2 ᠳ᠋ᠤᠭᠠᠷ ᠰᠠᠷ᠎ᠠ ᠶᠢᠨ 9 ᠤ ᠡᠳᠦᠷ᠂ 2018 ᠤᠨ ᠤ ᠪᠦᠬᠦ ᠤᠷᠤᠨ ᠤ ᠡᠷᠡᠭᠦᠯ ᠬᠠᠮᠠᠭᠠᠯᠠᠯ | ᠲᠦᠯᠦᠪᠯᠡᠭᠡᠲᠦ ᠦᠷᠡᠵᠢᠯ ᠵᠢᠴᠢ ᠮᠤᠩᠭᠤᠯ ᠬᠢᠲᠠᠳ ᠡᠮ ᠡᠮᠨᠡᠯᠭᠡ ᠶᠢᠨ ᠠᠵᠢᠯ ᠤᠨ ᠬᠤᠷᠠᠯ ᠬᠦᠬᠡᠬᠤᠲᠠ ᠳᠤ | ᠬᠤᠷᠠᠯᠳᠤᠵᠤ᠂ ᠬᠤᠷᠠᠯ ᠠᠴᠠ 2018 ᠤᠨ ᠳᠤ ᠪᠦᠬᠦ ᠤᠷᠤᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ | ᠤᠨ ᠠᠵᠢᠯ ᠭᠤᠤᠯᠳᠠᠭᠤ ᠠᠷᠠᠳ ᠲᠤ ᠠᠰᠢᠭ ᠬᠦᠷᠲᠡᠭᠡᠬᠦ 6 ᠪᠤᠳᠠᠳᠤ ᠠᠵᠢᠯ ᠢ ᠰᠠᠶᠢᠲᠤᠷ ᠬᠢᠨ᠎ᠡ ᠭᠡᠵᠦ | ᠳᠤᠷᠠᠳᠤᠭᠰᠠᠨ ᠪᠠᠶᠢᠨ᠎ᠠ᠃ | ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ᠂ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ | ᠵᠦᠪᠯᠡᠯ ᠤᠨ ᠡᠷᠬᠢᠯᠡᠭᠴᠢ ᠡᠸᠦ ᠶᠠᠩ ᠰᠢᠶᠤᠤ ᠬᠤᠢ ᠬᠤᠷᠠᠯ ᠳᠤ ᠤᠷᠤᠯᠴᠠᠵᠤ ᠶᠠᠷᠢᠶ᠎ᠠ ᠲᠠᠯᠪᠢᠪᠠ᠃ | ᠡᠸᠦ ᠶᠠᠩ ᠰᠢᠶᠤᠤ ᠬᠤᠢ ᠴᠢᠬᠤᠯᠠᠴᠢᠯᠠᠭᠰᠠᠨ ᠨᠢ᠂ ᠡᠨᠡ ᠵᠢᠯ ᠳᠤ ᠪᠦᠬᠦ ᠤᠷᠤᠨ ᠤ ᠡᠷᠡᠭᠦᠯ ᠬᠠᠮᠠᠭᠠᠯᠠᠯ | ᠲᠦᠯᠦᠪᠯᠡᠭᠡᠲᠦ ᠦᠷᠡᠵᠢᠯ ᠤᠨ ᠠᠵᠢᠯ ᠡᠷᠡᠭᠦᠯ ᠡᠩᠬᠡ ᠦᠪᠦᠷ ᠮᠤᠩᠭᠤᠯ ᠢ ᠪᠦᠳᠦᠭᠡᠨ ᠪᠠᠶᠢᠭᠤᠯᠬᠤ ᠭᠤᠤᠯ ᠱᠤᠭᠤᠮ | ᠤᠨ ᠲᠤᠭᠤᠷᠢᠨ ᠳᠤ᠂ ᠡᠮ ᠡᠮᠨᠡᠯᠭᠡ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠡᠷᠡᠭᠦᠯ ᠮᠡᠨᠳᠦ ᠪᠠᠷ ᠶᠠᠳᠠᠭᠤ ᠶᠢ | ᠲᠡᠳᠬᠦᠬᠦ᠂ ᠡᠪᠡᠳᠴᠢᠨ ᠡᠮᠬᠡᠭ ᠢ ᠰᠡᠷᠭᠡᠶᠢᠯᠡᠨ ᠡᠵᠡᠮᠳᠡᠬᠦ᠂ ᠮᠤᠩᠭᠤᠯ ᠬᠢᠲᠠᠳ ᠡᠮ ᠡᠮᠨᠡᠯᠭᠡ ᠪᠤᠯᠤᠨ ᠦᠷᠡᠵᠢᠯ ᠤᠨ | ᠦᠢᠯᠡᠴᠢᠯᠡᠭᠡ ᠵᠡᠷᠭᠡ ᠲᠠᠪᠤᠨ ᠭᠤᠤᠯᠳᠠᠯᠭ᠎ᠠ ᠶᠢ ᠪᠦᠬᠦ ᠬᠦᠴᠦ ᠪᠠᠷ ᠠᠬᠢᠭᠤᠯᠵᠤ᠂ ᠠᠷᠠᠳ ᠲᠤ ᠠᠰᠢᠭ ᠬᠦᠷᠲᠡᠭᠡᠬᠦ 6 | ᠵᠦᠢᠯ ᠤᠨ ᠪᠤᠳᠠᠳᠦ ᠠᠵᠢᠯ ᠢ ᠨᠠᠶᠢᠳᠠᠪᠤᠷᠢᠵᠢᠭᠤᠯᠬᠤ ᠬᠡᠷᠡᠭᠲᠡᠢ᠃ ᠨᠢᠭᠡ ᠳᠤ᠂ ᠤᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠨᠦᠭᠦᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠤᠨ᠂ ᠬᠦᠮᠦᠨ ᠳᠤᠮᠳᠠᠴᠢ ᠪᠠᠷ 55 | ᠲᠦᠭᠦᠷᠢᠭ ᠲᠤ ᠬᠦᠷᠭᠡᠨ᠎ᠡ᠃ ᠬᠤᠶᠠᠷ ᠲᠤ᠂ ᠶᠠᠳᠠᠭᠤ ᠬᠦᠴᠢᠷᠳᠡᠯᠲᠡᠢ ᠬᠦᠮᠦᠨ ᠠᠮᠠ ᠳᠤ ᠰᠦᠢᠳᠬᠡᠯ ᠬᠤᠷᠢᠶᠠᠬᠤ | ᠦᠭᠡᠢ ᠪᠠᠷ ᠪᠡᠶ᠎ᠠ ᠶᠢᠨ ᠡᠷᠡᠭᠦᠯ ᠮᠡᠨᠳᠤ ᠶᠢᠨ ᠪᠠᠶᠢᠴᠠᠭᠠᠯᠲᠠ ᠬᠢᠵᠦ ᠦᠭᠬᠦ ᠶᠢ ᠦᠷᠭᠦᠯᠵᠢᠯᠡᠨ ᠬᠡᠷᠡᠭᠵᠢᠬᠦᠯᠦᠨ᠎ᠡ᠃ | ᠭᠤᠷᠪᠠ ᠳᠤ᠂ ᠳᠠᠩᠰᠠᠯᠠᠵᠤ ᠺᠠᠷᠳ᠋ᠯᠠᠭᠰᠠᠨ ᠶᠠᠳᠠᠭᠤ ᠬᠦᠴᠢᠷᠳᠡᠯᠲᠡᠢ ᠬᠦᠮᠦᠨ ᠠᠮᠠ ᠪᠦᠷᠢ ᠳᠤ ᠨᠢᠭᠡ ᠬᠤᠪᠢ ᠡᠷᠡᠭᠦᠯ | ᠮᠡᠨᠳᠤ ᠶᠢᠨ ᠺᠠᠷᠲ ᠲᠠᠢ᠂ ᠡᠮᠴᠢᠯᠡᠭᠡᠨ ᠤ ᠶᠡᠷᠦᠩᠬᠡᠢ ᠰᠦᠢᠳᠬᠡᠯ ᠳᠠᠬᠢ ᠬᠤᠪᠢ ᠬᠦᠮᠦᠨ ᠤ ᠵᠠᠷᠤᠯᠭ᠎ᠠ ᠶᠢᠨ ᠬᠠᠷᠢᠴᠠᠯ | ᠢ 10% ᠠᠴᠠ ᠳᠠᠪᠠᠭᠤᠯᠬᠤ ᠦᠭᠡᠢ᠂ ᠬᠤᠪᠢ ᠬᠦᠮᠦᠨ ᠤ ᠵᠠᠷᠤᠯᠭ᠎ᠠ ᠶᠢᠨ ᠶᠡᠷᠦᠩᠬᠡᠢ ᠬᠡᠮᠵᠢᠶ᠎ᠡ ᠶᠢ 5000 | ᠲᠦᠭᠦᠷᠢᠭ ᠠᠴᠠ ᠳᠠᠪᠠᠭᠤᠯᠬᠤ ᠦᠭᠡᠢ ᠪᠠᠶᠢᠵᠤ᠂ ᠠᠪᠤᠷᠠᠨ ᠡᠮᠨᠡᠭᠦ ᠬᠦᠨᠳᠦ ᠡᠪᠡᠳᠴᠢᠨ ᠤ ᠲᠦᠷᠦᠯ ᠢ 14 ᠪᠤᠯᠭᠠᠨ | ᠦᠷᠭᠡᠳᠬᠡᠨ᠎ᠡ᠃ ᠳᠦᠷᠪᠡ ᠳᠤ᠂ ᠶᠠᠳᠠᠭᠤ ᠬᠦᠴᠢᠷᠳᠡᠯᠲᠡᠢ ᠪᠤᠯᠤᠨ ᠬᠢᠯᠢ ᠬᠢᠵᠠᠭᠠᠷ ᠤᠨ ᠬᠤᠰᠢᠭᠤ ᠰᠢᠶᠠᠨ | ᠬᠤᠲᠠ ᠳᠤ ᠠᠯᠤᠰ ᠡᠵᠡᠮᠰᠢᠯ ᠤᠨ ᠡᠮ ᠡᠮᠨᠡᠯᠭᠡ ᠶᠢ ᠪᠦᠷᠬᠦᠭᠦᠯᠦᠨ᠎ᠡ᠃ ᠲᠠᠪᠤ ᠳᠤ᠂ ᠠᠯᠪᠠᠨ ᠠᠴᠠ ᠪᠠᠶᠢᠭᠤᠯᠤᠭᠰᠠᠨ | ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠪᠦᠬᠦᠨ ᠳᠤ ᠪᠤᠯᠵᠤᠨ ᠤᠨᠤᠰᠢᠯᠠᠨ ᠡᠮᠨᠡᠬᠦ ᠦᠢᠯᠡᠴᠢᠯᠡᠭᠡ | ᠬᠠᠩᠭᠠᠨ᠎ᠠ᠃ ᠵᠢᠷᠭᠤᠭ᠎ᠠ ᠳᠤ᠂ ᠡᠬᠡ ᠨᠢᠯᠬᠠᠰ ᠤᠨ ᠲᠤᠨᠤᠭ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠵᠦ᠂ ᠲᠤᠨᠤᠭ ᠲᠦᠭᠦᠭᠡᠷᠦᠮᠵᠢ ᠶᠢ ᠲᠤᠬᠢᠷᠠᠭᠤᠯᠤᠭᠰᠠᠨ ᠨᠤᠷᠮ᠎ᠠ ᠶᠢ 80 ᠠᠴᠠ ᠳᠡᠭᠡᠭᠰᠢ ᠪᠠᠶᠢᠯᠭᠠᠨ᠎ᠠ | ᠭᠡᠵᠡᠢ᠃ |