ ᠰᠤᠳᠤᠯᠪᠠ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃ |