ᠴᠠᠭᠠᠨ ᠰᠠᠷ᠎ᠠ ᠶᠢᠨ ᠤᠷᠲᠤ ᠠᠮᠠᠷᠠᠯᠲᠠ ᠶᠢᠨ ᠬᠤᠭᠤᠴᠠᠭᠠᠨ ᠳᠤ᠂ ᠪᠦᠬᠦ ᠣᠷᠣᠨ ᠤ ᠰᠦᠢᠳᠬᠡᠯ ᠬᠤᠷᠢᠶᠠᠬᠤ | ᠵᠠᠰᠠᠮᠠᠯ ᠵᠠᠮ 372 ᠲᠦᠮᠡᠨ ᠵᠢᠵᠢᠭ ᠰᠠᠭᠤᠳᠠᠯ ᠤᠨ ᠮᠠᠰᠢᠨ ᠢ ᠰᠦᠢᠳᠬᠡᠯ ᠬᠤᠷᠢᠶᠠᠬᠤ ᠦᠭᠡᠢ ᠪᠠᠷ ᠨᠡᠪᠲᠡᠷᠡᠭᠦᠯᠵᠦ᠂ | 8886 ᠲᠦᠮᠡᠨ ᠲᠥᠭᠦᠷᠢᠭ ᠤᠨ ᠨᠡᠪᠲᠡᠷᠡᠭᠦᠯᠭᠡ ᠶᠢᠨ ᠰᠦᠢᠳᠬᠡᠯ ᠢ ᠬᠡᠯᠲᠦᠷᠢᠭᠦᠯᠪᠡ᠃ ᠡᠭᠦᠨ ᠳᠤ᠂ ᠲᠦᠷᠭᠡᠨ ᠤ | ᠵᠠᠰᠠᠮᠠᠯ ᠵᠠᠮ 227 ᠲᠦᠮᠡᠨ ᠵᠢᠵᠢᠭ ᠰᠠᠭᠤᠳᠠᠯ ᠤᠨ ᠮᠠᠰᠢᠨ ᠢ ᠰᠦᠢᠳᠬᠡᠯ ᠬᠤᠷᠢᠶᠠᠬᠤ ᠦᠭᠡᠢ ᠪᠠᠷ ᠨᠡᠪᠲᠡᠷᠡᠭᠦᠯᠵᠦ᠂ | 6944 ᠲᠦᠮᠡᠨ ᠲᠥᠭᠦᠷᠢᠭ ᠤᠨ ᠨᠡᠪᠲᠡᠷᠡᠭᠦᠯᠭᠡ ᠶᠢᠨ ᠰᠦᠢᠳᠬᠡᠯ ᠢ ᠬᠡᠯᠲᠦᠷᠢᠭᠦᠯᠪᠡ︔ ᠡᠩ ᠤᠨ ᠵᠠᠰᠠᠮᠠᠯ ᠵᠠᠮ | 145 ᠲᠦᠮᠡᠨ ᠵᠢᠵᠢᠭ ᠰᠠᠭᠤᠳᠠᠯ ᠤᠨ ᠮᠠᠰᠢᠨ ᠢ ᠰᠦᠢᠳᠬᠡᠯ ᠬᠤᠷᠢᠶᠠᠬᠤ ᠦᠭᠡᠢ ᠪᠠᠷ ᠨᠡᠪᠲᠡᠷᠡᠭᠦᠯᠵᠦ᠂ 1942 | ᠲᠦᠮᠡᠨ ᠲᠥᠭᠦᠷᠢᠭ ᠤᠨ ᠨᠡᠪᠲᠡᠷᠡᠭᠦᠯᠭᠡ ᠶᠢᠨ ᠰᠦᠢᠳᠬᠡᠯ ᠢ ᠬᠡᠯᠲᠦᠷᠢᠭᠦᠯᠪᠡ᠃ | ᠥᠪᠥᠷ ᠮᠣᠩᠭᠤᠯ ᠤᠨ ᠲᠦᠷᠭᠡᠨ ᠤ ᠵᠠᠮ ᠤᠨ ᠺᠤᠮᠫᠠᠨᠢ ᠶᠢᠨ ᠪᠦᠷᠢᠳᠬᠡᠭᠰᠡᠨ ᠲᠤᠭ᠎ᠠ ᠪᠠᠷᠢᠮᠲᠠ ᠠᠴᠠ | ᠦᠵᠡᠪᠡᠯ᠄ ᠴᠠᠭᠠᠨ ᠰᠠᠷ᠎ᠠ ᠶᠢᠨ ᠤᠷᠲᠤ ᠠᠮᠠᠷᠠᠯᠲᠠ ᠶᠢᠨ ᠬᠤᠭᠤᠴᠠᠭᠠᠨ ᠳᠤ᠂ ᠥᠪᠥᠷ ᠮᠣᠩᠭᠤᠯ ᠤᠨ ᠲᠦᠷᠭᠡᠨ ᠤ | ᠵᠠᠮ ᠤᠨ ᠺᠤᠮᠫᠠᠨᠢ ᠶᠢᠨ ᠬᠠᠷᠢᠶᠠᠯᠠᠯ ᠳᠠᠬᠢ ᠪᠡᠭᠡᠵᠢᠩ — ᠲᠥᠪᠡᠳ᠂ ᠪᠡᠭᠡᠵᠢᠩ — ᠰᠢᠨᠵᠢᠶᠠᠩ᠂ ᠡᠷᠢᠶᠡᠨ ᠬᠤᠲᠠ— | ᠭᠤᠸ᠋ᠩᠵᠸᠦ᠂ ᠪᠤᠭᠤᠲᠤ — ᠮᠤᠤ ᠮᠢᠩ ᠵᠡᠷᠭᠡ ᠲᠦᠷᠭᠡᠨ ᠤ ᠵᠠᠮ ᠤᠨ ᠥᠪᠥᠷ ᠮᠣᠩᠭᠤᠯ ᠤᠨ ᠬᠡᠰᠡᠭ ᠲᠤ 142 | ᠲᠦᠮᠡᠨ ᠵᠢᠵᠢᠭ ᠰᠠᠭᠤᠳᠠᠯ ᠤᠨ ᠮᠠᠰᠢᠨ ᠢ ᠰᠦᠢᠳᠬᠡᠯ ᠬᠤᠷᠢᠶᠠᠬᠤ ᠦᠭᠡᠢ ᠪᠠᠷ ᠨᠡᠪᠲᠡᠷᠡᠭᠦᠯᠵᠦ᠂ ᠳᠡᠭᠡᠷ᠎ᠡ ᠵᠢᠯ ᠤᠨ | ᠠᠳᠠᠯᠢ ᠬᠤᠭᠤᠴᠠᠭᠠᠨ ᠤ ᠬᠢ ︵19 ᠲᠦᠮᠨ︶ ᠠᠴᠠ ᠪᠠᠷᠤᠭ 15% ᠨᠡᠮᠡᠭᠳᠡᠪᠡ᠃ ᠠᠳᠠᠯᠢ ᠬᠤᠭᠤᠴᠠᠭᠠᠨ ᠳᠤ᠂ | ᠥᠪᠥᠷ ᠮᠣᠩᠭᠤᠯ ᠤᠨ ᠲᠦᠷᠭᠡᠨ ᠤ ᠵᠠᠮ ᠤᠨ ᠺᠤᠮᠫᠠᠨᠢ ᠶᠢᠨ ᠬᠠᠮᠢᠶᠠᠷᠤᠯᠲᠠ ᠶᠢᠨ ᠬᠠᠷᠢᠶᠠᠯᠠᠯ ᠳᠠᠬᠢ ᠲᠦᠷᠭᠡᠨ ᠤ | ᠵᠠᠮ ᠢᠶᠠᠷ ᠵᠢᠵᠢᠭ ᠰᠠᠭᠤᠳᠠᠯ ᠤᠨ ᠮᠠᠰᠢᠨ ᠤ ᠨᠡᠪᠲᠡᠷᠡᠭᠰᠡᠨ ᠬᠡᠮᠵᠢᠶ᠎ᠡ ᠡᠳᠦᠷ ᠪᠦᠷᠢ ᠳᠤᠮᠳᠠᠴᠢ ᠪᠠᠷ 20.3 ᠲᠦᠮᠨ | ᠭᠠᠷᠤᠢ ᠳᠤ ᠬᠦᠷᠴᠦ᠂ ᠰᠦᠢᠳᠬᠡᠯ ᠬᠤᠷᠢᠶᠠᠬᠤ ᠦᠭᠡᠢ ᠪᠠᠷ ᠨᠡᠪᠲᠡᠷᠡᠬᠦ ᠬᠤᠭᠤᠴᠠᠭᠠᠨ ᠳᠤ ᠬᠠᠮᠢᠶᠠᠷᠤᠯᠲᠠ ᠶᠢᠨ | ᠬᠠᠷᠢᠶᠠᠯᠠᠯ ᠳᠠᠬᠢ ᠲᠦᠷᠭᠡᠨ ᠤ ᠵᠠᠮ ᠤᠨ ᠨᠡᠪᠲᠡᠷᠡᠭᠦᠯᠭᠡ ᠶᠢᠨ ᠪᠠᠶᠢᠳᠠᠯ ᠦᠨᠳᠦᠰᠦᠨ ᠳᠡᠭᠡᠨ ᠡᠮᠬᠢ ᠵᠢᠷᠤᠮ ᠲᠠᠢ | ᠪᠠᠶᠢᠪᠠ᠃ ᠡᠭᠦᠨ ᠳᠤ᠂ 18 ᠤ ᠡᠳᠦᠷ ︵ ᠴᠠᠭᠠᠨ ᠰᠠᠷ᠎ᠠ ᠶᠢᠨ ᠰᠢᠨ᠎ᠡ ᠶᠢᠨ ᠭᠤᠷᠪᠠᠨ︶᠂ 19 ᠤ ᠡᠳᠦᠷ ︵ | ᠴᠠᠭᠠᠨ ᠰᠠᠷ᠎ᠠ ᠶᠢᠨ ᠰᠢᠨ᠎ᠡ ᠶᠢᠨ ᠳᠦᠷᠪᠡᠨ︶᠂ 21 ᠤ ᠡᠳᠦᠷ ︵ᠴᠠᠭᠠᠨ ᠰᠠᠷ᠎ᠠ ᠶᠢᠨ ᠰᠢᠨ᠎ᠡ ᠶᠢᠨ ᠵᠢᠷᠭᠤᠭᠠᠨ︶ | ᠳᠤ ᠵᠢᠵᠢᠭ ᠰᠠᠭᠤᠳᠠᠯ ᠤᠨ ᠮᠠᠰᠢᠨ ᠤ ᠨᠡᠪᠲᠡᠷᠡᠬᠦ ᠤᠷᠭᠢᠯ ᠦᠶ᠎ᠡ ᠪᠣᠯᠵᠤ᠂ ᠲᠤᠰ ᠲᠤᠰ 25.9 ᠲᠦᠮᠨ᠂ 23 | ᠲᠦᠮᠨ᠂ 30 ᠲᠦᠮᠨ ᠨᠡᠪᠲᠡᠷᠡᠪᠡ᠃ 7 ᠡᠳᠦᠷ ᠤᠨ ᠤᠷᠲᠤ ᠠᠮᠠᠷᠠᠯᠲᠠ ᠶᠢᠨ ᠬᠤᠭᠤᠴᠠᠭᠠᠨ ᠳᠤ ᠲᠡᠷᠭᠡ | ᠬᠥᠰᠢᠭᠡ ᠶᠢᠨ ᠠᠶᠠᠯᠠᠯ ᠤᠨ ᠪᠠᠶᠢᠳᠠᠯ ᠡᠬᠢᠨ ᠳᠡᠭᠡᠨ ᠴᠥᠬᠡᠨ᠂ ᠰᠡᠭᠦᠯ ᠳᠡᠭᠡᠨ ᠤᠯᠠᠰᠢᠷᠠᠵᠤ᠂ ᠠᠮᠠᠷᠠᠯᠲᠠ ᠶᠢᠨ | ᠡᠳᠦᠷ ᠤᠨ ᠬᠠᠮᠤᠭ ᠰᠡᠭᠦᠯᠴᠢ ᠶᠢᠨ ᠡᠳᠦᠷ ᠵᠢᠵᠢᠭ ᠰᠠᠭᠤᠳᠠᠯ ᠤᠨ ᠮᠠᠰᠢᠨ ᠬᠠᠮᠤᠭ ᠤᠯᠠᠨ ᠪᠣᠯᠪᠠ᠃ |