ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠠᠯᠪᠠᠨ ᠭᠡᠷ ᠠᠴᠠ ᠣᠶᠢᠯᠠᠭᠠᠭᠰᠠᠨ ᠢᠶᠠᠷ᠂ | 2017 ᠣᠨ ᠳᠤ᠂ ᠮᠠᠨ ᠤ ᠣᠷᠣᠨ ᠡᠯ᠎ᠡ ᠲᠦᠷᠦᠯ ᠤᠨ ᠪᠡᠯᠡ ᠮᠥᠩᠭᠦ 33 ᠳ᠋ᠦᠩᠰᠢᠭᠤᠷ ᠲᠥᠭᠦᠷᠢᠭ | ᠲᠣᠬᠢᠷᠠᠭᠤᠯᠤᠨ᠂ ᠲᠥᠪᠬᠢᠨᠡᠭᠦᠯᠬᠦ ᠴᠢᠭ᠋ 641 ᠶᠢ ᠲᠥᠪᠯᠡᠷᠡᠭᠦᠯᠦᠨ ᠪᠠᠶᠢᠭᠤᠯᠵᠤ᠂ ᠳᠠᠩᠰᠠ ᠡᠪᠬᠡᠮᠡᠯ ᠪᠠᠶᠢᠭᠤᠯᠤᠨ | ᠺᠠᠷᠲ ᠠᠪᠤᠭᠰᠠᠨ 5 ᠲᠦᠮᠡᠨ ᠶᠠᠳᠠᠭᠤ ᠬᠦᠴᠢᠷᠳᠡᠯᠲᠡᠢ ᠬᠥᠮᠦᠨ ᠠᠮᠠ ᠶᠢ ᠣᠨᠳᠣᠣ ᠭᠠᠵᠠᠷ ᠨᠡᠭᠦᠯᠭᠡᠵᠦ ᠶᠠᠳᠠᠭᠤ ᠶᠢ | ᠲᠡᠳᠬᠦᠪᠡ᠃ | ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠢᠨᠵᠧᠨᠧᠷᠢᠩ ᠢ ᠬᠡᠷᠡᠭᠵᠢᠭᠦᠯᠬᠦ ᠶᠠᠪᠤᠴᠠ ᠳᠤ᠂ ᠮᠠᠨ ᠤ | ᠣᠷᠣᠨ ︽ᠬᠠᠮᠢᠭ᠎ᠠ ᠠᠵᠤ ᠦᠢᠯᠡᠰ ᠪᠠᠶᠢᠪᠠᠯ ᠲᠡᠰᠢ ᠨᠡᠭᠦᠯᠭᠡᠬᠦ᠂ ᠬᠠᠮᠢᠭ᠎ᠠ ᠠᠵᠢᠯ ᠣᠯᠭᠤᠯᠲᠠ ᠪᠠᠶᠢᠪᠠᠯ ᠲᠡᠰᠢ | ᠨᠡᠭᠦᠯᠭᠡᠬᠦ︾ ᠵᠠᠷᠴᠢᠮ ᠢᠶᠠᠷ᠂ ᠰᠡᠯᠭᠦᠬᠦ ᠬᠥᠭᠵᠢᠯᠲᠡ ᠶᠢ ᠰᠢᠶᠳᠪᠦᠷᠢᠯᠡᠬᠦ ᠶᠢ ᠴᠢᠬᠤᠯᠠ ᠠᠴᠠ ᠴᠢᠬᠤᠯᠠ ᠵᠦᠢᠯ | ᠪᠣᠯᠭᠠᠬᠤ ᠶᠢ ᠪᠠᠷᠢᠮᠲᠠᠯᠠᠪᠠ᠃ ︽ᠠᠵᠤ ᠦᠢᠯᠡᠰ ᠢᠶᠠᠷ ᠨᠡᠭᠦᠯᠲᠡ ᠶᠢ ᠲᠣᠭᠲᠠᠭᠠᠬᠤ︾ ᠰᠡᠳᠬᠢᠴᠡ ᠪᠠᠷ᠂ ᠬᠤᠲᠠ ︵ | ᠪᠠᠯᠭᠠᠰᠤ︶ ᠲᠣᠭᠤᠷᠢᠭ᠂ ᠠᠵᠤ ᠦᠢᠯᠡᠳᠪᠦᠷᠢ ᠶᠢᠨ ᠣᠷᠣᠨ ᠲᠣᠭᠤᠷᠢᠭ᠂ ᠪᠡᠯᠡᠳᠬᠡᠮᠵᠢᠲᠦ ᠲᠠᠷᠢᠶᠠᠯᠠᠩ ᠮᠠᠯ ᠠᠵᠤ | ᠠᠬᠤᠶ ᠶᠢᠨ ᠬᠦᠷᠢᠶᠡᠯᠡᠩ ᠲᠣᠭᠤᠷᠢᠭ ᠪᠣᠯᠤᠨ ᠵᠢᠭᠤᠯᠴᠢᠯᠠᠯ ᠤᠨ ᠬᠦᠷᠢᠶᠡᠯᠡᠩ ᠲᠣᠭᠤᠷᠢᠭ ᠤᠨ ᠣᠷᠣᠨ ᠪᠦᠰᠡ ᠲᠠᠢ | ᠣᠶᠢᠷᠠᠯᠴᠠᠭ᠎ᠠ ᠲᠥᠪᠬᠢᠨᠡᠭᠦᠯᠬᠦ ᠴᠢᠭ᠋ ᠪᠠᠶᠢᠭᠤᠯᠪᠠ᠃ ᠡᠭᠦᠨ ᠤ ᠬᠠᠮᠲᠤ᠂ ᠰᠢᠯᠵᠢᠭᠦᠯᠦᠨ ᠨᠡᠭᠦᠯᠭᠡᠵᠦ ᠣᠷᠣᠯᠭ᠎ᠠ ᠶᠢ | ᠨᠡᠮᠡᠭᠳᠡᠭᠦᠯᠬᠦ ᠲᠥᠷᠥᠯ ᠵᠦᠢᠯ ᠤᠨ ᠪᠡᠯᠡ ᠮᠥᠩᠭᠦ ᠶᠢ ᠡᠮᠬᠢᠯᠡᠨ ᠨᠡᠶᠢᠯᠡᠭᠦᠯᠬᠦ ᠲᠣᠭᠤᠷᠢᠨ ᠳᠤ᠂ ᠨᠡᠶᠢᠲᠡ ᠶᠢᠨ | ᠠᠰᠠᠷᠠᠮᠵᠢ ᠶᠢᠨ ᠠᠵᠢᠯ ᠤᠨ ᠪᠠᠶᠢᠷᠢ ᠬᠠᠩᠭᠠᠬᠤ ᠂ ᠠᠵᠢᠯ ᠲᠠᠨᠢᠯᠴᠠᠭᠤᠯᠵᠤ ᠥᠭᠬᠦ᠂ ︽ᠲᠣᠪᠶᠤᠭ ᠮᠠᠶ᠋ᠢᠭ︾ ᠤᠨ | ᠶᠠᠳᠠᠭᠤ ᠶᠢ ᠲᠡᠳᠬᠦᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠢᠯᠵᠢᠨ ᠨᠡᠭᠦᠭᠰᠡᠳ ᠤᠨ ᠠᠵᠤ ᠦᠢᠯᠡᠰ ᠤᠨ | ᠬᠡᠯᠬᠢᠶ᠎ᠡ ᠳᠡᠭᠡᠷ᠎ᠡ ᠦᠷᠭᠦᠯᠵᠢᠯᠡᠨ ᠯᠠᠪᠳᠠᠭᠤᠨ ᠢᠶᠠᠷ ᠣᠷᠣᠯᠭ᠎ᠠ ᠶᠢ ᠨᠢ ᠨᠡᠮᠡᠭᠳᠡᠭᠦᠯᠪᠡ᠃ ᠰᠢᠯᠵᠢᠭᠦᠯᠦᠨ | ᠨᠡᠭᠦᠯᠭᠡᠭᠰᠡᠨ ᠤ ᠳᠠᠷᠠᠭ᠎ᠠ᠂ ᠰᠢᠯᠵᠢᠨ ᠨᠡᠭᠦᠭᠰᠡᠳ ᠤᠨ ᠤᠤᠯ ᠤᠨ ᠳᠠᠭᠠᠭᠠᠴᠢᠯᠠᠵᠤ ᠪᠠᠶᠢᠭᠰᠠᠨ ᠲᠠᠷᠢᠶᠠᠨ ᠭᠠᠵᠠᠷ᠂ | ᠪᠡᠯᠴᠢᠭᠡᠷ ᠬᠠᠳᠤᠯᠠᠩ᠂ ᠣᠶᠢᠲᠤ ᠭᠠᠵᠠᠷ ᠤᠨ ᠡᠵᠡᠩᠨᠡᠬᠦ ᠡᠷᠬᠡ ᠠᠰᠢᠭ ᠬᠦᠷᠲᠡᠬᠦ ᠡᠷᠬᠡ᠂ ᠦᠷ᠎ᠡ ᠬᠡᠦᠬᠡᠳ ᠨᠢ | ᠬᠤᠲᠠ ᠣᠷᠣᠵᠤ ᠰᠤᠷᠭᠠᠭᠤᠯᠢ ᠳᠤ ᠰᠠᠭᠤᠬᠤ ᠳᠤ ︽ᠬᠤᠶᠠᠷ ᠢ ᠬᠡᠯᠲᠦᠷᠢᠭᠦᠯᠵᠦ ᠨᠢᠭᠡ ᠶᠢ ᠨᠥᠬᠦᠪᠥᠷᠢᠯᠡᠬᠦ︾᠂ | ᠦᠨᠳᠦᠰᠦᠨ ᠡᠮ ᠡᠮᠨᠡᠯᠭᠡ ᠶᠢᠨ ᠳᠠᠭᠠᠳᠬᠠᠯ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠵᠡᠷᠭᠡ ᠲᠥᠷᠥ ᠶᠢᠨ | ᠪᠤᠳᠤᠯᠭ᠎ᠠ ᠨᠤᠭᠤᠳ ᠢ ᠬᠤᠪᠢᠷᠠᠭᠤᠯᠤᠯ ᠦᠭᠡᠢ ᠪᠠᠷ᠂ ᠦᠷ᠎ᠡ ᠬᠡᠦᠬᠡᠳ ᠨᠢ ᠰᠤᠷᠭᠠᠭᠤᠯᠢ ᠳᠤ ᠣᠷᠣᠬᠤ ᠪᠠ ᠠᠵᠢᠯ | ᠣᠯᠬᠤ ᠳᠤ ᠬᠤᠲᠠ ᠪᠠᠯᠭᠠᠰᠤᠨ ᠤ ᠰᠠᠭᠤᠭᠠᠯᠢ ᠠᠷᠠᠳ ᠲᠠᠢ ᠠᠳᠠᠯᠢᠬᠠᠨ ᠬᠠᠷᠠᠭᠠᠯᠵᠠᠯ ᠬᠦᠷᠲᠡᠭᠡᠪᠡ᠃ ᠡᠨᠡ ᠬᠦ | ᠠᠷᠭ᠎ᠠ ᠬᠡᠮᠵᠢᠶ᠎ᠡ ᠨᠢ ᠰᠢᠯᠵᠢᠨ ᠨᠡᠭᠦᠭᠰᠡᠳ ᠤᠨ ᠬᠤᠵᠢᠮ ᠤᠨ ᠵᠣᠪᠠᠯᠠᠩ ᠢ ᠨᠢ ᠬᠠᠮᠤᠭ ᠤᠨ ᠶᠡᠭᠡ ᠬᠡᠮᠵᠢᠶ᠎ᠡ ᠪᠠᠷ | ᠰᠢᠢᠳᠪᠦᠷᠢᠯᠡᠵᠦ᠂ ︽ᠶᠠᠳᠠᠭᠤ ᠭᠠᠵᠠᠷ ᠠᠴᠠ ᠰᠢᠯᠵᠢᠭᠦᠯᠬᠦ︾ ᠬᠢᠭᠡᠳ ︽ᠶᠠᠳᠠᠭᠤ ᠠᠵᠢᠯ ᠦᠢᠯᠡᠰ ᠢ ᠨᠢ | ᠬᠤᠪᠢᠷᠠᠭᠤᠯᠬᠤ︾ ᠶᠢ ᠵᠡᠷᠭᠡ ᠪᠠᠷ ᠠᠳᠬᠤᠬᠤ᠂ ᠲᠠᠭᠠᠲᠠᠶᠢᠬᠠᠨ ᠠᠮᠢᠳᠤᠷᠠᠭᠤᠯᠬᠤ ᠬᠢᠭᠡᠳ ᠪᠠᠶᠠᠷ ᠬᠦᠷ ᠲᠠᠢ | ᠬᠥᠳᠡᠯᠮᠦᠷᠢᠯᠡᠭᠦᠯᠬᠦ ᠶᠢ ᠵᠡᠷᠭᠡ ᠪᠠᠷ ᠴᠢᠬᠤᠯᠠᠴᠢᠯᠠᠬᠤ᠂ ᠰᠢᠯᠵᠢᠭᠦᠯᠦᠨ ᠨᠡᠭᠦᠯᠭᠡᠬᠦ ᠬᠢᠭᠡᠳ ᠶᠠᠳᠠᠭᠤ ᠠᠴᠠ | ᠠᠩᠭᠢᠵᠢᠷᠠᠭᠤᠯᠬᠤ ᠶᠢ ᠵᠡᠷᠭᠡ ᠪᠠᠷ ᠶᠠᠪᠤᠭᠳᠠᠭᠤᠯᠬᠤ ᠶᠢ ᠪᠡᠶᠡᠯᠡᠭᠦᠯᠪᠡ᠃ | ᠰᠢᠯᠵᠢᠭᠦᠯᠦᠨ ᠨᠡᠭᠦᠯᠭᠡᠭᠳᠡᠭᠰᠡᠳ ᠤᠨ ᠲᠥᠪᠬᠢᠨᠡᠭᠦᠯᠬᠦ ᠴᠢᠬᠤᠯᠠᠲᠠᠢ ᠶᠢ ᠨᠢ ᠪᠦᠷ ᠲᠥᠪᠬᠢᠨᠡᠭᠦᠯᠵᠦ᠂ ᠨᠡᠭᠦᠯᠭᠡᠬᠦ | ᠴᠢᠬᠤᠯᠠᠲᠠᠢ ᠶᠢ ᠨᠢ ᠪᠦᠷ ᠨᠡᠭᠦᠯᠭᠡᠬᠦ ᠶᠢ ᠪᠠᠲᠤᠯᠠᠬᠤ ᠶᠢᠨ ᠲᠤᠰᠠᠳᠠ᠂ ᠮᠠᠨ ᠤ ᠣᠷᠣᠨ ᠲᠡᠳᠬᠦᠬᠦᠯᠦᠭᠰᠡᠳ ᠤᠨ | ᠬᠥᠳᠡᠯᠦᠩᠭᠦᠶ ᠪᠠᠶᠢᠳᠠᠯ ᠲᠠᠢ ᠤᠶᠠᠯᠳᠤᠭᠤᠯᠤᠨ ᠠᠵᠢᠯ ᠢᠶᠠᠨ ᠲᠣᠬᠢᠷᠠᠭᠤᠯᠵᠦ᠂ ᠤᠳᠤ ᠪᠠᠶᠢᠭ᠎ᠠ ᠳᠠᠩᠰᠠ ᠡᠪᠬᠡᠮᠡᠯ | ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠦᠬᠦ ᠲᠠᠯ᠎ᠠ ᠪᠠᠷ | ᠪᠠᠶᠢᠴᠠᠭᠠᠨ ᠣᠶᠢᠯᠠᠭᠠᠵᠤ᠂ ᠨᠡᠭᠦᠯᠭᠡᠬᠦ ᠬᠡᠪᠴᠢᠶ᠎ᠡ ᠶᠢ ᠲᠣᠭᠲᠠᠭᠠᠪᠠ᠃ ᠲᠥᠷᠥᠯ ᠵᠦᠢᠯ ᠢ ᠬᠡᠷᠡᠭᠵᠢᠭᠦᠯᠵᠦ ᠪᠠᠶᠢᠭ᠎ᠠ | ᠪᠣᠢ ᠪᠦᠬᠦᠢ ᠬᠤᠰᠢᠭᠤ ᠰᠢᠶᠠᠨ ᠳᠤ ᠴᠥᠮ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠡᠷᠦᠬᠡ ᠪᠣᠯᠣᠨ | ᠵᠡᠷᠭᠡ ᠳᠤᠨᠢ ᠨᠡᠭᠦᠯᠭᠡᠬᠦ ᠡᠷᠦᠬᠡ ᠶᠢᠨ ᠣᠨ ᠤ ᠡᠯᠧᠺᠲᠷᠣᠨ ᠮᠡᠳᠡᠭᠡ ᠵᠠᠩᠭᠢ ᠶᠢᠨ ᠲᠠᠩᠰᠠ ᠡᠪᠬᠡᠮᠡᠯ ᠢ ᠪᠠᠶᠢᠭᠤᠯᠵᠤ᠂ | ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠳ ᠤᠨ ᠰᠢᠰᠲ᠋ᠧᠮ ᠳᠤ ᠨᠡᠭᠦᠯᠭᠡᠬᠦ ᠬᠦᠮᠦᠰ ᠢ ᠲᠦᠢᠯ ᠤᠨ | ᠣᠨᠤᠪᠴᠢᠲᠠᠢ ᠪᠠᠷ ᠵᠡᠭᠦᠯᠳᠡ ᠬᠠᠳᠠᠵᠦ᠂ ᠰᠢᠯᠵᠢᠭᠦᠯᠦᠨ ᠨᠡᠭᠦᠯᠭᠡᠬᠦ ᠨᠦᠭᠦᠴᠡᠯ ᠳᠤ ᠨᠡᠶᠢᠴᠡᠬᠦ ᠪᠦᠭᠡᠳ ᠰᠢᠯᠵᠢᠨ | ᠨᠡᠭᠦᠬᠦ ᠬᠦᠰᠡᠯ ᠡᠷᠡᠮᠡᠯᠵᠡᠯ ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠶᠢ ᠨᠢᠭᠡ ᠡᠷᠦᠬᠡ ᠨᠢᠭᠡ ᠬᠦᠮᠦᠨ ᠢ ᠴᠦ | ᠣᠷᠬᠢᠭᠳᠠᠯ ᠦᠭᠡᠢ ᠨᠡᠭᠦᠯᠭᠡᠬᠦ ᠶᠢ ᠪᠡᠶᠡᠯᠡᠭᠦᠯᠪᠡ᠃ | ᠣᠶᠢᠯᠠᠭᠠᠭᠰᠠᠨ ᠢᠶᠠᠷ᠂ ︽13 · 5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠮᠠᠨ ᠤ ᠣᠷᠣᠨ | 146 ᠳ᠋ᠦᠩᠰᠢᠭᠤᠷ ᠲᠥᠭᠦᠷᠢᠭ ᠵᠠᠷᠤᠴᠠᠭᠤᠯᠵᠤ ᠪᠠᠶᠢᠭᠠᠳ 30 ᠲᠦᠮᠡᠨ ᠬᠥᠮᠦᠨ ᠢ ᠨᠡᠭᠦᠯᠭᠡᠬᠦ ᠡᠭᠦᠷᠭᠡ ᠶᠢ | ᠪᠡᠶᠡᠯᠡᠭᠦᠯᠬᠦ ᠪᠠᠷ ᠲᠥᠯᠥᠪᠯᠡᠵᠦ ᠪᠣᠢ᠃ ᠡᠭᠦᠨ ᠳᠤ᠂ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ 20 | ᠲᠦᠮᠡᠨ ᠶᠠᠳᠠᠭᠤ ᠬᠦᠴᠢᠷᠳᠡᠯᠲᠡᠢ ᠬᠥᠮᠦᠨ ᠠᠮᠠ ᠪᠠ ᠵᠡᠷᠭᠡ ᠳᠤᠨᠢ ᠨᠡᠭᠦᠯᠭᠡᠬᠦ 10 ᠲᠦᠮᠡᠨ ᠬᠥᠮᠦᠨ ᠠᠮᠠ ᠪᠠᠶᠢᠨ᠎ᠠ᠃ | |