︵2018 ᠣᠨ ᠤ 2 ᠳ᠋ᠤᠭᠠᠷ ᠰᠠᠷ᠎ᠠ ᠶᠢᠨ 13 ᠤ ᠡᠳᠦᠷ︶ | ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠡᠷᠡᠭᠵᠢᠬᠦᠯᠬᠦ ᠪᠤᠯ | ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠨᠠᠮ ᠪᠤᠯᠤᠨ ᠤᠯᠤᠰ ᠤᠨ ᠠᠵᠢᠯ | ᠦᠢᠯᠡᠰ ᠤᠨ ᠪᠦᠬᠦ ᠲᠠᠯ᠎ᠠ ᠠᠴᠠ ᠭᠠᠷᠳᠠᠵᠦ᠂ ᠤᠳᠤᠬᠢᠴᠢᠯᠠᠯᠳᠠ ᠶᠢᠨ ᠪᠦᠳᠦᠭᠡᠨ ᠪᠠᠶᠢᠭᠤᠯᠤᠯᠳᠠ ᠶᠢᠨ ᠵᠢᠮ᠎ᠠ ᠶᠤᠰᠤ | ᠪᠠ ᠬᠤᠳᠠ ᠬᠦᠳᠡᠭᠡ ᠶᠢᠨ ᠬᠠᠷᠢᠴᠠᠭ᠎ᠠ ᠶᠢᠨ ᠬᠤᠪᠢᠷᠠᠯᠳᠠ ᠶᠢᠨ ᠤᠨᠴᠠᠯᠢᠭ ᠢ ᠬᠦᠨᠵᠡᠭᠡᠢ ᠡᠵᠡᠮᠳᠡᠵᠦ᠂ ︽ᠬᠤᠤᠰ | ᠵᠠᠭᠤᠨ ᠵᠢᠯ︾ ᠤᠨ ᠲᠡᠮᠡᠴᠡᠬᠦ ᠬᠠᠷᠠᠯᠳᠠ ᠶᠢ ᠪᠡᠶᠡᠯᠡᠬᠦᠯᠬᠦ᠂ ᠲᠦᠭ ᠲᠦᠮᠡᠨ ᠲᠠᠷᠢᠶᠠᠴᠢᠨ ᠤ ᠰᠠᠶᠢᠨ ᠰᠠᠶᠢᠬᠠᠨ | ᠠᠮᠢᠳᠤᠷᠠᠯ ᠤᠨ ᠲᠤᠬᠠᠢ ᠬᠦᠭᠡᠭᠡᠴᠡᠯᠳᠦᠯ ᠳᠤ ᠵᠤᠬᠢᠴᠠᠭᠤᠯᠤᠨ ᠲᠤᠭᠳᠠᠭᠠᠭᠰᠠᠨ ᠴᠢᠬᠤᠯᠠ ᠶᠡᠭᠡ ᠰᠢᠢᠳᠪᠤᠷᠢᠳᠦ | ᠪᠤᠳᠤᠯᠭ᠎ᠠ᠂ ᠰᠢᠨ᠎ᠠ ᠴᠠᠭ ᠦᠶ᠎ᠠ ᠶᠢᠨ ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾ ᠤ ᠠᠵᠢᠯ | ᠤᠨ ᠰᠢᠨ᠎ᠠ ᠲᠤᠭ ᠪᠠ ᠶᠡᠷᠦᠩᠭᠡᠢ ᠭᠠᠷᠳᠠᠴᠠ ᠮᠦᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ | ᠮᠠᠨ ᠤ ᠤᠷᠤᠨ ᠤ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠤ ᠬᠦᠭᠵᠢᠯᠳᠠ ᠴᠢᠬᠤᠯᠠ ᠶᠡᠭᠡ | ᠠᠮᠵᠢᠯᠳᠠ ᠤᠯᠵᠦ᠂ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ︾ ᠤ | ᠠᠵᠢᠯ ᠡᠯᠪᠡᠭ ᠲᠤᠷᠰᠢᠯᠭ᠎ᠠ ᠬᠤᠷᠠᠮᠳᠤᠭᠤᠯᠵᠦ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ | ᠪᠤᠳᠤᠯᠭ᠎ᠠ ᠶᠢ ᠭᠡᠷᠡᠭᠵᠢᠬᠦᠯᠬᠦ ᠳᠤ ᠰᠠᠶᠢᠨ ᠰᠠᠶᠢᠬᠠᠨ ᠰᠠᠭᠤᠷᠢ ᠶᠢ ᠲᠠᠯᠪᠢᠵᠠᠢ᠃ ᠡᠬᠦᠨ ᠤ ᠵᠡᠷᠭᠡᠪᠡᠷ᠂ ᠮᠠᠨ ᠤ ᠤᠷᠤᠨ | ᠤ ᠬᠦᠭᠵᠢᠯᠳᠠ ᠬᠤᠵᠢᠭᠤ ᠪᠠᠶᠢᠬᠤ ᠤᠷᠤᠨ ᠤ ᠦᠨᠳᠦᠰᠦᠨ ᠪᠠᠶᠢᠳᠠᠯ ᠬᠠᠷᠠᠬᠠᠨ ᠦᠨᠳᠦᠰᠦᠨ ᠴᠢᠨᠠᠷᠳᠠᠢ ᠬᠤᠪᠢᠷᠠᠯᠳᠠ | ᠭᠠᠷᠤᠭᠠᠳᠤᠢ᠂ ᠬᠦᠭᠵᠢᠯᠳᠠ ᠶᠢᠨ ᠲᠡᠩᠴᠡᠬᠦᠷᠢ ᠦᠭᠡᠢ ᠬᠦᠢᠴᠡᠳ ᠦᠭᠡᠢ ᠪᠠᠶᠢᠬᠤ ᠵᠠᠷᠢᠮ ᠲᠤᠪᠤᠶᠢᠮ᠎ᠠ ᠠᠰᠠᠭᠤᠳᠠᠯ ᠢ | ᠬᠠᠷᠠᠬᠠᠨ ᠰᠢᠢᠳᠪᠤᠷᠢᠯᠡᠭᠡᠳᠦᠢ᠂ ᠢᠯᠠᠩᠭᠤᠶ᠎ᠠ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ | ᠮᠠᠯᠴᠢᠨ ᠲᠠᠷᠢᠶᠠᠴᠢᠨ︾ ᠤ ᠬᠦᠷᠢᠶᠡᠨ ᠳᠤ ᠪᠠᠰᠠ ᠮᠠᠰᠢ ᠤᠯᠠᠨ ᠳᠤᠳᠠᠭᠤᠳᠠᠯ ᠪᠠᠶᠢᠵᠦ᠂ ᠮᠠᠯ ᠠᠵᠤ ᠠᠬᠤᠢ | ᠲᠠᠷᠢᠶᠠᠯᠠᠩ ᠤᠨ ᠪᠦᠳᠦᠴᠡ ᠶᠢᠨ ᠴᠢᠨᠠᠷᠳᠠᠢ ᠵᠦᠷᠢᠴᠡᠯ ᠲᠤᠪᠤᠶᠢᠮ᠎ᠠ᠂ ᠮᠠᠯᠵᠢᠬᠤ ᠲᠠᠷᠢᠶᠠᠯᠠᠬᠤ ᠤᠷᠤᠨ ᠤ ᠨᠡᠶᠢᠭᠡᠮ ᠤᠨ | ᠦᠢᠯᠡᠰ ᠤᠨ ᠬᠦᠭᠵᠢᠯᠳᠠ ᠬᠤᠴᠤᠷᠤᠩᠭᠤᠢ᠂ ᠮᠠᠯᠴᠢᠨ ᠲᠠᠷᠢᠶᠠᠴᠢᠨ ᠤ ᠤᠷᠤᠯᠭ᠎ᠠ ᠦᠨᠳᠦᠷ ᠪᠤᠰᠤ᠂ ᠶᠠᠳᠠᠭᠤ ᠠᠴᠠ | ᠠᠩᠬᠢᠵᠢᠷᠠᠭᠤᠯᠬᠤ ᠪᠤᠭᠤᠮᠳᠠ ᠰᠢᠪᠳᠤᠯᠬᠤ ᠡᠬᠦᠷᠭᠡ ᠪᠡᠷᠭᠡ ᠬᠠᠳᠠᠭᠤᠵᠢᠯᠳᠠᠢ ᠪᠠᠶᠢᠬᠤ ᠶᠢ ᠪᠢᠳᠠ ᠤᠯᠵᠦ ᠬᠠᠷᠠᠬᠤ | ᠭᠡᠷᠡᠭᠲᠡᠢ᠃ ᠡᠷᠭᠡᠪᠰᠢ ᠬᠠᠷᠢᠭᠤᠴᠠᠯᠭᠠᠳᠦ ᠰᠡᠳᠬᠢᠯᠭᠡ ᠪᠡ ᠡᠬᠦᠷᠭᠡᠳᠦ ᠪᠤᠳᠤᠯ ᠲᠤᠯᠭᠠᠮ᠎ᠠ ᠰᠡᠳᠬᠢᠯᠭᠡ ᠪᠠᠨ ᠦᠨᠡᠨᠬᠦ | ᠴᠢᠩᠭᠠᠳᠬᠠᠵᠦ᠂ ᠨᠡᠩ ᠶᠡᠭᠡ ᠰᠢᠢᠳᠮᠡᠭ ᠵᠤᠷᠢᠭ᠂ ᠨᠡᠩ ᠳᠤᠳᠤᠷᠬᠠᠢ ᠬᠠᠷᠠᠯᠳᠠ᠂ ᠨᠡᠩ ᠬᠦᠴᠦᠳᠠᠢ ᠰᠢᠢᠳᠪᠤᠷᠢᠳᠦ | ᠪᠤᠳᠤᠯᠭ᠎ᠠ ᠪᠠᠷ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠤ ᠤᠳᠤᠬᠢᠴᠢᠯᠠᠯᠳᠠ ᠶᠢ | ᠲᠦᠷᠭᠡᠳᠭᠡᠨ ᠠᠬᠢᠭᠤᠯᠬᠤ ᠭᠡᠷᠡᠭᠲᠡᠢ᠃ ︽ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ | ᠪᠤᠳᠤᠯᠭ᠎ᠠ ᠶᠢ ᠭᠡᠷᠡᠭᠵᠢᠬᠦᠯᠬᠦ ᠲᠤᠬᠠᠢ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ | ︵ᠲᠦᠪ ᠤᠨ ﹇2018﹈ 1 ᠳ᠋ᠦ᠋ᠭᠡᠷ ᠲᠤᠭᠠᠳᠦ︶ ᠤᠨ ᠵᠤᠷᠢᠭ ᠰᠠᠨᠠᠭ᠎ᠠ ᠶᠢ ᠦᠨᠳᠦᠰᠦᠯᠡᠨ᠂ ᠦᠪᠡᠷᠲᠡᠭᠡᠨ ᠵᠠᠰᠠᠬᠤ | ᠤᠷᠤᠨ ᠤ ᠪᠤᠳᠠᠳᠠᠢ ᠲᠠᠢ ᠤᠶᠠᠯᠳᠤᠭᠤᠯᠵᠦ᠂ ᠤᠳᠤ ᠲᠤᠤᠷᠠᠬᠢ ᠰᠠᠨᠠᠯ ᠢ ᠳᠤᠷᠠᠳᠤᠶ᠎ᠠ᠃ | ᠨᠢᠭᠡ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠡᠷᠡᠭᠵᠢᠬᠦᠯᠬᠦ | ᠶᠡᠷᠦᠩᠭᠡᠢ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ | ᠬᠤᠶᠠᠳᠤᠭᠠᠷ ᠪᠦᠬᠦᠳᠠ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠦ᠂ ᠰᠢ ᠶᠢᠨ ᠫᠢᠩ ᠤᠨ | ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠤᠯᠭᠠᠵᠦ᠂ ᠶᠡᠷᠦᠩᠭᠡᠢ ᠱᠦᠵᠢ ᠰᠢ ᠶᠢᠨ ᠫᠢᠩ ᠤᠨ ᠥᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ | ᠦᠶ᠎ᠠ ᠶᠢᠨ ᠴᠢᠬᠤᠯᠠ ᠶᠠᠷᠢᠶᠠᠨ ᠤ ᠵᠤᠷᠢᠭ ᠰᠨᠠᠭ᠎ᠠ ᠶᠢ ᠬᠦᠨᠵᠡᠭᠡᠢ ᠲᠤᠤᠱᠯᠠᠭᠤᠯᠵᠦ᠂ ᠨᠠᠮ ᠤᠨ ︽ᠮᠠᠯ ᠠᠵᠤ ᠠᠬᠤᠢ | ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ︾ ᠤ ᠠᠵᠢᠯ ᠳᠠᠬᠢ ᠤᠳᠤᠷᠢᠳᠤᠯᠭ᠎ᠠ ᠶᠢ | ᠴᠢᠩᠭᠠᠳᠬᠠᠵᠦ᠂ ᠲᠤᠭᠳᠠᠭᠤᠨ ᠤ ᠳᠤᠮᠳᠠ ᠤᠷᠤᠬᠰᠢᠯᠠᠨ ᠳᠠᠪᠰᠢᠬᠤ ᠠᠵᠢᠯ ᠤᠨ ᠶᠡᠷᠦᠩᠭᠡᠢ ᠬᠦᠭ ᠠᠶᠠᠰ ᠢ | ᠪᠠᠷᠢᠮᠳᠠᠯᠠᠵᠦ᠂ ᠰᠢᠨ᠎ᠠ ᠬᠦᠭᠵᠢᠯᠳᠠ ᠶᠢᠨ ᠣᠨᠣᠯᠵᠢᠬᠤᠨ ᠢ ᠪᠠᠳᠤ ᠪᠤᠢ ᠪᠤᠯᠭᠠᠵᠦ᠂ ᠴᠢᠨᠠᠷ ᠰᠠᠶᠢᠳᠠᠢ | ᠬᠦᠭᠵᠢᠯᠳᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠦ᠂ ︽ᠲᠠᠪᠤ ᠶᠢ ᠨᠢᠭᠡ ᠴᠤᠬᠴᠠᠵᠢᠭᠤᠯᠬᠤ︾ ᠶᠡᠷᠦᠩᠭᠡᠢ | ᠪᠠᠶᠢᠷᠢᠰᠢᠭᠤᠯᠤᠯᠳᠠ ᠶᠢ ᠨᠢᠭᠡᠳᠦᠯᠳᠠᠢ ᠲᠦᠯᠦᠪᠵᠢᠬᠦᠯᠦᠨ ᠠᠬᠢᠭᠤᠯᠬᠤ ᠪᠠ ︽ᠲᠦᠷᠪᠡᠨ ᠪᠦᠬᠦ ᠲᠠᠯ᠎ᠠ︾ ᠶᠢᠨ | ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠵᠤᠬᠢᠴᠠᠭᠤᠯᠤᠨ ᠠᠬᠢᠭᠤᠯᠵᠦ᠂ ︽ᠮᠠᠯ ᠠᠵᠤ ᠠᠬᠤᠢ | ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ︾ ᠤ ᠭᠤᠤᠯᠳᠠᠯᠭ᠎ᠠ ᠶᠢᠨ ᠳᠤᠮᠳᠠᠬᠢ ᠭᠤᠤᠯᠳᠠᠯᠭ᠎ᠠ | ᠪᠤᠯᠬᠤ ᠪᠠᠶᠢᠯᠳᠤᠬᠤ ᠪᠤᠳᠤᠯᠭ᠎ᠠ ᠶᠢᠨ ᠪᠠᠶᠢᠷᠢ ᠰᠠᠭᠤᠷᠢ ᠶᠢ ᠪᠠᠷᠢᠮᠳᠠᠯᠠᠵᠦ᠂ ᠮᠠᠯ ᠠᠵᠤ ᠠᠬᠤᠢ ᠲᠠᠷᠢᠶᠠᠯᠠᠩ ᠮᠠᠯᠵᠢᠬᠤ | ᠲᠠᠷᠢᠶᠠᠯᠠᠬᠤ ᠤᠷᠤᠨ ᠢ ᠤᠷᠢᠲᠠᠪᠠᠷ ᠬᠦᠭᠵᠢᠬᠦᠯᠬᠦ ᠶᠢ ᠪᠠᠷᠢᠮᠳᠠᠯᠠᠵᠦ᠂ ᠠᠵᠤ ᠦᠢᠯᠡᠰ ᠬᠦᠭᠵᠢᠭᠰᠡᠨ᠂ ᠠᠮᠢ ᠠᠬᠤᠢ | ᠤᠷᠤᠰᠢᠨ ᠰᠠᠭᠤᠷᠢᠰᠢᠬᠤ ᠳᠤ ᠲᠤᠬᠢᠷᠠᠮᠵᠢᠲᠠᠢ᠂ ᠬᠦᠳᠡᠭᠡ ᠲᠤᠰᠬᠤᠨ ᠤ ᠵᠠᠩ ᠰᠤᠷᠳᠠᠯ ᠪᠤᠯᠪᠠᠰᠤᠨ᠂ ᠵᠠᠰᠠᠯᠳᠠ | ᠪᠦᠳᠦᠮᠵᠢᠳᠠᠢ᠂ ᠠᠮᠢᠳᠤᠷᠠᠯ ᠪᠠᠶᠠᠨ ᠴᠢᠨᠡᠭᠡᠯᠢᠭ ᠪᠠᠶᠢᠬᠤ ᠶᠡᠷᠦᠩᠭᠡᠢ ᠱᠠᠭᠠᠷᠳᠠᠯᠭ᠎ᠠ ᠶᠤᠰᠤᠭᠠᠷ᠂ ᠬᠤᠳᠠ ᠬᠦᠳᠡᠭᠡ ᠶᠢ | ᠠᠭᠤᠰᠤᠯᠴᠠᠭᠤᠯᠤᠨ ᠬᠦᠭᠵᠢᠬᠦᠯᠬᠦ ᠪᠠᠶᠢᠭᠤᠯᠤᠮᠵᠢ ᠲᠤᠬᠳᠠᠴᠠ ᠪᠠ ᠲᠦᠷᠦ ᠶᠢᠨ ᠪᠤᠳᠤᠯᠭ᠎ᠠ ᠶᠢᠨ ᠰᠢᠰᠲ᠋ᠧᠮ ᠢ | ᠪᠠᠶᠢᠭᠤᠯᠤᠨ ᠪᠦᠷᠢᠨᠰᠢᠬᠦᠯᠵᠦ᠂ ᠬᠦᠳᠡᠭᠡ ᠲᠤᠰᠬᠤᠨ ᠤ ᠵᠠᠰᠠᠯᠳᠠ ᠶᠢᠨ ᠰᠢᠰᠲ᠋ᠧᠮ ᠪᠠ ᠵᠠᠰᠠᠯᠳᠠ ᠶᠢᠨ ᠴᠢᠳᠠᠪᠤᠷᠢ ᠶᠢᠨ | ᠤᠳᠤᠬᠢᠴᠢᠯᠠᠯᠳᠠ ᠶᠢ ᠲᠦᠷᠭᠡᠳᠭᠡᠨ ᠠᠬᠢᠭᠤᠯᠵᠦ᠂ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠤ | ᠤᠳᠤᠬᠢᠴᠢᠯᠠᠯᠳᠠ ᠶᠢ ᠲᠦᠷᠭᠡᠳᠭᠡᠨ ᠠᠬᠢᠭᠤᠯᠵᠦ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ | ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠵᠠᠮ ᠢᠶᠠᠷ ᠵᠠᠮᠨᠠᠵᠦ᠂ ᠮᠠᠯ ᠠᠵᠤ ᠠᠬᠤᠢ ᠲᠠᠷᠢᠶᠠᠯᠠᠩ ᠢ ᠪᠦᠬᠦ | ᠲᠠᠯ᠎ᠠ ᠪᠠᠷ ᠲᠡᠰ ᠲᠡᠪᠰᠢᠬᠦᠯᠬᠦ᠂ ᠮᠠᠯᠵᠢᠬᠤ ᠲᠠᠷᠢᠶᠠᠯᠠᠬᠤ ᠤᠷᠤᠨ ᠢ ᠪᠦᠬᠦ ᠲᠠᠯ᠎ᠠ ᠪᠠᠷ ᠲᠠᠪᠰᠢᠭᠤᠯᠬᠤ᠂ ᠮᠠᠯᠴᠢᠨ | ᠲᠠᠷᠢᠶᠠᠴᠢᠨ ᠢ ᠪᠦᠬᠦ ᠲᠠᠯ᠎ᠠ ᠪᠠᠷ ᠬᠦᠭᠵᠢᠬᠦᠯᠬᠦ ᠶᠢ ᠠᠬᠢᠭᠤᠯᠵᠦ᠂ ᠦᠵᠡᠰᠬᠦᠯᠡᠩᠳᠦ ᠰᠠᠶᠢᠬᠠᠨ ᠬᠦᠳᠡᠭᠡ ᠲᠤᠰᠬᠤᠨ ᠢ | ᠦᠵᠡᠰᠬᠦᠯᠡᠩᠳᠦ ᠰᠠᠶᠢᠬᠠᠨ ᠥᠪᠤᠷ ᠮᠤᠩᠭᠤᠯ ᠤᠨ ᠢᠯᠠ ᠳᠤᠳᠤ ᠤᠨᠴᠠᠯᠢᠭ ᠪᠤᠯᠭᠠᠨ᠎ᠠ᠃ | ︵ᠬᠤᠶᠠᠷ︶ ᠬᠠᠷᠠᠯᠳᠠ ᠡᠬᠦᠷᠭᠡ | 2020 ᠣᠨ ᠪᠤᠯᠬᠤ ᠳᠤ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠲᠠᠯ᠎ᠠ ᠪᠠᠷ ᠴᠢᠬᠤᠯᠠ | ᠠᠬᠢᠯᠳᠠ ᠲᠠᠢ ᠪᠤᠯᠵᠦ᠂ ᠬᠤᠳᠠ ᠬᠦᠳᠡᠭᠡ ᠶᠢ ᠠᠭᠤᠰᠤᠯᠴᠠᠭᠤᠯᠤᠨ ᠬᠦᠭᠵᠢᠬᠦᠯᠬᠦ ᠪᠠᠶᠢᠭᠤᠯᠤᠮᠵᠢ ᠲᠤᠭᠳᠠᠴᠠ ᠪᠠ | ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠠᠩᠬ᠎ᠠ ᠠᠯᠬᠤᠮ ᠪᠠᠶᠢᠭᠤᠯᠤᠨ᠎ᠠ᠃ ᠮᠠᠯᠵᠢᠬᠤ ᠲᠠᠷᠢᠶᠠᠯᠠᠬᠤ ᠤᠷᠤᠨ ᠤ | ᠠᠵᠤ ᠦᠢᠯᠡᠰ ᠨᠡᠩ ᠢᠯᠡᠬᠦᠦ ᠬᠦᠭᠵᠢᠨ ᠪᠠᠳᠠᠷᠠᠵᠦ᠂ ᠮᠠᠯ ᠠᠵᠤ ᠠᠬᠤᠢ ᠲᠠᠷᠢᠶᠠᠯᠠᠩ ᠤᠨ ᠬᠠᠩᠭᠠᠯᠭ᠎ᠠ ᠶᠢᠨ | ᠰᠢᠰᠲ᠋ᠧᠮ ᠤᠨ ᠶᠠᠰᠤ ᠴᠢᠨᠠᠷ ᠢ ᠢᠯᠡᠳᠳᠡ ᠳᠡᠭᠡᠭᠰᠢᠯᠡᠬᠦᠯᠦᠨ᠎ᠠ︔ ᠮᠠᠯᠵᠢᠬᠤ ᠲᠠᠷᠢᠶᠠᠯᠠᠬᠤ ᠤᠷᠤᠨ ᠤ ᠠᠮᠢ | ᠠᠬᠤᠢ ᠶᠢᠨ ᠤᠷᠴᠢᠨ ᠲᠤᠭᠤᠷᠢᠨ ᠢ ᠮᠡᠳᠡᠭᠳᠡᠮ᠎ᠠ ᠰᠠᠶᠢᠵᠢᠷᠠᠭᠤᠯᠵᠦ᠂ ᠤᠷᠤᠰᠢᠨ ᠰᠠᠭᠤᠬᠤ ᠤᠷᠴᠢᠨ ᠲᠤᠭᠤᠷᠢᠨ ᠤ | ᠲᠤᠪᠤᠶᠢᠮ᠎ᠠ ᠠᠰᠠᠭᠤᠳᠠᠯ ᠢ ᠪᠦᠳᠦᠮᠵᠢᠳᠠᠢ ᠵᠠᠰᠠᠨ᠎ᠠ︔ ᠮᠠᠯᠴᠢᠨ ᠲᠠᠷᠢᠶᠠᠴᠢᠨ ᠤ ᠰᠤᠶᠤᠯ ᠤᠨ ᠠᠮᠢᠳᠤᠷᠠᠯ ᠢ | ᠳᠠᠰᠤᠷᠠᠯᠳᠠ ᠦᠭᠡᠢ ᠡᠯᠪᠡᠭᠵᠢᠬᠦᠯᠵᠦ᠂ ᠬᠦᠳᠡᠭᠡ ᠲᠤᠰᠬᠤᠨ ᠤ ᠵᠠᠩ ᠰᠤᠷᠲᠠᠯ ᠪᠤᠯᠪᠠᠰᠤᠨ ᠤ ᠭᠡᠮᠵᠢᠶ᠎ᠠ ᠶᠢ | ᠴᠢᠨᠠᠬᠰᠢᠳᠠ ᠳᠡᠭᠡᠭᠰᠢᠯᠡᠬᠦᠯᠦᠨ᠎ᠠ︔ ᠮᠠᠯᠵᠢᠬᠤ ᠲᠠᠷᠢᠶᠠᠯᠠᠬᠤ ᠤᠷᠤᠨ ᠤ ᠦᠨᠳᠦᠰᠦᠨ ᠱᠠᠳᠤᠨ ᠤ ᠵᠤᠬᠢᠶᠠᠨ | ᠪᠠᠶᠢᠭᠤᠯᠤᠯᠳᠠ ᠶᠢᠨ ᠴᠤᠬᠴᠠᠯᠠᠯᠳᠠ ᠶᠢ ᠴᠢᠨᠠᠬᠰᠢᠳᠠ ᠴᠢᠩᠭᠠᠳᠬᠠᠵᠦ᠂ ᠬᠦᠳᠡᠭᠡ ᠲᠤᠰᠬᠤᠨ ᠤ ᠵᠠᠰᠠᠯᠳᠠ ᠶᠢᠨ | ᠰᠢᠰᠲ᠋ᠧᠮ ᠢ ᠴᠢᠨᠠᠬᠰᠢᠳᠠ ᠳᠡᠬᠦᠯᠳᠡᠷᠵᠢᠬᠦᠯᠦᠨ᠎ᠠ︔ ᠮᠠᠯᠴᠢᠨ ᠲᠠᠷᠢᠶᠠᠴᠢᠨ ᠤ ᠤᠷᠤᠯᠭ᠎ᠠ ᠶᠢ ᠲᠤᠭᠳᠠᠭᠤᠨ ᠢᠶᠠᠷ | ᠨᠡᠮᠡᠭᠳᠡᠬᠦᠯᠵᠦ᠂ ᠤᠳᠤᠬᠢ ᠪᠠᠷᠢᠮᠵᠢᠶ᠎ᠠ ᠲᠤᠤᠷ᠎ᠠ ᠮᠠᠯᠵᠢᠬᠤ ᠲᠠᠷᠢᠶᠠᠯᠠᠬᠤ ᠤᠷᠤᠨ ᠤ ᠶᠠᠳᠠᠭᠤ ᠬᠦᠴᠢᠷᠳᠡᠯᠳᠠᠢ ᠬᠦᠮᠦᠨ | ᠠᠮᠠ ᠶᠢ ᠪᠦᠬᠦᠨ ᠢ ᠶᠠᠳᠠᠭᠤ ᠠᠴᠠ ᠠᠩᠬᠢᠵᠢᠷᠠᠭᠤᠯᠵᠦ᠂ ᠶᠠᠳᠠᠭᠤ ᠬᠦᠴᠢᠷᠳᠡᠯᠳᠠᠢ ᠰᠢᠶᠠᠨ ᠢ ᠪᠦᠬᠦᠨ ᠢ | ᠶᠠᠳᠠᠭᠤ ᠠᠴᠠ ᠠᠩᠬᠢᠵᠢᠷᠠᠭᠤᠯᠵᠦ᠂ ᠦᠷᠭᠡᠨ ᠤᠯᠠᠨ ᠮᠠᠯᠴᠢᠨ ᠲᠠᠷᠢᠶᠠᠴᠢᠨ ᠢ ᠪᠦᠬᠦ ᠤᠷᠤᠨ ᠤ ᠠᠷᠠᠳ ᠲᠦᠮᠡᠨ ᠲᠠᠢ | ᠵᠡᠷᠭᠡᠪᠡᠷ ᠪᠦᠬᠦ ᠲᠠᠯ᠎ᠠ ᠪᠠᠷ ᠴᠢᠨᠡᠭᠡᠯᠢᠭᠵᠢᠭᠰᠡᠨ ᠨᠡᠶᠢᠭᠡᠮ ᠳᠤ ᠤᠷᠤᠭᠤᠯᠤᠨ᠎ᠠ᠃ | 2035 ᠣᠨ ᠪᠤᠯᠬᠤ ᠳᠤ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠲᠠᠯ᠎ᠠ ᠪᠠᠷ | ᠰᠢᠢᠳᠪᠤᠷᠢᠳᠦ ᠴᠢᠨᠠᠷᠳᠠᠢ ᠠᠬᠢᠯᠳᠠ ᠲᠠᠢ ᠪᠤᠯᠭᠠᠵᠤ᠂ ᠬᠤᠳᠠ ᠬᠦᠳᠡᠭᠡ ᠶᠢ ᠠᠭᠤᠰᠤᠯᠴᠠᠭᠤᠯᠤᠨ ᠬᠦᠭᠵᠢᠬᠦᠯᠬᠦ | ᠪᠠᠶᠢᠭᠤᠯᠤᠮᠵᠢ ᠲᠤᠭᠳᠠᠴᠠ ᠪᠠ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠨᠡᠩ ᠪᠦᠷᠢᠨᠰᠢᠬᠦᠯᠵᠦ᠂ ᠮᠠᠯ ᠠᠵᠤ | ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠤ ᠤᠳᠤᠬᠢᠴᠢᠯᠠᠯᠳᠠ ᠶᠢ ᠦᠨᠳᠦᠰᠦᠨ ᠳᠡᠭᠡᠨ ᠪᠡᠶᠡᠯᠡᠬᠦᠯᠦᠨ᠎ᠠ᠃ | ᠮᠠᠯ ᠠᠵᠤ ᠠᠬᠤᠢ ᠲᠠᠷᠢᠶᠠᠯᠠᠩ ᠤᠨ ᠪᠦᠳᠦᠴᠡ ᠳᠤ ᠦᠨᠳᠦᠰᠦᠨ ᠴᠢᠨᠠᠷᠳᠠᠢ ᠰᠠᠶᠢᠵᠢᠷᠠᠯᠳᠠ ᠭᠠᠷᠭᠠᠵᠦ᠂ ᠮᠠᠯ ᠠᠵᠤ | ᠠᠬᠤᠢ ᠲᠠᠷᠢᠶᠠᠯᠠᠩ ᠤᠨ ᠪᠦᠬᠦ ᠡᠯᠧᠮᠧᠨ᠋ᠲ ᠤᠨ ᠦᠢᠯᠡᠳᠪᠤᠷᠢᠯᠡᠯ ᠤᠨ ᠨᠤᠷᠮ᠎ᠠ ᠶᠢ ᠮᠡᠳᠡᠭᠳᠡᠮ᠎ᠠ ᠳᠡᠭᠡᠭᠰᠢᠯᠡᠬᠦᠯᠵᠦ᠂ | ᠬᠦᠳᠡᠭᠡ ᠲᠤᠰᠬᠤᠨ ᠤ ᠵᠠᠩ ᠰᠤᠷᠲᠠᠯ ᠪᠤᠯᠪᠠᠰᠤᠨ ᠤ ᠭᠡᠮᠵᠢᠶ᠎ᠠ ᠶᠢ ᠮᠡᠳᠡᠭᠳᠡᠮ᠎ᠠ ᠳᠡᠭᠡᠭᠰᠢᠯᠡᠬᠦᠯᠵᠦ᠂ ᠬᠦᠳᠡᠭᠡ | ᠲᠤᠰᠬᠤᠨ ᠤ ᠵᠠᠰᠠᠯᠳᠠ ᠶᠢᠨ ᠰᠢᠰᠲ᠋ᠧᠮ ᠢ ᠨᠡᠩ ᠳᠡᠬᠦᠯᠳᠡᠷᠵᠢᠬᠦᠯᠵᠦ᠂ ᠤᠷᠤᠰᠢᠨ ᠰᠠᠭᠤᠬᠤ ᠳᠤ ᠲᠤᠬᠢᠷᠠᠮᠵᠢᠲᠠᠢ | ᠦᠵᠡᠰᠬᠦᠯᠡᠩᠳᠦ ᠰᠠᠶᠢᠬᠠᠨ ᠬᠦᠳᠡᠭᠡ ᠲᠤᠰᠬᠤᠨ ᠤ ᠪᠦᠲᠦᠭᠡᠨ ᠪᠠᠶᠢᠭᠤᠯᠤᠯᠲᠠ ᠶᠢ ᠦᠨᠳᠦᠰᠦᠨ ᠳᠡᠭᠡᠨ ᠪᠠᠶᠡᠯᠡᠬᠦᠯᠵᠦ | ᠂ ᠬᠠᠮᠳᠤᠪᠡᠷ ᠪᠠᠶᠠᠵᠢᠨ ᠴᠢᠨᠡᠭᠡᠯᠢᠭᠵᠢᠬᠦ ᠢᠳᠡᠷᠡᠬᠦᠨ ᠠᠯᠬᠤᠭ᠎ᠠ ᠶᠢ ᠠᠯᠬᠤᠵᠦ᠂ ᠮᠠᠯᠴᠢᠨ ᠲᠠᠷᠢᠶᠠᠴᠢᠨ ᠤ ᠵᠤᠯ ᠵᠢᠷᠭᠠᠯ | ᠤᠨ ᠲᠦᠷᠦᠭᠳᠡᠯ ᠬᠦᠷᠳᠡᠮᠵᠢ ᠶᠢᠨ ᠲᠦᠷᠦᠭᠳᠡᠯ ᠠᠮᠤᠷ ᠲᠦᠪᠰᠢᠨ ᠤ ᠲᠦᠷᠦᠭᠳᠡᠯ ᠢ ᠢᠯᠡᠳᠳᠡ ᠨᠡᠮᠡᠭᠳᠡᠬᠦᠯᠦᠨ᠎ᠠ᠃ | 2050 ᠣᠨ ᠪᠤᠯᠬᠤ ᠳᠤ᠂ ᠪᠦᠬᠦ ᠤᠯᠤᠰ ᠲᠠᠢ ᠵᠡᠷᠭᠡᠪᠡᠷ ᠬᠦᠳᠡᠭᠡ ᠲᠤᠰᠬᠤᠨ ᠢ ᠬᠦᠭᠵᠢᠬᠦᠯᠦᠨ | ᠮᠠᠨᠳᠤᠭᠤᠯᠬᠤ ᠶᠢ ᠪᠡᠶᠡᠯᠡᠬᠦᠯᠵᠦ᠂ ᠮᠠᠯ ᠠᠵᠤ ᠠᠬᠤᠢ ᠲᠠᠷᠢᠶᠠᠯᠠᠩ ᠬᠦᠴᠦᠷᠭᠡᠭ᠂ ᠮᠠᠯᠵᠢᠬᠤ ᠲᠠᠷᠢᠶᠠᠯᠠᠬᠤ ᠤᠷᠤᠨ | ᠦᠵᠡᠰᠬᠦᠯᠡᠩᠳᠦ ᠰᠠᠶᠢᠬᠠᠨ᠂ ᠮᠠᠯᠴᠢᠨ ᠲᠠᠷᠢᠶᠠᠴᠢᠨ ᠪᠠᠶᠠᠨ ᠴᠢᠨᠡᠭᠡᠯᠢᠭ ᠪᠤᠯᠬᠤ ᠶᠢ ᠪᠦᠬᠦ ᠲᠠᠯ᠎ᠠ ᠪᠠᠷ ᠪᠡᠶᠡᠯᠡᠬᠦᠯᠦᠨ᠎ᠠ᠃ | | ︵ᠭᠤᠷᠪᠠ︶ ᠦᠨᠳᠦᠰᠦᠨ ᠵᠠᠷᠴᠢᠮ | — ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠢ ᠤᠷᠢᠲᠠᠪᠠᠷ ᠬᠦᠭᠵᠢᠬᠦᠯᠬᠦ ᠶᠢ | ᠪᠠᠷᠢᠮᠳᠠᠯᠠᠨ᠎ᠠ᠃ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ︾ ᠢ | ᠭᠤᠤᠯᠳᠠᠯᠭ᠎ᠠ ᠶᠢᠨ ᠳᠤᠮᠳᠠᠬᠢ ᠭᠤᠤᠯᠳᠠᠯᠭ᠎ᠠ ᠶᠢᠨ ᠪᠠᠶᠢᠷᠢᠨ ᠳᠤ ᠲᠠᠯᠪᠢᠵᠦ᠂ ᠨᠠᠮ ᠤᠨ ᠮᠠᠯᠵᠢᠬᠤ ᠲᠠᠷᠢᠶᠠᠯᠠᠬᠤ ᠤᠷᠤᠨ | ᠤ ᠠᠵᠢᠯ ᠳᠠᠬᠢ ᠤᠳᠤᠷᠢᠳᠤᠯᠭ᠎ᠠ ᠶᠢ ᠡᠷᠡᠰ ᠭᠤᠶᠢᠪᠢᠰᠢ ᠦᠭᠡᠢ ᠪᠠᠷ ᠪᠠᠷᠢᠮᠳᠠᠯᠠᠨ ᠴᠢᠩᠭᠠᠳᠬᠠᠨ᠎ᠠ᠃ ᠬᠦᠳᠡᠭᠡ | ᠲᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠪᠦᠬᠦ ᠬᠦᠴᠦᠨ ᠢᠶᠠᠷ ᠠᠬᠢᠭᠤᠯᠵᠦ᠂ ᠮᠠᠯ ᠠᠵᠤ ᠠᠬᠤᠢ ᠲᠠᠷᠢᠶᠠᠯᠠᠩ | ᠮᠠᠯᠵᠢᠬᠤ ᠲᠠᠷᠢᠶᠠᠯᠠᠬᠤ ᠤᠷᠤᠨ ᠤ ᠳᠤᠳᠠᠭᠤᠳᠠᠯ ᠢ ᠲᠦᠷᠭᠡᠬᠡᠨ ᠨᠦᠬᠦᠪᠦᠷᠢᠯᠡᠵᠦ᠂ ᠮᠠᠯ ᠠᠵᠤ ᠠᠬᠤᠢ ᠲᠠᠷᠢᠶᠠᠯᠠᠩ ᠢ | ᠬᠦᠭᠵᠢᠯ ᠤᠨ ᠬᠦᠰᠡᠯ ᠡᠷᠡᠮᠡᠯᠵᠡᠯ ᠲᠠᠢ ᠠᠵᠤ ᠦᠢᠯᠡᠰ ᠪᠤᠯᠭᠠᠵᠦ᠂ ᠮᠠᠯᠴᠢᠨ ᠲᠠᠷᠢᠶᠠᠴᠢᠨ ᠢ ᠳᠠᠳᠠᠬᠤ ᠬᠦᠴᠦᠨ ᠲᠠᠢ | ᠠᠵᠢᠯ ᠮᠡᠷᠬᠡᠵᠢᠯ ᠪᠤᠯᠭᠠᠵᠦ᠂ ᠮᠠᠯᠵᠢᠬᠤ ᠲᠠᠷᠢᠶᠠᠯᠠᠬᠤ ᠤᠷᠤᠨ ᠢ ᠠᠮᠤᠭᠤᠯᠠᠩ ᠰᠠᠭᠤᠵᠦ ᠠᠵᠤ ᠲᠥᠷᠥᠬᠦ | ᠦᠵᠡᠰᠬᠦᠯᠡᠩᠳᠦ ᠰᠠᠶᠢᠬᠠᠨ ᠭᠡᠷ ᠤᠷᠤᠨ ᠪᠤᠯᠭᠠᠨ᠎ᠠ᠃ | — ᠵᠤᠬᠢᠴᠠᠭᠤᠯᠤᠨ ᠠᠬᠢᠭᠤᠯᠬᠤ ᠶᠢ ᠨᠢᠬᠡᠳᠦᠯᠳᠡᠢ ᠳᠦᠯᠦᠪᠵᠢᠬᠦᠯᠦᠨᠡ᠃ ᠬᠦᠳᠡᠭᠡ ᠳᠤᠰᠬᠤᠨ ᠢ | ᠬᠦᠭᠵᠢᠬᠦᠯᠦᠨ ᠮᠠᠨᠳᠤᠭᠤᠯᠬᠤ ᠶᠢᠨ ᠰᠢᠨᠵᠢᠯᠡᠬᠦ ᠤᠬᠠᠭᠠᠨᠴᠢ ᠠᠭᠤᠯᠬᠤᠨ ᠢ ᠵᠦᠪ ᠤᠨᠤᠪᠴᠢᠳᠠᠢ ᠡᠵᠡᠮᠳᠡᠵᠥ᠂ | ᠬᠦᠳᠡᠭᠡ ᠳᠤᠰᠬᠤᠨ ᠤ ᠤᠯᠠᠨ ᠵᠦᠢᠯ ᠤᠨ ᠴᠢᠳᠠᠪᠬᠢ ᠪᠤᠯᠤᠨ ᠦᠷᠳᠡᠭ ᠢ ᠠᠭᠤᠳᠠᠯᠵᠥ᠂ ᠮᠠᠯᠵᠢᠬᠤ ᠳᠠᠷᠢᠶᠠᠯᠠᠬᠤ | ᠤᠷᠤᠨ ᠤ ᠠᠵᠥ ᠠᠬᠤᠢ ᠶᠢᠨ ᠪᠦᠳᠦᠬᠡᠨ ᠪᠠᠶᠢᠭᠤᠯᠤᠯᠳᠠ᠂ ᠤᠯᠤᠰ ᠳᠦᠷᠦ ᠶᠢᠨ ᠪᠠᠶᠢᠭᠤᠯᠤᠯᠳᠠ᠂ ᠰᠤᠶᠤᠯ ᠤᠨ | ᠪᠠᠶᠢᠭᠤᠯᠤᠯᠳᠠ᠂ ᠨᠡᠶᠢᠬᠡᠮ ᠤᠨ ᠪᠠᠶᠢᠭᠤᠯᠤᠯᠳᠠ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠪᠤᠯᠤᠨ ᠨᠠᠮ ᠤᠨ | ᠪᠠᠶᠢᠭᠤᠯᠤᠯᠳᠠ ᠶᠢ ᠨᠢᠬᠡᠳᠦᠯᠳᠡᠢ ᠳᠦᠯᠦᠪᠵᠢᠬᠦᠯᠵᠥ᠂ ᠰᠢᠰᠲ᠋ᠧᠮᠲᠤ ᠴᠢᠨᠠᠷ᠂ ᠬᠤᠯᠪᠤᠯᠳᠤᠬᠤ ᠴᠢᠨᠠᠷ᠂ ᠬᠠᠮᠵᠢᠯᠴᠠᠬᠤ | ᠴᠢᠨᠠᠷ ᠢ ᠦᠨᠡᠨᠬᠦ ᠴᠢᠩᠭᠠᠳᠬᠠᠨ᠎ᠠ᠃ ᠪᠤᠬᠢᠷᠳᠤᠯ ᠦᠬᠡᠢ ᠬᠦᠭᠵᠢᠯᠳᠡ ᠪᠠᠷ ᠬᠦᠳᠡᠭᠡ ᠳᠤᠰᠬᠤᠨ ᠢ ᠬᠦᠭᠵᠢᠬᠦᠯᠦᠨ | ᠮᠠᠨᠳᠤᠭᠤᠯᠬᠤ ᠶᠢ ᠬᠦᠳᠦᠯᠦᠨ ᠵᠢᠯᠤᠭᠤᠳᠴᠤ᠂ ᠬᠦᠮᠦᠨ ᠪᠠᠶᠢᠭᠠᠯᠢ ᠡᠶ᠎ᠡ ᠵᠤᠬᠢᠴᠠᠩᠭᠤᠢ ᠬᠠᠮᠳᠤ ᠤᠷᠤᠰᠢᠬᠤ | ᠬᠦᠭᠵᠢᠯᠳᠡ ᠶᠢᠨ ᠰᠢᠨ᠎ᠡ ᠪᠠᠶᠢᠳᠠᠯ ᠢ ᠡᠭᠦᠳᠦᠨ᠎ᠡ᠃ | — ᠦᠬᠡᠷᠡᠴᠢᠯᠡᠯᠳᠡ ᠬᠢᠵᠥ ᠰᠢᠨ᠎ᠡ ᠶᠢ ᠡᠬᠦᠳᠬᠦ ᠶᠢ ᠬᠦᠨᠵᠡᠬᠡᠶᠢᠷᠡᠬᠦᠯᠦᠨ᠎ᠡ᠃ ᠡᠬᠢ ᠪᠠᠶᠠᠯᠢᠭ ᠢ | ᠳᠤᠬᠢᠷᠠᠭᠤᠯᠬᠤ ᠳᠤᠮᠳᠠᠬᠢ ᠵᠠᠬ᠎ᠠ ᠳᠡᠯᠬᠡᠬᠦᠷ ᠤᠨ ᠰᠢᠢᠳᠪᠦᠷᠢᠯᠡᠬᠦ ᠴᠢᠨᠠᠷᠳᠠᠢ ᠦᠢᠯᠡᠳᠦᠯ ᠪᠤᠯᠤᠨ ᠵᠠᠰᠠᠭ ᠤᠨ ᠤᠷᠳᠤᠨ | ᠤ ᠦᠢᠯᠡᠳᠦᠯ ᠢ ᠨᠡᠩ ᠰᠠᠶᠢᠳᠤᠷ ᠪᠠᠳᠠᠷᠠᠭᠤᠯᠬᠤ ᠶᠢᠨ ᠳᠤᠭᠤᠷᠢᠨ ᠳᠤ᠂ ᠬᠤᠳᠠ ᠬᠦᠳᠡᠭᠡ ᠶᠢᠨ ᠠᠭᠤᠰᠤᠯᠴᠠᠨ | ᠬᠦᠭᠵᠢᠬᠦ ᠳᠤ ᠠᠰᠢᠬᠳᠠᠢ ᠪᠠᠶᠢᠭᠤᠯᠤᠮᠵᠢ ᠳᠤᠬᠳᠠᠴᠠ ᠶᠢ ᠪᠠᠶᠢᠭᠤᠯᠵᠤ᠂ ᠬᠤᠳᠠ ᠶᠢᠨ ᠡᠬᠢ ᠪᠠᠶᠠᠯᠢᠭ ᠤᠨ ᠡᠯᠧᠮᠧᠨ᠋ᠲ | ᠤᠨ ᠮᠠᠯ ᠠᠵᠥ ᠠᠬᠤᠢ ᠳᠠᠷᠢᠶᠠᠯᠠᠩ᠂ ᠮᠠᠯᠵᠢᠬᠤ ᠳᠠᠷᠢᠶᠠᠯᠠᠬᠤ ᠤᠷᠤᠨ ᠳᠡᠰᠢ ᠰᠢᠯᠵᠢᠬᠦ ᠶᠢ ᠬᠦᠳᠦᠯᠦᠨ ᠳᠠᠭᠠᠭᠤᠯᠵᠥ᠂ | ᠮᠠᠯᠵᠢᠬᠤ ᠳᠠᠷᠢᠶᠠᠯᠠᠬᠤ ᠤᠷᠤᠨ ᠤ ᠡᠯ᠎ᠡ ᠲᠦᠷᠦᠯ ᠤᠨ ᠡᠯᠧᠮᠧᠨ᠋ᠲ ᠤᠨ ᠲᠠᠯᠳᠠ ᠴᠢᠳᠠᠪᠬᠢ ᠪᠤᠯᠤᠨ ᠡᠯ᠎ᠡ ᠳᠦᠷᠦᠯ | ᠤᠨ ᠭᠤᠤᠯ ᠴᠤᠬᠴᠠ ᠶᠢᠨ ᠠᠮᠢᠵᠢᠷᠠᠯ ᠤᠨ ᠬᠦᠴᠦᠨ ᠢ ᠬᠦᠭᠵᠢᠭᠡᠵᠤ᠂ ᠠᠵᠥ ᠦᠢᠯᠡᠳᠪᠦᠷᠢ ᠪᠤᠯᠤᠨ ᠬᠦᠳᠡᠭᠡ ᠠᠵᠥ | ᠠᠬᠤᠢ ᠬᠠᠷᠢᠯᠴᠠᠨ ᠠᠬᠢᠭᠤᠯᠤᠬᠰᠠᠨ᠂ ᠬᠤᠳᠠ ᠬᠦᠳᠡᠭᠡ ᠬᠠᠷᠢᠯᠴᠠᠨ ᠨᠦᠬᠦᠪᠦᠷᠢᠯᠡᠭᠰᠡᠨ᠂ ᠪᠦᠬᠦ ᠳᠠᠯ᠎ᠠ ᠪᠠᠷ | ᠠᠭᠤᠰᠤᠯᠴᠠᠬᠰᠠᠨ᠂ ᠬᠠᠮᠳᠤᠪᠡᠷ ᠴᠡᠴᠡᠭᠯᠡᠨ ᠬᠦᠭᠵᠢᠭᠰᠡᠨ ᠰᠢᠨ᠎ᠡ ᠬᠡᠯᠪᠡᠷᠢ ᠶᠢᠨ ᠠᠵᠥ ᠦᠢᠯᠡᠳᠪᠦᠷᠢ ᠪᠤᠯᠤᠨ | ᠬᠦᠳᠡᠭᠡ ᠠᠵᠤ ᠠᠬᠤᠢ᠂ ᠬᠤᠳᠠ ᠬᠦᠳᠡᠭᠡ ᠶᠢᠨ ᠬᠠᠷᠢᠴᠠᠭ᠎ᠠ ᠶᠢ ᠪᠦᠷᠢᠯᠳᠦᠬᠦᠯᠦᠨ᠎ᠡ᠃ | — ᠮᠠᠯᠵᠢᠬᠤ ᠤᠷᠤᠨ ᠢ ᠬᠦᠭᠵᠢᠬᠦᠯᠦᠨ ᠮᠠᠨᠳᠤᠭᠤᠯᠬᠤ ᠶᠢ ᠬᠦᠴᠦᠯᠡᠨ ᠠᠬᠢᠭᠤᠯᠤᠨ᠎ᠡ᠃ ᠶᠡᠷᠦᠩᠬᠡᠢ | ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠰᠢᠨᠵᠢᠯᠠᠨ ᠪᠠᠶᠢᠴᠠᠭᠠᠬᠤ ᠦᠶ᠎ᠡ ᠳᠤ ᠳᠤᠷᠠᠳᠤᠬᠰᠠᠨ ︽ᠮᠠᠯ ᠠᠵᠥ | ᠠᠬᠤᠢ ᠳᠠᠷᠢᠶᠠᠯᠠᠩ ᠪᠤᠯᠤᠨ ᠮᠠᠯᠵᠢᠬᠤ ᠤᠷᠤᠨ ᠤ ᠠᠵᠢᠯ ᠢ ᠬᠦᠴᠦᠯᠡᠨ ᠰᠠᠶᠢᠳᠤᠷ ᠠᠳᠬᠤᠬᠤ ᠬᠡᠷᠡᠭᠳᠡᠢ︾ ᠬᠡᠰᠡᠨ | ᠴᠢᠬᠤᠯᠠ ᠵᠢᠭᠠᠪᠤᠷᠢ ᠶᠢ ᠳᠤᠤᠱᠯᠠᠭᠤᠯᠤᠨ ᠨᠠᠶᠢᠳᠠᠪᠤᠷᠢᠵᠢᠭᠤᠯᠵᠥ᠂ ᠮᠠᠯᠵᠢᠬᠤ ᠤᠷᠤᠨ ᠤ ᠬᠦᠭᠵᠢᠯᠳᠡ ᠳᠤ | ᠤᠷᠤᠭᠤᠯᠬᠤ ᠪᠡᠯᠡ ᠤᠷᠤᠭᠤᠯᠤᠯᠳᠠ ᠶᠢᠨ ᠡᠷᠴᠢᠮ ᠢᠶᠠᠨ ᠦᠷᠬᠦᠯᠵᠢᠯᠡᠨ ᠴᠢᠩᠭᠠᠷᠠᠭᠤᠯᠵᠥ᠂ ᠮᠠᠯᠵᠢᠬᠤ ᠤᠷᠤᠨ ᠤ | ᠰᠠᠭᠤᠷᠢ ᠪᠡᠯᠡᠳᠬᠡᠮᠵᠢ ᠶᠢᠨ ᠪᠦᠳᠦᠬᠡᠨ ᠪᠠᠶᠢᠭᠤᠯᠤᠯᠳᠠ ᠶᠢ ᠬᠦᠴᠦᠯᠡᠨ ᠴᠢᠩᠭᠠᠳᠬᠠᠵᠥ᠂ ᠮᠠᠯᠵᠢᠬᠤ ᠤᠷᠤᠨ ᠤ | ᠬᠦᠭᠵᠢᠯᠳᠡ ᠶᠢᠨ ᠨᠦᠬᠦᠴᠡᠯ ᠢ ᠳᠠᠰᠤᠷᠠᠯᠳᠠ ᠦᠬᠡᠢ ᠰᠠᠶᠢᠵᠢᠷᠠᠭᠤᠯᠵᠥ᠂ ᠮᠠᠯᠵᠢᠬᠤ ᠤᠷᠤᠨ ᠤ ᠤᠯᠠᠨ ᠨᠡᠶᠢᠳᠡ ᠶᠢᠨ | ᠦᠢᠯᠡᠴᠢᠯᠡᠬᠡᠨ ᠤ ᠳᠦᠪᠰᠢᠨ ᠪᠤᠯᠤᠨ ᠨᠡᠶᠢᠬᠡᠮ ᠤᠨ ᠵᠠᠰᠠᠯᠳᠠ ᠶᠢᠨ ᠴᠢᠳᠠᠪᠤᠷᠢ ᠶᠢ ᠪᠦᠬᠦ ᠳᠠᠯ᠎ᠠ ᠪᠠᠷ ᠳᠡᠬᠡᠭᠰᠢᠯᠡᠬᠦᠯᠵᠥ | ᠂ ᠮᠠᠯᠴᠢᠳ ᠤᠨ ᠤᠷᠤᠯᠭ᠎ᠠ ᠶᠢ ᠦᠷᠬᠦᠯᠵᠢᠯᠡᠨ ᠨᠡᠮᠡᠭᠳᠡᠬᠦᠯᠵᠥ᠂ ᠮᠠᠯᠵᠢᠬᠤ ᠤᠷᠤᠨ ᠬᠢᠬᠡᠳ ᠲᠠᠷᠢᠶᠠᠯᠠᠬᠤ ᠤᠷᠤᠨ ᠢ | ᠵᠡᠷᠭᠡᠪᠡᠷ ᠬᠦᠭᠵᠢᠬᠦᠯᠦᠨ ᠮᠠᠨᠳᠤᠭᠤᠯᠬᠤ ᠶᠢ ᠦᠨᠡᠨᠬᠦ ᠪᠠᠳᠤᠯᠠᠨ᠎ᠠ᠃ | — ᠮᠠᠯᠴᠢᠨ ᠳᠠᠷᠢᠶᠠᠴᠢᠳ ᠤᠨ ᠭᠤᠤᠯ ᠴᠤᠬᠴᠠ ᠶᠢᠨ ᠦᠢᠯᠡᠳᠦᠯ ᠢ ᠪᠠᠳᠠᠷᠠᠭᠤᠯᠤᠨ᠎ᠡ᠃ ᠮᠠᠯᠴᠢᠨ | ᠳᠠᠷᠢᠶᠠᠴᠢᠳ ᠤᠨ ᠬᠦᠰᠡᠯ ᠡᠷᠡᠮᠡᠯᠵᠡᠯ ᠢ ᠬᠦᠢᠴᠡᠳ ᠬᠦᠨᠳᠦᠳᠬᠡᠵᠥ᠂ ᠮᠠᠯᠴᠢᠨ ᠳᠠᠷᠢᠶᠠᠴᠢᠳ ᠤᠨ ᠰᠢᠨ᠎ᠡ ᠬᠦᠰᠡᠯ ᠳᠤ | ᠵᠤᠬᠢᠴᠠᠭᠤᠯᠵᠥ᠂ ᠮᠠᠯᠴᠢᠨ ᠳᠠᠷᠢᠶᠠᠴᠢᠨ ᠳᠦᠮᠡᠨ ᠤ ᠦᠨᠳᠦᠰᠦᠨ ᠠᠰᠢᠬ ᠳᠤᠰᠠ ᠶᠢ ᠬᠠᠮᠠᠭᠠᠯᠠᠬᠤ᠂ ᠮᠠᠯᠴᠢᠨ | ᠳᠠᠷᠢᠶᠠᠴᠢᠳ ᠤᠨ ᠬᠠᠮᠳᠤᠪᠡᠷ ᠪᠠᠶᠠᠵᠢᠨ ᠴᠢᠨᠡᠬᠡᠯᠢᠭᠵᠢᠬᠦ ᠶᠢ ᠠᠬᠢᠭᠤᠯᠬᠤ ᠪᠠᠷ ᠵᠤᠷᠢᠯᠳᠠ ᠪᠠ ᠳᠤᠰᠤᠯᠳᠠ ᠪᠤᠯᠭᠠᠵᠥ᠂ | ᠮᠠᠯᠴᠢᠨ ᠳᠠᠷᠢᠶᠠᠴᠢᠳ ᠤᠨ ᠬᠡᠪ ᠴᠢᠨᠠᠷ ᠢ ᠳᠠᠰᠤᠷᠠᠯᠳᠠ ᠦᠬᠡᠢ ᠳᠡᠬᠡᠭᠰᠢᠯᠡᠬᠦᠯᠵᠥ᠂ ᠮᠠᠯᠴᠢᠨ ᠳᠠᠷᠢᠶᠠᠴᠢᠳ ᠤᠨ | ᠤᠷᠤᠯᠭ᠎ᠠ ᠪᠠᠨ ᠦᠷᠬᠦᠯᠵᠢᠯᠡᠨ ᠨᠡᠮᠡᠭᠳᠡᠬᠦᠯᠬᠦ ᠶᠢ ᠠᠬᠢᠭᠤᠯᠵᠥ᠂ ᠮᠠᠯᠴᠢᠨ ᠳᠠᠷᠢᠶᠠᠴᠢᠳ ᠤᠨ ᠦᠵᠡᠰᠬᠦᠯᠡᠩᠳᠤ | ᠰᠠᠶᠢᠬᠠᠨ ᠬᠡᠷ ᠤᠷᠤᠨ ᠢᠶᠠᠨ ᠪᠦᠳᠦᠬᠡᠨ ᠪᠠᠶᠢᠭᠤᠯᠬᠤ ᠢᠳᠠᠪᠬᠢᠵᠢᠯ᠂ ᠰᠠᠨᠠᠭᠠᠴᠢᠯᠠᠭᠠᠳᠤ ᠴᠢᠨᠠᠷ᠂ ᠪᠦᠳᠦᠬᠡᠯᠴᠢ ᠴᠢᠨᠠᠷ | ᠢ ᠬᠦᠢᠴᠡᠳ ᠳᠠᠶᠢᠴᠢᠯᠠᠵᠥ᠂ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠳᠤᠳᠤᠭᠠᠳᠤ ᠬᠦᠳᠡᠯᠬᠡᠬᠦ | ᠬᠦᠴᠦᠨ ᠢ ᠴᠢᠩᠭᠠᠳᠬᠠᠨ᠎ᠠ᠃ | — ᠢᠳᠡᠪᠬᠢᠳᠠᠢ ᠳᠤᠬᠳᠠᠭᠤᠨ᠂ ᠳᠡᠰ ᠳᠠᠷᠠᠭ᠎ᠠ ᠲᠠᠢ ᠪᠠᠷ ᠤᠷᠤᠬᠰᠢᠯᠠᠨ᠎ᠠ᠃ ᠠᠳᠠᠯᠢ ᠪᠤᠰᠤ ᠳᠤᠰᠬᠤᠨ ᠤ | ᠬᠤᠪᠢᠷᠠᠯᠳᠠ ᠶᠢᠨ ᠬᠦᠭᠵᠢᠯᠳᠡ ᠶᠢᠨ ᠬᠠᠨᠳᠤᠰᠢ ᠶᠢ ᠰᠢᠨᠵᠢᠯᠡᠬᠦ ᠤᠬᠠᠭᠠᠨᠴᠢ ᠪᠠᠷ ᠡᠵᠡᠮᠳᠡᠵᠥ᠂ ᠭᠠᠵᠠᠷ ᠤᠷᠤᠨ ᠤ | ᠪᠠᠶᠢᠳᠠᠯ ᠳᠤᠨᠢ ᠳᠤᠬᠢᠷᠠᠭᠤᠯᠤᠨ᠂ ᠳᠦᠷᠦᠯ ᠬᠤᠪᠢᠶᠠᠨ ᠳᠦᠷᠦ ᠶᠢᠨ ᠪᠤᠳᠤᠯᠭ᠎ᠠ ᠬᠡᠷᠡᠭᠵᠢᠬᠦᠯᠵᠥ᠂ ᠳᠦᠯᠦᠪᠵᠢᠬᠦᠯᠬᠡ᠂ | ᠳᠦᠷᠦ ᠶᠢᠨ ᠪᠤᠳᠤᠯᠭ᠎ᠠ ᠪᠤᠯᠤᠨ ᠳᠦᠷᠢᠮ ᠤᠨ ᠳᠦᠯᠦᠪᠯᠡᠭᠡ ᠶᠢ ᠰᠠᠶᠢᠳᠤᠷ ᠬᠢᠵᠥ᠂ ᠬᠦᠳᠡᠭᠡ ᠳᠤᠰᠬᠤᠨ ᠢ | ᠬᠦᠭᠵᠢᠬᠦᠯᠦᠨ ᠮᠠᠨᠳᠤᠭᠤᠯᠬᠤ ᠳᠦᠯᠦᠪᠵᠢᠬᠦᠯᠬᠡ ᠬᠢᠬᠡᠳ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠵᠡᠷᠬᠡ | ᠳᠦᠯᠦᠪᠵᠢᠬᠦᠯᠬᠡ ᠶᠢᠨ ᠪᠦᠳᠦᠮᠵᠢᠳᠠᠢ ᠵᠤᠯᠭᠠᠯᠳᠤᠬᠤ ᠶᠢ ᠴᠢᠬᠤᠯᠠᠴᠢᠯᠠᠵᠤ᠂ ᠱᠠᠳᠤᠴᠢ ᠴᠢᠨᠠᠷᠳᠠᠢ ᠬᠠᠷᠠᠯᠳᠠ ᠶᠢ | ᠵᠤᠬᠢᠰᠳᠠᠢ ᠳᠤᠬᠳᠠᠭᠠᠵᠥ᠂ ᠪᠦᠬᠦ ᠬᠦᠴᠦᠨ ᠢᠶᠠᠷ ᠢᠶᠠᠨ ᠴᠢᠷᠮᠠᠶᠢᠬᠤ ᠪᠦᠭᠡᠳ ᠴᠢᠳᠠᠯ ᠤᠨ ᠬᠢᠷᠢ ᠪᠠᠷ ᠢᠶᠠᠨ ᠬᠢᠵᠥ᠂ | ᠱᠠᠳᠤ ᠱᠠᠳᠤ ᠪᠠᠷ ᠡᠬᠦᠷᠬᠡ ᠨᠡᠮᠡᠭᠳᠡᠬᠦᠯᠬᠦ ᠦᠬᠡᠢ᠂ ᠡᠭᠡᠭᠡ ᠠᠳᠠᠯᠢ ᠪᠠᠶᠢᠯᠭᠠᠬᠤ ᠦᠬᠡᠢ᠂ ᠬᠡᠯᠪᠡᠷᠢᠴᠢ ᠦᠵᠡᠯ ᠢ | ᠬᠦᠭᠡᠭᠡᠴᠡᠯᠳᠤᠬᠦ ᠦᠭᠡᠢ ᠪᠠᠶᠢᠬᠤ ᠬᠡᠷᠡᠭᠳᠠᠢ᠃ | ᠬᠤᠶᠠᠷ᠂ ᠮᠠᠯ ᠠᠵᠥ ᠠᠬᠤᠢ ᠳᠠᠷᠢᠶᠠᠯᠠᠩ ᠤᠨ ᠬᠠᠩᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷᠳᠠᠢ | ᠦᠬᠡᠷᠡᠴᠢᠯᠡᠯᠳᠡ ᠶᠢ ᠬᠦᠨᠵᠡᠬᠡᠶᠢᠷᠡᠬᠦᠯᠵᠥ᠂ ᠮᠠᠯ ᠠᠵᠥ ᠠᠬᠤᠢ ᠳᠠᠷᠢᠶᠠᠯᠠᠩ ᠤᠨ ᠬᠦᠭᠵᠢᠯᠳᠡ ᠶᠢᠨ ᠶᠠᠰᠤ ᠴᠢᠨᠠᠷ ᠢ | ᠶᠡᠬᠡᠪᠡᠷ ᠳᠡᠬᠡᠭᠰᠢᠯᠡᠬᠦᠯᠤᠨᠡ | ︵ᠨᠢᠬᠡ︶ ᠮᠠᠯ ᠠᠵᠥ ᠠᠬᠤᠢ ᠳᠠᠷᠢᠶᠠᠯᠠᠩ ᠤᠨ ᠰᠠᠭᠤᠷᠢ ᠪᠡᠯᠡᠳᠬᠡᠮᠵᠢ ᠶᠢᠨ ᠪᠦᠳᠦᠬᠡᠨ ᠪᠠᠶᠢᠭᠤᠯᠤᠯᠳᠠ ᠶᠢ | ᠴᠢᠩᠭᠠᠳᠬᠠᠨ᠎ᠠ᠃ ᠠᠮᠤ ᠪᠤᠳᠠᠭᠠᠨ ᠤ ᠬᠠᠨᠭ᠍ᠭᠠᠯᠭ᠎ᠠ ᠶᠢ ᠪᠠᠳᠤᠯᠠᠬᠤ ᠳᠤ ᠭᠠᠵᠠᠷ ᠰᠢᠷᠤᠢ ᠶᠢ ᠰᠠᠶᠢᠵᠢᠷᠠᠭᠤᠯᠬᠤ ᠳᠤ | ᠲᠦᠰᠢᠭᠯᠡᠬᠦ᠂ ᠠᠮᠤ ᠪᠤᠳᠠᠭᠠᠨ ᠤ ᠤᠨᠠᠯᠳᠠ ᠶᠢ ᠨᠡᠮᠡᠭᠳᠡᠭᠦᠯᠬᠦ ᠳᠤ ᠰᠢᠨᠵᠢᠯᠡᠬᠦ ᠤᠬᠠᠭᠠᠨ ᠮᠡᠷᠭᠡᠵᠢᠯ ᠳᠤ ᠲᠦᠰᠢᠭᠯᠡᠬᠦ ᠶᠢ | ᠪᠠᠳᠤᠯᠠᠵᠥ᠂ ᠬᠠᠮᠤᠭ ᠤᠨ ᠴᠢᠩᠭ᠎ᠠ ᠳᠠᠷᠢᠶᠠᠨ ᠭᠠᠵᠠᠷ ᠤᠨ ᠬᠠᠮᠠᠭᠠᠯᠠᠯᠳᠠ ᠶᠢᠨ ᠳᠦᠷᠢᠮ ᠪᠤᠯᠤᠨ ᠬᠠᠮᠤᠭ ᠤᠨ ᠴᠢᠩᠭ᠎ᠠ | ᠳᠠᠷᠢᠶᠠᠨ ᠭᠠᠵᠠᠷ ᠢ ᠠᠷᠪᠢᠯᠠᠨ ᠠᠰᠢᠬᠯᠠᠬᠤ ᠳᠦᠷᠢᠮ ᠢ ᠪᠠᠷᠢᠮᠳᠠᠯᠠᠵᠥ᠂ ᠳᠠᠷᠢᠶᠠᠨ ᠭᠠᠵᠠᠷ ᠤᠨ ᠳᠤᠭ᠎ᠠ ᠬᠡᠮᠵᠢᠶ᠎ᠡ᠂ | ᠶᠠᠰᠤ ᠴᠢᠨᠠᠷ᠂ ᠠᠮᠢ ᠠᠬᠤᠢ ︽ᠭᠤᠷᠪᠠ ᠶᠢ ᠨᠢᠭᠡ ᠴᠤᠬᠴᠠᠵᠢᠭᠤᠯᠬᠤ︾ ᠬᠠᠮᠠᠭᠠᠯᠠᠯᠳᠠ ᠶᠢ ᠴᠢᠩᠭᠠᠳᠬᠠᠵᠥ᠂ ᠠᠮᠤ | ᠪᠤᠳᠠᠭᠠᠨ ᠤ ᠶᠠᠷᠦᠩᠬᠡᠶᠢᠯᠡᠭᠰᠡᠨ ᠦᠢᠯᠡᠳᠪᠤᠷᠢᠯᠡᠯ ᠤᠨ ᠴᠢᠳᠠᠪᠤᠷᠢ ᠶᠢ ᠳᠡᠬᠡᠭᠰᠢᠯᠡᠬᠦᠯᠦᠨ᠎ᠡ᠃ ᠳᠠᠷᠢᠶᠠᠨ ᠭᠠᠵᠠᠷ ᠢ | ᠡᠵᠡᠯᠡᠬᠦ ᠪᠠ ᠨᠦᠬᠦᠪᠦᠷᠢᠯᠡᠬᠦ ᠶᠢ ᠳᠡᠩᠴᠡᠬᠦᠷᠢᠰᠢᠬᠦᠯᠬᠦ ᠬᠠᠮᠢᠶᠠᠷᠤᠯᠳᠠ ᠶᠢ ᠬᠠᠤᠯᠢ ᠶᠤᠰᠤᠭᠠᠷ ᠴᠢᠩᠭᠠᠳᠬᠠᠵᠥ᠂ | ᠳᠠᠷᠢᠶᠠᠨ ᠭᠠᠵᠠᠷ ᠢ ᠡᠵᠡᠯᠡᠬᠦ ᠪᠠ ᠨᠦᠬᠦᠪᠦᠷᠢᠯᠡᠬᠦ ᠶᠢ ᠳᠡᠩᠴᠡᠬᠦᠷᠢᠰᠢᠬᠦᠯᠬᠦ ᠬᠠᠷᠢᠭᠤᠴᠠᠯᠭ᠎ᠠ ᠪᠤᠯᠤᠨ ᠳᠠᠷᠢᠶᠠᠨ ᠭᠠᠵᠠᠷ | ᠢ ᠨᠦᠬᠦᠪᠦᠷᠢᠯᠡᠬᠦ ᠡᠬᠦᠷᠬᠡ ᠶᠢ ᠴᠢᠩᠭ᠎ᠠ ᠨᠠᠶᠢᠳᠠᠪᠤᠷᠢᠵᠢᠭᠤᠯᠤᠨ᠎ᠡ᠃ | ᠳᠠᠷᠢᠶᠠᠨ ᠭᠠᠵᠠᠷ ᠤᠨ ᠶᠠᠰᠤ ᠴᠢᠨᠠᠷ ᠢ ᠬᠠᠮᠠᠭᠠᠯᠠᠬᠤ ᠪᠠ ᠳᠡᠬᠡᠭᠰᠢᠯᠡᠬᠦᠯᠬᠦ ᠠᠵᠢᠯᠯᠠᠭ᠎ᠠ ᠦᠷᠨᠢᠬᠦᠯᠵᠥ᠂ | ᠬᠦᠳᠡᠭᠡ ᠳᠤᠰᠬᠤᠨ ᠤ ᠭᠠᠵᠠᠷ ᠰᠢᠷᠤᠢ ᠶᠢᠨ ᠵᠠᠰᠠᠯᠳᠠ ᠪᠤᠯᠤᠨ ᠦᠨᠳᠦᠷ ᠪᠠᠷᠢᠮᠵᠢᠶ᠎ᠠ ᠪᠦᠬᠦᠢ ᠳᠠᠷᠢᠶᠠᠨ ᠭᠠᠵᠠᠷ ᠤᠨ | ᠪᠦᠳᠦᠬᠡᠨ ᠪᠠᠶᠢᠭᠤᠯᠤᠯᠳᠠ ᠶᠢ ᠶᠡᠭᠡ ᠬᠡᠪᠴᠢᠶ᠎ᠡ ᠪᠠᠷ ᠠᠬᠢᠭᠤᠯᠵᠥ᠂ ᠳᠤᠮᠳᠠ ᠳᠤᠤᠷ᠎ᠠ ᠴᠢᠨᠠᠷ ᠲᠠᠢ ᠳᠠᠷᠢᠶᠠᠨ ᠭᠠᠵᠠᠷ ᠢ | ᠦᠨᠳᠦᠷ ᠪᠠᠷᠢᠮᠵᠢᠶ᠎ᠠ ᠪᠦᠬᠦᠢ ᠲᠠᠷᠢᠶᠠᠨ ᠭᠠᠵᠠᠷ ᠤᠨ ᠪᠦᠳᠦᠬᠡᠨ ᠪᠠᠶᠢᠭᠤᠯᠤᠯᠳᠠ ᠶᠢᠨ ᠬᠡᠪᠴᠢᠶᠡᠨ ᠳᠤ ᠤᠷᠤᠭᠤᠯᠵᠥ᠂ | ᠦᠨᠳᠦᠷ ᠪᠠᠷᠢᠮᠵᠢᠶ᠎ᠠ ᠪᠦᠬᠦᠢ ᠲᠠᠷᠢᠶᠠᠨ ᠭᠠᠵᠠᠷ ᠪᠦᠬᠦᠨ ᠢ ᠡᠬᠦᠷᠢᠳᠡ ᠶᠢᠨ ᠦᠨᠳᠦᠰᠦᠨ ᠲᠠᠷᠢᠶᠠᠨ ᠭᠠᠵᠠᠷ ᠲᠤ | ᠪᠠᠭᠳᠠᠭᠠᠨ ᠤᠷᠤᠭᠤᠯᠵᠥ᠂ ᠡᠬᠦᠷᠢᠳᠡ ᠶᠢᠨ ᠦᠨᠳᠦᠰᠦᠨ ᠲᠠᠷᠢᠶᠠᠨ ᠭᠠᠵᠠᠷ ᠲᠤ ᠤᠨᠴᠠᠭᠠᠢ ᠬᠠᠮᠠᠭᠠᠯᠠᠯᠳᠠ ᠶᠢᠨ | ᠳᠦᠷᠢᠮ ᠢ ᠬᠡᠷᠡᠭᠵᠢᠬᠦᠯᠦᠨ᠎ᠠ᠃ ᠵᠡᠬᠦᠨ ᠬᠡᠰᠡᠭ ᠤᠨ ᠤᠷᠤᠨ ᠤ ᠬᠠᠷ᠎ᠠ ᠬᠦᠷᠦᠰᠦ ᠶᠢᠨ ᠬᠠᠮᠠᠭᠠᠯᠠᠯᠳᠠ | ᠠᠰᠢᠬᠯᠠᠯᠳᠠ ᠶᠢ ᠴᠢᠩᠭᠠᠳᠬᠠᠨ᠎ᠠ᠃ ᠴᠢᠨᠠᠷ ᠰᠠᠶᠢᠳᠠᠢ ᠠᠮᠤ ᠪᠤᠳᠠᠭᠠᠨ ᠤ ᠢᠨᠵᠧᠨᠧᠷᠢᠩ ᠢ ᠬᠡᠷᠡᠭᠵᠢᠭᠦᠯᠵᠦ᠂ ᠵᠠᠭᠤᠨ | ᠳ᠋ᠦᠩᠰᠢᠭᠤᠷ ᠵᠢᠩ ᠤᠨ ᠠᠮᠤ ᠪᠤᠳᠠᠭᠠᠨ ᠤ ᠤᠨᠠᠯᠳᠠ ᠶᠢ ᠨᠡᠮᠡᠭᠳᠡᠭᠦᠯᠬᠦ᠂ ᠤᠰᠤ ᠠᠷᠪᠢᠯᠠᠵᠥ ᠦᠷ᠎ᠠ ᠠᠰᠢᠭ ᠢ | ᠨᠡᠮᠡᠭᠳᠡᠬᠦᠯᠬᠦ ᠵᠡᠷᠬᠡ ᠢᠨᠵᠧᠨᠧᠷᠢᠩ ᠢ ᠦᠷᠬᠦᠯᠵᠢᠯᠡᠨ ᠠᠬᠢᠭᠤᠯᠤᠨ᠎ᠡ᠃ ᠳᠤᠮᠤ ᠳᠤᠮᠳᠠ ᠬᠡᠯᠪᠡᠷᠢ ᠶᠢᠨ | ᠤᠰᠤᠯᠠᠯᠳᠠ ᠶᠢᠨ ᠤᠷᠤᠨ ᠤ ᠤᠰᠤᠨ ᠠᠰᠢᠬᠯᠠᠯᠳᠠ ᠶᠢᠨ ᠪᠠᠷᠢᠯᠭ᠎ᠠ ᠶᠢᠨ ᠪᠦᠳᠦᠬᠡᠨ ᠪᠠᠶᠢᠭᠤᠯᠤᠯᠳᠠ ᠶᠢ ᠰᠠᠶᠢᠳᠤᠷ | ᠠᠳᠬᠤᠵᠥ᠂ ︽ᠳᠦᠷᠪᠡᠨ ᠮᠢᠩᠭ᠎ᠠ ᠳᠦᠮᠡᠨ ᠮᠦ︾ ᠶᠢᠨ ᠤᠰᠤ ᠠᠷᠪᠢᠯᠠᠬᠤ ᠤᠰᠤᠯᠠᠯᠳᠠ ᠶᠢᠨ ᠪᠠᠷᠢᠯᠭ᠎ᠠ ᠶᠢ | ᠬᠦᠨᠵᠡᠬᠡᠢ ᠠᠬᠢᠭᠤᠯᠤᠨ᠎ᠠ᠃ ᠮᠠᠯ ᠤᠨ ᠫᠧᠩ ᠰᠠᠷᠠᠪᠴᠢ ᠶᠢ ᠰᠢᠯᠢᠳᠡᠭᠵᠢᠬᠦᠯᠵᠥ ᠳᠡᠰ ᠳᠡᠪᠰᠢᠬᠦᠯᠬᠦ ᠶᠢ ᠠᠬᠢᠭᠤᠯᠵᠥ᠂ | ᠲᠠᠷᠢᠮᠠᠯ ᠪᠡᠯᠴᠢᠬᠡᠷ ᠪᠤᠯᠤᠨ ᠲᠡᠵᠢᠭᠡᠯ ᠪᠤᠷᠳᠤᠭ᠎ᠠ ᠶᠢ ᠬᠠᠳᠠᠭᠠᠯᠠᠬᠤ ᠬᠦᠮᠦᠷᠬᠡ ᠶᠢᠨ ᠪᠦᠳᠦᠬᠡᠨ ᠪᠠᠶᠢᠭᠤᠯᠤᠯᠳᠠ ᠶᠢ | ᠠᠬᠢᠭᠤᠯᠵᠥ᠂ ᠮᠠᠯᠵᠢᠬᠤ ᠤᠷᠤᠨ ᠤ ᠭᠠᠮᠰᠢᠬ ᠢ ᠰᠡᠷᠬᠡᠶᠢᠯᠡᠵᠥ ᠭᠠᠮᠰᠢᠭ ᠢ ᠪᠠᠭᠠᠰᠬᠠᠬᠤ ᠴᠢᠳᠠᠪᠤᠷᠢ ᠶᠢ | ᠴᠢᠩᠭᠠᠳᠬᠠᠨ᠎ᠠ᠃ ︽ᠬᠤᠵᠢᠷᠰᠢᠬᠰᠠᠨ ᠭᠠᠵᠠᠷ ᠢ ᠦᠬᠡᠷᠡᠴᠢᠯᠡᠵᠥ ᠡᠪᠡᠰᠤ ︵ᠪᠤᠷᠳᠤᠭ᠎ᠠ︶ ᠳᠠᠷᠢᠵᠥ ᠮᠠᠯᠵᠢᠬᠤ | ᠤᠷᠤᠨ ᠢ ᠬᠦᠭᠵᠢᠬᠦᠯᠦᠨ ᠮᠠᠨᠳᠤᠭᠤᠯᠬᠤ ᠵᠢᠱᠢᠶ᠎ᠡ ᠦᠵᠡᠬᠦᠯᠬᠦ ᠢᠨᠵᠧᠨᠧᠷᠢᠩ︾ ᠪᠤᠯᠤᠨ ᠰᠢᠮᠡᠯᠢᠭ ᠡᠪᠡᠰᠤ | ᠪᠤᠷᠳᠤᠭ᠎ᠠ ᠶᠢᠨ ᠢᠨᠵᠧᠨᠧᠷᠢᠩ ᠢ ᠳᠦᠷᠬᠡᠤᠨᠬᠡᠨ ᠬᠡᠷᠡᠭᠵᠢᠬᠦᠯᠵᠥ᠂ ᠠᠮᠤ ᠪᠤᠳᠠᠭ᠎ᠠ ᠶᠢᠨ ᠲᠠᠷᠢᠮᠠᠯ ᠢ ᠪᠤᠷᠳᠤᠭ᠎ᠠ ᠶᠢᠨ | ᠳᠠᠷᠢᠮᠠᠯ ᠪᠤᠯᠭᠠᠨ ᠬᠤᠪᠢᠷᠠᠭᠤᠯᠬᠤ ᠶᠢ ᠶᠡᠬᠡᠪᠡᠷ ᠠᠬᠢᠭᠤᠯᠵᠥ᠂ ᠬᠦᠬᠡ ᠳᠠᠷᠤᠰᠢ ᠶᠢᠨ ᠡᠷᠳᠡᠨᠢ ᠰᠢᠰᠢ᠂ ᠴᠠᠷᠭᠠᠰᠤ | ᠵᠡᠷᠬᠡ ᠡᠪᠡᠰᠤ ᠪᠤᠷᠳᠤᠭ᠎ᠠ ᠳᠠᠷᠢᠬᠤ ᠳᠠᠯᠠᠪᠠᠢ ᠶᠢ ᠦᠷᠬᠡᠳᠬᠡᠵᠥ᠂ ᠨᠢᠬᠡ ᠪᠦᠯᠦᠭ ᠡᠪᠡᠰᠤᠨ ᠤ ᠠᠵᠥ ᠦᠢᠯᠡᠰ ᠤᠨ | ᠬᠦᠷᠢᠶᠡᠯᠡᠩ ᠳᠤᠭᠤᠷᠢᠭ ᠪᠤᠯᠤᠨ ᠡᠪᠡᠰᠤ ᠪᠤᠷᠳᠤᠭᠠᠨ ᠤ ᠰᠠᠭᠤᠷᠢᠨ ᠢ ᠪᠦᠳᠦᠭᠡᠨ ᠪᠠᠶᠢᠭᠤᠯᠤᠨ᠎ᠠ᠃ | ︵ᠬᠤᠶᠠᠷ︶ ᠤᠳᠤ ᠦᠶ᠎ᠡ ᠶᠢᠨ ᠮᠠᠯ ᠠᠵᠥ ᠠᠬᠤᠢ ᠶᠢᠨ ᠬᠦᠭᠵᠢᠯᠳᠡ ᠶᠢ ᠳᠦᠷᠬᠡᠳᠬᠡᠨ᠎ᠡ᠃ ᠮᠠᠯ ᠠᠵᠤ | ᠠᠬᠤᠢ ᠲᠠᠷᠢᠶᠠᠯᠠᠩ ᠢ ᠤᠶᠠᠯᠳᠤᠭᠤᠯᠬᠤ᠂ ᠮᠠᠯ ᠠᠵᠤ ᠠᠬᠤᠢ ᠪᠠᠷ ᠭᠤᠤᠯ ᠪᠤᠯᠭᠠᠬᠤ ᠶᠢ ᠪᠠᠷᠢᠮᠳᠠᠯᠠᠵᠥ᠂ ᠪᠡᠯᠴᠢᠬᠡᠷ | ᠤᠨ ᠮᠠᠯ ᠠᠵᠥ ᠠᠬᠤᠢ ᠶᠢ ᠰᠢᠯᠢᠳᠡᠭᠵᠢᠬᠦᠯᠵᠥ᠂ ᠳᠠᠷᠢᠶᠠᠯᠠᠬᠤ ᠤᠷᠤᠨ ᠤ ᠮᠠᠯ ᠠᠵᠥ ᠠᠬᠤᠢ ᠶᠢ ᠬᠦᠴᠦᠷᠬᠡᠭᠵᠢᠬᠦᠯᠵᠥ᠂ | ᠮᠠᠯ ᠠᠵᠥ ᠠᠬᠤᠢ ᠶᠢᠨ ᠨᠢᠬᠡᠳᠦᠬᠡᠷ ᠠᠵᠥ ᠦᠢᠯᠡᠰ ᠲᠠᠬᠢ ᠡᠵᠡᠯᠡᠬᠦ ᠬᠠᠷᠢᠴᠠᠯ ᠢ ᠳᠤᠬᠳᠠᠭᠤᠨ ᠢᠶᠠᠷ ᠨᠡᠮᠡᠭᠳᠡᠬᠦᠯᠵᠥ᠂ | ᠮᠠᠯ ᠠᠵᠥ ᠠᠬᠤᠢ ᠶᠢᠨ ᠳᠤᠮᠤ ᠤᠷᠤᠨ ᠠᠴᠠ ᠮᠠᠯ ᠠᠵᠥ ᠠᠬᠤᠢ ᠶᠢᠨ ᠬᠦᠴᠦᠷᠬᠡᠭ ᠤᠷᠤᠨ ᠳᠡᠰᠢ ᠬᠤᠪᠢᠷᠠᠬᠤ ᠶᠢ | ᠳᠦᠷᠬᠡᠤᠨᠬᠡᠨ ᠠᠬᠢᠭᠤᠯᠤᠨ᠎ᠡ᠃ ᠤᠳᠤᠬᠢᠴᠢᠯᠠᠬᠰᠠᠨ ᠵᠢᠱᠢᠶ᠎ᠡ ᠦᠵᠡᠬᠦᠯᠬᠦ ᠮᠠᠯᠵᠢᠯ ᠤᠨ ᠳᠠᠯᠠᠪᠠᠢ ᠶᠢᠨ ᠪᠦᠳᠦᠬᠡᠨ | ᠪᠠᠶᠢᠭᠤᠯᠤᠯᠳᠠ ᠪᠠᠷ ᠤᠳᠤᠷᠢᠳᠤᠮᠵᠢ ᠪᠤᠯᠭᠠᠵᠥ᠂ ᠮᠠᠯ ᠵᠢᠬᠦᠷᠳᠡᠨ ᠤ ᠪᠠᠷᠢᠮᠵᠢᠶᠠᠵᠢᠬᠰᠠᠨ ᠬᠡᠪᠴᠢᠶᠡᠵᠢᠭᠰᠡᠨ | ᠲᠡᠵᠢᠭᠡᠪᠤᠷᠢ ᠶᠢᠨ ᠳᠦᠷᠦᠯ ᠵᠦᠢᠯ ᠢ ᠨᠢᠬᠡᠳᠦᠯᠳᠡᠢ ᠳᠦᠯᠦᠪᠵᠢᠬᠦᠯᠵᠥ᠂ ᠬᠡᠷ ᠪᠦᠯᠢ ᠶᠢᠨ ᠮᠠᠯᠵᠢᠯ ᠤᠨ ᠳᠠᠯᠠᠪᠠᠢ᠂ | ᠬᠤᠷᠰᠢᠶ᠎ᠠ᠂ ᠳᠡᠵᠢᠬᠡᠪᠤᠷᠢ ᠶᠢᠨ ᠳᠤᠮᠤ ᠡᠷᠦᠬᠡ ᠵᠡᠷᠬᠡ ᠰᠢᠨ᠎ᠡ ᠬᠡᠯᠪᠡᠷᠢ ᠶᠢᠨ ᠡᠵᠡᠩᠨᠡᠯᠳᠡ ᠶᠢᠨ ᠭᠤᠤᠯ ᠴᠤᠬᠴᠠ ᠶᠢ | ᠪᠦᠬᠦ ᠬᠦᠴᠦᠨ ᠢᠶᠠᠷ ᠬᠦᠭᠵᠢᠭᠦᠯᠵᠤ᠂ ᠮᠠᠯᠵᠢᠬᠤ ᠤᠷᠤᠨ ᠤ ᠬᠡᠷ ᠪᠦᠯᠢ ᠶᠢᠨ ᠮᠠᠯᠵᠢᠯ ᠤᠨ ᠳᠠᠯᠠᠪᠠᠢ ᠪᠤᠯᠤᠨ | ᠳᠠᠷᠢᠶᠠᠯᠠᠬᠤ ᠤᠷᠤᠨ ᠤ ᠪᠠᠷᠢᠮᠵᠢᠶᠠᠵᠢᠬᠰᠠᠨ ᠬᠡᠪᠴᠢᠶᠡᠵᠢᠭᠰᠡᠨ ᠳᠡᠵᠢᠬᠡᠪᠤᠷᠢ ᠶᠢᠨ ᠬᠠᠷᠢᠴᠠᠯ ᠢ ᠨᠡᠮᠡᠭᠳᠡᠬᠦᠯᠵᠥ᠂ | ᠪᠠᠷᠢᠮᠵᠢᠶᠠᠵᠢᠬᠰᠠᠨ᠂ ᠡᠷᠴᠢᠮᠵᠢᠭᠰᠡᠨ᠂ ᠬᠡᠪᠴᠢᠶᠡᠵᠢᠭᠰᠡᠨ ᠳᠡᠵᠢᠬᠡᠪᠤᠷᠢ ᠶᠢᠨ ᠳᠦᠪᠰᠢᠨ ᠢ ᠳᠡᠬᠡᠭᠰᠢᠯᠡᠬᠦᠯᠦᠨ᠎ᠡ᠃ | ᠳᠠᠪᠠᠭᠤᠯᠢᠭ ᠤᠷᠤᠨ ᠤ ᠮᠠᠯ ᠠᠵᠥ ᠠᠬᠤᠢ ᠶᠢᠨ ᠬᠦᠭᠵᠢᠯᠳᠡ ᠶᠢ ᠳᠦᠷᠬᠡᠳᠬᠡᠵᠥ᠂ ︽ᠬᠤᠤᠰ ᠵᠠᠭᠤ ᠮᠢᠩᠭ᠎ᠠ | ᠳᠦᠮᠨ ᠶᠢᠨ ᠦᠨᠳᠦᠷ ᠤᠨᠠᠯᠳᠠ ᠶᠢ ᠡᠬᠦᠳᠦᠨ ᠪᠠᠶᠢᠭᠤᠯᠬᠤ ᠢᠨᠵᠧᠨᠧᠷᠢᠩ︾ ᠢ ᠬᠡᠷᠡᠭᠵᠢᠬᠦᠯᠵᠥ᠂ ︽ᠰᠠᠭᠠᠯᠢ ᠶᠢᠨ | ᠦᠨᠢᠶ᠎ᠡ ᠳᠡᠵᠢᠬᠡᠵᠥ ᠦᠷᠡᠵᠢᠬᠦᠯᠬᠦ ᠳᠠᠪᠤᠨ ᠤᠷᠤᠨ︾᠂ ︽ᠮᠢᠬᠠᠨ ᠤ ᠬᠤᠨᠢ ᠳᠡᠵᠢᠬᠡᠵᠥ ᠦᠷᠡᠵᠢᠬᠦᠯᠬᠦ ᠭᠤᠷᠪᠠᠨ | ᠤᠷᠤᠨ︾᠂ ︽ᠮᠢᠬᠠᠨ ᠤ ᠦᠬᠡᠷ ᠳᠡᠵᠢᠬᠡᠵᠥ ᠦᠷᠡᠵᠢᠬᠦᠯᠬᠦ ᠬᠤᠶᠠᠷ ᠤᠷᠤᠨ︾᠂ ︽ᠨᠤᠯᠤᠤᠷ ᠤᠨ ᠢᠮᠠᠭᠠᠨ ᠤ | ᠡᠬᠦᠯᠳᠡᠷ ᠤᠨ ᠡᠬᠢ ᠪᠠᠶᠠᠯᠢᠭ ᠢ ᠬᠠᠮᠠᠭᠠᠯᠠᠬᠤ ᠤᠷᠤᠨ︾ ᠤ ᠪᠦᠳᠦᠬᠡᠨ ᠪᠠᠶᠢᠭᠤᠯᠤᠯᠳᠠ ᠶᠢ ᠰᠠᠶᠢᠳᠤᠷ ᠠᠳᠬᠤᠵᠥ᠂ | ᠵᠡᠬᠦᠨ ᠬᠡᠰᠡᠭ ᠤᠨ ᠭᠤᠤᠯ ᠪᠤᠯᠬᠤ ᠠᠶᠢᠮᠠᠭ ᠬᠤᠳᠠ ᠶᠢᠨ ᠮᠢᠬᠠᠨ ᠤ ᠦᠬᠡᠷ ᠤᠨ ᠠᠵᠥ ᠦᠢᠯᠡᠰ ᠢ ᠬᠦᠭᠵᠢᠬᠦᠯᠦᠨ | ᠬᠦᠴᠦᠷᠬᠡᠭᠵᠢᠬᠦᠯᠬᠦ ᠶᠢ ᠳᠡᠮᠵᠢᠨ᠎ᠡ᠃ ᠮᠤᠷᠢ᠂ ᠳᠡᠮᠡᠭᠡ᠂ ᠡᠯᠵᠢᠬᠡ ᠵᠡᠷᠬᠡ ᠪᠤᠰᠤᠳ ᠮᠠᠯ ᠤᠨ ᠳᠦᠷᠦᠯ ᠤᠨ ᠠᠵᠥ | ᠦᠢᠯᠡᠰᠵᠢᠯᠳᠡ ᠶᠢᠨ ᠬᠦᠭᠵᠢᠯᠳᠡ ᠶᠢᠨ ᠵᠠᠮ ᠢ ᠢᠳᠡᠪᠬᠢᠳᠡᠢ ᠰᠦᠪᠡᠭᠴᠢᠯᠡᠵᠥ᠂ ᠮᠠᠯ ᠠᠵᠥ ᠠᠬᠤᠢ ᠶᠢᠨ | ᠬᠦᠭᠵᠢᠯᠳᠡ ᠶᠢᠨ ᠰᠢᠨ᠎ᠡ ᠳᠠᠪᠠᠭᠤᠯᠢᠭ ᠢ ᠪᠤᠶᠢᠵᠢᠭᠤᠯᠤᠨ᠎ᠠ᠃ ᠠᠮᠤ ᠪᠤᠳᠠᠭᠠᠨ ᠤ ᠭᠤᠤᠯ ᠤᠨᠠᠯᠳᠠ ᠶᠢᠨ ᠬᠤᠰᠢᠭᠤ | ᠰᠢᠶᠠᠨ ᠤ ᠪᠦᠬᠦ ᠰᠢᠶᠠᠨ ᠢᠶᠠᠷ ᠢᠶᠠᠨ ᠮᠢᠬᠠᠨ ᠤ ᠦᠬᠡᠷ ᠮᠢᠬᠠᠨ ᠤ ᠬᠤᠨᠢ ᠳᠡᠵᠢᠬᠡᠵᠥ ᠦᠷᠡᠵᠢᠬᠦᠯᠬᠦ ᠶᠢ ᠠᠬᠢᠭᠤᠯᠵᠥ᠂ | ᠭᠠᠭ᠋ᠠᠢ ᠬᠡᠷ ᠤᠨ ᠵᠢᠬᠦᠷᠳᠡᠨ ᠲᠡᠵᠢᠭᠡᠵᠦ ᠦᠷᠡᠵᠢᠭᠦᠯᠬᠦ ᠦᠢᠯᠡᠰ ᠢ ᠵᠤᠬᠢᠬᠤ ᠬᠡᠪᠴᠢᠶ᠎ᠡ ᠪᠠᠷ ᠬᠦᠭᠵᠢᠬᠦᠯᠦᠨ᠎ᠡ᠃ | ︵ᠭᠤᠷᠪᠠ︶ ᠮᠠᠯ ᠠᠵᠦ ᠠᠬᠤᠢ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠶᠢ ᠠᠬᠢᠭᠤᠯᠤᠨ᠎ᠠ᠃ ᠮᠠᠯ ᠠᠵᠦ ᠠᠬᠤᠢ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠪᠠᠶᠢᠭᠤᠯᠤᠮᠵᠢ ᠶᠢᠨ ᠦᠭᠡᠷᠡᠴᠢᠯᠡᠯᠲᠡ ᠶᠢ ᠬᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ | ᠪᠦᠲᠦᠭᠡᠯ ᠢ ᠬᠤᠪᠢᠷᠠᠭᠤᠯᠬᠤ ᠨᠤᠷᠮ᠎ᠠ ᠶᠢ ᠬᠦᠴᠦᠯᠡᠨ ᠲᠡᠭᠡᠭᠰᠢᠯᠡᠭᠦᠯᠦᠨ᠎ᠡ᠃ ᠮᠠᠯ ᠠᠵᠦ ᠠᠬᠤᠢ ᠲᠠᠷᠢᠶᠠᠯᠠᠩ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠯᠲᠡ ᠳᠠᠬᠢ ᠪᠡᠯᠡ ᠤᠷᠤᠭᠤᠯᠤᠯᠲᠠ ᠶᠢ ᠨᠡᠮᠡᠭᠳᠡᠭᠦᠯᠵᠦ᠂ | ᠦᠪᠠᠷ ᠤᠨ ᠦᠷᠲᠡᠭ ᠢ ᠠᠷᠪᠢᠯᠠᠨ ᠦᠷ᠎ᠡ ᠪᠦᠲᠦᠮᠵᠢ ᠶᠢ ᠲᠡᠭᠡᠭᠰᠢᠯᠡᠭᠦᠯᠬᠦ᠂ ᠴᠢᠨᠠᠷ ᠰᠠᠶᠢᠲᠠᠢ ᠠᠮᠤᠷ ᠲᠦᠪᠰᠢᠨ᠂ | ᠪᠤᠬᠢᠷᠲᠦᠯ ᠦᠭᠡᠢ ᠠᠮᠢ ᠠᠬᠤᠢ ᠶᠢ ᠬᠠᠮᠠᠭᠠᠯᠠᠭᠰᠠᠨ ᠵᠡᠷᠭᠡ ᠲᠡᠷᠢᠭᠦᠨ ᠤ ᠪᠤᠲᠠᠲᠤ ᠬᠡᠷᠡᠭᠯᠡᠭᠡᠨ ᠤ ᠮᠡᠷᠭᠡᠵᠢᠯ ᠢ | ᠰᠤᠳᠤᠯᠤᠨ ᠨᠡᠭᠡᠭᠡᠬᠦ ᠶᠢ ᠲᠡᠮᠵᠢᠨ᠎ᠡ᠃ ᠤᠳᠤ ᠦᠶ᠎ᠡ ᠶᠢᠨ ᠮᠠᠯ ᠠᠵᠦ ᠠᠬᠤᠢ ᠲᠠᠷᠢᠶᠠᠯᠠᠩ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠬᠦᠷᠢᠶᠡᠯᠡᠩ ᠲᠤᠭᠤᠷᠢᠭ᠂ ᠵᠢᠱᠢᠶ᠎ᠡ ᠦᠵᠡᠭᠦᠯᠬᠦ ᠰᠠᠭᠤᠷᠢᠨ᠂ ᠰᠢᠨᠵᠢᠯᠡᠬᠦ ᠤᠬᠠᠭᠠᠨ ᠮᠡᠷᠭᠡᠵᠢᠯ ᠤᠨ | ᠦᠢᠯᠡᠴᠢᠯᠡᠭᠡᠨ ᠤ ᠲᠤᠰᠬᠤᠨ ᠴᠢᠬ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠰᠦᠷᠴᠢᠨ ᠤᠰᠤᠯᠠᠯᠲᠠ᠂ | ᠰᠡᠪᠡᠷᠡᠭᠦᠨ ᠤᠰᠤᠯᠠᠯᠲᠠ᠂ ᠬᠤᠭᠤᠯᠠᠢ ᠪᠠᠷ ᠤᠰᠤ ᠳᠠᠮᠵᠢᠭᠤᠯᠬᠤ ᠵᠡᠷᠭᠡ ᠲᠡᠷᠢᠭᠦᠨ ᠤ ᠤᠰᠤ ᠠᠷᠪᠢᠯᠠᠬᠤ ᠤᠰᠤᠯᠠᠯᠲᠠ | ᠶᠢᠨ ᠮᠡᠷᠭᠡᠵᠢᠯ ᠢ ᠲᠡᠯᠭᠡᠷᠡᠭᠦᠯᠦᠨ᠂ ᠲᠡᠭᠡᠲᠦ ᠠᠰᠢᠬᠯᠠᠮᠵᠢᠲᠦ ᠤᠰᠤ ᠠᠷᠪᠢᠯᠠᠬᠤ ᠤᠰᠤᠯᠠᠯᠲᠠ ᠶᠢᠨ ᠮᠠᠯ ᠠᠵᠦ ᠠᠬᠤᠢ | ᠲᠠᠷᠢᠶᠠᠯᠠᠩ ᠢ ᠲᠦᠷᠬᠡᠳᠬᠡᠨ ᠬᠦᠭᠵᠢᠭᠦᠯᠦᠨ᠎ᠡ᠃ ᠲᠠᠪᠠᠭᠤᠯᠢᠬ ᠮᠠᠯ ᠲᠠᠵᠢᠭᠡᠪᠦᠷᠢ ᠪᠤᠯᠤᠨ ᠲᠠᠷᠢᠮᠠᠯ ᠤᠨ ᠦᠷ᠎ᠡ ᠶᠢᠨ | ᠦᠢᠯᠡᠰ ᠤᠨ ᠰᠢᠨ᠎ᠡ ᠶᠢ ᠡᠭᠦᠳᠬᠦ ᠢᠨᠵᠧᠨᠧᠷᠢᠩ ᠢ ᠬᠡᠷᠡᠭᠵᠢᠭᠦᠯᠦᠨ᠎ᠡ᠃ ᠲᠠᠷᠢᠶᠠᠯᠠᠩ ᠤᠨ ᠮᠠᠰᠢᠨ ᠲᠦᠭᠦᠭᠡᠷᠦᠮᠵᠢ ᠶᠢᠨ | ᠠᠵᠦ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠭᠦᠯᠬᠦ ᠶᠢ ᠠᠬᠢᠭᠤᠯᠵᠦ᠂ ᠮᠠᠯ ᠠᠵᠦ ᠠᠬᠤᠢ | ᠲᠠᠷᠢᠶᠠᠯᠠᠩ ᠤᠨ ᠮᠧᠬᠠᠨᠢᠬᠵᠢᠯᠳᠠ ᠶᠢᠨ ᠲᠦᠪᠰᠢᠨ ᠢ ᠲᠡᠭᠡᠭᠰᠢᠯᠡᠭᠦᠯᠦᠨ᠎ᠡ᠃ ᠮᠠᠯ ᠠᠵᠦ ᠠᠬᠤᠢ ᠲᠠᠷᠢᠶᠠᠯᠠᠩ ᠤᠨ | ᠮᠡᠲᠡᠭᠡ ᠵᠠᠩᠬᠢᠵᠢᠯᠲᠠ ᠶᠢᠨ ᠪᠠᠶᠢᠭᠤᠯᠤᠯᠲᠠ ᠶᠢ ᠲᠦᠷᠬᠡᠳᠬᠡᠨ ᠠᠬᠢᠭᠤᠯᠵᠦ᠂ ︽ᠢᠨᠲ᠋ᠧᠷ ᠰᠦᠯᠵᠢᠶ᠎ᠡ + ᠤᠳᠤ | ᠦᠶ᠎ᠡ ᠶᠢᠨ ᠮᠠᠯ ᠠᠵᠦ ᠠᠬᠤᠢ ᠲᠠᠷᠢᠶᠠᠯᠠᠩ︾ ᠤᠨ ᠠᠵᠢᠯᠯᠠᠭ᠎ᠠ ᠶᠢ ᠦᠷᠨᠢᠭᠦᠯᠦᠨ᠎ᠡ᠃ ᠤᠶᠤᠨᠴᠢ ᠮᠠᠯ ᠠᠵᠦ ᠠᠬᠤᠢ | ᠲᠠᠷᠢᠶᠠᠯᠠᠩ ᠤᠨ ᠴᠠᠬ ᠠᠭᠤᠷ ᠤᠨ ᠢᠨᠵᠧᠨᠧᠷᠢᠩ ᠢ ᠬᠡᠷᠡᠭᠵᠢᠭᠦᠯᠵᠦ᠂ ᠠᠯᠤᠰ ᠰᠡᠷᠡᠯ ᠤᠨ ᠮᠡᠷᠭᠡᠵᠢᠯ ᠤᠨ ᠬᠡᠷᠡᠭᠯᠡᠭᠡᠨ ᠢ | ᠠᠬᠢᠭᠤᠯᠵᠦ᠂ ᠴᠠᠬ ᠠᠭᠤᠷ ᠠᠴᠠ ᠮᠠᠯ ᠠᠵᠦ ᠠᠬᠤᠢ ᠲᠠᠷᠢᠶᠠᠯᠠᠩ ᠳᠤ ᠦᠢᠯᠡᠴᠢᠯᠡᠬᠦ ᠴᠢᠲᠠᠪᠤᠷᠢ ᠶᠢ | ᠲᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠭᠤᠯᠤᠮᠵᠢ ᠲᠤᠬᠲᠠᠴᠠ ᠶᠢ | ᠲᠡᠭᠦᠯᠲᠡᠷᠵᠢᠭᠦᠯᠵᠦ᠂ ᠦᠨᠳᠦᠰᠦᠨ ᠱᠠᠲᠤᠨ ᠤ ᠮᠠᠯ ᠠᠵᠦ ᠠᠬᠤᠢ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ | ᠢ ᠲᠡᠯᠭᠡᠷᠡᠭᠦᠯᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠦ᠂ ︽ᠰᠢᠨᠵᠢᠯᠡᠬᠦ ᠤᠬᠠᠭᠠᠨ ᠮᠡᠷᠭᠡᠵᠢᠯ ᠤᠨ | ᠠᠵᠢᠯᠲᠠᠨ ᠲᠤᠰᠬᠤᠨ ᠢ ᠲᠠᠭᠠᠭᠠᠴᠢᠯᠠᠨ ᠡᠷᠦᠭᠡ ᠲᠠᠢ ᠬᠠᠷᠢᠯᠴᠠᠬᠤ︾ ᠦᠢᠯᠡᠴᠢᠯᠡᠭᠡᠨ ᠤ ᠵᠠᠬᠪᠤᠷ ᠢ ᠲᠡᠯᠭᠡᠷᠡᠭᠦᠯᠵᠦ᠂ | ᠦᠨᠳᠦᠰᠦᠨ ᠱᠠᠲᠤᠨ ᠤ ᠮᠠᠯ ᠠᠵᠦ ᠠᠬᠤᠢ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠢ ᠲᠡᠯᠭᠡᠷᠡᠭᠦᠯᠬᠦ | ᠪᠠᠶᠢᠭᠤᠯᠤᠮᠵᠢ ᠪᠤᠯᠤᠨ ᠠᠵᠢᠯᠲᠠᠨ ᠢ ᠤᠷᠮᠠᠰᠢᠭᠤᠯᠬᠤ ᠲᠦᠷᠦ ᠶᠢᠨ ᠪᠤᠳᠤᠯᠭ᠎ᠠ ᠶᠢ ᠪᠦᠷᠢᠨᠰᠢᠭᠦᠯᠵᠦ᠂ ᠵᠠᠰᠠᠭ ᠤᠨ | ᠤᠷᠳᠤᠨ ᠤ ᠵᠠᠬ᠎ᠠ ᠲᠡᠯᠭᠡᠭᠦᠷ ᠤᠨ ᠦᠷᠢᠰᠦᠯᠲᠦᠬᠦ ᠬᠡᠯᠪᠡᠷᠢ ᠪᠠᠷ ᠲᠠᠷᠢᠶᠠᠯᠠᠩ ᠤᠨ ᠮᠠᠰᠢᠨ ᠢ ᠳᠡᠯᠭᠡᠷᠡᠭᠦᠯᠬᠦ | ᠦᠢᠯᠡᠴᠢᠯᠡᠭᠡ ᠶᠢ ᠬᠤᠳᠠᠯᠳᠤᠨ ᠠᠪᠬᠤ ᠲᠤᠬᠲᠠᠴᠠ ᠶᠢ ᠰᠦᠪᠡᠭᠴᠢᠯᠡᠨ ᠪᠠᠶᠢᠭᠤᠯᠤᠨ᠎ᠠ᠃ | ︵ᠲᠦᠷᠪᠡ︶ ᠶᠠᠰᠤ ᠴᠢᠨᠠᠷ ᠢᠶᠠᠷ ᠲᠠᠷᠢᠶᠠᠯᠠᠩ ᠢ ᠬᠦᠭᠵᠢᠭᠦᠯᠦᠨ ᠮᠠᠯ ᠠᠵᠦ ᠠᠬᠤᠢ ᠶᠢ ᠬᠦᠭᠵᠢᠭᠦᠯᠬᠦ | ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠦᠨ᠎ᠡ᠃ ᠶᠠᠰᠤ ᠴᠢᠨᠠᠷ ᠢᠶᠠᠷ ᠲᠠᠷᠢᠶᠠᠯᠠᠩ ᠢ ᠬᠦᠭᠵᠢᠭᠦᠯᠦᠨ ᠮᠠᠯ ᠠᠵᠦ | ᠠᠬᠤᠢ ᠶᠢ ᠬᠦᠭᠵᠢᠭᠦᠯᠬᠦ᠂ ᠪᠤᠬᠢᠷᠲᠦᠯ ᠦᠭᠡᠢ ᠪᠠᠷ ᠲᠠᠷᠢᠶᠠᠯᠠᠩ ᠢ ᠬᠦᠭᠵᠢᠭᠦᠯᠤᠨ ᠮᠠᠯ ᠠᠵᠦ ᠠᠬᠤᠢ ᠶᠢ | ᠬᠦᠭᠵᠢᠭᠦᠯᠬᠦ ᠶᠢ ᠪᠠᠷᠢᠮᠲᠠᠯᠠᠵᠦ᠂ ᠶᠠᠰᠤ ᠴᠢᠨᠠᠷ ᠢᠶᠠᠷ ᠲᠠᠷᠢᠶᠠᠯᠠᠩ ᠢ ᠬᠦᠭᠵᠢᠭᠦᠯᠦᠨ ᠮᠠᠯ ᠠᠵᠦ ᠠᠬᠤᠢ ᠶᠢ | ᠬᠦᠭᠵᠢᠭᠦᠯᠬᠦ ᠲᠦᠯᠦᠪᠵᠢᠭᠦᠯᠭᠡ ᠶᠢ ᠲᠤᠬᠲᠠᠭᠠᠬᠤ ᠪᠠ ᠬᠡᠷᠡᠭᠵᠢᠭᠦᠯᠵᠦ᠂ ᠶᠠᠰᠤ ᠴᠢᠨᠠᠷ ᠢᠶᠠᠷ ᠲᠠᠷᠢᠶᠠᠯᠠᠩ ᠢ | ᠬᠦᠭᠵᠢᠭᠦᠯᠦᠨ ᠮᠠᠯ ᠠᠵᠦ ᠠᠬᠤᠢ ᠶᠢ ᠬᠦᠭᠵᠢᠭᠦᠯᠬᠦ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠪᠠᠶᠢᠭᠤᠯᠤᠨ | ᠪᠦᠷᠢᠨᠰᠢᠭᠦᠯᠵᠦ᠂ ᠮᠠᠯ ᠠᠵᠦ ᠠᠬᠤᠢ ᠲᠠᠷᠢᠶᠠᠯᠠᠩ ᠤᠨ ᠬᠦᠭᠵᠢᠯᠲᠡ ᠶᠢ ᠦᠢᠯᠡᠳᠪᠦᠷᠢᠯᠡᠯ ᠢ ᠨᠡᠮᠡᠭᠲᠡᠭᠦᠯᠬᠦ | ᠤᠳᠤᠷᠢᠳᠤᠮᠵᠢ ᠠᠴᠠ ᠴᠢᠨᠠᠷ ᠢ ᠲᠡᠭᠡᠭᠰᠢᠯᠡᠭᠦᠯᠬᠦ ᠤᠳᠤᠷᠢᠲᠤᠮᠵᠢ ᠪᠤᠯᠭᠠᠨ ᠬᠤᠪᠢᠷᠠᠭᠤᠯᠬᠤ ᠶᠢ ᠠᠬᠢᠭᠤᠯᠵᠦ᠂ ᠮᠠᠯ | ᠠᠵᠦ ᠠᠬᠤᠢ ᠲᠠᠷᠢᠶᠠᠯᠠᠩ ᠤᠨ ᠦᠢᠯᠡᠳᠪᠦᠷᠢᠯᠡᠯ ᠢ ᠶᠡᠷᠦᠩᠬᠡᠢ ᠬᠡᠮᠵᠢᠶ᠎ᠡ ᠶᠢ ᠦᠷᠭᠡᠳᠬᠡᠬᠦ ᠠᠴᠠ ᠶᠠᠰᠤ ᠴᠢᠨᠠᠷ ᠢ | ᠲᠡᠭᠡᠭᠰᠢᠯᠡᠭᠦᠯᠬᠦ ᠲᠡᠰᠢ ᠬᠤᠪᠢᠷᠠᠭᠤᠯᠬᠤ ᠶᠢ ᠪᠡᠶᠡᠯᠡᠭᠦᠯᠦᠨ᠎ᠡ᠃ ᠰᠠᠶᠢᠨ ᠰᠠᠶᠢᠬᠠᠨ ᠲᠠᠷᠢᠶᠠᠯᠠᠩ ᠤᠨ ᠲᠦᠷᠢᠮᠵᠢᠯ ᠢ | ᠬᠡᠷᠡᠭᠵᠢᠭᠦᠯᠦᠨ᠎ᠡ᠃ ᠪᠤᠬᠢᠷᠲᠦᠯ ᠦᠭᠡᠢ ᠮᠠᠯ ᠤᠨ ᠠᠰᠢᠬ ᠰᠢᠮ᠎ᠡ ᠲᠠᠷᠢᠶᠠᠯᠠᠩ ᠤᠨ ᠪᠦᠲᠦᠭᠡᠭᠲᠡᠭᠦᠨ ᠤ | ᠦᠢᠯᠡᠳᠪᠦᠷᠢᠯᠡᠯ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠦ᠂ ᠨᠢᠭᠡᠲᠦᠯᠲᠡᠢ ᠰᠡᠷᠬᠡᠶᠢᠯᠡᠨ | ᠨᠢᠭᠡᠲᠦᠯᠲᠡᠢ ᠵᠠᠰᠠᠬᠤ᠂ ᠪᠤᠬᠢᠷᠲᠦᠯ ᠦᠭᠡᠢ ᠪᠠᠷ ᠰᠡᠷᠬᠡᠶᠢᠯᠡᠨ ᠡᠵᠡᠮᠲᠡᠬᠦ᠂ ᠨᠠᠶᠢᠷᠠᠯᠭ᠎ᠠ ᠲᠠᠢ ᠪᠤᠷᠳᠤᠭᠤᠷ ᠤᠷᠤᠭᠤᠯᠬᠤ᠂ | ᠡᠷᠡᠭᠦᠯ ᠢᠶᠠᠷ ᠲᠡᠵᠢᠭᠡᠨ ᠦᠷᠡᠵᠢᠭᠦᠯᠬᠦ ᠪᠠ ᠦᠨᠳᠦᠷ ᠪᠦᠲᠦᠮᠵᠢᠲᠦ ᠲᠤᠤᠷ᠎ᠠ ᠬᠤᠤᠷᠠᠳᠠᠯ ᠤᠨ ᠲᠠᠷᠢᠶᠠᠨ ᠡᠮ ᠪᠠ ᠮᠠᠯ | ᠤᠨ ᠡᠮ ᠬᠡᠷᠡᠭᠯᠡᠬᠦ ᠵᠡᠷᠭᠡ ᠪᠠᠷᠢᠮᠵᠢᠶᠠᠵᠢᠬᠰᠠᠨ ᠦᠢᠯᠡᠳᠪᠦᠷᠢᠯᠡᠯ ᠤᠨ ᠮᠡᠷᠭᠡᠵᠢᠯ ᠢ ᠬᠡᠷᠡᠭᠵᠢᠭᠦᠯᠵᠦ᠂ ᠰᠢᠨ᠎ᠡ ᠬᠡᠯᠪᠡᠷᠢ | ᠶᠢᠨ ᠡᠵᠡᠩᠨᠡᠯᠲᠡ ᠶᠢᠨ ᠭᠤᠤᠯ ᠴᠤᠬᠴᠠ ᠪᠠᠷ ᠮᠠᠯᠴᠢᠨ ᠲᠠᠷᠢᠶᠠᠴᠢᠨ ᠡᠷᠦᠭᠡ ᠶᠢ ᠲᠠᠶᠢᠴᠢᠯᠠᠨ ᠲᠦᠷᠢᠮᠵᠢᠭᠰᠡᠨ | ᠪᠠᠷᠢᠮᠵᠢᠶᠠᠵᠢᠬᠰᠠᠨ ᠦᠢᠯᠡᠳᠪᠦᠷᠢᠯᠡᠯ ᠤᠨ ᠵᠠᠮ ᠢᠶᠠᠷ ᠵᠠᠮᠨᠠᠭᠤᠯᠤᠨ᠎ᠠ᠃ ᠠᠵᠦ ᠦᠢᠯᠡᠰ ᠢᠶᠠᠷ ᠬᠦᠲᠡᠭᠡ ᠲᠤᠰᠬᠤᠨ ᠢ | ᠬᠦᠭᠵᠢᠭᠦᠯᠦᠨ ᠬᠤᠰᠢᠭᠤ ᠰᠢᠶᠠᠨ ᠢ ᠬᠦᠴᠦᠷᠭᠡᠭᠵᠢᠭᠦᠯᠬᠦ ᠠᠵᠢᠯᠯᠠᠭ᠎ᠠ ᠪᠠᠷ ᠭᠠᠷᠳᠠᠴᠠ ᠪᠤᠯᠭᠠᠨ᠂ ᠬᠤᠰᠢᠭᠤ ᠰᠢᠶᠠᠨ | ᠤ ᠲᠠᠪᠠᠭᠤᠯᠢᠬ ᠤᠨᠴᠠᠯᠢᠬᠲᠦ ᠮᠠᠯ ᠠᠵᠦ ᠠᠬᠤᠢ ᠲᠠᠷᠢᠶᠠᠯᠠᠩ ᠤᠨ ᠠᠵᠦ ᠦᠢᠯᠡᠰ ᠢ ᠶᠡᠬᠡᠪᠡᠷ ᠬᠦᠭᠵᠢᠭᠦᠯᠵᠦ᠂ ᠨᠢᠭᠡ | ᠪᠦᠯᠦᠭ ᠤᠨᠴᠠᠯᠢᠬᠲᠦ ᠠᠵᠦ ᠦᠢᠯᠡᠰ ᠢ ᠴᠤᠬᠴᠠᠯᠠᠨ ᠬᠤᠰᠢᠭᠤ ᠰᠢᠶᠠᠨ ᠢ ᠬᠦᠴᠦᠷᠭᠡᠭᠵᠢᠭᠦᠯᠦᠨ᠎ᠡ᠃ ᠤᠢ | ᠰᠢᠭᠤᠢ ᠶᠢ ᠬᠦᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠤᠢ ᠰᠢᠭᠤᠢ ᠶᠢᠨ ᠠᠮᠢ | ᠠᠬᠤᠢ ᠶᠢᠨ ᠪᠡᠯᠭᠡ ᠲᠡᠮᠳᠡᠭᠲᠦ ᠦᠢᠯᠡᠳᠭᠦᠨ ᠤ ᠪᠠᠶᠢᠭᠤᠯᠤᠯᠲᠠ ᠶᠢᠨ ᠢᠨᠵᠧᠨᠧᠷᠢᠩ ᠢ ᠠᠭᠢᠭᠤᠯᠤᠨ᠎ᠠ᠃ ᠤᠷᠭᠤᠮᠠᠯ | ᠤᠨ ᠡᠪᠡᠳᠴᠢᠨ ᠬᠤᠷᠤᠬᠠᠢ ᠶᠢᠨ ᠬᠦᠨᠦᠭᠡᠯ᠂ ᠠᠮᠢᠲᠠᠨ ᠤ ᠬᠢᠵᠢᠭ ᠢ ᠰᠡᠷᠭᠡᠶᠢᠯᠡᠨ ᠡᠵᠮᠡᠳᠡᠬᠦ ᠰᠢᠰᠲ᠋ᠧᠮ ᠤᠨ | ᠪᠠᠶᠢᠭᠤᠯᠤᠯᠲᠠ ᠶᠢ ᠴᠢᠩᠭᠠᠳᠬᠠᠨ᠎ᠠ᠃ ᠢᠳᠡᠭᠡᠨ ᠤ ᠠᠮᠤᠷ ᠲᠦᠪᠰᠢᠨ ᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ | ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠲᠦᠭᠡᠭᠳᠡᠭᠦᠨ ᠤ ᠶᠠᠰᠦ ᠴᠢᠨᠠᠷ ᠪᠠ ᠢᠳᠡᠭᠡᠨ ᠤ ᠠᠮᠤᠷ ᠲᠦᠪᠰᠢᠨ ᠤ | ᠪᠠᠷᠢᠮᠵᠢᠶ᠎ᠠ ᠶᠢ ᠲᠡᠭᠦᠯᠳᠡᠷᠵᠢᠭᠦᠯᠵᠦ᠂ ᠲᠠᠷᠢᠶᠠᠨ ᠭᠠᠵᠠᠷ ᠮᠠᠯᠵᠢᠯ ᠤᠨ ᠲᠠᠯᠠᠪᠠᠢ ᠠᠴᠠ ᠬᠤᠭᠤᠯᠠᠨ ᠰᠢᠷᠡᠭᠡᠨ ᠳᠤ | ᠬᠦᠷᠲᠡᠯᠡᠬᠢ ᠶᠠᠰᠤ ᠴᠢᠨᠠᠷ ᠢ ᠮᠦᠷᠳᠡᠬᠦ ᠰᠢᠰᠲ᠋ᠧᠮ ᠢ ᠪᠦᠷᠢᠨᠰᠢᠭᠦᠯᠦᠨ᠎ᠡ᠃ ᠮᠠᠯ ᠤᠨ ᠠᠰᠢᠭ ᠰᠢᠮ᠎ᠠ ᠲᠠᠷᠢᠶᠠᠯᠠᠩ ᠤᠨ | ᠪᠦᠲᠦᠭᠡᠭᠳᠡᠭᠦᠨ ᠤ ᠶᠠᠰᠦ ᠴᠢᠨᠠᠷ ᠠᠮᠤᠷ ᠲᠦᠪᠰᠢᠨ ᠪᠠ ᠢᠳᠡᠭᠡᠨ ᠤ ᠠᠮᠤᠷ ᠲᠦᠪᠰᠢᠨ ᠢ ᠬᠢᠨᠠᠨ ᠬᠠᠮᠢᠶᠠᠷᠬᠤ | ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠦ᠂ ᠬᠤᠰᠢᠭᠤ ᠰᠢᠶᠠᠨ ︵ᠬᠤᠲᠠ᠂ ᠲᠤᠭᠤᠷᠢᠭ︶᠂ ᠰᠤᠮᠤ ᠰᠢᠶᠠᠩ | ᠪᠠᠯᠭᠠᠰᠤᠨ ᠤ ᠬᠢᠨᠠᠨ ᠬᠠᠮᠢᠶᠠᠷᠬᠤ ᠴᠢᠳᠠᠪᠤᠷᠢ ᠶᠢ ᠲᠡᠭᠡᠭᠰᠢᠯᠡᠭᠦᠯᠦᠨ᠎ᠡ᠃ ᠮᠠᠯ ᠤᠨ ᠠᠰᠢᠭ ᠰᠢᠮ᠎ᠠ ᠲᠠᠷᠢᠶᠠᠯᠠᠩ ᠤᠨ | ᠪᠦᠲᠦᠭᠡᠭᠳᠡᠭᠦᠨ ᠤ ᠶᠠᠰᠦ ᠴᠢᠨᠠᠷ ᠠᠮᠤᠷ ᠲᠦᠪᠰᠢᠨ ᠰᠢᠶᠠᠨ ᠤ ᠪᠠᠶᠢᠭᠤᠯᠤᠯᠲᠠ ᠶᠢ ᠠᠭᠢᠭᠤᠯᠤᠨ᠎ᠠ᠃ | ︵ᠲᠠᠪᠤ︶ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠦ ᠦᠢᠯᠡᠰ ᠤᠨ ᠠᠭᠤᠰᠤᠯᠴᠠᠨ ᠬᠦᠭᠵᠢᠬᠦ ᠶᠢ | ᠠᠭᠢᠭᠤᠯᠤᠨ᠎ᠠ᠃ ᠤᠳᠤ ᠦᠶ᠎ᠡ ᠶᠢᠨ ᠠᠵᠦ ᠦᠢᠯᠡᠰ ᠤᠨ ᠬᠦᠭᠵᠢᠯᠲᠡ ᠶᠢᠨ ᠣᠨᠣᠯᠵᠢᠬᠤᠨ ᠪᠠ ᠵᠤᠬᠢᠶᠠᠨ | ᠪᠠᠶᠢᠭᠤᠯᠤᠯᠲᠠ ᠶᠢᠨ ᠠᠷᠭ᠎ᠠ ᠬᠡᠯᠪᠡᠷᠢ ᠶᠢ ᠮᠠᠯ ᠠᠵᠦ ᠠᠬᠤᠢ ᠲᠠᠷᠢᠶᠠᠯᠠᠩ ᠳᠤ ᠬᠡᠷᠡᠭᠯᠡᠵᠦ᠂ ᠮᠠᠯ ᠠᠵᠦ ᠠᠬᠤᠢ | ᠲᠠᠷᠢᠶᠠᠯᠠᠩ ᠤᠨ ᠤᠯᠠᠨ ᠲᠦᠷᠦᠯ ᠤᠨ ᠴᠢᠳᠠᠪᠤᠷᠢ ᠶᠢ ᠨᠡᠭᠡᠭᠡᠨ᠂ ᠠᠵᠦ ᠦᠢᠯᠡᠰ ᠤᠨ ᠬᠡᠯᠬᠢᠶ᠎ᠡ ᠶᠢ ᠤᠷᠳᠤᠳᠬᠠᠵᠦ᠂ | ᠬᠠᠨᠭ᠍ᠭᠠᠯᠭ᠎ᠠ ᠶᠢᠨ ᠬᠡᠯᠬᠢᠶ᠎ᠡ ᠶᠢ ᠪᠠᠶᠢᠭᠤᠯᠵᠤ᠂ ᠨᠡᠮᠡᠯᠲᠡ ᠦᠷᠳᠡᠭ ᠢ ᠨᠡᠮᠡᠭᠳᠡᠭᠦᠯᠵᠦ᠂ ᠮᠠᠯᠵᠢᠬᠤ ᠲᠠᠷᠢᠶᠠᠯᠠᠬᠤ ᠤᠷᠤᠨ | ᠤ ᠠᠵᠦ ᠦᠢᠯᠡᠰ ᠤᠨ ᠶᠠᠰᠤ ᠴᠢᠨᠠᠷ ᠢ ᠲᠡᠭᠡᠭᠰᠢᠯᠡᠭᠦᠯᠦᠨ ᠦᠷ᠎ᠡ ᠪᠦᠲᠦᠮᠵᠢ ᠶᠢ ᠨᠡᠮᠡᠭᠳᠡᠭᠦᠯᠬᠦ ᠪᠠ ᠤᠯᠠᠨ ᠡᠰᠢᠲᠦ | ᠬᠦᠭᠵᠢᠯᠲᠡ ᠶᠢ ᠠᠭᠢᠭᠤᠯᠤᠨ᠎ᠠ᠃ ᠮᠠᠯᠵᠢᠬᠤ ᠲᠠᠷᠢᠶᠠᠯᠬᠠᠤ ᠤᠷᠤᠨ ᠤ ᠠᠵᠦ ᠦᠢᠯᠡᠰ ᠤᠨ ᠠᠭᠤᠰᠤᠯᠴᠠᠯ ᠤᠨ ᠵᠢᠱᠢᠶ᠎ᠡ | ᠦᠵᠡᠭᠦᠯᠬᠦ ᠬᠦᠷᠢᠶᠡᠯᠡᠩ ᠤᠨ ᠪᠠᠶᠢᠭᠤᠯᠤᠯᠲᠠ ᠶᠢ ᠡᠬᠢᠯᠡᠭᠦᠯᠵᠦ᠂ ︽ᠵᠠᠭᠤᠨ ᠰᠢᠶᠠᠨ᠂ ᠮᠢᠩᠭᠠᠨ ᠰᠢᠶᠡᠩ᠂ ᠲᠦᠮᠡᠨ | ᠲᠤᠰᠬᠤᠨ︾ ᠤ ᠠᠵᠦ ᠦᠢᠯᠡᠰ ᠤᠨ ᠠᠭᠤᠰᠤᠯᠴᠠᠯ ᠤᠨ ᠵᠢᠱᠢᠶ᠎ᠡ ᠦᠵᠡᠭᠦᠯᠬᠦ ᠢᠨᠵᠧᠨᠧᠷᠢᠩ ᠢ ᠦᠷᠭᠦᠯᠵᠢᠯᠡᠨ | ᠬᠡᠷᠡᠭᠵᠢᠭᠦᠯᠦᠨ᠎ᠡ᠃ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠲᠦᠭᠡᠭᠳᠡᠭᠦᠨ ᠢ ᠡᠳ᠋ᠰᠢᠭᠦᠯᠬᠦ ᠦᠢᠯᠡᠰ ᠤᠨ ᠶᠠᠰᠤ | ᠴᠢᠨᠠᠷ ᠢ ᠲᠡᠭᠡᠭᠰᠢᠯᠡᠭᠦᠯᠵᠦ ᠦᠷ᠎ᠡ ᠪᠦᠲᠦᠮᠵᠢ ᠶᠢ ᠨᠡᠮᠡᠭᠳᠡᠭᠦᠯᠬᠦ ᠠᠵᠢᠯᠯᠠᠭ᠎ᠠ ᠶᠢᠨ ᠲᠦᠯᠦᠪᠯᠡᠯᠭᠡ ᠶᠢ ᠬᠡᠷᠡᠭᠵᠢᠭᠦᠯᠵᠦ᠂ | ᠠᠵᠢᠯ ᠲᠦᠷᠦᠯ ᠢ ᠨᠢᠢᠳᠭᠡᠬᠦ᠂ ᠤᠷᠤᠨ ᠪᠦᠰᠡ ᠠᠯᠤᠰᠯᠠᠵᠦ ᠬᠤᠯᠪᠤᠭᠠᠯᠠᠬᠤ ᠪᠠ ᠬᠠᠮᠳᠤᠷᠠᠯᠴᠠᠬᠤ ᠶᠢ ᠲᠦᠷᠭᠡᠳᠭᠡᠵᠦ᠂ | ᠠᠵᠦ ᠦᠢᠯᠡᠰᠵᠢᠯᠲᠡ ᠶᠢᠨ ᠳᠠᠭᠠᠭᠤᠯᠤᠭᠴᠢ ᠠᠵᠤ ᠠᠬᠤᠶᠢᠯᠠᠯ ᠢ ᠪᠤᠶᠢᠵᠢᠭᠤᠯᠵᠦ᠂ ᠮᠠᠯ ᠤᠨ ᠠᠰᠢᠭ ᠰᠢᠮ᠎ᠠ | ᠲᠠᠷᠢᠶᠠᠯᠠᠩ ᠤᠨ ᠪᠦᠲᠦᠭᠡᠭᠳᠡᠭᠦᠨ ᠢ ᠭᠠᠷᠤᠯᠲᠠ ᠶᠢᠨ ᠤᠷᠤᠨ ᠳᠤᠨᠢ ᠠᠩᠬ᠎ᠠ ᠡᠳ᠋ᠰᠢᠭᠦᠯᠬᠦ ᠨᠦᠬᠦᠪᠦᠷᠢ ᠪᠠ ᠮᠠᠯ ᠤᠨ | ᠠᠰᠢᠭ ᠰᠢᠮ᠎ᠠ ᠲᠠᠷᠢᠶᠠᠯᠠᠩ ᠤᠨ ᠪᠦᠲᠦᠭᠡᠭᠳᠡᠭᠦᠨ ᠢ ᠨᠠᠷᠢᠯᠢᠭ ᠡᠳ᠋ᠰᠢᠭᠦᠯᠬᠦ ᠲᠤᠭᠳᠠᠮᠠᠯ ᠬᠦᠷᠦᠩᠭᠡ ᠶᠢᠨ ᠪᠡᠯᠡ | ᠤᠷᠤᠭᠤᠯᠤᠯᠲᠠ ᠳᠤ ᠡᠳ᠋ ᠤᠨ ᠵᠠᠰᠠᠭ ᠤᠨ ᠨᠦᠬᠦᠪᠦᠷᠢ ᠦᠭᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠦ᠂ | ᠭᠤᠤᠯ ᠭᠠᠷᠤᠯᠲᠠ ᠶᠢᠨ ᠤᠷᠤᠨ ᠤ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠲᠦᠭᠡᠭᠳᠡᠭᠦᠨ ᠢ ᠲᠤᠬᠠᠢ ᠶᠢᠨ | ᠭᠠᠵᠠᠷ ᠲᠤᠨᠢ ᠡᠳ᠋ᠰᠢᠭᠦᠯᠵᠦ ᠬᠤᠪᠢᠷᠠᠭᠤᠯᠤᠨ ᠦᠷᠳᠡᠭ ᠢ ᠨᠢ ᠨᠡᠮᠡᠭᠳᠡᠭᠦᠯᠬᠦ ᠶᠢ ᠲᠡᠮᠵᠢᠨ᠎ᠡ᠃ ᠡᠯᠧᠺᠲᠷᠣᠨ | ᠬᠤᠳᠠᠯᠳᠤᠭ᠎ᠠ ᠶᠢ ᠮᠠᠯᠵᠢᠬᠤ ᠲᠠᠷᠢᠶᠠᠯᠠᠬᠤ ᠤᠷᠤᠨ ᠳᠤ ᠤᠷᠤᠭᠤᠯᠤᠨ ᠶᠡᠷᠦᠩᠭᠡᠶᠢᠯᠡᠨ ᠵᠢᠱᠢᠶ᠎ᠡ ᠦᠵᠡᠭᠦᠯᠬᠦ ᠶᠢ | ᠬᠦᠨᠵᠡᠭᠡᠢ ᠬᠡᠷᠡᠭᠵᠢᠭᠦᠯᠵᠦ᠂ ᠡᠯ᠎ᠡ ᠲᠦᠷᠦᠯ ᠤᠨ ᠵᠠᠬ᠎ᠠ ᠲᠡᠯᠭᠡᠭᠦᠷ ᠤᠨ ᠭᠤᠤᠯ ᠴᠤᠭᠴᠠ ᠶᠢᠨ ᠢᠨᠲ᠋ᠧᠷ ᠰᠦᠯᠵᠢᠶᠡᠨ | ᠳᠤ ᠰᠠᠭᠤᠷᠢᠯᠠᠭᠰᠠᠨ ᠰᠢᠨ᠎ᠡ ᠬᠡᠯᠪᠡᠷᠢ ᠶᠢᠨ ᠮᠠᠯ ᠠᠵᠦ ᠠᠬᠤᠢ ᠲᠠᠷᠢᠶᠠᠯᠠᠩ ᠤᠨ ᠠᠵᠦ ᠦᠢᠯᠡᠰ ᠤᠨ ᠵᠠᠭᠪᠤᠷ ᠢ | ᠰᠢᠨ᠎ᠡ ᠶᠢ ᠡᠭᠦᠳᠦᠨ ᠬᠦᠭᠵᠢᠭᠦᠯᠬᠦ ᠶᠢ ᠵᠤᠷᠢᠭᠵᠢᠭᠤᠯᠤᠨ᠎ᠠ᠃ ᠮᠠᠯᠵᠢᠬᠤ ᠲᠠᠷᠢᠶᠠᠯᠠᠬᠤ ᠤᠷᠤᠨ ᠤ ᠭᠦᠢᠯᠭᠡᠭᠡᠨ ᠤ | ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠦ᠂ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠲᠦᠭᠡᠭᠳᠡᠭᠦᠨ ᠢ | ᠪᠤᠷᠤᠯᠠᠭᠤᠯᠬᠤ ᠤᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠬᠠᠨᠭ᠍ᠭᠠᠨ ᠪᠤᠷᠤᠯᠠᠭᠤᠯᠬᠤ᠂ | ᠰᠢᠦᠳᠠᠨ ᠤ ᠶᠠᠪᠤᠳᠠᠯ᠂ ᠲᠦᠷᠭᠡᠨ ᠭᠤᠪᠢᠭᠤᠯᠭ᠎ᠠ ᠵᠢᠴᠢ ᠡᠯ᠎ᠡ ᠲᠦᠷᠦᠯ ᠤᠨ ᠠᠵᠦ ᠠᠬᠤᠶᠢᠯᠠᠯ ᠤᠨ ᠬᠢᠨ ᠤ | ᠦᠢᠯᠡᠴᠢᠯᠡᠭᠡᠨ ᠤ ᠲᠤᠤᠷ ᠴᠢᠬ ᠢᠶᠠᠨ ᠰᠤᠮᠤ ᠰᠢᠶᠠᠩ ᠪᠠᠯᠭᠠᠰᠦ ᠪᠠ ᠭᠠᠴᠠᠭ᠎ᠠ ᠲᠤᠰᠬᠤᠨ ᠳᠤ ᠬᠦᠷᠲᠡᠯ᠎ᠡ | ᠦᠷᠭᠡᠳᠭᠡᠬᠦ ᠶᠢ ᠲᠡᠮᠵᠢᠵᠦ᠂ ᠤᠳᠤᠬᠢᠴᠢᠯᠠᠭᠰᠠᠨ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠲᠦᠭᠡᠭᠳᠡᠭᠦᠨ ᠤ | ᠬᠦᠢᠲᠡᠨ ᠬᠦᠮᠦᠷᠭᠡ ᠶᠢᠨ ᠪᠤᠳᠠᠰ ᠤᠨ ᠭᠦᠢᠯᠭᠡᠭᠡ ᠶᠢᠨ ᠰᠢᠰᠲ᠋ᠧᠮ ᠢ ᠪᠠᠶᠢᠭᠤᠯᠵᠦ᠂ ᠮᠠᠯ ᠤᠨ ᠠᠰᠢᠭ ᠰᠢᠮ᠎ᠠ | ᠲᠠᠷᠢᠶᠠᠯᠠᠩ ᠤᠨ ᠪᠦᠲᠦᠭᠡᠭᠳᠡᠭᠦᠨ ᠤ ᠭᠠᠷᠤᠯᠲᠠ ᠶᠢᠨ ᠤᠷᠤᠨ ᠤ ᠪᠦᠭᠡᠮ ᠢᠶᠠᠷ ᠬᠤᠳᠠᠯᠳᠤᠬᠤ ᠵᠠᠬ᠎ᠠ ᠲᠡᠯᠭᠡᠭᠦᠷ ᠤᠨ | ᠪᠠᠶᠢᠭᠤᠯᠤᠯᠲᠠ ᠶᠢ ᠲᠡᠮᠵᠢᠵᠦ᠂ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠲᠦᠭᠡᠭᠳᠡᠭᠦᠨ ᠬᠤᠲᠠ ᠤᠷᠤᠬᠤ᠂ ᠠᠵᠦ | ᠦᠢᠯᠡᠳᠪᠦᠷᠢ ᠶᠢᠨ ᠪᠦᠲᠦᠭᠡᠭᠳᠡᠭᠦᠨ ᠬᠦᠳᠡᠭᠡ ᠪᠠᠭᠤᠬᠤ ᠬᠤᠤᠰ ᠴᠢᠭᠯᠡᠯᠲᠦ ᠪᠤᠳᠠᠰ ᠤᠨ ᠬᠦᠢᠯᠭᠡᠭᠡᠨ ᠤ ᠠᠷᠭ᠎ᠠ ᠵᠠᠮ | ᠢ ᠨᠡᠪᠲᠡᠷᠡᠭᠦᠯᠦᠨ᠎ᠡ᠃ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠬᠡᠷᠡᠭᠯᠡᠭᠡᠨ ᠤ ᠱᠠᠭᠠᠷᠳᠠᠯᠭ᠎ᠠ ᠶᠢᠨ ᠰᠢᠨ᠎ᠡ | ᠬᠤᠪᠢᠷᠠᠯᠲᠠ ᠲᠠᠢ ᠵᠤᠬᠢᠴᠠᠵᠦ᠂ ᠰᠡᠯᠡᠭᠦᠴᠡᠯ ᠤᠨ ᠮᠠᠯ ᠠᠵᠦ ᠠᠬᠤᠢ ᠲᠠᠷᠢᠶᠠᠯᠠᠩ ᠪᠠ ᠬᠦᠳᠡᠭᠡ ᠲᠤᠰᠬᠤᠨ ᠤ | ᠵᠤᠭᠠᠴᠠᠯ ᠤᠨ ᠤᠬᠢ ᠰᠢᠯᠢᠳᠡᠭ ᠢᠨᠵᠧᠨᠧᠷᠢᠩ ᠢ ᠬᠡᠷᠡᠭᠵᠢᠭᠦᠯᠵᠦ᠂ ᠡᠯ᠎ᠡ ᠭᠠᠵᠠᠷ ᠤᠨ ᠬᠢᠨ ᠤ ᠤᠨᠴᠠᠯᠢᠭᠲᠤ ᠡᠬᠢ | ᠪᠠᠶᠠᠯᠢᠭ ᠢᠶᠠᠨ ᠭᠦᠢᠴᠡᠳ ᠠᠭᠤᠳᠠᠯᠤᠨ᠂ ᠬᠡᠯᠪᠡᠷᠢ ᠨᠢ ᠤᠯᠠᠨ ᠶᠠᠩᠵᠤᠲᠦ᠂ ᠤᠨᠴᠠᠯᠢᠭ ᠨᠢ ᠰᠢᠨ᠎ᠡ ᠰᠡᠪᠡᠭᠦᠨ | ᠵᠤᠭᠠᠴᠠᠯ ᠤᠨ ᠦᠢᠯᠡᠳᠬᠦᠨ ᠢ ᠶᠡᠬᠡᠪᠡᠷ ᠬᠦᠭᠵᠢᠭᠦᠯᠬᠦ ᠶᠢ ᠵᠤᠷᠢᠭᠵᠢᠭᠤᠯᠵᠦ᠂ ᠨᠦᠭᠦᠴᠡᠯ ᠪᠦᠷᠢᠲᠦᠭᠰᠡᠨ ᠠᠶᠢᠯ | ᠲᠤᠰᠬᠤᠨ ᠳᠤ ᠬᠦᠳᠡᠭᠡ ᠨᠤᠲᠤᠭ ᠤᠨ ᠶᠡᠷᠦᠩᠭᠡᠶᠢᠯᠡᠭᠰᠡᠨ ᠴᠤᠭᠴᠠ ᠶᠢ ᠪᠠᠶᠢᠭᠤᠯᠵᠦ᠂ ᠤᠷᠤᠨ ᠨᠤᠲᠤᠭ ᠤᠨ | ᠤᠨᠴᠠᠯᠢᠭ᠂ ᠦᠨᠳᠦᠰᠦᠳᠡᠨ ᠤ ᠤᠨᠴᠠᠯᠢᠭ ᠲᠠᠢ ᠨᠢᠭᠡ ᠪᠦᠯᠦᠭ ︽ᠦᠵᠡᠰᠭᠦᠯᠡᠩᠲᠦ ᠰᠠᠶᠢᠬᠠᠨ ᠭᠠᠴᠠᠭ᠎ᠠ ᠪᠠᠯᠭᠠᠰᠦ︾ | ᠶᠢ ᠴᠤᠬᠴᠠᠯᠠᠨ᠎ᠠ᠃ ᠬᠦᠳᠡᠭᠡ ᠲᠣᠰᠬᠤᠨ ᠤ ᠭᠠᠵᠠᠷ ᠣᠷᠣᠨ ᠳᠤ ᠣᠷᠴᠢᠨ ᠲᠣᠭᠤᠷᠢᠨ ᠲᠠᠢ ᠨᠦᠬᠦᠷᠰᠡᠭ | ᠬᠡᠯᠪᠡᠷᠢ ᠶᠢᠨ ᠠᠵᠣ ᠠᠬᠤᠶᠢᠯᠠᠯ ᠡᠷᠬᠢᠯᠡᠬᠦ ᠶᠢ ᠵᠣᠷᠢᠬᠵᠢᠭᠤᠯᠣᠨ᠎ᠠ᠃ ᠬᠦᠳᠡᠭᠡ ᠲᠣᠰᠬᠤᠨ ᠤ ᠬᠠᠮᠳᠣ ᠪᠠᠷ ᠡᠳ᠋ᠯᠡᠬᠦ | ᠠᠵᠣ ᠠᠬᠤᠢ᠂ ᠪᠦᠲᠦᠭᠡᠯᠴᠢ ᠰᠡᠳᠬᠢᠮᠵᠢ ᠶᠢᠨ ᠮᠠᠯ ᠠᠵᠣ ᠠᠬᠤᠢ ᠲᠠᠷᠢᠶᠠᠯᠠᠩ᠂ ᠪᠡᠶᠡᠳᠡᠨ ᠤᠶᠢᠯᠠᠭᠠᠬᠤ | ᠣᠶᠢᠯᠡᠴᠢᠯᠡᠭᠡ᠂ ᠣᠨᠴᠠᠯᠢᠬᠳᠣ ᠰᠣᠶᠣᠯ ᠤᠨ ᠠᠵᠣ ᠣᠶᠢᠯᠡᠰ ᠵᠡᠷᠭᠡ ᠰᠢᠨ᠎ᠠ ᠨᠡᠮᠡᠭᠳᠡᠯ ᠤᠨ ᠴᠡᠭ ᠢ ᠢᠳᠡᠪᠬᠢᠳᠠᠢ | ᠪᠣᠶᠢᠵᠢᠭᠤᠯᠵᠣ᠂ ᠠᠵᠣ ᠣᠶᠢᠯᠡᠰ ᠤᠨ ᠠᠭᠤᠰᠣᠯᠴᠠᠨ ᠬᠦᠭᠵᠢᠬᠦ ᠶᠢ ᠠᠬᠢᠭᠤᠯᠣᠨ᠎ᠠ᠃ | ︵ᠵᠢᠷᠭᠤᠭ᠎ᠠ︶ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠣᠭᠡᠭᠳᠡᠬᠦᠨ ᠤ ᠲᠦᠷᠦᠯ ᠲᠡᠮᠳᠡᠭ ᠤᠨ | ᠪᠠᠶᠢᠭᠤᠯᠤᠯᠲᠠ ᠶᠢ ᠴᠢᠩᠭᠠᠳᠬᠠᠨ᠎ᠠ᠃ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠣᠭᠡᠭᠳᠡᠬᠦᠨ ᠤ ᠲᠦᠷᠦᠯ | ᠲᠡᠮᠳᠡᠭ ᠤᠨ ᠪᠠᠶᠢᠭᠤᠯᠤᠯᠲᠠ ᠶᠢᠨ ᠳᠤᠬᠠᠢ ᠲᠦᠷᠦ ᠶᠢᠨ ᠪᠣᠳᠣᠯᠭ᠎ᠠ ᠶᠢᠨ ᠲᠡᠮᠵᠢᠯᠭᠡ ᠶᠢᠨ ᠰᠢᠰᠲ᠋ᠧᠮ ᠢ | ᠲᠡᠬᠦᠯᠳᠡᠷᠵᠢᠬᠦᠯᠵᠣ᠂ ᠠᠵᠢᠯ ᠲᠦᠷᠦᠯ ᠠᠩᠬᠢᠯᠠᠨ᠂ ︽ᠭᠤᠷᠪᠠᠨ ᠪᠦᠳᠣᠭᠡᠭᠳᠡᠬᠦᠨ ᠨᠢᠬᠡ ᠢᠯᠡᠷᠬᠡᠶᠢᠯᠡᠯᠲᠦ ᠲᠡᠮᠲᠡᠭ︾ | ᠤᠨ ᠦᠨᠡᠯᠡᠯᠳᠠ᠂ ︽ᠲᠣᠮᠳᠠᠳᠣ ᠣᠯᠣᠰ ᠤᠨ ᠰᠠᠶᠢᠨ ᠠᠮᠣ ᠲᠣᠰᠣ︾ ᠶᠢᠨ ᠠᠵᠢᠯᠯᠠᠭ᠎ᠠ ᠶᠢᠨ ᠲᠦᠯᠦᠪᠯᠡᠭᠡ᠂ ᠮᠠᠯ ᠤᠨ | ᠠᠰᠢᠭ ᠰᠢᠮ᠎ᠠ ᠲᠠᠷᠢᠶᠠᠯᠠᠩ ᠤᠨ ᠪᠦᠳᠣᠭᠡᠭᠳᠡᠬᠦᠨ ᠤ ᠠᠭᠤᠷ ᠠᠮᠢᠰᠬᠤᠯ ᠤᠨ ᠶᠠᠰᠣ ᠴᠢᠨᠠᠷ ᠤᠨ ᠦᠨᠡᠯᠡᠯᠳᠡ ᠪᠠ | ᠨᠡᠷᠡᠳᠣ ᠰᠢᠯᠢᠳᠡᠭ ᠲᠦᠷᠦᠯ ᠲᠡᠮᠳᠡᠭ ᠢ ᠪᠣᠶᠢᠵᠢᠭᠤᠯᠬᠤ ᠵᠡᠷᠭᠡ ᠠᠵᠢᠯ ᠢ ᠭᠤᠣᠯᠳᠠᠯᠭ᠎ᠠ ᠲᠠᠢ᠂ ᠲᠦᠯᠦᠪᠯᠡᠭᠡ ᠲᠠᠢ ᠪᠠᠷ | ᠠᠬᠢᠭᠤᠯᠣᠨ᠎ᠠ᠃ ᠦᠪᠣᠷ ᠮᠣᠩᠭᠤᠯ ᠤᠨ ᠪᠣᠬᠢᠷᠳᠣᠯ ᠦᠭᠡᠢ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠣᠭᠡᠭᠳᠡᠬᠦᠨ | ᠤ ᠭᠠᠵᠠᠷ ᠣᠷᠣᠨ ᠤ ᠨᠡᠶᠢᠳᠡ ᠶᠢᠨ ᠬᠡᠷᠡᠭᠯᠡᠭᠡᠨ ᠤ ᠲᠦᠷᠦᠯ ᠲᠡᠮᠳᠡᠭ ᠢ ᠪᠠᠶᠢᠭᠤᠯᠬᠤ ᠢᠨᠵᠧᠨᠧᠷᠢᠩ ᠢ ᠡᠬᠢᠯᠡᠬᠦᠯᠵᠣ᠂ | ᠦᠬᠡᠷ ᠬᠤᠨᠢᠨ ᠮᠢᠬ᠎ᠠ᠂ ᠲᠦᠮᠦᠰᠣ ᠵᠡᠷᠭᠡ ᠲᠠᠪᠠᠭᠤᠯᠢᠭ ᠭᠤᠣᠯᠯᠠᠬᠤ ᠠᠵᠣ ᠣᠶᠢᠯᠡᠰ ᠲᠤ ᠦᠪᠡᠷᠳᠡᠭᠡᠨ ᠵᠠᠰᠠᠬᠤ | ᠣᠷᠣᠨ ᠤ ᠲᠡᠰ ᠤᠨ ︽ᠮᠣᠩᠭᠤᠯ︾ ᠦᠰᠦᠭ ᠤᠨ ᠲᠡᠮᠳᠡᠭᠳᠣ ᠭᠠᠵᠠᠷ ᠣᠷᠣᠨ ᠤ ᠨᠡᠶᠢᠳᠡ ᠶᠢᠨ ᠬᠡᠷᠡᠭᠯᠡᠭᠡᠨ ᠤ | ᠲᠦᠷᠦᠯ ᠲᠡᠮᠳᠡᠭ ᠢ ᠣᠷᠢᠳᠠᠪᠡᠷ ᠪᠣᠶᠢᠵᠢᠭᠤᠯᠵᠣ᠂ ᠠᠶᠢᠮᠠᠭ ᠬᠤᠳᠠ ᠶᠢᠨ ᠬᠢᠨ ᠤ ᠪᠦᠳᠣᠭᠡᠭᠳᠡᠬᠦᠨ ᠤ ᠶᠠᠰᠣ ᠴᠢᠨᠠᠷ᠂ | ᠭᠠᠷᠣᠯᠳᠠ ᠶᠢᠨ ᠣᠷᠣᠨ ᠤ ᠣᠷᠴᠢᠨ ᠲᠣᠭᠤᠷᠢᠨ ᠪᠠ ᠭᠠᠷ ᠤᠷᠠᠯᠠᠯ ᠮᠡᠷᠭᠡᠵᠢᠯ ᠢ ᠣᠶᠠᠯᠳᠣᠭᠤᠯᠣᠬᠰᠠᠨ ᠭᠠᠵᠠᠷ | ᠣᠷᠣᠨ ᠤ ᠲᠠᠪᠠᠭᠤᠯᠢᠭ ᠲᠦᠷᠦᠯ ᠲᠡᠮᠳᠡᠭ ᠢ ᠪᠣᠶᠢᠵᠢᠭᠤᠯᠬᠤ ᠶᠢ ᠲᠡᠮᠵᠢᠵᠣ᠂ ᠨᠦᠬᠦᠴᠡᠯ ᠲᠠᠢ ᠬᠤᠰᠢᠭᠤ ᠰᠢᠶᠠᠨ ᠤ | ᠤᠨᠴᠠᠯᠢᠭᠲᠤ ᠠᠵᠣ ᠣᠶᠢᠯᠡᠰ ᠲᠡᠭᠡᠨ ᠰᠠᠭᠤᠷᠢᠯᠠᠨ ᠬᠤᠰᠢᠭᠤ ᠰᠢᠶᠠᠨ ᠤ ᠨᠡᠶᠢᠳᠡ ᠶᠢᠨ ᠬᠡᠷᠡᠭᠯᠡᠭᠡᠨ ᠤ ᠲᠦᠷᠦᠯ | ᠲᠡᠮᠳᠡᠭ ᠢ ᠪᠤᠶᠢᠵᠢᠭᠤᠯᠬᠤ ᠶᠢ ᠲᠡᠮᠵᠢᠨ᠎ᠠ᠃ ᠭᠠᠵᠠᠷ ᠵᠦᠢ ᠶᠢᠨ ᠢᠯᠡᠷᠬᠡᠶᠢᠯᠡᠯᠳᠣ ᠲᠡᠮᠲᠡᠭ ᠤᠨ ᠮᠠᠯ ᠤᠨ ᠠᠰᠢᠭ | ᠰᠢᠮ᠎ᠠ ᠲᠠᠷᠢᠶᠠᠯᠠᠩ ᠤᠨ ᠪᠦᠳᠣᠭᠡᠭᠳᠡᠬᠦᠨ ᠢ ᠬᠠᠮᠠᠭᠠᠯᠠᠬᠤ ᠪᠠ ᠬᠦᠭᠵᠢᠬᠦᠯᠵᠣ᠂ ᠡᠯ᠎ᠠ ᠠᠵᠢᠯ ᠲᠦᠷᠦᠯ ᠨᠡᠶᠢᠭᠡᠮᠯᠢᠭ | ᠵᠡᠷᠭᠡ ᠶᠢᠨ ᠭᠠᠵᠠᠷ ᠵᠦᠢ ᠶᠢᠨ ᠢᠯᠡᠷᠬᠡᠶᠢᠯᠡᠯᠳᠣ ᠲᠠᠸᠠᠷ ᠤᠨ ᠲᠡᠮᠳᠡᠭ ᠢ ᠲᠠᠩᠰᠠᠯᠠᠬᠤ ᠪᠠ ᠬᠡᠷᠡᠭᠯᠡᠬᠦ ᠶᠢ ᠵᠤᠬᠢᠶᠠᠨ | ᠪᠠᠶᠢᠭᠤᠯᠬᠤ ᠶᠢ ᠲᠡᠮᠵᠢᠨ᠎ᠠ᠃ ᠰᠢᠯᠢᠳᠡᠭ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠣᠭᠡᠭᠳᠡᠬᠦᠨ ᠤ ᠲᠦᠷᠦᠯ | ᠲᠡᠮᠳᠡᠭ ᠢ ᠣᠬᠠᠭᠤᠯᠣᠨ ᠲᠡᠯᠭᠡᠷᠡᠬᠦᠯᠬᠦ ᠭᠠᠷᠴᠠᠭ ᠢ ᠰᠦᠪᠡᠭᠴᠢᠯᠡᠨ ᠪᠠᠶᠢᠭᠤᠯᠵᠣ᠂ ᠮᠠᠯ ᠤᠨ ᠠᠰᠢᠭ ᠰᠢᠮ᠎ᠠ | ᠲᠠᠷᠢᠶᠠᠯᠠᠩ ᠤᠨ ᠪᠦᠳᠣᠭᠡᠭᠳᠡᠬᠦᠨ ᠢ ᠡᠳ᠋ᠰᠢᠭᠦᠯᠬᠦ ᠠᠵᠣ ᠠᠬᠤᠶᠢᠯᠠᠯ ᠤᠨ ᠲᠣᠮᠳᠠᠳᠣ ᠣᠯᠣᠰ ᠤᠨ ᠠᠯᠳᠠᠷᠳᠣ ᠲᠠᠸᠠᠷ ᠤᠨ | ᠲᠡᠮᠳᠡᠭ ᠭᠤᠶᠣᠴᠢᠯᠠᠨ ᠵᠦᠪᠰᠢᠶᠡᠷᠡᠬᠦᠯᠬᠦ ᠶᠢ ᠬᠠᠪᠰᠤᠷᠤᠨ ᠲᠡᠮᠵᠢᠨ᠎ᠡ᠃ ᠲᠦᠷᠦᠯ ᠲᠡᠮᠳᠡᠭᠳᠣ ᠮᠠᠯ ᠤᠨ ᠠᠰᠢᠭ ᠰᠢᠮ᠎ᠠ | ᠲᠠᠷᠢᠶᠠᠯᠠᠩ ᠤᠨ ᠪᠦᠳᠣᠭᠡᠭᠳᠡᠬᠦᠨ ᠢ ᠡᠵᠡᠩᠨᠡᠨ ᠪᠣᠷᠣᠯᠠᠭᠤᠯᠵᠣ ᠲᠡᠯᠭᠡᠷᠡᠬᠦᠯᠬᠦ ᠲᠠᠪᠴᠠᠩ ᠢ ᠪᠠᠶᠢᠭᠤᠯᠵᠣ᠂ ᠰᠢᠯᠢᠳᠡᠭ | ᠣᠨᠴᠠᠯᠢᠬᠳᠣ ᠲᠦᠷᠦᠯ ᠲᠡᠮᠳᠡᠭ ᠤᠨ ᠪᠦᠳᠣᠭᠡᠭᠳᠡᠬᠦᠨ ᠤ ᠳᠡᠯᠭᠡᠨ ᠦᠵᠡᠭᠦᠯᠦᠯᠭᠡ᠂ ᠦᠵᠡᠰᠬᠦᠯᠡᠩ ᠢ ᠡᠷᠬᠢᠯᠡᠨ᠎ᠠ᠃ | ︵ᠲᠣᠯᠤᠭ᠎ᠠ︶ ᠪᠠᠭ᠎ᠠ ᠮᠠᠯᠴᠢᠨ ᠲᠠᠷᠢᠶᠠᠴᠢᠨ ᠡᠷᠣᠬᠡ ᠶᠢᠨ ᠣᠶᠢᠯᠡᠳᠪᠦᠷᠢᠯᠠᠯ ᠡᠵᠡᠩᠨᠡᠯᠳᠡ ᠶᠢᠨ | ᠣᠳᠣᠬᠢᠴᠢᠯᠠᠯᠳᠠ ᠶᠢ ᠠᠬᠢᠭᠤᠯᠣᠨ᠎ᠠ᠃ ᠰᠢᠨ᠎ᠠ ᠬᠡᠯᠪᠡᠷᠢ ᠶᠢᠨ ᠮᠠᠯ ᠠᠵᠣ ᠠᠬᠤᠢ ᠲᠠᠷᠢᠶᠠᠯᠠᠩ ᠤᠨ ᠡᠵᠡᠩᠨᠡᠯᠳᠡ ᠶᠢᠨ | ᠭᠤᠣᠯ ᠴᠣᠬᠴᠠ ᠶᠢ ᠪᠣᠶᠢᠵᠢᠭᠤᠯᠬᠤ ᠪᠠ ᠪᠠᠭ᠎ᠠ ᠲᠠᠷᠢᠶᠠᠯᠠᠩ ᠤᠨ ᠦᠢᠯᠡᠳᠪᠦᠷᠢᠯᠡᠯ ᠢ ᠳᠡᠮᠵᠢᠬᠦ ᠬᠠᠷᠢᠴᠠᠭ᠎ᠠ ᠶᠢ | ᠰᠠᠶᠢᠳᠣᠷ ᠰᠢᠢᠳᠪᠦᠷᠢᠯᠡᠵᠣ᠂ ᠮᠠᠯ ᠠᠵᠣ ᠠᠬᠤᠢ ᠲᠠᠷᠢᠶᠠᠯᠠᠩ ᠤᠨ ᠣᠶᠢᠯᠡᠳᠪᠦᠷᠢᠯᠠᠯ ᠡᠵᠡᠩᠨᠡᠯᠳᠡ ᠶᠢᠨ ᠳᠤᠮᠳᠠ | ᠶᠡᠭᠡᠰᠭᠡᠬᠦ ᠳᠤ ᠲᠣᠬᠢᠷᠠᠬᠤ ᠶᠢ ᠨᠢ ᠶᠡᠭᠡᠰᠭᠡᠵᠦ᠂ ᠪᠠᠭᠠᠰᠬᠠᠬᠤ ᠳᠤ ᠳᠤᠬᠢᠷᠠᠬᠤ ᠶᠢ ᠨᠢ ᠪᠠᠭᠠᠰᠬᠠᠵᠤ᠂ ᠨᠢᠬᠡ ᠯᠡ | ᠬᠡᠪ ᠢᠶᠠᠷ ᠬᠢᠬᠦ ᠦᠭᠡᠢ᠂ ᠵᠠᠰᠠᠭ ᠵᠠᠬᠢᠷᠭᠠᠨ ᠤ ᠵᠠᠷᠯᠢᠭ ᠪᠠᠭᠤᠯᠭᠠᠬᠤ ᠦᠭᠡᠢ᠃ ᠮᠠᠯᠵᠢᠬᠤ ᠲᠠᠷᠢᠶᠠᠯᠠᠬᠤ ᠣᠷᠣᠨ ᠤ | ᠨᠡᠶᠢᠭᠡᠮᠴᠢᠯᠡᠭᠰᠡᠨ ᠣᠶᠢᠯᠡᠴᠢᠯᠡᠬᠡᠨ ᠤ ᠰᠢᠰᠲ᠋ᠧᠮ ᠢ ᠲᠡᠬᠦᠳᠡᠷᠵᠢᠬᠦᠯᠵᠣ᠂ ᠮᠠᠯ ᠠᠵᠣ ᠠᠬᠤᠢ ᠲᠠᠷᠢᠶᠠᠯᠠᠩ ᠤᠨ ᠪᠦᠬᠦ | ᠶᠠᠪᠣᠴᠠ ᠶᠢᠨ ᠨᠡᠶᠢᠭᠡᠮᠴᠢᠯᠡᠭᠰᠡᠨ ᠣᠶᠢᠯᠡᠴᠢᠯᠡᠭᠡ ᠶᠢ ᠠᠬᠢᠭᠤᠯᠵᠣ᠂ ᠨᠢᠬᠡ ᠪᠦᠯᠦᠭ ᠦᠨᠳᠣᠰᠣᠨ ᠱᠠᠳᠣᠨ ᠤ ᠮᠠᠯ | ᠠᠵᠤ ᠠᠬᠤᠢ ᠲᠠᠷᠢᠶᠠᠯᠠᠩ ᠤᠨ ᠣᠶᠢᠯᠡᠴᠢᠯᠡᠭᠡᠨ ᠤ ᠲᠦᠪ ᠢ ᠪᠠᠶᠢᠭᠤᠯᠵᠣ᠂ ᠨᠢᠬᠡ ᠪᠦᠯᠦᠭ ᠣᠶᠢᠯᠡᠴᠢᠯᠡᠭᠡᠨ ᠤ | ᠬᠡᠯᠪᠡᠷᠢ ᠶᠢᠨ ᠮᠠᠯᠴᠢᠨ ᠲᠠᠷᠢᠶᠠᠴᠢᠨ ᠤ ᠲᠣᠰᠬᠠᠶᠢᠵᠢᠭᠰᠠᠨ ᠬᠤᠷᠰᠢᠶ᠎ᠠ ᠶᠢ ᠪᠣᠶᠢᠵᠢᠭᠤᠯᠵᠣ᠂ ᠡᠯ᠎ᠠ ᠲᠦᠷᠦᠯ ᠤᠨ | ᠵᠣᠬᠢᠶᠠᠨ ᠪᠠᠶᠢᠭᠤᠯᠣᠯᠳᠠ ᠶᠢᠨ ᠮᠠᠰᠢᠨᠴᠢᠯᠠᠯᠳᠠ ᠪᠠᠷ ᠲᠠᠷᠢᠶᠠᠯᠠᠬᠤ᠂ ᠬᠠᠮᠳᠣ ᠪᠠᠷ ᠰᠡᠷᠭᠡᠶᠢᠯᠡᠵᠣ ᠬᠠᠮᠳᠣ ᠪᠠᠷ ᠵᠠᠰᠠᠬᠤ᠂ | ᠲᠦᠪᠯᠡᠷᠡᠬᠦᠯᠣᠨ ᠲᠠᠷᠢᠬᠤ᠂ ᠣᠶᠢᠯᠡᠳᠪᠦᠷᠢᠯᠠᠯ ᠢᠶᠠᠨ ᠨᠡᠶᠢᠳᠠᠨ ᠬᠠᠮᠢᠶᠠᠷᠣᠭᠤᠯᠬᠤ᠂ ᠡᠳ᠋ᠰᠢᠬᠦᠯᠵᠦ ᠨᠦᠬᠡᠴᠡᠯᠡᠬᠦ ᠵᠡᠷᠭᠡ | ᠣᠶᠢᠯᠡᠳᠪᠦᠷᠢᠯᠠᠯ ᠤᠨ ᠴᠢᠨᠠᠷᠳᠠᠢ ᠣᠶᠢᠯᠡᠴᠢᠯᠡᠭᠡ ᠶᠢ ᠶᠡᠬᠡᠪᠡᠷ ᠦᠷᠨᠢᠭᠦᠯᠬᠦ ᠶᠢ ᠵᠣᠷᠢᠬᠵᠢᠭᠤᠯᠵᠣ᠂ ᠪᠠᠭ᠎ᠠ ᠮᠠᠯᠴᠢᠨ | ᠲᠠᠷᠢᠶᠠᠴᠢᠨ ᠡᠷᠣᠬᠡ ᠶᠢᠨ ᠦᠪᠠᠷ ᠤᠨ ᠦᠷᠳᠡᠭ ᠢᠶᠠᠨ ᠠᠷᠪᠢᠯᠠᠨ ᠦᠷ᠎ᠡ ᠠᠰᠢᠭ ᠢᠶᠠᠨ ᠨᠡᠮᠡᠭᠳᠡᠬᠦᠯᠬᠦ ᠳᠤ ᠲᠣᠰᠠᠯᠠᠵᠣ᠂ | ᠪᠠᠭ᠎ᠠ ᠲᠠᠷᠢᠶᠠᠯᠠᠩ ᠤᠨ ᠣᠶᠢᠯᠡᠳᠪᠦᠷᠢᠯᠠᠯ ᠢ ᠣᠳᠣᠬᠢᠴᠢᠯᠠᠬᠰᠠᠨ ᠮᠠᠯ ᠠᠵᠣ ᠠᠬᠤᠢ ᠲᠠᠷᠢᠶᠠᠯᠠᠩ ᠤᠨ ᠬᠦᠭᠵᠢᠯᠳᠡ ᠶᠢᠨ | ᠵᠠᠮ ᠳᠤ ᠬᠦᠲᠦᠯᠦᠨ ᠣᠷᠣᠭᠤᠯᠣᠨ᠎ᠠ᠃ ᠤᠯᠠᠨ ᠶᠠᠩᠵᠤᠴᠢᠯᠠᠭᠰᠠᠨ ᠬᠤᠯᠪᠤᠭᠠᠯᠠᠯ ᠪᠠ ᠬᠠᠮᠳᠤᠷᠠᠯᠴᠠᠭ᠎ᠠ ᠶᠢ | ᠬᠦᠭᠵᠢᠬᠦᠯᠵᠤ᠂ ᠮᠠᠯ ᠠᠵᠤ ᠠᠬᠤᠢ ᠲᠠᠷᠢᠶᠠᠯᠠᠩ ᠤᠨ ᠠᠵᠤ ᠠᠬᠤᠶᠢᠯᠠᠯ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ | ᠲᠠᠯᠠᠪᠠᠢ᠂ ᠮᠠᠯᠴᠢᠨ ᠲᠠᠷᠢᠶᠠᠴᠢᠨ ᠤ ᠳᠤᠰᠬᠠᠶᠢᠵᠢᠬᠰᠠᠠ ᠬᠤᠷᠰᠢᠶ᠎ᠠ ᠪᠠ ᠲᠠᠷᠢᠵᠤ ᠲᠡᠵᠢᠬᠡᠬᠦ ᠳᠤᠮᠤ ᠡᠷᠤᠬᠡ ᠵᠡᠷᠬᠡ ᠶᠢᠨ | ᠰᠢᠨ᠎ᠠ ᠮᠠᠶ᠋ᠢᠭ ᠤᠨ ᠡᠵᠡᠩᠨᠠᠯᠳᠠ ᠶᠢᠨ ᠭᠤᠤᠯ ᠴᠤᠭᠴᠠ ᠶᠢᠨ ᠲᠠᠶᠢᠴᠢᠯᠠᠬᠤ ᠤᠶᠢᠯᠠᠳᠤᠯ ᠢ ᠪᠠᠳᠠᠷᠠᠭᠤᠯᠵᠤ᠂ ᠪᠠᠭ᠎ᠠ | ᠮᠠᠯᠴᠢᠨ ᠲᠠᠷᠢᠶᠠᠴᠢᠨ ᠡᠷᠦᠬᠡ ᠶᠢᠨ ᠤᠶᠢᠯᠠᠳᠪᠤᠷᠢᠯᠠᠯ ᠡᠵᠡᠩᠨᠠᠯᠳᠠ ᠶᠢᠨ ᠵᠤᠬᠢᠶᠠᠨ ᠪᠠᠶᠢᠭᠤᠯᠤᠯᠳᠤ ᠴᠢᠨᠠᠷ ᠤᠨ | ᠬᠡᠮᠵᠢᠶ᠎ᠠ ᠶᠢ ᠲᠡᠬᠡᠭᠰᠢᠯᠡᠬᠦᠯᠵᠤ᠂ ᠪᠠᠭ᠎ᠠ ᠮᠠᠯᠴᠢᠨ ᠲᠠᠷᠢᠶᠠᠴᠢᠨ ᠡᠷᠦᠬᠡ ᠶᠢᠨ ᠤᠶᠢᠯᠠᠳᠪᠤᠷᠢᠯᠠᠯ ᠤᠨ ᠳᠤᠨᠤᠭ | ᠲᠦᠬᠦᠬᠡᠷᠤᠮᠵᠢ ᠶᠢᠨ ᠨᠦᠬᠦᠴᠠᠯ ᠢ ᠰᠠᠶᠢᠵᠢᠷᠠᠭᠤᠯᠵᠤ᠂ ᠮᠠᠯᠴᠢᠨ ᠲᠠᠷᠢᠶᠠᠴᠢᠨ ᠢ ᠬᠠᠪᠰᠤᠷᠤᠨ ᠵᠠᠬ᠎ᠠ ᠲᠡᠯᠬᠡᠬᠦᠷ ᠲᠠᠢ | ᠵᠤᠯᠭᠠᠭᠤᠯᠵᠤ᠂ ᠠᠶᠤᠯ ᠲᠦᠭᠰᠢᠬᠦᠷᠢ ᠶᠢ ᠰᠡᠷᠬᠡᠶᠢᠯᠡᠬᠦ ᠴᠢᠳᠠᠪᠤᠷᠢ ᠶᠢ ᠨᠢ ᠲᠡᠬᠡᠭᠰᠢᠯᠡᠬᠦᠯᠤᠨ᠎ᠠ᠃ ᠲᠡᠳᠬᠦᠬᠦ | ᠲᠦᠷᠤ ᠶᠢᠨ ᠪᠤᠳᠤᠯᠭ᠎ᠠ ᠶᠢ ᠳᠤᠭᠳᠠᠭᠠᠵᠤ᠂ ᠪᠠᠭ᠎ᠠ ᠮᠠᠯᠴᠢᠨ ᠲᠠᠷᠢᠶᠠᠴᠢᠨ ᠡᠷᠦᠬᠡ ᠶᠢᠨ ᠳᠤᠬᠠᠢ ᠶᠢᠨ ᠭᠠᠵᠡᠷ ᠲᠠᠭᠠᠨ | ᠳᠤᠬᠢᠷᠠᠭᠰᠠᠠ ᠠᠮᠢ ᠠᠬᠤᠢ ᠶᠢᠨ ᠮᠠᠯ ᠠᠵᠤ ᠠᠬᠤᠢ ᠲᠠᠷᠢᠶᠠᠯᠠᠩ᠂ ᠲᠦᠬᠦᠬᠡᠷᠤᠮᠵᠢᠲᠦ ᠮᠠᠯ ᠠᠵᠤ ᠠᠬᠤᠢ ᠲᠠᠷᠢᠶᠠᠯᠠᠩ᠂ | ᠪᠠᠶᠠᠳᠡᠨ ᠤᠶᠢᠯᠠᠭᠠᠬᠤ ᠮᠠᠯ ᠠᠵᠤ ᠠᠬᠤᠢ ᠲᠠᠷᠢᠶᠠᠯᠠᠩ᠂ ᠵᠠᠬᠢᠶᠠᠯᠠᠭ᠎ᠠ ᠶᠢᠨ ᠮᠠᠯ ᠠᠵᠤ ᠠᠬᠤᠢ ᠲᠠᠷᠢᠶᠠᠯᠠᠩ ᠢ | ᠬᠦᠭᠵᠢᠬᠦᠯᠬᠦ ᠶᠢ ᠲᠡᠮᠵᠢᠵᠤ᠂ ᠤᠯᠠᠨ ᠠᠷᠭ᠎ᠠ ᠵᠠᠮ ᠢᠶᠠᠷ ᠬᠡᠪᠴᠢᠶᠠᠵᠢᠭᠰᠡᠡ ᠡᠵᠡᠩᠨᠠᠯᠳᠠ᠂ ᠤᠳᠤ ᠦᠶ᠎ᠠ ᠶᠢᠨ | ᠤᠶᠢᠯᠠᠳᠪᠤᠷᠢᠯᠠᠯ ᠤᠷᠤᠭᠤ ᠤᠷᠤᠭᠤᠯᠵᠤ᠂ ᠤᠷᠤᠯᠭ᠎ᠠ ᠪᠠᠨ ᠨᠡᠮᠡᠭᠳᠡᠬᠦᠯᠬᠦ ᠤᠷᠤᠨ ᠵᠠᠢ ᠶᠢ ᠨᠢ ᠦᠷᠬᠡᠳᠬᠡᠨ᠂ ᠪᠠᠭ᠎ᠠ | ᠮᠠᠯᠴᠢᠨ ᠲᠠᠷᠢᠶᠠᠴᠢᠨ ᠡᠷᠦᠬᠡ ᠶᠢᠨ ᠦᠪᠡᠷ ᠢ ᠪᠠᠨ ᠬᠦᠭᠵᠢᠬᠦᠯᠬᠦ ᠴᠢᠳᠠᠪᠤᠷᠢ ᠶᠢ ᠲᠡᠬᠡᠭᠰᠢᠯᠡᠬᠦᠯᠤᠨ᠎ᠠ᠃ | ᠭᠤᠷᠪᠠ᠂ ᠬᠦᠳᠡᠭᠡ ᠳᠤᠰᠬᠤᠨ ᠤ ᠪᠤᠬᠢᠷᠳᠤᠯ ᠦᠬᠡᠢ ᠬᠦᠭᠵᠢᠯᠳᠠ ᠶᠢ ᠬᠦᠴᠤᠯᠠᠨ ᠠᠬᠢᠭᠤᠯᠵᠤ᠂ ᠬᠦᠮᠤᠨ | ᠪᠠ ᠪᠠᠶᠢᠭᠠᠯᠢ ᠶᠢᠨ ᠡᠶ᠎ᠡ ᠵᠤᠬᠢᠴᠠᠩᠭᠤᠢ ᠬᠠᠮᠳᠤ ᠤᠷᠤᠰᠢᠬᠤ ᠶᠢ ᠪᠠᠶᠠᠯᠡᠬᠦᠯᠤᠨᠠ | ︵ᠨᠢᠬᠡ︶ ᠮᠠᠯᠵᠢᠬᠤ ᠲᠠᠷᠢᠶᠠᠯᠠᠬᠤ ᠤᠷᠤᠨ ᠤ ᠠᠮᠢ ᠠᠬᠤᠢ ᠶᠢᠨ ᠵᠠᠰᠠᠯᠲᠠ ᠶᠢ ᠨᠢᠬᠡᠳᠤᠯᠳᠡᠢ | ᠲᠦᠯᠦᠪᠵᠢᠬᠦᠯᠤᠨ ᠠᠬᠢᠭᠤᠯᠤᠨ᠎ᠠ᠃ ᠠᠭᠤᠯᠠ ᠤᠰᠤ ᠤᠢ ᠰᠢᠭᠤᠢ ᠲᠠᠷᠢᠶ᠎ᠠ ᠨᠠᠭᠤᠷ ᠡᠪᠡᠰᠤ ᠪᠡᠯᠴᠢᠭᠡᠷ ᠡᠯᠡᠰᠦ | ᠮᠠᠩᠬ᠎ᠠ ᠶᠢ ᠰᠢᠰᠲ᠋ᠧᠮ ᠲᠠᠢ ᠪᠠᠷ ᠵᠠᠰᠠᠬᠤ ᠳᠤᠭᠳᠠᠴᠠ ᠶᠢ ᠪᠠᠶᠢᠭᠤᠯᠵᠤ᠂ ᠪᠠᠶᠢᠭᠠᠯᠢᠯᠢᠬ ᠤᠢ ᠶᠢᠨ ᠡᠬᠢ ᠪᠠᠶᠠᠯᠢᠬ ᠢ | ᠬᠠᠮᠠᠭᠠᠯᠠᠬᠤ᠂ ︽ᠤᠮᠠᠷᠠᠳᠤ ᠶᠢᠨ ᠭᠤᠷᠪᠠᠨ ᠤᠷᠤᠨ︾ ᠤ ᠬᠠᠯᠬᠠᠪᠴᠢ ᠤᠢ ᠶᠢ ᠪᠠᠶᠢᠭᠤᠯᠬᠤ᠂ ᠪᠡᠬᠡᠵᠢᠩ ᠲᠢᠶᠠᠨᠵᠢᠨ | ᠤ ᠡᠯᠡᠰᠤᠨ ᠤ ᠡᠬᠢ ᠶᠢ ᠵᠠᠰᠠᠬᠤ᠂ ᠲᠠᠷᠢᠶᠠᠯᠠᠬᠤ ᠶᠢ ᠵᠤᠭᠰᠤᠭᠠᠵᠤ ᠤᠶᠢᠵᠢᠭᠤᠯᠬᠤ ᠪᠠ ᠪᠡᠯᠴᠢᠬᠡᠷᠯᠡᠬᠦᠯᠬᠦ ᠶᠢ | ᠵᠤᠭᠰᠤᠭᠠᠵᠤ ᠨᠤᠳᠤᠭ ᠪᠡᠯᠴᠢᠬᠡᠷ ᠢ ᠰᠡᠷᠬᠦᠬᠡᠬᠦ ᠵᠡᠷᠬᠡ ᠭᠤᠤᠯᠳᠠᠯᠭ᠎ᠠ ᠲᠠᠢ ᠠᠮᠢ ᠠᠬᠤᠢ ᠶᠢᠨ ᠪᠦᠳᠤᠬᠡᠨ | ᠪᠠᠶᠢᠭᠤᠯᠤᠯᠳᠠ ᠶᠢᠨ ᠢᠨᠵᠧᠨᠧᠷᠢᠩ ᠢ ᠦᠷᠬᠦᠯᠵᠢᠯᠠᠨ ᠬᠡᠷᠡᠭᠵᠢᠬᠦᠯᠤᠨ᠎ᠠ᠃ ᠪᠠᠶᠢᠭᠠᠯᠢᠯᠢᠬ ᠤᠢ ᠶᠢ ᠬᠠᠮᠠᠭᠠᠯᠠᠬᠤ | ᠲᠦᠷᠢᠮ ᠢ ᠲᠡᠬᠦᠯᠳᠡᠷᠵᠢᠬᠦᠯᠵᠤ᠂ ᠮᠤᠨᠢ ᠠᠭᠤᠯᠠ ᠶᠢᠨ ᠨᠤᠭᠤᠭᠠᠷᠠᠭᠤᠯᠤᠯᠳᠠ᠂ ᠬᠠᠳᠤᠨ ᠭᠤᠤᠯ ᠤᠨ ᠬᠤᠩᠬᠢᠯ ᠤᠨ | ᠵᠠᠮ ᠤᠨ ᠨᠤᠭᠤᠭᠠᠷᠠᠭᠤᠯᠤᠯᠳᠠ ᠪᠠ ᠬᠤᠷᠴᠢᠨ ᠤ ᠡᠯᠡᠰᠤᠷᠬᠡᠭ ᠭᠠᠵᠡᠷ᠂ ᠬᠤᠯᠠᠨ ᠰᠢᠷᠭ᠎ᠠ ᠲᠠᠭ᠎ᠠ ᠶᠢᠨ ᠡᠯᠡᠰᠤᠷᠬᠡᠭ | ᠭᠠᠵᠡᠷ᠂ ᠦᠵᠤᠮᠤᠴᠢᠨ ᠤ ᠡᠯᠡᠰᠤᠷᠬᠡᠭ ᠭᠠᠵᠡᠷ ᠤᠨ ᠬᠦᠨᠳᠤ ᠬᠤᠤᠷ ᠬᠦᠨᠤᠬᠡᠯ ᠲᠠᠢ ᠤᠷᠤᠨ ᠤ ᠵᠠᠰᠠᠯᠲᠠ ᠶᠢ | ᠲᠦᠷᠬᠡᠳᠬᠡᠨ ᠠᠬᠢᠭᠤᠯᠵᠤ᠂ ᠲᠠᠯᠠᠨ ᠬᠠᠷ᠎ᠠ ᠠᠭᠤᠯᠠ ᠶᠢᠨ ᠬᠠᠮᠠᠭᠠᠯᠠᠯᠳᠠ ᠪᠠ ᠠᠮᠢ ᠠᠬᠤᠢ ᠶᠢᠨ ᠰᠡᠷᠬᠦᠬᠡᠯᠳᠠ ᠶᠢ | ᠴᠢᠩᠭᠠᠳᠬᠠᠨ᠎ᠠ᠃ ᠤᠯᠤᠰ ᠤᠨ ᠭᠠᠵᠡᠷ ᠰᠢᠷᠤᠢ ᠶᠢᠨ ᠨᠤᠭᠤᠭᠠᠷᠠᠭᠤᠯᠤᠯᠳᠠ ᠶᠢᠨ ᠠᠵᠢᠯᠯᠠᠭ᠎ᠠ ᠦᠷᠨᠢᠬᠦᠯᠵᠤ᠂ | ᠴᠦᠯᠯᠡᠷᠬᠡᠭᠵᠢᠯ᠂ ᠡᠯᠡᠰᠤᠷᠬᠡᠭᠵᠢᠯ᠂ ᠤᠰᠤ ᠬᠦᠷᠤᠰᠤᠨ ᠤ ᠢᠳᠡᠭᠳᠡᠯ ᠢ ᠶᠠᠷᠤᠩᠬᠡᠶᠢᠯᠡᠨ ᠵᠠᠰᠠᠬᠤ ᠶᠢ ᠰᠠᠶᠢᠳᠤᠷ | ᠠᠳᠬᠤᠨ᠎ᠠ᠃ ᠲᠠᠷᠢᠶᠠᠯᠠᠩ ᠤᠨ ᠤᠰᠤᠨ ᠤ ᠦᠨ᠎ᠠ ᠶᠢᠨ ᠶᠠᠷᠤᠩᠬᠡᠶᠢᠯᠡᠭᠰᠡᠨ ᠦᠬᠡᠷᠡᠴᠢᠯᠠᠯᠳᠠ ᠶᠢ ᠬᠦᠨᠵᠡᠬᠡᠢ | ᠠᠬᠢᠭᠤᠯᠵᠤ᠂ ᠲᠠᠷᠢᠶᠠᠯᠠᠩ ᠤᠨ ᠤᠰᠤᠯᠠᠯᠳᠠ ᠳᠤ ᠬᠡᠷᠡᠭᠯᠡᠬᠦ ᠤᠰᠤᠨ ᠤ ᠶᠠᠷᠤᠩᠬᠡᠢ ᠬᠡᠮᠵᠢᠶ᠎ᠠ ᠶᠢ ᠬᠢᠵᠠᠭᠠᠷᠯᠠᠬᠤ ᠪᠠ | ᠳᠤᠭᠳᠠᠭᠰᠠᠠ ᠨᠤᠷᠮ᠎ᠠ ᠶᠢᠨ ᠬᠠᠮᠢᠶᠠᠷᠤᠯᠳᠠ ᠶᠢᠨ ᠲᠦᠷᠢᠮ ᠢ ᠬᠡᠷᠡᠭᠵᠢᠭᠦᠯᠵᠦ᠂ ᠮᠠᠯ ᠠᠵᠤ ᠠᠬᠤᠢ ᠲᠠᠷᠢᠶᠠᠯᠠᠩ ᠤᠨ | ᠤᠰᠤ ᠠᠷᠪᠢᠯᠠᠬᠤ ᠶᠢ ᠤᠷᠮᠠᠰᠢᠭᠤᠯᠬᠤ ᠳᠤᠭᠳᠠᠴᠠ ᠶᠢ ᠪᠠᠶᠢᠭᠤᠯᠤᠨ᠎ᠠ᠃ ᠲᠠᠯ᠎ᠠ ᠨᠤᠳᠤᠭ ᠲᠤ ᠪᠡᠯᠴᠢᠬᠡᠷᠯᠡᠬᠦᠯᠬᠦ ᠶᠢ | ᠵᠤᠭᠰᠤᠭᠠᠵᠤ᠂ ᠨᠤᠳᠤᠭ ᠪᠡᠯᠴᠢᠬᠡᠷ ᠢ ᠰᠡᠷᠬᠦᠬᠡᠬᠦ᠂ ᠰᠡᠯᠬᠦᠨ ᠮᠠᠯᠵᠢᠬᠤ ᠲᠦᠷᠢᠮ ᠢ ᠴᠢᠩᠭ᠎ᠠ ᠬᠡᠷᠡᠭᠵᠢᠬᠦᠯᠵᠤ᠂ | ᠲᠠᠷᠢᠶᠠᠨ ᠭᠠᠵᠡᠷ ᠤᠨ ᠡᠭᠡᠯᠵᠢᠯᠡᠨ ᠲᠠᠷᠢᠬᠤ ᠳᠤᠷᠰᠢᠯᠳᠠ ᠶᠢᠨ ᠴᠢᠬ ᠢ ᠦᠷᠬᠡᠳᠬᠡᠨ᠎ᠠ᠃ ᠨᠤᠭᠤ ᠭᠠᠵᠡᠷ ᠤᠨ | ᠬᠠᠮᠠᠭᠠᠯᠠᠯᠳᠠ ᠪᠠ ᠰᠡᠷᠬᠦᠬᠡᠯᠳᠠ ᠶᠢ ᠴᠢᠩᠭᠠᠷᠠᠭᠤᠯᠵᠤ᠂ ᠲᠠᠷᠢᠶᠠᠯᠠᠬᠤ ᠶᠢ ᠵᠤᠭᠰᠤᠭᠠᠵᠤ ᠤᠶᠢᠵᠢᠭᠤᠯᠬᠤ᠂ ᠨᠤᠳᠤᠭ | ᠪᠡᠯᠴᠢᠬᠡᠷ ᠢ ᠰᠡᠷᠬᠦᠬᠡᠬᠦ᠂ ᠨᠤᠭᠤ ᠭᠠᠵᠡᠷ ᠢ ᠰᠡᠷᠬᠦᠬᠡᠬᠦ ᠠᠵᠢᠯ ᠢ ᠦᠷᠬᠦᠯᠵᠢᠯᠠᠨ ᠦᠷᠨᠢᠬᠦᠯᠵᠤ᠂ ᠳᠤᠷ᠎ᠠ ᠪᠠᠷ ᠠᠳᠠᠷ | ᠬᠠᠭᠠᠯᠪᠤᠷᠢᠯᠠᠬᠤ᠂ ᠳᠤᠷ᠎ᠠ ᠪᠠᠷ ᠮᠠᠯᠵᠢᠬᠤ᠂ ᠳᠤᠷ᠎ᠠ ᠪᠠᠷ ᠮᠠᠯᠳᠠᠬᠤ ᠶᠢ ᠵᠠᠰᠠᠬᠤ ᠬᠦᠴᠦᠯᠡᠴᠡ ᠪᠠᠨ ᠨᠡᠮᠡᠭᠳᠡᠬᠦᠯᠤᠨ᠎ᠠ᠃ | ᠭᠤᠤᠯ ᠮᠦᠷᠡᠨ ᠤ ᠳᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠤ᠂ ᠨᠠᠭᠤᠷ ᠴᠦᠬᠦᠷᠤᠮ ᠳᠤ ᠨᠠᠭᠤᠷ | ᠤᠨ ᠳᠠᠷᠤᠭ᠎ᠠ ᠶᠢᠨ ᠲᠦᠷᠢᠮ ᠢ ᠬᠡᠷᠡᠭᠵᠢᠬᠦᠯᠵᠤ᠂ ᠭᠤᠤᠯ ᠮᠦᠷᠠᠨ ᠨᠠᠭᠤᠷ ᠴᠦᠬᠦᠷᠤᠮ ᠤᠨ ᠤᠰᠤᠨ ᠰᠢᠰᠲ᠋ᠧᠮ ᠢ | ᠶᠠᠷᠤᠩᠬᠡᠶᠢᠯᠡᠨ ᠴᠡᠭᠴᠡᠯᠡᠨ ᠵᠠᠰᠠᠬᠤ ᠶᠢ ᠠᠬᠢᠭᠤᠯᠵᠤ᠂ ᠬᠠᠳᠤᠨ ᠭᠤᠤᠯ ᠤᠨ ᠰᠠᠪᠠ ᠭᠠᠵᠡᠷ᠂ ᠯᠢᠶᠤᠤᠾᠧ ᠭᠤᠤᠯ ᠤᠨ | ᠰᠠᠪᠠ ᠭᠠᠵᠡᠷ ᠪᠤᠯᠤᠨ ᠬᠦᠯᠤᠨ ᠨᠠᠭᠤᠷ᠂ ᠤᠯᠠᠭᠠᠨᠰᠤᠬᠠᠢ᠂ ᠲᠠᠭ᠎ᠠ ᠶᠢᠨ ᠨᠠᠭᠤᠷ ᠵᠡᠷᠬᠡ ᠤᠰᠤᠨ ᠤ ᠠᠮᠢ ᠠᠬᠤᠢ ᠶᠢᠨ | ᠤᠷᠴᠢᠨ ᠳᠤᠭᠤᠷᠢᠨ ᠤ ᠵᠠᠰᠠᠯᠲᠠ ᠶᠢ ᠲᠦᠷᠬᠡᠳᠬᠡᠵᠤ᠂ ᠨᠠᠭᠤᠷ ᠴᠦᠬᠦᠷᠤᠮ ᠤᠨ ᠤᠰᠤᠨ ᠤ ᠴᠠᠷᠠᠭ᠎ᠠ ᠶᠢᠨ ᠤᠷᠤᠨ | ᠵᠠᠢ ᠶᠢ ᠴᠢᠩᠭ᠎ᠠ ᠬᠠᠮᠢᠶᠠᠷᠤᠨ ᠡᠵᠡᠮᠳᠡᠵᠦ᠂ ᠨᠠᠭᠤᠷ ᠴᠦᠬᠦᠷᠤᠮ ᠤᠨ ᠡᠷᠬᠢ ᠶᠢᠨ ᠱᠤᠭᠤᠮ ᠤᠨ ᠬᠠᠮᠢᠶᠠᠷᠤᠯᠳᠠ | ᠬᠠᠮᠠᠭᠠᠯᠠᠯᠲᠠ ᠶᠢ ᠴᠢᠩᠭᠠᠷᠠᠭᠤᠯᠤᠨ᠎ᠠ᠃ ᠠᠮᠢᠳᠤ ᠪᠤᠳᠠᠰ ᠤᠨ ᠤᠯᠠᠨ ᠤᠯᠠᠨ ᠶᠠᠩᠵᠤᠲᠤ ᠴᠢᠨᠠᠷ ᠢ ᠬᠠᠮᠠᠭᠠᠯᠠᠬᠤ | ᠴᠢᠬᠤᠯᠠ ᠶᠡᠭᠡ ᠢᠨᠵᠧᠨᠧᠷᠢᠩ ᠢ ᠬᠡᠷᠡᠭᠵᠢᠬᠦᠯᠵᠤ᠂ ᠭᠠᠳᠡᠨᠡᠬᠢ ᠠᠮᠢᠳᠤ ᠪᠤᠳᠠᠰ ᠤᠨ ᠲᠦᠷᠢᠨ ᠤᠷᠤᠬᠤ ᠶᠢ ᠦᠷ᠎ᠠ | ᠪᠦᠲᠦᠮᠵᠢᠳᠠᠢ ᠪᠠᠷ ᠰᠡᠷᠬᠡᠶᠢᠯᠡᠨ᠎ᠠ᠃ ᠪᠤᠬᠢᠷᠳᠤᠯ ᠦᠭᠡᠢ ᠠᠵᠦ ᠠᠬᠤᠢ ᠶᠢ ᠬᠦᠭᠵᠢᠭᠦᠯᠵᠦ᠂ ᠠᠮᠢ ᠠᠬᠤᠢ ᠶᠢᠨ ᠠᠵᠦ | ᠦᠢᠯᠡᠰ ᠢ ᠢᠳᠡᠪᠬᠢᠳᠠᠢ ᠪᠤᠶᠢᠵᠢᠭᠤᠯᠤᠨ᠂ ᠬᠦᠳᠡᠭᠡ ᠲᠤᠰᠬᠤᠨ ᠤ ᠪᠠᠶᠢᠭᠠᠯᠢ ᠶᠢᠨ ᠦᠪ ᠬᠦᠷᠦᠩᠭᠡ ᠶᠢᠨ ᠦᠷᠳᠡᠭ | ᠤᠨ ᠨᠡᠮᠡᠭᠳᠡᠯ ᠢ ᠲᠦᠷᠭᠡᠳᠭᠡᠵᠦ᠂ ᠠᠮᠢ ᠠᠬᠤᠢ ᠶᠢᠨ ᠦᠢᠯᠡᠳᠬᠦᠨ ᠪᠠ ᠦᠢᠯᠡᠴᠢᠯᠡᠭᠡᠨ ᠤ ᠬᠠᠩᠭᠠᠯᠭ᠎ᠠ ᠶᠢ | ᠨᠡᠮᠡᠭᠳᠡᠭᠦᠯᠵᠦ᠂ ᠠᠷᠠᠳ ᠤᠯᠠᠨ ᠪᠠᠶᠠᠵᠢᠵᠦ᠂ ᠠᠮᠢ ᠠᠬᠤᠢ ᠭᠤᠶᠤ ᠰᠠᠶᠢᠬᠠᠨ ᠪᠠᠶᠢᠬᠤ ᠶᠢ ᠨᠢᠭᠡᠳᠦᠭᠦᠯᠬᠦ ᠶᠢ | ᠪᠡᠶᠡᠯᠡᠭᠦᠯᠦᠨ᠎ᠡ᠃ | ︵ᠬᠤᠶᠠᠷ︶ ᠠᠮᠢ ᠠᠬᠤᠢ ᠶᠢᠨ ᠨᠦᠬᠦᠪᠦᠷᠢ ᠶᠢᠨ ᠲᠤᠬᠳᠠᠴᠠ ᠶᠢ ᠲᠡᠭᠦᠯᠳᠡᠷᠵᠢᠭᠦᠯᠬᠦ ᠭᠡᠷᠡᠭᠳᠠᠢ᠃ ᠠᠮᠢ | ᠠᠬᠤᠢ ᠶᠢᠨ ᠬᠠᠮᠠᠭᠠᠯᠠᠯᠳᠠ ᠶᠢ ᠤᠷᠢᠳᠠᠪᠡᠷ ᠲᠠᠯᠪᠢᠭᠰᠠᠡ ᠠᠮᠵᠢᠯᠳᠠ ᠪᠦᠳᠦᠮᠵᠢ ᠶᠢ ᠬᠢᠨᠠᠨ ᠰᠢᠯᠭᠠᠵᠤ ᠦᠨᠡᠯᠡᠬᠦ | ᠲᠤᠬᠳᠠᠴᠠ ᠶᠢ ᠪᠦᠷᠢᠨᠰᠢᠭᠦᠯᠵᠦ᠂ ᠭᠤᠤᠯᠳᠠᠯᠭ᠎ᠠ ᠲᠠᠢ ᠠᠮᠢ ᠠᠬᠤᠢ ᠶᠢᠨ ᠴᠢᠳᠠᠪᠬᠢᠳᠦ ᠤᠷᠤᠨ ᠤ ᠦᠢᠯᠡᠳᠪᠦᠷᠢᠯᠡᠯ | ᠤᠨ ᠶᠡᠷᠦᠩᠭᠡᠢ ᠦᠷᠳᠡᠭ ᠵᠡᠷᠭᠡ ᠵᠢᠭᠠᠯᠲᠠ ᠲᠤᠭ᠎ᠠ ᠶᠢ ᠳᠠᠬᠢᠵᠤ ᠬᠢᠨᠠᠨ ᠰᠢᠯᠭᠠᠬᠤ ᠦᠭᠡᠢ᠃ ᠮᠠᠯ ᠠᠵᠦ ᠠᠬᠤᠢ | ᠲᠠᠷᠢᠶᠠᠯᠠᠩ ᠤᠨ ᠴᠢᠳᠠᠪᠬᠢᠳᠦ ᠤᠷᠤᠨ ᠤ ᠲᠦᠷᠢᠮ ᠢ ᠨᠠᠶᠢᠳᠠᠪᠤᠷᠢᠵᠢᠭᠤᠯᠵᠦ᠂ ᠭᠤᠤᠯᠳᠠᠯᠭ᠎ᠠ ᠲᠠᠢ ᠠᠮᠢ ᠠᠬᠤᠢ ᠶᠢᠨ | ᠴᠢᠳᠠᠪᠬᠢᠳᠦ ᠤᠷᠤᠨ ᠳᠤ ᠵᠤᠭᠤᠰ ᠰᠢᠯᠵᠢᠭᠦᠯᠦᠨ ᠦᠭᠬᠦ ᠬᠦᠴᠦᠯᠡᠴᠡ ᠶᠢ ᠴᠢᠩᠭᠠᠷᠠᠭᠤᠯᠵᠦ᠂ ᠠᠮᠢ ᠠᠬᠤᠢ ᠶᠢᠨ | ᠬᠠᠮᠠᠭᠠᠯᠠᠯᠳᠠ ᠶᠢᠨ ᠦᠷ᠎ᠠ ᠪᠦᠳᠦᠮᠵᠢ ᠬᠢᠭᠡᠳ ᠪᠡᠯᠡ ᠮᠦᠩᠬᠦ ᠶᠢᠨ ᠬᠤᠪᠢᠶᠠᠷᠢᠯᠠᠯᠲᠠ ᠶᠢ ᠬᠤᠯᠪᠤᠬᠤ ᠤᠷᠮᠠᠰᠢᠭᠤᠯᠬᠤ | ᠬᠢᠵᠠᠭᠠᠷᠯᠠᠬᠤ ᠲᠤᠬᠳᠠᠴᠠ ᠶᠢ ᠭᠡᠷᠡᠭᠵᠢᠭᠦᠯᠦᠨ᠎ᠡ᠃ ᠠᠮᠢ ᠠᠬᠤᠢ ᠶᠢᠨ ᠤᠯᠠᠭᠠᠨ ᠱᠤᠭᠤᠮ ᠢ ᠵᠠᠭᠠᠬᠯᠠᠨ ᠲᠤᠬᠳᠠᠭᠠᠵᠤ | ᠴᠢᠩᠭ᠎ᠠ ᠰᠠᠬᠢᠨ᠂ ᠤᠢ ᠰᠢᠭᠤᠢ᠂ ᠨᠤᠳᠤᠬ ᠪᠡᠯᠴᠢᠭᠡᠷ᠂ ᠨᠤᠭᠤ ᠭᠠᠵᠠᠷ᠂ ᠤᠰᠦ ᠬᠦᠷᠦᠰᠦ ᠶᠢ ᠪᠠᠳᠤᠯᠠᠬᠤ | ᠵᠡᠷᠭᠡ ᠶᠢᠨ ᠠᠮᠢ ᠠᠬᠤᠢ ᠶᠢᠨ ᠨᠦᠬᠦᠪᠦᠷᠢ ᠶᠢᠨ ᠲᠦᠷᠢᠮ ᠢ ᠲᠡᠭᠦᠯᠳᠡᠷᠵᠢᠭᠦᠯᠦᠨ᠎ᠡ᠃ ᠡᠯ᠎ᠠ ᠭᠠᠵᠠᠷ ᠤᠨ ᠬᠢᠨ ᠤ | ᠭᠤᠤᠯᠳᠠᠯᠭ᠎ᠠ ᠲᠠᠢ ᠠᠮᠢ ᠠᠬᠤᠢ ᠶᠢᠨ ᠤᠷᠤᠨ ᠳᠤ ᠲᠠᠸᠠᠷ ᠤᠨ ᠤᠢ ᠶᠢ ᠲᠦᠯᠦᠪᠦᠷᠢ ᠦᠭᠴᠦ ᠠᠪᠬᠤ ᠲᠦᠷᠢᠮ ᠢ | ᠭᠡᠷᠡᠭᠵᠢᠭᠦᠯᠬᠦ ᠶᠢ ᠵᠤᠷᠢᠬᠵᠢᠭᠤᠯᠤᠨ᠎ᠠ᠃ ᠨᠤᠳᠤᠬ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ | ᠱᠠᠩᠨᠠᠯ᠂ ᠤᠢ ᠰᠢᠭᠤᠢ ᠶᠢᠨ ᠠᠮᠢ ᠠᠬᠤᠢ ᠶᠢᠨ ᠦᠷ᠎ᠠ ᠠᠰᠢᠬ ᠤᠨ ᠨᠦᠬᠦᠪᠦᠷᠢ ᠵᠡᠷᠭᠡ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠤᠨ᠎ᠠ᠃ ᠵᠠᠬ᠎ᠠ ᠲᠡᠯᠭᠡᠬᠦᠷᠵᠢᠯᠳᠡ᠂ ᠤᠯᠠᠨ ᠡᠰᠢᠴᠢᠯᠠᠯᠳᠠ ᠶᠢᠨ ᠠᠮᠢ ᠠᠬᠤᠢ ᠶᠢᠨ ᠨᠦᠬᠦᠪᠦᠷᠢᠯᠡᠬᠦ | ᠲᠤᠬᠳᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠭᠤᠤᠯᠳᠠᠯᠭ᠎ᠠ ᠲᠠᠢ ᠠᠮᠢ ᠠᠬᠤᠢ ᠶᠢᠨ ᠵᠠᠰᠠᠯᠳᠠ ᠶᠢᠨ | ᠢᠨᠵᠧᠨᠧᠷᠢᠩ ᠤᠨ ᠲᠦᠷᠦᠯ ᠵᠦᠢᠯ ᠳᠤ ᠲᠦᠰᠢᠭᠯᠡᠨ᠂ ᠮᠠᠯ ᠠᠵᠦ ᠠᠬᠤᠢ ᠲᠠᠷᠢᠶᠠᠯᠠᠩ ᠤᠨ ᠠᠮᠢ ᠠᠬᠤᠢ ᠶᠢᠨ | ᠬᠠᠮᠠᠭᠠᠯᠠᠯᠳᠠ ᠶᠢᠨ ᠤᠷᠤᠨ ᠬᠢᠭᠡᠳ ᠠᠰᠢᠬ ᠬᠦᠷᠳᠡᠭᠰᠡᠡ ᠤᠷᠤᠨ ᠤ ᠬᠦᠨᠳᠡᠯᠡᠨ ᠴᠢᠭᠯᠡᠯ ᠢᠶᠠᠷ ᠠᠮᠢ ᠠᠬᠤᠢ ᠶᠢᠨ | ᠬᠠᠮᠠᠭᠠᠯᠠᠯᠳᠠ ᠶᠢᠨ ᠨᠦᠬᠦᠪᠦᠷᠢ ᠦᠭᠬᠦ ᠲᠤᠷᠰᠢᠯᠳᠡ ᠶᠢᠨ ᠴᠢᠬ ᠢ ᠦᠷᠨᠢᠭᠦᠯᠵᠦ᠂ ᠠᠮᠢ ᠠᠬᠤᠢ ᠶᠢᠨ ᠦᠢᠯᠡᠳᠬᠦᠨ | ᠬᠤᠳᠠᠯᠳᠤᠨ ᠠᠪᠬᠤ᠂ ᠤᠢ ᠰᠢᠭᠤᠢ ᠶᠢᠨ ᠨᠡᠬᠦᠷᠡᠰᠦᠳᠦ᠋ᠷᠦᠭᠴᠢ ᠶᠢ ᠰᠢᠩᠭᠡᠭᠡᠬᠦ ᠵᠡᠷᠭᠡ ᠳᠤ ᠵᠠᠬ᠎ᠠ ᠲᠡᠯᠭᠡᠬᠦᠷᠴᠢᠯᠡᠭᠰᠡᠨ | ᠨᠦᠬᠦᠪᠦᠷᠢ ᠦᠭᠬᠦ ᠲᠦᠷᠢᠮ ᠢ ᠰᠦᠪᠡᠭᠴᠢᠯᠡᠨ ᠪᠠᠶᠢᠭᠤᠯᠤᠨ᠎ᠠ᠃ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠪᠠ | ᠬᠠᠮᠠᠭᠠᠯᠠᠯᠳᠠ ᠲᠤ ᠠᠵᠢᠯᠯᠠᠬᠤ ᠪᠠᠷ ᠲᠡᠳᠬᠦᠨ ᠲᠡᠩᠭᠡᠷᠡᠭᠦᠯᠬᠦ ᠶᠢ ᠤᠷᠤᠯᠠᠭᠤᠯᠬᠤ ᠠᠷᠭ᠎ᠠ ᠶᠢ ᠭᠡᠷᠡᠭᠵᠢᠭᠦᠯᠵᠦ᠂ ᠵᠠᠰᠠᠬ | ᠤᠨ ᠤᠷᠳᠤᠨ ᠤ ᠬᠤᠳᠠᠯᠳᠤᠨ ᠠᠪᠴᠦ ᠦᠢᠯᠡᠴᠢᠯᠡᠬᠦ ᠭᠡᠯᠪᠡᠷᠢ ᠪᠠᠷ᠂ ᠨᠡᠩ ᠤᠯᠠᠨ ᠠᠮᠢ ᠠᠬᠤᠢ ᠶᠢᠨ ᠨᠡᠶᠢᠳᠡ ᠶᠢᠨ | ᠠᠰᠠᠷᠠᠮᠵᠢ ᠶᠢᠨ ᠠᠵᠢᠯ ᠤᠨ ᠪᠠᠶᠢᠷᠢ ᠬᠠᠩᠭᠠᠨ᠎ᠠ᠃ | ︵ᠭᠤᠷᠪᠠ︶ ᠮᠠᠯ ᠠᠵᠦ ᠠᠬᠤᠢ ᠲᠠᠷᠢᠶᠠᠯᠠᠩ ᠤᠨ ᠡᠬᠢ ᠪᠠᠶᠠᠯᠢᠬ ᠤᠨ ᠤᠷᠴᠢᠨ ᠲᠤᠭᠤᠷᠢᠨ ᠤ ᠲᠤᠪᠤᠶᠢᠮ᠎ᠠ | ᠠᠰᠠᠭᠤᠳᠠᠯ ᠢ ᠳᠦᠷᠭᠡᠳᠭᠡᠨ ᠵᠠᠰᠠᠨ᠎ᠠ᠃ ᠲᠠᠷᠢᠶᠠᠯᠠᠩ ᠤᠨ ᠤᠯᠠᠨ ᠡᠬᠢᠲᠦ ᠪᠤᠬᠢᠷᠳᠤᠯ ᠤᠨ ᠵᠠᠰᠠᠯᠳᠠ ᠶᠢ | ᠴᠢᠩᠭᠠᠳᠬᠠᠵᠦ᠂ ᠮᠠᠯ ᠵᠢᠬᠦᠷᠳᠡᠨ ᠤ ᠢᠯᠭᠠᠳᠠᠰᠤ᠂ ᠳᠠᠷᠢᠮᠠᠯ ᠤᠨ ᠡᠰᠢ ᠰᠦᠷᠡᠯ᠂ ᠬᠠᠶᠠᠬᠳᠠᠬᠰᠠᠠ ᠲᠠᠷᠢᠶᠠᠯᠠᠩ ᠤᠨ | ᠰᠦᠯᠢᠶᠤᠤ ᠪᠦᠷᠬᠦᠪᠴᠢ᠂ ᠡᠪᠡᠳᠴᠢᠨ ᠢᠶᠠᠷ ᠦᠬᠦᠭᠰᠡᠡ ᠮᠠᠯ ᠵᠢᠬᠦᠷᠳᠡᠨ ᠵᠡᠷᠭᠡ ᠮᠠᠯ ᠠᠵᠦ ᠠᠬᠤᠢ ᠲᠠᠷᠢᠶᠠᠯᠠᠩ ᠤᠨ | ᠬᠠᠶᠠᠬᠳᠠᠮᠠᠯ ᠪᠤᠳᠠᠰ ᠢ ᠡᠬᠢ ᠪᠠᠶᠠᠯᠢᠬᠵᠢᠭᠤᠯᠤᠨ ᠠᠰᠢᠬᠯᠠᠬᠤ ᠪᠠ ᠬᠤᠤᠷ᠎ᠠ ᠦᠭᠡᠶᠢᠳᠡᠭᠦᠯᠦᠨ ᠰᠢᠢᠳᠪᠦᠷᠢᠯᠡᠬᠦ ᠶᠢ | ᠠᠬᠢᠭᠤᠯᠤᠨ᠎ᠠ᠃ ᠬᠢᠮᠢ ᠶᠢᠨ ᠪᠤᠷᠳᠤᠭᠤᠷ ᠢ ᠬᠢᠵᠠᠭᠠᠷᠯᠠᠨ ᠦᠷ᠎ᠠ ᠠᠰᠢᠬ ᠢ ᠨᠡᠮᠡᠭᠳᠡᠭᠦᠯᠬᠦ᠂ ᠲᠠᠷᠢᠶᠠᠨ ᠡᠮ ᠢ | ᠬᠢᠵᠠᠭᠠᠷᠯᠠᠨ ᠬᠤᠤᠷ ᠬᠦᠨᠦᠭᠡᠯ ᠢ ᠪᠠᠭᠠᠰᠬᠠᠬᠤ᠂ ᠤᠰᠦ ᠶᠢ ᠬᠢᠵᠠᠭᠠᠷᠯᠠᠨ ᠬᠤᠷᠤᠬᠳᠠᠯ ᠢ ᠪᠠᠭᠠᠰᠬᠠᠬᠤ᠂ ᠰᠦᠯᠢᠶᠤᠤ | ᠪᠦᠷᠬᠦᠪᠴᠢ ᠶᠢ ᠬᠢᠵᠠᠭᠠᠷᠯᠠᠨ ᠦᠷ᠎ᠠ ᠠᠰᠢᠬ ᠢ ᠲᠡᠭᠡᠭᠰᠢᠯᠡᠭᠦᠯᠬᠦ ︽ᠲᠦᠷᠪᠡ ᠶᠢ ᠬᠢᠵᠠᠭᠠᠷᠯᠠᠬᠤ ᠠᠵᠢᠯᠯᠠᠭ᠎ᠠ︾ ᠶᠢ | ᠪᠦᠬᠦ ᠲᠠᠯ᠎ᠠ ᠪᠠᠷ ᠦᠷᠨᠢᠭᠦᠯᠵᠦ᠂ ᠤᠷᠤᠭᠤᠯᠤᠯᠳᠠ ᠶᠢᠨ ᠵᠦᠢᠯ ᠤᠨ ᠭᠡᠮᠵᠢᠶ᠎ᠠ ᠶᠢ ᠪᠠᠭᠠᠰᠬᠠᠬᠤ᠂ ᠦᠢᠯᠡᠳᠪᠦᠷᠢᠯᠡᠯ ᠢ | ᠴᠡᠪᠡᠷᠰᠢᠭᠦᠯᠬᠦ᠂ ᠠᠵᠦ ᠦᠢᠯᠡᠰ ᠤᠨ ᠵᠠᠭᠪᠤᠷ ᠢ ᠠᠮᠢ ᠠᠬᠤᠶᠢᠴᠢᠯᠠᠬᠤ ᠶᠢ ᠪᠡᠶᠡᠯᠡᠭᠦᠯᠦᠨ᠎ᠡ᠃ ᠮᠠᠯᠵᠢᠬᠤ ᠲᠠᠷᠢᠶᠠᠯᠠᠬᠤ | ᠤᠷᠤᠨ ᠤ ᠤᠰᠤᠨ ᠤ ᠤᠷᠴᠢᠨ ᠲᠤᠭᠤᠷᠢᠨ ᠤ ᠵᠠᠰᠠᠯᠳᠠ ᠶᠢ ᠴᠢᠩᠭᠠᠳᠬᠠᠵᠦ᠂ ᠤᠤᠭᠤᠬᠤ ᠤᠰᠤᠨ ᠤ ᠢᠷᠡᠯᠳᠡ ᠶᠢ | ᠬᠠᠮᠠᠭᠠᠯᠠᠬᠤ ᠪᠠ ᠭᠠᠵᠠᠷ ᠲᠤᠤᠷᠠᠬᠢ ᠤᠰᠦ ᠶᠢ ᠬᠡᠲᠦᠷᠡᠲᠡᠯ᠎ᠡ ᠬᠡᠷᠡᠭᠯᠡᠭᠰᠡᠨ ᠤᠷᠤᠨ ᠢ ᠶᠡᠷᠦᠩᠭᠡᠶᠢᠯᠡᠨ ᠵᠠᠰᠠᠬᠤ | ᠬᠦᠴᠦᠯᠡᠴᠡ ᠶᠢ ᠨᠡᠮᠡᠭᠳᠡᠭᠦᠯᠤᠨ᠎ᠠ᠃ ᠬᠦᠷᠦᠰᠦ ᠰᠢᠷᠤᠢ ᠶᠢᠨ ᠪᠤᠬᠢᠷᠳᠤᠯ ᠤᠨ ᠵᠠᠰᠠᠯᠳᠠ ᠶᠢ ᠴᠢᠩᠭᠠᠳᠬᠠᠵᠦ᠂ | ᠬᠦᠷᠦᠰᠦ ᠰᠢᠷᠤᠢ ᠶᠢᠨ ᠪᠤᠬᠢᠷᠳᠤᠯ ᠢ ᠵᠠᠰᠠᠬᠤ ᠪᠠ ᠰᠡᠷᠬᠦᠭᠡᠬᠦ ᠮᠡᠷᠭᠡᠵᠢᠯ ᠤᠨ ᠭᠡᠷᠡᠭᠯᠡᠭᠡ ᠶᠢᠨ ᠲᠤᠷᠰᠢᠯᠳᠡ ᠶᠢᠨ ᠴᠢᠬ | ᠢ ᠦᠷᠨᠢᠭᠦᠯᠵᠦ᠂ ᠬᠦᠨᠳᠦ ᠲᠡᠮᠦᠷᠯᠢᠭ ᠲᠤ ᠪᠤᠬᠢᠷᠳᠤᠬᠰᠡᠡ ᠲᠠᠷᠢᠶᠠᠨ ᠭᠠᠵᠠᠷ ᠢ ᠰᠡᠷᠭᠡᠶᠢᠯᠡᠨ ᠡᠵᠡᠮᠳᠡᠬᠦ ᠪᠠ ᠰᠡᠷᠬᠦᠭᠡᠬᠦ | ᠠᠵᠢᠯ ᠢ ᠠᠬᠢᠭᠤᠯᠤᠨ᠎ᠠ᠃ ᠮᠠᠯ ᠠᠵᠦ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠳᠤ ᠠᠵᠦ ᠦᠢᠯᠡᠳᠪᠦᠷᠢ | ᠪᠤᠯᠤᠨ ᠬᠤᠳᠠ ᠪᠠᠯᠭᠠᠰᠤᠨ ᠤ ᠪᠤᠬᠢᠷᠳᠤᠯ ᠢ ᠰᠢᠯᠵᠢᠭᠦᠯᠬᠦ ᠶᠢ ᠴᠢᠩᠭ᠎ᠠ ᠴᠠᠭᠠᠵᠠᠯᠠᠨ᠎ᠠ᠃ ᠮᠠᠯ ᠠᠵᠦ ᠠᠬᠤᠢ | ᠲᠠᠷᠢᠶᠠᠯᠠᠩ ᠤᠨ ᠡᠬᠢ ᠪᠠᠶᠠᠯᠢᠬ ᠤᠨ ᠤᠷᠴᠢᠨ ᠲᠤᠭᠤᠷᠢᠨ ᠳᠠᠬᠢ ᠠᠮᠢ ᠠᠬᠤᠢ ᠶᠢ ᠬᠢᠨᠠᠨ ᠡᠵᠡᠮᠳᠡᠬᠦ ᠴᠢᠳᠠᠪᠤᠷᠢ ᠶᠢᠨ | ᠪᠠᠶᠢᠭᠤᠯᠤᠯᠳᠠ ᠶᠢ ᠴᠢᠩᠭᠠᠳᠬᠠᠵᠦ᠂ ᠮᠠᠯ ᠠᠵᠦ ᠠᠬᠤᠢ ᠲᠠᠷᠢᠶᠠᠯᠠᠩ ᠤᠨ ᠡᠬᠢ ᠪᠠᠶᠠᠯᠢᠬ ᠤᠨ ᠤᠷᠴᠢᠨ | ᠲᠤᠭᠤᠷᠢᠨ ᠳᠠᠬᠢ ᠠᠮᠢ ᠠᠬᠤᠢ ᠶᠢ ᠬᠢᠨᠠᠨ ᠡᠵᠡᠮᠳᠡᠬᠦ ᠤᠷᠢᠳᠴᠢᠯᠡᠨ ᠰᠡᠷᠭᠡᠶᠢᠯᠡᠬᠦ ᠰᠢᠰᠲ᠋ᠧᠮ ᠢ ᠪᠠᠶᠢᠭᠤᠯᠤᠨ᠎ᠠ᠃ | ᠮᠠᠯᠵᠢᠬᠤ ᠲᠠᠷᠢᠶᠠᠯᠠᠬᠤ ᠤᠷᠤᠨ ᠤ ᠤᠷᠴᠢᠨ ᠲᠤᠭᠤᠷᠢᠨ ᠢ ᠬᠢᠨᠠᠨ ᠬᠠᠮᠢᠶᠠᠷᠬᠤ ᠴᠢᠳᠠᠪᠤᠷᠢ ᠶᠢ ᠲᠡᠭᠡᠭᠰᠢᠯᠡᠭᠦᠯᠵᠦ᠂ | ᠰᠢᠶᠠᠨ ᠰᠢᠶᠠᠩ ᠤᠨ ᠬᠤᠶᠠᠷ ᠱᠠᠳᠤᠨ ᠤ ᠮᠠᠯᠵᠢᠬᠤ ᠲᠠᠷᠢᠶᠠᠯᠠᠬᠤ ᠤᠷᠤᠨ ᠤ ᠤᠷᠴᠢᠨ ᠲᠤᠭᠤᠷᠢᠨ ᠤ | ᠬᠠᠮᠠᠭᠠᠯᠠᠯᠳᠠ ᠶᠢᠨ ᠭᠤᠤᠯ ᠴᠤᠬᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ | ︵ᠲᠦᠷᠪᠡ︶ ᠮᠠᠯᠵᠢᠬᠤ ᠳᠠᠷᠢᠶᠠᠯᠠᠬᠤ ᠤᠷᠤᠨ ᠤ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠶᠡᠭᠡᠪᠡᠷ | ᠴᠡᠭᠴᠡᠯᠡᠨ ᠵᠠᠰᠠᠨ᠎ᠠ᠃ ᠮᠠᠯᠵᠢᠬᠤ ᠳᠠᠷᠢᠶᠠᠯᠠᠬᠤ ᠤᠷᠤᠨ ᠤ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ | ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠶᠢ ᠬᠡᠷᠡᠭᠵᠢᠭᠦᠯᠵᠦ᠂ ᠮᠠᠯᠵᠢᠬᠤ ᠳᠠᠷᠢᠶᠠᠯᠠᠬᠤ | ᠤᠷᠤᠨ ᠤ ᠬᠤᠭ ᠨᠤᠪᠰᠢ᠂ ᠪᠤᠬᠢᠷ ᠤᠰᠤ ᠶᠢᠨ ᠵᠠᠰᠠᠯᠳᠡ ᠶᠢ ᠦᠷᠨᠢᠭᠦᠯᠵᠤ᠂ ᠨᠦᠭᠦᠴᠡᠯ ᠲᠠᠢ ᠬᠤᠳᠠ ᠪᠠᠯᠭᠠᠰᠤᠨ ᠤ | ᠪᠤᠬᠢᠷ ᠤᠰᠤᠨ ᠬᠤᠭᠤᠯᠠᠢ ᠶᠢ ᠤᠶᠢᠷ᠎ᠠ ᠬᠠᠪᠢ ᠶᠢᠨ ᠭᠠᠴᠠᠭ᠎ᠠ ᠳᠤᠰᠬᠤᠨ ᠤᠷᠤᠭᠤ ᠤᠷᠳᠤᠳᠬᠠᠬᠤ ᠶᠢ ᠠᠬᠢᠭᠤᠯᠤᠨ᠎ᠠ᠃ | ᠮᠠᠯᠵᠢᠬᠤ ᠳᠠᠷᠢᠶᠠᠯᠠᠬᠤ ᠤᠷᠤᠨ ᠤ ︽ᠵᠤᠷᠯᠤᠩ ᠤᠨ ᠬᠤᠪᠢᠰᠬᠠᠯ︾ ᠢ ᠠᠬᠢᠭᠤᠯᠵᠤ᠂ ᠢᠯᠭᠠᠳᠠᠰᠤ ᠶᠢᠨ ᠪᠤᠬᠢᠷᠳᠤᠯ | ᠢ ᠴᠡᠭᠴᠡᠯᠡᠨ ᠵᠠᠰᠠᠬᠤ ᠶᠢ ᠪᠦᠬᠦᠶᠢᠯᠡ ᠬᠤᠰᠢᠭᠤ ᠰᠢᠶᠠᠨ ᠢᠶᠠᠷ ᠠᠬᠢᠭᠤᠯᠬᠤ ᠢᠨᠵᠧᠨᠧᠷᠢᠩ ᠢ ᠬᠡᠷᠡᠭᠵᠢᠭᠦᠯᠵᠦ᠂ | ᠮᠠᠯᠵᠢᠬᠤ ᠳᠠᠷᠢᠶᠠᠯᠠᠬᠤ ᠤᠷᠤᠨ ᠳᠤ ᠬᠤᠤᠷ᠎ᠠ ᠦᠭᠡᠶᠢᠳᠡᠭᠦᠯᠦᠭᠰᠡᠨ ᠵᠤᠷᠯᠤᠩ ᠢ ᠪᠦᠬᠦᠨ ᠢ ᠪᠦᠷᠬᠦᠬᠦᠯᠬᠦ ᠶᠢ | ᠪᠡᠶᠡᠯᠡᠭᠦᠯᠦᠨ᠎ᠡ᠃ ᠮᠠᠯᠵᠢᠬᠤ ᠳᠠᠷᠢᠶᠠᠯᠠᠬᠤ ᠤᠷᠤᠨ ᠤ ᠤᠷᠴᠢᠨ ᠳᠤᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ | ᠬᠦᠨᠵᠡᠭᠡᠢ ᠠᠬᠢᠭᠤᠯᠤᠨ᠎ᠠ᠃ ᠴᠡᠪᠡᠷ ᠰᠢᠨ᠎ᠡ ᠡᠨᠧᠷᠬᠢ ᠶᠢ ᠬᠦᠴᠦᠯᠡᠨ ᠳᠡᠯᠭᠡᠷᠡᠭᠦᠯᠦᠨ᠎ᠡ᠃ ᠳᠤᠤᠷ᠎ᠠ ᠤᠷᠤᠯᠭ᠎ᠠ ᠲᠠᠢ | ᠬᠦᠮᠦᠰ ᠤᠨ ᠠᠮᠤᠷ ᠲᠦᠪᠰᠢᠨ ᠤᠷᠤᠨ ᠰᠠᠭᠤᠴᠠ ᠶᠢᠨ ᠪᠠᠳᠤᠯᠠᠭ᠎ᠠ ᠶᠢᠨ ᠳᠤᠭᠳᠠᠴᠠ ᠶᠢ ᠠᠯᠬᠤᠮ ᠠᠯᠬᠤᠮ ᠢᠶᠠᠷ | ᠪᠠᠶᠢᠭᠤᠯᠵᠤ᠂ ᠮᠠᠯᠵᠢᠬᠤ ᠳᠠᠷᠢᠶᠠᠯᠠᠬᠤ ᠤᠷᠤᠨ ᠤ ᠨᠤᠷᠠᠬᠤ ᠠᠶᠤᠯᠳᠠᠢ ᠬᠡᠷ ᠪᠠᠶᠢᠰᠢᠩ ᠢ ᠵᠠᠰᠠᠨ ᠰᠢᠨᠡᠳᠭᠡᠭᠦ | ᠢᠨᠵᠧᠨᠧᠷᠢᠩ ᠤᠨ ᠪᠦᠳᠦᠭᠡᠨ ᠪᠠᠶᠢᠭᠤᠯᠤᠯᠳᠠ ᠶᠢ ᠦᠷᠭᠦᠯᠵᠢᠯᠡᠨ ᠠᠬᠢᠭᠤᠯᠤᠨ᠎ᠠ᠃ ᠰᠢᠨ᠎ᠠ ᠪᠠᠷ ᠪᠠᠶᠢᠭᠤᠯᠬᠤ ᠮᠠᠯᠴᠢᠨ | ᠳᠠᠷᠢᠶᠠᠴᠢᠨ ᠤ ᠬᠡᠷ ᠪᠠᠶᠢᠰᠢᠩ ᠢ ᠲᠦᠯᠦᠪᠵᠢᠭᠦᠯᠵᠤ ᠬᠠᠮᠢᠶᠠᠷᠤᠨ ᠡᠵᠡᠮᠳᠡᠭᠦ ᠶᠢ ᠴᠢᠩᠭᠠᠳᠬᠠᠵᠤ᠂ ︽ᠬᠦᠨᠳᠡᠶᠢᠷᠡᠭᠰᠡᠨ | ᠳᠤᠰᠬᠤᠨ︾ ᠤ ᠦᠢᠯᠡᠴᠢᠯᠡᠭᠡ ᠬᠠᠮᠢᠶᠠᠷᠤᠯᠳᠠ ᠪᠤᠯᠤᠨ ᠦᠭᠡᠷᠡᠴᠢᠯᠡᠨ ᠪᠠᠶᠢᠭᠤᠯᠬᠤ ᠶᠢ ᠴᠢᠩᠭᠠᠳᠬᠠᠨ᠎ᠠ᠃ ᠬᠦᠳᠡᠭᠡ | ᠨᠤᠳᠤᠭ ᠤᠨ ᠲᠦᠷᠢ ᠲᠦᠷᠭᠦ ᠶᠢ ᠬᠠᠮᠠᠭᠠᠯᠠᠨ ᠦᠯᠡᠳᠡᠭᠡᠵᠤ᠂ ᠬᠦᠳᠡᠭᠡ ᠨᠤᠳᠤᠭ ᠤᠨ ᠪᠠᠷᠢᠯᠭ᠎ᠠ ᠶᠢᠨ ᠵᠢᠱᠢᠶ᠎ᠠ | ᠦᠵᠡᠭᠦᠯᠬᠦ ᠠᠵᠢᠯᠯᠠᠭ᠎ᠠ ᠶᠢ ᠦᠷᠨᠢᠭᠦᠯᠤᠨ᠎ᠡ᠃ ᠬᠦᠳᠡᠭᠡ ᠳᠤᠰᠬᠤᠨ ᠤ ᠨᠤᠭᠤᠭᠠᠷᠠᠭᠤᠯᠤᠯᠳᠠ ᠶᠢᠨ ᠠᠵᠢᠯᠯᠠᠭ᠎ᠠ ᠶᠢ | ᠬᠡᠷᠡᠭᠵᠢᠭᠦᠯᠵᠤ᠂ ᠰᠢᠭᠤᠶᠢᠳᠤ ᠳᠤᠰᠬᠤᠨ ᠪᠠᠯᠭᠠᠰᠤ ᠶᠢ ᠪᠦᠳᠦᠭᠡᠨ ᠪᠠᠶᠢᠭᠤᠯᠵᠤ᠂ ᠡᠷᠳᠡᠨ ᠤ ᠮᠤᠳᠤ ᠨᠡᠷᠡᠳᠤ | ᠮᠤᠳᠤ ᠶᠢ ᠬᠠᠮᠠᠭᠠᠯᠠᠵᠤ᠂ ᠤᠶᠢᠵᠢᠭᠤᠯᠤᠯᠳᠠ ᠨᠤᠭᠤᠭᠠᠷᠠᠭᠤᠯᠤᠯᠳᠠ ᠶᠢᠨ ᠦᠷ᠎ᠠ ᠪᠦᠳᠦᠬᠡᠯ ᠢ ᠬᠠᠮᠠᠭᠠᠯᠠᠨ᠎ᠡ᠃ ︽ | ᠦᠵᠡᠰᠭᠦᠯᠡᠩᠳᠤ ᠰᠠᠶᠢᠬᠠᠨ ᠬᠦᠳᠡᠭᠡ ᠳᠤᠰᠬᠤᠨ︾ ᠤ ᠪᠦᠳᠦᠭᠡᠨ ᠪᠠᠶᠢᠭᠤᠯᠤᠯᠳᠠ ᠶᠢ ᠬᠦᠨᠵᠡᠭᠡᠢ ᠠᠬᠢᠭᠤᠯᠤᠨ᠎ᠠ᠃ | ᠲᠦᠷᠪᠡ᠂ ᠬᠦᠳᠡᠭᠡ ᠲᠤᠰᠬᠤᠨ ᠤ ᠰᠤᠶᠤᠯ ᠢ ᠴᠡᠴᠡᠭᠯᠡᠭᠦᠯᠦᠨ ᠬᠦᠭᠵᠢᠭᠦᠯᠵᠦ᠂ ᠬᠦᠳᠡᠭᠡ ᠲᠤᠰᠬᠤᠨ ᠤ | ᠨᠡᠶᠢᠭᠡᠮ ᠤᠨ ᠪᠤᠯᠪᠠᠰᠤᠨ ᠤ ᠬᠡᠮᠵᠢᠶ᠎ᠠ ᠶᠢ ᠳᠡᠭᠡᠭᠰᠢᠯᠡᠭᠦᠯᠦᠨ᠎ᠡ | ︵ᠨᠢᠭᠡ︶ ᠮᠠᠯᠵᠢᠬᠤ ᠳᠠᠷᠢᠶᠠᠯᠠᠬᠤ ᠤᠷᠤᠨ ᠤ ᠦᠵᠡᠯ ᠰᠠᠨᠠᠭ᠎ᠠ ᠶᠤᠰᠤ ᠰᠤᠷᠲᠠᠬᠤᠨ ᠤ ᠪᠠᠶᠢᠭᠤᠯᠤᠯᠲᠠ ᠶᠢ | ᠴᠢᠩᠭᠠᠳᠬᠠᠨ᠎ᠠ᠃ ᠨᠡᠶᠢᠭᠡᠮ ᠵᠢᠷᠤᠮ ᠤᠨ ᠭᠤᠤᠯᠯᠠᠬᠴᠢ ᠦᠷᠲᠡᠭ ᠤᠨ ᠦᠵᠡᠯᠲᠡ ᠪᠠᠷ ᠬᠦᠳᠦᠯᠦᠨ ᠳᠠᠭᠠᠭᠤᠯᠵᠤ᠂ | ᠰᠤᠷᠭᠠᠨ ᠬᠦᠮᠦᠵᠢᠯ ᠢᠶᠠᠷ ᠳᠠᠶᠢᠴᠢᠯᠠᠬᠤ᠂ ᠪᠤᠲᠠᠲᠤ ᠦᠢᠯᠡᠳᠦᠯᠭᠡ ᠪᠠᠷ ᠳᠠᠰᠬᠠᠬᠤ᠂ ᠳᠦᠷᠢᠮ ᠢᠶᠠᠷ ᠪᠠᠲᠤᠯᠠᠬᠤ ᠶᠢ | ᠵᠡᠷᠭᠡᠪᠡᠷ ᠬᠡᠷᠡᠭᠵᠢᠭᠦᠯᠬᠦ ᠶᠢ ᠪᠠᠷᠢᠮᠲᠠᠯᠠᠵᠤ᠂ ᠮᠠᠯᠵᠢᠬᠤ ᠳᠠᠷᠢᠶᠠᠯᠠᠬᠤ ᠤᠷᠤᠨ ᠤ ᠤᠨᠴᠠᠯᠢᠬ ᠲᠤ ᠳᠤᠬᠢᠷᠠᠬᠰᠠᠨ᠂ | ᠮᠠᠯᠴᠢᠨ ᠳᠠᠷᠢᠶᠠᠴᠢᠨ ᠤᠯᠠᠨ ᠲᠦᠮᠡᠨ ᠤ ᠦᠵᠡᠵᠤ ᠰᠤᠨᠤᠰᠬᠤ ᠳᠤᠷᠠᠳᠠᠢ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ | ᠳᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠪᠠ ᠳᠤᠮᠳᠠᠳᠤ ᠶᠢᠨ ᠵᠡᠭᠦᠳᠦ ᠶᠢᠨ ᠤᠬᠠᠭᠤᠯᠭ᠎ᠠ ᠬᠦᠮᠦᠵᠢᠯ | ᠢ ᠭᠦᠨᠵᠡᠭᠡᠶᠢᠷᠡᠭᠦᠯᠵᠦ᠂ ᠤᠯᠤᠰ ᠢᠶᠠᠨ ᠬᠠᠶᠢᠷᠠᠯᠠᠬᠤ ᠦᠵᠡᠯ᠂ ᠨᠡᠶᠢᠳᠡᠴᠢ ᠦᠵᠡᠯ᠂ ᠨᠡᠶᠢᠭᠡᠮ ᠵᠢᠷᠤᠮᠳᠤ ᠦᠵᠡᠯ ᠤᠨ | ᠬᠦᠮᠦᠵᠢᠯ ᠢ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢᠨ ᠬᠦᠮᠦᠵᠢᠯ ᠢ ᠭᠦᠨᠵᠡᠭᠡᠶᠢᠷᠡᠭᠦᠯᠵᠦ᠂ | ᠦᠷᠭᠡᠨ ᠤᠯᠠᠨ ᠮᠠᠯᠴᠢᠨ ᠳᠠᠷᠢᠶᠠᠴᠢᠨ ᠤ ︽ᠦᠵᠡᠰᠭᠦᠯᠡᠩᠳᠤ ᠰᠠᠶᠢᠬᠠᠨ ᠦᠪᠦᠷ ᠮᠤᠩᠭᠤᠯ ᠢᠶᠠᠨ ᠪᠦᠳᠦᠭᠡᠨ | ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠳᠡᠷᠭᠡᠯᠰᠢᠭᠦᠯᠬᠦ︾ ᠢᠳᠡᠭᠡᠯ ᠵᠤᠷᠢᠭ ᠪᠤᠯᠤᠨ ᠬᠠᠯᠠᠭᠤᠨ | ᠰᠡᠳᠬᠢᠯᠭᠡ ᠶᠢ ᠪᠠᠳᠠᠷᠠᠭᠠᠨᠡ᠃ ᠮᠠᠯᠵᠢᠬᠤ ᠳᠠᠷᠢᠶᠠᠯᠠᠬᠤ ᠤᠷᠤᠨ ᠤ ᠦᠵᠡᠯ ᠰᠠᠨᠠᠭ᠎ᠠ ᠰᠤᠶᠤᠯ ᠤᠨ ᠹᠷᠤᠨᠲ ᠤᠨ | ᠪᠠᠶᠢᠭᠤᠯᠤᠯᠲᠠ ᠶᠢ ᠴᠢᠩᠭᠠᠳᠬᠠᠵᠤ᠂ ︽ᠮᠠᠯᠴᠢᠨ ᠳᠠᠷᠢᠶᠠᠴᠢᠨ ᠤ ᠰᠤᠷᠤᠯᠴᠠᠯᠭ᠎ᠠ ᠶᠢᠨ ᠶᠠᠷᠢᠶᠠᠨ ᠤ ᠳᠠᠩᠬᠢᠮ︾ ᠤᠨ | ᠦᠢᠯᠡᠳᠦᠯ ᠢ ᠬᠦᠢᠴᠡᠳ ᠪᠠᠳᠠᠷᠠᠭᠤᠯᠵᠤ᠂ ᠦᠵᠡᠯ ᠰᠠᠨᠠᠭ᠎ᠠ ᠶᠤᠰᠤ ᠰᠤᠷᠳᠠᠬᠤᠨ ᠤ ᠬᠦᠮᠦᠵᠢᠯ ᠤᠨ ᠭᠠᠴᠠᠭ᠎ᠠ | ᠳᠤᠰᠬᠤᠨ᠂ ᠮᠠᠯᠴᠢᠨ ᠳᠠᠷᠢᠶᠠᠴᠢᠨ ᠡᠷᠦᠭᠡ ᠳᠤ ᠤᠷᠤᠬᠤ ᠶᠢ ᠠᠬᠢᠭᠤᠯᠤᠨ᠎ᠠ᠃ ᠠᠷᠠᠳ ᠢᠷᠭᠡᠳ ᠤᠨ ᠶᠤᠰᠤ | ᠰᠤᠷᠲᠠᠬᠤᠨ ᠤ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠨᠡᠶᠢᠭᠡᠮ ᠨᠡᠶᠢᠲᠡ ᠶᠢᠨ ᠶᠤᠰᠤ ᠮᠤᠷᠠᠯ᠂ | ᠠᠵᠢᠯ ᠤᠨ ᠮᠤᠷᠠᠯ᠂ ᠭᠡᠷ ᠪᠦᠯᠢ ᠶᠢᠨ ᠰᠠᠶᠢᠨ ᠰᠠᠶᠢᠬᠠᠨ ᠰᠤᠷᠲᠠᠯ᠂ ᠬᠤᠪᠢ ᠬᠦᠮᠦᠨ ᠤ ᠮᠤᠷᠠᠯ ᠰᠤᠷᠳᠠᠯ ᠤᠨ | ᠪᠠᠶᠢᠭᠤᠯᠤᠯᠲᠠ ᠶᠢ ᠠᠬᠢᠭᠤᠯᠤᠨ᠎ᠠ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠦᠨᠡᠨᠴᠢ | ᠢᠳᠡᠭᠡᠮᠵᠢᠳᠡᠢ ᠮᠠᠯᠴᠢᠨ ᠳᠠᠷᠢᠶᠠᠴᠢᠨ ᠡᠷᠦᠭᠡ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠦᠷᠨᠢᠭᠦᠯᠵᠤ᠂ ᠦᠨᠡᠨᠴᠢ | ᠢᠳᠡᠭᠡᠮᠵᠢ ᠶᠢᠨ ᠣᠨᠣᠯᠵᠢᠬᠤᠨ᠂ ᠵᠢᠷᠤᠮᠵᠢᠯ ᠤᠨ ᠤᠬᠠᠮᠰᠠᠷ᠂ ᠭᠡᠷ᠎ᠠ ᠶᠢᠨ ᠵᠤᠷᠢᠭ ᠰᠠᠨᠠᠭ᠎ᠠ ᠶᠢ ᠲᠦᠭᠡᠮᠡᠯᠵᠢᠭᠦᠯᠦᠨ᠎ᠡ᠃ | | ︵ᠬᠤᠶᠠᠷ︶ ᠮᠠᠯᠵᠢᠬᠤ ᠳᠠᠷᠢᠶᠠᠯᠠᠬᠤ ᠤᠷᠤᠨ ᠤ ᠰᠢᠯᠢᠳᠡᠭ ᠤᠯᠠᠮᠵᠢᠯᠠᠯᠲᠤ ᠰᠤᠶᠤᠯ ᠢ ᠤᠯᠠᠮᠵᠢᠯᠠᠨ | ᠬᠦᠭᠵᠢᠭᠦᠯᠵᠥ ᠳᠡᠭᠡᠭᠰᠢᠯᠡᠭᠦᠯᠦᠨ᠎ᠡ᠃ ᠦᠪᠦᠷ ᠮᠤᠩᠭᠤᠯ ᠤᠨ ᠨᠡᠭᠦᠳᠡᠯ ᠮᠠᠯᠵᠢᠯ ᠰᠤᠶᠤᠯ ᠬᠢᠭᠡᠳ ᠳᠠᠷᠢᠶᠠᠯᠠᠬᠤ | ᠰᠤᠶᠤᠯ ᠤᠨ ᠰᠤᠯᠢᠯᠴᠠᠨ ᠠᠭᠤᠰᠤᠯᠴᠠᠬᠤ᠂ ᠤᠯᠠᠨ ᠦᠨᠳᠦᠰᠦᠳᠡᠨ ᠤ ᠰᠤᠶᠤᠯ ᠰᠤᠯᠢᠯᠴᠠᠭ᠎ᠠ ᠪᠠᠨ ᠬᠠᠷᠢᠯᠴᠠᠨ | ᠲᠤᠪᠤᠶᠢᠯᠭᠠᠬᠰᠠᠨ ᠳᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ ᠪᠦᠬᠦ ᠦᠨᠳᠦᠰᠦᠳᠡᠨ ᠤ ᠰᠢᠯᠢᠳᠡᠭ ᠤᠯᠠᠮᠵᠢᠯᠠᠯᠳᠤ | ᠰᠤᠶᠤᠯ ᠢ ᠤᠯᠠᠮᠵᠢᠯᠠᠬᠤ ᠰᠢᠰᠲ᠋ᠧᠮ ᠢ ᠪᠦᠷᠢᠨᠰᠢᠭᠦᠯᠤᠨ᠂ ᠡᠭᠦᠳᠤᠨ ᠪᠦᠳᠦᠭᠡᠯᠴᠢ ᠴᠢᠨᠠᠷᠳᠠᠢ ᠪᠠᠷ ᠤᠨᠳᠤᠤᠰᠢᠭᠤᠯᠬᠤ᠂ | ᠰᠢᠨ᠎ᠠ ᠶᠢ ᠡᠭᠦᠳᠭᠦ ᠴᠢᠨᠠᠷᠳᠠᠢ ᠬᠦᠭᠵᠢᠯᠳᠡ ᠶᠢ ᠪᠡᠶᠡᠯᠡᠭᠦᠯᠤᠨ᠎ᠠ᠃ ᠦᠨᠳᠤᠰᠤᠳᠠᠨ ᠤ ᠰᠤᠶᠤᠯ ᠤᠨ ᠤᠷᠠᠯᠢᠭᠵᠢᠨ | ᠤᠨᠳᠤᠤᠰᠢᠬᠤ ᠶᠢ ᠬᠦᠨᠳᠦᠳᠭᠡᠵᠤ᠂ ᠦᠨᠳᠦᠰᠦᠳᠡᠨ ᠤ ᠤᠷᠠᠯᠢᠭ ᠤᠨ ᠲᠦᠷᠦᠯ ᠳᠡᠮᠳᠡᠭ ᠤᠨ ᠰᠢᠰᠲ᠋ᠧᠮ ᠤᠨ | ᠪᠦᠳᠦᠭᠡᠨ ᠪᠠᠶᠢᠭᠤᠯᠤᠯᠳᠠ ᠶᠢ ᠠᠬᠢᠭᠤᠯᠵᠤ᠂ ᠮᠠᠯᠵᠢᠬᠤ ᠳᠠᠷᠢᠶᠠᠯᠠᠬᠤ ᠤᠷᠤᠨ ᠤ ᠤᠨᠴᠠᠯᠢᠭᠳᠤ ᠰᠤᠶᠤᠯ ᠤᠷᠠᠯᠢᠭ ᠤᠨ | ᠨᠡᠷ᠎ᠠ ᠶᠢᠨ ᠬᠠᠭᠤᠳᠠᠰᠤ ᠶᠢ ᠪᠤᠢ ᠪᠤᠯᠭᠠᠨ᠎ᠠ᠃ ᠦᠪᠦᠷ ᠮᠤᠩᠭᠤᠯ ᠤᠨ ᠦᠪᠡᠷᠮᠢᠴᠡ ᠤᠨᠴᠠᠯᠢᠭᠳᠤ ᠦᠨᠳᠤᠰᠤᠳᠠᠨ ᠤ | ᠰᠢ ᠵᠦᠴᠦᠭᠡ ᠪᠤᠯᠤᠨ ᠤᠷᠤᠨ ᠨᠤᠳᠤᠭ ᠤᠨ ᠰᠢ ᠵᠦᠴᠦᠭᠡ ᠶᠢ ᠰᠤᠳᠤᠯᠬᠤ᠂ ᠬᠠᠮᠠᠭᠠᠯᠠᠬᠤ᠂ ᠤᠯᠠᠮᠵᠢᠯᠠᠬᠤ᠂ | ᠡᠭᠦᠳᠦᠨ ᠪᠦᠳᠦᠭᠡᠭᠦ ᠶᠢ ᠴᠢᠩᠭᠠᠳᠬᠠᠨ᠎ᠠ᠃ ᠮᠠᠯᠵᠢᠬᠤ ᠳᠠᠷᠢᠶᠠᠯᠠᠬᠤ ᠤᠷᠤᠨ ᠤ ᠳᠡᠦᠭᠡ ᠰᠤᠶᠤᠯ ᠢ ᠬᠠᠮᠠᠭᠠᠯᠠᠬᠤ ᠶᠢ | ᠴᠢᠩᠭᠠᠳᠬᠠᠵᠤ᠂ ᠰᠤᠶᠤᠯ ᠤᠨ ᠠᠮᠢ ᠠᠬᠤᠢ ᠶᠢᠨ ᠤᠷᠴᠢᠨ ᠳᠤᠭᠤᠷᠢᠨ ᠤ ᠬᠠᠮᠠᠭᠠᠯᠠᠯᠳᠠ ᠶᠢᠨ ᠪᠠᠶᠢᠭᠤᠯᠤᠯᠳᠠ ᠶᠢ | ᠬᠡᠷᠡᠭᠵᠢᠭᠦᠯᠵᠤ᠂ ᠳᠡᠦᠭᠡ ᠰᠤᠶᠤᠯ ᠤᠨ ᠨᠡᠷᠡᠳᠤ ᠪᠠᠯᠭᠠᠰᠤ ᠨᠡᠷᠡᠳᠤ ᠳᠤᠰᠬᠤᠨ ᠪᠤᠯᠤᠨ ᠤᠯᠠᠮᠵᠢᠯᠠᠯᠳᠤ ᠭᠠᠴᠠᠭ᠎ᠠ | ᠳᠤᠰᠬᠤᠨ ᠢ ᠬᠠᠮᠠᠭᠠᠯᠠᠨ ᠠᠰᠢᠬᠯᠠᠬᠤ ᠶᠢ ᠠᠬᠢᠭᠤᠯᠵᠤ᠂ ᠨᠡᠭᠦᠳᠡᠯ ᠰᠤᠶᠤᠯ᠂ ᠳᠠᠷᠢᠶᠠᠯᠠᠬᠤ ᠰᠤᠶᠤᠯ ᠵᠡᠷᠭᠡ ᠶᠢᠨ ᠦᠪ | ᠦᠯᠡᠳᠡᠭᠳᠡᠯ ᠢ ᠰᠠᠶᠢᠳᠤᠷ ᠬᠠᠮᠠᠭᠠᠯᠠᠨ᠎ᠠ᠃ ᠰᠢᠯᠢᠳᠡᠭ ᠦᠨᠳᠦᠰᠦᠳᠡᠨ ᠤ ᠰᠤᠶᠤᠯ ᠤᠨ ᠦᠪ ᠦᠯᠡᠳᠡᠭᠳᠡᠯ ᠢ ᠠᠪᠤᠷᠠᠨ | ᠬᠠᠮᠠᠭᠠᠯᠠᠬᠤ᠂ ᠵᠦᠢ ᠵᠤᠬᠢᠰᠳᠠᠢ ᠠᠰᠢᠬᠯᠠᠬᠤ ᠶᠢ ᠠᠬᠢᠭᠤᠯᠵᠤ᠂ ᠦᠨᠳᠦᠰᠦᠳᠡᠨ ᠤ ᠵᠠᠩ ᠵᠠᠩᠰᠢᠯ ᠪᠤᠯᠤᠨ ᠬᠦᠳᠡᠭᠡ | ᠳᠤᠰᠬᠤᠨ ᠤ ᠳᠤᠷᠠᠳᠬᠠᠯ ᠤᠨ ᠮᠦᠽᠧᠢ ᠶᠢ ᠳᠠᠮᠵᠢᠨ ᠬᠦᠭᠵᠢᠭᠦᠯᠦᠨ᠎ᠡ᠃ ᠭᠠᠷ ᠤᠷᠠᠯᠠᠯ ᠤᠨ ᠤᠷ᠎ᠠ ᠮᠡᠷᠭᠡᠰᠢᠯ᠂ | ᠦᠨᠳᠦᠰᠦᠳᠡᠨ ᠤ ᠬᠤᠪᠴᠠᠰᠤ ᠵᠠᠰᠠᠯ᠂ ᠵᠠᠩ ᠵᠠᠩᠰᠢᠯ ᠤᠨ ᠠᠵᠢᠯᠯᠠᠭ᠎ᠠ ᠵᠡᠷᠭᠡ ᠮᠠᠯᠵᠢᠬᠤ ᠳᠠᠷᠢᠶᠠᠯᠠᠬᠤ ᠤᠷᠤᠨ ᠤ | ᠪᠤᠳᠠᠰ ᠤᠨ ᠪᠤᠰᠤ ᠰᠤᠶᠤᠯ ᠤᠨ ᠦᠪ ᠢ ᠬᠦᠨᠵᠡᠭᠡᠢ ᠠᠭᠤᠳᠠᠯᠵᠤ᠂ ᠦᠢᠯᠡᠳᠪᠦᠷᠢᠯᠡᠯ ᠤᠨ ᠴᠢᠨᠠᠷᠳᠠᠢ ᠬᠠᠮᠠᠭᠠᠯᠠᠬᠤ ᠶᠢ | ᠬᠡᠷᠡᠭᠵᠢᠭᠦᠯᠦᠨ᠎ᠡ᠃ ᠮᠤᠩᠭᠤᠯ ᠡᠮ ᠡᠮᠨᠡᠯᠭᠡ ᠶᠢ ᠬᠠᠮᠠᠭᠠᠯᠠᠬᠤ ᠪᠠ ᠤᠯᠠᠮᠵᠢᠯᠠᠬᠤ ᠶᠢ ᠴᠢᠩᠭᠠᠳᠬᠠᠨ᠎ᠠ᠃ | ︵ᠭᠤᠷᠪᠠ︶ ᠮᠠᠯᠵᠢᠬᠤ ᠳᠠᠷᠢᠶᠠᠯᠠᠬᠤ ᠤᠷᠤᠨ ᠤ ᠤᠯᠠᠨ ᠨᠡᠶᠢᠳᠠ ᠶᠢᠨ ᠰᠤᠶᠤᠯ ᠤᠨ ᠪᠠᠶᠢᠭᠤᠯᠤᠯᠳᠠ ᠶᠢ | ᠠᠬᠢᠭᠤᠯᠤᠨ᠎ᠠ᠃ ᠰᠠᠭᠤᠷᠢᠨ ᠲᠠᠢ᠂ ᠪᠠᠷᠢᠮᠵᠢᠶ᠎ᠠ ᠲᠠᠢ᠂ ᠲᠤᠤᠷ ᠲᠠᠢ᠂ ᠠᠭᠤᠯᠭ᠎ᠠ ᠲᠠᠢ᠂ ᠴᠢᠳᠠᠪᠤᠷᠢᠳᠠᠨ ᠲᠠᠢ ᠪᠠᠶᠢᠬᠤ | ᠱᠠᠭᠠᠷᠳᠠᠯᠭ᠎ᠠ ᠶᠤᠰᠤᠭᠠᠷ᠂ ᠮᠠᠯᠵᠢᠬᠤ ᠳᠠᠷᠢᠶᠠᠯᠠᠬᠤ ᠤᠷᠤᠨ ᠤ ᠤᠯᠠᠨ ᠨᠡᠶᠢᠳᠠ ᠶᠢᠨ ᠰᠤᠶᠤᠯ ᠤᠨ ᠤᠶᠢᠯᠡᠴᠢᠯᠡᠬᠡᠨ ᠤ | ᠰᠢᠰᠲ᠋ᠧᠮ ᠢ ᠪᠠᠶᠢᠭᠤᠯᠤᠨ ᠲᠡᠬᠦᠯᠳᠡᠷᠵᠢᠬᠦᠯᠬᠦ ᠶᠢ ᠲᠦᠷᠭᠡᠳᠭᠡᠵᠤ᠂ ᠤᠯᠠᠨ ᠨᠡᠶᠢᠳᠡ ᠶᠢᠨ ᠰᠤᠶᠤᠯ ᠤᠨ ᠦᠨᠳᠤᠰᠤᠨ | ᠦᠢᠯᠡᠴᠢᠯᠡᠭᠡᠨ ᠤ ᠪᠠᠷᠢᠮᠵᠢᠶᠠᠵᠢᠬᠤ᠂ ᠳᠡᠩᠴᠡᠭᠦᠷᠢᠰᠢᠭᠦ ᠶᠢ ᠠᠬᠢᠭᠤᠯᠤᠨ᠎ᠠ᠃ ᠬᠤᠰᠢᠭᠤ ᠰᠢᠶᠠᠨ ᠤ ᠱᠠᠳᠤᠨ ᠤ | ᠤᠯᠠᠨ ᠨᠡᠶᠢᠳᠠ ᠶᠢᠨ ᠰᠤᠶᠤᠯ ᠤᠨ ᠪᠠᠶᠢᠭᠤᠯᠤᠮᠵᠢ ᠶᠢᠨ ᠳᠠᠶᠢᠴᠢᠯᠠᠨ ᠳᠠᠭᠠᠭᠤᠯᠬᠤ ᠤᠶᠢᠯᠡᠳᠤᠯ ᠢ ᠪᠠᠳᠠᠷᠠᠭᠤᠯᠵᠤ᠂ | ᠬᠦᠳᠡᠭᠡ ᠳᠤᠰᠬᠤᠨ ᠤ ᠶᠡᠷᠦᠩᠬᠡᠶᠢᠯᠡᠭᠰᠡᠨ ᠰᠤᠶᠤᠯ ᠤᠨ ᠤᠶᠢᠯᠡᠴᠢᠯᠡᠬᠡᠨ ᠤ ᠲᠦᠪ ᠤᠨ ᠪᠠᠶᠢᠭᠤᠯᠤᠯᠳᠠ ᠶᠢ | ᠴᠢᠩᠭᠠᠳᠬᠠᠵᠤ᠂ ᠰᠠᠭᠤᠷᠢᠨ ᠤ ᠰᠤᠶᠤᠯ᠂ ᠬᠦᠳᠡᠯᠦᠩᠭᠦᠢ ᠰᠤᠶᠤᠯ ᠬᠢᠭᠡᠳ ᠳᠤᠭᠠᠴᠢᠯᠠᠭᠰᠠᠨ ᠰᠤᠶᠤᠯ ᠤᠨ | ᠦᠢᠯᠡᠴᠢᠯᠡᠭᠡ ᠶᠢ ᠬᠠᠷᠢᠯᠴᠠᠨ ᠤᠶᠠᠯᠳᠤᠭᠤᠯᠬᠤ ᠶᠢ ᠠᠬᠢᠭᠤᠯᠵᠤ᠂ ᠦᠢᠯᠡᠴᠢᠯᠡᠭᠡᠨ ᠤ ᠦᠷ᠎ᠠ ᠪᠦᠳᠦᠮᠵᠢ ᠪᠠ | ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠤᠶᠤᠯ ᠢᠶᠠᠷ ᠶᠠᠳᠠᠭᠤ ᠶᠢ ᠳᠡᠳᠭᠦᠭᠦ ᠨᠢᠭᠡᠨ ᠪᠦᠯᠦᠭ ᠲᠦᠷᠦᠯ ᠵᠦᠢᠯ ᠢ | ᠲᠦᠪᠯᠡᠷᠡᠭᠦᠯᠦᠨ ᠬᠡᠷᠡᠭᠵᠢᠭᠦᠯᠵᠤ᠂ ᠬᠢᠯᠢ ᠬᠢᠵᠠᠭᠠᠷ ᠤᠨ ᠭᠠᠵᠠᠷ ᠤᠷᠤᠨ᠂ ᠶᠠᠳᠠᠭᠤ ᠬᠦᠴᠢᠷᠳᠡᠯᠳᠠᠢ ᠭᠠᠵᠠᠷ ᠤᠷᠤᠨ ᠤ | ᠤᠯᠠᠨ ᠨᠡᠶᠢᠳᠡ ᠶᠢᠨ ᠰᠤᠶᠤᠯ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃ ᠤᠯᠠᠭᠠᠨᠮᠦ᠋ᠴᠢᠷ ᠤᠨ | ᠠᠵᠢᠯ ᠦᠢᠯᠡᠰ ᠤᠨ ᠬᠦᠭᠵᠢᠯᠳᠡ ᠶᠢ ᠲᠦᠷᠭᠡᠳᠭᠡᠵᠤ᠂ ᠤᠯᠠᠭᠠᠨᠮᠦ᠋ᠴᠢᠷ ᠤᠨ ᠦᠨᠳᠤᠰᠤᠨ ᠱᠠᠳᠤᠨ ᠳᠤ ᠦᠨᠳᠦᠰᠤ | ᠬᠠᠳᠬᠤᠬᠤ᠂ ᠠᠷᠠᠳ ᠤᠯᠠᠨ ᠳᠤ ᠦᠢᠯᠡᠴᠢᠯᠡᠭᠦ ᠰᠢᠯᠢᠳᠡᠭ ᠤᠯᠠᠮᠵᠢᠯᠠᠯ ᠢ ᠪᠠᠳᠠᠷᠠᠭᠤᠯᠵᠤ᠂ ᠤᠳᠬ᠎ᠠ ᠤᠷᠠᠯᠢᠭ ᠢ | ᠬᠦᠳᠡᠭᠡ ᠳᠤᠰᠬᠤᠨ ᠳᠤ ᠬᠦᠷᠭᠡᠭᠦ ᠠᠵᠢᠯᠯᠠᠭ᠎ᠠ ᠶᠢ ᠢᠳᠡᠪᠬᠢᠳᠠᠢ ᠦᠷᠨᠢᠭᠦᠯᠦᠨ᠎ᠡ᠃ ᠰᠤᠶᠤᠯ ᠢ ᠬᠦᠳᠡᠭᠡ ᠳᠤ | ᠪᠠᠭᠤᠯᠭᠠᠬᠤ ᠶᠢ ᠠᠬᠢᠭᠤᠯᠵᠤ᠂ ᠤᠳᠬ᠎ᠠ ᠤᠷᠠᠯᠢᠭ ᠤᠨ ᠠᠵᠢᠯᠳᠠᠨ ᠮᠠᠯᠵᠢᠬᠤ ᠳᠠᠷᠢᠶᠠᠯᠠᠬᠤ ᠤᠷᠤᠨ ᠳᠤ | ᠬᠦᠨᠵᠡᠭᠡᠶᠢᠷᠡᠭᠦ᠂ ᠮᠠᠯᠴᠢᠨ ᠳᠠᠷᠢᠶᠠᠴᠢᠨ ᠤᠯᠠᠨ ᠲᠦᠮᠡᠨ ᠲᠠᠢ ᠤᠶᠢᠷᠠᠳᠤᠬᠤ ᠶᠢ ᠵᠤᠷᠢᠬᠵᠢᠭᠤᠯᠵᠤ᠂ ᠬᠦᠳᠡᠭᠡ | ᠳᠤᠰᠬᠤᠨ ᠤ ᠤᠨᠴᠠᠯᠢᠭ ᠢᠶᠠᠷ ᠦᠳᠭᠡᠨ᠂ ᠢᠳᠡᠪᠬᠢ ᠬᠦᠴᠦᠨ ᠲᠠᠢ᠂ ᠮᠠᠯᠴᠢᠨ ᠳᠠᠷᠢᠶᠠᠴᠢᠨ ᠤ ᠬᠠᠯᠠᠭᠤᠨ | ᠬᠦᠷᠢᠶᠡᠯᠡᠯ ᠢ ᠬᠦᠨᠵᠡᠭᠡᠢ ᠬᠦᠷᠳᠡᠭᠦ ᠤᠳᠬ᠎ᠠ ᠤᠷᠠᠯᠢᠭ ᠤᠨ ᠪᠦᠳᠦᠭᠡᠯ ᠢ ᠭᠠᠷᠭᠠᠨ᠎ᠠ᠃ ᠦᠪᠡᠷ ᠲᠡᠭᠡᠨ ᠡᠷᠬᠢᠯᠡᠭᠰᠡᠨ | ᠰᠤᠶᠤᠯ ᠢ ᠳᠡᠮᠵᠢᠭᠦ ᠲᠦᠷᠦᠯ ᠵᠦᠢᠯ ᠢ ᠬᠡᠷᠡᠭᠵᠢᠭᠦᠯᠵᠤ᠂ ᠰᠤᠶᠤᠯ ᠤᠨ ᠳᠤᠮᠤ ᠬᠦᠷᠢᠶᠡᠯᠡᠩ᠂ ᠰᠤᠶᠤᠯ ᠤᠨ | ᠭᠤᠤᠯᠳᠠᠯᠭᠠᠳᠤ ᠡᠷᠦᠭᠡ᠂ ᠮᠠᠯᠴᠢᠨ ᠳᠠᠷᠢᠶᠠᠴᠢᠨ ᠪᠢᠴᠢᠭ ᠤᠨ ᠬᠤᠷᠢᠶ᠎ᠠ ᠪᠠ ᠠᠵᠢᠯ ᠤᠨ ᠴᠢᠯᠦᠭᠡᠨ ᠤ ᠰᠢ | ᠵᠦᠴᠦᠭᠡ ᠶᠢᠨ ᠪᠦᠯᠬᠦᠮ ᠵᠡᠷᠭᠡ ᠤᠯᠠᠨ ᠲᠦᠮᠡᠨ ᠤ ᠰᠤᠶᠤᠯ ᠤᠨ ᠵᠤᠬᠢᠶᠠᠨ ᠪᠠᠶᠢᠭᠤᠯᠤᠯᠳᠠ ᠶᠢᠨ ᠪᠠᠶᠢᠭᠤᠯᠤᠯᠳᠠ ᠶᠢ | ᠳᠡᠮᠵᠢᠨ᠎ᠡ᠃ ᠤᠨᠴᠠᠭᠠᠢ ᠬᠦᠮᠦᠰ ᠤᠨ ᠦᠨᠳᠤᠰᠤᠨ ᠰᠤᠶᠤᠯ ᠤᠨ ᠡᠷᠭᠡ ᠠᠰᠢᠭ ᠢ ᠪᠠᠳᠤᠯᠠᠵᠤ᠂ ᠬᠦᠯᠦᠰᠤᠨ | ᠠᠵᠢᠯᠴᠢᠨ᠂ ᠨᠠᠰᠤᠳᠠᠶᠢᠴᠤᠳ᠂ ᠨᠠᠰᠤᠨ ᠳᠤ ᠦᠯᠦ ᠬᠦᠷᠦᠭᠰᠡᠳ᠂ ᠮᠠᠯᠵᠢᠬᠤ ᠳᠠᠷᠢᠶᠠᠯᠠᠬᠤ ᠤᠷᠤᠨ ᠤ ᠬᠡᠷ ᠲᠡᠭᠡᠨ | ᠬᠤᠴᠤᠷᠤᠭᠰᠠᠨ ᠬᠡᠦᠭᠡᠳ᠂ ᠵᠡᠮᠳᠡᠭᠴᠤᠳ ᠵᠡᠷᠭᠡ ᠬᠦᠮᠦᠰ ᠲᠤ ᠬᠠᠨᠳᠤᠭᠤᠯᠤᠭᠰᠠᠨ ᠰᠤᠶᠤᠯ ᠤᠨ ᠦᠢᠯᠡᠴᠢᠯᠡᠭᠡᠨ ᠤ | ᠠᠵᠢᠯ ᠢ ᠰᠠᠶᠢᠳᠤᠷ ᠬᠢᠨ᠎ᠡ᠃ ᠮᠠᠯᠵᠢᠬᠤ ᠳᠠᠷᠢᠶᠠᠯᠠᠬᠤ ᠤᠷᠤᠨ ᠤ ᠰᠤᠶᠤᠯ ᠤᠨ ᠵᠠᠬ᠎ᠠ ᠳᠡᠯᠭᠡᠭᠦᠷ ᠢ ᠴᠡᠴᠡᠭᠯᠡᠭᠦᠯᠦᠨ | ᠬᠦᠭᠵᠢᠭᠦᠯᠵᠤ᠂ ᠮᠠᠯᠵᠢᠬᠤ ᠳᠠᠷᠢᠶᠠᠯᠠᠬᠤ ᠤᠷᠤᠨ ᠤ ᠰᠤᠶᠤᠯ ᠤᠨ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠳᠠ ᠶᠢ | ᠴᠢᠩᠭᠠᠳᠬᠠᠨ᠎ᠠ᠃ | ︵ᠲᠦᠷᠪᠡ︶ ᠬᠡᠪ ᠵᠠᠩᠰᠢᠯ ᠢ ᠦᠬᠡᠷᠡᠴᠢᠯᠡᠬᠦ ᠠᠵᠢᠯᠯᠠᠭ᠎ᠠ ᠶᠢ ᠦᠷᠨᠢᠬᠦᠯᠦᠨ᠎ᠠ᠃ ︽ᠬᠦᠳᠡᠭᠡ ᠲᠤᠰᠬᠤᠨ ᠤ | ᠬᠡᠪ ᠵᠠᠩᠰᠢᠯ ᠪᠤᠯᠪᠠᠰᠤᠨ ᠢ ᠲᠡᠭᠡᠭᠰᠢᠯᠡᠬᠦᠯᠬᠦ ᠠᠵᠢᠯᠯᠠᠭ᠎ᠠ︾ ᠪᠠᠷ ᠭᠠᠷᠳᠠᠴᠠ ᠪᠤᠯᠭᠠᠨ᠂ ᠪᠤᠯᠪᠠᠰᠤᠨ ᠲᠤᠰᠬᠤᠨ | ᠪᠠᠯᠭᠠᠰᠤ᠂ ᠪᠤᠯᠪᠠᠰᠤᠨ ᠬᠡᠷ ᠪᠦᠯᠢ ᠵᠡᠷᠬᠡ ᠮᠠᠯᠵᠢᠬᠤ ᠲᠠᠷᠢᠶᠠᠯᠠᠬᠤ ᠤᠷᠤᠨ ᠤ ᠤᠯᠠᠨ ᠲᠦᠮᠡᠨᠴᠢ ᠴᠢᠨᠠᠷᠳᠠᠢ ᠤᠶᠤᠨ | ᠤ ᠪᠤᠯᠪᠠᠰᠤᠨ ᠢ ᠡᠬᠦᠳᠦᠨ ᠪᠠᠶᠢᠭᠤᠯᠬᠤ ᠠᠵᠢᠯᠯᠠᠭ᠎ᠠ ᠶᠢ ᠲᠦᠷᠬᠡᠳᠬᠡᠨ ᠠᠬᠢᠭᠤᠯᠵᠦ᠂ ᠪᠤᠯᠪᠠᠰᠤᠨ ᠬᠦᠳᠡᠭᠡ | ᠲᠤᠰᠬᠤᠨ ᠤ ᠬᠡᠪ ᠵᠠᠩᠰᠢᠯ᠂ ᠰᠠᠶᠢᠨ ᠰᠠᠶᠢᠬᠠᠨ ᠬᠡᠷ ᠤᠨ ᠰᠤᠷᠳᠠᠯ᠂ ᠪᠤᠷᠤᠭᠵᠢᠭᠤᠨ ᠰᠢᠯᠤᠭᠤᠨ ᠠᠷᠠᠳ ᠤᠨ ᠬᠡᠪ | ᠵᠠᠩᠰᠢᠯ ᠢ ᠶᠡᠬᠡᠪᠡᠷ ᠪᠤᠶᠢᠵᠢᠭᠤᠯᠤᠨ᠂ ᠮᠠᠯᠴᠢᠨ ᠲᠠᠷᠢᠶᠠᠴᠢᠨ ᠤ ᠤᠶᠤᠨ ᠰᠠᠨᠠᠭ᠎ᠠ ᠶᠢᠨ ᠲᠦᠷᠰᠦ ᠪᠠᠶᠢᠳᠠᠯ ᠢ | ᠴᠢᠨᠠᠬᠰᠢᠳᠠ ᠲᠡᠭᠡᠭᠰᠢᠯᠡᠬᠦᠯᠦᠨ᠎ᠠ᠃ ᠭᠠᠴᠠᠭ᠎ᠠ ᠲᠤᠰᠬᠤᠨ ᠢ ᠬᠦᠲᠦᠯᠦᠨ ᠲᠠᠭᠠᠭᠤᠯᠵᠦ ᠬᠤᠷᠢᠮ ᠪᠡᠯᠪᠡᠰᠤᠷᠡᠯ ᠤᠨ | ᠬᠡᠷᠡᠭ ᠮᠡᠳᠡᠭᠴᠢᠳ ᠤᠨ ᠬᠤᠷᠠᠯ᠂ ᠶᠤᠰᠤ ᠰᠤᠷᠳᠠᠬᠤᠨ ᠢ ᠦᠨᠡᠯᠡᠨ ᠵᠦᠪᠯᠡᠬᠦ ᠬᠤᠷᠠᠯ ᠪᠠᠶᠢᠭᠤᠯᠤᠨ᠂ ᠲᠤᠰᠬᠤᠨ ᠤ | ᠲᠦᠷᠢᠮ ᠠᠷᠠᠳ ᠤᠨ ᠬᠡᠷ᠎ᠠ ᠶᠢ ᠲᠤᠭᠳᠠᠭᠠᠨ ᠲᠡᠬᠦᠯᠳᠡᠷᠵᠢᠬᠦᠯᠵᠦ᠂ ᠶᠡᠬᠡᠪᠡᠷ ᠬᠢᠬᠦ᠂ ᠪᠦᠷᠢᠯᠬᠡᠨ ᠰᠦᠢᠳᠬᠡᠬᠦ᠂ | ᠬᠦᠨᠳᠤ ᠪᠠᠷ ᠤᠷᠤᠰᠢᠭᠤᠯᠵᠦ ᠠᠰᠠᠷᠠᠬᠤ ᠶᠢ ᠬᠦᠩᠬᠡᠪᠴᠢᠯᠡᠬᠦ᠂ ᠬᠦᠮᠦᠨ ᠤ ᠬᠤᠭᠤᠷᠤᠨᠳᠤᠬᠢ ᠨᠢᠭᠤᠷ ᠲᠠᠯ᠎ᠠ ᠶᠢ | ᠠᠳᠠᠯᠢᠳᠬᠠᠬᠤ ᠵᠡᠷᠬᠡ ᠬᠠᠭᠤᠴᠢᠨ ᠲᠦᠷᠢᠮ ᠮᠠᠭᠤᠬᠠᠢ ᠲᠠᠳᠬᠠᠯ ᠢ ᠡᠪᠳᠡᠵᠦ᠂ ᠠᠵᠢᠯᠴᠢ ᠠᠷᠪᠢᠴᠢ᠂ ᠡᠷᠡᠬᠦᠯ | ᠦᠬᠡᠳᠡᠷᠭᠡᠭ ᠬᠦᠳᠡᠭᠡ ᠲᠤᠰᠬᠤᠨ ᠤ ᠬᠡᠪ ᠵᠠᠩᠰᠢᠯ ᠢ ᠰᠠᠨᠠᠭᠠᠴᠢᠯᠠᠨ᠎ᠠ᠃ ᠮᠠᠯᠵᠢᠬᠤ ᠲᠠᠷᠢᠶᠠᠯᠠᠬᠤ ᠤᠷᠤᠨ ᠤ | ᠤᠷᠤᠰᠢᠭᠤᠯᠭ᠎ᠠ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠦᠨ᠎ᠠ᠃ ᠮᠠᠯᠵᠢᠬᠤ ᠲᠠᠷᠢᠶᠠᠯᠠᠬᠤ ᠤᠷᠤᠨ ᠤ ᠰᠢᠨᠵᠢᠯᠡᠬᠦ | ᠤᠬᠠᠭᠠᠨ ᠲᠦᠬᠡᠮᠡᠯᠵᠢᠬᠦᠯᠬᠦ ᠠᠵᠢᠯ ᠢ ᠦᠷᠨᠢᠬᠦᠯᠦᠨ᠂ ᠮᠠᠯᠴᠢᠨ ᠲᠠᠷᠢᠶᠠᠴᠢᠨ ᠤ ᠰᠢᠨᠵᠢᠯᠡᠬᠦ ᠤᠬᠠᠭᠠᠨ ᠰᠤᠶᠤᠯ ᠤᠨ | ᠬᠡᠪ ᠴᠢᠨᠠᠷ ᠢ ᠲᠡᠭᠡᠭᠰᠢᠯᠡᠬᠦᠯᠦᠨ᠎ᠠ᠃ ᠮᠠᠯᠴᠢᠨ ᠲᠠᠷᠢᠶᠠᠴᠢᠨ ᠤ ᠤᠶᠤᠨ ᠰᠠᠨᠠᠭ᠎ᠠ ᠰᠤᠶᠤᠯ ᠤᠨ ᠠᠮᠢᠳᠤᠷᠠᠯ ᠢ | ᠡᠯᠪᠡᠭᠵᠢᠬᠦᠯᠦᠨ᠂ ᠰᠠᠬᠢᠭᠤᠯᠰᠤᠨ ᠦᠬᠡᠢ ᠦᠵᠡᠯ ᠤᠨ ᠤᠬᠠᠭᠤᠯᠭ᠎ᠠ ᠬᠦᠮᠦᠵᠢᠯ ᠢ ᠴᠢᠩᠭᠠᠳᠬᠠᠨ᠂ ᠹᠧᠤᠳᠠᠯ ᠤᠨ | ᠮᠤᠬᠤᠷ ᠰᠦᠰᠦᠭ ᠤᠨ ᠠᠵᠢᠯᠯᠠᠭ᠎ᠠ ᠶᠢ ᠬᠤᠷᠢᠬᠯᠠᠨ᠎ᠠ᠃ | ᠲᠠᠪᠤ᠂ ᠬᠦᠳᠡᠭᠡ ᠲᠤᠰᠬᠤᠨ ᠤ ᠵᠠᠰᠠᠯᠳᠠ ᠶᠢᠨ ᠰᠢᠰᠲ᠋ᠧᠮ ᠤᠨ ᠰᠢᠨ᠎ᠠ ᠶᠢ ᠡᠬᠦᠳᠴᠤ᠂ ᠬᠦᠳᠡᠭᠡ ᠲᠤᠰᠬᠤᠨ | ᠢ ᠰᠠᠶᠢᠨ ᠵᠠᠰᠠᠬᠤ ᠶᠢ ᠪᠡᠶᠡᠯᠡᠬᠦᠯᠦᠨ᠎ᠠ | ︵ᠨᠢᠬᠡ︶ ᠮᠠᠯᠵᠢᠬᠤ ᠲᠠᠷᠢᠶᠠᠯᠠᠬᠤ ᠤᠷᠤᠨ ᠤ ᠦᠨᠳᠦᠰᠦᠨ ᠱᠠᠳᠤᠨ ᠤ ᠨᠠᠮ ᠤᠨ ᠵᠤᠬᠢᠶᠠᠨ | ᠪᠠᠶᠢᠭᠤᠯᠤᠯᠳᠠ ᠶᠢ ᠴᠢᠩᠭᠠᠳᠬᠠᠨ᠎ᠠ᠃ ︽ᠤᠮᠨᠷᠠᠳᠤ ᠬᠢᠯᠢ ᠶᠢᠨ ᠬᠤᠰᠢᠭᠤᠴᠢ︾ ᠢᠨᠵᠧᠨᠧᠷᠢᠩ ᠢ ᠬᠡᠷᠡᠭᠵᠢᠬᠦᠯᠬᠦ ᠪᠠᠷ | ᠭᠠᠷᠳᠠᠴᠠ ᠪᠤᠯᠭᠠᠨ᠂ ︽ᠠᠷᠠᠳ ᠢ ᠪᠠᠶᠠᠵᠢᠭᠤᠯᠬᠤ ᠨᠠᠮ ᠤᠨ ᠪᠠᠶᠢᠭᠤᠯᠤᠯᠳᠠ︾ ᠶᠢ ᠶᠡᠬᠡᠪᠡᠷ ᠠᠬᠢᠭᠤᠯᠤᠨ᠂ ᠨᠠᠮ ᠤᠨ | ᠪᠠᠶᠢᠭᠤᠯᠤᠯᠳᠠ ᠪᠠᠷ ᠮᠠᠨᠳᠤᠯᠳᠠ ᠶᠢ ᠠᠬᠢᠭᠤᠯᠤᠨ᠂ ᠮᠠᠯᠵᠢᠬᠤ ᠲᠠᠷᠢᠶᠠᠯᠠᠬᠤ ᠤᠷᠤᠨ ᠤ ᠦᠨᠳᠦᠰᠦᠨ ᠱᠠᠳᠤᠨ ᠤ ᠨᠠᠮ | ᠤᠨ ᠵᠤᠬᠢᠶᠠᠨ ᠪᠠᠶᠢᠭᠤᠯᠤᠯᠳᠠ ᠶᠢᠨ ᠤᠯᠤᠰ ᠲᠦᠷᠦ ᠶᠢᠨ ᠴᠢᠳᠠᠪᠬᠢ ᠶᠢ ᠴᠢᠩᠭᠠᠳᠬᠠᠨ᠂ ᠵᠤᠬᠢᠶᠠᠨ | ᠪᠠᠶᠢᠭᠤᠯᠤᠯᠳᠠ ᠶᠢᠨ ᠬᠦᠴᠦᠨ ᠢ ᠴᠢᠩᠭᠠᠳᠬᠠᠨ᠂ ᠮᠠᠯᠵᠢᠬᠤ ᠲᠠᠷᠢᠶᠠᠯᠠᠬᠤ ᠤᠷᠤᠨ ᠤ ᠦᠨᠳᠦᠰᠦᠨ ᠱᠠᠳᠤᠨ ᠤ ᠨᠠᠮ | ᠤᠨ ᠵᠤᠬᠢᠶᠠᠨ ᠪᠠᠶᠢᠭᠤᠯᠤᠯᠳᠠ ᠶᠢ ᠨᠠᠮ ᠤᠨ ᠰᠠᠨᠠᠭᠠᠴᠢᠯᠠᠭ᠎ᠠ ᠶᠢ ᠤᠬᠠᠭᠤᠯᠬᠤ᠂ ᠤᠯᠠᠨ ᠲᠦᠮᠡᠨ ᠢ ᠲᠠᠶᠢᠴᠢᠯᠠᠬᠤ᠂ | ᠦᠬᠡᠷᠡᠴᠢᠯᠡᠯᠳᠡ ᠬᠦᠭᠵᠢᠯᠳᠡ ᠶᠢ ᠠᠬᠢᠭᠤᠯᠬᠤ ᠪᠠᠳᠤ ᠴᠢᠩᠭ᠎ᠠ ᠲᠠᠶᠢᠴᠢᠨ ᠪᠠᠬᠢᠯᠡᠯᠳᠡ ᠪᠤᠯᠭᠠᠨ ᠪᠠᠶᠢᠭᠤᠯᠤᠨ᠎ᠠ᠃ | ᠰᠢ ᠶᠢᠨ ᠫᠢᠩ ᠤᠨ ᠰᠢᠨ᠎ᠠ ᠴᠠᠬ ᠦᠶ᠎ᠠ ᠶᠢᠨ ᠲᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠦᠵᠡᠯ | ᠰᠠᠨᠠᠭ᠎ᠠ ᠶᠢᠨ ᠰᠤᠷᠤᠯᠴᠠᠯᠭ᠎ᠠ ᠬᠦᠮᠦᠵᠢᠯ ᠢ ᠬᠦᠨᠵᠡᠬᠡᠢ ᠦᠷᠨᠢᠬᠦᠯᠦᠨ᠂ ︽ᠬᠤᠶᠠᠷ ᠢ ᠰᠤᠷᠤᠯᠴᠠᠵᠦ ᠬᠢᠷᠢ | ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠦᠮᠦᠵᠢᠯ ᠢ ᠪᠠᠶᠢᠩᠭᠤᠵᠢᠭᠤᠯᠬᠤ ᠲᠦᠷᠢᠮᠵᠢᠬᠦᠯᠬᠦ ᠶᠢ | ᠠᠬᠢᠭᠤᠯᠤᠨ᠂ ︽ᠤᠬ ᠰᠠᠨᠠᠭ᠎ᠠ ᠪᠠᠨ ᠦᠯᠦ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ | ᠰᠡᠳᠦᠪᠳᠤ ᠬᠦᠮᠦᠵᠢᠯ ᠢ ᠯᠠᠪᠳᠠᠭᠤᠨ ᠪᠠᠳᠤᠳᠠᠢ ᠦᠷᠨᠢᠬᠦᠯᠦᠨ᠎ᠠ᠃ ᠦᠩᠬᠡᠨ ᠲᠠᠯ᠎ᠠ ᠶᠢ ᠵᠠᠰᠠᠬᠤ ᠪᠠ | ᠦᠨᠳᠦᠰᠦ ᠠᠴᠠ ᠨᠢ ᠵᠠᠰᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠳᠠᠯᠠᠨ᠂ ᠪᠠᠭᠤᠷᠠᠢ ᠰᠤᠯᠠ ᠭᠠᠴᠠᠭ᠎ᠠ | ᠲᠤᠰᠬᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢ ᠦᠷᠬᠦᠯᠵᠢᠯᠡᠨ ᠴᠡᠭᠴᠡᠯᠡᠨ᠎ᠠ᠃ ᠮᠠᠯᠵᠢᠬᠤ ᠲᠠᠷᠢᠶᠠᠯᠠᠬᠤ ᠤᠷᠤᠨ | ᠤ ᠲᠠᠭᠠᠭᠤᠯᠤᠬᠴᠢ ᠶᠢᠨ ᠡᠩᠨᠡᠭᠡ ᠶᠢ ᠪᠦᠬᠦᠶᠢᠯᠡ ᠴᠤᠬᠴᠠ ᠳᠤᠨᠢ ᠰᠢᠯᠢᠳᠡᠭᠵᠢᠬᠦᠯᠦᠨ ᠲᠡᠭᠡᠭᠰᠢᠯᠡᠬᠦᠯᠬᠦ ᠠᠵᠢᠯᠯᠠᠭ᠎ᠠ ᠶᠢ | ᠬᠡᠷᠡᠭᠵᠢᠭᠦᠯᠦᠨ᠂ ᠲᠡᠬᠡᠳᠤ ᠰᠤᠷᠭᠠᠭᠤᠯᠢ ᠲᠡᠬᠦᠰᠦᠭᠰᠡᠳ᠂ ᠬᠦᠯᠦᠰᠤᠨ ᠮᠠᠯᠴᠢᠨ ᠲᠠᠷᠢᠶᠠᠴᠢᠨ᠂ ᠪᠠᠶᠢᠭᠤᠯᠤᠯᠭ᠎ᠠ ᠠᠵᠦ | ᠠᠬᠤᠶᠢᠯᠠᠯ ᠠᠵᠢᠯ ᠦᠢᠯᠡᠰ ᠤᠨ ᠨᠢᠬᠡᠴᠡ ᠶᠢᠨ ᠰᠢᠯᠢᠳᠡᠭ ᠨᠠᠮ ᠤᠨ ᠬᠡᠰᠢᠬᠦᠨ ᠺᠠᠳ᠋ᠷ ᠢ ᠲᠠᠳᠠᠵᠦ ᠭᠠᠴᠠᠭ᠎ᠠ | ᠲᠤᠰᠬᠤᠨ ᠳᠤ ᠲᠤᠰᠢᠶᠠᠯ ᠬᠠᠷᠢᠭᠤᠴᠠᠭᠤᠯᠬᠤ ᠶᠢ ᠴᠢᠬᠤᠯᠠᠴᠢᠯᠠᠨ᠂ ᠭᠠᠴᠠᠭ᠎ᠠ ᠲᠤᠰᠬᠤᠨ ᠤ ᠨᠠᠮ ᠤᠨ ᠵᠤᠬᠢᠶᠠᠨ | ᠪᠠᠶᠢᠭᠤᠯᠤᠯᠳᠠ ᠶᠢᠨ ᠱᠦᠵᠢ ᠶᠢ ᠰᠢᠯᠢᠳᠡᠭ ᠴᠢᠩᠭ᠎ᠠ ᠭᠠᠷ ᠢᠶᠠᠷ ᠰᠤᠩᠭᠤᠨ ᠲᠤᠬᠢᠷᠠᠭᠤᠯᠤᠨ᠎ᠠ᠃ ᠨᠢᠬᠡᠳᠦᠬᠡᠷ | ᠱᠦᠵᠢ ᠶᠢ ᠰᠤᠩᠭᠤᠨ ᠲᠤᠮᠢᠯᠠᠬᠤ ᠠᠵᠢᠯ ᠤᠨ ᠤᠷᠳᠤ ᠬᠤᠭᠤᠴᠠᠭᠠᠨ ᠤ ᠪᠦᠲᠦᠮᠵᠢᠳᠤ ᠲᠤᠬᠳᠠᠴᠠ ᠶᠢ ᠪᠠᠶᠢᠭᠤᠯᠤᠨ᠎ᠠ᠃ | ᠮᠠᠯᠵᠢᠬᠤ ᠲᠠᠷᠢᠶᠠᠯᠠᠬᠤ ᠤᠷᠤᠨ ᠤ ᠦᠨᠳᠦᠰᠦᠨ ᠱᠠᠳᠤᠨ ᠤ ᠺᠠᠳ᠋ᠷ ᠪᠠ ᠨᠠᠮ ᠤᠨ ᠬᠡᠰᠢᠬᠦᠨ ᠢ ᠪᠤᠯᠪᠠᠰᠤᠷᠠᠭᠤᠯᠬᠤ | ᠡᠬᠡᠯᠵᠢᠯᠡᠨ ᠪᠤᠯᠪᠠᠰᠤᠷᠠᠭᠤᠯᠬᠤ ᠲᠦᠷᠢᠮ ᠢ ᠪᠠᠶᠢᠭᠤᠯᠤᠨ᠂ ᠭᠠᠴᠠᠭ᠎ᠠ ᠲᠤᠰᠬᠤᠨ ᠤ ᠨᠠᠮ ᠤᠨ ᠵᠤᠬᠢᠶᠠᠨ | ᠪᠠᠶᠢᠭᠤᠯᠤᠯᠳᠠ ᠶᠢᠨ ᠱᠦᠵᠢ ᠶᠢ ᠵᠢᠯ ᠪᠦᠷᠢ ᠨᠠᠭᠠᠳᠤ ᠵᠠᠬ᠎ᠠ ᠳᠠᠭᠠᠨ ᠨᠢᠬᠡ ᠤᠳᠠᠭ᠎ᠠ ᠪᠤᠯᠪᠠᠰᠤᠷᠠᠭᠤᠯᠤᠨ᠎ᠠ᠃ ᠨᠠᠮ ᠤᠨ | ᠬᠡᠰᠢᠬᠦᠨ ᠤ ᠬᠦᠮᠦᠵᠢᠯ ᠬᠠᠮᠢᠶᠠᠷᠤᠯᠳᠠ ᠬᠢᠨᠠᠯᠳᠠ ᠶᠢ ᠴᠢᠩᠭᠠᠳᠬᠠᠨ᠂ ᠨᠠᠮ ᠤᠨ ᠬᠡᠰᠢᠬᠦᠨ ᠢ ᠲᠦᠷᠦᠯ ᠬᠤᠪᠢᠶᠠᠵᠦ | ᠬᠠᠮᠢᠶᠠᠷᠬᠤ ᠠᠷᠭ᠎ᠠ ᠶᠢ ᠰᠦᠪᠡᠭᠴᠢᠯᠡᠨ ᠪᠠᠶᠢᠭᠤᠯᠵᠦ᠂ ᠰᠢᠯᠢᠳᠡᠭ ᠵᠠᠯᠠᠭᠤ ᠮᠠᠯᠴᠢᠨ ᠲᠠᠷᠢᠶᠠᠴᠢᠨ ᠤ ᠲᠤᠮᠳᠠ ᠠᠴᠠ | ᠨᠠᠮ ᠤᠨ ᠬᠡᠰᠢᠬᠦᠨ ᠬᠦᠮᠦᠵᠢᠬᠦᠯᠬᠦ ᠶᠢ ᠴᠢᠬᠤᠯᠠᠴᠢᠯᠠᠨ᠂ ᠬᠢᠷᠢ ᠲᠡᠩᠴᠡᠬᠦ ᠦᠬᠡᠢ ᠨᠠᠮ ᠤᠨ ᠬᠡᠰᠢᠬᠦᠨ ᠢ | ᠰᠢᠢᠳᠪᠦᠷᠢᠯᠡᠬᠦ ᠠᠵᠢᠯ ᠢ ᠲᠤᠭᠳᠠᠭᠤᠨ ᠡᠮᠬᠢ ᠵᠢᠷᠤᠮ ᠲᠠᠢ ᠦᠷᠨᠢᠬᠦᠯᠦᠨ᠎ᠠ᠃ ᠭᠠᠴᠠᠭ᠎ᠠ ᠲᠤᠰᠬᠤᠨ ᠤ ᠲᠡᠰ ᠤᠨ | ᠵᠤᠬᠢᠶᠠᠨ ᠪᠠᠶᠢᠭᠤᠯᠤᠯᠳᠠ ᠶᠢᠨ ᠠᠵᠢᠯ ᠤᠨ ᠵᠠᠷᠤᠳᠠᠯ ᠤᠨ ᠲᠤᠭᠳᠠᠭᠤᠨ ᠪᠠᠲᠤᠯᠠᠪᠤᠷᠢ ᠶᠢᠨ ᠲᠤᠭᠳᠠᠴᠠ ᠶᠢ | ᠪᠠᠶᠢᠭᠤᠯᠤᠨ᠎ᠠ᠃ ᠭᠠᠴᠠᠭ᠎ᠠ ᠲᠤᠰᠬᠤᠨ ᠤ ᠲᠡᠰ ᠤᠨ ᠪᠠᠭ᠎ᠠ ᠵᠢᠵᠢᠭ ᠡᠷᠬᠡ ᠶᠢᠨ ᠨᠠᠷᠢᠨ ᠲᠠᠩᠰᠠ ᠶᠢᠨ ᠲᠦᠷᠢᠮ ᠢ | ᠬᠡᠷᠡᠭᠵᠢᠬᠦᠯᠦᠨ᠂ ᠭᠠᠴᠠᠭ᠎ᠠ ᠲᠤᠰᠬᠤᠨ ᠤ ᠲᠡᠰ ᠤᠨ ᠡᠷᠬᠡ ᠶᠢ ᠲᠦᠷᠢᠮᠵᠢᠬᠦᠯᠦᠨ ᠶᠠᠪᠤᠬᠳᠠᠭᠤᠯᠬᠤ ᠪᠠ ᠪᠦᠲᠦᠮᠵᠢᠳᠡᠢ | ᠬᠢᠨᠠᠯᠳᠠ ᠲᠠᠯᠪᠢᠬᠤ ᠲᠤᠬᠳᠠᠴᠠ ᠶᠢ ᠪᠠᠶᠢᠭᠤᠯᠤᠨ᠂ ᠦᠨᠳᠦᠰᠦᠨ ᠱᠠᠳᠤᠨ ᠤ ᠪᠠᠭ᠎ᠠ ᠵᠢᠵᠢᠭ ᠡᠷᠬᠡ ᠶᠢᠨ ᠢᠯᠵᠢᠷᠠᠯ ᠢ | ᠵᠠᠯᠬᠠᠭᠠᠨ ᠰᠢᠳᠬᠡᠬᠦ ᠬᠦᠴᠦᠯᠡᠴᠡ ᠶᠢ ᠨᠡᠮᠡᠭᠳᠡᠬᠦᠯᠦᠨ᠎ᠠ᠃ | ︵ᠬᠤᠶᠠᠷ︶ ᠲᠤᠰᠬᠤᠨ ᠤ ᠠᠷᠠᠳ ᠤᠨ ᠦᠪᠡᠷᠳᠡᠬᠡᠨ ᠵᠠᠰᠠᠬᠤ ᠦᠢᠯᠡᠳᠦᠯᠬᠡ ᠶᠢ ᠬᠦᠨᠵᠡᠬᠡᠶᠢᠷᠡᠬᠦᠯᠦᠨ᠎ᠠ᠃ | ᠭᠠᠴᠠᠭ᠎ᠠ ᠲᠤᠰᠬᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠤᠳᠤᠷᠢᠳᠤᠬᠰᠠᠨ ᠲᠤᠰᠬᠤᠨ ᠤ ᠠᠷᠠᠳ ᠤᠨ | ᠦᠪᠡᠷᠳᠡᠬᠡᠨ ᠵᠠᠰᠠᠬᠤ ᠲᠤᠬᠳᠠᠴᠠ ᠶᠢ ᠪᠦᠷᠢᠨᠰᠢᠬᠦᠯᠬᠦ ᠪᠠ ᠰᠢᠨ᠎ᠠ ᠶᠢ ᠡᠬᠦᠳᠴᠤ᠂ ᠮᠠᠯᠵᠢᠬᠤ ᠲᠠᠷᠢᠶᠠᠯᠠᠬᠤ ᠤᠷᠤᠨ ᠤ | ᠤᠯᠠᠨ ᠲᠦᠮᠡᠨᠴᠢ ᠴᠢᠨᠠᠷᠳᠠᠢ ᠦᠪᠡᠷᠳᠡᠬᠡᠨ ᠵᠠᠰᠠᠬᠤ ᠵᠤᠬᠢᠶᠠᠨ ᠪᠠᠶᠢᠭᠤᠯᠤᠯᠳᠠ ᠶᠢᠨ ᠪᠠᠶᠢᠭᠤᠯᠤᠯᠳᠠ ᠶᠢ | ᠴᠢᠩᠭᠠᠳᠬᠠᠨ᠎ᠠ᠃ ᠭᠠᠴᠠᠭ᠎ᠠ ᠲᠤᠰᠬᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠱᠦᠵᠢ ᠶᠢᠨ ᠰᠤᠩᠭᠤᠭᠤᠯᠢ ᠪᠠᠷ | ᠲᠠᠮᠵᠢᠵᠦ ᠭᠠᠴᠠᠭ᠎ᠠ ᠲᠤᠰᠬᠤᠨ ᠤ ᠵᠦᠪᠯᠡᠯ ᠤᠨ ᠡᠷᠬᠢᠯᠡᠭᠴᠢ ᠶᠢᠨ ᠲᠤᠰᠢᠶᠠᠯ ᠬᠠᠷᠢᠭᠤᠴᠠᠬᠤ ᠶᠢ ᠠᠬᠢᠭᠤᠯᠤᠨ᠎ᠠ᠃ | ᠭᠠᠴᠠᠭ᠎ᠠ ᠲᠤᠰᠬᠤᠨ ᠤ ᠶᠠᠪᠤᠳᠠᠯ ᠢ ᠢᠯᠡ ᠪᠤᠯᠭᠠᠬᠤ ᠪᠠ ᠬᠢᠨᠠᠯᠳᠠ ᠲᠠᠯᠪᠢᠬᠤ ᠶᠢ ᠪᠦᠬᠦ ᠲᠠᠯ᠎ᠠ ᠪᠠᠷ ᠴᠢᠩᠭᠠᠳᠬᠠᠨ᠂ | ᠦᠪᠡᠷᠳᠡᠬᠡᠨ ᠵᠠᠰᠠᠬᠤ ᠲᠦᠷᠢᠮ ᠢ ᠪᠠᠳᠠᠷᠠᠭᠤᠯᠤᠨ᠂ ᠲᠤᠰᠬᠤᠨ ᠤ ᠲᠦᠷᠢᠮ ᠠᠷᠠᠳ ᠤᠨ ᠬᠡᠷ᠎ᠠ ᠶᠢᠨ ᠬᠦᠳᠡᠭᠡ | ᠲᠤᠰᠬᠤᠨ ᠤ ᠵᠠᠰᠠᠯᠳᠠ ᠲᠤᠮᠳᠠᠬᠢ ᠦᠢᠯᠡᠳᠦᠯ ᠢ ᠪᠠᠳᠠᠷᠠᠭᠤᠯᠤᠨ᠎ᠠ᠃ ᠦᠨᠳᠦᠰᠦᠨ ᠱᠠᠳᠤᠨ ᠤ ᠵᠦᠪᠯᠡᠬᠦ | ᠠᠷᠠᠳᠴᠢᠯᠠᠯ ᠤᠨ ᠪᠠᠶᠢᠭᠤᠯᠤᠯᠳᠠ ᠶᠢ ᠴᠢᠩᠭᠠᠳᠬᠠᠨ᠂ ᠲᠤᠰᠬᠤᠨ ᠤ ᠠᠷᠠᠳ ᠤᠨ ᠶᠠᠪᠤᠳᠠᠯ ᠵᠦᠪᠯᠡᠬᠦ ᠬᠤᠷᠠᠯ᠂ | ᠲᠤᠰᠬᠤᠨ ᠤ ᠠᠷᠠᠳ ᠤᠨ ᠬᠡᠷᠡᠭ ᠮᠡᠳᠡᠭᠴᠢᠳ ᠤᠨ ᠬᠤᠷᠠᠯ ᠵᠡᠷᠬᠡ ᠵᠦᠪᠯᠡᠬᠦ ᠬᠡᠯᠪᠡᠷᠢ ᠶᠢ ᠢᠳᠡᠪᠬᠢᠳᠡᠢ ᠪᠦᠷᠢᠨᠰᠢᠬᠦᠯᠦᠨ | ᠂ ᠠᠷᠠᠳ ᠤᠨ ᠵᠦᠪᠯᠡᠬᠦ ᠵᠤᠬᠢᠶᠠᠨ ᠪᠠᠶᠢᠭᠤᠯᠤᠬᠴᠢ ᠪᠠ ᠲᠠᠭᠠᠭᠤᠯᠤᠬᠴᠢ ᠶᠢ ᠪᠤᠶᠢᠵᠢᠭᠤᠯᠬᠤ ᠶᠢ ᠴᠢᠬᠤᠯᠠᠴᠢᠯᠠᠨ᠎ᠠ᠃ | ᠨᠤᠲᠤᠬ ᠤᠨ ᠰᠢᠨ᠎ᠠ ᠲᠤᠮᠤᠭᠠᠳᠠᠨ ᠤ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠨ᠎ᠠ᠃ ᠨᠡᠶᠢᠳᠡ ᠶᠢᠨ | ᠠᠰᠠᠷᠠᠮᠵᠢ ᠶᠢᠨ ᠨᠢᠬᠦᠯᠡᠰᠦᠩᠬᠦᠢ ᠶᠢᠨ ᠲᠦᠷᠦᠯ᠂ ᠨᠡᠶᠢᠬᠡᠮ ᠲᠤᠭᠤᠷᠢᠬ ᠤᠨ ᠦᠢᠯᠡᠴᠢᠯᠡᠬᠡᠨ ᠤ ᠲᠦᠷᠦᠯ ᠤᠨ ᠤᠯᠠᠨ | ᠲᠦᠮᠡᠨᠴᠢ ᠴᠢᠨᠠᠷᠳᠠᠢ ᠨᠡᠶᠢᠬᠡᠮ ᠤᠨ ᠵᠤᠬᠢᠶᠠᠨ ᠪᠠᠶᠢᠭᠤᠯᠤᠯᠳᠠ ᠶᠢ ᠪᠤᠶᠢᠵᠢᠭᠤᠯᠤᠨ᠂ ᠮᠠᠯᠴᠢᠨ ᠲᠠᠷᠢᠶᠠᠴᠢᠨ ᠢ | ᠬᠦᠲᠦᠯᠦᠨ ᠲᠠᠭᠠᠭᠤᠯᠵᠦ ᠰᠠᠶᠢᠨ ᠲᠤᠷ᠎ᠠ ᠶᠢᠨ ᠠᠵᠢᠯᠯᠠᠬᠴᠢ ᠶᠢᠨ ᠨᠡᠶᠢᠬᠡᠮᠯᠢᠭ᠂ ᠰᠤᠶᠤᠯ ᠪᠠᠶ᠎ᠠ ᠶᠢᠨ ᠲᠠᠮᠢᠷ ᠤᠨ | ᠨᠡᠶᠢᠬᠡᠮᠯᠢᠭ᠂ ᠵᠤᠬᠢᠴᠠᠭᠤᠯᠬᠤ ᠨᠡᠶᠢᠬᠡᠮᠯᠢᠭ᠂ ᠨᠠᠰᠤᠳᠠᠶᠢᠴᠤᠳ ᠤᠨ ᠨᠡᠶᠢᠬᠡᠮᠯᠢᠭ ᠵᠡᠷᠬᠡ ᠦᠢᠯᠡᠴᠢᠯᠡᠬᠡᠨ ᠤ ᠴᠢᠨᠠᠷᠳᠠᠢ | ᠵᠤᠬᠢᠶᠠᠨ ᠪᠠᠶᠢᠭᠤᠯᠤᠯᠳᠠ ᠶᠢ ᠪᠠᠶᠢᠭᠤᠯᠤᠨ᠎ᠠ᠃ ᠲᠡᠭᠡᠷ᠎ᠡ ᠱᠠᠳᠤᠨ ᠠᠴᠠ ᠭᠠᠴᠠᠭ᠎ᠠ ᠲᠤᠰᠬᠤᠨ ᠤ ᠲᠡᠰ ᠤᠨ ᠵᠤᠬᠢᠶᠠᠨ | ᠪᠠᠶᠢᠭᠤᠯᠤᠯᠳᠠ ᠳᠤ ᠦᠨᠡᠯᠡᠨ ᠠᠳᠠᠯᠢᠳᠬᠠᠯᠳᠠ ᠬᠢᠬᠦ ᠨᠢ ᠤᠯᠠᠨ᠂ ᠡᠬᠦᠳᠦᠨ ᠪᠠᠶᠢᠭᠤᠯᠵᠦ ᠪᠠᠷᠢᠮᠵᠢᠶ᠎ᠠ ᠳᠤ | ᠬᠦᠷᠬᠡᠬᠦ ᠨᠢ ᠤᠯᠠᠨ᠂ ᠪᠠᠶᠢᠴᠠᠭᠠᠯᠳᠠ ᠰᠢᠮᠳᠠᠭᠤᠯᠤᠨ ᠪᠠᠶᠢᠴᠠᠭᠠᠯᠳᠠ ᠤᠯᠠᠨ ᠵᠡᠷᠬᠡ ᠲᠤᠪᠤᠶᠢᠮ᠎ᠠ ᠠᠰᠠᠭᠤᠳᠠᠯ ᠳᠤ | ᠴᠢᠭᠯᠡᠬᠦᠯᠦᠨ᠂ ᠭᠠᠴᠠᠭ᠎ᠠ ᠲᠤᠰᠬᠤᠨ ᠤ ᠲᠡᠰ ᠤᠨ ᠵᠤᠬᠢᠶᠠᠨ ᠪᠠᠶᠢᠭᠤᠯᠤᠯᠳᠠ ᠶᠢᠨ ᠲᠠᠷᠤᠭᠠᠰᠤ ᠶᠢ ᠦᠨᠡᠨᠬᠦ | ᠪᠠᠭᠤᠷᠠᠭᠤᠯᠤᠨ᠎ᠠ᠃ ᠭᠠᠴᠠᠭ᠎ᠠ ᠲᠤᠰᠬᠤᠨ ᠤ ᠠᠷᠠᠳ ᠤᠨ ᠵᠦᠪᠯᠡᠯ᠂ ᠮᠠᠯᠵᠢᠬᠤ ᠲᠠᠷᠢᠶᠠᠯᠠᠬᠤ ᠤᠷᠤᠨ ᠤ ᠬᠠᠮᠳᠤ ᠶᠢᠨ | ᠠᠵᠦ ᠠᠬᠤᠢ ᠶᠢᠨ ᠵᠤᠬᠢᠶᠠᠨ ᠪᠠᠶᠢᠭᠤᠯᠤᠯᠳᠠ᠂ ᠮᠠᠯᠵᠢᠬᠤ ᠲᠠᠷᠢᠶᠠᠯᠠᠬᠤ ᠤᠷᠤᠨ ᠤ ᠬᠠᠮᠳᠤᠷᠠᠬᠰᠠᠨ ᠠᠵᠦ ᠠᠬᠤᠢ ᠶᠢᠨ | ᠵᠤᠬᠢᠶᠠᠨ ᠪᠠᠶᠢᠭᠤᠯᠤᠯᠳᠠ ᠶᠢᠨ ᠤᠨᠴᠠᠭᠠᠢ ᠬᠠᠤᠯᠢ ᠶᠢᠨ ᠡᠷᠬᠡᠳᠡᠨ ᠤ ᠪᠠᠶᠢᠷᠢ ᠰᠠᠭᠤᠢ ᠪᠠ ᠡᠷᠬᠡ ᠠᠰᠢᠬ ᠢ | ᠬᠠᠮᠠᠭᠠᠯᠠᠨ᠎ᠠ᠃ | ︵ᠭᠤᠷᠪᠠ︶ ᠬᠠᠤᠯᠢᠵᠢᠯ ᠤᠨ ᠬᠦᠳᠡᠭᠡ ᠲᠤᠰᠬᠤᠨ ᠤ ᠪᠠᠶᠢᠭᠤᠯᠤᠯᠳᠠ ᠶᠢ ᠠᠬᠢᠭᠤᠯᠤᠨ᠎ᠠ᠃ ᠬᠠᠤᠯᠢᠵᠢᠯ ᠤᠨ | ᠤᠶᠢᠯᠠᠭᠠᠬᠳᠠᠬᠤᠨ ᠢ ᠪᠤᠢ ᠪᠤᠯᠭᠠᠵᠤ᠂ ᠬᠠᠤᠯᠢ ᠪᠠᠷ ᠵᠠᠰᠠᠬᠤ᠂ ᠬᠠᠤᠯᠢ ᠶᠤᠰᠤᠭᠠᠷ ᠵᠠᠰᠠᠭ ᠶᠠᠪᠤᠭᠤᠯᠬᠤ ᠶᠢ | ᠪᠠᠷᠢᠮᠳᠠᠯᠠᠵᠣ᠂ ᠮᠠᠯ ᠠᠵᠤ ᠠᠬᠤᠢ ᠲᠠᠷᠢᠶᠠᠯᠠᠩ ᠲᠠᠢ ᠬᠤᠯᠪᠤᠬᠳᠠᠬᠤ ᠵᠠᠰᠠᠭ ᠤᠨ ᠤᠷᠳᠤᠨ ᠤ ᠡᠯ᠎ᠠ ᠵᠦᠢᠯ ᠤᠨ ᠠᠵᠢᠯ | ᠢ ᠬᠠᠤᠯᠢᠵᠢᠯ ᠤᠨ ᠵᠠᠮ ᠳᠤ ᠤᠷᠤᠭᠤᠯᠦᠨᠠ᠃ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠭᠦ | ᠦᠭᠡᠷᠡᠴᠢᠯᠡᠯᠳᠡ ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠭᠦ | ᠰᠢᠰᠲ᠋ᠧᠮ ᠢ ᠲᠡᠭᠦᠯᠳᠡᠷᠵᠢᠭᠦᠯᠵᠤ᠂ ᠬᠠᠤᠯᠢ ᠬᠡᠷᠡᠭᠵᠢᠭᠦᠯᠭᠦ ᠡᠩᠨᠡᠭᠡ ᠶᠢ ᠨᠡᠶᠢᠳᠭᠡᠭᠦ᠂ ᠬᠠᠤᠯᠢ ᠬᠡᠷᠡᠭᠵᠢᠭᠦᠯᠭᠦ ᠬᠦᠴᠦᠨ | ᠢ ᠲᠤᠷᠤᠬᠰᠢ ᠪᠠᠭᠤᠯᠭᠠᠬᠤ ᠶᠢ ᠠᠬᠢᠭᠤᠯᠤᠨ᠎ᠠ᠃ ᠬᠦᠳᠡᠭᠡ ᠲᠤᠰᠬᠤᠨ ᠳᠤ ᠡᠶᠡᠳᠡᠭᠦᠯᠭᠦ᠂ ᠬᠤᠰᠢᠭᠤ ᠰᠢᠶᠠᠨ | ᠳᠤ ᠬᠦᠨᠳᠡᠯᠡᠨ ᠠᠴᠠ ᠲᠠᠰᠤᠯᠬᠤ᠂ ᠬᠠᠤᠯᠢ ᠶᠠᠪᠣᠭᠤᠯᠬᠤ ᠠᠵᠢᠯ ᠢᠶᠠᠷ ᠪᠠᠳᠤᠯᠠᠬᠤ ᠮᠠᠯᠵᠢᠬᠤ ᠲᠠᠷᠢᠶᠠᠯᠠᠬᠤ ᠤᠷᠤᠨ ᠤ | ᠭᠠᠵᠠᠷ ᠰᠢᠷᠤᠢ ᠶᠢᠨ ᠲᠠᠭᠠᠭᠠᠴᠢᠯᠡᠯᠳᠡ ᠡᠵᠡᠩᠨᠡᠯᠳᠡ ᠶᠢᠨ ᠵᠢᠭᠤᠷᠠᠭᠠᠨ ᠢ ᠡᠶᠡᠳᠡᠭᠦᠯᠦᠨ ᠰᠢᠢᠳᠪᠦᠷᠢᠯᠡᠭᠦ | ᠲᠤᠬᠳᠠᠴᠠ ᠶᠢ ᠪᠠᠶᠢᠭᠤᠯᠤᠨ ᠪᠦᠷᠢᠨᠰᠢᠭᠦᠯᠦᠨ᠎ᠠ᠃ ᠮᠠᠯᠴᠢᠨ ᠲᠠᠷᠢᠶᠠᠴᠢᠨ ᠣᠯᠠᠨ ᠲᠦᠮᠡᠨ ᠤ ᠦᠢᠯᠡᠳᠪᠦᠷᠢᠯᠡᠯ | ᠠᠮᠢᠳᠤᠷᠠᠯ ᠲᠠᠢ ᠨᠢᠬᠳᠠ ᠬᠤᠯᠪᠤᠭ᠎ᠠ ᠲᠠᠢ ᠬᠠᠤᠯᠢ ᠴᠠᠭᠠᠵᠠ ᠬᠠᠤᠯᠢ ᠳᠣᠭᠳᠠᠭᠠᠯ ᠢ ᠶᠡᠭᠡᠪᠡᠷ ᠤᠬᠠᠭᠤᠯᠦᠨ᠂ ᠮᠠᠯᠴᠢᠨ | ᠲᠠᠷᠢᠶᠠᠴᠢᠨ ᠤ ᠬᠠᠤᠯᠢᠵᠢᠯ ᠤᠨ ᠬᠡᠪ ᠪᠤᠯᠪᠠᠰᠤᠷᠠᠯ ᠢ ᠲᠡᠭᠡᠭᠰᠢᠯᠡᠭᠦᠯᠵᠤ᠂ ᠮᠠᠯᠴᠢᠨ ᠲᠠᠷᠢᠶᠠᠴᠢᠨ ᠤ ᠬᠠᠤᠯᠢ ᠶᠤᠰᠤᠭᠠᠷ | ᠭᠤᠮᠣᠳᠠᠯ ᠢᠶᠠᠨ ᠳᠣᠭᠠᠴᠢᠬᠤ᠂ ᠵᠢᠭᠤᠷᠠᠭᠠᠨ ᠢ ᠰᠢᠢᠳᠪᠦᠷᠢᠯᠡᠭᠦ᠂ ᠡᠷᠭᠡ ᠠᠰᠢᠭ ᠢᠶᠠᠨ ᠬᠠᠮᠠᠭᠠᠯᠠᠬᠤ ᠶᠢ ᠬᠦᠳᠦᠯᠦᠨ | ᠵᠢᠯᠤᠭᠤᠳᠤᠨ᠎ᠠ᠃ ᠮᠠᠯᠵᠢᠬᠤ ᠲᠠᠷᠢᠶᠠᠯᠠᠬᠤ ᠤᠷᠤᠨ ᠤ ᠬᠠᠤᠯᠢᠵᠢᠯ ᠤᠨ ᠦᠢᠯᠡᠴᠢᠯᠡᠭᠡ ᠶᠢ ᠲᠡᠭᠦᠯᠳᠡᠷᠵᠢᠭᠦᠯᠵᠤ᠂ | ᠬᠠᠤᠯᠢ ᠴᠠᠭᠠᠵᠠ ᠶᠢᠨ ᠳᠣᠰᠠᠯᠠᠮᠵᠢ ᠦᠵᠡᠭᠦᠯᠬᠦ ᠪᠠ ᠬᠠᠣᠯᠢ ᠴᠠᠭᠠᠵᠠ ᠶᠢᠨ ᠠᠪᠤᠷᠠᠨ ᠲᠤᠰᠠᠯᠠᠬᠤ ᠡᠷᠴᠢᠮ ᠢᠶᠠᠨ | ᠴᠢᠩᠭᠠᠷᠠᠭᠤᠯᠵᠤ᠂ ᠬᠠᠣᠯᠢ ᠴᠠᠭᠠᠵᠠ ᠶᠢᠨ ᠳᠣᠰᠠᠯᠠᠮᠵᠢ ᠦᠵᠡᠭᠦᠯᠬᠦ ᠠᠵᠢᠯ ᠤᠨ ᠮᠠᠯᠵᠢᠬᠤ ᠲᠠᠷᠢᠶᠠᠯᠠᠬᠤ ᠤᠷᠤᠨ ᠳᠠᠬᠢ | ᠪᠦᠷᠭᠦᠴᠡ ᠶᠢ ᠥᠷᠭᠡᠳᠬᠡᠨ᠎ᠡ᠃ | ︵ᠲᠦᠷᠪᠡ︶ ᠬᠦᠳᠡᠭᠡ ᠲᠤᠰᠬᠤᠨ ᠤ ᠮᠤᠷᠠᠯ ᠢᠶᠠᠷ ᠵᠠᠰᠠᠬᠤ ᠲᠦᠪᠰᠢᠨ ᠢ ᠲᠡᠭᠡᠭᠰᠢᠯᠡᠭᠦᠯᠦᠨ᠎ᠠ᠃ | ᠦᠪᠡᠷᠳᠡᠭᠡᠨ ᠵᠠᠰᠠᠬᠤ᠂ ᠬᠠᠤᠯᠢ ᠪᠠᠷ ᠵᠠᠰᠠᠬᠤ᠂ ᠮᠤᠷᠠᠯ ᠢᠶᠠᠷ ᠵᠠᠰᠠᠬᠤ ᠶᠢ ᠤᠷᠭᠠᠨᠢᠭ ᠤᠶᠠᠯᠳᠤᠭᠤᠯᠵᠤ᠂ ᠲᠠᠨᠢᠯ ᠤᠨ | ᠨᠡᠶᠢᠭᠡᠮ᠂ ᠨᠤᠳᠤᠭ ᠤᠨ ᠰᠤᠶᠤᠯ ᠳᠤ ᠠᠭᠤᠯᠣᠭᠳᠠᠵᠤ ᠪᠦᠬᠦᠢ ᠶᠤᠰᠤ ᠰᠤᠷᠳᠠᠬᠤᠨ ᠤ ᠵᠢᠷᠣᠮᠵᠢᠯ ᠢ ᠬᠦᠨᠵᠡᠭᠡᠢ | ᠠᠭᠤᠳᠠᠯᠵᠤ᠂ ᠴᠠᠭ ᠦᠶ᠎ᠠ ᠶᠢᠨ ᠱᠠᠭᠠᠷᠳᠠᠯᠭ᠎ᠠ ᠲᠠᠢ ᠤᠶᠠᠯᠳᠤᠭᠤᠯᠤᠨ ᠰᠢᠨ᠎ᠠ ᠶᠢ ᠡᠭᠦᠳᠴᠤ᠂ ᠶᠤᠰᠤ ᠰᠤᠷᠳᠠᠬᠤᠨ | ᠤ ᠬᠦᠮᠦᠵᠢᠭᠦᠯᠵᠦ ᠣᠶᠠᠷᠠᠭᠤᠯᠬᠤ ᠦᠢᠯᠡᠳᠦᠯ ᠢ ᠴᠢᠩᠭᠠᠷᠠᠭᠤᠯᠦᠨ᠂ ᠦᠷᠭᠡᠨ ᠤᠯᠠᠨ ᠮᠠᠯᠴᠢᠨ ᠲᠠᠷᠢᠶᠠᠴᠢᠨ ᠤ | ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ᠂ ᠦᠭᠡᠳᠡᠯᠡᠨ ᠲᠠᠪᠰᠢᠬᠤ᠂ ᠨᠠᠰᠤᠳᠠᠨ ᠢᠶᠠᠨ ᠠᠴᠢᠯᠠᠨ ᠰᠠᠳᠤᠨ | ᠲᠦᠷᠦᠯ ᠢᠶᠠᠨ ᠬᠠᠶᠢᠷᠠᠯᠠᠬᠤ᠂ ᠵᠢᠷᠤᠮ ᠢ ᠰᠠᠬᠢᠨ ᠢᠳᠡᠭᠡᠯ ᠢ ᠡᠷᠬᠢᠮᠯᠡᠬᠦ᠂ ᠠᠵᠢᠯᠴᠢ ᠠᠷᠪᠢᠴᠢ ᠪᠠᠷ ᠠᠵᠤ ᠲᠦᠷᠦᠭᠦ᠂ | ᠠᠵᠢᠯᠴᠢ ᠬᠦᠳᠡᠯᠮᠤᠷᠢᠴᠢ ᠪᠠᠷ ᠪᠠᠶᠠᠵᠢᠨ ᠴᠢᠨᠡᠭᠡᠯᠢᠭᠵᠢᠭᠦ ᠶᠢ ᠬᠦᠳᠦᠯᠦᠨ ᠵᠢᠯᠤᠭᠤᠳᠤᠨ᠎ᠠ᠃ ᠶᠤᠰᠤ ᠰᠤᠷᠳᠠᠬᠤᠨ ᠤ | ᠤᠷᠮᠠᠰᠢᠭᠤᠯᠬᠤ ᠬᠢᠵᠠᠭᠠᠷᠠᠯᠠᠬᠤ ᠲᠤᠬᠳᠠᠴᠠ ᠶᠢ ᠪᠠᠶᠢᠭᠤᠯᠵᠤ᠂ ᠦᠷᠭᠡᠨ ᠤᠯᠠᠨ ᠮᠠᠯᠴᠢᠨ ᠲᠠᠷᠢᠶᠠᠴᠢᠨ ᠤ ᠦᠪᠡᠷ | ᠢ ᠪᠠᠨ ᠬᠠᠮᠢᠶᠠᠷᠬᠤ᠂ ᠦᠪᠡᠷ ᠢ ᠪᠠᠨ ᠬᠦᠮᠦᠵᠢᠭᠦᠯᠭᠦ᠂ ᠦᠪᠡᠷ ᠪᠡᠶ᠎ᠠ ᠳᠡᠭᠡᠨ ᠦᠢᠯᠡᠴᠢᠯᠡᠭᠦ᠂ ᠦᠪᠡᠷ ᠢ ᠪᠠᠨ | ᠲᠡᠭᠡᠭᠰᠢᠯᠡᠭᠦᠯᠭᠦ ᠶᠢ ᠬᠦᠳᠦᠯᠦᠨ ᠵᠢᠯᠤᠭᠤᠳᠤᠨ᠎ᠠ᠃ ᠠᠴᠢᠯᠠᠯ ᠵᠢᠷᠦᠮ ᠤᠨ ᠰᠤᠶᠤᠯ᠂ ᠲᠤᠰᠬᠤᠨ ᠤ ᠰᠢᠨ᠎ᠠ ᠰᠤᠶᠤᠯ ᠢ | ᠰᠢᠨᠡᠴᠢᠯᠡᠨ ᠬᠦᠭᠵᠢᠭᠦᠯᠵᠤ᠂ ᠬᠠᠮᠤᠭ ᠤᠨ ᠭᠤᠶᠤ ᠭᠠᠴᠠᠭ᠎ᠠ ᠲᠤᠰᠬᠤᠨ ᠤ ᠪᠠᠭᠰᠢ᠂ ᠬᠠᠮᠤᠭ ᠤᠨ ᠭᠤᠶᠤ ᠬᠦᠳᠡᠭᠡ | ᠲᠤᠰᠬᠤᠨ ᠤ ᠡᠮᠴᠢ᠂ ᠬᠠᠮᠤᠭ ᠤᠨ ᠭᠤᠶᠤ ᠭᠠᠴᠠᠭ᠎ᠠ ᠲᠤᠰᠬᠤᠨ ᠤ ᠺᠠᠳ᠋ᠷ ᠵᠡᠷᠭᠡ ᠨᠡᠶᠢᠳᠡᠯᠢᠭ ᠵᠢᠱᠢᠶ᠎ᠠ ᠶᠢ ᠶᠡᠭᠡᠪᠡᠷ | ᠰᠢᠯᠭᠠᠷᠠᠭᠤᠯᠣᠨ ᠱᠣᠭᠤᠵᠣ᠂ ᠰᠠᠶᠢᠨ ᠪᠡᠷᠢ᠂ ᠰᠠᠶᠢᠨ ᠬᠡᠤᠭᠡᠳ᠂ ᠰᠠᠶᠢᠨ ᠬᠠᠳᠠᠮ ᠠᠪᠤ ᠡᠵᠢ ᠵᠡᠷᠭᠡ ᠲᠡᠷᠬᠡᠳᠡᠬᠢ | ᠰᠠᠶᠢᠨ ᠬᠦᠮᠦᠨ ᠢ ᠰᠢᠯᠭᠠᠷᠠᠭᠤᠯᠤᠨ ᠬᠦᠬᠢᠭᠦᠯᠦᠨ ᠰᠠᠶᠢᠰᠢᠶᠠᠵᠣ᠂ ᠶᠤᠰᠤ ᠰᠤᠷᠳᠠᠬᠤᠨ ᠤ ᠵᠢᠱᠢᠶᠡᠴᠢ᠂ ᠴᠠᠭ | ᠦᠶ᠎ᠠ ᠶᠢᠨ ᠦᠯᠢᠭᠡᠷ ᠲᠠᠭᠤᠷᠢᠶᠠᠯ ᠤᠨ ᠲᠡᠷᠢᠭᠦᠨ ᠤ ᠦᠢᠯᠡ ᠠᠵᠢᠯᠯᠠᠭ᠎ᠠ ᠶᠢ ᠬᠦᠨᠵᠡᠭᠡᠢ ᠤᠬᠠᠭᠤᠯᠵᠤ᠂ ᠵᠢᠱᠢᠶ᠎ᠠ | ᠦᠵᠡᠭᠦᠯᠦᠨ ᠬᠦᠳᠦᠯᠦᠨ ᠳᠠᠭᠠᠭᠤᠯᠬᠤ ᠦᠢᠯᠡᠳᠦᠯ ᠢ ᠨᠢ ᠪᠠᠳᠠᠷᠠᠭᠤᠯᠤᠨ᠎ᠠ᠃ | ︵ᠲᠠᠪᠤ︶ ᠠᠮᠤᠷ ᠠᠮᠤᠭᠤᠯᠠᠩ ᠬᠦᠳᠡᠭᠡ ᠲᠤᠰᠬᠤᠨ ᠤ ᠪᠠᠶᠢᠭᠤᠯᠤᠯᠳᠠ ᠶᠢ ᠰᠠᠶᠢᠳᠤᠷ ᠠᠳᠬᠤᠨ᠎ᠠ᠃ | ᠮᠠᠯᠵᠢᠬᠤ ᠲᠠᠷᠢᠶᠠᠯᠠᠬᠤ ᠤᠷᠤᠨ ᠤ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ | ᠤᠳᠤᠷᠢᠳᠤᠯᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠨᠡᠶᠢᠳᠡᠪᠦᠷᠢᠵᠢᠭᠤᠯᠵᠤ᠂ ᠨᠡᠶᠢᠭᠡᠮ ᠤᠨ | ᠠᠮᠤᠷ ᠲᠦᠪᠰᠢᠨ ᠢ ᠰᠡᠷᠬᠡᠶᠢᠯᠡᠨ ᠡᠵᠡᠮᠳᠡᠭᠦ ᠰᠢᠰᠲ᠋ᠧᠮ ᠢ ᠲᠦᠷᠭᠡᠳᠭᠡᠨ ᠲᠡᠭᠦᠯᠳᠡᠷᠵᠢᠭᠦᠯᠵᠤ᠂ ᠬᠤᠰᠢᠭᠤ ᠰᠢᠶᠠᠨ | ᠰᠣᠮᠣ ᠰᠢᠶᠠᠩ ᠭᠠᠴᠠᠭ᠎ᠠ ᠲᠤᠰᠬᠤᠨ ᠤ ᠭᠤᠷᠪᠠᠨ ᠱᠠᠳᠣᠨ ᠤ ᠶᠡᠷᠦᠩᠬᠡᠶᠢᠯᠡᠨ ᠵᠠᠰᠠᠬᠤ ᠲᠦᠪ ᠤᠨ ᠴᠢᠳᠠᠪᠬᠢ ᠪᠠ | ᠡᠷᠬᠢᠯᠳᠡ ᠶᠢᠨ ᠲᠤᠬᠳᠠᠴᠠ ᠶᠢ ᠲᠡᠭᠦᠯᠳᠡᠷᠵᠢᠭᠦᠯᠵᠤ᠂ ᠠᠮᠤᠷ ᠠᠮᠤᠭᠤᠯᠠᠩ ᠬᠦᠳᠡᠭᠡ ᠲᠤᠰᠬᠤᠨ ᠢ ᠪᠦᠳᠦᠭᠡᠨ | ᠪᠠᠶᠢᠭᠤᠯᠤᠨ᠎ᠠ᠃ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠬᠦᠨᠵᠡᠭᠡᠢ | ᠦᠷᠨᠢᠭᠦᠯᠵᠤ᠂ ᠮᠠᠯᠵᠢᠬᠤ ᠲᠠᠷᠢᠶᠠᠯᠠᠬᠤ ᠤᠷᠤᠨ ᠤ ᠬᠠᠷ᠎ᠠ ᠪᠦᠯᠦᠭᠳᠡᠨ ᠬᠠᠷᠬᠢᠰ ᠬᠦᠴᠦᠨ᠂ ᠠᠶᠢᠮᠠᠭ ᠣᠭᠰᠠᠭ᠎ᠠ ᠶᠢᠨ | ᠬᠠᠷᠬᠢᠰ ᠬᠦᠴᠦᠨ ᠳᠤ ᠴᠢᠩᠭ᠎ᠠ ᠴᠤᠬᠢᠯᠳᠠ ᠦᠭᠴᠤ᠂ ᠱᠠᠯᠢᠭ ᠵᠠᠪᠬᠠᠢ ᠵᠤᠭᠤᠰ ᠮᠦᠷᠦᠶᠢᠴᠡᠭᠦ ᠬᠤᠤᠷ᠎ᠠ ᠲᠠᠳᠠᠬᠤ | ᠬᠤᠯᠠᠭᠠᠶᠢᠯᠠᠬᠤ ᠮᠡᠭᠡᠯᠡᠭᠦ ᠵᠡᠷᠭᠡ ᠳᠤ ᠴᠤᠬᠢᠯᠳᠠ ᠦᠭᠭᠦ ᠲᠤᠰᠬᠠᠢ ᠠᠵᠢᠯᠯᠠᠭ᠎ᠠ ᠦᠷᠨᠢᠭᠦᠯᠵᠤ᠂ ᠮᠠᠯᠵᠢᠬᠤ ᠲᠠᠷᠢᠶᠠᠯᠠᠬᠤ | ᠤᠷᠤᠨ ᠤ ᠨᠡᠶᠢᠭᠡᠮ ᠤᠨ ᠲᠤᠬᠳᠠᠭᠤᠨ ᠢ ᠨᠦᠯᠦᠭᠡᠯᠡᠭᠦ᠂ ᠮᠠᠯ ᠠᠵᠤ ᠠᠬᠤᠢ ᠲᠠᠷᠢᠶᠠᠯᠠᠨᠩ ᠦᠢᠯᠡᠳᠪᠦᠷᠢᠯᠡᠯ ᠢ ᠡᠪᠳᠡᠭᠦ | ᠪᠠ ᠮᠠᠯᠴᠢᠨ ᠲᠠᠷᠢᠶᠠᠴᠢᠨ ᠤ ᠠᠰᠢᠭ ᠲᠤᠰᠠ ᠶᠢ ᠬᠤᠬᠢᠷᠠᠭᠤᠯᠬᠤ ᠲᠤᠪᠤᠶᠢᠮ᠎ᠠ ᠠᠰᠠᠭᠤᠳᠠᠯ ᠢ ᠦᠨᠡᠨᠭᠦ | ᠰᠢᠢᠳᠪᠦᠷᠢᠯᠡᠵᠤ᠂ ᠮᠠᠯᠴᠢᠨ ᠲᠠᠷᠢᠶᠠᠴᠢᠨ ᠣᠯᠠᠨ ᠲᠦᠮᠡᠨ ᠤ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ | ᠦᠭᠡᠢ ᠴᠢᠩᠭᠠᠷᠠᠭᠤᠯᠤᠨ᠎ᠠ᠃ ᠮᠠᠯᠵᠢᠬᠤ ᠲᠠᠷᠢᠶᠠᠯᠠᠬᠤ ᠤᠷᠤᠨ ᠤ ᠬᠠᠤᠯᠢ ᠪᠤᠰᠤ ᠱᠠᠰᠢᠨ ᠰᠤᠷᠳᠠᠬᠤᠨ ᠤ ᠠᠵᠢᠯᠯᠠᠭ᠎ᠠ | ᠪᠠ ᠬᠢᠯᠢ ᠶᠢᠨ ᠭᠠᠳᠠᠨᠡᠬᠢ ᠨᠡᠪᠴᠢᠭᠦ ᠠᠵᠢᠯᠯᠠᠭ᠎ᠠ ᠳᠤ ᠬᠠᠤᠯᠢ ᠶᠤᠰᠤᠭᠠᠷ ᠴᠤᠬᠢᠯᠳᠠ ᠦᠭᠴᠤ᠂ ᠱᠠᠰᠢᠨ ᠰᠤᠷᠳᠠᠬᠤᠨ | ᠢ ᠠᠰᠢᠬᠯᠠᠨ ᠮᠠᠯᠵᠢᠬᠤ ᠲᠠᠷᠢᠶᠠᠯᠠᠬᠤ ᠤᠷᠤᠨ ᠤ ᠤᠯᠠᠨ ᠨᠡᠶᠢᠳᠡ ᠶᠢᠨ ᠬᠡᠷᠡᠭ ᠶᠠᠪᠤᠳᠠᠯ ᠳᠤ ᠭᠠᠷ ᠲᠦᠷᠦᠭᠦ ᠶᠢ | ᠬᠠᠤᠯᠢ ᠶᠤᠰᠤᠭᠠᠷ ᠬᠤᠷᠢᠬᠯᠠᠨ᠎ᠠ᠃ ᠮᠠᠯᠵᠢᠬᠤ ᠳᠠᠷᠢᠶᠠᠯᠠᠬᠤ ᠤᠷᠤᠨ ᠤ ᠴᠠᠬᠳᠠᠭᠠᠨ ᠤ ᠶᠠᠪᠤᠳᠠᠯ᠂ ᠭᠠᠯ ᠰᠠᠷᠬᠡᠶᠢᠯᠡᠵᠤ | ᠭᠠᠯ ᠤᠨᠳᠠᠷᠠᠭᠠᠬᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠤᠷᠤᠨ ᠤ | ᠠᠮᠤᠷ ᠲᠦᠪᠰᠢᠨ ᠤ ᠬᠡᠮ ᠰᠤᠭᠤᠭ ᠢ ᠵᠠᠰᠠᠬᠤ ᠠᠵᠢᠯ ᠢ ᠦᠷᠭᠦᠯᠵᠢᠯᠡᠨ ᠦᠷᠨᠢᠭᠦᠯᠵᠤ᠂ ᠬᠦᠨᠳᠦ ᠤᠨᠴᠠ ᠶᠡᠭᠡ | ᠠᠮᠤᠷ ᠲᠦᠪᠰᠢᠨ ᠤ ᠠᠳᠡᠯ ᠢ ᠡᠷᠡᠰ ᠬᠤᠷᠢᠬᠯᠠᠵᠤ᠂ ᠮᠠᠯᠵᠢᠬᠤ ᠲᠠᠷᠢᠶᠠᠯᠠᠬᠤ ᠤᠷᠤᠨ ᠤ ᠨᠡᠶᠢᠭᠡᠮ ᠤᠨ ᠤᠯᠠᠨ | ᠨᠡᠶᠢᠳᠡ ᠶᠢᠨ ᠠᠮᠤᠷ ᠲᠦᠪᠰᠢᠨ ᠢ ᠪᠠᠳᠤᠯᠠᠨ᠎ᠠ᠃ ᠮᠠᠯᠵᠢᠬᠤ ᠲᠠᠷᠢᠶᠠᠯᠠᠬᠤ ᠤᠷᠤᠨ ᠤ ᠲᠤᠤᠷᠴᠢᠯᠠᠭᠰᠠᠨ | ᠬᠠᠮᠢᠶᠠᠷᠤᠯᠳᠠ ᠶᠢ ᠠᠬᠢᠭᠤᠯᠤᠨ᠎ᠠ᠃ ᠨᠡᠶᠢᠭᠡᠮ ᠤᠨ ᠲᠤᠬᠳᠠᠭᠤᠨ ᠤ ᠲᠦᠭᠰᠢᠭᠦᠷᠢ ᠶᠢ ᠦᠨᠡᠯᠡᠭᠦ ᠲᠦᠷᠢᠮ ᠢ | ᠨᠡᠶᠢᠳᠡᠪᠦᠷᠢᠵᠢᠭᠤᠯᠵᠤ᠂ ᠤᠷᠢᠳᠴᠢᠯᠡᠨ ᠵᠢᠱᠢᠵᠦ ᠰᠡᠷᠡᠮᠵᠢᠯᠡᠭᠦᠯᠭᠦ ᠴᠢᠳᠠᠪᠤᠷᠢ ᠶᠢ ᠲᠠᠰᠤᠷᠠᠯᠳᠠ ᠦᠭᠡᠢ | ᠲᠡᠭᠡᠭᠰᠢᠯᠡᠭᠦᠯᠦᠨ᠎ᠠ᠃ ᠲᠠᠯ᠎ᠠ ᠨᠤᠳᠤᠭ ᠤᠨ ᠠᠮᠤᠷ ᠠᠮᠤᠭᠤᠯᠠᠩ ᠢᠨᠵᠧᠨᠧᠷᠢᠩ ᠢ ᠬᠡᠷᠡᠭᠵᠢᠭᠦᠯᠵᠤ᠂ ᠭᠠᠴᠠᠭ᠎ᠠ | ᠲᠤᠰᠬᠤᠨ ᠤ ᠴᠠᠬᠳᠠᠭᠠᠨ ᠤ ᠶᠠᠪᠤᠳᠠᠯ ᠤᠨ ᠲᠠᠰᠤᠭ᠂ ᠲᠠᠯ᠎ᠠ ᠨᠤᠳᠤᠭ ᠤᠨ ︽110︾ ᠤᠨ ᠤᠯᠠᠨ ᠢᠶᠠᠷ ᠢᠶᠠᠨ | ᠰᠡᠷᠬᠡᠶᠢᠯᠡᠨ ᠤᠯᠠᠨ ᠢᠶᠠᠷ ᠢᠶᠠᠨ ᠵᠠᠰᠠᠬᠤ ᠠᠵᠢᠯ ᠢ ᠰᠠᠶᠢᠳᠤᠷ ᠠᠳᠬᠤᠨ᠎ᠠ᠃ | ᠵᠢᠷᠭᠤᠭ᠎ᠠ᠂ ᠮᠠᠯᠵᠢᠬᠤ ᠲᠠᠷᠢᠶᠠᠯᠠᠬᠤ ᠤᠷᠤᠨ ᠤ ᠠᠷᠠᠳ ᠤᠨ ᠠᠮᠢᠳᠤᠷᠠᠯ ᠤᠨ ᠪᠠᠳᠤᠯᠠᠭ᠎ᠠ ᠶᠢᠨ ᠲᠦᠪᠰᠢᠨ ᠢ | ᠲᠡᠭᠡᠭᠰᠢᠯᠡᠭᠦᠯᠵᠤ᠂ ᠵᠤᠯ ᠵᠢᠷᠭᠠᠯᠳᠦ ᠦᠵᠡᠰᠭᠦᠯᠡᠩᠳᠦ ᠰᠠᠶᠢᠬᠠᠨ ᠬᠡᠷ ᠤᠷᠤᠨ ᠢ ᠪᠦᠳᠦᠭᠡᠨ ᠪᠠᠶᠢᠭᠤᠯᠤᠨ᠎ᠠ | ︵ᠨᠢᠭᠡ︶ ᠮᠠᠯᠵᠢᠬᠤ ᠲᠠᠷᠢᠶᠠᠯᠠᠬᠤ ᠤᠷᠤᠨ ᠤ ᠰᠤᠷᠭᠠᠨ ᠬᠦᠮᠦᠵᠢᠯ ᠤᠨ ᠦᠢᠯᠡᠰ ᠢ ᠤᠷᠢᠳᠠᠪᠡᠷ | ᠬᠦᠭᠵᠢᠭᠦᠯᠦᠨ᠎ᠠ᠃ ᠬᠤᠳᠠ ᠪᠠᠷ ᠬᠦᠳᠡᠭᠡ ᠶᠢ ᠳᠠᠶᠢᠴᠢᠯᠠᠬᠤ᠂ ᠪᠦᠬᠦᠶᠢᠯᠡ ᠴᠤᠬᠴᠠ ᠪᠠᠷ ᠨᠢ ᠠᠬᠢᠭᠤᠯᠬᠤ᠂ ᠬᠤᠳᠠ | ᠬᠦᠳᠡᠭᠡ ᠶᠢ ᠨᠢᠭᠡ ᠴᠤᠬᠴᠠᠵᠢᠭᠤᠯᠬᠤ᠂ ᠲᠡᠩᠴᠡᠭᠦᠷᠢ ᠲᠠᠢ ᠬᠦᠭᠵᠢᠭᠦᠯᠭᠦ ᠶᠢ ᠪᠠᠷᠢᠮᠳᠠᠯᠠᠵᠤ᠂ ᠬᠤᠰᠢᠭᠤ ᠰᠢᠶᠠᠨ ᠤ | ᠬᠡᠪᠴᠢᠶᠡᠨ ᠳᠠᠬᠢ ᠬᠤᠳᠠ ᠬᠦᠳᠡᠭᠡ ᠶᠢᠨ ᠠᠯᠪᠠᠨ ᠵᠢᠷᠤᠮ ᠤᠨ ᠰᠤᠷᠭᠠᠨ ᠬᠦᠮᠦᠵᠢᠯ ᠢ ᠨᠢᠭᠡ ᠴᠤᠬᠴᠠᠵᠢᠭᠤᠯᠬᠤ ᠶᠢ | ᠨᠢᠭᠡᠳᠦᠯᠳᠡᠢ ᠲᠦᠯᠦᠪᠵᠢᠭᠦᠯᠦᠨ ᠠᠬᠢᠭᠤᠯᠵᠤ᠂ ᠰᠤᠷᠭᠠᠭᠤᠯᠢ ᠶᠢ ᠪᠦᠳᠦᠭᠡᠨ ᠪᠠᠶᠢᠭᠤᠯᠬᠤ ᠪᠠᠷᠢᠮᠵᠢᠶ᠎ᠠ᠂ ᠪᠠᠭᠰᠢ ᠨᠠᠷ | ᠤᠨ ᠤᠷᠤᠨ ᠲᠤᠭ᠎ᠠ ᠶᠢᠨ ᠪᠠᠷᠢᠮᠵᠢᠶ᠎ᠠ᠂ ᠰᠤᠷᠤᠬᠴᠢ ᠲᠤᠮᠳᠠᠴᠢ ᠶᠢᠨ ᠠᠯᠪᠠᠨ ᠤ ᠵᠠᠷᠤᠳᠠᠯ ᠤᠨ ᠰᠠᠭᠤᠷᠢ | ᠪᠠᠷᠢᠮᠵᠢᠶ᠎ᠠ ᠶᠢᠨ ᠲᠤᠭ᠎ᠠ ᠬᠡᠮᠵᠢᠶ᠎ᠠ᠂ ᠦᠨᠳᠦᠰᠦᠨ ᠲᠤᠨᠤᠭ ᠲᠦᠭᠦᠭᠡᠷᠦᠮᠵᠢ ᠶᠢ ᠲᠤᠬᠢᠷᠠᠭᠤᠯᠬᠤ ᠪᠠᠷᠢᠮᠵᠢᠶ᠎ᠠ ᠵᠡᠷᠭᠡ ︽ | ᠲᠦᠷᠪᠡ ᠶᠢ ᠨᠢᠭᠡᠳᠦᠯᠳᠡᠢ︾ ᠪᠣᠯᠭᠠᠨ᠎ᠠ᠃ ᠮᠠᠯᠵᠢᠬᠤ ᠲᠠᠷᠢᠶᠠᠯᠠᠬᠤ ᠤᠷᠤᠨ ᠤ ᠰᠤᠷᠭᠠᠭᠤᠯᠢ ᠶᠢᠨ | ᠪᠠᠶᠢᠷᠢᠰᠢᠭᠤᠯᠤᠯᠲᠠ ᠶᠢ ᠰᠢᠨᠵᠢᠯᠡᠭᠦ ᠤᠬᠠᠭᠠᠨᠴᠢ ᠪᠠᠷ ᠲᠦᠯᠦᠪᠵᠢᠭᠦᠯᠵᠤ᠂ ᠴᠢᠬᠤᠯᠠ ᠪᠦᠬᠦᠢ ᠪᠠᠭ᠎ᠠ ᠬᠡᠪᠴᠢᠶᠡᠨ ᠤ | ᠰᠤᠷᠭᠠᠭᠤᠯᠢ ᠪᠠ ᠵᠢᠭᠠᠨ ᠰᠤᠷᠭᠠᠬᠤ ᠴᠢᠭ᠋ ᠢ ᠦᠯᠡᠳᠡᠭᠡᠬᠦ ᠶᠢᠨ ᠬᠠᠮᠳᠣ ᠰᠠᠶᠢᠲᠤᠷ ᠡᠷᠬᠢᠯᠡᠨ᠎ᠠ᠃ ᠮᠠᠯᠵᠢᠬᠤ | ᠲᠠᠷᠢᠶᠠᠯᠠᠬᠤ ᠤᠷᠤᠨ ᠤ ᠠᠯᠪᠠᠨ ᠠᠴᠠ ᠡᠷᠬᠢᠯᠡᠭᠰᠡᠨ ᠪᠠ ᠨᠡᠶᠢᠳᠡᠮ ᠬᠠᠷᠠᠭᠠᠯᠵᠠᠬᠤ ᠴᠢᠨᠠᠷᠳᠠᠢ ᠠᠷᠠᠳ ᠠᠴᠠ | ᠡᠷᠬᠢᠯᠡᠭᠰᠡᠨ ᠬᠡᠤᠭᠡᠳ ᠤᠨ ᠴᠡᠴᠡᠷᠯᠢᠭ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠰᠤᠷᠭᠠᠨ ᠬᠦᠮᠦᠵᠢᠯ ᠤᠨ ᠰᠠᠭᠤᠷᠢ | ᠪᠠᠭᠤᠷᠠᠢ ᠬᠤᠰᠢᠭᠤ ᠰᠢᠶᠠᠨ ᠤ ᠡᠩ ᠤᠨ ᠦᠨᠳᠦᠷ ᠲᠤᠮᠳᠠᠳᠤ ᠰᠤᠷᠭᠠᠭᠤᠯᠢ ᠶᠢᠨ ᠪᠦᠳᠦᠭᠡᠨ ᠪᠠᠶᠢᠭᠤᠯᠤᠯᠲᠠ ᠶᠢ | ᠲᠡᠮᠵᠢᠵᠤ᠂ ᠮᠠᠯᠵᠢᠬᠤ ᠲᠠᠷᠢᠶᠠᠯᠠᠬᠤ ᠤᠷᠤᠨ ᠳᠤ ᠦᠨᠳᠦᠷ ᠲᠤᠮᠳᠠᠳᠤ ᠶᠢᠨ ᠱᠠᠳᠤᠨ ᠤ ᠰᠤᠷᠭᠠᠨ ᠬᠦᠮᠦᠵᠢᠯ | ᠲᠦᠭᠡᠮᠡᠯᠵᠢᠭᠦᠯᠦᠭᠰᠡᠨ ᠪᠠᠶᠢᠳᠠᠯ ᠢ ᠪᠠᠬᠢᠵᠢᠭᠦᠯᠦᠨ᠎ᠠ᠃ ᠠᠵᠢᠯ ᠮᠡᠷᠭᠡᠵᠢᠯ ᠤᠨ ᠰᠤᠷᠭᠠᠨ ᠬᠦᠮᠦᠵᠢᠯ ᠢ ᠴᠢᠩᠭᠠᠳᠬᠠᠵᠤ᠂ | ᠲᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠰᠤᠷᠤᠯᠭ᠎ᠠ ᠶᠢᠨ ᠰᠦᠢᠳᠭᠡᠯ ᠰᠣᠯᠠ ᠵᠠᠷᠣᠳᠠᠯ | ᠢ ᠬᠡᠯᠳᠦᠷᠢᠭᠦᠯᠭᠦ ᠶᠢ ᠢᠳᠡᠭ ᠢᠳᠡᠭ ᠢᠶᠠᠷ ᠲᠦᠷᠦᠯ ᠬᠤᠪᠢᠶᠠᠨ ᠠᠬᠢᠭᠤᠯᠤᠨ᠎ᠠ᠃ ᠤᠨᠴᠠᠭᠠᠢ ᠰᠤᠷᠭᠠᠨ ᠬᠦᠮᠦᠵᠢᠯ ᠢ | ᠲᠡᠭᠡᠭᠰᠢᠯᠡᠭᠦᠯᠭᠦ ᠲᠦᠯᠦᠪᠯᠡᠭᠡ ᠶᠢ ᠬᠡᠷᠡᠭᠵᠢᠭᠦᠯᠵᠤ᠂ ᠮᠠᠯᠵᠢᠬᠤ ᠲᠠᠷᠢᠶᠠᠯᠠᠬᠤ ᠤᠷᠤᠨ ᠤ ᠬᠡᠷᠡᠭᠰᠡᠭᠦ ᠬᠦᠮᠦᠰ ᠢ | ᠤᠨᠴᠠᠭᠠᠢ ᠰᠤᠷᠭᠠᠨ ᠬᠦᠮᠦᠵᠢᠯ ᠤᠨ ᠰᠢᠰᠲ᠋ᠧᠮ ᠳᠤ ᠤᠷᠤᠭᠤᠯᠤᠨ᠎ᠠ᠃ ᠬᠤᠳᠠ ᠬᠦᠳᠡᠭᠡ ᠶᠢᠨ ᠪᠠᠭᠰᠢ ᠶᠢᠨ ᠬᠦᠴᠦᠨ | ᠢ ᠨᠢᠭᠡᠳᠦᠯᠳᠡᠢ ᠲᠦᠯᠦᠪᠵᠢᠭᠦᠯᠦᠨ ᠲᠤᠬᠢᠷᠠᠭᠤᠯᠵᠤ᠂ ︽ᠢᠵᠢᠯ ᠳᠠᠪᠳᠠᠮᠵᠢ ᠶᠢᠨ ᠬᠤᠷᠰᠢᠯᠴᠠᠬᠤ ᠬᠢᠴᠢᠶᠡᠯ ᠤᠨ | ᠲᠠᠩᠬᠢᠮ︾ ᠤᠨ ᠪᠠᠶᠢᠭᠤᠯᠤᠯᠲᠠ ᠶᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠤᠷᠤᠨ ᠤ ᠰᠤᠷᠭᠠᠭᠤᠯᠢ ᠶᠢᠨ ᠴᠢᠨᠠᠷ | ᠰᠠᠶᠢᠲᠠᠢ ᠰᠤᠷᠭᠠᠨ ᠬᠦᠮᠦᠵᠢᠯ ᠤᠨ ᠡᠬᠢ ᠪᠠᠶᠠᠯᠢᠭ ᠢ ᠬᠠᠮᠳᠤᠪᠡᠷ ᠬᠦᠷᠲᠡᠬᠦ ᠪᠦᠷᠭᠦᠴᠡ ᠶᠢᠨ ᠬᠡᠮᠵᠢᠶ᠎ᠠ ᠶᠢ ᠴᠢᠨᠠᠬᠰᠢᠳᠠ | ᠦᠷᠭᠡᠳᠭᠡᠨ᠎ᠠ᠃ ᠰᠤᠷᠤᠬᠴᠢᠳ ᠤᠨ ᠰᠤᠷᠤᠯᠭ᠎ᠠ ᠶᠢ ᠲᠤᠰᠠᠯᠠᠬᠤ ᠲᠦᠷᠢᠮ ᠢ ᠪᠦᠷᠢᠨᠰᠢᠭᠦᠯᠵᠤ᠂ ᠮᠠᠯᠵᠢᠬᠤ | ᠲᠠᠷᠢᠶᠠᠯᠠᠬᠤ ᠤᠷᠤᠨ ᠤ ᠨᠢᠭᠡ ᠰᠤᠷᠤᠬᠴᠢ ᠴᠤ ᠶᠠᠳᠠᠭᠤ ᠬᠦᠴᠢᠷᠳᠡᠯ ᠲᠠᠢ ᠠᠴᠠ ᠪᠤᠯᠵᠤ ᠰᠤᠷᠤᠯᠭ᠎ᠠ ᠪᠠᠨ ᠳᠣᠷᠭᠤᠨ | ᠵᠤᠬᠰᠤᠬᠤ ᠦᠭᠡᠢ ᠪᠠᠶᠢᠬᠤ ᠶᠢ ᠪᠠᠳᠤᠯᠠᠨ᠎ᠠ᠃ ᠮᠠᠯᠵᠢᠬᠤ ᠲᠠᠷᠢᠶᠠᠯᠠᠬᠤ ᠤᠷᠤᠨ ᠤ ᠠᠯᠪᠠᠨ ᠵᠢᠷᠤᠮ ᠤᠨ ᠰᠤᠷᠭᠠᠨ | ᠬᠦᠮᠦᠵᠢᠯ ᠤᠨ ᠰᠤᠷᠤᠬᠴᠢᠳ ᠤᠨ ᠰᠢᠮ᠎ᠠ ᠲᠡᠵᠢᠭᠡᠯ ᠢ ᠰᠠᠶᠢᠵᠢᠷᠠᠭᠤᠯᠬᠤ ᠲᠦᠯᠦᠪᠯᠡᠭᠡ ᠶᠢ ᠬᠡᠷᠡᠭᠵᠢᠭᠦᠯᠵᠤ᠂ | ᠮᠠᠯᠵᠢᠬᠤ ᠲᠠᠷᠢᠶᠠᠯᠠᠬᠤ ᠤᠷᠤᠨ ᠤ ᠰᠤᠷᠤᠬᠴᠢᠳ ᠤᠨ ᠡᠷᠡᠭᠦᠯ ᠴᠢᠬᠢᠷᠠᠭ ᠤᠨ ᠲᠦᠪᠰᠢᠨ ᠢ ᠲᠡᠭᠡᠭᠰᠢᠯᠡᠭᠦᠯᠦᠨ᠎ᠠ᠃ | ︵ᠬᠤᠶᠠᠷ︶ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ ᠮᠠᠯᠴᠢᠨ ᠲᠠᠷᠢᠶᠠᠴᠢᠨ ᠤ | ᠤᠷᠤᠯᠭ᠎ᠠ ᠶᠢᠨ ᠨᠡᠮᠡᠭᠳᠡᠯ ᠢ ᠠᠬᠢᠭᠤᠯᠤᠨ᠎ᠠ᠃ ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭᠳᠡᠬᠦᠯᠬᠦ ᠤᠷᠲᠦ | ᠬᠤᠭᠤᠴᠠᠭᠠᠨ ᠤ ᠪᠦᠲᠦᠮᠵᠢᠲᠠᠢ ᠲᠤᠬᠲᠠᠴᠠ ᠶᠢ ᠴᠣᠭᠴᠠᠯᠠᠵᠣ᠂ ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭᠳᠡᠬᠦᠯᠬᠦ | ᠠᠷᠭ᠎ᠠ ᠵᠠᠮ ᠢ ᠦᠷᠭᠡᠳᠭᠡᠵᠦ᠂ ᠮᠠᠯᠵᠢᠬᠤ ᠲᠠᠷᠢᠶᠠᠯᠠᠬᠤ ᠤᠷᠤᠨ ᠤ ᠰᠠᠭᠤᠭᠠᠯᠢ ᠠᠷᠠᠳ ᠤᠨ ᠤᠷᠤᠯᠭ᠎ᠠ ᠶᠢᠨ ᠨᠡᠮᠡᠭᠳᠡᠯ | ᠤᠨ ᠬᠤᠷᠳᠤᠴᠠ ᠬᠤᠲᠠ ᠪᠠᠯᠭᠠᠰᠦ ᠶᠢᠨ ᠰᠠᠭᠤᠭᠠᠯᠢ ᠠᠷᠠᠳ ᠤᠨ ᠤᠷᠤᠯᠭ᠎ᠠ ᠶᠢᠨ ᠨᠡᠮᠡᠭᠳᠡᠯ ᠤᠨ ᠬᠤᠷᠳᠤᠴᠠ ᠠᠴᠠ | ᠲᠦᠷᠭᠡᠨ ᠪᠠᠶᠢᠬᠤ ᠶᠢ ᠪᠠᠲᠤᠯᠠᠨ᠎ᠠ᠃ ᠡᠵᠡᠩᠨᠡᠯᠲᠡ ᠶᠢᠨ ᠴᠢᠨᠠᠷᠲᠠᠢ ᠤᠷᠤᠯᠭ᠎ᠠ ᠶᠢᠨ ᠨᠦᠬᠡᠴᠡ ᠬᠦᠴᠦᠨ ᠢ | ᠠᠭᠤᠳᠠᠯᠤᠨ᠂ ᠰᠢᠨ᠎ᠡ ᠠᠵᠦ ᠦᠢᠯᠡᠰ ᠰᠢᠨ᠎ᠡ ᠡᠵᠡᠩᠨᠡᠯᠲᠡ ᠶᠢᠨ ᠪᠠᠶᠢᠳᠠᠯ ᠢ ᠶᠡᠬᠡᠪᠡᠷ ᠬᠦᠭᠵᠢᠬᠦᠯᠵᠦ᠂ ᠮᠠᠯᠴᠢᠨ | ᠲᠠᠷᠢᠶᠠᠴᠢᠳ ᠢ ᠬᠠᠪᠰᠣᠷᠣᠨ ᠨᠡᠩ ᠤᠯᠠᠨ ᠠᠵᠦ ᠦᠢᠯᠡᠰ ᠤᠨ ᠠᠰᠢᠭ ᠣᠯᠭᠤᠨ᠎ᠠ᠃ ᠮᠠᠯᠴᠢᠨ ᠲᠠᠷᠢᠶᠠᠴᠢᠳ ᠤᠨ | ᠠᠵᠢᠯ ᠤᠯᠵᠣ ᠦᠢᠯᠡᠰ ᠴᠤᠭᠴᠠᠯᠠᠬᠤ ᠶᠢ ᠢᠳᠡᠪᠬᠢᠲᠡᠢ ᠠᠬᠢᠭᠤᠯᠵᠦ᠂ ᠬᠦᠳᠡᠭᠡ ᠲᠤᠰᠬᠤᠨ ᠳᠤ ᠠᠵᠢᠯ ᠤᠯᠭᠤᠵᠣ | ᠦᠢᠯᠡᠰ ᠪᠤᠰᠬᠠᠬᠤ ᠶᠢ ᠠᠬᠢᠭᠤᠯᠬᠤ ᠠᠵᠢᠯᠯᠠᠭ᠎ᠠ ᠶᠢ ᠬᠡᠷᠡᠭᠵᠢᠬᠦᠯᠵᠦ᠂ ᠨᠤᠲᠤᠭ ᠲᠠᠭᠠᠨ ᠪᠣᠴᠠᠵᠣ ᠦᠢᠯᠡᠰ | ᠪᠤᠰᠬᠠᠭᠰᠠᠨ ᠵᠢᠱᠢᠶ᠎ᠡ ᠦᠵᠡᠬᠦᠯᠬᠦ ᠬᠤᠰᠢᠭᠤ ᠰᠢᠶᠠᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠦᠷᠨᠢᠬᠦᠯᠵᠦ᠂ | ᠬᠦᠯᠦᠰᠦᠨ ᠮᠠᠯᠴᠢᠨ ᠳᠠᠷᠢᠶᠠᠴᠢᠨ ᠨᠤᠲᠤᠭ ᠲᠠᠭᠠᠨ ᠪᠣᠴᠠᠵᠣ ᠦᠢᠯᠡᠰ ᠴᠤᠭᠴᠠᠯᠠᠬᠤ ᠬᠦᠭᠵᠢᠬᠦᠯᠦᠯᠲᠡ ᠶᠢᠨ ᠰᠠᠭᠤᠷᠢ | ᠮᠦᠩᠬᠦ ᠪᠠᠶᠢᠭᠤᠯᠵᠤ᠂ ᠬᠤᠲᠠ ᠬᠦᠳᠡᠭᠡ ᠶᠢᠨ ᠤᠯᠠᠨ ᠨᠡᠶᠢᠲᠡ ᠶᠢᠨ ᠠᠵᠢᠯ ᠤᠯᠭᠤᠬᠤ ᠦᠢᠯᠡᠴᠢᠯᠡᠬᠡᠨ ᠤ ᠰᠢᠰᠲ᠋ᠧᠮ | ᠤᠨ ᠪᠠᠶᠢᠭᠤᠯᠤᠯᠲᠠ ᠶᠢ ᠨᠢᠭᠡᠲᠦᠯᠲᠡᠢ ᠲᠦᠯᠦᠪᠵᠢᠭᠦᠯᠦᠨ ᠠᠬᠢᠭᠤᠯᠵᠦ᠂ ᠲᠤᠬᠠᠶᠢᠯᠠᠭᠰᠠᠨ ᠠᠵᠢᠯ ᠤᠨ ᠮᠡᠷᠭᠡᠵᠢᠯ | ᠴᠢᠳᠠᠪᠤᠷᠢ ᠠᠵᠢᠯ ᠤᠯᠭᠤᠬᠤ ᠪᠤᠯᠪᠠᠰᠤᠷᠠᠯ ᠢ ᠴᠢᠩᠭᠠᠷᠠᠭᠤᠯᠵᠦ᠂ ᠴᠠᠯᠢᠩ ᠤᠨ ᠴᠢᠨᠠᠷᠳᠠᠢ ᠤᠷᠤᠯᠭ᠎ᠠ ᠶᠢ | ᠳᠡᠭᠡᠭᠰᠢᠯᠡᠬᠦᠯᠦᠨ᠎ᠡ᠃ ᠮᠠᠯᠵᠢᠬᠤ ᠲᠠᠷᠢᠶᠠᠯᠠᠬᠤ ᠤᠷᠤᠨ ᠤ ᠬᠠᠮᠳᠦ ᠶᠢᠨ ᠦᠮᠴᠢᠯᠡᠬᠦ ᠡᠷᠭᠡ ᠶᠢᠨ ᠲᠦᠷᠢᠮ ᠤᠨ | ᠦᠭᠡᠷᠡᠴᠢᠯᠡᠯᠲᠡ ᠶᠢ ᠲᠦᠷᠭᠡᠳᠭᠡᠵᠦ᠂ ᠡᠬᠢ ᠪᠠᠶᠠᠯᠢᠭ ᠡᠳ᠋ ᠬᠦᠷᠦᠩᠬᠡ ᠪᠤᠯᠬᠤ᠂ ᠪᠡᠯᠡ ᠮᠦᠩᠬᠦ ᠬᠤᠪᠢ | ᠤᠷᠤᠭᠤᠯᠤᠬᠰᠠᠨ ᠮᠦᠩᠬᠦ ᠪᠤᠯᠬᠤ᠂ ᠮᠠᠯᠴᠢᠨ ᠲᠠᠷᠢᠶᠠᠴᠢᠨ ᠬᠤᠪᠢ ᠤᠷᠤᠭᠤᠯᠤᠬᠴᠢ ᠪᠤᠯᠬᠤ ᠶᠢ ᠠᠬᠢᠭᠤᠯᠵᠦ᠂ ᠡᠳ᠋ | ᠬᠦᠷᠦᠩᠬᠡ ᠶᠢᠨ ᠴᠢᠨᠠᠷᠲᠠᠢ ᠤᠷᠤᠯᠭ᠎ᠠ ᠶᠢ ᠴᠢᠨᠠᠭᠰᠢᠳᠠ ᠨᠡᠮᠡᠭᠳᠡᠬᠦᠯᠦᠨ᠎ᠡ᠃ ᠮᠠᠯᠴᠢᠨ ᠳᠠᠷᠢᠶᠠᠴᠢᠨ ᠤ ᠤᠷᠤᠯᠭ᠎ᠠ ᠶᠢᠨ | ᠴᠢᠨᠠᠷᠲᠠᠢ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ ᠲᠡᠭᠦᠯᠳᠡᠷᠵᠢᠬᠦᠯᠵᠦ᠂ ᠰᠢᠯᠵᠢᠭᠦᠯᠦᠨ ᠦᠭᠬᠦ ᠬᠡᠯᠪᠡᠷᠢ ᠶᠢᠨ | ᠤᠷᠤᠯᠭ᠎ᠠ ᠶᠢ ᠲᠠᠰᠤᠷᠠᠯᠳᠠ ᠦᠬᠡᠢ ᠨᠡᠮᠡᠭᠳᠡᠬᠦᠯᠦᠨ᠎ᠡ᠃ | ︵ᠭᠤᠷᠪᠠ︶ ᠮᠠᠯᠵᠢᠬᠤ ᠲᠠᠷᠢᠶᠠᠯᠠᠬᠤ ᠤᠷᠤᠨ ᠤ ᠰᠠᠭᠤᠷᠢ ᠪᠡᠯᠡᠳᠬᠡᠮᠵᠢ ᠶᠢᠨ ᠨᠦᠬᠦᠴᠡᠯ ᠢ | ᠰᠠᠶᠢᠵᠢᠷᠠᠭᠤᠯᠤᠨ᠎ᠠ᠃ ᠮᠠᠯᠵᠢᠬᠤ ᠲᠠᠷᠢᠶᠠᠯᠠᠬᠤ ᠤᠷᠤᠨ ᠤ ᠵᠠᠰᠠᠮᠠᠯ ᠵᠠᠮ᠂ ᠤᠰᠤ ᠬᠠᠩᠭᠠᠬᠤ᠂ ᠴᠠᠬᠢᠯᠭᠠᠨ ᠲᠤᠤᠷ᠂ | ᠰᠢᠲᠠᠮᠠᠬᠠᠢ ᠬᠡᠢ ᠬᠠᠩᠭᠠᠬᠤ᠂ ᠷᠠᠳᠢᠣ᠋ ᠲᠧᠯᠸᠢᠰ᠂ ᠲᠦᠷᠭᠡᠨ ᠬᠦᠷᠭᠡᠯᠲᠡ ᠪᠣᠳᠠᠰ ᠤᠨ ᠬᠦᠢᠯᠭᠡᠭᠡ᠂ ᠮᠡᠳᠡᠭᠡ ᠵᠠᠩᠬᠢ | ᠵᠡᠷᠭᠡ ᠦᠨᠳᠦᠰᠦᠨ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠦ᠂ ᠬᠤᠲᠠ | ᠬᠦᠳᠡᠭᠡ ᠶᠢᠨ ᠰᠠᠭᠤᠷᠢ ᠪᠡᠯᠡᠳᠬᠡᠮᠵᠢ ᠬᠤᠯᠪᠤᠯᠳᠠᠨ ᠨᠡᠪᠲᠡᠷᠡᠯᠴᠡᠬᠦ ᠶᠢ ᠠᠬᠢᠭᠤᠯᠤᠨ᠎ᠠ᠃ ᠮᠠᠯᠵᠢᠬᠤ ᠲᠠᠷᠢᠶᠠᠯᠠᠬᠤ | ᠤᠷᠤᠨ ᠤ ᠤᠷᠤᠨ ᠰᠠᠭᠤᠴᠠ᠂ ᠶᠠᠪᠤᠵᠣ ᠰᠠᠭᠤᠬᠤ᠂ ᠤᠰᠤ ᠣᠮᠳᠠ᠂ ᠴᠠᠬᠢᠯᠭᠠᠨ ᠬᠡᠷᠡᠭᠯᠡᠬᠦ᠂ ᠴᠢᠮᠡᠭᠡ | ᠬᠤᠯᠪᠣᠭ᠎ᠠ ᠶᠢᠨ ᠨᠦᠬᠦᠴᠡᠯ ᠢ ᠤᠯᠠᠮ ᠴᠢᠨᠠᠭᠰᠢᠳᠠ ᠰᠠᠶᠢᠵᠢᠷᠠᠭᠤᠯᠵᠤ᠂ ᠭᠠᠴᠠᠭ᠎ᠠ ᠲᠤᠰᠬᠤᠨ ᠤ ᠰᠠᠭᠤᠷᠢ | ᠪᠡᠯᠡᠳᠬᠡᠮᠵᠢ ᠶᠢᠨ ᠳᠤᠲᠠᠭᠤᠳᠠᠯ ᠢ ᠨᠦᠬᠦᠪᠦᠷᠢᠯᠡᠨ᠎ᠡ᠃ ︽ᠳᠦᠷᠪᠡᠨ ᠰᠠᠶᠢᠨ ᠬᠦᠳᠡᠭᠡ ᠲᠤᠰᠬᠤᠨ ᠤ ᠵᠠᠮ︾ ᠤᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠦ᠂ ᠳᠣᠰᠬᠤᠨ ᠳᠤᠭᠤᠶᠢᠯᠠᠩ ᠳᠤ ᠬᠠᠲᠠᠭᠤᠷᠠᠭᠤᠯᠣᠭᠰᠠᠨ ᠵᠠᠮ | ᠨᠡᠪᠳᠡᠷᠡᠬᠦᠯᠬᠦ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠤᠰᠤ ᠠᠷᠪᠢᠯᠠᠬᠤ ᠤᠰᠤ ᠬᠠᠩᠭᠠᠬᠤ ᠤᠰᠤ ᠳᠠᠳᠠᠬᠤ | ᠴᠢᠬᠤᠯᠠ ᠶᠡᠭᠡ ᠤᠰᠤᠨ ᠠᠰᠢᠬᠯᠠᠯᠲᠠ ᠶᠢᠨ ᠪᠠᠷᠢᠯᠭ᠎ᠠ ᠶᠢ ᠠᠬᠢᠭᠤᠯᠵᠦ᠂ ᠤᠯᠤᠰ ᠤᠨ ᠮᠠᠯᠵᠢᠬᠤ ᠲᠠᠷᠢᠶᠠᠯᠠᠬᠤ ᠤᠷᠤᠨ | ᠤ ᠤᠰᠤ ᠣᠮᠳᠠ ᠶᠢᠨ ᠠᠮᠤᠷ ᠲᠦᠪᠰᠢᠨ ᠢ ᠪᠠᠬᠢᠵᠢᠬᠦᠯᠦᠨ ᠳᠡᠭᠡᠭᠰᠢᠯᠡᠬᠦᠯᠬᠦ ᠢᠨᠵᠧᠨᠧᠷᠢᠩ᠂ ᠦᠪᠡᠷᠲᠡᠭᠡᠨ ᠵᠠᠰᠠᠬᠤ | ᠤᠷᠤᠨ ᠤ ᠮᠠᠯᠵᠢᠬᠤ ᠤᠷᠤᠨ ᠤ ᠤᠰᠤ ᠬᠠᠲᠠᠭᠠᠯᠠᠬᠤ ᠵᠤᠭᠤᠷᠢ ᠶᠢᠨ ᠢᠨᠵᠧᠨᠧᠷᠢᠩ ᠪᠤᠯᠤᠨ ᠠᠶᠢᠮᠠᠭ ᠤᠨ ᠱᠠᠳᠣᠨ ᠤ | ᠲᠦᠯᠦᠪᠵᠢᠬᠦᠯᠭᠡ ᠠᠴᠠ ᠭᠠᠳᠠᠨᠠᠬᠢ ᠤᠰᠤ ᠣᠮᠳᠠ ᠶᠢᠨ ᠠᠮᠤᠷ ᠲᠦᠪᠰᠢᠨ ᠤ ᠢᠨᠵᠧᠨᠧᠷᠢᠩ ᠢ ᠬᠡᠷᠡᠭᠵᠢᠬᠦᠯᠦᠨ᠎ᠡ᠃ | ᠮᠠᠯᠵᠢᠬᠤ ᠲᠠᠷᠢᠶᠠᠯᠠᠬᠤ ᠤᠷᠤᠨ ᠤ ᠴᠠᠬᠢᠯᠭᠠᠨ ᠲᠤᠥᠷ ᠢ ᠦᠭᠡᠷᠡᠴᠢᠯᠡᠨ ᠳᠡᠰ ᠳᠡᠪᠰᠢᠬᠦᠯᠵᠦ᠂ ᠳᠠᠬᠢᠨ ᠪᠤᠢ ᠪᠤᠯᠬᠤ | ᠡᠨᠧᠷᠬᠢ ᠶᠢ ᠨᠡᠭᠡᠭᠡᠨ ᠬᠦᠭᠵᠢᠬᠦᠯᠵᠦ ᠠᠰᠢᠬᠯᠠᠨ᠎ᠠ᠃ ᠲᠤᠭᠠᠴᠢᠯᠠᠬᠰᠠᠨ ᠬᠦᠳᠡᠭᠡ ᠲᠤᠰᠬᠤᠨ ᠤ ᠪᠠᠶᠢᠯᠳᠤᠬᠤ | ᠪᠤᠳᠤᠯᠭ᠎ᠠ ᠶᠢ ᠬᠡᠷᠡᠭᠵᠢᠬᠦᠯᠵᠦ᠂ ᠦᠷᠭᠡᠨ ᠪᠦᠰᠡᠳᠦ ᠰᠦᠯᠵᠢᠶ᠎ᠡ ᠶᠢ ᠲᠤᠰᠬᠤᠨ ᠳᠤ ᠬᠦᠷᠭᠡᠵᠦ ᠡᠷᠦᠬᠡ ᠳᠤ | ᠣᠷᠣᠭᠤᠯᠬᠤ ᠶᠢ ᠠᠬᠢᠭᠤᠯᠵᠦ᠂ ᠲᠦᠷᠪᠡᠳᠦᠬᠡᠷ ᠦᠶ᠎ᠡ ᠶᠢᠨ ᠰᠢᠯᠵᠢᠭᠡ ᠬᠤᠯᠪᠣᠭ᠎ᠠ ᠶᠢᠨ ᠲᠤᠤᠷ ᠤᠨ ᠪᠦᠷᠬᠦᠴᠡ ᠶᠢ | ᠦᠷᠭᠡᠳᠭᠡᠵᠦ᠂ ᠠᠯᠤᠰ ᠡᠵᠡᠮᠰᠢᠯ ᠤᠨ ᠡᠮ ᠡᠮᠨᠡᠯᠭᠡ᠂ ᠠᠯᠤᠰ ᠡᠵᠡᠮᠰᠢᠯ ᠤᠨ ᠰᠤᠷᠭᠠᠨ ᠬᠦᠮᠦᠵᠢᠯ ᠢ | ᠲᠦᠭᠡᠮᠡᠯᠵᠢᠬᠦᠯᠦᠨ ᠬᠡᠷᠡᠭᠯᠡᠵᠦ᠂ ᠬᠤᠲᠠ ᠬᠦᠳᠡᠭᠡ ᠶᠢᠨ ᠲᠤᠭᠠᠴᠢᠯᠠᠯᠲᠠ ᠶᠢᠨ ᠵᠠᠭᠠᠭ ᠪᠤᠯᠤᠨ ᠮᠡᠳᠡᠭᠡ ᠵᠠᠩᠬᠢ ᠶᠢᠨ | ᠦᠨᠦᠴᠢᠨ ᠠᠷᠠᠯ ᠢ ᠠᠷᠢᠯᠭᠠᠨ᠎ᠠ᠃ ᠮᠠᠯᠵᠢᠬᠤ ᠲᠠᠷᠢᠶᠠᠯᠠᠬᠤ ᠤᠷᠤᠨ ᠤ ᠰᠠᠭᠤᠷᠢ ᠪᠡᠯᠡᠳᠬᠡᠮᠵᠢ ᠶᠢᠨ ᠤᠷᠤᠭᠤᠯᠤᠯᠲᠠ | ᠪᠤᠯᠤᠨ ᠬᠠᠮᠢᠶᠠᠷᠣᠯᠳᠠ ᠬᠠᠮᠠᠭᠠᠯᠠᠯᠳᠠ ᠶᠢᠨ ᠤᠷᠲᠦ ᠬᠤᠭᠤᠴᠠᠭᠠᠨ ᠤ ᠪᠦᠲᠦᠮᠵᠢᠲᠠᠢ ᠲᠤᠭᠲᠠᠴᠠ ᠶᠢ ᠪᠦᠷᠢᠨᠰᠢᠬᠦᠯᠵᠦ᠂ | ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠬᠦᠯᠦᠨ᠎ᠡ᠃ | ︵ᠲᠦᠷᠪᠡ︶ ᠡᠷᠡᠬᠦᠯ ᠡᠩᠬᠡ ᠬᠦᠳᠡᠭᠡ ᠲᠤᠰᠬᠤᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ | ᠮᠠᠯᠵᠢᠬᠤ ᠲᠠᠷᠢᠶᠠᠯᠠᠬᠤ ᠤᠷᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢᠨ ᠰᠢᠰᠲ᠋ᠧᠮ ᠤᠨ | ᠪᠠᠶᠢᠭᠤᠯᠤᠯᠲᠠ ᠶᠢ ᠴᠢᠩᠭᠠᠳᠬᠠᠵᠦ᠂ ᠬᠤᠰᠢᠭᠤ ᠰᠢᠶᠠᠨ ᠤ ᠱᠠᠳᠣᠨ ᠤ ᠡᠮᠨᠡᠯᠭᠡ ᠶᠢᠨ ᠬᠤᠷᠢᠶ᠎ᠠ ᠶᠢᠨ ︽ | ᠲᠤᠯᠤᠭᠠᠶᠢᠯᠠᠭᠴᠢ︾ ᠶᠢᠨ ᠦᠢᠯᠡᠳᠦᠯ ᠢ ᠪᠠᠳᠠᠷᠠᠭᠤᠯᠵᠦ᠂ ᠰᠤᠮᠤ ᠰᠢᠶᠠᠩ ᠪᠠᠯᠭᠠᠰᠦ ᠶᠢᠨ ᠡᠷᠡᠭᠦᠯ ᠬᠠᠮᠠᠭᠠᠯᠠᠯ ᠤᠨ | ᠬᠤᠷᠢᠶ᠎ᠠ ᠶᠢᠨ ︽ᠬᠦᠢᠰᠦ︾ ᠶᠢᠨ ᠴᠢᠳᠠᠪᠬᠢ ᠶᠢ ᠴᠢᠩᠭᠠᠷᠠᠭᠤᠯᠵᠦ᠂ ᠭᠠᠴᠠᠭ᠎ᠠ ᠲᠤᠰᠬᠤᠨ ᠤ ᠡᠷᠡᠬᠦᠯ ᠬᠠᠮᠠᠭᠠᠯᠠᠯ ᠤᠨ | ᠳᠠᠰᠤᠭ ᠤᠨ ᠰᠠᠭᠤᠷᠢ ᠶᠢᠨ ᠦᠢᠯᠡᠳᠦᠯ ᠢ ᠪᠠᠬᠢᠵᠢᠬᠦᠯᠵᠦ᠂ ᠡᠮ ᠡᠮᠨᠡᠯᠬᠡ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ | ᠲᠦᠪᠰᠢᠨ ᠪᠤᠯᠤᠨ ᠦᠢᠯᠡᠴᠢᠯᠡᠬᠡᠨ ᠤ ᠴᠢᠳᠠᠪᠤᠷᠢ ᠶᠢ ᠳᠡᠭᠡᠭᠰᠢᠯᠡᠬᠦᠯᠦᠨ᠎ᠡ᠃ ᠤᠷᠢᠳᠴᠢᠯᠠᠨ ᠰᠡᠷᠭᠡᠶᠢᠯᠡᠬᠦ ᠡᠷᠡᠬᠦᠯᠵᠢᠯ | ᠤᠨ ᠪᠠᠶᠢᠭᠤᠯᠤᠮᠵᠢ ᠶᠢᠨ ᠪᠠᠶᠢᠭᠤᠯᠤᠯᠲᠠ ᠶᠢ ᠴᠢᠩᠭᠠᠳᠬᠠᠵᠦ᠂ ᠴᠢᠬᠤᠯᠠ ᠶᠡᠭᠡ ᠬᠠᠯᠳᠠᠪᠤᠷᠢᠲᠦ ᠡᠪᠡᠳᠴᠢᠨ᠂ | ᠤᠳᠠᠭᠠᠨ ᠴᠢᠨᠠᠷᠲᠠᠢ ᠡᠪᠡᠳᠴᠢᠨ ᠪᠤᠯᠤᠨ ᠤᠷᠤᠨ ᠨᠣᠳᠤᠭ ᠤᠨ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ | ᠰᠠᠶᠢᠲᠤᠷ ᠬᠢᠨ᠎ᠡ᠃ ᠶᠡᠭᠡ ᠡᠮᠨᠡᠯᠭᠡ ᠶᠢᠨ ᠬᠤᠷᠢᠶ᠎ᠠ ᠶᠢᠨ ᠡᠮᠴᠢ ᠶᠢᠨ ᠦᠨᠳᠦᠰᠦᠨ ᠱᠠᠲᠦᠨ ᠤ ᠡᠮᠨᠡᠯᠭᠡ ᠶᠢᠨ | ᠬᠤᠷᠢᠶᠠᠨ ᠳᠤ ᠬᠦᠷᠴᠦ ᠡᠮᠴᠢᠯᠡᠬᠦ ᠶᠢ ᠳᠡᠮᠵᠢᠵᠦ᠂ ᠳᠣᠮᠣ ᠡᠮᠨᠡᠯᠭᠡ ᠶᠢᠨ ᠬᠤᠷᠢᠶ᠎ᠠ ᠶᠢᠨ ᠡᠮᠴᠢ ᠦᠨᠳᠦᠰᠦᠨ ᠱᠠᠳᠣᠨ | ᠤ ᠡᠮᠨᠡᠯᠭᠡ ᠶᠢᠨ ᠬᠤᠷᠢᠶ᠎ᠠ ᠳᠤ ᠬᠦᠷᠴᠦ ᠣᠯᠠᠨ ᠴᠢᠭ᠋ ᠲᠤ ᠠᠵᠢᠯ ᠡᠷᠬᠢᠯᠡᠬᠦ ᠶᠢ ᠳᠡᠮᠵᠢᠵᠦ᠂ ᠳᠣᠮᠣ ᠡᠮᠨᠡᠯᠭᠡ ᠶᠢᠨ | ᠬᠤᠷᠢᠶ᠎ᠠ ᠪᠤᠯᠤᠨ ᠰᠤᠮᠤ ᠰᠢᠶᠠᠩ ᠪᠠᠯᠭᠠᠰᠦ ᠶᠢᠨ ᠡᠮᠨᠡᠯᠭᠡ ᠶᠢᠨ ᠬᠤᠷᠢᠶ᠎ᠠ ᠲᠠᠢ ᠡᠮ ᠡᠮᠨᠡᠯᠭᠡ ᠶᠢᠨ ᠬᠠᠮᠳᠣᠷᠠᠭᠰᠠᠨ | ᠴᠣᠭᠴᠠ ᠪᠠᠶᠢᠭᠤᠯᠬᠤ ᠶᠢ ᠵᠣᠷᠢᠭᠵᠢᠭᠤᠯᠵᠣ᠂ ᠠᠯᠤᠰ ᠡᠵᠡᠮᠰᠢᠯ ᠤᠨ ᠡᠮ ᠡᠮᠨᠡᠯᠭᠡ᠂ ᠲᠤᠭᠤᠷᠢᠨ ᠡᠮᠴᠢᠯᠡᠭᠡ ᠬᠢᠬᠦ | ᠠᠵᠢᠯᠯᠠᠭ᠎ᠠ ᠶᠢ ᠦᠷᠨᠢᠬᠦᠯᠦᠨ᠎ᠡ᠃ ᠭᠡᠷ ᠪᠦᠯᠢ ᠶᠢᠨ ᠡᠮᠴᠢ ᠶᠢᠨ ᠪᠣᠯᠵᠣᠭᠰᠠᠨ ᠦᠢᠯᠡᠴᠢᠯᠡᠭᠡ ᠶᠢ ᠪᠤᠲᠠᠲᠠᠢ ᠬᠢᠵᠦ᠂ | ᠡᠮᠡᠭᠲᠡᠶᠢᠴᠦᠳ ᠬᠡᠦᠬᠡᠳ᠂ ᠨᠠᠰᠤᠲᠠᠳ᠂ ᠵᠡᠮᠳᠡᠭᠴᠤᠳ ᠵᠡᠷᠭᠡ ᠭᠤᠤᠯᠳᠠᠯᠭ᠎ᠠ ᠲᠠᠢ ᠬᠦᠮᠦᠰ ᠤᠨ ᠡᠷᠡᠬᠦᠯ ᠴᠢᠬᠢᠷᠠᠭ | ᠤᠨ ᠦᠢᠯᠡᠴᠢᠯᠡᠭᠡ ᠶᠢᠨ ᠲᠦᠪᠰᠢᠨ ᠢ ᠳᠡᠭᠡᠭᠰᠢᠯᠡᠬᠦᠯᠦᠨ᠎ᠡ᠃ ᠦᠨᠳᠦᠰᠦᠨ ᠤᠯᠠᠨ ᠨᠡᠶᠢᠲᠡ ᠶᠢᠨ ᠡᠷᠡᠬᠦᠯ ᠬᠠᠮᠠᠭᠠᠯᠠᠯ | ᠤᠨ ᠦᠢᠯᠡᠴᠢᠯᠡᠭᠡ ᠶᠢᠨ ᠲᠦᠷᠦᠯ ᠵᠦᠢᠯ ᠤᠨ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ | ᠪᠦᠬᠦ ᠰᠠᠭᠤᠭᠠᠯᠢ ᠠᠷᠠᠳ ᠲᠤ ᠬᠠᠨᠳᠤᠭᠤᠯᠣᠨ ᠰᠦᠢᠳᠭᠡᠯ ᠬᠤᠷᠢᠶᠠᠬᠤ ᠦᠬᠡᠢ ᠬᠠᠮᠤᠭ ᠤᠨ ᠦᠨᠳᠦᠰᠦᠨ ᠤᠯᠠᠨ | ᠨᠡᠶᠢᠲᠡ ᠶᠢᠨ ᠡᠷᠡᠬᠦᠯ ᠬᠠᠮᠠᠭᠠᠯᠠᠯ ᠤᠨ ᠦᠢᠯᠡᠴᠢᠯᠡᠭᠡ ᠬᠠᠩᠭᠠᠨ᠎ᠠ᠃ ᠲᠤᠬᠲᠠᠮᠠᠯ ᠪᠤᠯᠤᠨ ᠬᠦᠳᠡᠯᠦᠩᠭᠦᠢ ᠶᠢ | ᠬᠠᠷᠢᠯᠴᠠᠨ ᠤᠶᠠᠯᠳᠤᠭᠤᠯᠣᠬᠰᠠᠨ ︽ᠵᠢᠵᠢᠭ ᠡᠮ ᠤᠨ ᠬᠠᠶᠢᠷᠴᠠᠭ︾ ᠢ ᠮᠠᠯᠵᠢᠬᠤ ᠡᠷᠦᠬᠡ ᠳᠤ ᠣᠷᠣᠭᠤᠯᠬᠤ | ᠢᠨᠵᠧᠨᠧᠷᠢᠩ ᠢ ᠠᠬᠢᠭᠤᠯᠤᠨ᠎ᠠ᠃ ᠡᠷᠡᠭᠦᠯ ᠬᠡᠦᠬᠡᠳ ᠲᠦᠷᠦᠵᠦ ᠰᠠᠶᠢᠬᠠᠨ ᠦᠰᠭᠡᠬᠦ ᠶᠢ ᠰᠠᠨᠠᠭᠠᠴᠢᠯᠠᠵᠣ᠂ ᠡᠬᠡ | ᠨᠢᠯᠬᠠᠰ ᠤᠨ ᠡᠷᠡᠭᠦᠯ ᠴᠢᠬᠢᠷᠠᠭ ᠤᠨ ᠠᠵᠢᠯᠯᠠᠭ᠎ᠠ ᠦᠷᠨᠢᠭᠦᠯᠦᠨ᠎ᠡ᠃ ᠡᠷᠡᠬᠦᠯ ᠮᠡᠨᠳᠦ ᠶᠢᠨ ᠬᠦᠮᠦᠵᠢᠯ ᠢ | ᠴᠢᠩᠭᠠᠷᠠᠭᠤᠯᠵᠦ᠂ ᠮᠠᠯᠴᠢᠨ ᠲᠠᠷᠢᠶᠠᠴᠢᠨ ᠤ ᠰᠢᠮ᠎ᠡ ᠳᠡᠵᠢᠭᠡᠯ ᠤᠨ ᠲᠦᠯᠦᠪᠯᠡᠭᠡ ᠪᠤᠯᠤᠨ ᠠᠷᠢᠬᠢ ᠣᠣᠭᠤᠵᠣ ᠳᠠᠮᠠᠬᠢ | ᠳᠠᠳᠠᠬᠤ ᠶᠢ ᠬᠢᠵᠠᠭᠠᠷᠯᠠᠬᠤ ᠠᠵᠢᠯᠯᠠᠭ᠎ᠠ ᠶᠢ ᠬᠡᠷᠡᠭᠵᠢᠬᠦᠯᠦᠨ᠎ᠡ᠃ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ | ᠠᠵᠢᠯᠯᠠᠭ᠎ᠠ ᠶᠢ ᠮᠠᠯᠵᠢᠬᠤ ᠲᠠᠷᠢᠶᠠᠯᠠᠬᠤ ᠤᠷᠤᠨ ᠳᠤ ᠣᠷᠣᠭᠤᠯᠬᠤ ᠶᠢ ᠠᠬᠢᠭᠤᠯᠵᠦ᠂ ᠪᠡᠶ᠎ᠡ ᠴᠢᠬᠢᠷᠠᠬᠵᠢᠭᠤᠯᠬᠤ ᠤᠯᠠᠨ | ᠨᠡᠶᠢᠲᠡ ᠶᠢᠨ ᠪᠡᠯᠡᠳᠬᠡᠮᠵᠢ ᠲᠤᠬᠢᠷᠠᠭᠤᠯᠤᠨ ᠦᠭᠭᠦᠨ᠎ᠡ᠃ ᠮᠠᠯᠵᠢᠬᠤ ᠲᠠᠷᠢᠶᠠᠯᠠᠬᠤ ᠤᠷᠤᠨ ᠤ ᠤᠯᠤᠰ ᠢᠶᠠᠨ | ᠬᠠᠶᠢᠷᠠᠯᠠᠬᠤ ᠡᠷᠡᠬᠦᠯ ᠬᠠᠮᠠᠭᠠᠯᠠᠯ ᠤᠨ ᠠᠵᠢᠯᠯᠠᠭ᠎ᠠ ᠶᠢ ᠬᠦᠨᠵᠡᠬᠡᠢ ᠦᠷᠨᠢᠬᠦᠯᠵᠦ᠂ ᠮᠠᠯᠵᠢᠬᠤ ᠲᠠᠷᠢᠶᠠᠯᠠᠬᠤ ᠤᠷᠤᠨ ᠤ | ᠡᠷᠡᠬᠦᠯ ᠬᠠᠮᠠᠭᠠᠯᠠᠯ ᠤᠨ ᠤᠷᠴᠢᠨ ᠳᠣᠭᠤᠷᠢᠨ ᠢ ᠰᠠᠶᠢᠵᠢᠷᠠᠭᠤᠯᠤᠨ᠎ᠠ᠃ | ︵ᠲᠠᠪᠤ︶ ᠮᠠᠯᠵᠢᠬᠤ ᠲᠠᠷᠢᠶᠠᠯᠠᠬᠤ ᠤᠷᠤᠨ ᠤ ᠨᠡᠶᠢᠭᠡᠮ ᠤᠨ ᠪᠠᠲᠤᠯᠠᠪᠤᠷᠢ ᠶᠢᠨ ᠰᠢᠰᠲ᠋ᠧᠮ ᠤᠨ | ᠪᠠᠶᠢᠭᠤᠯᠤᠯᠲᠠ ᠶᠢ ᠠᠬᠢᠭᠤᠯᠤᠨ᠎ᠠ᠃ ᠨᠢᠭᠡᠲᠦᠯᠲᠡᠢ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ | ᠡᠮᠨᠡᠯᠭᠡ ᠶᠢᠨ ᠳᠠᠭᠠᠳᠬᠠᠯ ᠤᠨ ᠲᠦᠷᠢᠮ ᠪᠤᠯᠤᠨ ᠶᠡᠭᠡ ᠡᠪᠡᠳᠴᠢᠨ ᠤ ᠳᠠᠭᠠᠳᠬᠠᠯ ᠤᠨ ᠲᠦᠷᠢᠮ ᠢ | ᠳᠡᠬᠦᠯᠳᠡᠷᠵᠢᠬᠦᠯᠵᠦ᠂ ᠳᠠᠩᠰᠠ ᠡᠪᠬᠡᠮᠡᠯ ᠪᠠᠶᠢᠭᠤᠯᠵᠤ ᠺᠠᠷᠲᠯᠠᠬᠰᠠᠨ ᠶᠠᠳᠠᠭᠤ ᠬᠦᠴᠢᠷᠳᠡᠯᠲᠡᠢ ᠬᠦᠮᠦᠨ ᠠᠮᠠ ᠳᠤ | ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠬᠡᠷᠡᠭᠵᠢᠭᠦᠯᠦᠨ᠎ᠡ᠃ ᠬᠤᠲᠠ ᠬᠦᠳᠡᠭᠡ ᠶᠢᠨ ᠰᠠᠭᠤᠭᠠᠯᠢ ᠠᠷᠠᠳ ᠤᠨ | ᠦᠨᠳᠦᠰᠦᠨ ᠨᠠᠰᠤᠵᠢᠯ ᠤᠨ ᠳᠠᠭᠠᠳᠬᠠᠯ ᠤᠨ ᠲᠦᠷᠢᠮ ᠪᠤᠯᠤᠨ ᠰᠦᠢᠳᠭᠡᠯ ᠲᠤᠰᠢᠶᠠᠬᠤ ᠨᠦᠬᠦᠪᠦᠷᠢ ᠶᠢᠨ | ᠲᠦᠷᠦ ᠶᠢᠨ ᠪᠤᠳᠤᠯᠭ᠎ᠠ ᠶᠢ ᠳᠡᠬᠦᠯᠳᠡᠷᠵᠢᠬᠦᠯᠵᠦ᠂ ᠰᠠᠭᠤᠷᠢ ᠨᠠᠰᠤᠵᠢᠯ ᠤᠨ ᠪᠠᠷᠢᠮᠵᠢᠶ᠎ᠠ ᠶᠢ ᠲᠤᠬᠲᠠᠭᠤᠨ ᠢᠶᠠᠷ | ᠳᠡᠭᠡᠭᠰᠢᠯᠡᠬᠦᠯᠦᠨ᠎ᠡ᠃ ᠬᠤᠲᠠ ᠬᠦᠳᠡᠭᠡ ᠶᠢᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠨᠢᠭᠡᠲᠦᠯᠲᠡᠢ | ᠲᠦᠯᠦᠪᠵᠢᠬᠦᠯᠵᠦ᠂ ᠨᠠᠭᠠᠳᠣ ᠵᠠᠬ᠎ᠠ ᠶᠢᠨ ᠪᠠᠳᠣᠯᠠᠪᠣᠷᠢ ᠶᠢᠨ ᠡᠲᠡᠭᠡᠳ ᠢ ᠣᠨᠣᠪᠴᠢᠳᠠᠢ ᠢᠯᠭᠠᠨ ᠳᠣᠳᠣᠯᠠᠬᠤ | ᠬᠦᠳᠡᠯᠦᠩᠬᠦᠢ ᠬᠠᠮᠢᠶᠠᠷᠤᠯᠲᠠ ᠶᠢ ᠴᠢᠩᠭᠠᠳᠬᠠᠵᠦ᠂ ᠨᠠᠭᠠᠳᠣ ᠵᠠᠬ᠎ᠠ ᠶᠢᠨ ᠪᠠᠳᠣᠯᠠᠪᠤᠷᠢ ᠶᠢᠨ ᠪᠠᠷᠢᠮᠵᠢᠶ᠎ᠠ ᠶᠢ | ᠬᠦᠳᠡᠯᠦᠩᠬᠦᠢ ᠪᠠᠷ ᠲᠤᠬᠢᠷᠠᠭᠤᠯᠬᠤ ᠲᠤᠬᠲᠠᠴᠠ ᠶᠢ ᠳᠡᠬᠦᠯᠳᠡᠷᠵᠢᠬᠦᠯᠦᠨ᠎ᠡ᠃ ᠬᠤᠲᠠ ᠪᠠᠯᠭᠠᠰᠦ ᠶᠢᠨ ᠤᠷᠤᠨ | ᠰᠠᠭᠤᠴᠠ ᠶᠢᠨ ᠪᠠᠲᠤᠯᠠᠪᠣᠷᠢ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠦ᠂ ᠬᠤᠲᠠ ᠤᠷᠤᠵᠦ ᠡᠷᠦᠬᠡ | ᠠᠮᠠ ᠪᠠᠨ ᠤᠷᠤᠭᠤᠯᠣᠬᠰᠠᠨ ᠮᠠᠯᠴᠢᠨ ᠲᠠᠷᠢᠶᠠᠴᠢᠨ ᠲᠤᠬᠠᠢ ᠶᠢᠨ ᠭᠠᠵᠠᠷ ᠤᠨ ᠬᠤᠲᠠ ᠪᠠᠯᠭᠠᠰᠦ ᠶᠢᠨ ᠰᠠᠭᠤᠭᠠᠯᠢ | ᠠᠷᠠᠳ ᠲᠠᠢ ᠠᠳᠠᠯᠢ ᠲᠡᠭᠰᠢ ᠪᠠᠷ ᠵᠠᠰᠠᠭ ᠤᠨ ᠤᠷᠲᠦᠨ ᠤ ᠬᠠᠩᠭᠠᠬᠰᠠᠨ ᠦᠨᠳᠦᠰᠦᠨ ᠤᠷᠤᠨ ᠰᠠᠭᠤᠴᠠ ᠶᠢᠨ | ᠪᠠᠲᠤᠯᠠᠪᠣᠷᠢ ᠶᠢᠨ ᠡᠷᠬᠡ ᠶᠢ ᠬᠦᠷᠲᠡᠬᠦ ᠶᠢ ᠪᠠᠲᠤᠯᠠᠨ᠎ᠠ᠃ ᠤᠯᠠᠨ ᠳᠡᠰ ᠳᠠᠪᠬᠤᠷᠭ᠎ᠠ ᠶᠢᠨ ᠮᠠᠯᠵᠢᠬᠤ ᠲᠠᠷᠢᠶᠠᠯᠠᠬᠤ | ᠤᠷᠤᠨ ᠤ ᠨᠠᠰᠤᠵᠢᠯ ᠤᠨ ᠪᠠᠲᠤᠯᠠᠪᠤᠷᠢ ᠶᠢᠨ ᠰᠢᠰᠲ᠋ᠧᠮ ᠢ ᠴᠣᠭᠴᠠᠯᠠᠵᠣ᠂ ᠤᠯᠠᠨ ᠡᠰᠢᠵᠢᠭᠰᠡᠨ ᠠᠰᠠᠷᠠᠨ | ᠬᠠᠷᠠᠭᠠᠯᠵᠠᠬᠤ ᠦᠢᠯᠡᠴᠢᠯᠡᠭᠡ ᠶᠢᠨ ᠵᠠᠬᠪᠤᠷ ᠤᠨ ᠰᠢᠨ᠎ᠡ ᠶᠢ ᠡᠭᠦᠳᠴᠦ᠂ ᠬᠦᠳᠡᠭᠡ ᠲᠤᠰᠬᠤᠨ ᠤ ︽ᠬᠠᠷᠢᠯᠴᠠᠨ | ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ︾ ᠪᠤᠯᠤᠨ ᠮᠠᠯᠵᠢᠬᠤ ᠤᠷᠤᠨ ᠤ ︽ᠨᠠᠰᠤᠲᠠᠨ ᠢ ᠠᠰᠠᠷᠠᠵᠦ | ᠨᠢᠯᠬᠠᠰ ᠢ ᠬᠦᠮᠦᠵᠢᠬᠦᠯᠬᠦ︾ ᠬᠢᠳᠡᠯ ᠢ ᠲᠦᠬᠡᠮᠡᠯᠵᠢᠬᠦᠯᠵᠦ᠂ ᠮᠠᠯᠵᠢᠬᠤ ᠲᠠᠷᠢᠶᠠᠯᠠᠬᠤ ᠤᠷᠤᠨ ᠤ ᠨᠠᠰᠤᠲᠠᠶᠢᠴᠤᠳ ᠢ | ᠠᠰᠠᠷᠠᠬᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠦ᠂ ᠨᠠᠰᠤᠲᠠᠶᠢᠴᠤᠳ ᠤᠨ ︽ᠦᠳᠡᠯᠦᠭᠰᠡᠨ | ᠤ ᠳᠠᠷᠠᠭ᠎ᠠ ᠠᠰᠠᠷᠠᠮᠵᠢ ᠲᠠᠢ ᠪᠠᠶᠢᠬᠤ᠂ ᠦᠳᠡᠯᠦᠭᠰᠡᠨ ᠴᠦ ᠤᠷᠤᠨ ᠰᠠᠭᠤᠴᠠ ᠲᠠᠢ ᠪᠠᠶᠢᠬᠤ᠂ ᠦᠳᠡᠯᠦᠭᠰᠡᠨ ᠴᠦ | ᠪᠠᠶᠠᠷ ᠵᠢᠷᠭᠠᠯ ᠲᠠᠢ ᠪᠠᠶᠢᠬᠤ︾ ᠶᠢ ᠪᠡᠶᠡᠯᠡᠬᠦᠯᠦᠨ᠎ᠡ᠃ ᠮᠠᠯᠵᠢᠬᠤ ᠲᠠᠷᠢᠶᠠᠯᠠᠬᠤ ᠤᠷᠤᠨ ᠤ ᠵᠡᠮᠳᠡᠭᠴᠤᠳ ᠤᠨ | ᠦᠢᠯᠡᠴᠢᠯᠡᠭᠡ ᠶᠢ ᠴᠢᠩᠭᠠᠳᠬᠠᠵᠦ᠂ ᠵᠡᠮᠳᠡᠭᠴᠦᠳ ᠲᠤ ᠤᠨᠴᠠᠭᠠᠢ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠤᠨ᠎ᠠ᠃ | ︵ᠵᠢᠷᠭᠤᠭ᠎ᠠ︶ ᠬᠢᠯᠢ ᠬᠢᠵᠠᠭᠠᠷ ᠤᠷᠤᠨ ᠤ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠨᠦᠬᠦᠴᠡᠯ ᠢ | ᠰᠠᠶᠢᠵᠢᠷᠠᠭᠤᠯᠤᠨ᠎ᠠ᠃ ᠠᠷᠠᠳ ᠢ ᠪᠠᠶᠠᠵᠢᠭᠤᠯᠬᠤ ᠪᠠᠷ ᠭᠤᠤᠯ ᠪᠤᠯᠭᠠᠵᠤ᠂ ᠬᠢᠯᠢ ᠬᠢᠵᠠᠭᠠᠷ ᠢ ᠪᠠᠬᠢᠵᠢᠬᠦᠯᠬᠦ ᠪᠠᠷ | ᠬᠠᠷᠠᠯᠳᠠ ᠪᠤᠯᠭᠠᠵᠤ᠂ ᠬᠢᠯᠢ ᠬᠢᠵᠠᠭᠠᠷ ᠢ ᠮᠠᠨᠳᠤᠭᠤᠯᠵᠤ᠂ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠶᠡᠬᠡᠪᠡᠷ | ᠬᠡᠷᠡᠭᠵᠢᠬᠦᠯᠵᠦ᠂ ᠵᠦᠷᠢᠶᠡᠵᠢᠭᠰᠡᠨ ᠳᠡᠮᠵᠢᠯᠬᠡ ᠶᠢᠨ ᠲᠦᠷᠦ ᠶᠢᠨ ᠪᠤᠳᠤᠯᠭ᠎ᠠ ᠶᠢ ᠳᠡᠬᠦᠯᠳᠡᠷᠵᠢᠬᠦᠯᠵᠦ᠂ ᠬᠢᠯᠢ ᠬᠢᠵᠠᠭᠠᠷ | ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠶᠢ ᠠᠬᠢᠭᠤᠯᠤᠨ᠎ᠠ᠃ ᠬᠢᠯᠢ ᠬᠢᠵᠠᠭᠠᠷ ᠤᠷᠤᠨ ᠤ ᠰᠠᠭᠤᠷᠢ | ᠪᠡᠯᠡᠳᠬᠡᠮᠵᠢ ᠶᠢᠨ ᠪᠦᠳᠦᠬᠡᠨ ᠪᠠᠶᠢᠭᠤᠯᠤᠯᠲᠠ ᠶᠢ ᠴᠢᠩᠭᠠᠳᠬᠠᠵᠤ᠂ ᠬᠢᠯᠢ ᠬᠢᠵᠠᠭᠠᠷ ᠤᠨ ᠡᠮᠦᠨ᠎ᠡ ᠹᠷᠤᠨᠲ ᠤᠨ | ᠭᠠᠴᠠᠭ᠎ᠠ ᠶᠢᠨ ᠰᠤᠷᠭᠠᠨ ᠬᠦᠮᠦᠵᠢᠯ᠂ ᠡᠮ ᠡᠮᠨᠡᠯᠬᠡ ᠡᠷᠡᠬᠦᠯ ᠬᠠᠮᠠᠭᠠᠯᠠᠯ᠂ ᠰᠤᠶᠤᠯ ᠤᠨ ᠦᠢᠯᠡᠴᠢᠯᠡᠭᠡ ᠶᠢᠨ | ᠳᠤᠳᠠᠭᠤᠳᠠᠯ ᠢ ᠨᠦᠬᠦᠪᠦᠷᠢᠯᠡᠵᠦ᠂ ᠡᠬᠡ ᠨᠤᠳᠤᠭ ᠢᠶᠠᠨ ᠰᠠᠬᠢᠵᠤ ᠬᠢᠯᠢ ᠬᠢᠵᠠᠭᠠᠷ ᠢ ᠬᠠᠮᠠᠭᠠᠯᠠᠵᠤ ᠪᠠᠶᠢᠭ᠎ᠠ ᠤᠯᠠᠨ | ᠲᠦᠮᠨᠨ ᠤ ᠦᠢᠯᠡᠳᠪᠦᠷᠢᠯᠡᠯ ᠢᠶᠠᠨ ᠬᠦᠭᠵᠢᠬᠦᠯᠵᠦ᠂ ᠠᠮᠤᠷ ᠳᠤᠭᠳᠠᠭᠤᠨ ᠢᠶᠠᠷ ᠠᠵᠤ ᠲᠦᠷᠦᠬᠦ ᠶᠢ ᠠᠬᠢᠭᠤᠯᠤᠨ᠎ᠠ᠃ | ᠬᠢᠯᠢ ᠬᠢᠵᠠᠭᠠᠷ ᠤᠷᠤᠨ ᠤ ᠮᠠᠯᠴᠢᠳ ᠤᠨ ᠠᠮᠢᠳᠤᠷᠠᠯ ᠤᠨ ᠨᠦᠬᠦᠪᠦᠷᠢ ᠶᠢᠨ ᠪᠠᠷᠢᠮᠵᠢᠶ᠎ᠠ ᠶᠢ ᠳᠡᠬᠡᠭᠰᠢᠯᠡᠬᠦᠯᠵᠦ᠂ ᠬᠢᠯᠢ | ᠬᠢᠵᠠᠭᠠᠷ ᠤᠷᠤᠨ ᠤ ᠤᠯᠠᠨ ᠲᠦᠮᠡᠨ ᠤ ᠤᠷᠤᠯᠭ᠎ᠠ ᠶᠢᠨ ᠪᠠᠳᠤᠯᠠᠪᠤᠷᠢ ᠪᠠ ᠨᠡᠶᠢᠭᠡᠮ ᠤᠨ ᠪᠠᠳᠤᠯᠠᠪᠤᠷᠢ ᠶᠢᠨ ᠲᠦᠪᠰᠢᠨ | ᠢ ᠳᠡᠬᠡᠭᠰᠢᠯᠡᠬᠦᠯᠵᠦ᠂ ᠬᠢᠯᠢ ᠬᠢᠵᠠᠭᠠᠷ ᠤᠷᠤᠨ ᠤ ᠨᠡᠶᠢᠲᠡ ᠶᠢᠨ ᠠᠰᠠᠷᠠᠮᠵᠢ ᠶᠢᠨ ᠤᠢ ᠶᠢᠨ ᠨᠦᠬᠦᠪᠦᠷᠢ ᠶᠢᠨ | ᠪᠠᠷᠢᠮᠵᠢᠶ᠎ᠠ ᠪᠠ ᠪᠡᠯᠴᠢᠬᠡᠷ ᠤᠨ ᠨᠦᠬᠦᠪᠦᠷᠢ ᠪᠡ ᠱᠠᠩᠨᠠᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠭᠢᠯᠢ | ᠬᠢᠵᠠᠭᠠᠷ ᠤᠷᠤᠨ ᠢ ᠤᠨᠢᠨ ᠳᠡᠬᠡᠷ᠎ᠡ ᠨᠢ ᠶᠠᠳᠠᠭᠤ ᠶᠢ ᠳᠡᠳᠬᠦᠬᠦ ᠶᠢ ᠠᠬᠢᠭᠤᠯᠵᠤ᠂ ᠬᠢᠯᠢ ᠬᠢᠵᠠᠭᠠᠷ ᠤᠷᠤᠨ ᠤ ᠡᠮᠦᠨ᠎ᠡ | ᠹᠷᠤᠨᠲ ᠤᠨ ᠶᠠᠳᠠᠭᠤ ᠬᠦᠴᠢᠷᠳᠡᠯᠳᠡᠢ ᠮᠠᠯᠴᠢᠳ ᠲᠤ ᠦᠨᠳᠦᠰᠦᠨ ᠪᠠᠳᠤᠯᠠᠪᠤᠷᠢ ᠶᠢ ᠬᠡᠷᠡᠭᠵᠢᠬᠦᠯᠦᠨ᠎ᠡ᠃ ᠬᠢᠯᠢ | ᠬᠢᠵᠠᠭᠠᠷ ᠤᠷᠤᠨ ᠤ ᠤᠨᠴᠠᠯᠢᠭᠳᠤ ᠳᠤᠰᠬᠤᠨ ᠤ ᠪᠦᠲᠦᠬᠡᠨ ᠪᠠᠶᠢᠭᠤᠯᠤᠯᠲᠠ ᠶᠢ ᠠᠬᠢᠭᠤᠯᠵᠤ᠂ ᠬᠢᠯᠢ ᠬᠢᠵᠠᠭᠠᠷ | ᠤᠷᠤᠨ ᠤ ᠵᠢᠭᠤᠯᠴᠢᠯᠠᠯ ᠪᠠ ᠬᠠᠷᠢᠯᠴᠠᠭᠠᠨ ᠤ ᠵᠠᠬ᠎ᠠ ᠲᠡᠯᠬᠡᠬᠦᠷ ᠤᠨ ᠠᠷᠠᠯᠵᠢᠶ᠎ᠠ ᠶᠢ ᠲᠦᠷᠬᠡᠨ ᠬᠦᠭᠵᠢᠬᠦᠯᠵᠦ᠂ ᠬᠢᠯᠢ | ᠬᠢᠵᠠᠭᠠᠷ ᠤᠷᠤᠨ ᠤ ᠠᠵᠤ ᠠᠬᠤᠢ ᠶᠢ ᠴᠡᠴᠡᠭᠯᠡᠬᠦᠯᠦᠨ ᠬᠦᠭᠵᠢᠬᠦᠯᠦᠨ᠎ᠠ᠃ | ᠳᠤᠯᠤᠭ᠎ᠠ᠂ ᠤᠨᠢᠨ ᠳᠡᠬᠡᠷ᠎ᠡ ᠨᠢ ᠶᠠᠳᠠᠭᠤ ᠶᠢ ᠳᠡᠳᠬᠦᠬᠦ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠪᠦᠬᠦ | ᠬᠦᠴᠦᠨ ᠢᠶᠠᠷ ᠰᠠᠶᠢᠲᠤᠷ ᠬᠢᠵᠦ᠂ ᠶᠠᠳᠠᠭᠤ ᠠᠴᠠ ᠠᠩᠬᠢᠵᠢᠷᠠᠭᠤᠯᠬᠤ ᠶᠠᠰᠤ ᠴᠢᠨᠠᠷ ᠢ ᠳᠡᠬᠡᠭᠰᠢᠯᠡᠬᠦᠯᠦᠨ᠎ᠡ | ︵ᠨᠢᠬᠡ︶ ᠤᠨᠢᠨ ᠳᠡᠬᠡᠷ᠎ᠡ ᠨᠢ ᠶᠠᠳᠠᠭᠤ ᠶᠢ ᠳᠡᠳᠬᠦᠬᠦ ᠶᠢ ᠴᠢᠩᠭᠠᠳᠬᠠᠨ᠎ᠠ᠃ ︽ᠬᠤᠶᠠᠷ ᠵᠤᠪᠠᠭ᠋ᠤ ᠦᠬᠡᠢ | ᠭᠤᠷᠪᠠ ᠶᠢ ᠪᠠᠳᠤᠯᠠᠬᠤ︾ ᠶᠠᠳᠠᠭᠤ ᠠᠴᠠ ᠠᠩᠬᠢᠵᠢᠷᠠᠭᠤᠯᠬᠤ ᠬᠠᠷᠠᠯᠳᠠ ᠶᠢ ᠪᠡᠶᠡᠯᠡᠬᠦᠯᠬᠦ ᠶᠢᠨ ᠳᠤᠭᠤᠷᠢᠨ ᠳᠤ᠂ | ᠤᠨᠢᠨ ᠳᠡᠬᠡᠷ᠎ᠡ ᠨᠢ ᠶᠠᠳᠠᠭᠤ ᠶᠢ ᠳᠡᠳᠬᠦᠬᠦ᠂ ᠤᠨᠢᠨ ᠳᠡᠬᠡᠷ᠎ᠡ ᠨᠢ ᠶᠠᠳᠠᠭᠤ ᠠᠴᠠ ᠠᠩᠬᠢᠵᠢᠷᠠᠭᠤᠯᠬᠤ ᠶᠢ ᠪᠠᠷᠢᠮᠳᠠᠯᠠᠵᠤ᠂ | ︽ᠵᠢᠷᠭᠤᠭᠠᠨ ᠤᠨᠢᠨ ᠲᠡᠬᠡᠷ᠎ᠠ ᠨᠢ︾᠂ ︽ᠳᠠᠪᠤᠨ ᠨᠢᠬᠡ ᠪᠦᠯᠦᠭ︾ ᠤᠨ ᠱᠠᠭᠠᠷᠳᠠᠯᠭ᠎ᠠ ᠶᠤᠰᠤᠭᠠᠷ᠂ ᠶᠠᠳᠠᠭᠤ ᠶᠢ | ᠳᠡᠳᠬᠦᠬᠦ ᠬᠦᠮᠦᠨ ᠠᠮᠠ ᠶᠢᠨ ᠠᠵᠤ ᠦᠢᠯᠡᠰ ᠢᠶᠠᠷ ᠶᠠᠳᠠᠭᠤ ᠶᠢ ᠳᠡᠳᠬᠦᠬᠦ᠂ ᠤᠨᠳᠤᠤ ᠭᠠᠵᠠᠷ ᠨᠡᠬᠦᠯᠬᠡᠨ | ᠰᠢᠯᠵᠢᠬᠦᠯᠵᠤ ᠶᠠᠳᠠᠭᠤ ᠶᠢ ᠲᠡᠳᠬᠦᠬᠦ᠂ ᠡᠷᠡᠬᠦᠯ ᠮᠡᠨᠳᠤ ᠪᠠᠷ ᠶᠠᠳᠠᠭᠤ ᠶᠢ ᠳᠡᠳᠬᠦᠬᠦ ᠵᠡᠷᠬᠡ ᠭᠤᠤᠯᠳᠠᠯᠭ᠎ᠠ ᠲᠠᠢ | ᠢᠨᠵᠧᠨᠧᠷᠢᠩ ᠢ ᠤᠨᠤᠪᠴᠢᠳᠠᠢ ᠬᠢᠨ᠎ᠠ᠃ ᠤᠨᠴᠠ ᠶᠠᠳᠠᠭᠤ ᠬᠦᠴᠢᠷᠳᠡᠯᠳᠡᠢ ᠬᠦᠮᠦᠨ ᠠᠮᠠ ᠳᠤ ᠠᠩᠬᠠᠷᠤᠯ ᠢᠶᠠᠨ | ᠲᠦᠪᠯᠡᠷᠡᠬᠦᠯᠦᠨ᠂ ᠤᠨᠢᠨ ᠳᠡᠬᠡᠷ᠎ᠡ ᠨᠢ ᠬᠦᠴᠦᠯᠡᠵᠦ᠂ ᠪᠠᠳᠤᠯᠠᠪᠤᠷᠢ ᠶᠢᠨ ᠴᠢᠨᠠᠷᠳᠠᠢ ᠶᠠᠳᠠᠭᠤ ᠶᠢ ᠳᠡᠳᠬᠦᠬᠦ | ᠲᠦᠷᠦ ᠶᠢᠨ ᠪᠤᠳᠤᠯᠭ᠎ᠠ ᠶᠢ ᠶᠡᠷᠦᠩᠬᠡᠶᠢᠯᠡᠨ ᠬᠡᠷᠡᠭᠵᠢᠬᠦᠯᠵᠦ᠂ ᠬᠦᠳᠡᠯᠮᠦᠷᠢᠯᠡᠬᠦ ᠴᠢᠳᠠᠪᠤᠷᠢ ᠪᠠᠨ ᠵᠤᠬᠢᠬᠤ ᠬᠡᠮᠵᠢᠶ᠎ᠡ ᠪᠠᠷ | ᠠᠯᠳᠠᠭᠰᠠᠨ ᠪᠤᠶᠤ ᠪᠦᠷᠢᠮᠦᠰᠦᠨ ᠠᠯᠳᠠᠭᠰᠠᠨ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠡᠪᠡᠳᠴᠢᠯᠡᠪᠡᠯ | ᠡᠮᠨᠡᠬᠦᠯᠵᠤ ᠳᠡᠶᠢᠯᠬᠦ᠂ ᠵᠡᠮᠳᠡᠭ ᠪᠤᠯᠪᠠᠯ ᠳᠤᠰᠠᠯᠠᠮᠵᠢ ᠬᠦᠷᠳᠡᠬᠦ᠂ ᠠᠮᠢᠳᠤᠷᠠᠯ ᠨᠢ ᠪᠠᠳᠤᠯᠠᠭ᠎ᠠ ᠲᠠᠢ ᠪᠠᠶᠢᠬᠤ ᠶᠢ | ᠪᠠᠳᠤᠯᠠᠨ᠎ᠠ᠃ ᠨᠦᠬᠦᠴᠡᠯ ᠳᠤ ᠨᠡᠶᠢᠴᠡᠬᠦ ᠶᠠᠳᠠᠭᠤ ᠬᠦᠴᠢᠷᠳᠡᠯᠳᠡᠢ ᠬᠦᠮᠦᠨ ᠠᠮᠠ ᠶᠢ ᠪᠦᠬᠦᠨ ᠢ ᠮᠠᠯᠵᠢᠬᠤ | ᠳᠠᠷᠢᠶᠠᠯᠠᠬᠤ ᠤᠷᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠬᠦᠷᠳᠡᠬᠦ ᠬᠡᠪᠴᠢᠶᠡᠨ ᠳᠤ ᠤᠷᠤᠭᠤᠯᠤᠨ᠎ᠠ | ᠃ | ︵ᠬᠤᠶᠠᠷ︶ ᠤᠨᠴᠠ ᠶᠠᠳᠠᠭᠤ ᠬᠦᠴᠢᠷᠳᠡᠯᠳᠡᠢ ᠬᠦᠮᠦᠰ ᠲᠤ ᠠᠩᠬᠠᠷᠤᠯ ᠢᠶᠠᠨ ᠲᠦᠪᠯᠡᠷᠡᠬᠦᠯᠦᠨ᠎ᠡ᠃ ᠤᠨᠴᠠ | ᠶᠠᠳᠠᠭᠤ ᠬᠦᠴᠢᠷᠳᠡᠯᠳᠡᠢ ᠭᠠᠵᠠᠷ ᠤᠷᠤᠨ ᠳᠤ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ ᠲᠦᠷᠦ ᠶᠢᠨ | ᠪᠤᠳᠤᠯᠭ᠎ᠠ ᠠᠷᠭ᠎ᠠ ᠪᠠᠷᠢᠯ ᠢ ᠨᠠᠶᠢᠳᠠᠪᠤᠷᠢᠵᠢᠭᠤᠯᠵᠤ᠂ ᠤᠨᠴᠠ ᠶᠠᠳᠠᠭᠤ ᠬᠦᠴᠢᠷᠳᠡᠯᠳᠡᠢ ᠬᠤᠰᠢᠭᠤ ᠰᠢᠶᠠᠨ᠂ ᠤᠨᠴᠠ | ᠶᠠᠳᠠᠭᠤ ᠬᠦᠴᠢᠷᠳᠡᠯᠳᠡᠢ ᠭᠠᠴᠠᠭ᠎ᠠ ᠳᠤᠰᠬᠤᠨ᠂ ᠤᠨᠴᠠ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠲᠤᠬᠠᠢ | ᠲᠡᠮᠵᠢᠨ ᠳᠡᠳᠬᠦᠬᠦ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠪᠠᠷ ᠨᠡᠮᠡᠭᠳᠡᠬᠦᠯᠬᠦ ᠶᠠᠳᠠᠭᠤ ᠶᠢ ᠳᠡᠳᠬᠦᠬᠦ ᠪᠡᠯᠡ | ᠤᠷᠤᠭᠤᠯᠤᠯᠳᠠ ᠪᠠᠨ ᠭᠤᠤᠯᠳᠠᠭᠤ ᠤᠨᠴᠠ ᠶᠠᠳᠠᠭᠤ ᠬᠦᠴᠢᠷᠳᠡᠯᠳᠡᠢ ᠭᠠᠵᠠᠷ ᠤᠷᠤᠨ ᠳᠤ ᠬᠡᠷᠡᠭᠯᠡᠵᠦ᠂ ᠰᠢᠨ᠎ᠡ ᠪᠠᠷ | ᠨᠡᠮᠡᠭᠳᠡᠬᠦᠯᠬᠦ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ ᠲᠦᠷᠦᠯ ᠵᠦᠢᠯ ᠢ ᠭᠤᠤᠯᠳᠠᠭᠤ ᠤᠨᠴᠠ | ᠶᠠᠳᠠᠭᠤ ᠬᠦᠴᠢᠷᠳᠡᠯᠳᠡᠢ ᠭᠠᠵᠠᠷ ᠤᠷᠤᠨ ᠳᠤ ᠪᠠᠶᠢᠷᠢᠯᠠᠭᠤᠯᠤᠨ᠎ᠠ᠂ ᠰᠢᠨ᠎ᠡ ᠪᠠᠷ ᠨᠡᠮᠡᠭᠳᠡᠬᠦᠯᠬᠦ ᠪᠦᠳᠦᠬᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠵᠢᠭᠠᠯᠳᠠ ᠳᠤᠭ᠎ᠠ ᠳᠤ ᠤᠨᠴᠠ ᠶᠠᠳᠠᠭᠤ ᠬᠦᠴᠢᠷᠳᠡᠯᠳᠡᠢ ᠭᠠᠵᠠᠷ ᠤᠷᠤᠨ | ᠤ ᠬᠢ ᠶᠢ ᠤᠷᠢᠳᠠᠪᠡᠷ ᠪᠠᠳᠤᠯᠠᠨ᠂ ᠤᠨᠴᠠ ᠶᠠᠳᠠᠭᠤ ᠬᠦᠴᠢᠷᠳᠡᠯ ᠤᠨ ᠪᠠᠬᠢᠯᠡᠯᠳᠡ ᠶᠢ ᠡᠷᠡᠰ ᠰᠢᠪᠳᠤᠯᠤᠨ᠎ᠠ᠃ | ︵ᠭᠤᠷᠪᠠ︶ ᠳᠤᠳᠤᠭᠠᠳᠤᠬᠢ ᠬᠦᠳᠡᠯᠬᠡᠬᠦ ᠬᠦᠴᠦᠨ ᠢ ᠪᠤᠶᠢᠵᠢᠭᠤᠯᠤᠨ᠎ᠠ᠃ ᠶᠠᠳᠠᠭᠤ ᠶᠢ ᠲᠡᠳᠬᠦᠬᠦ ᠳᠤ ᠡᠷᠴᠢ | ᠵᠤᠷᠢᠭ ᠢ ᠨᠢ ᠳᠡᠳᠬᠦᠬᠦ᠂ ᠤᠶᠤᠨ ᠰᠠᠨᠠᠭ᠎ᠠ ᠶᠢ ᠨᠢ ᠳᠡᠳᠬᠦᠬᠦ ᠯᠦᠭᠡ ᠤᠶᠠᠯᠳᠤᠭᠤᠯᠤᠨ᠂ ᠶᠠᠳᠠᠭᠤ ᠶᠢ ᠳᠡᠳᠬᠦᠬᠦ | ᠠᠷᠭ᠎ᠠ ᠪᠠᠷᠢᠯ ᠠᠷᠭ᠎ᠠ ᠬᠡᠯᠪᠡᠷᠢ ᠪᠠᠨ ᠰᠠᠶᠢᠵᠢᠷᠠᠭᠤᠯᠤᠨ᠂ ᠦᠢᠯᠡᠳᠪᠦᠷᠢᠯᠡᠯ ᠤᠨ ᠱᠠᠩᠨᠠᠬᠤ ᠨᠦᠬᠦᠪᠦᠷᠢᠯᠡᠬᠦ᠂ | ᠬᠦᠳᠡᠯᠮᠦᠷᠢ ᠬᠦᠴᠦᠨ ᠤ ᠨᠦᠬᠦᠪᠦᠷᠢ᠂ ᠠᠵᠢᠯ ᠢᠶᠠᠷ ᠳᠡᠳᠬᠦᠨ ᠳᠤᠰᠠᠯᠠᠬᠤ ᠵᠡᠷᠬᠡ ᠳᠤᠭᠳᠠᠴᠠ ᠶᠢ ᠨᠡᠩ ᠤᠯᠠᠨ | ᠬᠡᠷᠡᠭᠵᠢᠬᠦᠯᠵᠦ᠂ ᠰᠤᠷᠭᠠᠨ ᠬᠦᠮᠦᠵᠢᠬᠦᠯᠬᠦ ᠪᠠ ᠬᠦᠳᠦᠯᠦᠨ ᠳᠠᠭᠠᠭᠤᠯᠬᠤ ᠪᠠᠷ ᠳᠠᠮᠵᠢᠨ ᠶᠠᠳᠠᠭᠤ ᠬᠦᠴᠢᠷᠳᠡᠯᠳᠡᠢ | ᠤᠯᠠᠨ ᠲᠦᠮᠡᠨ ᠤ ︽ᠬᠦᠯᠢᠶᠡᠬᠦ᠂ ᠲᠦᠰᠢᠬᠦ᠂ ᠠᠪᠬᠤ︾ ᠦᠵᠡᠯ ᠰᠠᠨᠠᠭ᠎ᠠ ᠶᠢ ᠳᠠᠶᠠᠭᠳᠠᠭᠤᠯᠵᠤ᠂ ᠦᠢᠯᠡᠳᠪᠦᠷᠢᠯᠡᠯ | ᠪᠠ ᠬᠦᠯᠦᠰᠦᠨ ᠠᠵᠢᠯ ᠬᠢᠬᠦ ᠠᠷᠠᠯᠵᠢᠶ᠎ᠠ ᠬᠢᠬᠦ ᠦᠨᠳᠦᠰᠦᠨ ᠴᠢᠳᠠᠪᠤᠷᠢ ᠶᠢ ᠨᠢ ᠴᠢᠩᠭᠠᠷᠠᠭᠤᠯᠵᠤ᠂ ᠶᠠᠳᠠᠭᠤ ᠠᠴᠠ | ᠠᠩᠬᠢᠵᠢᠷᠠᠨ ᠪᠠᠶᠠᠵᠢᠬᠤ ᠳᠤᠳᠤᠭᠠᠳᠤ ᠬᠦᠳᠡᠯᠬᠡᠬᠦ ᠬᠦᠴᠦᠨ ᠢ ᠨᠢ ᠬᠦᠭᠵᠢᠬᠡᠨ᠎ᠡ᠃ ᠠᠵᠢᠯ ᠮᠡᠷᠬᠡᠵᠢᠯ ᠤᠨ | ᠰᠤᠷᠭᠠᠭᠤᠯᠢ ᠶᠢᠨ ᠰᠤᠷᠭᠠᠨ ᠬᠦᠮᠦᠵᠢᠯ ᠤᠨ ᠡᠬᠢ ᠪᠠᠶᠠᠯᠢᠭ ᠢ ᠬᠦᠢᠴᠡᠳ ᠠᠰᠢᠬᠯᠠᠵᠤ᠂ ᠭᠠᠴᠠᠭ᠎ᠠ ᠳᠤᠰᠬᠤᠨ ᠤ ︽ | ᠬᠤᠶᠠᠷ ᠵᠦᠪᠯᠡᠯ︾ ᠤᠨ ᠤᠳᠤᠷᠢᠳᠬᠤ ᠪᠠᠭ᠂ ᠪᠠᠶᠠᠵᠢᠯ ᠤᠨ ᠴᠢᠳᠠᠪᠤᠷᠢᠳᠠᠨ᠂ ᠪᠠᠭ᠎ᠠ ᠵᠢᠵᠢᠭ ᠠᠵᠤ ᠠᠬᠤᠶᠢᠯᠠᠯ ᠤᠨ | ᠬᠠᠷᠢᠭᠤᠴᠠᠯᠭᠠᠳᠠᠨ ᠵᠡᠷᠬᠡ ᠳᠠᠭᠠᠭᠤᠯᠤᠭᠴᠢ ᠶᠢᠨ ᠪᠤᠯᠪᠠᠰᠤᠷᠠᠯ ᠤᠨ ᠡᠷᠴᠢᠮ ᠢ ᠴᠢᠩᠭᠠᠷᠠᠭᠤᠯᠵᠤ᠂ ᠳᠡᠳᠡᠨ ᠤ | ᠶᠠᠳᠠᠭᠤ ᠠᠴᠠ ᠠᠩᠬᠢᠵᠢᠷᠠᠭᠤᠯᠤᠨ ᠪᠠᠶᠠᠵᠢᠭᠤᠯᠬᠤ ᠲᠠᠭᠠᠭᠤᠯᠤᠬᠴᠢ ᠶᠢᠨ ᠴᠢᠳᠠᠪᠤᠷᠢ ᠶᠢ ᠨᠢ ᠳᠡᠬᠡᠭᠰᠢᠯᠡᠬᠦᠯᠦᠨ᠎ᠡ᠃ | ︵ᠲᠦᠷᠪᠡ︶ ᠶᠠᠳᠠᠭᠤ ᠠᠴᠠ ᠠᠩᠬᠢᠵᠢᠷᠠᠭᠤᠯᠬᠤ ᠬᠠᠷᠢᠭᠤᠴᠠᠯᠭ᠎ᠠ ᠶᠢ ᠴᠢᠩᠭᠠᠳᠬᠠᠨ᠎ᠠ᠃ ᠦᠪᠡᠷᠳᠡᠬᠡᠨ | ᠵᠠᠰᠬᠠᠤ ᠤᠷᠤᠨ ᠶᠡᠷᠦᠩᠬᠡᠶᠢᠯᠡᠨ ᠬᠠᠷᠢᠭᠤᠴᠠᠵᠤ᠂ ᠠᠶᠢᠮᠠᠭ ᠬᠤᠳᠠ᠂ ᠬᠤᠰᠢᠭᠤ ᠰᠢᠶᠠᠨ ᠪᠤᠳᠠᠳᠠᠢ ᠠᠳᠬᠤᠨ | ᠨᠠᠶᠢᠳᠠᠪᠤᠷᠢᠵᠢᠭᠤᠯᠬᠤ ᠠᠵᠢᠯ ᠤᠨ ᠳᠤᠭᠳᠠᠴᠠ ᠶᠢ ᠪᠠᠷᠢᠮᠳᠠᠯᠠᠵᠤ᠂ ᠨᠠᠮ ᠵᠠᠰᠠᠭ ᠤᠨ ᠨᠢᠬᠡᠳᠦᠬᠡᠷ ᠤᠳᠤᠷᠢᠳᠤᠯᠭ᠎ᠠ | ᠶᠡᠷᠦᠩᠬᠡᠢ ᠬᠠᠷᠢᠭᠤᠴᠠᠬᠤ ᠬᠠᠷᠢᠭᠤᠴᠠᠯᠭ᠎ᠠ ᠶᠢᠨ ᠲᠦᠷᠢᠮ ᠢ ᠴᠢᠩᠭᠠᠳᠬᠠᠵᠤ᠂ ᠡᠯ᠎ᠠ ᠱᠠᠳᠤᠨ ᠤ ᠡᠯ᠎ᠠ ᠰᠠᠯᠠᠭ᠎ᠠ | ᠮᠦᠴᠢᠷ ᠬᠠᠷᠢᠭᠤᠴᠠᠬᠤ᠂ ᠤᠨᠴᠠᠭᠠᠶᠢᠯᠠᠨ ᠶᠠᠳᠠᠭᠤ ᠬᠦᠴᠢᠷᠳᠡᠯᠳᠡᠢ ᠬᠤᠰᠢᠭᠤ ᠰᠢᠶᠠᠨ ᠤ ᠭᠤᠤᠯ ᠴᠤᠭᠴᠠ ᠶᠢᠨ | ᠬᠠᠷᠢᠭᠤᠴᠠᠯᠭ᠎ᠠ ᠶᠢ ᠴᠢᠩᠭᠠᠳᠬᠠᠨ᠎ᠠ᠃ ᠦᠪᠡᠷᠳᠡᠬᠡᠨ ᠵᠠᠰᠬᠠᠤ ᠤᠷᠤᠨ ᠠᠴᠠ ᠳᠤᠮᠢᠯᠠᠨ ᠤᠯᠤᠰ ᠤᠨ ᠳᠡᠰ ᠤᠨ | ᠶᠠᠳᠠᠭᠤ ᠬᠦᠴᠢᠷᠳᠡᠯᠳᠡᠢ ᠬᠤᠰᠢᠭᠤ ᠰᠢᠶᠠᠨ ᠳᠤ ᠰᠠᠭᠤᠯᠭᠠᠵᠤ ᠪᠠᠶᠢᠭ᠎ᠠ ᠱᠠᠯᠠᠪᠳᠠᠭᠤᠯᠤᠨ ᠵᠢᠯᠤᠭᠤᠳᠬᠤ ᠳᠤᠭᠤᠶᠢᠯᠠᠩ | ᠤᠨ ᠦᠢᠯᠡᠳᠦᠯ ᠢ ᠪᠠᠳᠠᠷᠠᠭᠤᠯᠵᠤ᠂ ᠳᠤᠰᠬᠤᠨ ᠳᠤ ᠰᠠᠭᠤᠭ᠎ᠠ ᠠᠵᠢᠯᠯᠠᠬᠤ ᠳᠤᠭᠤᠶᠢᠯᠠᠩ ᠤᠨ ᠬᠠᠮᠢᠶᠠᠷᠤᠯᠳᠠ ᠪᠡ | ᠬᠢᠨᠠᠨ ᠰᠢᠯᠭᠠᠯᠳᠠ ᠶᠢ ᠴᠢᠩᠭᠠᠳᠬᠠᠨ᠎ᠠ᠃ ᠶᠠᠳᠠᠭᠤ ᠶᠢ ᠳᠡᠳᠬᠦᠬᠦ ᠱᠠᠯᠠᠪᠳᠠᠭᠤᠯᠤᠨ ᠪᠠᠶᠢᠴᠠᠭᠠᠬᠤ᠂ ᠳᠤᠭᠤᠷᠢᠨ | ᠪᠠᠶᠢᠴᠠᠭᠠᠬᠤ᠂ ᠬᠢᠨᠠᠨ ᠰᠢᠯᠭᠠᠬᠤ ᠪᠠ ᠦᠨᠡᠯᠡᠨ ᠳᠤᠭᠳᠠᠭᠠᠬᠤ ᠠᠷᠭ᠎ᠠ ᠶᠢ ᠰᠠᠶᠢᠵᠢᠷᠠᠭᠤᠯᠬᠤ᠂ ᠨᠢᠬᠡ ᠪᠦᠯᠦᠭ ᠭᠠᠵᠠᠷ | ᠤᠷᠤᠨ ᠳᠤ ᠤᠷᠤᠰᠢᠵᠤ ᠪᠠᠶᠢᠬᠤ ᠳᠠᠨᠢᠯᠳᠠ ᠨᠢ ᠤᠨᠤᠪᠴᠢᠳᠠᠢ ᠪᠤᠰᠤ᠂ ᠠᠵᠢᠯ ᠨᠢ ᠦᠨᠡᠨ ᠪᠤᠳᠠᠳᠠᠢ ᠪᠢᠰᠢ᠂ ᠬᠤᠳᠠᠯ | ᠬᠠᠭᠤᠷᠮᠠᠭ᠂ ᠳᠤᠭ᠎ᠠ ᠪᠠᠷ ᠶᠠᠳᠠᠭᠤ ᠠᠴᠠ ᠠᠩᠬᠢᠵᠢᠷᠠᠭᠤᠯᠬᠤ ᠵᠡᠷᠬᠡ ᠠᠰᠠᠭᠤᠳᠠᠯ ᠢ ᠴᠢᠩᠭ᠎ᠠ ᠪᠠᠶᠢᠴᠠᠭᠠᠨ | ᠰᠢᠢᠳᠪᠦᠷᠢᠯᠡᠵᠦ᠂ ᠰᠠᠬᠢᠯᠭ᠎ᠠ ᠪᠠᠳᠤ ᠶᠢ ᠴᠢᠩᠭ᠎ᠠ ᠬᠡᠷᠡᠭᠵᠢᠬᠦᠯᠵᠦ ᠬᠠᠷᠢᠭᠤᠴᠠᠯᠭ᠎ᠠ ᠨᠡᠬᠡᠮᠵᠢᠯᠡᠨ᠎ᠠ᠃ ᠡᠮᠦᠨ᠎ᠡ | ᠹᠷᠤᠨᠲ ᠳᠤ ᠶᠠᠳᠠᠭᠤ ᠶᠢ ᠳᠡᠳᠬᠦᠵᠦ ᠪᠠᠶᠢᠬᠤ ᠺᠠᠳ᠋ᠷ ᠤᠨ ᠡᠬᠦᠷᠬᠡᠯᠡᠵᠦ ᠪᠠᠶᠢᠭ᠎ᠠ ᠳᠠᠷᠤᠭᠠᠰᠤ ᠶᠢ ᠨᠡᠮᠡᠭᠳᠡᠬᠦᠯᠬᠦ ᠡᠯ᠎ᠡ | ᠵᠦᠢᠯ ᠤᠨ ᠬᠢᠨᠠᠨ ᠪᠠᠶᠢᠴᠠᠭᠠᠯᠲᠠ ᠰᠢᠯᠭᠠᠨ ᠦᠨᠡᠯᠡᠯᠳᠡ ᠶᠢ ᠴᠢᠩᠭ᠎ᠠ ᠬᠢᠵᠠᠭᠠᠷᠯᠠᠵᠤ᠂ ᠦᠨᠳᠦᠰᠦᠨ ᠱᠠᠳᠤᠨ ᠤ ᠠᠵᠢᠯ | ᠤᠨ ᠳᠠᠷᠤᠭᠠᠰᠤ ᠶᠢ ᠦᠨᠡᠨᠬᠦ ᠬᠦᠩᠬᠡᠷᠡᠬᠦᠯᠵᠦ᠂ ᠦᠨᠳᠦᠰᠦᠨ ᠱᠠᠳᠤᠨ ᠤ ᠡᠮᠦᠨ᠎ᠡ ᠹᠷᠤᠨᠲ ᠳᠤ ᠠᠵᠢᠯᠯᠠᠵᠤ ᠪᠠᠶᠢᠭ᠎ᠠ | ᠶᠠᠳᠠᠭᠤ ᠶᠢ ᠳᠡᠳᠬᠦᠬᠦ ᠺᠠᠳ᠋ᠷ ᠤᠨ ᠠᠵᠢᠯ ᠤᠨ ᠢᠳᠡᠪᠬᠢᠵᠢᠯ ᠢ ᠬᠠᠮᠠᠭᠠᠯᠠᠬᠤ ᠪᠠ ᠳᠠᠶᠢᠴᠢᠯᠠᠨ᠎ᠠ᠃ ᠶᠠᠳᠠᠭᠤ ᠶᠢ | ᠳᠡᠳᠬᠦᠬᠦ ᠬᠦᠷᠢᠶᠡᠨ ᠳᠠᠬᠢ ᠢᠯᠵᠢᠷᠡᠯ ᠪᠠ ᠬᠡᠪ ᠰᠤᠷᠳᠠᠯ ᠤᠨ ᠠᠰᠠᠭᠤᠳᠠᠯ ᠢ ᠳᠤᠰᠬᠠᠢ ᠴᠡᠭᠴᠡᠯᠡᠨ ᠵᠠᠰᠠᠵᠤ᠂ | ᠶᠠᠳᠠᠭᠤ ᠶᠢ ᠳᠡᠳᠬᠦᠬᠦ ᠪᠡᠯᠡ ᠮᠦᠩᠬᠦ ᠶᠢᠨ ᠬᠠᠮᠢᠶᠠᠷᠤᠯᠳᠠ ᠶᠢ ᠦᠨᠡᠨᠬᠦ ᠴᠢᠩᠭᠠᠳᠬᠠᠵᠤ᠂ ᠬᠡᠪ ᠰᠤᠷᠳᠠᠯ ᠢ | ᠴᠡᠭᠴᠡᠯᠡᠵᠤ ᠰᠠᠬᠢᠯᠭ᠎ᠠ ᠪᠠᠳᠤ ᠶᠢ ᠴᠢᠩᠳᠠᠯᠠᠨ᠎ᠠ᠃ | ᠨᠠᠢᠮᠠ᠂ ᠮᠠᠯᠵᠢᠬᠤ ᠳᠠᠷᠢᠶᠠᠯᠠᠬᠤ ᠤᠷᠤᠨ ᠤ ᠦᠬᠡᠷᠡᠴᠢᠯᠡᠯᠳᠡ ᠶᠢ ᠭᠦᠨᠵᠡᠭᠡᠶᠢᠷᠡᠭᠦᠯᠵᠦ᠂ ᠬᠦᠳᠡᠭᠡ ᠳᠤᠰᠬᠤᠨ | ᠢ ᠬᠦᠭᠵᠢᠬᠦᠯᠦᠨ ᠮᠠᠨᠳᠤᠭᠤᠯᠬᠤ ᠪᠠᠶᠢᠭᠤᠯᠤᠮᠵᠢ ᠳᠤᠭᠳᠠᠴᠠ ᠶᠢᠨ ᠰᠢᠨ᠎ᠡ ᠶᠢ ᠡᠬᠦᠳᠬᠦ ᠶᠢ ᠠᠬᠢᠭᠤᠯᠤᠨ᠎ᠠ | ︵ᠨᠢᠬᠡ︶ ᠮᠠᠯᠵᠢᠬᠤ ᠳᠠᠷᠢᠶᠠᠯᠠᠬᠤ ᠤᠷᠤᠨ ᠤ ᠦᠨᠳᠦᠰᠦᠨ ᠡᠵᠡᠩᠨᠡᠯᠳᠡ ᠶᠢᠨ ᠲᠦᠷᠢᠮ ᠢ ᠪᠠᠬᠢᠵᠢᠬᠦᠯᠦᠨ | ᠳᠡᠬᠦᠯᠳᠡᠷᠵᠢᠬᠦᠯᠦᠨ᠎ᠡ᠃ ᠬᠤᠶᠠᠳᠤᠭᠠᠷ ᠡᠬᠡᠯᠵᠢ ᠶᠢᠨ ᠭᠠᠵᠠᠷ ᠰᠢᠷᠤᠢ ᠨᠤᠳᠤᠭ ᠪᠡᠯᠴᠢᠬᠡᠷ ᠤᠨ ᠳᠠᠭᠠᠭᠠᠴᠢᠯᠠᠯᠳᠠ | ᠬᠤᠭᠤᠴᠠᠭ᠎ᠠ ᠳᠤᠯᠤᠭᠰᠠᠨ ᠤ ᠳᠠᠷᠠᠭ᠎ᠠ ᠳᠠᠬᠢᠨ 30 ᠵᠢᠯ ᠤᠷᠳᠤᠳᠬᠠᠬᠤ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠵᠤ᠂ ᠮᠠᠯᠵᠢᠬᠤ ᠳᠠᠷᠢᠶᠠᠯᠠᠬᠤ ᠤᠷᠤᠨ ᠤ ᠭᠠᠵᠠᠷ ᠰᠢᠷᠤᠢ ᠨᠤᠳᠤᠭ ᠪᠡᠯᠴᠢᠬᠡᠷ ᠤᠨ | ᠳᠠᠭᠠᠭᠠᠴᠢᠯᠠᠯᠳᠠ ᠶᠢᠨ ᠬᠠᠷᠢᠴᠠᠭ᠎ᠠ ᠶᠢ ᠳᠤᠭᠳᠠᠭᠤᠨ ᠪᠠᠶᠢᠯᠭᠠᠵᠤ ᠤᠷᠳᠤ ᠬᠤᠭᠤᠴᠠᠭ᠎ᠠ ᠪᠠᠷ ᠬᠤᠪᠢᠷᠠᠭᠤᠯᠬᠤ ᠦᠬᠡᠢ | ᠪᠠᠶᠢᠯᠭᠠᠬᠤ ᠶᠢ ᠪᠠᠷᠢᠮᠳᠠᠯᠠᠨ᠎ᠠ᠃ ᠭᠠᠵᠠᠷ ᠰᠢᠷᠤᠢ ᠶᠢᠨ ᠡᠷᠬᠡ ᠶᠢ ᠨᠤᠳᠠᠯᠠᠵᠤ ᠳᠠᠩᠰᠠᠯᠠᠨ ᠳᠡᠮᠳᠡᠭᠯᠡᠵᠦ᠂ ᠦᠨᠡᠮᠯᠡᠯ | ᠤᠯᠭᠤᠬᠤ ᠪᠠ ᠨᠤᠳᠤᠭ ᠪᠡᠯᠴᠢᠬᠡᠷ ᠤᠨ ᠡᠷᠬᠡ ᠶᠢ ᠨᠤᠳᠠᠯᠠᠬᠤ ᠳᠠᠭᠠᠭᠠᠴᠢᠯᠠᠭᠤᠯᠬᠤ ᠠᠵᠢᠯ ᠢ ᠰᠠᠶᠢᠲᠤᠷ ᠠᠳᠬᠤᠵᠤ᠂ | ᠭᠠᠵᠠᠷ ᠰᠢᠷᠤᠢ ᠶᠢᠨ ᠡᠷᠬᠡ ᠶᠢ ᠨᠤᠳᠠᠯᠠᠵᠤ ᠳᠠᠩᠰᠠᠯᠠᠨ ᠳᠡᠮᠳᠡᠭᠯᠡᠵᠦ ᠦᠨᠡᠮᠯᠡᠯ ᠤᠯᠭᠤᠬᠤ ᠡᠬᠦᠷᠬᠡ ᠶᠢ ᠳᠤᠭᠳᠠᠭᠰᠠᠨ | ᠴᠠᠭ ᠲᠤᠨᠢ ᠪᠡᠶᠡᠯᠡᠬᠦᠯᠬᠦ ᠶᠢ ᠪᠠᠳᠤᠯᠠᠨ᠎ᠠ᠃ ᠮᠠᠯᠵᠢᠬᠤ ᠳᠠᠷᠢᠶᠠᠯᠠᠬᠤ ᠤᠷᠤᠨ ᠤ ᠭᠠᠵᠠᠷ ᠰᠢᠷᠤᠢ ᠨᠤᠳᠤᠭ ᠪᠡᠯᠴᠢᠬᠡᠷ | ᠤᠨ ᠦᠮᠴᠢᠯᠡᠯ ᠤᠨ ᠡᠷᠬᠡ᠂ ᠳᠠᠭᠠᠭᠠᠴᠢᠯᠠᠯᠳᠠ ᠶᠢᠨ ᠡᠷᠬᠡ᠂ ᠡᠵᠡᠩᠨᠡᠯᠳᠡ ᠶᠢᠨ ᠡᠷᠬᠡ ︽ᠭᠤᠷᠪᠠᠨ ᠡᠷᠬᠡ ᠶᠢ | ᠬᠤᠪᠢᠶᠠᠷᠢᠯᠠᠬᠤ︾ ᠲᠦᠷᠢᠮ ᠢ ᠨᠠᠶᠢᠳᠠᠪᠤᠷᠢᠵᠢᠭᠤᠯᠵᠤ᠂ ᠬᠠᠮᠳᠤ ᠶᠢᠨ ᠭᠠᠵᠠᠷ ᠰᠢᠷᠤᠢ ᠨᠤᠳᠤᠭ ᠪᠡᠯᠴᠢᠬᠡᠷ ᠤᠨ | ᠦᠮᠴᠢᠯᠡᠯ ᠤᠨ ᠡᠷᠬᠡ ᠪᠠ ᠮᠠᠯᠴᠢᠨ ᠳᠠᠷᠢᠶᠠᠴᠢᠨ ᠡᠷᠦᠬᠡ ᠶᠢᠨ ᠳᠠᠭᠠᠭᠠᠴᠢᠯᠠᠯᠳᠠ ᠶᠢᠨ ᠡᠷᠬᠡ ᠶᠢ ᠬᠠᠤᠯᠢ ᠶᠤᠰᠤᠭᠠᠷ | ᠬᠠᠮᠠᠭᠠᠯᠠᠭᠰᠠᠨ ᠤᠷᠢᠳᠠᠯ ᠳᠤᠤᠷ᠎ᠠ᠂ ᠭᠠᠵᠠᠷ ᠰᠢᠷᠤᠢ ᠨᠤᠳᠤᠭ ᠪᠡᠯᠴᠢᠬᠡᠷ ᠤᠨ ᠡᠵᠡᠩᠨᠡᠯᠳᠡ ᠶᠢᠨ ᠡᠷᠬᠡ ᠶᠢ ᠡᠷᠬᠡ | ᠳᠡᠭᠰᠢ ᠬᠠᠮᠠᠭᠠᠯᠠᠨ᠎ᠠ᠃ ᠮᠠᠯᠵᠢᠬᠤ ᠳᠠᠷᠢᠶᠠᠯᠠᠬᠤ ᠤᠷᠤᠨ ᠤ ᠭᠠᠵᠠᠷ ᠰᠢᠷᠤᠢ ᠨᠤᠳᠤᠭ ᠪᠡᠯᠴᠢᠬᠡᠷ ᠤᠨ ᠡᠵᠡᠩᠨᠡᠯᠳᠡ ᠶᠢᠨ | ᠡᠷᠬᠡ ᠶᠢ ᠬᠠᠤᠯᠢ ᠶᠤᠰᠤᠭᠠᠷ ᠮᠦᠩᠬᠦᠨ ᠬᠦᠢᠯᠬᠡᠬᠡᠨ ᠤ ᠪᠠᠶᠢᠭᠤᠯᠤᠮᠵᠢ ᠳᠤ ᠪᠡᠯᠡ ᠮᠦᠩᠬᠦ ᠶᠢᠨ ᠬᠤᠷᠠᠮᠳᠤᠭᠤᠯᠭ᠎ᠠ ᠶᠢᠨ | ᠪᠠᠳᠤᠯᠠᠪᠤᠷᠢ ᠬᠢᠵᠦ᠂ ᠬᠤᠪᠢᠴᠠᠭ᠎ᠠ ᠤᠷᠤᠭᠤᠯᠵᠤ ᠮᠠᠯ ᠠᠵᠤ ᠠᠬᠤᠢ ᠳᠠᠷᠢᠶᠠᠯᠠᠩ ᠤᠨ ᠠᠵᠤ ᠦᠢᠯᠡᠰᠵᠢᠯᠳᠡ ᠶᠢᠨ | ᠡᠵᠡᠩᠨᠡᠯᠳᠡ ᠬᠢᠵᠦ᠂ ᠭᠠᠵᠠᠷ ᠰᠢᠷᠤᠢ ᠨᠤᠳᠤᠭ ᠪᠡᠯᠴᠢᠬᠡᠷ ᠤᠨ ᠡᠵᠡᠩᠨᠡᠯᠳᠡ ᠶᠢᠨ ᠡᠷᠬᠡ ᠶᠢ ᠴᠢᠯᠦᠬᠡᠳᠡᠢ ᠠᠮᠢᠳᠤᠯᠢᠭ | ᠪᠤᠯᠭᠠᠨ᠎ᠠ᠃ ᠭᠠᠵᠠᠷ ᠰᠢᠷᠤᠢ ᠨᠤᠳᠤᠭ ᠪᠡᠯᠴᠢᠬᠡᠷ ᠢ ᠰᠢᠯᠵᠢᠬᠦᠯᠬᠦ ᠬᠡᠯᠪᠡᠷᠢ ᠶᠢᠨ ᠰᠢᠨ᠎ᠡ ᠶᠢ ᠡᠭᠦᠳᠴᠦ᠂ | ᠳᠠᠭᠠᠭᠠᠴᠢᠯᠠᠭᠰᠠᠨ ᠮᠠᠯᠴᠢᠨ ᠳᠠᠷᠢᠶᠠᠴᠢᠨ ᠡᠷᠦᠬᠡ ᠶᠢᠨ ᠭᠠᠵᠠᠷ ᠰᠢᠷᠤᠢ ᠨᠤᠳᠤᠭ ᠪᠡᠯᠴᠢᠬᠡᠷ ᠢ ᠬᠠᠤᠯᠢ ᠶᠤᠰᠤᠭᠠᠷ | ᠰᠢᠯᠵᠢᠬᠦᠯᠬᠦ᠂ ᠲᠦᠷᠢᠶᠡᠰᠦᠯᠡᠬᠦᠯᠬᠦ ᠵᠢᠴᠢ ᠬᠤᠪᠢᠴᠠᠭ᠎ᠠ ᠤᠷᠤᠬᠤ ᠬᠡᠯᠪᠡᠷᠢ ᠪᠠᠷ ᠰᠢᠯᠵᠢᠬᠦᠯᠦᠨ ᠳᠠᠭᠠᠭᠠᠴᠢᠯᠠᠭᠤᠯᠬᠤ ᠶᠢ | ᠵᠤᠷᠢᠭᠵᠢᠭᠤᠯᠵᠤ᠂ ᠮᠠᠯᠴᠢᠨ ᠳᠠᠷᠢᠶᠠᠴᠢᠨ ᠰᠠᠶᠢᠨ ᠳᠤᠷ᠎ᠠ ᠶᠢᠨ ᠨᠦᠬᠦᠴᠡᠯ ᠳᠤᠤᠷ᠎ᠠ᠂ ᠬᠠᠷᠢᠯᠴᠠᠨ ᠰᠤᠯᠢᠬᠤ᠂ | ᠭᠠᠵᠠᠷ ᠢᠶᠠᠨ ᠨᠡᠶᠢᠯᠡᠭᠦᠯᠬᠦ ᠠᠷᠭ᠎ᠠ ᠪᠠᠷ ᠳᠠᠭᠠᠭᠠᠴᠢᠯᠠᠭᠰᠠᠨ ᠭᠠᠵᠠᠷ ᠤᠨ ᠳᠠᠷᠠᠬᠠᠢ ᠪᠤᠳᠠᠷᠬᠠᠢ ᠪᠠᠶᠢᠬᠤ ᠠᠰᠠᠭᠤᠳᠠᠯ ᠢ | ᠰᠢᠢᠳᠪᠦᠷᠢᠯᠡᠬᠦ ᠶᠢ ᠵᠤᠷᠢᠭᠵᠢᠭᠤᠯᠤᠨ᠎ᠠ᠃ ᠬᠡᠷ ᠪᠦᠯᠢ ᠶᠢᠨ ᠳᠠᠷᠢᠶᠠᠯᠠᠩ ᠮᠠᠯᠵᠢᠯ ᠤᠨ ᠳᠠᠯᠠᠪᠠᠢ᠂ ᠬᠤᠷᠰᠢᠶ᠎ᠠ᠂ | ᠳᠠᠭᠠᠭᠠᠭᠤᠯᠤᠭᠴᠢ ᠠᠵᠤ ᠠᠬᠤᠶᠢᠯᠠᠯ᠂ ᠨᠡᠶᠢᠭᠡᠮᠴᠢᠯᠡᠭᠰᠡᠨ ᠦᠢᠯᠡᠴᠢᠯᠡᠬᠡᠨ ᠤ ᠵᠤᠬᠢᠶᠠᠨ ᠪᠠᠶᠢᠭᠤᠯᠤᠯᠲᠠ ᠶᠢ ᠶᠡᠬᠡᠪᠡᠷ | ᠪᠤᠶᠢᠵᠢᠭᠤᠯᠤᠨ ᠬᠦᠭᠵᠢᠬᠦᠯᠵᠦ᠂ ᠬᠡᠷ ᠪᠦᠯᠢ ᠶᠢᠨ ᠳᠠᠷᠢᠶᠠᠯᠠᠩ ᠮᠠᠯᠵᠢᠯ ᠤᠨ ᠳᠠᠯᠠᠪᠠᠢ ᠶᠢ ᠦᠨᠡᠯᠡᠨ ᠳᠤᠭᠳᠠᠭᠠᠬᠤ | ᠠᠵᠢᠯ ᠢ ᠢᠳᠡᠪᠬᠢᠳᠡᠢ ᠦᠷᠨᠢᠬᠦᠯᠵᠦ᠂ ᠤᠯᠠᠨ ᠵᠦᠢᠯ ᠤᠨ ᠬᠡᠯᠪᠡᠷᠢ ᠪᠠᠷ ᠵᠤᠬᠢᠬᠤ ᠬᠡᠪᠴᠢᠶᠡᠵᠢᠬᠦᠯᠦᠨ ᠡᠵᠡᠩᠨᠡᠬᠦ ᠶᠢ | ᠬᠦᠭᠵᠢᠬᠦᠯᠦᠨ᠎ᠡ᠃ | ︵ᠬᠤᠶᠠᠷ︶ ᠮᠠᠯᠵᠢᠬᠤ ᠳᠠᠷᠢᠶᠠᠯᠠᠬᠤ ᠤᠷᠤᠨ ᠤ ᠭᠠᠵᠠᠷ ᠰᠢᠷᠤᠢ ᠶᠢᠨ ᠲᠦᠷᠢᠮ ᠤᠨ ᠦᠬᠡᠷᠡᠴᠢᠯᠡᠯᠳᠡ ᠶᠢ | ᠬᠦᠨᠵᠡᠬᠡᠢ ᠠᠬᠢᠭᠤᠯᠤᠨ᠎ᠠ᠃ ᠮᠠᠯᠵᠢᠬᠤ ᠳᠠᠷᠢᠶᠠᠯᠠᠬᠤ ᠤᠷᠤᠨ ᠤ ᠭᠠᠵᠠᠷ ᠰᠢᠷᠤᠢ ᠶᠢ ᠳᠠᠳᠠᠪᠤᠷᠢᠯᠠᠬᠤ᠂ ᠬᠠᠮᠳᠤ ᠶᠢᠨ | ᠡᠵᠡᠩᠨᠡᠯᠳᠡ ᠶᠢᠨ ᠴᠢᠨᠠᠷᠳᠠᠢ ᠪᠦᠳᠦᠬᠡᠨ ᠪᠠᠶᠢᠭᠤᠯᠤᠯᠲᠠ ᠶᠢᠨ ᠭᠠᠵᠠᠷ ᠰᠢᠷᠤᠢ ᠶᠢ ᠰᠲ᠋ᠤᠺ ᠤᠨ ᠵᠠᠬ᠎ᠠ ᠳᠡᠯᠭᠡᠭᠦᠷ ᠲᠤ | ᠭᠠᠷᠭᠠᠬᠤ᠂ ᠤᠷᠤᠨ ᠰᠠᠭᠤᠴᠠ ᠶᠢᠨ ᠭᠠᠵᠠᠷ ᠤᠨ ᠲᠦᠷᠢᠮ ᠤᠨ ᠦᠬᠡᠷᠡᠴᠢᠯᠡᠯᠳᠡ ᠶᠢᠨ ᠳᠤᠷᠰᠢᠯᠳᠠ ᠶᠢᠨ ᠴᠢᠭ᠋ ᠤᠨ | ᠠᠵᠢᠯ ᠢ ᠰᠠᠶᠢᠲᠤᠷ ᠠᠳᠬᠤᠵᠤ᠂ ᠬᠡᠷ ᠭᠠᠵᠠᠷ ᠤᠨ ᠨᠢᠬᠡ ᠴᠤᠭᠴᠠᠵᠢᠭᠰᠠᠨ ᠮᠠᠯᠵᠢᠬᠤ ᠳᠠᠷᠢᠶᠠᠯᠠᠬᠤ ᠤᠷᠤᠨ ᠤ | ᠬᠠᠮᠳᠤ ᠶᠢᠨ ᠪᠦᠳᠦᠬᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠤᠯᠤᠨ ᠤᠷᠤᠨ ᠰᠠᠭᠤᠴᠠ ᠶᠢᠨ ᠭᠠᠵᠠᠷ ᠤᠨ | ᠬᠡᠷᠡᠭᠯᠡᠭᠡᠨ ᠤ ᠡᠷᠬᠡ ᠶᠢ ᠳᠤᠳᠤᠯᠠᠵᠤ ᠳᠠᠩᠰᠠᠯᠠᠵᠤ ᠦᠨᠡᠮᠯᠡᠯ ᠤᠯᠭᠤᠬᠤ ᠠᠵᠢᠯ ᠢ ᠯᠠᠪᠳᠠᠭᠤᠨ ᠪᠠᠳᠤᠳᠠᠢ | ᠠᠬᠢᠭᠤᠯᠤᠨ᠎ᠠ᠃ ᠮᠠᠯᠴᠢᠨ ᠳᠠᠷᠢᠶᠠᠴᠢᠨ ᠤ ᠰᠤᠯᠠ ᠰᠡᠯᠡᠬᠦᠤ ᠤᠷᠤᠨ ᠰᠠᠭᠤᠴᠠ ᠶᠢᠨ ᠭᠠᠵᠠᠷ ᠪᠠ ᠰᠤᠯᠠ ᠰᠡᠯᠡᠬᠦᠦ | ᠬᠡᠷ ᠪᠠᠶᠢᠰᠢᠩ ᠤᠨ ᠲᠦᠷᠦ ᠶᠢᠨ ᠪᠤᠳᠤᠯᠭ᠎ᠠ ᠶᠢ ᠪᠦᠷᠢᠨᠰᠢᠬᠦᠯᠵᠦ᠂ ᠤᠷᠤᠨ ᠰᠠᠭᠤᠴᠠ ᠶᠢᠨ ᠭᠠᠵᠠᠷ ᠤᠨ ᠬᠠᠮᠳᠤ ᠶᠢᠨ | ᠦᠮᠴᠢᠯᠡᠯ ᠤᠨ ᠡᠷᠬᠡ ᠶᠢ ᠨᠠᠶᠢᠳᠠᠪᠤᠷᠢᠵᠢᠭᠤᠯᠵᠤ᠂ ᠮᠠᠯᠴᠢᠨ ᠳᠠᠷᠢᠶᠠᠴᠢᠨ ᠤ ᠬᠡᠷ ᠪᠠᠶᠢᠰᠢᠩ ᠡᠳ᠋ ᠬᠦᠷᠦᠩᠬᠡ ᠶᠢᠨ | ᠡᠷᠬᠡ ᠶᠢ ᠪᠠᠳᠤᠯᠠᠵᠤ᠂ ᠤᠷᠤᠨ ᠰᠠᠭᠤᠴᠠ ᠶᠢᠨ ᠭᠠᠵᠠᠷ ᠪᠤᠯᠤᠨ ᠮᠠᠯᠴᠢᠨ ᠳᠠᠷᠢᠶᠠᠴᠢᠨ ᠤ ᠬᠡᠷ ᠪᠠᠶᠢᠰᠢᠩ ᠤᠨ | ᠬᠡᠷᠡᠭᠯᠡᠬᠦ ᠡᠷᠬᠡ ᠶᠢ ᠵᠤᠬᠢᠬᠤ ᠬᠡᠮᠵᠢᠶ᠎ᠠ ᠪᠠᠷ ᠠᠮᠢᠳᠤᠯᠢᠭᠵᠢᠭᠤᠯᠤᠨ᠎ᠠ᠃ ᠭᠠᠵᠠᠷ ᠰᠢᠷᠤᠢ ᠶᠢ ᠬᠡᠷᠡᠭᠯᠡᠵᠦ ᠠᠰᠢᠬᠯᠠᠬᠤ | ᠬᠠᠮᠢᠶᠠᠷᠤᠯᠳᠠ ᠶᠢᠨ ᠲᠦᠷᠢᠮ ᠢ ᠴᠢᠩᠭ᠎ᠠ ᠨᠢᠮᠪᠠᠢ ᠬᠡᠷᠡᠭᠵᠢᠬᠦᠯᠵᠦ᠂ ᠬᠦᠳᠡᠭᠡ ᠳᠤᠰᠬᠤᠨ ᠳᠤ ᠤᠴᠢᠵᠤ ᠮᠠᠯᠵᠢᠬᠤ | ᠳᠠᠷᠢᠶᠠᠯᠠᠬᠤ ᠤᠷᠤᠨ ᠤ ᠤᠷᠤᠨ ᠰᠠᠭᠤᠴᠠ ᠶᠢᠨ ᠭᠠᠵᠠᠷ ᠢ ᠠᠰᠢᠬᠯᠠᠨ ᠬᠡᠬᠡᠮᠰᠦᠭ ᠬᠡᠷ ᠬᠤᠷᠢᠶᠠᠯᠠᠯ ᠪᠤᠯᠤᠨ | ᠬᠤᠪᠢ ᠶᠢᠨ ᠤᠷᠳᠤᠨ ᠳᠠᠭᠳᠤ ᠪᠠᠶᠢᠭᠤᠯᠬᠤ ᠶᠢ ᠴᠢᠩᠭ᠎ᠠ ᠴᠠᠭᠠᠵᠠᠯᠠᠨ᠎ᠠ᠂ ᠲᠦᠷᠢᠮ ᠲᠤᠬᠳᠠᠭᠠᠯ ᠬᠠᠤᠯᠢ | ᠴᠠᠭᠠᠵᠠ ᠠᠴᠠ ᠵᠦᠷᠢᠴᠡᠵᠤ ᠤᠷᠤᠨ ᠰᠠᠭᠤᠴᠠ ᠶᠢᠨ ᠭᠠᠵᠠᠷ ᠬᠤᠳᠠᠯᠳᠤᠭᠠᠯᠠᠵᠤ ᠪᠤᠯᠬᠤ ᠦᠬᠡᠢ᠃ ᠭᠠᠵᠠᠷ ᠰᠢᠷᠤᠢ ᠶᠢ | ᠠᠰᠢᠬᠯᠠᠵᠤ ᠬᠡᠷᠡᠭᠯᠡᠬᠦ ᠶᠡᠷᠦᠩᠬᠡᠢ ᠲᠦᠯᠦᠪᠵᠢᠬᠦᠯᠬᠡ ᠳᠤ ᠨᠡᠶᠢᠴᠡᠭᠰᠡᠨ ᠪᠠᠶᠢᠳᠠᠯ ᠳᠤᠤᠷ᠎ᠠ᠂ ᠬᠤᠰᠢᠭᠤ ᠰᠢᠶᠠᠨ ᠤ | ᠱᠠᠳᠤᠨ ᠤ ᠵᠠᠰᠠᠭ ᠤᠨ ᠤᠷᠳᠤᠨ ᠠᠶᠢᠯ ᠳᠤᠰᠬᠤᠨ ᠤ ᠬᠡᠷᠡᠭᠯᠡᠬᠦ ᠭᠠᠵᠠᠷ ᠤᠨ ᠪᠠᠶᠢᠷᠢᠯᠠᠭᠤᠯᠤᠯᠲᠠ ᠶᠢ ᠳᠤᠬᠢᠷᠠᠭᠤᠯᠤᠨ | ᠰᠢᠯᠢᠳᠡᠭᠵᠢᠬᠦᠯᠬᠦ ᠪᠠᠷ ᠳᠡᠮᠵᠢᠵᠦ᠂ ᠮᠠᠯᠵᠢᠬᠤ ᠳᠠᠷᠢᠶᠠᠯᠠᠬᠤ ᠤᠷᠤᠨ ᠤ ᠰᠠᠭᠤᠷᠢ ᠪᠡᠯᠡᠳᠬᠡᠮᠵᠢ ᠪᠠ ᠤᠯᠠᠨ | ᠨᠡᠶᠢᠲᠡ ᠶᠢᠨ ᠦᠢᠯᠡᠴᠢᠯᠡᠬᠡᠨ ᠳᠤ ᠬᠡᠷᠡᠭᠯᠡᠬᠦ ᠭᠠᠵᠠᠷ ᠢ ᠤᠷᠢᠳᠠᠪᠡᠷ ᠳᠤᠬᠢᠷᠠᠭᠤᠯᠵᠤ᠂ ᠬᠡᠰᠡᠭ ᠲᠦᠯᠦᠪᠵᠢᠬᠦᠯᠬᠡ ᠶᠢᠨ | ᠪᠦᠳᠦᠬᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠵᠢᠭᠠᠯᠳᠠ ᠳᠤᠭ᠎ᠠ ᠪᠠᠷ ᠤᠷᠢᠳᠴᠢᠯᠡᠨ ᠦᠯᠡᠳᠡᠬᠡᠬᠦ ᠶᠢ | ᠵᠦᠪᠰᠢᠶᠡᠷᠡᠵᠦ᠂ ᠳᠤᠰᠠᠭᠠᠷ ᠭᠠᠵᠠᠷ ᠰᠤᠩᠭᠤᠭᠰᠠᠨ ᠮᠠᠯ ᠠᠵᠤ ᠠᠬᠤᠢ ᠳᠠᠷᠢᠶᠠᠯᠠᠩ ᠤᠨ ᠪᠡᠯᠡᠳᠬᠡᠮᠵᠢ ᠪᠠ ᠬᠦᠳᠡᠭᠡ | ᠳᠤᠰᠬᠤᠨ ᠤ ᠵᠢᠭᠤᠯᠴᠢᠯᠠᠯ ᠤᠨ ᠪᠡᠯᠡᠳᠬᠡᠮᠵᠢ ᠵᠡᠷᠬᠡ ᠶᠢᠨ ᠪᠦᠳᠦᠬᠡᠨ ᠪᠠᠶᠢᠭᠤᠯᠤᠯᠲᠠ ᠳᠤ ᠬᠡᠷᠡᠭᠯᠡᠨ᠎ᠡ᠃ | ᠳᠤᠭᠳᠠᠭᠰᠠᠨ ᠬᠠᠷᠢᠴᠠᠯ ᠢᠶᠠᠷ ᠭᠠᠵᠠᠷ ᠰᠢᠷᠤᠢ ᠶᠢ ᠬᠡᠷᠡᠭᠯᠡᠬᠦ ᠤᠨ ᠤ ᠲᠦᠯᠦᠪᠯᠡᠭᠡ ᠶᠢ ᠳᠤᠬᠢᠷᠠᠭᠤᠯᠵᠤ᠂ ᠮᠠᠯᠵᠢᠬᠤ | ᠳᠠᠷᠢᠶᠠᠯᠠᠬᠤ ᠤᠷᠤᠨ ᠤ ᠰᠢᠨ᠎ᠠ ᠠᠵᠤ ᠦᠢᠯᠡᠰ᠂ ᠰᠢᠨ᠎ᠡ ᠡᠵᠡᠩᠨᠡᠯᠳᠡ ᠶᠢᠨ ᠪᠠᠶᠢᠳᠠᠯ ᠪᠠ ᠠᠵᠤ ᠦᠢᠯᠡᠰ ᠢ | ᠠᠭᠤᠰᠤᠯᠴᠠᠭᠤᠯᠤᠨ ᠬᠦᠭᠵᠢᠬᠦᠯᠬᠦ ᠶᠢ ᠳᠤᠰᠬᠠᠢ ᠲᠦᠷᠦᠯ ᠢᠶᠠᠷ ᠳᠡᠮᠵᠢᠨ᠎ᠡ᠃ ᠬᠤᠷᠢᠶᠠᠨ ᠬᠠᠳᠠᠭᠠᠯᠠᠬᠤ ᠳᠤ | ᠠᠰᠢᠬᠯᠠᠬᠤ ᠪᠦᠳᠦᠬᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠳᠠᠷᠢᠶᠠᠯᠠᠩ ᠮᠠᠯ ᠠᠵᠤ ᠠᠬᠤᠢ ᠶᠢᠨ ᠠᠰᠢᠭ | ᠰᠢᠮ᠎ᠡ ᠶᠢ ᠡᠳ᠋ᠰᠢᠬᠦᠯᠦᠨ ᠪᠤᠯᠪᠠᠰᠤᠷᠠᠭᠤᠯᠬᠤ᠂ ᠳᠠᠷᠢᠶᠠᠯᠠᠩ ᠤᠨ ᠪᠦᠳᠦᠬᠡᠭᠳᠡᠬᠦᠨ ᠢ ᠬᠦᠢᠳᠡᠨ ᠢᠶᠠᠷ ᠬᠦᠮᠦᠷᠬᠡᠯᠡᠵᠦ | ᠬᠠᠳᠠᠭᠠᠯᠠᠬᠤ᠂ ᠭᠠᠷᠤᠯᠳᠠ ᠶᠢᠨ ᠭᠠᠵᠠᠷ ᠤᠨ ᠪᠦᠬᠡᠮ ᠢᠶᠠᠷ ᠪᠤᠷᠤᠯᠠᠭᠤᠯᠬᠤ ᠵᠠᠬ᠎ᠠ ᠳᠡᠯᠬᠡᠬᠦᠷ ᠵᠡᠷᠬᠡ ᠲᠦᠷᠦᠯ ᠵᠦᠢᠯ | ᠤᠨ ᠪᠦᠳᠦᠬᠡᠨ ᠪᠠᠶᠢᠭᠤᠯᠤᠯᠲᠠ ᠪᠤᠶᠤ ᠮᠠᠯᠵᠢᠬᠤ ᠳᠠᠷᠢᠶᠠᠯᠠᠬᠤ ᠤᠷᠤᠨ ᠤ ᠬᠤᠶᠠᠳᠤᠭᠠᠷ ᠭᠤᠷᠪᠠᠳᠤᠭᠠᠷ ᠠᠵᠤ | ᠦᠢᠯᠡᠰ ᠢ ᠬᠦᠭᠵᠢᠬᠦᠯᠬᠦ ᠬᠤᠰᠢᠭᠤ ᠰᠢᠶᠠᠨ ᠤ ᠪᠦᠳᠦᠬᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠵᠢᠭᠠᠯᠳᠠ | ᠳᠤᠭ᠎ᠠ ᠶᠢ ᠰᠢᠨ᠎ᠡ ᠪᠠᠷ ᠨᠡᠮᠡᠭᠳᠡᠬᠦᠯᠵᠤ ᠱᠠᠩᠨᠠᠨ᠎ᠠ᠃ | ︵ᠭᠤᠷᠪᠠ︶ ᠮᠠᠯᠵᠢᠬᠤ ᠳᠠᠷᠢᠶᠠᠯᠠᠬᠤ ᠤᠷᠤᠨ ᠤ ᠬᠠᠮᠳᠤ ᠶᠢᠨ ᠦᠮᠴᠢᠯᠡᠯ ᠤᠨ ᠡᠷᠬᠡ ᠶᠢᠨ ᠲᠦᠷᠢᠮ ᠵᠡᠷᠬᠡ | ᠡᠯ᠎ᠠ ᠵᠦᠢᠯ ᠤᠨ ᠦᠬᠡᠷᠡᠴᠢᠯᠡᠯᠳᠡ ᠶᠢ ᠨᠢᠬᠡᠳᠦᠯᠳᠡᠢ ᠲᠦᠯᠦᠪᠯᠡᠨ ᠠᠬᠢᠭᠤᠯᠤᠨ᠎ᠠ᠃ ᠮᠠᠯᠵᠢᠬᠤ ᠳᠠᠷᠢᠶᠠᠯᠠᠬᠤ ᠤᠷᠤᠨ ᠤ | ᠬᠠᠮᠳᠤ ᠶᠢᠨ ᠦᠮᠴᠢᠯᠡᠯ ᠤᠨ ᠡᠷᠬᠡ ᠶᠢᠨ ᠲᠦᠷᠢᠮ ᠤᠨ ᠦᠬᠡᠷᠡᠴᠢᠯᠡᠯᠳᠡ ᠶᠢ ᠳᠤᠭᠳᠠᠭᠤᠨ ᠢᠶᠠᠷ ᠠᠬᠢᠭᠤᠯᠬᠤ | ᠱᠠᠭᠠᠷᠳᠠᠯᠭ᠎ᠠ ᠶᠤᠰᠤᠭᠠᠷ᠂ ᠮᠠᠯᠵᠢᠬᠤ ᠳᠠᠷᠢᠶᠠᠯᠠᠬᠤ ᠤᠷᠤᠨ ᠤ ᠦᠮᠴᠢᠯᠡᠯ ᠤᠨ ᠡᠷᠬᠡ ᠶᠢᠨ ᠲᠦᠷᠢᠮ ᠤᠨ | ᠦᠬᠡᠷᠡᠴᠢᠯᠡᠯᠳᠡ ᠶᠢᠨ ᠳᠤᠷᠰᠢᠯᠳᠠ ᠶᠢᠨ ᠴᠢᠭ᠋ ᠢ ᠤᠷᠢᠳᠠᠪᠡᠷ ᠦᠷᠨᠢᠬᠦᠯᠵᠦ᠂ ᠮᠠᠯᠵᠢᠬᠤ ᠳᠠᠷᠢᠶᠠᠯᠠᠬᠤ ᠤᠷᠤᠨ ᠤ | ᠬᠠᠮᠳᠤ ᠶᠢᠨ ᠡᠳ᠋ ᠬᠦᠷᠦᠩᠬᠡ ᠶᠢ ᠪᠦᠷᠢᠳᠬᠡᠵᠦ ᠪᠠᠶᠢᠴᠠᠭᠠᠨ ᠬᠠᠷᠭᠤᠭᠤᠯᠬᠤ᠂ ᠬᠠᠮᠳᠤ ᠶᠢᠨ ᠪᠦᠷᠢᠯᠳᠦᠬᠦᠨ ᠤ | ᠪᠡᠶ᠎ᠠ ᠶᠢᠨ ᠭᠠᠷᠤᠯ ᠢ ᠲᠤᠳᠤᠷᠬᠠᠶᠢᠯᠠᠬᠤ᠂ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠶᠢ ᠵᠤᠬᠢᠶᠠᠨ | ᠪᠠᠶᠢᠭᠤᠯᠬᠤ ᠠᠵᠢᠯ ᠢ ᠪᠦᠬᠦ ᠳᠠᠯ᠎ᠠ ᠪᠠᠷ ᠰᠠᠶᠢᠲᠤᠷ ᠬᠢᠨ᠎ᠡ᠃ ᠭᠠᠴᠠᠭ᠎ᠠ ᠳᠤᠰᠬᠤᠨ ᠤ ᠬᠠᠮᠳᠤ ᠶᠢᠨ ᠠᠵᠤ ᠠᠬᠤᠢ ᠶᠢ | ᠬᠦᠭᠵᠢᠬᠦᠯᠦᠨ ᠪᠤᠵᠠᠭᠠᠶᠢᠷᠠᠭᠤᠯᠵᠤ᠂ ᠡᠬᠢ ᠪᠠᠶᠠᠯᠢᠭ ᠢ ᠪᠦᠳᠦᠮᠵᠢᠳᠡᠢ ᠠᠰᠢᠬᠯᠠᠬᠤ᠂ ᠮᠠᠯ ᠠᠵᠤ ᠠᠬᠤᠢ ᠳᠠᠷᠢᠶᠠᠯᠠᠩ | ᠤᠨ ᠦᠢᠯᠡᠳᠪᠦᠷᠢᠯᠡᠯ ᠳᠤ ᠦᠢᠯᠡᠴᠢᠯᠡᠭᠡ ᠬᠠᠩᠭᠠᠬᠤ᠂ ᠠᠳᠠᠯ ᠠᠬᠤᠢ ᠶᠢᠨ ᠬᠠᠮᠢᠶᠠᠷᠤᠯᠳᠠ᠂ ᠬᠤᠯᠢᠮᠠᠭ | ᠡᠵᠡᠩᠨᠡᠯᠳᠡ ᠶᠢ ᠬᠦᠭᠵᠢᠬᠦᠯᠬᠦ ᠵᠡᠷᠬᠡ ᠮᠠᠯᠵᠢᠬᠤ ᠳᠠᠷᠢᠶᠠᠯᠠᠬᠤ ᠤᠷᠤᠨ ᠤ ᠬᠠᠮᠳᠤ ᠶᠢᠨ ᠠᠵᠤ ᠠᠬᠤᠢ ᠶᠢ ᠪᠡᠶᠡᠯᠡᠬᠦᠯᠬᠦ | ᠰᠢᠨ᠎ᠠ ᠬᠡᠯᠪᠡᠷᠢ ᠶᠢ ᠬᠠᠶᠢᠨ ᠰᠦᠪᠡᠭᠴᠢᠯᠡᠵᠦ᠂ ᠬᠠᠮᠳᠤ ᠶᠢᠨ ᠠᠵᠤ ᠠᠬᠤᠢ ᠶᠢᠨ ᠠᠮᠢᠵᠢᠷᠠᠯ ᠤᠨ ᠬᠦᠴᠦᠨ ᠢ | ᠴᠢᠩᠭᠠᠷᠠᠭᠤᠯᠵᠤ᠂ ᠬᠠᠮᠳᠤ ᠶᠢᠨ ᠠᠵᠤ ᠠᠬᠤᠢ ᠪᠠᠶᠢᠬᠤ ᠦᠬᠡᠢ ᠬᠤᠭᠤᠰᠤᠨ ᠳᠤᠰᠬᠤᠨ ᠤ ︽ᠬᠠᠮᠳᠤ ᠶᠢᠨ ᠠᠵᠤ | ᠠᠬᠤᠢ ᠶᠢ ᠠᠭᠠᠵᠢᠮ ᠢᠶᠠᠷ ᠨᠡᠮᠡᠭᠳᠡᠬᠦᠯᠬᠦ︾ ᠠᠵᠢᠯ ᠤᠨ ᠬᠠᠷᠠᠯᠳᠠ ᠶᠢ ᠪᠦᠬᠦ ᠳᠠᠯ᠎ᠠ ᠪᠠᠷ ᠪᠡᠶᠡᠯᠡᠬᠦᠯᠦᠨ᠎ᠡ᠃ ᠮᠠᠯᠵᠢᠬᠤ | ᠳᠠᠷᠢᠶᠠᠯᠠᠬᠤ ᠤᠷᠤᠨ ᠤ ᠬᠠᠮᠳᠤ ᠶᠢᠨ ᠦᠮᠴᠢᠯᠡᠯ ᠤᠨ ᠲᠦᠷᠢᠮ ᠤᠨ ᠦᠬᠡᠷᠡᠴᠢᠯᠡᠯᠳᠡ ᠶᠢᠨ ᠵᠦᠪ ᠤᠨᠤᠪᠴᠢᠳᠠᠢ | ᠴᠢᠭᠯᠡᠯ ᠢ ᠪᠠᠷᠢᠮᠳᠠᠯᠠᠵᠤ᠂ ᠭᠠᠴᠠᠭ᠎ᠠ ᠳᠤᠰᠬᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠬᠠᠮᠳᠤ ᠶᠢᠨ ᠠᠵᠤ | ᠠᠬᠤᠢ ᠶᠢᠨ ᠵᠤᠬᠢᠶᠠᠨ ᠪᠠᠶᠢᠭᠤᠯᠤᠯᠲᠠ ᠶᠢᠨ ᠲᠤᠬᠠᠢ ᠤᠳᠤᠷᠢᠳᠤᠯᠭ᠎ᠠ ᠶᠢᠨ ᠭᠤᠤᠯᠯᠠᠬᠤ ᠦᠢᠯᠡᠳᠦᠯ ᠢ ᠪᠠᠳᠠᠷᠠᠭᠤᠯᠵᠤ᠂ | ᠬᠠᠮᠳᠤ ᠶᠢᠨ ᠡᠳ᠋ ᠬᠦᠷᠦᠩᠬᠡ ᠶᠢ ᠳᠤᠳᠤᠭᠠᠳᠤ ᠳᠠᠭᠠᠨ ᠴᠦᠬᠡᠨ ᠳᠤᠭᠠᠨ ᠤ ᠬᠦᠮᠦᠨ ᠡᠵᠡᠮᠰᠢᠬᠦ ᠪᠠ ᠭᠠᠳᠠᠨ᠎ᠠ ᠪᠠᠨ | ᠬᠦᠷᠦᠩᠬᠡ ᠡᠵᠡᠯᠡᠬᠦ ᠶᠢ ᠰᠡᠷᠭᠡᠶᠢᠯᠡᠨ᠎ᠡ᠃ ᠬᠤᠳᠠ ᠤᠷᠤᠵᠤ ᠰᠠᠭᠤᠷᠢᠰᠢᠭᠰᠠᠨ ᠮᠠᠯᠴᠢᠨ ᠳᠠᠷᠢᠶᠠᠴᠢᠳ ᠤᠨ ᠭᠠᠵᠠᠷ | ᠰᠢᠷᠤᠢ ᠶᠢ ᠳᠠᠭᠠᠭᠠᠴᠢᠯᠠᠬᠤ ᠡᠷᠬᠡ᠂ ᠰᠠᠭᠤᠷᠢᠰᠢᠯ ᠤᠷᠤᠨ ᠰᠠᠭᠤᠴᠠ ᠪᠠᠨ ᠬᠡᠷᠡᠭᠯᠡᠬᠦ ᠡᠷᠬᠡ ᠪᠠ ᠬᠠᠮᠳᠤ ᠶᠢᠨ ᠠᠰᠢᠭ | ᠢ ᠬᠦᠷᠳᠡᠬᠦ ᠡᠷᠬᠡ ᠶᠢ ᠬᠠᠮᠠᠭᠠᠯᠠᠵᠤ᠂ ᠬᠤᠳᠠ ᠤᠷᠤᠵᠤ ᠰᠠᠭᠤᠷᠢᠰᠢᠭᠰᠠᠨ ᠳᠠᠷᠢᠶᠠᠴᠢᠳ ᠤᠨ ᠬᠠᠤᠯᠢ ᠶᠤᠰᠤᠭᠠᠷ | ᠰᠠᠶᠢᠨ ᠳᠤᠷ᠎ᠠ ᠠᠴᠠ ᠪᠠᠨ ᠳᠡᠬᠡᠷ᠎ᠠ ᠲᠤᠷᠠᠳᠤᠬᠰᠠᠨ ᠡᠷᠬᠡ ᠠᠰᠢᠭ ᠢᠶᠠᠨ ᠰᠢᠯᠵᠢᠬᠦᠯᠬᠦ ᠶᠢ ᠬᠦᠳᠦᠯᠦᠨ ᠵᠢᠯᠤᠭᠤᠳᠤᠨ᠎ᠠ᠃ | ᠬᠠᠩᠭᠠᠨ ᠪᠤᠷᠤᠯᠠᠭᠤᠯᠬᠤ ᠬᠤᠷᠰᠢᠶ᠎ᠠ ᠶᠢᠨ ᠶᠡᠷᠦᠩᠬᠡᠶᠢᠯᠡᠭᠰᠡᠨ ᠦᠬᠡᠷᠡᠴᠢᠯᠡᠯᠳᠡ ᠶᠢ ᠭᠦᠨᠵᠡᠭᠡᠶᠢᠷᠡᠭᠦᠯᠵᠦ᠂ | ᠦᠨᠳᠦᠰᠦᠨ ᠱᠠᠳᠤᠨ ᠤ ᠬᠤᠷᠰᠢᠶ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠮᠠᠯᠴᠢᠨ ᠳᠠᠷᠢᠶᠠᠴᠢᠨ ᠳᠤ | ᠦᠢᠯᠡᠴᠢᠯᠡᠬᠦ ᠴᠢᠳᠠᠪᠤᠷᠢ ᠶᠢ ᠴᠢᠩᠭᠠᠳᠬᠠᠨ᠎ᠠ᠃ ᠬᠠᠮᠳᠤ ᠶᠢᠨ ᠤᠢ ᠰᠢᠭᠤᠢ ᠶᠢᠨ ᠡᠷᠬᠡ᠂ ᠤᠯᠤᠰ ᠤᠨ ᠦᠮᠴᠢᠯᠡᠯ | ᠤᠨ ᠰᠢᠭᠤᠶᠢᠲᠤ ᠤᠷᠤᠨ ᠤ ᠤᠢ ᠰᠢᠭᠤᠢ ᠶᠢᠨ ᠳᠠᠯᠠᠪᠠᠢ ᠶᠢᠨ ᠦᠬᠡᠷᠡᠴᠢᠯᠡᠯᠳᠡ ᠶᠢ ᠠᠬᠢᠭᠤᠯᠤᠨ᠎ᠠ᠃ ᠠᠳᠠᠷ | ᠬᠠᠭᠠᠯᠪᠤᠷᠢᠯᠠᠬᠤ ᠦᠬᠡᠷᠡᠴᠢᠯᠡᠯᠳᠡ ᠶᠢᠨ ᠡᠷᠴᠢᠮ ᠢ ᠴᠢᠩᠭᠠᠷᠠᠭᠤᠯᠵᠤ᠂ ᠠᠳᠠᠷ ᠬᠠᠭᠠᠯᠪᠤᠷᠢᠯᠠᠯᠳᠠ ᠶᠢᠨ ᠤᠷᠤᠨ ᠤ | ᠪᠦᠯᠦᠭᠴᠢᠯᠡᠯᠳᠡ᠂ ᠳᠠᠷᠢᠶᠠᠯᠠᠩ ᠤᠨ ᠳᠠᠯᠠᠪᠠᠢ ᠶᠢᠨ ᠠᠵᠤ ᠠᠬᠤᠶᠢᠯᠠᠯᠵᠢᠯᠲᠠ ᠶᠢ ᠠᠬᠢᠭᠤᠯᠤᠨ᠎ᠠ᠃ | ︵ᠲᠦᠷᠪᠡ︶ ᠮᠠᠯ ᠠᠵᠤ ᠠᠬᠤᠢ ᠳᠠᠷᠢᠶᠠᠯᠠᠩ ᠢ ᠳᠡᠮᠵᠢᠵᠤ ᠬᠠᠮᠠᠭᠠᠯᠠᠬᠤ ᠲᠦᠷᠢᠮ ᠢ ᠪᠦᠬᠦ ᠳᠠᠯ᠎ᠠ ᠪᠠᠷ | ᠨᠠᠶᠢᠳᠠᠪᠤᠷᠢᠵᠢᠭᠤᠯᠤᠨ᠎ᠠ᠃ ᠡᠳ᠋ ᠤᠨ ᠵᠠᠰᠠᠭ ᠤᠨ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ | ᠳᠡᠬᠦᠯᠳᠡᠷᠵᠢᠬᠦᠯᠵᠦ᠂ ᠬᠠᠳᠠᠭᠠᠯᠠᠯᠳᠠ ᠶᠢᠨ ᠬᠡᠮᠵᠢᠶ᠎ᠠ ᠶᠢ ᠰᠢᠯᠢᠳᠡᠭᠵᠢᠬᠦᠯᠵᠦ᠂ ᠨᠡᠮᠡᠭᠳᠡᠯ ᠤᠨ ᠬᠡᠮᠵᠢᠶ᠎ᠠ ᠶᠢ | ᠦᠷᠬᠡᠳᠬᠡᠵᠦ᠂ ᠪᠤᠬᠢᠷᠳᠤᠯ ᠦᠬᠡᠢ ᠮᠠᠯ ᠠᠵᠤ ᠠᠬᠤᠢ ᠳᠠᠷᠢᠶᠠᠯᠠᠩ ᠢ ᠬᠦᠭᠵᠢᠬᠦᠯᠬᠦ ᠶᠢ ᠳᠡᠮᠵᠢᠵᠦ᠂ ᠮᠠᠯ ᠠᠵᠤ | ᠠᠬᠤᠢ ᠳᠠᠷᠢᠶᠠᠯᠠᠩ ᠤᠨ ᠶᠠᠰᠤ ᠴᠢᠨᠠᠷ ᠦᠷ᠎ᠠ ᠠᠰᠢᠭ ᠪᠠ ᠦᠷᠢᠰᠦᠯᠳᠦᠬᠦ ᠬᠦᠴᠦᠨ ᠢ ᠨᠡᠮᠡᠭᠳᠡᠬᠦᠯᠦᠨ᠎ᠡ᠃ ᠤᠯᠤᠰ | ᠤᠨ ᠮᠠᠯ ᠤᠨ ᠠᠰᠢᠭ ᠰᠢᠮ᠎ᠡ ᠳᠠᠷᠢᠶᠠᠯᠠᠩ ᠤᠨ ᠪᠦᠳᠦᠬᠡᠭᠳᠡᠬᠦᠨ ᠢ ᠬᠤᠷᠢᠶᠠᠨ ᠬᠠᠳᠠᠭᠠᠯᠠᠬᠤ ᠲᠦᠷᠢᠮ ᠪᠠ ᠦᠨ᠎ᠠ | ᠬᠠᠩᠰᠢ ᠶᠢᠨ ᠪᠦᠷᠢᠯᠳᠦᠯ ᠤᠨ ᠳᠤᠭᠳᠠᠴᠠ ᠶᠢᠨ ᠦᠬᠡᠷᠡᠴᠢᠯᠡᠯᠳᠡ ᠶᠢ ᠨᠠᠶᠢᠳᠠᠪᠤᠷᠢᠵᠢᠭᠤᠯᠵᠤ᠂ ᠤᠯᠠᠨ ᠡᠰᠢᠳᠤ ᠵᠠᠬ᠎ᠠ | ᠳᠡᠯᠬᠡᠬᠦᠷ ᠤᠨ ᠬᠤᠳᠠᠯᠳᠤᠨ ᠠᠪᠴᠤ ᠪᠤᠷᠤᠯᠠᠭᠤᠯᠬᠤ ᠭᠤᠤᠯ ᠴᠤᠭᠴᠠ ᠶᠢᠨ ᠵᠠᠬ᠎ᠠ ᠳᠡᠯᠭᠡᠭᠦᠷ ᠲᠤ ᠤᠷᠤᠵᠤ | ᠬᠤᠳᠠᠯᠳᠤᠨ ᠠᠪᠬᠤ ᠶᠢ ᠵᠤᠷᠢᠭᠵᠢᠭᠤᠯᠵᠤ᠂ ᠠᠮᠤ ᠪᠤᠳᠠᠭ᠎ᠠ ᠶᠢᠨ ᠭᠠᠷᠤᠯᠳᠠ ᠪᠤᠷᠤᠯᠠᠭᠤᠯᠭ᠎ᠠ ᠶᠢ ᠵᠤᠬᠢᠴᠠᠭᠤᠯᠬᠤ | ᠳᠤᠭᠳᠠᠴᠠ ᠶᠢ ᠪᠠᠶᠢᠭᠤᠯᠤᠨ ᠪᠦᠷᠢᠨᠰᠢᠬᠦᠯᠵᠦ᠂ ᠠᠮᠤ ᠪᠤᠳᠠᠭ᠎ᠠ ᠶᠢᠨ ᠡᠷᠬᠢᠯᠳᠡ ᠶᠢ ᠬᠦᠭᠵᠢᠬᠡᠨ᠎ᠡ᠃ ᠮᠠᠯᠴᠢᠨ | ᠳᠠᠷᠢᠶᠠᠴᠢᠨ ᠳᠤ ᠰᠢᠭᠤᠳ ᠨᠦᠬᠦᠪᠦᠷᠢ ᠤᠯᠭᠤᠬᠤ ᠲᠦᠷᠢᠮ ᠢ ᠨᠠᠶᠢᠳᠠᠪᠤᠷᠢᠵᠢᠭᠤᠯᠤᠨ ᠳᠡᠬᠦᠯᠳᠡᠷᠵᠢᠬᠦᠯᠵᠦ᠂ | ᠳᠠᠷᠢᠶᠠᠴᠢᠳ ᠤᠨ ᠠᠮᠤ ᠪᠤᠳᠠᠭ᠎ᠠ ᠳᠠᠷᠢᠬᠤ ᠢᠳᠡᠪᠬᠢᠵᠢᠯ ᠢ ᠬᠦᠢᠴᠡᠳ ᠳᠠᠶᠢᠴᠢᠯᠠᠨ᠎ᠠ᠃ ᠠᠮᠤ ᠪᠤᠳᠠᠭ᠎ᠠ ᠶᠢᠨ ᠭᠤᠤᠯ | ᠭᠠᠷᠤᠯᠳᠠ ᠶᠢᠨ ᠤᠷᠤᠨ ᠤ ᠠᠰᠢᠭ ᠳᠤᠰᠠ ᠶᠢ ᠨᠦᠬᠦᠪᠦᠷᠢᠯᠡᠬᠦ ᠳᠤᠭᠳᠠᠴᠠ ᠶᠢ ᠨᠠᠶᠢᠳᠠᠪᠤᠷᠢᠵᠢᠭᠤᠯᠵᠤ᠂ ᠠᠮᠤ | ᠪᠤᠳᠠᠭ᠎ᠠ ᠶᠢᠨ ᠭᠠᠷᠤᠯᠳᠠ ᠳᠤᠭᠳᠠᠭᠤᠨ ᠶᠡᠭᠡ ᠰᠢᠶᠠᠨ ᠢ ᠬᠦᠬᠢᠬᠦᠯᠦᠨ ᠱᠠᠩᠨᠠᠬᠤ ᠲᠦᠷᠦ ᠶᠢᠨ ᠪᠤᠳᠤᠯᠭ᠎ᠠ ᠶᠢ | ᠬᠡᠷᠡᠭᠵᠢᠬᠦᠯᠵᠦ᠂ ᠠᠮᠤ ᠪᠤᠳᠠᠭ᠎ᠠ ᠶᠢᠨ ᠦᠢᠯᠡᠳᠪᠦᠷᠢᠯᠡᠯ ᠤᠨ ᠴᠢᠳᠠᠮᠵᠢ ᠶᠢᠨ ᠤᠷᠤᠨ ᠤ ᠪᠦᠳᠦᠬᠡᠨ ᠪᠠᠶᠢᠭᠤᠯᠤᠯᠲᠠ ᠶᠢ | ᠳᠡᠮᠵᠢᠨ᠎ᠡ᠃ ᠮᠠᠯᠴᠢᠨ ᠳᠠᠷᠢᠶᠠᠴᠢᠨ ᠤ ᠲᠦᠭᠰᠢᠬᠦᠷᠢ ᠶᠢ ᠬᠤᠪᠢᠶᠠᠨ ᠡᠬᠦᠷᠬᠡᠯᠡᠬᠦ ᠲᠦᠷᠢᠮ ᠢ ᠪᠠᠶᠢᠭᠤᠯᠤᠨ | ᠪᠦᠷᠢᠨᠰᠢᠬᠦᠯᠵᠦ᠂ ᠳᠤᠳᠤᠷᠭ᠎ᠠ᠂ ᠪᠤᠭᠤᠳᠠᠢ᠂ ᠡᠷᠳᠡᠨᠢ ᠰᠢᠰᠢ ᠭᠤᠷᠪᠠᠨ ᠶᠡᠭᠡ ᠠᠮᠤ ᠪᠤᠳᠠᠭ᠎ᠠ ᠶᠢᠨ ᠳᠠᠷᠢᠮᠠᠯ ᠤᠨ | ᠪᠦᠷᠢᠨ ᠬᠦᠢᠴᠡᠳ ᠦᠪᠡᠷ ᠤᠨ ᠦᠷᠳᠡᠭ ᠤᠨ ᠳᠠᠭᠠᠳᠬᠠᠯ ᠪᠠ ᠤᠷᠤᠯᠭ᠎ᠠ ᠶᠢᠨ ᠳᠠᠭᠠᠳᠬᠠᠯ ᠤᠨ ᠳᠤᠷᠰᠢᠯᠳᠠ ᠶᠢᠨ | ᠴᠢᠭ᠋ ᠢ ᠬᠠᠶᠢᠨ ᠰᠦᠪᠡᠭᠴᠢᠯᠡᠨ ᠦᠷᠨᠢᠬᠦᠯᠵᠦ᠂ ᠲᠦᠷᠦ ᠶᠢᠨ ᠪᠤᠳᠤᠯᠭ᠎ᠠ ᠶᠢᠨ ᠴᠢᠨᠠᠷᠳᠠᠢ ᠮᠢᠬᠠᠨ ᠤ ᠬᠤᠨᠢ᠂ ᠮᠢᠬᠠᠨ | ᠦᠬᠡᠷ ᠤᠨ ᠳᠠᠭᠠᠳᠬᠠᠯ ᠪᠠ ᠮᠠᠯ ᠠᠵᠤ ᠠᠬᠤᠢ ᠳᠠᠷᠢᠶᠠᠯᠠᠩ ᠤᠨ ᠲᠤᠮᠤ ᠭᠠᠮᠰᠢᠭ ᠤᠨ ᠳᠠᠭᠠᠳᠬᠠᠯ ᠤᠨ | ᠳᠤᠷᠰᠢᠯᠳᠠ ᠶᠢᠨ ᠴᠢᠭ᠋ ᠢ ᠢᠳᠡᠪᠬᠢᠲᠡᠢ ᠦᠷᠨᠢᠭᠦᠯᠦᠨ᠎ᠡ᠃ | ︵ᠲᠠᠪᠤ︶ ᠮᠠᠯ ᠠᠵᠦ ᠠᠬᠤᠢ ᠲᠡᠷᠢᠶᠠᠯᠡᠩ ᠮᠠᠯᠵᠢᠬᠤ ᠲᠠᠷᠢᠶᠠᠯᠠᠬᠤ ᠤᠷᠤᠨ ᠤ ︽ᠲᠠᠯᠪᠢᠬᠤ ᠬᠠᠮᠢᠶᠠᠷᠬᠤ | ᠦᠢᠯᠡᠴᠢᠯᠡᠬᠦ︾ ᠦᠬᠡᠷᠡᠴᠢᠯᠡᠯᠳᠡ ᠶᠢ ᠭᠦᠨᠵᠡᠭᠡᠶᠢᠷᠡᠭᠦᠯᠦᠨ᠎ᠡ᠃ ᠵᠠᠰᠠᠭ ᠤᠨ ᠤᠷᠳᠤᠨ ᠤ ᠡᠬᠦᠷᠭᠡ ᠴᠢᠳᠠᠪᠬᠢ ᠶᠢ ᠨᠡᠩ | ᠴᠢᠨᠠᠬᠰᠢᠳᠠ ᠬᠤᠪᠢᠷᠠᠭᠤᠯᠵᠦ᠂ ᠮᠠᠯᠴᠢᠨ ᠲᠠᠷᠢᠶᠠᠴᠢᠨ ᠮᠠᠯᠵᠢᠬᠤ ᠲᠠᠷᠢᠶᠠᠯᠠᠬᠤ ᠤᠷᠤᠨ ᠳᠤ ᠬᠤᠯᠪᠤᠬᠳᠠᠬᠤ ︽ | ᠲᠠᠯᠪᠢᠬᠤ ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠳᠡ ᠶᠢ ᠦᠷᠬᠦᠯᠵᠢᠯᠡᠨ ᠭᠦᠨᠵᠡᠭᠡᠶᠢᠷᠡᠭᠦᠯᠵᠦ᠂ ᠮᠠᠯᠴᠢᠨ | ᠲᠠᠷᠢᠶᠠᠴᠢᠨ ᠢ ᠬᠦᠯᠢᠶᠡᠰᠦᠯᠠᠵᠦ ᠪᠠᠶᠢᠭ᠎ᠠ ᠵᠤᠬᠢᠰ ᠦᠬᠡᠢ ᠬᠢᠵᠠᠭᠠᠷᠯᠠᠯ ᠢ ᠦᠭᠡᠶᠢᠰᠭᠡᠨ᠂ ᠮᠠᠯᠴᠢᠨ ᠲᠠᠷᠢᠶᠠᠴᠢᠨ ᠤ | ᠡᠷᠬᠡ ᠶᠢᠨ ᠡᠷᠬᠡ ᠲᠡᠭᠰᠢ᠂ ᠵᠠᠪᠰᠢᠶᠠᠨ ᠡᠷᠬᠡ ᠲᠡᠭᠰᠢ᠂ ᠲᠦᠷᠢᠮ ᠡᠷᠬᠡ ᠲᠡᠭᠰᠢ ᠪᠠᠶᠢᠬᠤ ᠶᠢ ᠪᠠᠳᠤᠯᠠᠨ᠂ ᠮᠠᠯᠴᠢᠨ | ᠲᠡᠷᠢᠶᠠᠴᠢᠨ ᠤ ᠦᠢᠯᠡᠰ ᠪᠤᠰᠬᠠᠨ ᠰᠢᠨ᠎ᠠ ᠶᠢ ᠡᠬᠦᠳᠬᠦ ᠪᠦᠳᠦᠬᠡᠯᠴᠢ ᠬᠦᠴᠦᠨ ᠢ ᠬᠦᠭᠵᠢᠬᠡᠨ᠎ᠠ᠃ ᠮᠠᠯ ᠠᠵᠤ ᠠᠬᠤᠢ | ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠤ ᠭᠡᠪᠴᠢᠶᠠᠨ ᠳᠠᠬᠢ ᠬᠢᠨᠠᠨ ᠵᠦᠪᠰᠢᠶᠡᠷᠡᠨ ᠦᠨᠡᠮᠯᠡᠯ ᠲᠠᠷᠬᠠᠭᠠᠬᠤ | ᠠᠯᠬᠤᠮ ᠢ ᠲᠦᠬᠦᠮᠴᠢᠯᠡᠨ᠂ ᠲᠠᠷᠢᠶᠠᠯᠠᠩ ᠮᠠᠯ ᠠᠵᠤ ᠠᠬᠤᠢ ᠳᠤ ᠬᠤᠯᠪᠤᠭᠳᠠᠬᠤ ᠵᠠᠰᠠᠬ ᠵᠠᠬᠢᠷᠭᠠᠨ ᠤ ᠬᠢᠨᠡᠨ | ᠲᠤᠭᠳᠠᠭᠠᠯᠳᠠ ᠬᠢᠬᠦ ᠵᠠᠭᠤᠴᠢ ᠶᠢᠨ ᠦᠢᠯᠡᠴᠢᠯᠡᠭᠡ ᠶᠢ ᠴᠡᠪᠡᠷᠯᠡᠨ ᠲᠦᠷᠢᠮᠵᠢᠬᠦᠯᠵᠦ᠂ ᠡᠯ᠎ᠠ ᠲᠦᠷᠦᠯ ᠤᠨ ᠮᠠᠯ ᠠᠵᠤ | ᠠᠬᠤᠢ ᠲᠠᠷᠢᠶᠠᠯᠠᠩ ᠳᠤ ᠬᠤᠯᠪᠤᠭᠳᠠᠬᠤ ᠭᠤᠤᠯ ᠴᠤᠭᠴᠠ ᠶᠢᠨ ᠬᠦᠭᠵᠢᠯᠳᠡ ᠶᠢᠨ ᠲᠠᠷᠤᠭᠠᠰᠦ ᠶᠢ ᠬᠦᠡᠭᠬᠡᠯᠡᠨᠠ᠃ | ᠮᠠᠯᠵᠢᠬᠤ ᠲᠠᠷᠢᠶᠠᠯᠠᠬᠤ ᠤᠷᠤᠨ ᠤ ᠵᠠᠬ᠎ᠠ ᠲᠠᠯᠬᠡᠬᠦᠷ ᠢ ᠲᠦᠷᠢᠮᠵᠢᠬᠦᠯᠦᠨ ᠴᠡᠭᠴᠡᠯᠡᠬᠦ ᠠᠵᠢᠯ ᠢ ᠴᠢᠩᠭᠠᠳᠬᠠᠨ᠂ | ᠮᠠᠯᠴᠢᠨ ᠲᠡᠷᠢᠶᠠᠴᠢᠨ ᠤ ᠡᠷᠬᠡ ᠠᠰᠢᠭ ᠢ ᠦᠨᠡᠨᠭᠦ ᠬᠠᠮᠠᠭᠠᠯᠠᠨ᠎ᠠ᠃ ᠬᠦᠳᠡᠭᠡ ᠲᠤᠰᠬᠤᠨ ᠤ ᠴᠡᠭᠴᠡᠯᠡᠯᠳᠡ ᠶᠢᠨ | ᠭᠤᠤᠯᠳᠠᠯᠭ᠎ᠠ ᠶᠢ ᠲᠤᠷᠤᠭᠰᠢ ᠪᠠᠭᠤᠯᠭᠠᠵᠦ᠂ ᠨᠡᠩ ᠤᠯᠠᠨ ᠡᠬᠢ ᠪᠠᠶᠠᠯᠢᠭ᠂ ᠦᠢᠯᠡᠴᠢᠯᠡᠭᠡ ᠪᠤᠯᠤᠨ ᠬᠠᠮᠢᠶᠠᠷᠤᠯᠳᠠ ᠶᠢ | ᠦᠨᠳᠦᠰᠦᠨ ᠱᠠᠳᠤᠨ ᠳᠤ ᠬᠦᠷᠭᠡᠨ᠎ᠠ᠃ ᠦᠨᠳᠦᠰᠦᠨ ᠱᠠᠳᠤᠨ ᠤ ᠬᠠᠮᠢᠶᠠᠷᠤᠯᠳᠡ ᠶᠢᠨ ᠪᠠᠶᠢᠭᠤᠯᠤᠮᠵᠢ | ᠲᠤᠭᠳᠠᠴᠠ ᠶᠢᠨ ᠰᠢᠨ᠎ᠠ ᠶᠢ ᠡᠬᠦᠳᠴᠦ᠂ ᠭᠠᠴᠠᠭ᠎ᠠ ᠲᠤᠰᠬᠤᠨ ᠤ ᠠᠷᠠᠳ ᠲᠤ ᠲᠦᠬᠦᠮ ᠦᠵᠡᠬᠦᠯᠬᠦ ᠦᠢᠯᠡᠴᠢᠯᠡᠬᠡᠨ | ᠤ ᠰᠢᠰᠲ᠋ᠧᠮ ᠢ ᠲᠡᠬᠦᠯᠳᠡᠷᠵᠢᠬᠦᠯᠦᠨ᠂ ︽ᠲᠦᠪᠯᠡᠷᠡᠬᠦᠯᠦᠨ ᠬᠦᠢᠴᠡᠳᠬᠡᠬᠦ︾᠂ ︽ᠨᠢᠭᠡ ᠦᠷᠳᠡᠬᠡᠴᠢᠯᠡᠭᠰᠡᠨ | ᠦᠢᠯᠡᠴᠢᠯᠡᠭᠡ︾ ᠵᠡᠷᠬᠡ ᠠᠷᠠᠳ ᠲᠤ ᠲᠦᠬᠦᠮ ᠦᠵᠡᠬᠦᠯᠬᠦ ᠶᠡᠷᠦᠩᠬᠡᠶᠢᠯᠡᠭᠰᠡᠨ ᠦᠢᠯᠡᠴᠢᠯᠡᠬᠡᠨ ᠤ ᠲᠡᠪᠴᠡᠩ ᠢ | ᠪᠦᠳᠦᠬᠡᠨ ᠪᠠᠶᠢᠭᠤᠯᠵᠤ᠂ ᠤᠷᠤᠯᠠᠨ ᠲᠤᠰᠢᠶᠠᠬᠤ ᠤᠷᠤᠯᠠᠨ ᠬᠦᠢᠴᠡᠳᠬᠡᠬᠦ ᠤᠷᠤᠯᠠᠨ ᠰᠢᠢᠳᠪᠦᠷᠢᠯᠡᠬᠦ ᠵᠡᠷᠬᠡ | ᠦᠢᠯᠡᠴᠢᠯᠡᠭᠡ ᠶᠢ ᠰᠦᠪᠡᠭᠴᠢᠯᠡᠨ ᠲᠡᠯᠭᠡᠷᠡᠬᠦᠯᠦᠨ᠎ᠠ᠃ ︽ᠢᠨᠲ᠋ᠧᠷ ᠰᠦᠯᠵᠢᠶ᠎ᠠ + ᠦᠢᠯᠡᠴᠢᠯᠡᠭᠡ︾ ᠶᠢᠨ ᠬᠡᠪ | ᠵᠠᠬᠪᠤᠷ ᠢ ᠢᠳᠡᠪᠬᠢᠳᠡᠢ ᠠᠬᠢᠭᠤᠯᠵᠦ᠂ ᠭᠠᠴᠠᠭ᠎ᠠ ᠲᠤᠰᠬᠤᠨ ᠳᠤ ᠰᠦᠯᠵᠢᠶᠠᠨ ᠤ ᠦᠢᠯᠡᠴᠢᠯᠡᠭᠡ ᠶᠢᠨ ᠴᠢᠬ ᠢ | ᠲᠦᠬᠡᠮᠡᠯᠵᠢᠬᠦᠯᠦᠨ᠎ᠠ᠃ | ︵ᠵᠢᠷᠭᠤᠭ᠎ᠠ︶ ᠳᠠᠭᠠᠭᠤᠯᠤᠬᠴᠢ ᠠᠵᠦ ᠠᠬᠤᠶᠢᠯᠠᠯ ᠪᠤᠯᠤᠨ ᠮᠠᠯᠴᠢᠨ ᠲᠡᠷᠢᠶᠠᠴᠢᠨ ᠤ ᠠᠰᠢᠭ ᠲᠤᠰᠠ ᠶᠢᠨ | ᠬᠤᠯᠪᠤᠭᠠᠨ ᠤ ᠲᠤᠭᠳᠠᠴᠠ ᠶᠢ ᠲᠡᠬᠦᠯᠳᠡᠷᠵᠢᠬᠦᠯᠦᠨ᠎ᠠ᠃ ᠮᠠᠯᠴᠢᠨ ᠲᠠᠷᠢᠶᠠᠴᠢᠨ ᠪᠤᠯᠤᠨ ᠲᠤᠰᠬᠠᠢ ᠬᠤᠷᠰᠢᠶ᠎ᠠ ᠶᠢᠨ | ᠲᠠᠭᠠᠭᠤᠯᠤᠬᠴᠢ ᠠᠵᠤ ᠠᠬᠤᠶᠢᠯᠠᠯ ᠳᠤ ᠬᠤᠪᠢ ᠤᠷᠤᠬᠤ ᠶᠢ ᠲᠡᠮᠵᠢᠨ᠂ ᠬᠤᠷᠰᠢᠶ᠎ᠠ ᠶᠢᠨ ᠳᠠᠭᠠᠭᠤᠯᠤᠬᠴᠢ ᠠᠵᠦ | ᠠᠬᠤᠶᠢᠯᠠᠯ ᠡᠷᠬᠢᠯᠡᠬᠦ ᠶᠢ ᠲᠡᠮᠵᠢᠨ ᠲᠤᠰᠠᠯᠠᠵᠦ᠂ ᠳᠠᠭᠠᠭᠤᠯᠤᠬᠴᠢ ᠠᠵᠦ ᠠᠬᠤᠶᠢᠯᠠᠯ ᠤᠨ ᠬᠤᠪᠢ ᠤᠷᠤᠭᠤᠯᠤᠨ | ᠤᠷᠤᠯᠭ᠎ᠠ ᠬᠤᠪᠢᠶᠠᠷᠢᠯᠠᠬᠤ᠂ ᠠᠰᠢᠭ ᠤᠷᠤᠯᠭ᠎ᠠ ᠪᠠᠨ ᠬᠤᠪᠢᠶᠠᠷᠢᠯᠡᠬᠤ ᠵᠡᠷᠬᠡ ᠬᠡᠯᠪᠡᠷᠢ ᠪᠠᠷ ᠡᠳ᠋ᠰᠢᠬᠦᠯᠬᠦ᠂ | ᠪᠤᠷᠤᠯᠠᠭᠤᠯᠬᠤ ᠵᠡᠷᠬᠡ ᠭᠤᠭᠴᠤᠭ᠎ᠠ ᠶᠢᠨ ᠭᠡᠰᠡᠭ ᠤᠷᠤᠯᠭ᠎ᠠ ᠶᠢ ᠮᠠᠯᠴᠢᠨ ᠲᠠᠷᠢᠶᠠᠴᠢᠨ ᠳᠤ ᠬᠤᠪᠢᠶᠠᠷᠢᠯᠠᠬᠤ ᠶᠢ | ᠵᠤᠷᠢᠬᠵᠢᠭᠤᠯᠤᠨ᠂ ᠳᠠᠭᠠᠭᠤᠯᠤᠬᠴᠢ ᠠᠵᠦ ᠠᠬᠤᠶᠢᠯᠠᠯ ᠪᠤᠯᠤᠨ ᠮᠠᠯᠴᠢᠨ ᠲᠠᠷᠢᠶᠠᠴᠢᠨ ᠤ ᠬᠦᠨᠵᠡᠬᠡᠢ ᠠᠭᠤᠰᠤᠯᠴᠠᠯ ᠢ | ᠪᠡᠶᠡᠯᠡᠬᠦᠯᠦᠨ᠎ᠠ᠃ ᠬᠤᠪᠢ ᠤᠷᠤᠬᠰᠠᠨ ᠬᠠᠮᠳᠤᠷᠠᠬᠰᠠᠨ ᠠᠵᠦ ᠠᠬᠤᠢ ᠶᠢ ᠬᠦᠭᠵᠢᠬᠦᠯᠦᠨ᠂ ᠮᠠᠯᠴᠢᠨ ᠲᠠᠷᠢᠶᠡᠴᠢᠨ | ᠪᠤᠯᠤᠨ ᠭᠠᠴᠠᠭ᠎ᠠ ᠲᠤᠰᠬᠤᠨ ᠤ ᠬᠠᠮᠳᠦ ᠨᠡᠶᠢᠲᠡ ᠨᠢ ᠭᠠᠵᠠᠷ ᠰᠢᠷᠤᠢ᠂ ᠡᠬᠢ ᠪᠠᠶᠠᠯᠢᠬ᠂ ᠬᠦᠷᠦᠩᠬᠡ ᠵᠡᠷᠬᠡ ᠪᠠᠷ ᠢᠶᠠᠨ | ᠳᠠᠭᠠᠭᠤᠯᠤᠬᠴᠢ ᠠᠵᠦ ᠠᠬᠤᠶᠢᠯᠠᠯ ᠳᠤ ᠬᠤᠪᠢ ᠤᠷᠤᠬᠤ ᠶᠢ ᠠᠬᠢᠭᠤᠯᠤᠨ᠂ ᠨᠠᠭᠠᠳᠤ ᠵᠠᠬ᠎ᠠ ᠶᠢᠨ ᠠᠰᠢᠭ | ᠤᠷᠤᠯᠭ᠎ᠠ ᠶᠢ ᠪᠠᠳᠤᠯᠠᠬᠰᠡᠨ ᠰᠠᠭᠤᠷᠢ ᠲᠡᠭᠡᠷ᠎ᠠ ᠬᠤᠪᠢ ᠤᠷᠤᠬᠰᠠᠨ ᠤᠷᠤᠯᠭ᠎ᠠ ᠬᠤᠪᠢᠶᠠᠷᠢᠯᠠᠬᠤ ᠵᠡᠷᠬᠡ ᠬᠡᠯᠪᠡᠷᠢ ᠪᠠᠷ | ᠬᠤᠯᠪᠤᠭᠠᠨ ᠤ ᠲᠤᠭᠳᠠᠴᠠ ᠶᠢᠨ ᠨᠢᠬᠳᠠᠷᠠᠯᠴᠠᠬᠤ ᠭᠡᠮᠵᠢᠶ᠎ᠠ ᠶᠢ ᠲᠡᠭᠡᠭᠰᠢᠯᠡᠭᠦᠯᠤᠨ᠎ᠠ᠃ ᠭᠠᠴᠠᠭ᠎ᠠ ᠲᠤᠰᠬᠤᠨ ᠤ | ᠬᠠᠮᠳᠦ ᠶᠢᠨ ᠠᠵᠦ ᠠᠬᠤᠢ ᠪᠤᠯᠤᠨ ᠮᠠᠯᠵᠢᠬᠤ ᠲᠠᠷᠢᠶᠠᠯᠠᠬᠤ ᠡᠷᠦᠬᠡ ᠶᠢᠨ ᠬᠦᠷᠳᠡᠭᠰᠡᠨ ᠡᠳ᠋ ᠤᠨ ᠵᠠᠰᠠᠭ ᠤᠨ ᠪᠡᠯᠡ | ᠮᠦᠡᠭᠬᠦ᠂ ᠤᠨᠴᠠᠭᠠᠶᠢᠯᠠᠨ ᠶᠠᠳᠠᠭᠤ ᠶᠢ ᠲᠡᠳᠬᠦᠬᠦ ᠪᠡᠯᠡ ᠮᠦᠡᠭᠬᠦ ᠪᠠᠷ ᠢᠶᠠᠨ ᠠᠵᠦ ᠠᠬᠤᠶᠢᠯᠠᠯ ᠳᠤ ᠬᠤᠪᠢ | ᠤᠷᠤᠬᠤ ᠶᠢ ᠵᠦᠪᠰᠢᠶᠡᠷᠡᠨ᠎ᠠ᠃ ᠤᠳᠤ ᠦᠶ᠎ᠠ ᠶᠢᠨ ᠮᠠᠯ ᠠᠵᠦ ᠠᠬᠤᠢ ᠲᠠᠷᠢᠶᠡᠯᠡᠩ ᠤᠨ ᠠᠵᠤ ᠦᠢᠯᠡᠰᠵᠢᠭᠰᠡᠨ | ᠬᠤᠯᠪᠤᠭᠠᠳᠤ ᠴᠤᠭᠴᠠ ᠶᠢ ᠬᠠᠶᠢᠨ ᠰᠦᠪᠡᠭᠴᠢᠯᠡᠵᠤ ᠲᠡᠯᠭᠡᠷᠡᠭᠦᠯᠤᠨ᠂ ᠲᠡᠰ ᠲᠠᠪᠬᠤᠷᠭ᠎ᠠ ᠲᠦᠷᠦᠯ ᠵᠦᠢᠯ | ᠬᠤᠪᠢᠶᠠᠷᠢᠯᠡᠨ ᠵᠢᠱᠢᠶ᠎ᠠ ᠦᠵᠡᠬᠦᠯᠬᠦ ᠬᠤᠯᠪᠤᠭᠠᠳᠤ ᠴᠤᠬᠴᠠ ᠶᠢ ᠬᠢᠨᠠᠨ ᠦᠨᠡᠯᠡᠬᠦ ᠪᠡᠷᠢᠮᠵᠢᠶ᠎ᠠ ᠪᠤᠯᠤᠨ ᠬᠦᠢᠴᠡᠳᠬᠡᠬᠦ | ᠰᠢᠰᠲ᠋ᠧᠮ ᠢ ᠲᠤᠭᠳᠠᠭᠠᠨ᠎ᠠ᠃ ᠳᠠᠭᠠᠭᠤᠯᠤᠬᠴᠢ ᠠᠵᠦ ᠠᠬᠤᠶᠢᠯᠠᠯ ᠤᠨ ᠬᠡᠷ᠎ᠠ ᠪᠠᠨ ᠪᠡᠶᠡᠯᠡᠬᠦᠯᠬᠦ ᠬᠢᠨᠡᠯᠳᠡ ᠶᠢ | ᠴᠢᠩᠭᠠᠳᠬᠠᠨ᠂ ᠬᠡᠷ᠎ᠠ ᠪᠠᠨ ᠬᠦᠢᠴᠡᠳᠭᠡᠭᠦ ᠨᠤᠷᠮ᠎ᠠ ᠶᠢ ᠲᠡᠭᠡᠭᠰᠢᠯᠡᠬᠦᠯᠦᠨ᠎ᠠ᠃ | ᠶᠢᠰᠦ᠂ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠴᠢᠳᠠᠪᠤᠷᠢᠳᠡᠨ ᠤ ᠳᠤᠯᠭᠠᠭᠤᠷᠢᠯᠠᠯ ᠢ | ᠴᠢᠩᠭᠠᠳᠬᠠᠵᠦ᠂ ᠴᠢᠳᠠᠪᠤᠷᠢᠳᠡᠨ ᠤ ᠪᠤᠭᠤᠮᠢ ᠶᠢᠨ ᠬᠢᠵᠠᠭᠠᠷᠯᠠᠯ ᠢ ᠡᠪᠳᠡᠨ᠎ᠠ | ︵ᠨᠢᠬᠡ︶ ᠰᠢᠨ᠎ᠠ ᠬᠡᠯᠪᠡᠷᠢ ᠶᠢᠨ ᠳᠤᠰᠬᠠᠢ ᠮᠠᠯᠴᠢᠨ ᠲᠠᠷᠢᠶᠠᠴᠢᠨ ᠢ ᠬᠦᠴᠦ ᠤᠷᠤᠭᠤᠯᠤᠨ ᠪᠤᠶᠢᠵᠢᠭᠤᠯᠤᠨ᠎ᠠ᠃ | ᠳᠤᠰᠬᠠᠢ ᠮᠠᠯᠴᠢᠨ ᠲᠠᠷᠢᠶᠠᠴᠢᠨ ᠤ ᠳᠦᠷᠢᠮ ᠢ ᠪᠦᠬᠦ ᠲᠠᠯ᠎ᠠ ᠪᠠᠷ ᠪᠠᠶᠢᠭᠤᠯᠵᠤ᠂ ᠢᠵᠢ ᠪᠦᠷᠢᠳᠦᠭᠰᠡᠨ ᠲᠦᠷᠦ ᠶᠢᠨ | ᠪᠤᠳᠤᠯᠭ᠎ᠠ ᠶᠢᠨ ᠰᠢᠰᠲ᠋ᠧᠮ ᠢ ᠳᠡᠭᠦᠯᠳᠡᠷᠵᠢᠬᠦᠯᠦᠨᠠ᠂ ᠰᠢᠨ᠎ᠠ ᠬᠡᠯᠪᠡᠷᠢ ᠶᠢᠨ ᠳᠤᠰᠬᠠᠢ ᠮᠠᠯᠴᠢᠨ ᠲᠠᠷᠢᠶᠠᠴᠢᠨ ᠤ | ᠡᠩᠨᠡᠭᠡ ᠶᠢ ᠬᠦᠮᠦᠵᠢᠬᠦᠯᠵᠦ᠂ ᠮᠠᠯ ᠠᠵᠦ ᠠᠬᠤᠢ ᠲᠠᠷᠢᠶᠠᠯᠠᠩ ᠤᠨ ᠠᠵᠢᠯ ᠦᠢᠯᠡᠰ ᠡᠷᠬᠢᠯᠡᠵᠦ ᠪᠠᠶᠢᠭ᠎ᠠ ᠬᠦᠮᠦᠰ ᠤᠨ | ᠪᠦᠳᠦᠴᠡ ᠶᠢ ᠰᠢᠯᠢᠳᠡᠭᠵᠢᠬᠦᠯᠵᠦ᠂ ᠮᠠᠯᠵᠢᠬᠤ ᠲᠠᠷᠢᠶᠠᠯᠠᠬᠤ ᠤᠷᠤᠨ ᠤ ᠬᠦᠮᠦᠨ ᠠᠮᠠ ᠶᠢᠨ ᠪᠦᠳᠦᠴᠡ ᠶᠢ | ᠰᠠᠶᠢᠵᠢᠷᠠᠭᠤᠯᠤᠨ᠎ᠠ᠃ ᠰᠢᠨ᠎ᠠ ᠬᠡᠯᠪᠡᠷᠢ ᠶᠢᠨ ᠳᠤᠰᠬᠠᠢ ᠮᠠᠯᠴᠢᠨ ᠲᠠᠷᠢᠶᠠᠴᠢᠨ ᠢ ᠬᠦᠮᠦᠵᠢᠬᠦᠯᠬᠦ ᠢᠨᠵᠧᠨᠧᠷᠢᠩ ᠢ | ᠭᠡᠷᠡᠭᠵᠢᠬᠦᠯᠵᠦ᠂ ᠰᠤᠷᠭᠠᠨ ᠬᠦᠮᠦᠵᠢᠯ ᠤᠨ ᠪᠤᠯᠪᠠᠰᠤᠷᠠᠯ᠂ ᠬᠢᠨᠠᠨ ᠮᠡᠳᠡᠷᠡᠬᠦᠯᠬᠦ ᠬᠠᠮᠢᠶᠠᠷᠤᠯᠳᠠ᠂ ᠲᠦᠷᠦ ᠶᠢᠨ | ᠪᠤᠳᠤᠯᠭ᠎ᠠ ᠶᠢᠨ ᠳᠡᠮᠵᠢᠯᠬᠡ ᠭᠡᠬᠦ ︽ᠭᠤᠷᠪᠠ ᠶᠢ ᠨᠢᠬᠡ ᠴᠤᠭᠴᠠᠵᠢᠭᠤᠯᠤᠭᠰᠠᠨ︾ ᠬᠦᠮᠦᠵᠢᠬᠦᠯᠦᠨ ᠪᠤᠶᠢᠵᠢᠭᠤᠯᠬᠤ | ᠰᠢᠰᠲ᠋ᠧᠮ ᠢ ᠳᠡᠬᠦᠯᠳᠡᠷᠵᠢᠬᠦᠯᠤᠨ᠎ᠠ᠃ ᠡᠯ᠎ᠠ ᠱᠠᠳᠤᠨ ᠤ ᠲᠠᠷᠢᠶᠠᠯᠠᠩ ᠤᠨ ᠷᠠᠳᠢᠣ᠋ ᠲᠧᠯᠸᠢᠰ ᠰᠤᠷᠭᠠᠭᠤᠯᠢ᠂ ᠮᠠᠯᠴᠢᠨ | ᠲᠠᠷᠢᠶᠠᠴᠢᠨ ᠤ ᠪᠤᠯᠪᠠᠰᠤᠷᠠᠯ ᠤᠨ ᠳᠦᠪ ᠤᠨ ᠰᠢᠨ᠎ᠠ ᠬᠡᠯᠪᠡᠷᠢ ᠶᠢᠨ ᠠᠵᠢᠯ ᠳᠦᠷᠦᠯ ᠤᠨ ᠮᠠᠯᠴᠢᠨ ᠲᠠᠷᠢᠶᠠᠴᠢᠨ ᠤ | ᠪᠤᠯᠪᠠᠰᠤᠷᠠᠯ ᠡᠷᠬᠢᠯᠡᠬᠦ ᠶᠢ ᠠᠬᠢᠭᠤᠯᠵᠦ᠂ ᠮᠠᠯᠴᠢᠨ ᠲᠠᠷᠢᠶᠠᠴᠢᠨ ᠤ ᠬᠠᠷᠢᠮᠠᠬᠠᠢ ᠰᠤᠷᠤᠯᠭ᠎ᠠ ᠶᠢᠨ ᠳᠦᠷᠢᠮ ᠢᠶᠠᠷ | ᠳᠤᠮᠳᠠᠳᠤ ᠵᠡᠷᠭᠡ ᠶᠢᠨ ᠦᠨᠳᠦᠷ ᠵᠡᠷᠭᠡ ᠶᠢᠨ ᠮᠠᠯ ᠠᠵᠦ ᠠᠬᠤᠢ ᠲᠠᠷᠢᠶᠠᠯᠠᠩ ᠤᠨ ᠠᠵᠢᠯ ᠳᠦᠷᠦᠯ ᠤᠨ ᠰᠤᠷᠭᠠᠨ | ᠬᠦᠮᠦᠵᠢᠯ ᠬᠦᠷᠳᠡᠬᠦ ᠶᠢ ᠳᠡᠮᠵᠢᠨ᠎ᠠ᠃ ᠬᠠᠩᠭᠠᠨ ᠪᠤᠷᠤᠯᠠᠭᠤᠯᠬᠤ ᠬᠤᠷᠰᠢᠶ᠎ᠠ᠂ ᠮᠠᠯᠴᠢᠨ ᠲᠠᠷᠢᠶᠠᠴᠢᠨ ᠤ ᠳᠤᠰᠬᠠᠢ | ᠬᠤᠷᠰᠢᠶ᠎ᠠ᠂ ᠳᠤᠰᠬᠠᠢ ᠮᠡᠷᠭᠡᠵᠢᠯ ᠤᠨ ᠨᠡᠶᠢᠭᠡᠮᠯᠢᠭ᠂ ᠳᠠᠭᠠᠭᠤᠯᠤᠭᠴᠢ ᠠᠵᠦ ᠠᠬᠤᠶᠢᠯᠠᠯ ᠵᠡᠷᠭᠡ ᠶᠢᠨ ᠪᠤᠯᠪᠠᠰᠤᠷᠠᠯ ᠤᠨ | ᠰᠠᠭᠤᠷᠢᠨ ᠪᠠ ᠲᠠᠷᠢᠶᠠᠨ ᠳᠤᠮᠳᠠᠬᠢ ᠰᠤᠷᠭᠠᠭᠤᠯᠢ ᠪᠠᠶᠢᠭᠤᠯᠬᠤ ᠶᠢ ᠬᠦᠳᠦᠯᠦᠨ ᠵᠢᠯᠤᠭᠤᠳᠴᠤ᠂ ᠰᠢᠨ᠎ᠠ ᠬᠡᠯᠪᠡᠷᠢ ᠶᠢᠨ | ᠳᠤᠰᠬᠠᠢ ᠮᠠᠯᠴᠢᠨ ᠲᠠᠷᠢᠶᠠᠴᠢᠨ ᠢ ᠪᠤᠯᠪᠠᠰᠤᠷᠠᠯ ᠬᠦᠷᠳᠡᠭᠡᠬᠦ ᠡᠬᠦᠷᠭᠡ ᠶᠢ ᠡᠬᠦᠷᠭᠡᠯᠡᠬᠦᠯᠦᠨᠠ᠃ ᠰᠢᠨ᠎ᠠ ᠬᠡᠯᠪᠡᠷᠢ ᠶᠢᠨ | ᠳᠤᠰᠬᠠᠢ ᠮᠠᠯᠴᠢᠨ ᠲᠠᠷᠢᠶᠠᠴᠢᠨ ᠢ ᠬᠢᠨᠠᠨ ᠳᠤᠭᠳᠠᠭᠠᠵᠦ ᠬᠠᠮᠢᠶᠠᠷᠬᠤ ᠠᠵᠢᠯ ᠢ ᠳᠦᠷᠢᠮᠵᠢᠬᠦᠯᠵᠦ᠂ ᠳᠤᠰᠬᠠᠢ ᠮᠠᠯᠴᠢᠨ | ᠲᠠᠷᠢᠶᠠᠴᠢᠨ ᠤ ᠮᠡᠷᠭᠡᠵᠢᠯ ᠤᠨ ᠴᠤᠯᠠ ᠤᠯᠭᠤᠬᠤ ᠳᠤᠷᠰᠢᠯᠳᠠ ᠶᠢᠨ ᠴᠢᠬ ᠤᠨ ᠠᠵᠢᠯ ᠢ ᠦᠷᠨᠢᠭᠦᠯᠦᠨ᠎ᠡ᠃ | ︵ᠬᠤᠶᠠᠷ︶ ᠬᠦᠳᠡᠭᠡ ᠳᠤᠰᠬᠤᠨ ᠮᠠᠯᠵᠢᠬᠤ ᠤᠷᠤᠨ ᠤ ᠳᠤᠰᠬᠠᠢ ᠮᠡᠷᠭᠡᠵᠢᠯ ᠤᠨ ᠴᠢᠳᠠᠪᠤᠷᠢᠳᠡᠨ ᠤ | ᠡᠩᠨᠡᠭᠡ ᠶᠢᠨ ᠪᠦᠳᠦᠬᠡᠨ ᠪᠠᠶᠢᠭᠤᠯᠤᠯᠲᠠ ᠶᠢ ᠴᠢᠩᠭᠠᠳᠬᠠᠨ᠎ᠠ᠃ ᠴᠢᠳᠠᠪᠤᠷᠢᠳᠡᠨ ᠤ ᠬᠠᠮᠢᠶᠠᠷᠤᠯᠳᠠ ᠶᠢᠨ ᠰᠠᠯᠠᠭ᠎ᠠ | ᠮᠦᠴᠢᠷ ᠤᠨ ᠵᠠᠰᠠᠭ ᠢ ᠴᠤᠮᠬᠠᠳᠬᠠᠵᠤ ᠡᠷᠭᠡ ᠪᠠᠨ ᠳᠤᠷᠤᠭᠰᠢ ᠪᠠᠭᠤᠯᠭᠠᠬᠤ ᠶᠢ ᠳᠦᠯᠬᠢᠨ ᠠᠬᠢᠭᠤᠯᠵᠦ᠂ ᠬᠤᠰᠢᠭᠤ | ᠰᠢᠶᠠᠨ ᠤ ᠳᠤᠰᠬᠠᠢ ᠮᠡᠷᠭᠡᠵᠢᠯ ᠤᠨ ᠴᠢᠳᠠᠪᠤᠷᠢᠳᠡᠨ ᠢ ᠨᠢᠭᠡᠳᠦᠯᠳᠡᠢ ᠳᠦᠯᠦᠪᠯᠡᠨ ᠭᠡᠷᠡᠭᠯᠡᠬᠦ ᠳᠦᠷᠢᠮ ᠢ ᠪᠠᠶᠢᠭᠤᠯᠵᠤ᠂ | ᠬᠦᠮᠦᠨ ᠭᠡᠷᠡᠭᠯᠡᠬᠦ ᠪᠠᠶᠢᠭᠤᠯᠭ᠎ᠠ ᠶᠢᠨ ᠴᠢᠳᠠᠪᠤᠷᠢᠳᠡᠨ ᠬᠦᠮᠦᠵᠢᠬᠦᠯᠬᠦ᠂ ᠬᠢᠨᠠᠨ ᠰᠢᠯᠭᠠᠬᠤ ᠪᠠ ᠭᠡᠷᠡᠭᠯᠡᠬᠦ ᠳᠡᠭᠡᠷ᠎ᠠ | ᠦᠪᠡᠰᠦᠪᠡᠨ ᠡᠵᠡᠨ ᠮᠡᠳᠡᠬᠦ ᠡᠷᠭᠡ ᠲᠠᠢ ᠪᠠᠶᠢᠬᠤ ᠶᠢ ᠪᠠᠳᠤᠯᠠᠵᠦ᠂ ᠬᠦᠳᠡᠭᠡ ᠳᠤᠰᠬᠤᠨ ᠮᠠᠯᠵᠢᠬᠤ ᠤᠷᠤᠨ ᠤ | ᠳᠤᠰᠬᠠᠢ ᠮᠡᠷᠭᠡᠵᠢᠯ ᠤᠨ ᠴᠢᠳᠠᠪᠤᠷᠢᠳᠡᠨ ᠤ ᠦᠢᠯᠡᠴᠢᠯᠡᠭᠡ ᠶᠢ ᠪᠠᠳᠤᠯᠠᠬᠤ ᠴᠢᠳᠠᠪᠤᠷᠢ ᠶᠢ ᠳᠡᠭᠡᠭᠰᠢᠯᠡᠬᠦᠯᠦᠨ᠎ᠠ᠃ ︽ | ᠬᠦᠳᠡᠭᠡ ᠳᠤᠰᠬᠤᠨ ᠤ ᠪᠠᠭᠰᠢ ᠶᠢ ᠳᠡᠮᠵᠢᠬᠦ ᠳᠦᠯᠦᠪᠯᠡᠭᠡ︾ ᠶᠢ ᠭᠡᠷᠡᠭᠵᠢᠬᠦᠯᠵᠦ᠂ ᠤᠨᠴᠠᠭᠠᠢ ᠠᠵᠢᠯ ᠤᠨ ᠪᠠᠶᠢᠷᠢ | ᠳᠡᠭᠡᠷᠡᠬᠢ ᠪᠠᠭᠰᠢ ᠶᠢᠨ ᠳᠦᠯᠦᠪᠯᠡᠭᠡ ᠶᠢ ᠦᠷᠬᠦᠯᠵᠢᠯᠡᠨ ᠭᠡᠷᠡᠭᠵᠢᠬᠦᠯᠵᠦ᠂ ᠠᠯᠪᠠᠨ ᠵᠢᠷᠤᠮ ᠤᠨ ᠰᠤᠷᠭᠠᠨ ᠬᠦᠮᠦᠵᠢᠯ | ᠤᠨ ᠶᠠᠪᠤᠴᠠ ᠳᠠᠬᠢ ᠬᠤᠳᠠ ᠬᠦᠳᠡᠭᠡ ᠶᠢᠨ ᠪᠠᠭᠰᠢ᠂ ᠰᠤᠷᠭᠠᠭᠤᠯᠢ ᠶᠢᠨ ᠵᠠᠬᠢᠷᠤᠯ ᠤᠨ ᠬᠠᠷᠢᠯᠴᠠᠨ ᠰᠤᠯᠢᠯᠴᠠᠭ᠎ᠠ ᠬᠢᠬᠦ | ᠬᠦᠴᠦᠯᠡᠴᠡ ᠶᠢ ᠨᠡᠮᠡᠭᠳᠡᠬᠦᠯᠵᠦ᠂ ᠬᠦᠳᠡᠭᠡ ᠳᠤᠰᠬᠤᠨ ᠤ ᠪᠠᠭᠰᠢ ᠳᠤ ︽ᠰᠢᠶᠠᠨ ᠠᠴᠠ ᠬᠠᠮᠢᠶᠠᠷᠴᠤ | ᠰᠤᠷᠭᠠᠭᠤᠯᠢ ᠠᠴᠠ ᠡᠯᠰᠡᠬᠦ︾ ᠳᠦᠷᠢᠮ ᠢ ᠭᠡᠷᠡᠭᠵᠢᠬᠦᠯᠦᠨ᠎ᠠ᠃ ᠦᠨᠳᠦᠰᠦᠨ ᠱᠠᠳᠤᠨ ᠤ ᠴᠢᠳᠠᠪᠤᠷᠢᠳᠡᠨ ᠤ | ᠪᠦᠳᠦᠴᠡ ᠶᠢ ᠰᠢᠯᠢᠳᠡᠭᠵᠢᠬᠦᠯᠵᠦ᠂ ᠪᠤᠶᠢᠳᠠ ᠪᠦᠭᠯᠡᠬᠦᠦ ᠶᠠᠳᠠᠭᠤ ᠬᠦᠴᠢᠷᠳᠡᠯᠳᠡᠢ ᠭᠠᠵᠠᠷ ᠤᠷᠤᠨ᠂ ᠬᠢᠯᠢ ᠬᠢᠵᠠᠭᠠᠷ | ᠤᠨ ᠴᠦᠬᠡᠨ ᠳᠤᠭᠠᠳᠤ ᠦᠨᠳᠦᠰᠦᠳᠡᠨ ᠤ ᠭᠠᠵᠠᠷ ᠤᠷᠤᠨ ᠪᠠ ᠬᠤᠪᠢᠰᠬᠠᠯ ᠤᠨ ᠬᠠᠭᠤᠴᠢᠨ ᠤᠷᠤᠨ ᠳᠠᠬᠢ | ᠴᠢᠳᠠᠪᠤᠷᠢᠳᠡᠨ ᠤ ᠳᠡᠮᠵᠢᠯᠭᠡ ᠶᠢᠨ ᠳᠦᠯᠦᠪᠯᠡᠭᠡ ᠶᠢ ᠭᠡᠷᠡᠭᠵᠢᠬᠦᠯᠵᠦ᠂ ︽ᠭᠤᠷᠪᠡ ᠶᠢ ᠳᠡᠮᠵᠢᠵᠦ ᠨᠢᠬᠡ ᠶᠢ ᠳᠡᠳᠬᠦᠬᠦ︾ | ᠳᠦᠯᠦᠪᠯᠡᠭᠡ ᠶᠢ ᠦᠷᠬᠦᠯᠵᠢᠯᠡᠨ ᠭᠡᠷᠡᠭᠵᠢᠬᠦᠯᠵᠦ᠂ ᠳᠤᠰ ᠵᠢᠯ ᠳᠡᠭᠡᠨ ᠳᠡᠬᠦᠰᠦᠭᠰᠡᠨ ᠤᠶᠤᠳᠠᠨ ᠢ ᠦᠨᠳᠦᠰᠤᠨ | ᠱᠠᠲᠤᠨ ᠳᠤ ᠰᠤᠩᠭᠤᠨ ᠳᠤᠮᠢᠯᠠᠬᠤ ᠠᠵᠢᠯ ᠢ ᠦᠷᠬᠦᠯᠵᠢᠯᠡᠨ ᠬᠢᠨ᠎ᠠ᠃ ᠴᠢᠳᠠᠪᠤᠷᠢᠳᠡᠨ ᠢ ᠬᠦᠮᠦᠵᠢᠬᠦᠯᠬᠦ ᠭᠡᠪ ᠵᠠᠭᠪᠤᠷ | ᠢ ᠰᠢᠨᠡᠴᠢᠯᠠᠵᠦ᠂ ᠶᠡᠭᠡ ᠳᠡᠭᠡᠳᠦ ᠰᠤᠷᠭᠠᠭᠤᠯᠢ᠂ ᠠᠵᠢᠯ ᠮᠡᠷᠭᠡᠵᠢᠯ ᠤᠨ ᠰᠤᠷᠭᠠᠭᠤᠯᠢ ᠶᠢᠨ ᠳᠤᠰᠬᠠᠢ ᠮᠡᠷᠭᠡᠵᠢᠯ ︵ | ᠴᠢᠭᠯᠡᠯ︶ ᠢᠶᠠᠨ ᠠᠮᠢᠳᠤᠯᠢᠭ ᠢᠶᠠᠷ ᠳᠤᠬᠢᠷᠠᠭᠤᠯᠵᠦ᠂ ᠬᠦᠳᠡᠭᠡ ᠳᠤᠰᠬᠤᠨ ᠤ ᠬᠦᠭᠵᠢᠯᠳᠠ ᠮᠠᠨᠳᠤᠯᠳᠠ ᠳᠤ ᠳᠤᠰᠬᠠᠢ | ᠮᠡᠷᠭᠡᠵᠢᠯ ᠤᠨ ᠴᠢᠳᠠᠪᠤᠷᠢᠳᠡᠨ ᠬᠠᠩᠭᠠᠨ᠎ᠠ᠃ ᠰᠢᠨ᠎ᠠ ᠭᠡᠯᠪᠡᠷᠢ ᠶᠢᠨ ᠮᠠᠯ ᠠᠵᠦ ᠠᠬᠤᠢ ᠲᠠᠷᠢᠶᠠᠯᠠᠩ ᠤᠨ | ᠡᠵᠡᠩᠨᠡᠯᠳᠡ ᠶᠢᠨ ᠭᠤᠤᠯ ᠴᠤᠭᠴᠠ ᠶᠢᠨ ᠳᠠᠭᠠᠭᠤᠯᠤᠭᠴᠢ ᠶᠢ ᠡᠬᠡᠯᠵᠢᠯᠡᠨ ᠪᠤᠯᠪᠠᠰᠤᠷᠠᠯ ᠬᠦᠷᠳᠡᠭᠡᠬᠦ ᠳᠦᠯᠦᠪᠯᠡᠭᠡ ᠪᠠ | ᠤᠳᠤ ᠦᠶ᠎ᠠ ᠶᠢᠨ ᠲᠠᠷᠢᠶᠠᠯᠠᠩ ᠮᠠᠯᠵᠢᠯ ᠤᠨ ᠳᠠᠯᠠᠪᠠᠢ ᠶᠢᠨ ᠵᠠᠯᠠᠭᠤ ᠡᠵᠡᠨᠳᠡᠨ᠂ ᠤᠢ ᠰᠢᠭᠤᠢ ᠶᠢᠨ ᠳᠠᠯᠠᠪᠠᠢ ᠶᠢᠨ | ᠡᠵᠡᠨ ᠢ ᠬᠦᠮᠦᠵᠢᠬᠦᠯᠬᠦ ᠳᠦᠯᠦᠪᠯᠡᠭᠡ ᠶᠢ ᠭᠡᠷᠡᠭᠵᠢᠬᠦᠯᠦᠨ᠎ᠠ᠂ ᠡᠯ᠎ᠠ ᠭᠠᠵᠠᠷ ᠤᠨ ᠳᠠᠪᠠᠭᠤᠯᠢᠭ ᠤᠨᠴᠠᠯᠢᠬᠳᠦ ᠠᠵᠦ | ᠦᠢᠯᠡᠰ ᠪᠠ ᠰᠢᠨ᠎ᠠ ᠠᠵᠦ ᠦᠢᠯᠡᠰ ᠰᠢᠨ᠎ᠠ ᠡᠵᠡᠩᠨᠡᠯᠳᠡ ᠶᠢᠨ ᠬᠡᠯᠪᠡᠷᠢ ᠶᠢᠨ ᠬᠦᠭᠵᠢᠯᠳᠡ ᠶᠢᠨ ᠱᠠᠭᠠᠷᠳᠠᠯᠭ᠎ᠠ | ᠶᠤᠰᠤᠭᠠᠷ᠂ ᠨᠢᠬᠡ ᠪᠦᠯᠦᠭ ᠮᠠᠯ ᠠᠵᠦ ᠠᠬᠤᠢ ᠲᠠᠷᠢᠶᠠᠯᠠᠩ ᠤᠨ ᠳᠤᠰᠬᠠᠢ ᠳᠠᠭᠠᠭᠠᠮᠠᠯ᠂ ᠲᠠᠷᠢᠵᠦ ᠳᠡᠵᠢᠬᠡᠬᠦ | ᠮᠡᠷᠭᠡᠵᠢᠯᠳᠡᠨ᠂ ᠡᠯᠧᠺᠲᠷᠤᠨ ᠬᠤᠳᠠᠯᠳᠤᠭᠠᠴᠢᠨ᠂ ᠬᠦᠳᠡᠭᠡ ᠳᠤᠰᠬᠤᠨ ᠤ ᠤᠷᠠᠨ ᠲᠠᠷᠬᠠᠨ᠂ ᠰᠤᠶᠤᠯ ᠤᠨ ᠭᠠᠷᠮᠠᠭᠠᠢ | ᠴᠢᠳᠠᠪᠤᠷᠢᠳᠡᠨ᠂ ᠪᠤᠳᠠᠰ ᠤᠨ ᠪᠤᠰᠤ ᠰᠤᠶᠤᠯ ᠤᠨ ᠤᠯᠠᠮᠵᠢᠯᠠᠭᠴᠢ᠂ ᠦᠨᠳᠦᠰᠦᠳᠡᠨ ᠤ ᠭᠠᠷ ᠤᠷᠠᠯᠠᠯ ᠤᠨ ᠲᠠᠷᠬᠠᠨ | ᠵᠡᠷᠭᠡ ᠬᠦᠮᠦᠰ ᠢ ᠬᠦᠮᠦᠵᠢᠬᠦᠯᠵᠦ᠂ ᠬᠢᠨᠠᠨ ᠲᠤᠭᠲᠠᠭᠠᠵᠤ ᠦᠨᠡᠯᠡᠬᠦ ᠳᠦᠷᠢᠮ ᠢ ᠪᠠᠶᠢᠭᠤᠯᠤᠨ᠎ᠠ᠃ | ︵ᠭᠤᠷᠪᠠ︶ ᠰᠢᠨᠵᠢᠯᠡᠭᠦ ᠤᠬᠠᠭᠠᠨ ᠮᠡᠷᠬᠡᠵᠢᠯ ᠤᠨ ᠴᠢᠳᠠᠪᠤᠷᠢᠳᠠᠨ ᠤ ᠡᠩᠨᠡᠭᠡ ᠶᠢ ᠬᠦᠭᠵᠢᠬᠦᠯᠦᠨ | ᠪᠤᠵᠠᠭᠠᠶᠢᠷᠠᠭᠤᠯᠤᠨ᠎ᠠ᠃ ᠰᠢᠨᠵᠢᠯᠡᠭᠦ ᠤᠬᠠᠭᠠᠨ ᠮᠡᠷᠬᠡᠵᠢᠯ ᠤᠨ ᠤᠨᠴᠠ ᠲᠤᠮᠢᠯᠠᠬᠴᠢ ᠶᠢᠨ ᠲᠦᠷᠢᠮ ᠢ ᠬᠡᠷᠡᠭᠵᠢᠬᠦᠯᠵᠦ᠂ | ᠶᠡᠭᠡ ᠲᠡᠭᠡᠳᠦ ᠰᠤᠷᠭᠠᠭᠤᠯᠢ᠂ ᠰᠤᠳᠤᠯᠭᠠᠨ ᠤ ᠬᠦᠷᠢᠶᠡᠯᠡᠩ ᠵᠡᠷᠬᠡ ᠠᠵᠢᠯ ᠦᠢᠯᠡᠰ ᠤᠨ ᠨᠢᠬᠡᠴᠡ ᠶᠢᠨ ᠲᠤᠰᠬᠠᠢ | ᠮᠡᠷᠬᠡᠵᠢᠯᠳᠡᠳ ᠤᠨ ᠬᠦᠳᠡᠭᠡ ᠲᠤᠰᠬᠤᠨ ᠪᠠ ᠠᠵᠦ ᠠᠬᠤᠶᠢᠯᠠᠯ ᠳᠤ ᠬᠠᠪᠰᠤᠷᠭᠠᠨ ᠲᠤᠰᠢᠶᠠᠯ ᠡᠭᠦᠷᠭᠡᠯᠡᠭᠦ᠂ ᠲᠤᠰᠢᠶᠠᠯ | ᠬᠠᠪᠰᠤᠷᠭᠠᠬᠤ ᠪᠠ ᠠᠵᠢᠯ ᠤᠨ ᠪᠠᠶᠢᠷᠢ ᠠᠴᠠ ᠪᠠᠨ ᠰᠠᠯᠵᠦ ᠰᠢᠨ᠎ᠡ ᠶᠢ ᠡᠬᠦᠳᠴᠦ ᠦᠢᠯᠡᠰ ᠪᠤᠰᠬᠠᠬᠤ ᠲᠦᠷᠢᠮ ᠢ | ᠪᠦᠬᠦ ᠲᠠᠯ᠎ᠠ ᠪᠠᠷ ᠲᠤᠬᠳᠠᠭᠠᠵᠤ᠂ ᠲᠡᠳᠡᠨᠡᠷ ᠤᠨ ᠮᠡᠷᠬᠡᠵᠢᠯ ᠤᠨ ᠴᠤᠯᠠ ᠶᠢᠨ ᠰᠢᠯᠭᠠᠨ ᠲᠤᠭᠳᠠᠭᠠᠯᠳᠠ᠂ ᠴᠠᠯᠢᠩ | ᠠᠰᠠᠷᠠᠮᠵᠢ᠂ ᠨᠡᠶᠢᠭᠡᠮ ᠤᠨ ᠪᠠᠳᠤᠯᠠᠪᠤᠷᠢ ᠵᠡᠷᠬᠡ ᠲᠠᠯ᠎ᠠ ᠶᠢᠨ ᠡᠷᠬᠡ ᠠᠰᠢᠭ ᠢ ᠪᠠᠳᠤᠯᠠᠵᠦ᠂ ᠰᠢᠨᠵᠢᠯᠡᠭᠦ ᠤᠬᠠᠭᠠᠨ | ᠮᠡᠷᠬᠡᠵᠢᠯ ᠤᠨ ᠴᠢᠳᠠᠪᠤᠷᠢᠳᠠᠨ ᠤ ᠮᠠᠯᠵᠢᠬᠤ ᠲᠠᠷᠢᠶᠠᠯᠠᠬᠤ ᠤᠷᠤᠨ ᠳᠡᠰᠢ ᠰᠢᠯᠵᠢᠭᠦ ᠶᠢ ᠠᠬᠢᠭᠤᠯᠤᠨ᠎ᠠ᠃ ᠮᠠᠯ ᠠᠵᠤ | ᠠᠬᠤᠢ ᠲᠠᠷᠢᠶᠠᠯᠠᠩ ᠤᠨ ᠰᠢᠨᠵᠢᠯᠡᠭᠦ ᠤᠬᠠᠭᠠᠨ ᠮᠡᠷᠭᠡᠵᠢᠯ ᠤᠨ ᠰᠤᠳᠤᠯᠭᠠᠨ ᠤ ᠰᠤᠳᠤᠨ ᠴᠢᠳᠠᠪᠤᠷᠢᠳᠠᠨ ᠤ | ᠲᠦᠯᠦᠪᠯᠡᠭᠡ᠂ ᠮᠠᠯ ᠠᠵᠤ ᠠᠬᠤᠢ ᠲᠠᠷᠢᠶᠠᠯᠠᠩ ᠤᠨ ᠰᠢᠨᠵᠢᠯᠡᠭᠦ ᠤᠬᠠᠭᠠᠨ ᠮᠡᠷᠭᠡᠵᠢᠯ ᠤᠨ ᠰᠤᠳᠤᠨ ᠰᠢᠨᠵᠢᠯᠡᠭᠦ | ᠤᠬᠠᠭᠠᠨᠳᠡᠨ ᠤ ᠲᠦᠷᠦᠯ ᠵᠦᠢᠯ ᠪᠠ ᠮᠠᠯᠵᠢᠬᠤ ᠲᠠᠷᠢᠶᠠᠯᠠᠬᠤ ᠤᠷᠤᠨ ᠤ ᠰᠢᠨᠵᠢᠯᠡᠭᠦ ᠤᠬᠠᠭᠠᠨ ᠮᠡᠷᠭᠡᠵᠢᠯ ᠤᠨ ︽ | ᠰᠤᠳᠤᠴᠤᠤᠯ ᠰᠢᠨ᠎ᠠ ᠴᠠᠭ ᠦᠶ᠎ᠠ ᠶᠢ ᠨᠡᠭᠡᠭᠡᠭᠦ︾ ᠲᠦᠷᠦᠯ ᠵᠦᠢᠯ ᠢ ᠬᠡᠷᠡᠭᠵᠢᠭᠦᠯᠦᠨ᠎ᠡ᠃ ᠮᠡᠳᠡᠯᠬᠡ ᠶᠢᠨ ᠦᠷᠳᠡᠭ ᠢ | ᠨᠡᠮᠡᠭᠳᠡᠭᠦᠯᠭᠦ ᠪᠠᠷ ᠵᠢᠯᠤᠭᠤᠳᠤᠮᠵᠢ ᠪᠤᠯᠭᠠᠬᠤ ᠬᠤᠪᠢᠶᠠᠷᠢᠯᠠᠯᠳᠠ ᠶᠢᠨ ᠲᠦᠷᠦ ᠶᠢᠨ ᠪᠤᠳᠤᠯᠭ᠎ᠠ ᠶᠢ ᠬᠡᠷᠡᠭᠵᠢᠬᠦᠯᠵᠦ᠂ | ᠦᠷ᠎ᠡ ᠪᠦᠳᠦᠮᠵᠢ ᠶᠢᠨ ᠴᠠᠯᠢᠩ ᠤᠨ ᠬᠤᠪᠢᠶᠠᠷᠢᠯᠠᠯᠳᠠ ᠪᠠᠷ ᠵᠤᠷᠢᠭᠵᠢᠭᠤᠯᠬᠤ ᠬᠦᠴᠦᠯᠡᠴᠡ ᠪᠠᠨ ᠨᠡᠮᠡᠭᠳᠡᠬᠦᠯᠤᠨ᠂ | ᠰᠤᠳᠤᠯᠭᠠᠳᠠᠳ ᠤᠨ ᠰᠢᠨᠵᠢᠯᠡᠬᠦ ᠮᠡᠷᠬᠡᠵᠢᠯ ᠤᠨ ᠦᠷ᠎ᠡ ᠪᠦᠲᠦᠮᠵᠢ ᠶᠢ ᠨᠢ ᠤᠯᠠᠷᠢᠭᠤᠯᠬᠤ ᠠᠴᠠ ᠪᠤᠯᠤᠬᠰᠡᠨ ᠵᠦᠢ | ᠶᠤᠰᠤᠨ ᠤ ᠤᠷᠤᠯᠭ᠎ᠠ ᠬᠦᠷᠳᠡᠬᠦ ᠶᠢ ᠵᠤᠷᠢᠭᠵᠢᠭᠤᠯᠤᠨ᠎ᠠ᠃ ᠨᠡᠶᠢᠲᠡ ᠶᠢᠨ ᠠᠰᠠᠷᠠᠮᠵᠢ ᠶᠢᠨ ᠴᠢᠨᠠᠷᠳᠠᠢ ᠪᠠ | ᠡᠵᠡᠩᠨᠡᠯᠳᠡ ᠶᠢᠨ ᠴᠢᠨᠠᠷᠳᠠᠢ ᠲᠠᠷᠢᠶᠠᠯᠠᠩ ᠤᠨ ᠮᠡᠷᠬᠡᠵᠢᠯ ᠢ ᠳᠠᠯᠭᠡᠷᠡᠭᠦᠯᠤᠨ ᠠᠭᠤᠰᠤᠯᠴᠠᠭᠤᠯᠤᠨ ᠬᠦᠭᠵᠢᠭᠦᠯᠭᠦ | ᠲᠤᠭᠳᠠᠴᠠ ᠶᠢ ᠬᠠᠶᠢᠨ ᠰᠦᠪᠡᠭᠴᠢᠯᠡᠵᠦ᠂ ᠲᠠᠷᠢᠶᠠᠯᠠᠩ ᠤᠨ ᠮᠡᠷᠬᠡᠵᠢᠯᠳᠡᠨ ᠤ ᠨᠡᠮᠡᠭᠳᠡᠯ ᠦᠷᠳᠡᠭ ᠤᠨ ᠦᠢᠯᠡᠴᠢᠯᠡᠭᠡ | ᠬᠠᠩᠭᠠᠬᠤ ᠪᠠᠷ ᠲᠠᠮᠵᠢᠨ ᠵᠦᠢ ᠶᠤᠰᠤᠨ ᠤ ᠬᠠᠷᠠᠮᠵᠢ ᠤᠯᠬᠤ ᠶᠢ ᠵᠦᠪᠰᠢᠶᠡᠷᠡᠨ᠎ᠡ᠃ ᠲᠠᠷᠢᠶᠠᠯᠠᠩ ᠤᠨ ᠮᠡᠷᠭᠡᠵᠢᠯ ᠢ | ᠲᠡᠯᠭᠡᠷᠡᠭᠦᠯᠭᠦ ᠦᠢᠯᠡᠴᠢᠯᠡᠭᠡ ᠶᠢᠨ ᠤᠨᠴᠠᠭᠠᠢ ᠤᠷᠢᠬᠤ ᠲᠦᠯᠦᠪᠯᠡᠭᠡ ᠶᠢ ᠬᠡᠷᠡᠭᠵᠢᠬᠦᠯᠵᠦ᠂ ᠲᠠᠷᠢᠶᠠᠯᠠᠩ ᠤᠨ ᠮᠡᠷᠬᠡᠵᠢᠯ | ᠤᠨ ᠦᠢᠯᠡᠴᠢᠯᠡᠭᠴᠢ ᠶᠢᠨ ᠡᠩᠨᠡᠭᠡ ᠶᠢ ᠦᠷᠭᠡᠳᠬᠡᠨ᠎ᠡ᠃ ᠰᠤᠷᠤᠯᠭ᠎ᠠ ᠶᠢᠨ ᠨᠠᠮᠳᠠᠷ ᠤᠨ ᠰᠤᠷᠭᠠᠨ ᠬᠦᠮᠦᠵᠢᠯ᠂ | ᠮᠡᠷᠭᠡᠵᠢᠯ ᠴᠢᠳᠠᠪᠤᠷᠢ ᠶᠢᠨ ᠪᠤᠯᠪᠠᠰᠤᠷᠠᠭᠤᠯᠤᠯ᠂ ᠦᠢᠯᠡᠳᠦᠯᠬᠡ ᠶᠢᠨ ᠲᠠᠪᠳᠠᠯᠳᠠ ᠭᠡᠭᠦ ᠮᠡᠳᠤ ᠶᠢᠨ ᠤᠯᠠᠨ ᠲᠦᠷᠦᠯ ᠤᠨ | ᠠᠷᠭ᠎ᠠ ᠬᠡᠯᠪᠡᠷᠢ ᠶᠢ ᠬᠠᠮᠳᠤ ᠳᠤᠨᠢ ᠬᠡᠷᠡᠭᠵᠢᠬᠦᠯᠬᠦ ᠬᠦᠮᠦᠨ ᠤ ᠬᠦᠴᠦᠨ ᠤ ᠡᠬᠢ ᠪᠠᠶᠠᠯᠢᠭ ᠢ ᠨᠡᠭᠡᠭᠡᠨ ᠬᠦᠭᠵᠢᠭᠦᠯᠭᠦ | ᠲᠤᠬᠳᠠᠴᠠ ᠶᠢ ᠪᠠᠶᠢᠭᠤᠯᠵᠤ᠂ ᠬᠤᠳᠠ ᠬᠦᠳᠡᠭᠡ᠂ ᠤᠷᠤᠨ ᠲᠤᠭᠤᠷᠢᠭ᠂ ᠰᠤᠷᠭᠠᠭᠤᠯᠢ ᠤᠷᠤᠨ ᠨᠤᠳᠤᠭ ᠤᠨ | ᠬᠤᠭᠤᠷᠤᠨᠳᠤᠬᠢ ᠴᠢᠳᠠᠪᠤᠷᠢᠳᠠᠨ ᠬᠦᠮᠦᠵᠢᠭᠦᠯᠭᠦ ᠬᠠᠮᠳᠤᠷᠠᠯᠴᠠᠭ᠎ᠠ ᠪᠠ ᠰᠤᠯᠢᠯᠴᠠᠭᠠᠨ ᠤ ᠲᠤᠭᠳᠠᠴᠠ ᠶᠢ | ᠪᠦᠷᠢᠨᠰᠢᠭᠦᠯᠦᠨ᠎ᠡ᠃ | ︵ᠲᠦᠷᠪᠡ︶ ᠨᠡᠶᠢᠭᠡᠮ ᠤᠨ ᠡᠯ᠎ᠡ ᠡᠳᠡᠬᠡᠳ ᠤᠨ ᠬᠢᠨ ᠤ ᠬᠦᠳᠡᠭᠡ ᠲᠤᠰᠬᠤᠨ ᠤ ᠪᠦᠳᠦᠬᠡᠨ | ᠪᠠᠶᠢᠭᠤᠯᠤᠯᠲᠠ ᠳᠤ ᠤᠷᠤᠯᠴᠠᠬᠤ ᠶᠢ ᠵᠤᠷᠢᠭᠵᠢᠭᠤᠯᠵᠦ ᠬᠦᠳᠦᠯᠤᠨ ᠳᠠᠭᠠᠭᠤᠯᠤᠨ᠎ᠠ᠃ ᠲᠦᠷᠦ ᠶᠢᠨ ᠪᠤᠳᠤᠯᠭ᠎ᠠ ᠪᠠᠷ | ᠲᠠᠳᠠᠬᠤ᠂ ᠠᠵᠢᠯ ᠦᠢᠯᠡᠰ ᠢᠶᠠᠷ ᠨᠢᠭᠳᠠᠷᠠᠭᠤᠯᠬᠤ᠂ ᠨᠤᠳᠤᠭ ᠤᠨ ᠬᠠᠶᠢᠷ᠎ᠠ ᠨᠤᠳᠤᠭ ᠤᠨ ᠮᠦᠷᠦᠭᠡᠳᠦᠯ ᠢᠶᠠᠷ | ᠬᠤᠯᠪᠤᠭᠠᠰᠤ ᠪᠤᠯᠭᠠᠵᠦ᠂ ᠠᠵᠦ ᠠᠬᠤᠶᠢᠯᠠᠯᠲᠠᠨ᠂ ᠨᠠᠮ ᠵᠠᠰᠠᠭ ᠤᠨ ᠺᠠᠳ᠋ᠷ᠂ ᠲᠤᠰᠬᠠᠢ ᠮᠡᠷᠬᠡᠵᠢᠯᠳᠡᠨ ᠡᠷᠳᠡᠮᠳᠡᠳ᠂ | ᠡᠮᠴᠢ ᠪᠠᠭᠰᠢ᠂ ᠲᠦᠯᠦᠪᠯᠡᠬᠡᠳᠡᠳ᠂ ᠪᠠᠷᠢᠯᠭᠠᠳᠠᠳ᠂ ᠬᠠᠦᠯᠢᠴᠢ᠂ ᠲᠤᠰᠬᠠᠢ ᠮᠡᠷᠬᠡᠵᠢᠯᠳᠠᠳ ᠤᠨ ᠤᠯᠠᠨ ᠵᠦᠢᠯ ᠤᠨ | ᠠᠷᠭ᠎ᠠ ᠵᠠᠮ᠂ ᠡᠯ᠎ᠡ ᠵᠦᠢᠯ ᠤᠨ ᠠᠷᠭ᠎ᠠ ᠬᠡᠯᠪᠡᠷᠢ ᠪᠠᠷ ᠬᠦᠳᠡᠭᠡ ᠲᠤᠰᠬᠤᠨ ᠢ ᠬᠦᠭᠵᠢᠭᠦᠯᠤᠨ ᠮᠠᠨᠳᠤᠭᠤᠯᠬᠤ | ᠦᠢᠯᠡᠰ ᠲᠤ ᠦᠢᠯᠡᠴᠢᠯᠡᠵᠦ᠂ ᠬᠦᠳᠡᠭᠡ ᠲᠤᠰᠬᠤᠨ ᠤ ᠠᠵᠢᠯ ᠦᠢᠯᠡᠰ ᠢ ᠰᠡᠷᠬᠦᠬᠡᠨ ᠬᠦᠭᠵᠢᠬᠦᠯᠬᠦ ᠶᠢ | ᠵᠤᠷᠢᠭᠵᠢᠭᠤᠯᠵᠦ᠂ ᠤᠳᠤ ᠦᠶ᠎ᠡ ᠶᠢᠨ ᠰᠢᠨᠵᠢᠯᠡᠭᠦ ᠤᠬᠠᠭᠠᠨ ᠮᠡᠷᠬᠡᠵᠢᠯ᠂ ᠦᠢᠯᠡᠳᠪᠤᠷᠢᠯᠡᠯ ᠤᠨ ᠠᠷᠭ᠎ᠠ ᠬᠡᠯᠪᠡᠷᠢ ᠪᠠ | ᠡᠵᠡᠩᠨᠡᠯᠳᠡ ᠶᠢᠨ ᠵᠠᠬᠪᠤᠷ ᠢ ᠮᠠᠯᠵᠢᠬᠤ ᠲᠠᠷᠢᠶᠠᠯᠠᠬᠤ ᠤᠷᠤᠨ ᠳᠤ ᠲᠠᠳᠠᠵᠦ ᠤᠷᠤᠭᠤᠯᠬᠤ ᠶᠢ ᠵᠤᠷᠢᠬᠵᠢᠭᠤᠯᠤᠨ᠎ᠠ᠃ | ᠠᠵᠢᠯᠴᠢᠨ ᠤ ᠡᠪᠯᠡᠯ᠂ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠤᠭ᠎ᠠ᠂ ᠰᠢᠨᠵᠢᠯᠡᠭᠦ ᠤᠬᠠᠭᠠᠨ | ᠮᠡᠷᠬᠡᠵᠢᠯ ᠤᠨ ᠨᠡᠶᠢᠭᠡᠮᠯᠢᠭ ᠵᠡᠷᠬᠡ ᠪᠦᠯᠬᠦᠮ ᠵᠤᠬᠢᠶᠠᠨ ᠪᠠᠶᠢᠭᠤᠯᠤᠯᠲᠠ ᠶᠢᠨ ᠲᠠᠪᠠᠭᠤᠯᠢᠭ ᠢ ᠬᠦᠢᠴᠡᠳ ᠪᠠᠳᠠᠷᠠᠭᠤᠯᠵᠦ᠂ | ᠡᠯ᠎ᠡ ᠠᠷᠠᠳᠴᠢᠯᠠᠭᠰᠠᠨ ᠨᠠᠮ ᠪᠦᠯᠦᠭ᠂ ᠠᠵᠢᠯᠴᠢᠨ ᠲᠠᠷᠢᠶᠠᠴᠢᠨ ᠤ ᠬᠤᠯᠪᠤᠭ᠎ᠠ᠂ ᠨᠠᠮ ᠪᠦᠯᠦᠭ ᠤᠨ ᠪᠤᠰᠤ | ᠬᠦᠮᠦᠨ ᠵᠡᠷᠬᠡ ᠡᠯ᠎ᠠ ᠲᠡᠯ᠎ᠠ ᠶᠢᠨ ᠬᠢᠨ ᠤ ᠢᠳᠡᠪᠬᠢᠵᠢᠯ ᠢ ᠳᠠᠶᠢᠴᠢᠯᠠᠵᠤ᠂ ᠮᠠᠯᠵᠢᠬᠤ ᠲᠠᠷᠢᠶᠠᠯᠠᠬᠤ ᠤᠷᠤᠨ ᠤ ᠠᠵᠦ | ᠦᠢᠯᠡᠰ ᠤᠨ ᠬᠦᠭᠵᠢᠯᠳᠡ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ᠂ ᠨᠤᠳᠤᠭ ᠤᠨ ᠵᠠᠩᠰᠢᠯ | ᠪᠤᠯᠪᠠᠰᠤᠨ ᠤ ᠪᠠᠶᠢᠭᠤᠯᠤᠯᠲᠠ᠂ ᠮᠠᠯᠵᠢᠬᠤ ᠲᠠᠷᠢᠶᠠᠯᠠᠬᠤ ᠤᠷᠤᠨ ᠤ ᠪᠠᠭᠤᠷᠠᠶᠢᠴᠤᠤᠯ ᠳᠠᠬᠢ ᠬᠠᠯᠠᠮᠵᠢᠯᠠᠯ ᠵᠡᠷᠬᠡ ᠶᠢ | ᠲᠡᠮᠵᠢᠨ᠎ᠠ᠃ ᠬᠦᠳᠡᠭᠡ ᠲᠤᠰᠬᠤᠨ ᠢ ᠬᠦᠭᠵᠢᠭᠦᠯᠤᠨ ᠮᠠᠨᠳᠤᠭᠤᠯᠬᠤ ︽ᠲᠠᠯ᠎ᠠ ᠨᠤᠳᠤᠭ ᠤᠨ ᠪᠦᠰᠡᠭᠦᠶᠢᠴᠦᠳ ᠤᠨ | ᠠᠵᠢᠯᠯᠠᠭ᠎ᠠ︾ ᠶᠢ ᠦᠷᠨᠢᠭᠦᠯᠤᠨ᠎ᠠ᠃ ᠠᠵᠦ ᠠᠬᠤᠶᠢᠯᠠᠯᠲᠠᠨ ᠳᠤ ᠲᠤᠰᠬᠤᠨ ᠤ ᠠᠷᠠᠳ ᠤᠨ ᠵᠦᠪᠯᠡᠯ ᠤᠨ | ᠡᠷᠬᠢᠯᠡᠭᠴᠢ ᠶᠢᠨ ᠨᠡᠷ᠎ᠡ ᠵᠡᠬᠦᠯᠬᠡᠬᠦ ᠶᠢ ᠲᠤᠷᠰᠢᠨ ᠬᠡᠷᠡᠭᠵᠢᠭᠦᠯᠤᠨ᠎ᠠ᠃ | ᠠᠷᠪᠠ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠤᠷᠤᠭᠤᠯᠤᠯᠳᠠ ᠶᠢᠨ ᠪᠠᠳᠤᠯᠠᠭ᠎ᠠ ᠶᠢᠨ | ᠡᠷᠴᠢᠮ ᠢᠶᠠᠨ ᠴᠢᠩᠭᠠᠷᠠᠭᠤᠯᠵᠤ᠂ ᠤᠯᠠᠨ ᠡᠰᠢᠳᠤ ᠤᠷᠤᠭᠤᠯᠤᠯᠳᠠ ᠶᠢᠨ ᠪᠠᠶᠢᠷᠢᠰᠢᠯ ᠢ ᠪᠦᠷᠢᠯᠳᠦᠭᠦᠯᠦᠨ᠎ᠡ | ︵ᠨᠢᠭᠡ︶ ᠡᠳ᠋ ᠤᠨ ᠵᠠᠰᠠᠭ ᠤᠨ ᠤᠷᠤᠭᠤᠯᠤᠯᠳᠠ ᠶᠢᠨ ᠲᠤᠬᠳᠠᠭᠤᠨ ᠨᠡᠮᠡᠭᠳᠡᠯ ᠢ ᠪᠠᠳᠤᠯᠠᠨ᠎ᠠ᠃ ᠬᠦᠳᠡᠭᠡ | ᠳᠤᠰᠬᠤᠨ ᠢ ᠬᠦᠭᠵᠢᠬᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ ᠡᠳ᠋ ᠤᠨ ᠵᠠᠰᠠᠭ ᠤᠨ | ᠤᠷᠤᠭᠤᠯᠤᠯᠳᠠ ᠶᠢᠨ ᠪᠠᠳᠤᠯᠠᠭ᠎ᠠ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠤᠯᠠᠨ ᠨᠡᠶᠢᠲᠡ ᠶᠢᠨ ᠡᠳ᠋ ᠤᠨ | ᠵᠠᠰᠠᠭ ᠢ ᠨᠡᠩ ᠶᠡᠭᠡ ᠬᠡᠮᠵᠢᠶ᠎ᠠ ᠪᠠᠷ ︽ᠮᠠᠯ ᠠᠵᠤ ᠠᠬᠤᠢ ᠲᠡᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ | ᠲᠠᠷᠢᠶᠠᠴᠢᠨ︾ ᠳᠡᠰᠢ ᠬᠡᠯᠪᠡᠶᠢᠯᠭᠡᠵᠦ᠂ ᠡᠳ᠋ ᠤᠨ ᠵᠠᠰᠠᠭ ᠤᠨ ᠤᠷᠤᠭᠤᠯᠤᠯᠳᠠ ᠬᠦᠳᠡᠭᠡ ᠳᠤᠰᠬᠤᠨ ᠢ ᠬᠦᠭᠵᠢᠬᠦᠯᠤᠨ | ᠮᠠᠨᠳᠤᠭᠤᠯᠬᠤ ᠬᠠᠷᠠᠯᠳᠠ ᠡᠬᠦᠷᠬᠡ ᠲᠠᠢ ᠬᠠᠷᠢᠯᠴᠠᠨ ᠵᠤᠬᠢᠴᠠᠬᠤ ᠶᠢ ᠦᠨᠡᠨᠬᠦ ᠪᠠᠳᠤᠯᠠᠨ᠎ᠠ᠃ ᠡᠳ᠋ ᠤᠨ ᠵᠠᠰᠠᠭ ᠤᠨ | ᠬᠠᠩᠭᠠᠯᠭ᠎ᠠ ᠶᠢᠨ ᠲᠠᠯ᠎ᠠ ᠶᠢᠨ ᠪᠦᠳᠤᠴᠠ ᠶᠢ ᠰᠢᠯᠢᠳᠡᠭᠵᠢᠬᠦᠯᠵᠤ᠂ ︽ᠲᠤᠮᠤ ᠲᠤᠰᠬᠠᠢ ᠲᠦᠷᠦᠯ ᠵᠦᠢᠯ + ᠲᠦᠷᠦᠯ | ᠵᠦᠢᠯ ᠤᠨ ᠨᠠᠷᠢᠨ ᠲᠠᠩᠰᠠ︾ ᠶᠢᠨ ᠬᠠᠮᠢᠶᠠᠷᠤᠯᠳᠠ ᠶᠢᠨ ᠠᠷᠭ᠎ᠠ ᠪᠡᠷᠢᠯ ᠢ ᠲᠡᠯᠭᠡᠷᠡᠭᠦᠯᠵᠦ᠂ ᠠᠵᠢᠯ ᠲᠦᠷᠤᠯ ᠤᠨ | ᠳᠤᠳᠤᠷ᠎ᠠ ᠪᠠᠨ ᠪᠡᠯᠡ ᠮᠦᠩᠬᠦ ᠶᠢ ᠨᠡᠶᠢᠳᠬᠡᠬᠦ ᠪᠠ ᠠᠵᠢᠯ ᠲᠦᠷᠤᠯ ᠤᠨ ᠬᠤᠭᠤᠷᠤᠨᠳᠤ ᠪᠡᠯᠡ ᠮᠦᠩᠬᠦ ᠶᠢ ᠨᠢᠬᠡᠳᠤᠯᠳᠠᠢ | ᠲᠦᠯᠦᠪᠵᠢᠭᠦᠯᠦᠨ ᠵᠤᠯᠭᠠᠭᠤᠯᠵᠤ ᠬᠠᠮᠵᠢᠯᠴᠠᠬᠤ ᠶᠢ ᠠᠬᠢᠭᠤᠯᠵᠤ᠂ ᠬᠤᠰᠢᠭᠤ ᠰᠢᠶᠠᠨ ︵ᠬᠤᠳᠠ᠂ ᠲᠤᠭᠤᠷᠢᠭ︶ | ᠤᠨ ᠪᠡᠶ᠎ᠠ ᠪᠠᠨ ᠳᠠᠭᠠᠭᠠᠨ ᠡᠵᠡᠨ ᠮᠡᠳᠡᠵᠤ ᠨᠢᠬᠡᠳᠤᠯᠳᠡᠢ ᠲᠦᠯᠦᠪᠵᠢᠭᠦᠯᠬᠦ ᠤᠷᠤᠨ ᠵᠠᠢ ᠶᠢ ᠦᠷᠭᠡᠳᠭᠡᠵᠤ᠂ ᠮᠠᠯ | ᠠᠵᠤ ᠠᠬᠤᠢ ᠲᠠᠷᠢᠶᠠᠯᠠᠩ ᠳᠤ ᠬᠤᠯᠪᠤᠭᠳᠠᠭᠰᠠᠠ ᠪᠡᠯᠡ ᠮᠦᠩᠬᠦ ᠶᠢᠨ ᠠᠰᠢᠬᠯᠠᠮᠵᠢ ᠶᠢ ᠲᠡᠭᠡᠭᠰᠢᠯᠡᠬᠦᠯᠦᠨ᠎ᠡ᠃ ᠡᠳ᠋ | ᠤᠨ ᠵᠠᠰᠠᠭ ᠤᠨ ᠪᠡᠯᠡ ᠮᠦᠩᠬᠦ ᠶᠢᠨ ᠤᠳᠤᠷᠢᠳᠤᠮᠵᠢ ᠶᠢᠨ ᠤᠶᠢᠢᠯᠠᠳᠤᠯ ᠢ ᠬᠦᠢᠴᠡᠳ ᠪᠠᠳᠠᠷᠠᠭᠤᠯᠵᠤ᠂ ᠮᠦᠩᠬᠦᠨ | ᠬᠦᠢᠯᠬᠡᠬᠡᠨ ᠪᠠ ᠨᠡᠶᠢᠭᠡᠮ ᠤᠨ ᠬᠦᠷᠤᠩᠬᠡ ᠶᠢ ᠨᠡᠩ ᠶᠡᠭᠡ ᠭᠡᠮᠵᠢᠶ᠎ᠠ ᠪᠠᠷ ᠬᠦᠳᠡᠭᠡ ᠳᠤᠰᠬᠤᠨ ᠢ ᠬᠦᠭᠵᠢᠬᠦᠯᠤᠨ | ᠮᠠᠨᠳᠤᠭᠤᠯᠬᠤ ᠳᠤ ᠠᠰᠢᠬᠯᠠᠨ᠎ᠠ᠃ ᠦᠪᠡᠷᠳᠡᠭᠡᠨ ᠵᠠᠰᠠᠬᠤ ᠤᠷᠤᠨ ᠤ ᠮᠠᠯ ᠠᠵᠤ ᠠᠬᠤᠢ ᠲᠠᠷᠢᠶᠠᠯᠠᠩ ᠤᠨ | ᠢᠳᠡᠭᠡᠮᠵᠢᠳᠤ ᠵᠢᠭᠡᠯᠡᠯᠭᠡ ᠶᠢᠨ ᠪᠠᠳᠤᠯᠠᠨ ᠲᠠᠭᠠᠭᠠᠬᠤ ᠰᠢᠰᠲ᠋ᠧᠮ ᠤᠨ ᠦᠢᠯᠡᠳᠦᠯ ᠢ ᠪᠠᠳᠠᠷᠠᠭᠤᠯᠵᠤ᠂ ᠡᠳ᠋ ᠤᠨ ᠵᠠᠰᠠᠭ | ᠤᠨ ᠪᠠᠯᠡ ᠮᠦᠩᠬᠦ ᠶᠢᠨ ᠬᠡᠷᠡᠭᠯᠡᠬᠦ ᠠᠷᠭ᠎ᠠ ᠪᠡᠷᠢᠯ ᠤᠨ ᠰᠢᠨ᠎ᠡ ᠶᠢ ᠡᠭᠦᠳᠴᠦ᠂ ᠡᠳ᠋ ᠤᠨ ᠵᠠᠰᠠᠭ ᠤᠨ ᠪᠠᠳᠤᠯᠠᠨ | ᠲᠠᠭᠠᠭᠠᠬᠤ ᠵᠠᠷᠤᠳᠠᠯ ᠤᠨ ᠨᠤᠷᠮ᠎ᠠ ᠶᠢᠨ ᠨᠦᠬᠦᠪᠤᠷᠢ ᠪᠠ ᠱᠠᠩᠨᠠᠯ ᠢᠶᠠᠷ ᠨᠦᠬᠦᠪᠤᠷᠢ ᠶᠢ ᠤᠷᠤᠯᠠᠭᠤᠯᠬᠤ ᠵᠡᠷᠭᠡ ᠪᠠᠷ | ᠲᠠᠮᠵᠢᠨ ᠰᠢᠨ᠎ᠠ ᠬᠡᠯᠪᠡᠷᠢ ᠶᠢᠨ ᠮᠠᠯ ᠠᠵᠤ ᠠᠬᠤᠢ ᠲᠠᠷᠢᠶᠠᠯᠠᠩ ᠤᠨ ᠡᠵᠡᠩᠨᠠᠯᠳᠠ ᠶᠢᠨ ᠭᠤᠤᠯ ᠴᠤᠭᠴᠠ ᠶᠢ ᠲᠠᠮᠵᠢᠬᠦ | ᠡᠷᠴᠢᠮ ᠢᠶᠠᠨ ᠴᠢᠩᠭᠠᠷᠠᠭᠤᠯᠤᠨ᠎ᠠ᠃ ᠮᠠᠯ ᠠᠵᠤ ᠠᠬᠤᠢ ᠲᠠᠷᠢᠶᠠᠯᠠᠩ ᠳᠤ ᠬᠤᠯᠪᠤᠬᠳᠠᠬᠰᠠᠨ ᠵᠠᠰᠠᠭ ᠤᠨ ᠤᠷᠳᠤᠨ ᠤ | ᠴᠢᠨᠠᠷᠳᠠᠢ ᠰᠠᠭᠤᠷᠢ ᠮᠦᠩᠭᠦ ᠶᠢᠨ ᠡᠵᠡᠩᠨᠡᠯᠳᠡ ᠶᠢ ᠲᠦᠷᠭᠡᠳᠭᠡᠨ ᠠᠭᠢᠭᠤᠯᠵᠤ᠂ ᠮᠠᠯ ᠠᠵᠤ ᠠᠬᠤᠢ ᠲᠠᠷᠢᠶᠠᠯᠠᠩ ᠤᠨ | ᠠᠵᠤ ᠠᠬᠤᠶᠢᠯᠠᠯ ᠤᠨ ᠬᠦᠭᠵᠢᠯᠳᠡ ᠪᠡ ᠶᠠᠳᠠᠭᠤ ᠭᠦᠴᠢᠷᠳᠡᠯᠳᠡᠢ ᠡᠷᠦᠬᠡ ᠶᠢᠨ ᠶᠠᠳᠠᠭᠤ ᠠᠴᠠ ᠠᠩᠬᠢᠵᠢᠷᠠᠬᠤ ᠳᠤ | ᠲᠡᠮᠵᠢᠨ᠎ᠠ᠃ ᠵᠤᠬᠢᠬᠤ ᠬᠡᠮᠵᠢᠶ᠎ᠡ ᠪᠠᠷ ᠡᠩ ᠤᠨ ᠵᠢᠬᠡᠯᠡᠯᠬᠡ ᠶᠢᠨ ᠲᠡᠮᠳᠡᠭᠲᠦ ᠲᠠᠷᠬᠠᠭᠠᠵᠤ᠂ ᠬᠦᠳᠡᠭᠡ ᠳᠤᠰᠬᠤᠨ ᠢ | ᠬᠦᠭᠵᠢᠬᠦᠯᠤᠨ ᠮᠨᠨᠳᠤᠭᠤᠯᠬᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠬᠦᠷᠢᠶ᠎ᠠ ᠴᠠᠷᠠᠭ᠎ᠠ ᠳᠠᠬᠢ | ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠲᠦᠷᠤᠯ ᠵᠦᠢᠯ ᠳᠤ ᠬᠡᠷᠡᠭᠯᠡᠬᠦ ᠶᠢ ᠲᠡᠮᠵᠢᠨ᠎ᠠ᠃ ᠤᠷᠤᠨ ᠨᠤᠳᠤᠭ ᠤᠨ | ᠵᠠᠰᠠᠭ ᠤᠨ ᠤᠷᠳᠤᠨ ᠤ ᠲᠤᠰᠬᠠᠢ ᠲᠦᠷᠦᠯ ᠤᠨ ᠵᠢᠭᠡᠯᠡᠯᠭᠡ ᠶᠢᠨ ᠲᠡᠮᠳᠡᠭᠳᠦ ᠶᠢᠨ ᠲᠤᠬᠠᠢ ᠬᠠᠮᠢᠶᠠᠷᠤᠯᠳᠠ ᠶᠢᠨ | ᠦᠭᠡᠷᠡᠴᠢᠯᠡᠯᠳᠡ ᠶᠢ ᠲᠤᠬᠳᠠᠭᠤᠨ ᠢᠶᠠᠷ ᠠᠬᠢᠭᠤᠯᠵᠤ᠂ ᠦᠪᠡᠷᠳᠡᠭᠡᠨ ᠵᠠᠰᠠᠬᠤ ᠤᠷᠤᠨ ᠠᠴᠠ ᠲᠤᠷᠰᠢᠯᠳᠠ ᠶᠢᠨ | ᠴᠢᠭ᠋ ᠲᠤ ᠲᠦᠷᠤᠯ ᠵᠤᠶᠢᠢᠯ ᠤᠨ ᠪᠡᠯᠡ ᠬᠤᠷᠠᠮᠳᠤᠭᠤᠯᠬᠤ ᠪᠠ ᠠᠰᠢᠬ ᠤᠯᠵᠠᠪᠤᠷᠢ ᠶᠢᠨ ᠲᠡᠩᠴᠡᠭᠦᠷᠢᠰᠢᠯ ᠢ | ᠦᠪᠡᠷᠰᠡᠳ ᠢᠶᠠᠨ ᠬᠠᠷᠢᠭᠤᠴᠠᠬᠤ ︽ᠳᠤᠰᠬᠠᠢ ᠲᠦᠷᠤᠯ ᠤᠨ ᠵᠢᠬᠡᠯᠡᠯᠬᠡ ᠶᠢᠨ ᠲᠡᠮᠳᠡᠭᠲᠦ︾ ᠲᠠᠷᠬᠠᠭᠠᠵᠤ᠂ | ᠨᠦᠭᠦᠴᠡᠯ ᠳᠤ ᠳᠤᠬᠢᠷᠠᠭᠰᠠᠠ᠂ ᠵᠤᠬᠢᠬᠤ ᠠᠰᠢᠭ ᠤᠷᠤᠯᠭ᠎ᠠ ᠲᠠᠢ ᠬᠦᠳᠡᠭᠡ ᠳᠤᠰᠬᠤᠨ ᠤ ᠨᠡᠶᠢᠲᠡ ᠶᠢᠨ | ᠠᠰᠠᠷᠠᠮᠵᠢ ᠶᠢᠨ ᠲᠦᠷᠤᠯ ᠵᠤᠶᠢᠢᠯ ᠤᠨ ᠪᠠᠶᠢᠭᠤᠯᠤᠯᠲᠠ ᠶᠢ ᠲᠠᠮᠵᠢᠨ᠎ᠠ᠃ ᠡᠯ᠎ᠡ ᠱᠠᠳᠤᠨ ᠤ ᠵᠠᠰᠠᠭ ᠤᠨ ᠤᠷᠳᠤᠨ ᠤ | ᠵᠢᠭᠡᠯᠡᠯᠭᠡ ᠪᠠᠷ ᠪᠡᠯᠡ ᠬᠤᠷᠠᠮᠳᠤᠭᠤᠯᠬᠤ ᠠᠵᠢᠯᠯᠠᠭ᠎ᠠ ᠶᠢ ᠲᠦᠷᠢᠮᠵᠢᠭᠦᠯᠵᠦ᠂ ᠬᠦᠳᠡᠭᠡ ᠲᠤᠰᠬᠤᠨ ᠢ ᠬᠦᠭᠵᠢᠬᠦᠯᠦᠨ | ᠮᠠᠨᠳᠤᠭᠤᠯᠬᠤ ᠨᠡᠷ᠎ᠡ ᠪᠠᠷ ᠬᠠᠤᠯᠢ ᠲᠦᠷᠢᠮ ᠠᠴᠠ ᠵᠦᠷᠢᠴᠡᠨ ᠬᠡᠯᠪᠡᠷᠢ ᠶᠢ ᠨᠢ ᠬᠤᠪᠢᠷᠠᠭᠤᠯᠵᠤ ᠵᠢᠭᠡᠯᠡᠯᠭᠡ ᠠᠪᠴᠤ | ᠪᠤᠯᠬᠤ ᠦᠭᠡᠢ᠃ | ︵ᠬᠤᠶᠠᠷ︶ ᠪᠡᠯᠨ ᠮᠦᠡᠭᠬᠦ ᠬᠤᠷᠠᠮᠳᠤᠭᠤᠯᠬᠤ ᠠᠷᠭ᠎ᠠ ᠵᠠᠮ ᠢ ᠦᠷᠭᠡᠤᠡᠭᠡᠨᠡ᠃ ᠭᠠᠵᠠᠷ ᠰᠢᠷᠤᠢ ᠨᠤᠳᠤᠬ | ᠪᠡᠯᠴᠢᠬᠡᠷ ᠢ ᠬᠤᠳᠠᠯᠳᠤᠨ ᠤᠯᠤᠭᠰᠠᠨ ᠤᠷᠤᠯᠭ᠎ᠠ ᠶᠢ ᠭᠡᠷᠡᠭᠯᠡᠬᠦ ᠭᠡᠪᠴᠢᠶ᠎ᠡ ᠶᠢ ᠲᠤᠬᠢᠷᠠᠭᠤᠯᠤᠨ ᠲᠡᠬᠦᠯᠳᠡᠷᠵᠢᠬᠦᠯᠵᠤ᠂ | ᠮᠠᠯ ᠠᠵᠤ ᠠᠬᠤᠢ ᠲᠠᠷᠢᠶᠠᠯᠠᠩ ᠬᠦᠳᠡᠭᠡ ᠲᠤᠰᠬᠤᠨ ᠮᠠᠯᠵᠢᠬᠤ ᠤᠷᠤᠨ ᠤ ᠪᠡᠯᠨ ᠤᠷᠤᠭᠤᠯᠤᠯᠳᠡ ᠶᠢᠨ ᠬᠠᠷᠢᠴᠠᠯ ᠢ | ᠤᠯᠠᠮ ᠨᠢᠭᠡ ᠠᠯᠬᠤᠮ ᠲᠡᠭᠡᠭᠰᠢᠯᠡᠬᠦᠯᠦᠨ᠎ᠡ᠃ ᠮᠠᠨ ᠤ ᠤᠷᠤᠨ ᠤ ᠲᠠᠷᠢᠶᠠᠨ ᠭᠠᠵᠠᠷ ᠤᠨ ᠨᠦᠭᠡᠴᠨ ᠡᠬᠢ ᠪᠠᠶᠠᠯᠢᠬ | ᠡᠯᠪᠡᠭ ᠪᠠᠶᠢᠳᠠᠭ ᠲᠠᠪᠠᠭᠤᠯᠢᠬ ᠢᠶᠠᠨ ᠬᠦᠢᠴᠡᠳ ᠠᠰᠢᠬᠯᠠᠵᠤ᠂ ᠭᠠᠵᠠᠷ ᠰᠢᠷᠤᠢ ᠶᠢ ᠴᠡᠭᠴᠡᠯᠡᠨ ᠵᠠᠰᠠᠬᠤ ᠪᠡ | ᠤᠷᠤᠯᠭ᠎ᠠ ᠶᠢᠨ ᠨᠡᠮᠡᠭᠳᠡᠯ ᠬᠠᠰᠤᠬᠳᠠᠯ ᠢ ᠡᠮᠬᠢ ᠲᠠᠷᠠᠭ᠎ᠠ ᠲᠠᠢ ᠠᠬᠢᠭᠤᠯᠬᠤ ᠲᠠᠢ ᠬᠤᠯᠪᠤᠬᠳᠠᠭᠤᠯᠵᠤ᠂ ᠦᠨᠳᠦᠷ | ᠪᠡᠷᠢᠮᠵᠢᠶᠠᠳᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠵᠡᠷᠭᠡ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ | ᠤᠨ ᠵᠢᠭᠠᠯᠳᠠ ᠲᠤᠭ᠎ᠠ ᠪᠤᠯᠤᠨ ᠬᠤᠳᠡ ᠬᠦᠳᠡᠭᠡ ᠶᠢᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ | ᠨᠡᠮᠡᠭᠳᠡᠬᠦᠯᠬᠦ ᠬᠠᠰᠤᠬᠳᠠᠭᠤᠯᠬᠤ ᠲᠠᠢ ᠬᠤᠯᠪᠤᠬᠳᠠᠭᠤᠯᠵᠤ ᠦᠯᠡᠳᠡᠬᠡᠭᠦ ᠵᠢᠭᠠᠯᠳᠠ ᠲᠤᠭ᠎ᠠ ᠶᠢ ᠭᠡᠪᠴᠢᠶᠠᠨ ᠲᠤᠳᠤᠷ᠎ᠡ | ᠨᠢᠭᠡᠳᠤᠯᠳᠡᠢ ᠲᠦᠯᠦᠪᠵᠢᠬᠦᠯᠬᠦ ᠶᠢ ᠭᠡᠷᠡᠭᠵᠢᠬᠦᠯᠵᠤ᠂ ᠵᠢᠭᠠᠯᠳᠠ ᠲᠤᠭ᠎ᠠ ᠶᠢᠨ ᠰᠤᠯᠢᠯᠴᠠᠭ᠎ᠠ ᠶᠢᠨ ᠭᠠᠵᠠᠷ ᠢ ᠪᠦᠬᠦᠨ ᠢ | ᠶᠠᠳᠠᠭᠤ ᠠᠴᠠ ᠠᠩᠬᠢᠵᠢᠷᠠᠭᠤᠯᠬᠤ ᠪᠤᠭᠤᠮᠳᠡ ᠰᠢᠪᠳᠤᠯᠬᠤ ᠲᠦᠷᠦ ᠶᠢᠨ ᠪᠤᠳᠤᠯᠭ᠎ᠠ ᠶᠢ ᠪᠠᠬᠢᠵᠢᠬᠦᠯᠬᠦ ᠪᠤᠯᠤᠨ ᠬᠦᠳᠡᠭᠡ | ᠲᠤᠰᠬᠤᠨ ᠢ ᠬᠦᠭᠵᠢᠬᠦᠯᠦᠨ ᠮᠠᠠᠳᠤᠭᠤᠯᠬᠤ ᠪᠠᠶᠢᠯᠳᠤᠬᠤ ᠪᠤᠳᠤᠯᠭ᠎ᠠ ᠶᠢ ᠳᠡᠮᠵᠢᠬᠦ ᠳᠤ ᠭᠡᠷᠡᠭᠯᠡᠨ᠎ᠡ᠃ ᠦᠢᠯᠡᠤᠡᠪᠤᠷᠢ | ᠬᠤᠳᠠᠯᠳᠤᠭ᠎ᠠ ᠶᠢᠨ ᠬᠦᠷᠦᠩᠭᠡ ᠬᠦᠳᠡᠭᠡ ᠲᠤᠰᠬᠤᠨ ᠢ ᠬᠦᠭᠵᠢᠬᠦᠯᠦᠨ ᠮᠠᠠᠳᠤᠭᠤᠯᠬᠤ ᠪᠠᠶᠢᠯᠳᠤᠬᠤ ᠪᠤᠳᠤᠯᠭ᠎ᠠ ᠳᠤ | ᠤᠷᠤᠯᠴᠠᠬᠤ ᠶᠢ ᠵᠤᠷᠢᠬᠵᠢᠭᠤᠯᠤᠨ ᠲᠠᠭᠠᠭᠤᠯᠬᠤ ᠭᠡᠷᠡᠭᠵᠢᠬᠦᠯᠬᠦ ᠰᠠᠨᠠᠯ ᠢ ᠲᠤᠬᠳᠠᠭᠠᠵᠤ᠂ ᠪᠡᠯᠡ ᠬᠤᠷᠠᠮᠳᠤᠭᠤᠯᠤᠨ | ᠵᠢᠭᠡᠯᠡᠯᠭᠡ ᠲᠠᠯᠪᠢᠬᠤ᠂ ᠢᠵᠢ ᠪᠦᠷᠢᠳᠦᠭᠰᠡᠨ ᠲᠤᠨᠤᠬ ᠲᠦᠬᠦᠭᠡᠷᠤᠮᠵᠢ ᠶᠢᠨ ᠪᠦᠳᠦᠭᠡᠨ ᠪᠠᠶᠢᠭᠤᠯᠤᠯᠲᠠ ᠳᠤ | ᠨᠦᠬᠦᠪᠤᠷᠢ ᠤᠯᠭᠤᠬᠤ᠂ ᠭᠠᠶᠢᠯᠢ ᠰᠦᠢᠤᠡᠭᠡᠯ ᠢ ᠭᠡᠯᠳᠦᠷᠢᠬᠦᠯᠬᠦ ᠵᠡᠷᠭᠡ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠤᠨ ᠲᠡᠬᠦᠯᠳᠡᠷᠵᠢᠬᠦᠯᠵᠤ᠂ ᠲᠦᠷᠦ ᠶᠢᠨ ᠪᠤᠳᠤᠯᠭ᠎ᠠ ᠶᠢᠨ ᠬᠦᠷᠢᠶ᠎ᠡ ᠴᠡᠷᠠᠭ᠎ᠠ ᠶᠢ ᠲᠤᠳᠤᠷᠬᠠᠶᠢᠯᠠᠨ᠂ | ᠮᠠᠯᠴᠢᠨ ᠲᠠᠷᠢᠶᠠᠴᠢᠨ ᠤ ᠠᠰᠢᠬ ᠲᠤᠰᠨ ᠶᠢ ᠰᠠᠶᠢᠲᠤᠷ ᠬᠠᠮᠠᠭᠠᠯᠠᠨ᠎ᠡ᠃ ᠡᠳ᠋ ᠤᠨ ᠵᠠᠰᠠᠬ ᠤᠨ ᠶᠠᠪᠤᠳᠠᠯ ᠢ ᠠᠰ | ᠠᠰ ᠢᠶᠠᠷ ᠨᠢ ᠵᠦᠪᠯᠡᠬᠦ᠂ ᠱᠠᠩᠨᠠᠬᠤ ᠪᠠᠷ ᠨᠦᠬᠦᠪᠤᠷᠢ ᠶᠢ ᠤᠷᠤᠯᠠᠭᠤᠯᠬᠤ ᠵᠡᠷᠭᠡ ᠠᠷᠭ᠎ᠠ ᠶᠢ ᠠᠪᠴᠤ᠂ ᠮᠠᠯᠴᠢᠨ | ᠲᠠᠷᠢᠶᠠᠴᠢᠨ ᠤ ᠰᠢᠭᠤᠳ ᠠᠰᠢᠬ ᠲᠤᠰᠨ ᠬᠦᠷᠳᠡᠬᠦ ᠬᠦᠳᠡᠭᠡ ᠲᠤᠰᠬᠤᠨ ᠤ ᠰᠠᠭᠤᠷᠢ ᠪᠡᠯᠡᠳᠬᠡᠮᠵᠢ ᠶᠢᠨ ᠪᠦᠳᠦᠭᠡᠨ | ᠪᠠᠶᠢᠭᠤᠯᠤᠯᠲᠠ ᠳᠤ ᠬᠦᠴᠦ ᠬᠦᠳᠡᠯᠮᠦᠷᠢ ᠵᠠᠷᠤᠴᠠᠭᠤᠯᠬᠤ ᠶᠢ ᠵᠤᠷᠢᠬᠵᠢᠭᠤᠯᠤᠨ᠎ᠠ᠃ | ︵ᠭᠤᠷᠪᠡ︶ ᠮᠦᠡᠭᠬᠦᠨ ᠬᠦᠢᠯᠭᠡᠭᠡᠨ ᠤ ᠦᠢᠯᠡᠴᠢᠯᠡᠭᠡᠨ ᠤ ᠴᠢᠳᠠᠪᠤᠷᠢ ᠶᠢ ᠲᠡᠭᠡᠭᠰᠢᠯᠡᠬᠦᠯᠦᠨ᠎ᠡ᠃ ᠮᠦᠡᠭᠬᠦᠨ | ᠬᠦᠢᠯᠭᠡᠭᠡᠨ ᠤ ᠬᠦᠳᠡᠭᠡ ᠲᠤᠰᠬᠤᠨ ᠢ ᠬᠦᠭᠵᠢᠬᠦᠯᠦᠨ ᠮᠠᠠᠳᠤᠭᠤᠯᠬᠤ ᠳᠤ ᠦᠢᠯᠡᠴᠢᠯᠡᠬᠦ ᠭᠡᠷᠡᠭᠵᠢᠬᠦᠯᠬᠦ ᠰᠠᠨᠠᠯ ᠢ | ᠲᠤᠬᠳᠠᠭᠠᠵᠤ᠂ ᠡᠯ᠎ᠡ ᠮᠦᠡᠭᠬᠦᠨ ᠬᠦᠢᠯᠭᠡᠭᠡᠨ ᠤ ᠪᠠᠶᠢᠭᠤᠯᠤᠮᠵᠢ ᠶᠢᠨ ᠲᠤᠷᠤᠬᠰᠢ ᠬᠤᠪᠢᠶᠠᠷᠢ ᠪᠠᠶᠢᠭᠤᠯᠤᠮᠵᠢ | ᠪᠠᠶᠢᠭᠤᠯᠬᠤ ᠶᠢ ᠲᠡᠮᠵᠢᠵᠤ᠂ ᠬᠦᠳᠡᠭᠡ ᠲᠤᠰᠬᠤᠨ ᠮᠠᠯᠵᠢᠬᠤ ᠲᠠᠷᠢᠶᠠᠯᠠᠬᠤ ᠤᠷᠤᠨ ᠤ ᠮᠦᠡᠭᠬᠦᠨ ᠬᠦᠢᠯᠭᠡᠭᠡᠨ ᠤ | ᠦᠢᠯᠡᠴᠢᠯᠡᠭᠡᠨ ᠤ ᠪᠦᠷᠬᠦᠴᠨ ᠶᠢ ᠦᠷᠬᠦᠯᠵᠢᠯᠡᠨ ᠦᠷᠭᠡᠤᠡᠭᠡᠵᠤ᠂ ᠮᠠᠯᠵᠢᠬᠤ ᠲᠠᠷᠢᠶᠠᠯᠠᠬᠤ ᠤᠷᠤᠨ ᠢ ᠲᠡᠮᠵᠢᠬᠦ ᠰᠢᠷᠢᠰ | ᠮᠦᠡᠭᠬᠦᠨ ᠬᠦᠢᠯᠭᠡᠭᠡᠨ ᠤ ᠪᠦᠳᠦᠭᠡᠭᠳᠡᠬᠦᠨ ᠤ ᠰᠢᠨ᠎ᠡ ᠶᠢ ᠡᠬᠦᠤᠡᠴᠤ᠂ ᠮᠦᠡᠭᠬᠦᠨ ᠬᠦᠢᠯᠭᠡᠭᠡᠨ ᠤ ᠦᠢᠯᠡᠴᠢᠯᠡᠭᠡᠨ ᠤ | ᠲᠦᠪᠰᠢᠨ ᠢ ᠤᠯᠠᠮ ᠨᠢᠭᠡ ᠠᠯᠬᠤᠮ ᠲᠡᠭᠡᠭᠰᠢᠯᠡᠬᠦᠯᠦᠨ᠎ᠡ᠃ ᠲᠠᠷᠢᠶᠠᠯᠠᠩ ᠤᠨ ᠪᠠᠩᠬᠢ ᠶᠢᠨ ᠦᠪᠤᠷ ᠮᠤᠩᠭᠤᠯ ᠤᠨ | ᠬᠤᠪᠢᠶᠠᠷᠢ ᠪᠠᠩᠬᠢ᠂ ᠰᠢᠤᠳᠠᠨ ᠤ ᠬᠠᠳᠠᠭᠠᠯᠠᠮᠵᠢ ᠶᠢᠨ ᠪᠠᠩᠬᠢ ᠶᠢᠨ ᠦᠪᠤᠷ ᠮᠤᠩᠭᠤᠯ ᠤᠨ ᠬᠤᠪᠢᠶᠠᠷᠢ | ᠪᠠᠩᠬᠢ ᠨᠤᠭᠤᠳ ᠮᠦᠡᠭᠬᠦᠨ ᠬᠦᠢᠯᠭᠡᠭᠡᠨ ᠤ ᠦᠢᠯᠡᠴᠢᠯᠡᠭᠡᠨ ᠤ ᠠᠵᠢᠯ ᠲᠦᠷᠦᠯ ᠢᠶᠠᠨ ᠤᠯᠠᠮ ᠨᠢᠭᠡ ᠠᠯᠬᠤᠮ | ᠦᠷᠭᠡᠤᠡᠭᠡᠵᠤ᠂ ᠬᠦᠳᠡᠭᠡ ᠲᠤᠰᠬᠤᠨ ᠢ ᠬᠦᠭᠵᠢᠬᠦᠯᠦᠨ ᠮᠠᠠᠳᠤᠭᠤᠯᠬᠤ ᠶᠢ ᠲᠡᠮᠵᠢᠬᠦ ᠡᠷᠴᠢᠮ ᠢᠶᠠᠨ | ᠴᠢᠩᠭᠠᠷᠠᠭᠤᠯᠬᠤ ᠶᠢ ᠠᠬᠢᠭᠤᠯᠤᠨ᠎ᠡ︔ ᠤᠯᠤᠰ ᠤᠨ ᠬᠦᠭᠵᠢᠭᠦᠯᠦᠯᠳᠡ ᠶᠢᠨ ᠪᠠᠩᠬᠢ ᠶᠢᠨ ᠦᠪᠤᠷ ᠮᠤᠩᠭᠤᠯ ᠤᠨ | ᠬᠤᠪᠢᠶᠠᠷᠢ ᠪᠠᠩᠬᠢ᠂ ᠲᠠᠷᠢᠶᠠᠯᠠᠩ ᠤᠨ ᠬᠦᠭᠵᠢᠬᠦᠯᠦᠯᠳᠡ ᠶᠢᠨ ᠪᠠᠩᠬᠢ ᠶᠢᠨ ᠦᠪᠤᠷ ᠮᠤᠩᠭᠤᠯ ᠤᠨ ᠬᠤᠪᠢᠶᠠᠷᠢ | ᠪᠠᠩᠬᠢ ᠶᠢᠨ ᠮᠦᠡᠭᠬᠦᠨ ᠬᠦᠢᠯᠭᠡᠭᠡᠨ ᠤ ᠦᠢᠯᠡᠴᠢᠯᠡᠭᠡ ᠶᠢᠨ ᠠᠷᠭ᠎ᠠ ᠭᠡᠯᠪᠡᠷᠢ ᠶᠢᠨ ᠰᠢᠨ᠎ᠡ ᠶᠢ ᠡᠬᠦᠤᠡᠬᠦ ᠶᠢ | ᠴᠢᠩᠭᠠᠤᠠᠬᠠᠨ ᠠᠬᠢᠭᠤᠯᠵᠤ᠂ ᠬᠦᠳᠡᠭᠡ ᠲᠤᠰᠬᠤᠨ ᠢ ᠬᠦᠭᠵᠢᠬᠦᠯᠦᠨ ᠮᠠᠠᠳᠤᠭᠤᠯᠬᠤ ᠶᠢ ᠲᠤᠮᠳᠡ ᠤᠷᠳᠤ | ᠬᠤᠭᠤᠴᠠᠭᠠᠨ ᠤ ᠢᠳᠡᠭᠡᠮᠵᠢᠳᠤ ᠵᠢᠭᠡᠯᠡᠯᠭᠡ ᠪᠠᠷ ᠲᠡᠮᠵᠢᠬᠦ ᠶᠢ ᠴᠢᠩᠭᠠᠤᠠᠬᠠᠨᠡ᠃ ᠬᠦᠳᠡᠭᠡ ᠲᠤᠰᠬᠤᠨ ᠤ | ᠢᠳᠡᠭᠡᠮᠵᠢ ᠶᠢᠨ ᠬᠤᠷᠰᠢᠶ᠎ᠠ ᠶᠢᠨ ᠦᠪᠡᠷᠳᠡᠭᠡᠨ ᠵᠠᠰᠠᠬᠤ ᠤᠷᠤᠨ ᠤ ᠬᠠᠮᠳᠤᠷᠠᠬᠰᠠᠨ ᠬᠤᠷᠰᠢᠶ᠎ᠡ ᠶᠢᠨ | ᠦᠭᠡᠷᠡᠴᠢᠯᠡᠯᠳᠡ ᠶᠢᠨ ᠠᠯᠬᠤᠮ ᠢᠶᠠᠨ ᠲᠦᠷᠭᠡᠤᠡᠭᠡᠵᠤ᠂ ᠬᠤᠰᠢᠭᠤ ᠰᠢᠶᠠᠨ ᠤ ᠬᠦᠳᠡᠭᠡ ᠲᠤᠰᠬᠤᠨ ᠤ ᠢᠳᠡᠭᠡᠮᠵᠢ ᠶᠢᠨ | ᠬᠤᠷᠰᠢᠶ᠎ᠡ ᠶᠢᠨ ᠬᠤᠪᠢ ᠤᠷᠤᠭᠤᠯᠬᠤ ᠲᠦᠷᠢᠮ ᠤᠨ ᠦᠭᠡᠷᠡᠴᠢᠯᠠᠯᠳᠡ ᠶᠢ ᠠᠬᠢᠭᠤᠯᠤᠨ᠂ ᠵᠦᠷᠢᠶᠡᠳᠦ᠂ ᠤᠡᠴᠡᠯᠢᠬᠳᠤ | ᠮᠦᠡᠭᠬᠦᠨ ᠬᠦᠢᠯᠭᠡᠭᠡᠨ ᠤ ᠦᠢᠯᠡᠴᠢᠯᠡᠭᠡ ᠶᠢ ᠦᠷᠨᠢᠬᠦᠯᠦᠨ᠎ᠡ᠃ ᠮᠠᠯ ᠠᠵᠤ ᠠᠬᠤᠢ ᠲᠠᠷᠢᠶᠠᠯᠠᠩ ᠢ ᠲᠡᠮᠵᠢᠬᠦ ︵ | ᠶᠠᠳᠠᠭᠤ ᠶᠢ ᠲᠡᠤᠡᠬᠦᠬᠦ ᠪᠠᠭᠳᠠᠨ᠎ᠡ︶ ᠲᠠᠬᠢᠨ ᠵᠢᠭᠡᠯᠡᠯᠭᠡ ᠤᠯᠭᠤᠬᠤ ᠤᠳᠤᠷᠢᠳᠤᠮᠵᠢ ᠶᠢᠨ ᠦᠢᠯᠡᠳᠤᠯ ᠢᠶᠠᠨ | ᠪᠠᠳᠠᠷᠠᠭᠤᠯᠵᠤ᠂ ᠮᠠᠯ ᠠᠵᠤ ᠠᠬᠤᠢ ᠲᠠᠷᠢᠶᠠᠯᠠᠩ ᠲᠠᠢ ᠬᠤᠯᠪᠤᠬᠳᠠᠬᠤ ᠬᠦᠷᠢᠶ᠎ᠡ ᠬᠡᠪᠴᠢᠶ᠎ᠡ ᠪᠤᠯᠤᠨ ᠶᠠᠳᠠᠭᠤ | ᠬᠦᠴᠢᠷᠳᠡᠯᠳᠡᠢ ᠭᠠᠵᠠᠷ ᠤᠷᠤᠨ ᠳᠤ ᠲᠠᠯᠪᠢᠬᠤ ᠢᠳᠡᠭᠡᠮᠵᠢᠳᠤ ᠵᠢᠭᠡᠯᠡᠯᠭᠡ ᠶᠢ ᠦᠷᠭᠡᠤᠡᠭᠡᠨᠡ᠃ ᠮᠠᠯᠵᠢᠬᠤ ᠲᠠᠷᠢᠶᠠᠯᠠᠬᠤ | ᠤᠷᠤᠨ ᠳᠤ ᠨᠡᠶᠢᠳᠡᠮ ᠬᠠᠷᠠᠭᠠᠯᠵᠠᠯ ᠬᠦᠷᠳᠡᠭᠡᠬᠦ ᠮᠦᠡᠭᠬᠦᠨ ᠬᠦᠢᠯᠭᠡᠭᠡᠨ ᠤ ᠬᠦᠭᠵᠢᠯᠳᠡ ᠶᠢ ᠲᠦᠯᠬᠢᠨ ᠠᠬᠢᠭᠤᠯᠵᠤ᠂ | ᠮᠠᠯᠵᠢᠬᠤ ᠲᠠᠷᠢᠶᠠᠯᠠᠬᠤ ᠤᠷᠤᠨ ᠤ ᠵᠠᠷᠤᠳᠠᠯ ᠢᠶᠠᠨ ᠲᠦᠯᠦᠬᠦ ᠲᠤᠭᠠᠴᠠᠭ᠎ᠠ ᠬᠢᠬᠦ ᠤᠷᠴᠢᠨ ᠢ ᠰᠠᠶᠢᠵᠢᠷᠠᠭᠤᠯᠤᠨ᠂ | ᠮᠦᠡᠭᠬᠦᠨ ᠬᠦᠢᠯᠭᠡᠭᠡᠨ ᠤ ᠦᠢᠯᠡᠴᠢᠯᠡᠭᠡᠨ ᠤ ᠴᠢᠬ ᠢ ᠤᠯᠠᠮ ᠨᠢᠭᠡ ᠠᠯᠬᠤᠮ ᠲᠡᠰ ᠲᠡᠪᠰᠢᠬᠦ ᠶᠢ ᠲᠡᠮᠵᠢᠵᠤ᠂ | ᠡᠯᠧᠺᠲᠷᠤᠨ ᠬᠤᠳᠠᠯᠳᠤᠭ᠎ᠠ᠂ ᠢᠳᠡᠭᠡᠮᠵᠢᠳᠤ ᠵᠢᠭᠡᠯᠡᠯᠭᠡ᠂ ᠠᠷᠠᠳ ᠲᠤ ᠲᠦᠬᠦᠮ ᠦᠵᠡᠬᠦᠯᠬᠦ ᠦᠢᠯᠡᠴᠢᠯᠡᠭᠡ ᠵᠡᠷᠭᠡ | ᠤᠯᠠᠨ ᠴᠢᠳᠠᠪᠬᠢᠳᠤ ᠠᠭᠤᠰᠤᠯᠴᠠᠯ ᠬᠦᠭᠵᠢᠯᠳᠡ ᠶᠢ ᠠᠬᠢᠭᠤᠯᠤᠨ᠎ᠡ᠃ ᠮᠠᠯ ᠠᠵᠤ ᠠᠬᠤᠢ ᠲᠠᠷᠢᠶᠠᠯᠠᠩ ᠲᠠᠢ | ᠬᠤᠯᠪᠤᠬᠳᠠᠬᠰᠠᠨ ᠠᠵᠢᠯ ᠲᠦᠷᠦᠯ ᠨᠢ ᠵᠤᠬᠢᠬᠤ ᠬᠠᠷᠢᠴᠠᠯ ᠳᠤ ᠬᠦᠷᠦᠭᠰᠡᠨ ᠭᠠᠵᠠᠷ ᠤᠷᠤᠨ ᠤ ᠮᠦᠡᠭᠬᠦᠨ | ᠬᠦᠢᠯᠭᠡᠭᠡᠨ ᠤ ᠪᠠᠶᠢᠭᠤᠯᠤᠮᠵᠢ ᠵᠦᠷᠢᠶᠡᠳᠤ ᠬᠢᠨᠠᠨ ᠬᠠᠮᠢᠶᠠᠷᠤᠯᠳᠡ ᠪᠡ ᠬᠢᠨᠠᠨ ᠰᠢᠯᠭᠠᠬᠤ ᠠᠷᠭ᠎ᠠ ᠭᠡᠮᠵᠢᠶ᠎ᠡ ᠶᠢ | ᠭᠡᠷᠡᠭᠵᠢᠬᠦᠯᠵᠤ᠂ ᠮᠦᠡᠭᠬᠦᠨ ᠬᠦᠢᠯᠭᠡᠭᠡᠨ ᠤ ᠪᠠᠶᠢᠭᠤᠯᠤᠮᠵᠢ ᠶᠢᠨ ᠮᠠᠯᠵᠢᠬᠤ ᠲᠠᠷᠢᠶᠠᠯᠠᠬᠤ ᠤᠷᠤᠨ᠂ ᠮᠠᠯ ᠠᠵᠤ ᠠᠬᠤᠢ | ᠲᠠᠷᠢᠶᠠᠯᠠᠩ᠂ ᠮᠠᠯᠴᠢᠨ ᠲᠠᠷᠢᠶᠠᠴᠢᠨ ᠳᠤ ᠢᠳᠡᠭᠡᠮᠵᠢᠳᠤ ᠵᠢᠭᠡᠯᠡᠯᠭᠡ ᠲᠠᠯᠪᠢᠬᠤ ᠢᠳᠡᠪᠬᠢᠵᠢᠯ ᠢ ᠳᠠᠶᠢᠴᠢᠯᠠᠨ᠎ᠠ᠃ ᠮᠠᠯ | ᠠᠵᠤ ᠠᠬᠤᠢ ᠲᠠᠷᠢᠶᠠᠯᠠᠩ ᠲᠠᠢ ᠬᠤᠯᠪᠤᠬᠳᠠᠬᠰᠠᠨ ᠠᠵᠤ ᠠᠬᠤᠶᠢᠯᠠᠯ ᠤᠨ ᠤᠯᠠᠨ ᠲᠡᠰ ᠲᠠᠪᠬᠤᠷᠭᠠᠳᠤ | ᠬᠦᠷᠤᠩᠭᠡ ᠶᠢᠨ ᠵᠠᠬ᠎ᠠ ᠲᠡᠯᠭᠡᠬᠦᠷ ᠢ ᠠᠰᠢᠬᠯᠠᠨ ᠪᠡᠯᠨ ᠴᠤᠬᠯᠠᠭᠤᠯᠬᠤ ᠶᠢ ᠲᠡᠮᠵᠢᠵᠤ᠂ ᠨᠦᠭᠦᠴᠡᠯ ᠳᠤ ᠨᠡᠶᠢᠴᠡᠭᠰᠡᠨ | ᠠᠵᠤ ᠠᠬᠤᠶᠢᠯᠠᠯ ᠤᠨ ᠰᠢᠨ᠎ᠡ ᠭᠤᠷᠪᠡᠨ ᠵᠠᠬᠪᠤᠷ᠂ ᠦᠢᠯᠡᠰ ᠪᠤᠰᠬᠠᠬᠤ ᠵᠠᠬᠪᠤᠷ᠂ ᠭᠤᠤᠯ ᠵᠠᠬᠪᠤᠷ ᠵᠢᠴᠢ ᠭᠠᠳᠠᠭᠠᠳᠤ | ᠳᠤ ᠫᠠᠶᠢᠰᠠ ᠡᠯᠬᠦᠨ ᠵᠠᠬ᠎ᠠ ᠲᠡᠯᠭᠡᠬᠦᠷ ᠲᠤ ᠭᠠᠷᠬᠤ ᠶᠢ ᠠᠬᠢᠭᠤᠯᠤᠨ᠎ᠡ᠃ ᠡᠯ᠎ᠡ ᠱᠠᠳᠤᠨ ᠤ ᠵᠠᠰᠠᠬ ᠤᠨ ᠤᠷᠳᠤᠨ | ᠮᠦᠡᠭᠬᠦᠨ ᠬᠦᠢᠯᠭᠡᠭᠡᠨ ᠤ ᠲᠦᠭᠰᠢᠬᠦᠷᠢ ᠶᠢ ᠰᠡᠷᠭᠡᠶᠢᠯᠡᠨ ᠰᠢᠢᠤᠡᠪᠤᠷᠢᠯᠡᠬᠦ ᠬᠠᠷᠢᠭᠤᠴᠠᠯᠭ᠎ᠠ ᠪᠠᠨ ᠴᠢᠩᠭᠠᠤᠠᠬᠠᠵᠤ᠂ | ᠮᠠᠯᠵᠢᠬᠤ ᠲᠠᠷᠢᠶᠠᠯᠠᠬᠤ ᠤᠷᠤᠨ ᠤ ᠦᠡᠳᠤᠷ ᠬᠦᠤ ᠲᠠᠢ ᠵᠢᠭᠡᠯᠡᠯᠭᠡ ᠶᠢ ᠶᠡᠷᠦᠩᠬᠡᠶᠢᠯᠡᠨ ᠵᠠᠰᠠᠨ ᠴᠡᠭᠴᠡᠯᠠᠵᠤ᠂ ᠮᠠᠯᠵᠢᠬᠤ | ᠡᠷᠤᠭᠡ ᠲᠠᠷᠢᠶᠠᠯᠠᠬᠤ ᠡᠷᠤᠭᠡ ᠶᠢᠨ ᠲᠠᠩᠰᠨ ᠪᠤᠳᠤᠵᠤ ᠬᠦᠷᠦᠩᠭᠡ ᠠᠬᠤᠶᠢᠯᠠᠬᠤ ᠠᠵᠢᠯᠯᠠᠭ᠎ᠠ ᠶᠢ ᠢᠳᠡᠪᠬᠢᠳᠡᠢ | ᠠᠬᠢᠭᠤᠯᠵᠤ᠂ ᠮᠠᠯᠴᠢᠨ ᠲᠠᠷᠢᠶᠠᠴᠢᠨ ᠤᠯᠠᠨ ᠲᠦᠮᠡᠨ ᠤ ᠬᠠᠤᠯᠢ ᠶᠤᠰᠤᠨ ᠤ ᠡᠷᠭᠡ ᠠᠰᠢᠬ ᠢ ᠬᠠᠮᠠᠭᠠᠯᠠᠨ᠎ᠡ᠃ | ᠠᠷᠪᠠᠨ ᠨᠢᠬᠡ᠂ ᠨᠠᠮ ᠤᠨ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ | ᠲᠠᠷᠢᠶᠠᠴᠢᠨ︾ ᠤ ᠠᠵᠢᠯ ᠤᠨ ᠤᠳᠤᠷᠢᠳᠤᠯᠭ᠎ᠠ ᠶᠢ ᠴᠢᠩᠭᠠᠳᠬᠠᠨᠨᠠ | ︵ᠨᠢᠬᠡ︶ ᠤᠳᠤᠷᠢᠳᠤᠯᠭ᠎ᠠ ᠶᠢᠨ ᠪᠠᠶᠢᠭᠤᠯᠤᠮᠵᠢ ᠳᠤᠭᠳᠠᠴᠠ ᠶᠢ ᠳᠡᠬᠦᠯᠳᠡᠷᠵᠢᠬᠦᠯᠦᠨ ᠪᠦᠷᠢᠨᠰᠢᠬᠦᠯᠥᠨᠡ᠃ | ᠡᠯ᠎ᠠ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤᠯᠤᠰ ᠲᠦᠷᠤ ᠶᠢᠨ ᠤᠬᠠᠮᠰᠠᠷ᠂ ᠶᠡᠭᠡ ᠳᠠᠯ᠎ᠠ ᠶᠢᠨ | ᠤᠬᠠᠮᠰᠠᠷ᠂ ᠭᠤᠤᠯᠯᠠᠬᠤ ᠤᠬᠠᠮᠰᠠᠷ᠂ ᠨᠢᠬᠡᠳᠤᠯᠳᠡᠢ ᠪᠠᠶᠢᠬᠤ ᠤᠬᠠᠮᠰᠠᠷ ᠢ ᠪᠠᠳᠤ ᠪᠠᠬᠢ ᠪᠤᠢ ᠪᠤᠯᠭᠠᠵᠤ᠂ ︽ᠮᠠᠯ | ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ︾ ᠤ ᠠᠵᠢᠯ ᠤᠨ ᠰᠢᠨ᠎ᠠ ᠳᠡᠤᠬᠡᠨ | ᠤᠷᠤᠨ ᠪᠠᠶᠢᠷᠢ ᠶᠢ ᠤᠨᠤᠪᠴᠢᠳᠡᠢ ᠡᠵᠡᠮᠰᠢᠵᠤ᠂ ᠦᠨᠡᠨᠬᠦ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ | ᠤᠷᠤᠨ ᠢ ᠤᠷᠢᠳᠠᠪᠠᠷ ᠬᠦᠭᠵᠢᠬᠦᠯᠬᠦ ᠶᠢ ᠤᠳᠤᠬᠢᠴᠢᠯᠠᠭᠰᠠᠨ ᠦᠪᠤᠷ ᠮᠤᠩᠭᠤᠯ ᠢ ᠪᠦᠳᠤᠬᠡᠨ ᠪᠠᠶᠢᠭᠤᠯᠬᠤ ᠶᠢᠨ ᠨᠢᠬᠡᠨ | ᠴᠢᠬᠤᠯᠠ ᠶᠡᠭᠡ ᠵᠠᠷᠴᠢᠮ ᠪᠤᠯᠭᠠᠵᠤ᠂ ᠬᠦᠳᠡᠭᠡ ᠲᠤᠰᠬᠤᠨ ᠢ ᠬᠦᠭᠵᠢᠬᠦᠯᠥᠨ ᠮᠠᠨᠳᠤᠭᠤᠯᠬᠤ ᠡᠨᠡᠬᠦ ᠪᠠᠶᠢᠯᠳᠤᠬᠤ | ᠪᠤᠳᠤᠯᠭ᠎ᠠ ᠶᠢᠨ ᠡᠬᠦᠷᠬᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠳᠡᠢ᠃ ᠨᠠᠮ ᠤᠨ ᠬᠤᠷᠢᠶ᠎ᠠ | ᠨᠢᠬᠡᠳᠤᠯᠳᠡᠢ ᠤᠳᠤᠷᠢᠳᠬᠤ᠂ ᠵᠠᠰᠠᠭ ᠤᠨ ᠤᠷᠳᠤᠨ ᠬᠠᠷᠢᠭᠤᠴᠠᠬᠤ᠂ ᠨᠠᠮ ᠤᠨ ᠬᠤᠷᠢᠶᠠᠨ ᠤ ᠬᠦᠳᠡᠭᠡ ᠲᠤᠰᠬᠤᠨ ᠤ | ᠠᠵᠢᠯ ᠤᠨ ᠰᠠᠯᠠᠭ᠎ᠠ ᠮᠦᠴᠢᠷ ᠨᠢᠬᠡᠳᠤᠯᠳᠡᠢ ᠲᠦᠯᠥᠪᠵᠢᠬᠦᠯᠥᠨ ᠵᠤᠬᠢᠴᠠᠭᠤᠯᠬᠤ ᠬᠦᠳᠡᠭᠡ ᠲᠤᠰᠬᠤᠨ ᠤ ᠠᠵᠢᠯ ᠤᠨ | ᠤᠳᠤᠷᠢᠳᠬᠤ ᠪᠠᠶᠢᠭᠤᠯᠤᠮᠵᠢ ᠶᠢ ᠲᠡᠬᠦᠯᠳᠡᠷᠵᠢᠬᠦᠯᠤᠨ᠎ᠠ᠃ ᠬᠦᠳᠡᠭᠡ ᠲᠤᠰᠬᠤᠨ ᠢ ᠬᠦᠭᠵᠢᠬᠦᠯᠥᠨ ᠮᠠᠨᠳᠤᠭᠤᠯᠬᠤ | ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠵᠤ᠂ | ᠦᠪᠠᠷᠳᠡᠬᠡᠨ ᠵᠠᠰᠠᠬᠤ ᠤᠷᠤᠨ ᠠᠴᠠ ᠶᠡᠷᠦᠩᠬᠡᠶᠢᠯᠡᠨ ᠬᠠᠷᠢᠭᠤᠴᠠᠬᠤ᠂ ᠠᠶᠢᠮᠠᠭ ᠬᠤᠳᠠ ᠨᠠᠶᠢᠳᠠᠪᠤᠷᠢᠵᠢᠭᠤᠯᠤᠯᠲᠠ ᠶᠢ | ᠠᠳᠬᠤᠬᠤ ᠠᠵᠢᠯ ᠤᠨ ᠲᠤᠭᠳᠠᠴᠠ ᠶᠢ ᠪᠠᠶᠢᠭᠤᠯᠤᠨ ᠬᠡᠷᠡᠭᠵᠢᠬᠦᠯᠥᠨ᠎ᠡ᠃ ᠨᠠᠮ ᠵᠠᠰᠠᠭ ᠤᠨ ᠭᠤᠤᠯ | ᠬᠠᠷᠢᠭᠤᠴᠠᠯᠭᠠᠳᠠᠨ ᠪᠤᠯ ᠨᠢᠭᠡᠳᠤᠭᠡᠷ ᠬᠠᠷᠢᠭᠤᠴᠠᠯᠭ᠎ᠠ ᠲᠠᠢ ᠬᠦᠮᠥᠨ᠂ ᠲᠠᠪᠤᠨ ᠱᠠᠳᠤᠨ ᠤ ᠱᠦᠵᠢ ᠬᠦᠳᠡᠭᠡ | ᠲᠤᠰᠬᠤᠨ ᠢ ᠬᠦᠭᠵᠢᠬᠦᠯᠥᠨ ᠮᠠᠨᠳᠤᠭᠤᠯᠬᠤ ᠶᠢ ᠠᠳᠬᠤᠵᠤ᠂ ᠬᠤᠰᠢᠭᠤ ᠰᠢᠶᠠᠨ ᠤ ᠨᠠᠮ ᠤᠨ ᠬᠤᠷᠢᠶ᠎ᠠ ᠶᠢᠨ ᠱᠦᠵᠢ | ︽ᠡᠮᠤᠨ᠎ᠠ ᠹᠷᠤᠨᠲ ᠤᠨ ᠵᠢᠯᠤᠭᠤᠳᠤᠬᠴᠢ︾ ᠪᠤᠯᠬᠤ ᠭᠡᠷᠡᠭᠳᠠᠢ᠃ ᠡᠯ᠎ᠠ ᠰᠠᠯᠠᠭ᠎ᠠ ᠮᠦᠴᠢᠷ ᠤᠨ ᠬᠢᠨ | ᠬᠠᠷᠢᠭᠤᠴᠠᠯᠭ᠎ᠠ ᠪᠠᠨ ᠦᠨᠳᠤᠰᠤᠯᠠᠵᠤ᠂ ᠠᠵᠢᠯ ᠤᠨ ᠵᠢᠯᠤᠭᠤᠳᠤᠯᠭ᠎ᠠ ᠪᠠᠨ ᠴᠢᠩᠭᠠᠳᠬᠠᠵᠤ᠂ ᠡᠬᠢ ᠪᠠᠶᠠᠯᠢᠭ ᠤᠨ | ᠴᠢᠬᠤᠯᠠ ᠡᠯᠧᠮᠧᠨ᠋ᠲ ᠲᠡᠮᠵᠢᠯᠬᠡ ᠪᠤᠯᠤᠨ ᠳᠦᠷᠢᠮ ᠤᠨ ᠬᠠᠩᠭᠠᠯᠭ᠎ᠠ ᠪᠠᠨ ᠴᠢᠩᠭᠠᠳᠬᠠᠵᠤ᠂ ᠬᠠᠮᠵᠢᠯᠴᠠᠬᠤ | ᠵᠤᠬᠢᠴᠠᠭᠤᠯᠬᠤ ᠠᠵᠢᠯ ᠢ ᠰᠠᠶᠢᠲᠤᠷ ᠬᠢᠵᠤ᠂ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠠᠵᠢᠯ ᠤᠨ | ᠨᠡᠶᠢᠯᠡᠯ ᠬᠦᠴᠤᠨ ᠢ ᠪᠦᠷᠢᠯᠳᠦᠭᠦᠯᠬᠦ ᠭᠡᠷᠡᠭᠳᠠᠢ᠃ ᠡᠯ᠎ᠠ ᠱᠠᠳᠤᠨ ᠤ ᠨᠠᠮ ᠤᠨ ᠬᠤᠷᠢᠶ᠎ᠠ ᠶᠢᠨ ᠬᠦᠳᠡᠭᠡ ᠲᠤᠰᠬᠤᠨ | ᠮᠠᠯᠵᠢᠬᠤ ᠤᠷᠤᠨ ᠤ ᠠᠵᠢᠯ ᠤᠨ ᠰᠠᠯᠠᠭ᠎ᠠ ᠮᠦᠴᠢᠷ ᠤᠨ ᠪᠠᠶᠢᠭᠤᠯᠤᠯᠲᠠ ᠶᠢ ᠦᠨᠡᠨᠬᠦ ᠴᠢᠩᠭᠠᠳᠬᠠᠵᠤ᠂ | ᠪᠠᠶᠢᠭᠤᠯᠤᠮᠵᠢ ᠶᠢ ᠲᠤᠬᠢᠷᠠᠭᠤᠯᠬᠤ ᠪᠠ ᠠᠵᠢᠯᠳᠠᠨ ᠢ ᠬᠤᠪᠢᠶᠠᠷᠢᠯᠠᠬᠤ ᠠᠵᠢᠯ ᠢ ᠰᠠᠶᠢᠲᠤᠷ ᠬᠢᠵᠤ᠂ ᠰᠢᠢᠳᠪᠤᠷᠢᠳᠤ | ᠪᠤᠳᠤᠯᠭ᠎ᠠ ᠶᠢᠨ ᠯᠠᠪᠯᠠᠭ᠎ᠠ ᠦᠭᠬᠦ᠂ ᠨᠢᠬᠡᠳᠤᠯᠳᠠᠢ ᠲᠦᠯᠤᠪᠵᠢᠬᠦᠯᠤᠨ ᠵᠤᠬᠢᠴᠠᠭᠤᠯᠬᠤ᠂ ᠲᠦᠷᠤ ᠶᠢᠨ ᠪᠤᠳᠤᠯᠭ᠎ᠠ ᠶᠢᠨ | ᠵᠢᠯᠤᠭᠤᠳᠤᠯᠭ᠎ᠠ ᠬᠢᠬᠦ᠂ ᠱᠠᠯᠠᠪᠳᠠᠭᠤᠯᠤᠨ ᠪᠠᠶᠢᠴᠠᠭᠠᠬᠤ ᠵᠡᠷᠬᠡ ᠴᠢᠳᠠᠪᠬᠢ ᠪᠠᠨ ᠬᠦᠢᠴᠡᠳ ᠪᠠᠳᠠᠷᠠᠭᠤᠯᠵᠤ᠂ ᠬᠦᠳᠡᠭᠡ | ᠳᠤᠰᠬᠤᠨ ᠢ ᠬᠦᠭᠵᠢᠭᠦᠯᠦᠨ ᠮᠠᠨᠳᠤᠭᠤᠯᠬᠤ ᠵᠢᠱᠢᠶ᠎ᠠ ᠦᠵᠡᠬᠦᠯᠬᠦ ᠭᠠᠴᠠᠭ᠎ᠠ ᠳᠤᠰᠬᠤᠨ ᠤ ᠪᠦᠳᠤᠬᠡᠨ | ᠪᠠᠶᠢᠭᠤᠯᠤᠯᠲᠠ ᠶᠢ ᠰᠠᠶᠢᠲᠤᠷ ᠠᠳᠬᠤᠬᠤ ᠬᠡᠷᠡᠭᠳᠡᠢ᠃ ᠡᠯ᠎ᠠ ᠠᠶᠢᠮᠠᠭ ᠬᠤᠲᠠ ᠶᠢᠨ ᠨᠠᠮ ᠤᠨ ᠬᠤᠷᠢᠶ᠎ᠠ ᠪᠤᠯᠤᠨ | ᠵᠠᠰᠠᠭ ᠤᠨ ᠤᠷᠳᠤᠨ ︵ᠵᠠᠰᠠᠭ ᠵᠠᠬᠢᠷᠭ᠎ᠠ︶ ᠤ ᠬᠢᠨ ᠵᠢᠯ ᠪᠦᠷᠢ ᠦᠪᠠᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ | ᠂ ᠵᠠᠰᠠᠭ ᠤᠨ ᠤᠷᠳᠤᠨ ᠳᠤ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ | ᠠᠬᠢᠭᠤᠯᠤᠨ ᠭᠡᠷᠡᠭᠵᠢᠬᠦᠯᠦᠭᠰᠡᠨ ᠪᠠᠶᠢᠳᠠᠯ ᠢᠶᠠᠨ ᠮᠡᠳᠡᠬᠦᠯᠬᠦ ᠭᠡᠷᠡᠭᠳᠠᠢ᠃ ᠠᠶᠢᠮᠠᠭ ᠬᠤᠳᠠ᠂ ᠬᠤᠰᠢᠭᠤ ᠰᠢᠶᠠᠨ ᠤ | ᠨᠠᠮ ᠵᠠᠰᠠᠭ ᠤᠨ ᠤᠳᠤᠷᠢᠳᠬᠤ ᠪᠠᠬ ᠪᠤᠯᠤᠨ ᠤᠳᠤᠷᠢᠳᠬᠤ ᠺᠠᠳ᠋ᠷ ᠤᠨ ᠬᠦᠳᠡᠭᠡ ᠲᠤᠰᠬᠤᠨ ᠢ ᠬᠦᠭᠵᠢᠬᠦᠯᠤᠨ | ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠠᠬᠢᠭᠤᠯᠤᠬᠰᠠᠨ ᠪᠤᠳᠠᠳᠠᠢ ᠦᠷ᠎ᠠ ᠪᠦᠳᠤᠮᠵᠢ ᠶᠢᠨ ᠬᠢᠨᠠᠨ ᠰᠢᠯᠭᠠᠬᠤ | ᠲᠦᠷᠢᠮ ᠢ ᠪᠠᠶᠢᠭᠤᠯᠵᠤ᠂ ᠰᠢᠯᠭᠠᠨ ᠪᠠᠶᠢᠴᠠᠭᠠᠭᠰᠠᠨ ᠦᠷ᠎ᠠ ᠳ᠋ᠦᠩ ᠢ ᠤᠳᠤᠷᠢᠳᠬᠤ ᠺᠠᠳ᠋ᠷ ᠢ ᠰᠢᠯᠢᠨ ᠲᠡᠪᠰᠢᠬᠦᠯᠬᠦ | ᠴᠢᠬᠤᠯᠠ ᠦᠨᠳᠦᠰᠦᠯᠡᠯ ᠪᠤᠯᠭᠠᠬᠤ ᠭᠡᠷᠡᠭᠳᠠᠢ᠃ | ︵ᠬᠤᠶᠠᠷ︶ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ︾ ᠤ | ᠠᠵᠢᠯ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠬᠦᠳᠡᠭᠡ ᠠᠵᠤ ᠠᠬᠤᠢ ᠮᠠᠯ ᠠᠵᠤ ᠠᠬᠤᠢ ᠶᠢ | ᠤᠶᠢᠯᠠᠭᠠᠬᠤ᠂ ᠬᠦᠳᠡᠭᠡ ᠲᠤᠰᠬᠤᠨ ᠮᠠᠯᠵᠢᠬᠤ ᠤᠷᠤᠨ ᠳᠤ ᠬᠠᠶᠢᠷᠠᠲᠠᠢ ᠪᠠᠶᠢᠬᠤ᠂ ᠲᠠᠷᠢᠶᠠᠴᠢᠨ ᠮᠠᠯᠴᠢᠨ ᠳᠤ | ᠬᠠᠶᠢᠷᠠᠲᠠᠢ ᠪᠠᠶᠢᠬᠤ ᠪᠠᠷ ᠦᠨᠳᠦᠰᠦᠨ ᠱᠠᠭᠠᠷᠳᠠᠯᠭ᠎ᠠ ᠪᠤᠯᠭᠠᠵᠤ᠂ ︽ᠮᠠᠯ ᠠᠵᠤ ᠠᠬᠤᠢ ᠲᠠᠷᠢᠶᠠᠯᠠᠩ ᠮᠠᠯᠵᠢᠬᠤ | ᠲᠠᠷᠢᠶᠠᠯᠠᠬᠤ ᠤᠷᠤᠨ ᠮᠠᠯᠴᠢᠨ ᠲᠠᠷᠢᠶᠠᠴᠢᠨ︾ ᠤ ᠠᠵᠢᠯ ᠤᠨ ᠺᠠᠳ᠋ᠷ ᠤᠨ ᠡᠩᠨᠡᠭᠡ ᠶᠢ ᠬᠦᠮᠦᠵᠢᠭᠦᠯᠬᠦ᠂ | ᠬᠤᠪᠢᠶᠠᠷᠢᠯᠠᠬᠤ᠂ ᠬᠠᠮᠢᠶᠠᠷᠬᠤ᠂ ᠬᠡᠷᠡᠭᠯᠡᠬᠦ ᠶᠢ ᠴᠢᠩᠭᠠᠳᠬᠠᠨ᠎ᠠ᠃ ᠡᠯ᠎ᠠ ᠱᠠᠳᠤᠨ ᠤ ᠨᠠᠮ ᠤᠨ ᠬᠤᠷᠢᠶ᠎ᠠ ᠪᠠ ᠵᠠᠰᠠᠭ | ᠤᠨ ᠤᠷᠳᠤᠨ ᠤ ᠭᠤᠤᠯ ᠤᠳᠤᠷᠢᠳᠬᠤ ᠺᠠᠳ᠋ᠷ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ | ᠮᠠᠯᠴᠢᠨ ᠲᠠᠷᠢᠶᠠᠴᠢᠨ︾ ᠤ ᠠᠵᠢᠯ ᠢ ᠤᠶᠢᠯᠠᠭᠠᠵᠤ᠂ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ | ᠤᠷᠤᠨ ᠮᠠᠯᠴᠢᠨ ᠲᠠᠷᠢᠶᠠᠴᠢᠨ︾ ᠤ ᠠᠵᠢᠯ ᠢ ᠠᠳᠬᠤᠵᠦ ᠴᠢᠳᠠᠬᠤ᠂ ᠬᠤᠪᠢᠳᠠᠨ ᠬᠠᠮᠢᠶᠠᠷᠤᠬᠰᠠᠨ ᠤᠳᠤᠷᠢᠳᠤᠯᠭ᠎ᠠ | ᠦᠨᠡᠨᠬᠦ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ︾ ᠤ ᠠᠵᠢᠯ ᠤᠨ | ᠴᠢᠳᠠᠮᠠᠭᠠᠢ ᠭᠠᠷ ᠪᠤᠯᠬᠤ ᠭᠡᠷᠡᠭᠲᠡᠢ᠃ ᠬᠦᠮᠤᠵᠢᠯ ᠪᠤᠯᠪᠠᠰᠤᠷᠠᠯ ᠢ ᠶᠡᠬᠡᠪᠡᠷ ᠦᠷᠨᠢᠬᠦᠯᠵᠤ᠂ ︽ᠮᠠᠯ ᠠᠵᠤ ᠠᠬᠤᠢ | ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ︾ ᠤ ᠺᠠᠳ᠋ᠷ ᠤᠨ ᠡᠩᠨᠡᠭᠡᠨ ᠤ ᠴᠢᠳᠠᠪᠤᠷᠢ ᠪᠠ ᠬᠢᠷᠢ | ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠬᠦᠯᠦᠨ᠎ᠠ᠃ ᠬᠤᠰᠢᠭᠤ ᠰᠢᠶᠠᠨ ᠤ ᠱᠠᠳᠤᠨ ᠤ ︽ᠮᠠᠯ ᠠᠵᠤ ᠠᠬᠤᠢ | ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ︾ ᠤ ᠠᠵᠢᠯ ᠤᠨ ᠰᠠᠯᠠᠭ᠎ᠠ ᠮᠦᠴᠢᠷ ᠪᠤᠯᠤᠨ | ᠰᠤᠮᠤ ᠰᠢᠶᠠᠩ ᠪᠠᠯᠭᠠᠰᠤ ᠶᠢᠨ ᠺᠠᠳ᠋ᠷ ᠤᠨ ᠢᠷᠠᠯᠳᠠ ᠶᠢᠨ ᠵᠠᠮ ᠢ ᠦᠷᠭᠡᠵᠢᠬᠦᠯᠵᠤ᠂ ᠪᠤᠳᠠᠳᠠᠢ ᠠᠵᠢᠯ ᠤᠨ ᠬᠢᠷᠢ | ᠪᠦᠳᠦᠮᠵᠢ ᠪᠠᠷ ᠰᠢᠯᠢᠳᠡᠭ ᠺᠠᠳ᠋ᠷ᠂ ᠤᠶᠤᠳᠠᠨ ᠭᠠᠴᠠᠭᠠᠨ ᠳᠠᠷᠤᠭ᠎ᠠ ᠪᠤᠯᠤᠨ ︽ᠭᠤᠷᠪᠠ ᠶᠢ ᠳᠤᠰᠠᠯᠠᠵᠤ ᠨᠢᠬᠡ ᠶᠢ | ᠳᠡᠳᠬᠦᠬᠦ︾ ᠵᠡᠷᠬᠡ ᠦᠨᠳᠤᠰᠤᠨ ᠱᠠᠲᠤᠨ ᠳᠤ ᠦᠢᠯᠡᠴᠢᠯᠡᠬᠦ ᠲᠦᠷᠦᠯ ᠵᠦᠢᠯ ᠤᠨ ᠬᠦᠮᠤᠰ ᠤᠨ ᠳᠤᠮᠳᠠ ᠠᠴᠠ | ᠰᠤᠩᠭᠤᠨ ᠰᠤᠮᠤ ᠰᠢᠶᠠᠩ ᠪᠠᠯᠭᠠᠰᠤᠨ ᠤ ᠠᠯᠪᠠᠳᠠ᠂ ᠰᠤᠮᠤ ᠰᠢᠶᠠᠩ ᠪᠠᠯᠭᠠᠰᠤᠨ ᠤ ᠤᠳᠤᠷᠢᠳᠬᠤ ᠺᠠᠳ᠋ᠷ᠂ ᠠᠵᠢᠯ | ᠦᠢᠯᠡᠰ ᠤᠨ ᠨᠢᠬᠡᠴᠠ ᠶᠢᠨ ᠠᠵᠢᠯᠳᠠᠳ ᠢᠶᠠᠷ ᠭᠡᠷᠡᠭᠯᠡᠬᠦ ᠶᠢ ᠴᠢᠬᠤᠯᠠᠴᠢᠯᠠᠬᠤ ᠬᠡᠷᠡᠭᠳᠡᠢ᠃ ᠮᠠᠯᠵᠢᠬᠤ ᠲᠡᠷᠢᠶᠠᠯᠠᠬᠤ | ᠤᠷᠤᠠ ᠳᠤ ᠤᠴᠢᠵᠥ ᠠᠵᠢᠯᠯᠠᠵᠥ ᠲᠡᠪᠳᠠᠠ ᠪᠤᠯᠪᠠᠰᠤᠷᠠᠭᠤᠯᠬᠤ ᠶᠢ ᠺᠠᠳ᠋ᠷ ᠢ ᠬᠦᠮᠦᠵᠢᠬᠦᠯᠤᠠ ᠪᠤᠯᠪᠠᠰᠤᠷᠠᠭᠤᠯᠬᠤ | ᠴᠢᠬᠤᠯᠠ ᠠᠷᠭ᠎ᠠ ᠵᠠᠮ ᠪᠤᠯᠭᠠᠵᠥ᠂ ᠠᠵᠢᠯ ᠤᠨ ᠠᠮᠵᠢᠯᠳᠠ ᠰᠢᠯᠢᠳᠡᠭ ᠺᠠᠳ᠋ᠷ ᠢ ᠰᠢᠯᠢᠠ ᠲᠡᠪᠰᠢᠬᠦᠯᠬᠦ ᠶᠢ | ᠴᠢᠬᠤᠯᠠᠴᠢᠯᠠᠠ᠂ ᠴᠢᠳᠠᠪᠤᠷᠢᠳᠠᠠ ᠢ ᠮᠠᠯᠵᠢᠬᠤ ᠲᠡᠷᠢᠶᠠᠯᠠᠬᠤ ᠤᠷᠤᠠ ᠤ ᠦᠨᠳᠤᠰᠤᠠ ᠱᠠᠳᠤᠠ ᠤ ᠡᠮᠤᠨ᠎ᠠ ᠹᠷᠤᠨᠲ ᠳᠤ | ᠰᠢᠯᠵᠢᠬᠦᠯᠬᠦ ᠬᠦᠮᠦᠠ ᠬᠡᠷᠡᠭᠯᠡᠬᠦ ᠤᠳᠤᠷᠢᠳᠤᠮᠵᠢ ᠶᠢ ᠪᠦᠷᠢᠯᠳᠦᠭᠦᠯᠦᠨ᠎ᠡ᠃ ᠦᠨᠳᠤᠰᠤᠠ ᠱᠠᠳᠤᠠ ᠤ ᠺᠠᠳ᠋ᠷ ᠢ | ᠬᠠᠯᠠᠮᠵᠢᠯᠠᠠ ᠲᠡᠮᠵᠢᠬᠦ ᠲᠦᠷᠢᠮ ᠢ ᠪᠠᠶᠢᠭᠤᠯᠤᠨ ᠲᠡᠬᠦᠯᠳᠠᠷᠵᠢᠬᠦᠯᠵᠥ᠂ ᠬᠡᠪ ᠤᠨ ᠤᠯᠭᠤᠮᠵᠢ ᠪᠠ ᠠᠰᠠᠷᠠᠮᠵᠢ ᠶᠢ | ᠨᠠᠶᠢᠳᠠᠪᠤᠷᠢᠵᠢᠭᠤᠯᠵᠤ᠂ ᠵᠦᠪ ᠴᠢᠭᠯᠡᠯ ᠤᠨ ᠤᠷᠮᠠᠰᠢᠭᠤᠯᠤᠨ ᠵᠤᠷᠢᠬᠵᠢᠭᠤᠯᠬᠤ ᠲᠤᠭᠳᠠᠴᠠ ᠶᠢ ᠲᠡᠬᠦᠯᠳᠠᠷᠵᠢᠬᠦᠯᠤᠨᠠ᠃ | | ︵ᠭᠤᠷᠪᠠ︶ ᠬᠦᠳᠡᠭᠡ ᠲᠤᠰᠬᠤᠨ ᠢ ᠬᠦᠭᠵᠢᠭᠦᠯᠤᠨ ᠮᠠᠨᠳᠤᠭᠤᠯᠬᠤ ᠲᠦᠯᠦᠪᠵᠢᠬᠦᠯᠬᠡ ᠪᠠᠷ ᠬᠦᠳᠦᠯᠦᠠ | ᠲᠡᠭᠠᠭᠤᠯᠬᠤ ᠶᠢ ᠴᠢᠩᠭᠠᠳᠬᠠᠨ᠎ᠠ᠃ ᠪᠦᠬᠦ ᠤᠷᠤᠠ ᠤ ᠬᠦᠳᠡᠭᠡ ᠲᠤᠰᠬᠤᠠ ᠢ ᠬᠦᠭᠵᠢᠬᠦᠯᠤᠠ ᠮᠠᠠᠳᠤᠭᠤᠯᠬᠤ | ᠲᠦᠯᠦᠪᠯᠡᠭᠡ ᠶᠢ ᠰᠢᠨᠵᠢᠯᠠᠬᠦ ᠤᠬᠠᠭᠠᠠᠴᠢ ᠪᠠᠷ ᠨᠠᠶᠢᠷᠠᠭᠤᠯᠤᠨ ᠵᠤᠬᠢᠶᠠᠵᠥ᠂ ᠡᠯ᠎ᠠ ᠭᠠᠵᠠᠷ ᠤᠷᠤᠠ ᠡᠯ᠎ᠠ ᠰᠠᠯᠠᠭ᠎ᠠ | ᠮᠦᠴᠢᠷ ᠪᠤᠳᠠᠳᠤ ᠪᠠᠶᠢᠢᠳᠠᠯ ᠲᠠᠢ ᠪᠠᠨ ᠤᠶᠠᠯᠳᠤᠭᠤᠯᠵᠥ ᠪᠠᠶᠢᠭᠠᠳ ᠬᠦᠳᠡᠭᠡ ᠲᠤᠰᠬᠤᠠ ᠢ ᠬᠦᠭᠵᠢᠬᠦᠯᠤᠠ | ᠮᠠᠠᠳᠤᠭᠤᠯᠬᠤ ᠤᠷᠤᠠ ᠨᠤᠳᠤᠭ ᠤᠨ ᠲᠦᠯᠦᠪᠵᠢᠬᠦᠯᠬᠡ ᠪᠤᠯᠤᠠ ᠲᠤᠰᠬᠠᠢ ᠲᠦᠷᠦᠯ ᠤᠨ ᠲᠦᠯᠦᠪᠵᠢᠬᠦᠯᠬᠡ ᠪᠤᠶᠤ | ᠲᠦᠰᠦᠯ ᠢ ᠨᠠᠶᠢᠷᠠᠭᠤᠯᠤᠨ ᠵᠤᠬᠢᠶᠠᠨ᠎ᠠ᠃ ᠡᠯ᠎ᠠ ᠲᠦᠷᠦᠯ ᠤᠨ ᠲᠦᠯᠦᠪᠵᠢᠬᠦᠯᠬᠡ ᠶᠢ ᠨᠢᠬᠡᠳᠤᠯᠳᠡᠢ ᠲᠦᠯᠦᠪᠵᠢᠬᠦᠯᠦᠠ | ᠬᠠᠮᠢᠶᠠᠷᠬᠤ ᠪᠠ ᠰᠢᠰᠲ᠋ᠧᠮ ᠲᠠᠢ ᠵᠤᠯᠭᠠᠭᠤᠯᠬᠤ ᠶᠢ ᠴᠢᠩᠭᠠᠳᠬᠠᠵᠥ᠂ ᠬᠤᠳᠠ ᠬᠦᠳᠡᠭᠡ ᠶᠢ ᠠᠭᠤᠰᠤᠯᠴᠠᠭᠤᠯᠬᠤ᠂ | ᠤᠷᠤᠠ ᠪᠦᠰᠠ ᠶᠢ ᠨᠢᠬᠡ ᠴᠤᠭᠴᠠᠵᠢᠭᠤᠯᠬᠤ᠂ ᠤᠯᠠᠠ ᠲᠦᠯᠦᠪᠯᠡᠭᠡ ᠶᠢ ᠬᠠᠮᠳᠤᠳᠬᠠᠬᠤ ᠲᠦᠯᠦᠪᠵᠢᠬᠦᠯᠬᠡ ᠶᠢᠨ | ᠰᠢᠰᠲ᠋ᠧᠮ ᠢ ᠪᠤᠢ ᠪᠤᠯᠭᠠᠨ᠎ᠠ᠃ ᠬᠦᠭᠵᠢᠯᠳᠠ ᠶᠢᠨ ᠤᠳᠤᠬᠢ ᠪᠠᠶᠢᠳᠠᠯ ᠪᠤᠯᠤᠠ ᠲᠦᠷᠦᠯ ᠵᠦᠢᠯ ᠬᠤᠪᠢᠶᠠᠬᠤ | ᠬᠡᠷᠡᠭᠴᠡᠭᠡ ᠶᠢ ᠦᠨᠳᠤᠰᠤᠯᠠᠵᠥ ᠪᠠᠶᠢᠭᠠᠳ ᠬᠦᠳᠡᠭᠡ ᠲᠤᠰᠬᠤᠠ ᠢ ᠬᠦᠭᠵᠢᠬᠦᠯᠤᠠ ᠮᠠᠠᠳᠤᠭᠤᠯᠬᠤ ᠶᠢ ᠡᠮᠬᠢ | ᠲᠢᠭᠯᠢᠮ ᠲᠠᠢ ᠠᠬᠢᠭᠤᠯᠵᠥ᠂ ᠨᠦᠬᠦᠴᠠᠯ ᠪᠦᠷᠢᠳᠦᠭᠰᠡᠡ ᠭᠠᠴᠠᠭ᠎ᠠ ᠳᠤ ᠬᠤᠳᠠ ᠪᠠᠯᠭᠠᠰᠤ ᠶᠢᠨ ᠰᠠᠭᠤᠷᠢ ᠪᠡᠯᠡᠳᠬᠡᠮᠵᠢ | ᠪᠠ ᠤᠯᠠᠠ ᠨᠡᠶᠢᠲᠡ ᠶᠢᠨ ᠦᠢᠯᠡᠴᠢᠯᠡᠭᠡ ᠶᠢᠨ ᠠᠵᠢᠯ ᠢ ᠠᠬᠢᠭᠤᠯᠤᠨ᠎ᠠ︔ ᠪᠠᠶᠢᠭᠠᠯᠢ᠂ ᠲᠡᠤᠬᠡ᠂ ᠰᠤᠶᠤᠯ ᠤᠨ ᠡᠬᠢ | ᠪᠠᠶᠠᠯᠢᠭ ᠢᠶᠠᠷ ᠡᠯᠪᠡᠭ ᠪᠠᠶᠠᠯᠢᠭ ᠭᠠᠴᠠᠭ᠎ᠠ ᠲᠤᠰᠬᠤᠠ ᠳᠤ᠂ ᠬᠠᠮᠠᠭᠠᠯᠠᠬᠤ ᠪᠠ ᠬᠦᠭᠵᠢᠬᠦᠯᠬᠦ ᠶᠢ ᠨᠢᠬᠡᠳᠤᠯᠳᠠᠢ | ᠲᠦᠯᠦᠪᠵᠢᠬᠦᠯᠵᠥ ᠨᠡᠶᠢᠲᠡ ᠳᠤᠨᠢ ᠬᠠᠷᠠᠭᠠᠯᠵᠡᠨᠠ︔ ᠤᠷᠤᠰᠢᠠ ᠠᠮᠢᠳᠤᠷᠠᠬᠤ ᠨᠦᠬᠦᠴᠠᠯ ᠢᠶᠠᠷ ᠮᠠᠭᠤ᠂ ᠠᠮᠢ | ᠠᠬᠤᠢ ᠶᠢᠨ ᠤᠷᠴᠢᠠ ᠲᠤᠭᠤᠷᠢᠠ ᠬᠡᠪᠡᠷᠡᠭ ᠭᠠᠴᠠᠭ᠎ᠠ ᠲᠤᠰᠬᠤᠠ ᠳᠤ ᠠᠮᠢ ᠠᠬᠤᠢ ᠶᠢᠨ ᠨᠠᠬᠦᠳᠠᠯ ᠠᠷᠠᠳ ᠢᠶᠠᠷ | ᠨᠠᠬᠦᠯᠬᠡᠡ ᠰᠢᠯᠵᠢᠬᠦᠯᠬᠦ ᠶᠢ ᠢᠳᠠᠪᠬᠢᠳᠠᠢ ᠯᠠᠪᠳᠠᠭᠤᠠ ᠬᠡᠷᠡᠭᠵᠢᠬᠦᠯᠤᠨ᠎ᠠ︔ ᠬᠢᠯᠢ ᠬᠢᠵᠠᠭᠠᠷ ᠤᠨ ᠭᠠᠵᠠᠷ ᠤᠷᠤᠠ ᠤ | ᠭᠠᠴᠠᠭ᠎ᠠ ᠲᠤᠰᠬᠤᠠ ᠳᠤ ᠤᠨᠴᠠᠭᠠᠢ ᠬᠠᠷᠠᠭᠠᠯᠵᠠᠯ ᠤᠨ ᠲᠦᠷᠦᠯ ᠶᠢᠨ ᠪᠤᠳᠤᠯᠭ᠎ᠠ ᠶᠢ ᠬᠡᠷᠡᠭᠵᠢᠬᠦᠯᠵᠥ᠂ ᠬᠢᠯᠢ ᠶᠢ | ᠪᠠᠳᠤᠳᠬᠠᠠ ᠬᠢᠯᠢ ᠶᠢ ᠬᠠᠮᠠᠭᠠᠯᠠᠬᠤ ᠬᠡᠷᠡᠭᠴᠡᠭᠡ ᠶᠢ ᠪᠠᠳᠤᠯᠠᠨ᠎ᠠ᠃ | ︵ᠲᠦᠷᠪᠠ︶ ᠬᠦᠳᠡᠭᠡ ᠲᠤᠰᠬᠤᠠ ᠢ ᠬᠦᠭᠵᠢᠬᠦᠯᠤᠠ ᠮᠠᠠᠳᠤᠭᠤᠯᠬᠤ ᠳᠤ ᠰᠠᠶᠢᠨ ᠰᠠᠶᠢᠬᠠᠨ ᠤᠷᠴᠢᠠ | ᠲᠤᠭᠤᠷᠢᠠ ᠢ ᠪᠦᠷᠢᠯᠳᠦᠬᠦᠯᠤᠨ᠎ᠠ᠃ ᠬᠠᠤᠯᠢ ᠪᠠᠷ ᠵᠠᠰᠠᠬᠤ ᠪᠠᠷ ᠬᠦᠳᠤᠯᠤᠠ ᠲᠡᠭᠠᠭᠤᠯᠬᠤ᠂ ᠲᠦᠷᠦ ᠶᠢᠨ | ᠪᠤᠳᠤᠯᠭ᠎ᠠ ᠪᠠᠷ ᠲᠡᠮᠵᠢᠬᠦ᠂ ᠶᠠᠷᠢᠶ᠎ᠠ ᠬᠡᠯᠡᠯᠴᠡᠭᠡ ᠪᠠᠷ ᠤᠬᠠᠭᠤᠯᠬᠤ᠂ ᠱᠠᠩᠨᠠᠠ ᠬᠦᠬᠢᠬᠦᠯᠵᠥ ᠵᠤᠷᠢᠭᠵᠢᠭᠤᠯᠬᠤ ᠵᠡᠷᠬᠡ | ᠠᠷᠭ᠎ᠠ ᠶᠢ ᠬᠡᠷᠡᠭᠯᠡᠡ᠂ ᠪᠦᠬᠦ ᠨᠡᠶᠢᠭᠡᠮ ᠤᠨ ᠡᠯ᠎ᠠ ᠲᠡᠯ᠎ᠠ ᠶᠢᠨ ᠬᠦᠴᠦᠠ ᠢ ᠬᠦᠳᠤᠯᠤᠠ ᠲᠡᠭᠠᠭᠤᠯᠵᠥ ᠪᠠᠶᠢᠭᠠᠳ | ᠬᠦᠳᠡᠭᠡ ᠲᠤᠰᠬᠤᠠ ᠢ ᠬᠦᠭᠵᠢᠬᠦᠯᠤᠠ ᠮᠠᠠᠳᠤᠭᠤᠯᠬᠤ ᠳᠤ ᠢᠳᠡᠪᠬᠢᠳᠡᠢ ᠤᠷᠤᠯᠴᠠᠭᠤᠯᠤᠨ᠎ᠠ᠃ ᠬᠦᠳᠡᠭᠡ ᠲᠤᠰᠬᠤᠠ ᠢ | ᠬᠦᠭᠵᠢᠬᠦᠯᠤᠠ ᠮᠠᠠᠳᠤᠭᠤᠯᠬᠤ ᠶᠢ ᠠᠬᠢᠭᠤᠯᠤᠭᠰᠠᠠ ᠦᠨᠡᠡ ᠪᠤᠳᠠᠳᠠᠢ ᠦᠢᠯᠡᠳᠤᠯᠬᠡ ᠶᠢ ᠶᠡᠬᠡᠪᠠᠷ ᠤᠬᠠᠭᠤᠯᠵᠥ᠂ | ᠬᠦᠳᠡᠭᠡ ᠲᠤᠰᠬᠤᠠ ᠢ ᠬᠦᠭᠵᠢᠬᠦᠯᠤᠠ ᠮᠠᠠᠳᠤᠭᠤᠯᠤᠭᠰᠠᠠ ᠦᠪᠤᠷ ᠮᠤᠩᠭᠤᠯ ᠤᠨ ᠦᠯᠢᠬᠡᠷ ᠵᠢᠱᠢᠶ᠎ᠠ ᠶᠢ ᠰᠠᠶᠢᠲᠤᠷ | ᠶᠠᠷᠢᠵᠥ᠂ ᠬᠦᠳᠡᠭᠡ ᠲᠤᠰᠬᠤᠠ ᠢ ᠬᠦᠭᠵᠢᠬᠦᠯᠤᠠ ᠮᠠᠠᠳᠤᠭᠤᠯᠬᠤ ᠬᠦᠴᠦᠷᠬᠡᠭ ᠶᠡᠭᠡ ᠬᠦᠴᠦᠠ ᠢ ᠨᠢᠬᠳᠠᠷᠠᠭᠤᠯᠤᠨ᠎ᠠ᠃ | ᠶᠡᠭᠡ ᠲᠡᠬᠡᠳᠤ ᠰᠤᠷᠭᠠᠭᠤᠯᠢ᠂ ᠡᠷᠳᠠᠮ ᠰᠢᠨᠵᠢᠯᠡᠭᠡ ᠶᠢᠨ ᠬᠦᠷᠢᠶᠠᠯᠠᠩ᠂ ᠤᠶᠤᠠ ᠤ ᠬᠦᠮᠦᠷᠬᠡ ᠵᠠᠷᠬᠡ | ᠪᠠᠶᠢᠭᠤᠯᠤᠮᠵᠢ ᠳᠤ ᠲᠦᠰᠢᠭᠯᠡᠡ᠂ ᠲᠤᠰᠬᠠᠢ ᠮᠠᠷᠬᠡᠵᠢᠯᠳᠠᠠ ᠤ ᠰᠢᠢᠳᠪᠤᠷᠢᠳᠤ ᠪᠤᠳᠤᠯᠭ᠎ᠠ ᠶᠢᠨ ᠠᠰᠠᠭᠤᠠ ᠯᠠᠪᠯᠠᠬᠤ | ᠲᠦᠷᠢᠮ ᠢ ᠲᠤᠭᠳᠠᠭᠠᠵᠥ᠂ ᠬᠦᠳᠡᠭᠡ ᠲᠤᠰᠬᠤᠠ ᠢ ᠬᠦᠭᠵᠢᠬᠦᠯᠤᠠ ᠮᠠᠠᠳᠤᠭᠤᠯᠬᠤ ᠪᠠᠶᠢᠯᠳᠤᠬᠤ ᠪᠤᠳᠤᠯᠭ᠎ᠠ ᠶᠢ | ᠬᠡᠷᠡᠭᠵᠢᠬᠦᠯᠬᠦ ᠳᠤ ᠤᠶᠤᠠ ᠤ ᠬᠦᠴᠦᠠ ᠤ ᠲᠡᠮᠵᠢᠯᠬᠡ ᠬᠠᠨᠭ᠍ᠭᠠᠨ᠎ᠠ᠃ ᠬᠦᠳᠡᠭᠡ ᠲᠤᠰᠬᠤᠠ ᠢ ᠬᠦᠭᠵᠢᠬᠦᠯᠤᠠ | ᠮᠠᠠᠳᠤᠭᠤᠯᠬᠤ ᠶᠢ ᠠᠬᠢᠭᠤᠯᠬᠤ ᠤᠷᠤᠠ ᠨᠤᠳᠤᠭ ᠤᠨ ᠴᠢᠨᠠᠷᠳᠠᠢ ᠬᠠᠤᠯᠢ ᠲᠦᠷᠢᠮ᠂ ᠵᠠᠰᠠᠭ ᠤᠨ ᠤᠷᠳᠤᠠ ᠤ ᠲᠦᠷᠢᠮ | ᠲᠤᠭᠳᠠᠭᠠᠯ ᠢ ᠲᠤᠬᠢᠷᠠᠮᠵᠢᠲᠠᠢ ᠴᠠᠬ ᠲᠤᠨᠢ ᠰᠤᠳᠤᠯᠤᠠ ᠲᠤᠭᠳᠠᠭᠠᠵᠥ᠂ ᠬᠦᠳᠡᠭᠡ ᠲᠤᠰᠬᠤᠠ ᠢ ᠬᠦᠭᠵᠢᠬᠦᠯᠤᠠ | ᠮᠠᠠᠳᠤᠭᠤᠯᠬᠤ ᠶᠢᠨ ᠬᠠᠤᠯᠢ ᠪᠠᠷ ᠵᠠᠰᠠᠬᠤ ᠪᠠᠳᠤᠯᠠᠭ᠎ᠠ ᠶᠢ ᠴᠢᠩᠭᠠᠳᠬᠠᠨ᠎ᠠ᠃ ᠪᠢᠳᠠᠠ ᠪᠦᠭᠦᠳᠡᠭᠡᠷ ᠢᠶᠠᠨ ᠰᠢ ᠶᠢᠨ ᠫᠢᠩ | ᠨᠦᠬᠦᠷ ᠢᠶᠠᠷ ᠭᠤᠤᠯ ᠪᠤᠯᠭᠠᠭᠰᠠᠠ ᠨᠠᠮ ᠤᠨ ᠲᠦᠪ ᠬᠤᠷᠢᠶ᠎ᠠ ᠶᠢᠨ ᠲᠤᠭᠤᠷᠢᠠ ᠳᠤ ᠨᠢᠬᠳᠠᠷᠠᠠ ᠪᠦᠯᠬᠦᠮᠳᠠᠵᠥ᠂ | ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠥ᠂ ᠬᠦᠴᠢᠷ ᠢ ᠰᠦᠷᠦᠠ ᠤᠷᠤᠭᠰᠢᠯᠠᠵᠥ᠂ ᠰᠢᠷᠭᠠᠭᠤ ᠬᠠᠳᠠᠭᠤᠵᠢᠯᠳᠠᠢ | ᠠᠵᠢᠯᠯᠠᠵᠥ᠂ ᠵᠠᠮ ᠨᠠᠬᠡᠬᠡᠡ ᠤᠷᠤᠭᠰᠢᠯᠠᠵᠤ᠂ ᠴᠢᠨᠡᠬᠡᠯᠢᠭ ᠨᠡᠶᠢᠭᠡᠮ ᠢ ᠪᠦᠬᠦ ᠲᠡᠯ᠎ᠠ ᠪᠠᠷ ᠪᠠᠶᠠᠯᠠᠬᠦᠯᠬᠦ᠂ | ᠤᠳᠤᠬᠢᠴᠢᠯᠠᠭᠰᠡᠡ ᠦᠪᠤᠷ ᠮᠤᠩᠭᠤᠯ ᠢ ᠪᠦᠳᠦᠬᠡᠡ ᠪᠠᠶᠢᠭᠤᠯᠬᠤ᠂ ᠡᠬᠡ ᠤᠯᠤᠰ ᠤᠨ ᠤᠮᠠᠷᠠᠳᠤ ᠶᠢᠨ | ᠦᠵᠡᠰᠭᠦᠯᠡᠩᠳᠤ ᠰᠠᠶᠢᠬᠠᠨ ᠦᠵᠡᠮᠵᠢ ᠶᠢᠨ ᠤᠷᠤᠠ ᠢ ᠪᠦᠳᠦᠬᠡᠡ ᠪᠠᠶᠢᠭᠤᠯᠬᠤ ᠪᠠᠷ ᠴᠢᠷᠮᠠᠶᠢᠨ ᠲᠡᠮᠡᠴᠡᠵᠡᠭᠡᠶ᠎ᠡ︕ |