ᠶᠠᠩ ᠸᠧᠢ ᠳ᠋ᠦᠩ ᠬᠢᠩᠭᠠᠨ ᠠᠶᠢᠮᠠᠭ ᠲᠤ ᠳᠤᠳᠤᠭᠠᠳᠦ ᠶᠢ ᠬᠠᠮᠠᠭᠠᠯᠠᠬᠤ ᠠᠵᠢᠯ ᠤᠨ ᠲᠤᠬᠠᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ ᠤᠯᠠᠨ ᠲᠦᠮᠡᠨ ᠤ ᠶᠠᠪᠤᠳᠠᠯ ᠪᠤᠯ ᠳᠠᠷᠤᠢ ᠬᠠᠮᠤᠬ ᠤᠨ ᠳᠤᠮᠤ ᠶᠠᠪᠤᠳᠠᠯ ᠪᠤᠯᠤᠨ᠎ᠠ
ᠨᠡᠶᠢᠲᠡᠯᠡᠭᠰᠡᠨ ᠴᠠᠭ᠄
2018/2/13
      2 ᠳ᠋ᠤᠭᠠᠷ ᠰᠠᠷ᠎ᠠ ᠶᠢᠨ 10᠎ ᠠᠴᠠ 12᠎ ᠤᠨ ᠡᠳᠦᠷ ᠪᠤᠯᠳᠠᠯ᠎ᠠ᠂ ᠦᠪᠡᠷᠳᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ᠂ ᠳᠤᠳᠤᠭᠠᠳᠦ ᠶᠢ ᠬᠠᠮᠠᠭᠠᠯᠠᠬᠤ ᠲᠢᠩᠭᠢᠮ ᠤᠨ ᠳᠠᠷᠤᠭ᠎ᠠ ᠶᠠᠩ ᠸᠧᠢ ᠳ᠋ᠦᠩ ᠬᠢᠩᠭᠠᠨ ᠠᠶᠢᠮᠠᠭ ᠲᠤ ᠳᠤᠳᠤᠭᠠᠳᠦ ᠶᠢ ᠬᠠᠮᠠᠭᠠᠯᠠᠬᠤ ᠠᠵᠢᠯ ᠤᠨ ᠳᠤᠬᠠᠢ ᠪᠠᠶᠢᠴᠠᠭᠠᠨ ᠰᠤᠳᠤᠯᠵᠠᠢ᠃      ᠶᠠᠩ ᠸᠧᠢ ᠳ᠋ᠦᠩ ᠤᠷᠢᠳ ᠬᠤᠵᠢᠳ ᠤᠯᠠᠭᠠᠨᠬᠤᠳᠠ ᠶᠢᠨ ᠳᠤᠳᠤᠭᠠᠳᠦ ᠶᠢ ᠬᠠᠮᠠᠭᠠᠯᠠᠬᠤ ᠲᠤᠪᠴᠢᠶ᠎ᠠ ᠶᠢᠨ ᠬᠢᠩᠭᠠᠨ ᠲᠤᠮᠢᠯᠠᠭᠰᠠᠨ ᠰᠠᠯᠪᠤᠷᠢ᠂ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠳᠤᠳᠤᠭᠠᠳᠦ ᠶᠢ ᠬᠠᠮᠠᠭᠠᠯᠠᠬᠤ ᠭᠠᠯ ᠰᠡᠷᠭᠡᠶᠢᠯᠡᠬᠦ ᠭᠠᠷ ᠤᠨᠳᠠᠷᠠᠭᠠᠬᠤ ᠳᠤᠮᠳᠠ ᠠᠩᠭᠢ᠂ ᠷᠠᠰᠢᠶᠠᠨ ᠤ ᠰᠠᠨ ᠵᠢᠶᠤᠤ ᠱᠠᠨ ᠠᠭᠤᠯᠠ ᠶᠢᠨ ᠨᠢᠭᠡ ᠰᠤᠮᠤᠨ ᠠᠩᠭᠢ ᠵᠡᠷᠭᠡ ᠪᠠᠷ ᠬᠦᠷᠴᠤ᠂ ᠨᠡᠶᠢᠭᠡᠮ ᠤᠨ ᠠᠮᠤᠷ ᠢ ᠬᠠᠮᠠᠭᠠᠯᠠᠬᠤ ᠠᠵᠢᠯ᠂ ᠰᠠᠭᠤᠷᠢ ᠪᠡᠯᠡᠳᠬᠡᠮᠵᠢ᠂ ᠡᠩᠨᠡᠭᠡᠨ ᠤ ᠪᠠᠶᠢᠭᠤᠯᠤᠯᠳᠠ ᠵᠡᠷᠭᠡ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠵᠠᠢ᠃ ᠲᠡᠷᠡ᠂ ᠠᠷᠠᠳ ᠲᠦᠮᠡᠨ ᠢᠶᠠᠷ ᠭᠤᠤᠯ ᠪᠤᠯᠭᠠᠬᠤ ᠣᠨᠣᠯᠵᠢᠬᠤᠨ ᠢ ᠪᠠᠳᠤ ᠪᠠᠬᠢ ᠪᠤᠢ ᠪᠤᠯᠭᠠᠬᠤ ᠬᠡᠷᠡᠭᠲᠠᠢ᠂ ᠤᠯᠠᠨ ᠲᠦᠮᠡᠨ ᠤ ᠶᠠᠪᠤᠳᠠᠯ ᠪᠤᠯ ᠳᠠᠷᠤᠢ ᠬᠠᠮᠤᠬ ᠤᠨ ᠲᠤᠮᠤ ᠶᠠᠪᠤᠳᠠᠯ ᠪᠤᠯᠤᠨ᠎ᠠ᠂ ︽ᠤᠶᠤᠨᠳᠤ ᠳᠤᠳᠤᠭᠠᠳᠦ ᠶᠢ ᠬᠠᠮᠠᠭᠠᠯᠠᠬᠤ ᠠᠵᠢᠯ︾᠎ ᠤᠨ ᠪᠠᠶᠢᠭᠤᠯᠤᠯᠳᠠ ᠶᠢ ᠠᠬᠢᠭᠤᠯᠵᠤ᠂ ᠶᠠᠪᠤᠴᠠ ᠶᠢ ᠳᠦᠭᠦᠮᠴᠢᠯᠡᠵᠤ᠂ ᠴᠠᠭ ᠬᠢᠵᠠᠭᠠᠷ ᠢ ᠪᠤᠭᠤᠨᠢᠰᠬᠠᠵᠤ᠂ ᠲᠤᠭ᠎ᠠ ᠪᠠᠷᠢᠮᠳᠠ ᠶᠢ ᠢᠯᠡᠭᠦᠬᠡᠨ ᠠᠰᠢᠭᠯᠠᠵᠤ ᠪᠠᠶᠢᠭᠠᠳ ᠤᠯᠠᠨ ᠲᠦᠮᠡᠨ ᠳᠤ ᠳᠦᠭᠦᠮ ᠦᠵᠡᠭᠦᠯᠵᠤ᠂ ᠠᠷᠠᠳ ᠲᠦᠮᠡᠨ ᠳᠤ ᠦᠢᠯᠡᠴᠢᠯᠡᠬᠦ ᠴᠢᠳᠠᠪᠤᠷᠢ ᠪᠠ ᠲᠦᠪᠰᠢᠨ ᠢᠶᠠᠨ ᠳᠡᠭᠡᠭᠰᠢᠯᠡᠬᠦᠯᠬᠦ ᠬᠡᠷᠡᠭᠲᠠᠢ ᠭᠡᠵᠤ ᠴᠢᠬᠤᠯᠠᠴᠢᠯᠠᠵᠠᠢ᠃        ᠪᠠᠶᠢᠴᠠᠭᠠᠨ ᠰᠤᠳᠤᠯᠬᠤ ᠬᠤᠭᠤᠴᠠᠭᠠᠨ ᠳᠤ᠂ ᠶᠠᠩ ᠸᠧᠢ ᠳ᠋ᠦᠩ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠲᠤᠬᠠᠢ ᠴᠢᠬᠤᠯᠠᠴᠢᠯᠠᠨ ᠪᠠᠶᠢᠷᠢᠯᠠᠭᠤᠯᠵᠤ᠂ ᠤᠯᠤᠰ ᠲᠦᠷᠦ ᠶᠢᠨ ᠵᠤᠭᠰᠤᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠤ᠂ ︽ᠳᠦᠷᠪᠡᠨ ᠤᠬᠠᠮᠰᠠᠷ︾᠎ ᠢᠶᠠᠨ ᠦᠨᠡᠨᠬᠦ ᠴᠢᠩᠭᠠᠳᠬᠠᠵᠤ᠂ ᠲᠤᠰᠬᠠᠢ ᠲᠡᠮᠡᠴᠡᠯ ᠤᠨ ᠠᠵᠢᠯᠯᠠᠭ᠎ᠠ ᠶᠢ ᠭᠦᠨᠵᠡᠭᠡᠢ ᠬᠦᠭᠵᠢᠭᠦᠯᠵᠤ᠂ ᠡᠨᠡᠬᠦ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠳᠠ ᠶᠢ ᠵᠠᠪᠠᠯ ᠤᠯᠬᠤ ᠬᠡᠷᠡᠭᠲᠡᠢ ᠭᠡᠵᠤ ᠱᠠᠭᠠᠷᠳᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号