ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠮᠠᠨ ᠤ ᠣᠷᠣᠨ ᠤ 2018 ᠣᠨ ᠤ ᠨᠡᠶᠢᠭᠡᠮ ᠤᠨ ᠦᠢᠯᠡᠴᠢᠯᠡᠭᠡ ᠶᠢᠨ ᠪᠠᠲᠤᠯᠠᠨ ᠳᠠᠭᠠᠭᠠᠬᠤ ᠢᠨᠵᠧᠨᠧᠷᠢᠩ ᠤᠨ ᠵᠡᠮᠳᠡᠭᠴᠦᠳ ᠤᠨ ᠦᠢᠯᠡᠴᠢᠯᠡᠭᠡ ᠶᠢᠨ ᠰᠢᠰᠲ᠋ᠧᠮᠵᠢ ᠶᠢᠨ ᠲᠥᠷᠥᠯ ᠵᠦᠢᠯ ᠳᠤ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠠᠴᠠ 6544 ᠲᠦᠮᠡᠨ ᠲᠥᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2018/2/22
       ᠤᠯᠤᠰ ᠤᠨ ︽︿13·5﹀᠎ ᠶᠢᠨ ᠨᠡᠶᠢᠭᠡᠮ ᠤᠨ ᠦᠢᠯᠡᠴᠢᠯᠡᠭᠡ ᠶᠢᠨ ᠪᠠᠲᠤᠯᠠᠨ ᠳᠠᠭᠠᠭᠠᠬᠤ ᠢᠨᠵᠧᠨᠧᠷᠢᠩ ᠢ ᠬᠡᠷᠡᠭᠵᠢᠭᠦᠯᠬᠦ ᠲᠥᠰᠦᠯ︾᠎ ᠢ ᠨᠠᠶᠢᠳᠠᠪᠤᠷᠢᠵᠢᠭᠤᠯᠵᠤ ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠠᠪᠤᠳᠠᠯ ᠢ ᠠᠬᠢᠭᠤᠯᠬᠤ ᠶᠢᠨ ᠲᠤᠰᠠᠳᠠ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠬᠥᠭᠵᠢᠭᠦᠯᠦᠯᠲᠡ ᠥᠭᠡᠷᠡᠴᠢᠯᠡᠯᠲᠡ ᠶᠢᠨ ᠪᠡᠯᠡ ᠣᠷᠣᠭᠤᠯᠤᠯᠲᠠ ᠶᠢᠨ ﹇2018﹈ 35 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠢᠶᠠᠷ ᠮᠠᠨ ᠤ ᠣᠷᠣᠨ ᠤ 2018 ᠣᠨ ᠤ ᠨᠡᠶᠢᠭᠡᠮ ᠤᠨ ᠦᠢᠯᠡᠴᠢᠯᠡᠭᠡ ᠶᠢᠨ ᠪᠠᠲᠤᠯᠠᠨ ᠳᠠᠭᠠᠭᠠᠬᠤ ᠢᠨᠵᠧᠨᠧᠷᠢᠩ ᠤᠨ ᠵᠡᠮᠳᠡᠭᠴᠦᠳ ᠤᠨ ᠦᠢᠯᠡᠴᠢᠯᠡᠭᠡ ᠶᠢᠨ ᠰᠢᠰᠲ᠋ᠧᠮᠵᠢ ᠶᠢᠨ ᠲᠥᠷᠥᠯ ᠵᠦᠢᠯ ᠳᠤ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠠᠴᠠ 6544 ᠲᠦᠮᠡᠨ ᠲᠥᠭᠦᠷᠢᠭ ᠪᠠᠭᠤᠯᠭᠠᠵᠤ᠂ ᠮᠠᠨ ᠤ ᠣᠷᠣᠨ ᠤ 9 ᠵᠡᠮᠳᠡᠭᠴᠦᠳ ᠤᠨ ᠦᠢᠯᠡᠴᠢᠯᠡᠭᠡ ᠶᠢᠨ ᠰᠢᠰᠲ᠋ᠧᠮᠵᠢ ᠶᠢᠨ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠳᠡᠮᠵᠢᠬᠦ ᠳᠤ ᠬᠡᠷᠡᠭᠯᠡᠭᠦᠯᠬᠦ ᠪᠠᠷ ᠪᠣᠯᠪᠠ᠂ ᠡᠭᠦᠨ ᠳᠤ ᠵᠡᠮᠳᠡᠭᠴᠦᠳ ᠤᠨ ᠡᠷᠡᠭᠦᠯᠵᠢᠯ ᠤᠨ ᠲᠥᠪ ᠤᠨ ᠪᠦᠳᠦᠭᠡᠨ ᠪᠠᠶᠢᠭᠤᠯᠤᠯᠲᠠ ᠶᠢᠨ ᠲᠥᠷᠥᠯ ᠵᠦᠢᠯ 5᠎ ᠂ ᠵᠡᠮᠳᠡᠭᠴᠦᠳ ᠤᠨ ᠨᠠᠶᠢᠳᠠᠵᠤ ᠠᠰᠠᠷᠠᠭᠤᠯᠬᠤ ᠲᠥᠪ ᠤᠨ ᠪᠦᠳᠦᠭᠡᠨ ᠪᠠᠶᠢᠭᠤᠯᠤᠯᠲᠠ ᠶᠢᠨ ᠲᠥᠷᠥᠯ ᠵᠦᠢᠯ 4 ᠪᠣᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号