ᠪᠦᠬᠦ ᠤᠯᠤᠰ ᠤᠨ ᠠᠷᠠᠳ ᠤᠨ ᠲᠦᠯᠥᠬᠡᠯᠡᠭᠴᠢᠳ ᠤᠨ ᠶᠡᠭᠡ ᠬᠤᠷᠡᠯ ᠤᠨ ᠪᠠᠶᠢᠡᠭᠭᠤ ᠶᠢᠨ ᠬᠤᠷᠢᠶ᠎ᠠ ᠳᠤ᠄ | ᠰᠢᠨ᠎ᠡ ᠴᠠᠭ ᠦᠶ᠎ᠡ ᠳᠤ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ ᠪᠠᠷᠢᠮᠳᠠᠯᠠᠬᠤ ᠪᠠ | ᠬᠦᠭᠵᠢᠬᠦᠯᠬᠦ ᠰᠢᠨ᠎ᠡ ᠪᠠᠶᠢᠳᠠᠯ ᠰᠢᠨ᠎ᠡ ᠦᠢᠯᠡᠳᠦᠯᠬᠡ ᠶᠢ ᠦᠨᠳᠦᠰᠦᠯᠡᠨ᠂ ᠲᠤᠮᠳᠠᠳᠤ ᠤᠯᠤᠰ ᠤᠨ ᠡᠪ ᠬᠠᠮᠳᠤ | ᠨᠠᠮ ᠤᠨ ᠲᠦᠪ ᠬᠤᠷᠢᠶ᠎ᠠ ᠠᠴᠠ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠦᠨᠳᠦᠰᠤᠨ ᠬᠠᠤᠯᠢ︾ | ᠶᠢᠨ ᠬᠡᠰᠡᠭ ᠠᠭᠤᠯᠭ᠎ᠠ ᠳᠤ ᠵᠠᠰᠠᠪᠤᠷᠢ ᠤᠷᠤᠭᠤᠯᠬᠤ ᠲᠤᠬᠠᠢ ᠲᠤᠤᠷᠠᠬᠢ ᠮᠡᠳᠤ ᠰᠠᠨᠠᠭᠤᠯᠭ᠎ᠠ ᠳᠤᠷᠠᠳᠪᠠ᠄ | ᠨᠢᠬᠡ᠂ ᠦᠨᠳᠦᠰᠦᠨ ᠬᠠᠤᠯᠢ ᠶᠢᠨ ᠤᠷᠤᠰᠢᠯ ᠤᠨ ᠲᠤᠯᠤᠳᠤᠭᠠᠷ ᠤᠯᠠᠭᠠᠨ ᠮᠦᠷ ᠲᠠᠬᠢ ︽ᠮᠠᠷᠺᠰ ᠯᠧᠨᠢᠨ ᠤ | ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ ᠪᠤᠯᠤᠨ ︿ᠭᠤᠷᠪᠠ ᠶᠢ | ᠲᠦᠯᠥᠬᠡᠯᠡᠬᠦ﹀ ᠴᠢᠬᠤᠯᠠ ᠦᠵᠡᠯ ᠰᠠᠨᠠᠭ᠎ᠠ ᠶᠢᠨ ᠵᠢᠯᠤᠭᠤᠳᠤᠯᠭ᠎ᠠ ᠲᠤᠤᠷ᠎ᠡ︾ ᠬᠡᠳᠡᠭ ᠢ ︽ᠮᠠᠷᠺᠰ ᠯᠧᠨᠢᠨ ᠤ | ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ᠂ ︿ᠭᠤᠷᠪᠠ ᠶᠢ ᠲᠦᠯᠥᠬᠡᠯᠡᠬᠦ﹀ | ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠦᠭᠵᠢᠯᠳᠡ ᠶᠢᠨ ᠦᠵᠡᠯᠳᠡ᠂ ᠰᠢ ᠶᠢᠨ ᠫᠢᠩ ᠤᠨ ᠰᠢᠨ᠎ᠠ | ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠢᠯᠤᠭᠤᠳᠤᠯᠭ᠎ᠠ | ᠲᠤᠤᠷ᠎ᠡ︾ ᠬᠡᠵᠥ ᠵᠠᠰᠠᠪᠤᠷᠢ ᠤᠷᠤᠭᠤᠯᠤᠨ᠎ᠠ︔ ︽ᠨᠡᠶᠢᠭᠡᠮ ᠵᠢᠷᠤᠮ ᠤᠨ ᠬᠠᠤᠯᠢ ᠲᠦᠷᠢᠮ ᠢ ᠲᠡᠬᠦᠯᠳᠡᠷᠵᠢᠬᠦᠯᠵᠥ︾ | ᠬᠡᠳᠡᠭ ᠢ ︽ᠨᠡᠶᠢᠭᠡᠮ ᠵᠢᠷᠤᠮ ᠤᠨ ᠬᠠᠤᠯᠢᠵᠢᠯ ᠢ ᠲᠡᠬᠦᠯᠳᠡᠷᠵᠢᠬᠦᠯᠵᠥ︾ ᠬᠡᠵᠥ ᠵᠠᠰᠠᠪᠤᠷᠢ ᠤᠷᠤᠭᠤᠯᠤᠨ᠎ᠠ︔ ︽ | ᠦᠪᠡᠷ ᠤᠨ ᠬᠦᠴᠦ ᠪᠠᠷ ᠢᠶᠠᠨ ᠲᠡᠭᠵᠢᠷᠡᠵᠥ᠂ ᠲᠡᠰᠪᠤᠷᠢ ᠬᠠᠳᠠᠭᠤᠵᠢᠯᠳᠠᠢ ᠲᠡᠮᠡᠴᠡᠵᠥ︾ ᠬᠡᠳᠡᠭ ᠤᠨ ᠡᠮᠤᠨ᠎ᠡ ︽ | ᠰᠢᠨ᠎ᠡ ᠬᠦᠭᠵᠢᠯᠳᠡ ᠶᠢᠨ ᠤᠨᠤᠯᠵᠢᠬᠤᠨ ᠢ ᠲᠤᠤᠱᠯᠠᠭᠤᠯᠵᠥ︾ ᠬᠡᠵᠥ ᠨᠡᠮᠡᠵᠥ ᠤᠷᠤᠭᠤᠯᠤᠨ᠎ᠠ︔ ︽ᠪᠤᠳᠠᠰ ᠤᠨ | ᠪᠤᠯᠪᠠᠰᠤᠨ᠂ ᠤᠯᠤᠰ ᠲᠦᠷᠦ ᠶᠢᠨ ᠪᠤᠯᠪᠠᠰᠤᠨ ᠪᠤᠯᠤᠨ ᠤᠶᠤᠨ ᠤ ᠪᠤᠯᠪᠠᠰᠤᠨ ᠤ ᠵᠤᠬᠢᠴᠠᠩᠭᠤᠢ ᠬᠦᠭᠵᠢᠯᠳᠡ ᠶᠢ | ᠲᠦᠯᠬᠢᠨ ᠠᠬᠢᠭᠤᠯᠵᠥ᠂ ᠮᠠᠨ ᠤ ᠤᠯᠤᠰ ᠢᠶᠠᠨ ᠪᠠᠶᠠᠨ ᠬᠦᠴᠦᠷᠭᠡᠭ᠂ ᠠᠷᠠᠳᠴᠢᠯᠠᠭᠰᠠᠠ᠂ ᠪᠤᠯᠪᠠᠰᠤᠨ ᠨᠡᠶᠢᠭᠡᠮ | ᠵᠢᠷᠤᠮᠳᠤ ᠤᠯᠤᠰ ᠪᠤᠯᠭᠠᠨ ᠪᠦᠳᠦᠭᠡᠨ ᠪᠠᠶᠢᠭᠤᠯᠤᠨ᠎ᠠ︾ ᠬᠡᠳᠡᠭ ᠢ ︽ᠪᠤᠳᠠᠰ ᠤᠨ ᠪᠤᠯᠪᠠᠰᠤᠨ᠂ ᠤᠯᠤᠰ ᠲᠦᠷᠦ ᠶᠢᠨ | ᠪᠤᠯᠪᠠᠰᠤᠨ᠂ ᠤᠶᠤᠨ ᠤ ᠪᠤᠯᠪᠠᠰᠤᠨ᠂ ᠨᠡᠶᠢᠭᠡᠮ ᠤᠨ ᠪᠤᠯᠪᠠᠰᠤᠨ᠂ ᠠᠮᠢ ᠠᠬᠤᠢ ᠶᠢᠨ ᠪᠤᠯᠪᠠᠰᠤᠨ ᠤ ᠵᠤᠬᠢᠴᠠᠩᠭᠤᠢ | ᠬᠦᠭᠵᠢᠯᠳᠡ ᠶᠢ ᠠᠬᠢᠭᠤᠯᠵᠥ᠂ ᠮᠠᠨ ᠤ ᠤᠯᠤᠰ ᠢᠶᠠᠨ ᠪᠠᠶᠠᠨ ᠬᠦᠴᠦᠷᠭᠡᠭ ᠠᠷᠠᠳᠴᠢᠯᠠᠭᠰᠠᠠ ᠪᠤᠯᠪᠠᠰᠤᠨ ᠡᠶ᠎ᠡ | ᠵᠤᠬᠢᠴᠠᠩᠭᠤᠢ ᠦᠵᠡᠰᠬᠦᠯᠡᠩᠳᠤ ᠰᠠᠶᠢᠬᠠᠨ ᠨᠡᠶᠢᠭᠡᠮ ᠵᠢᠷᠤᠮ ᠤᠨ ᠤᠳᠤᠬᠢᠴᠢᠯᠠᠭᠰᠠᠠ ᠬᠦᠴᠦᠷᠭᠡᠭ ᠤᠯᠤᠰ ᠪᠤᠯᠭᠠᠨ | ᠪᠦᠳᠦᠭᠡᠨ ᠪᠠᠶᠢᠭᠤᠯᠵᠤ᠂ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢ ᠪᠡᠶᠡᠯᠡᠬᠦᠯᠥᠨ᠎ᠡ︾ | ᠬᠡᠵᠥ ᠵᠠᠰᠠᠪᠤᠷᠢ ᠤᠷᠤᠭᠤᠯᠤᠨ᠎ᠠ︔ ᠡᠨᠡᠬᠦ ᠤᠯᠠᠭᠠᠨ ᠮᠦᠷ ᠢ᠄ ︽ᠲᠤᠮᠳᠠᠳᠤ ᠤᠯᠤᠰ ᠤᠨ ᠰᠢᠨ᠎ᠡ ᠠᠷᠠᠳᠴᠢᠯᠠᠭᠰᠠᠠ | ᠬᠤᠪᠢᠰᠬᠠᠯ ᠤᠨ ᠢᠯᠠᠯᠳᠡ ᠪᠠ ᠨᠡᠶᠢᠭᠡᠮ ᠵᠢᠷᠤᠮᠳᠤ ᠦᠢᠯᠡᠰ ᠤᠨ ᠠᠮᠵᠢᠯᠳᠠ ᠶᠢ ᠪᠤᠯ ᠲᠤᠮᠳᠠᠳᠤ ᠤᠯᠤᠰ ᠤᠨ ᠡᠪ | ᠬᠠᠮᠳᠤ ᠨᠠᠮ ᠲᠤᠮᠳᠠᠳᠤ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠳᠤ ᠤᠳᠤᠷᠢᠳᠤᠨ᠂ ᠮᠠᠷᠺᠰ | ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭᠠᠨ ᠤ ᠵᠢᠯᠤᠭᠤᠳᠤᠯᠭ᠎ᠠ ᠲᠤᠤᠷ᠎ᠡ᠂ ᠦᠨᠡᠨ ᠶᠤᠰᠤ ᠶᠢ | ᠪᠠᠷᠢᠮᠳᠠᠯᠠᠨ᠂ ᠠᠯᠳᠠᠭ᠎ᠠ ᠪᠤᠷᠤᠭᠤ ᠪᠠᠨ ᠵᠠᠯᠠᠷᠠᠭᠤᠯᠵᠥ᠂ ᠮᠠᠰᠢ ᠤᠯᠠᠨ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ | ᠲᠠᠪᠠᠵᠥ ᠪᠠᠶᠢᠭᠠᠳ ᠤᠯᠤᠭᠰᠠᠠ ᠶᠤᠮ᠃ ᠮᠠᠨ ᠤ ᠤᠯᠤᠰ ᠨᠡᠶᠢᠭᠡᠮ ᠵᠢᠷᠤᠮ ᠤᠨ ᠠᠩᠬᠠᠨ ᠤ ᠱᠠᠳᠤᠨ ᠳᠤ ᠤᠷᠳᠤ | ᠬᠤᠭᠤᠴᠠᠭ᠎ᠠ ᠪᠠᠷ ᠤᠷᠤᠰᠢᠬᠤ ᠪᠤᠯᠤᠨ᠎ᠠ᠃ ᠤᠯᠤᠰ ᠤᠨ ᠦᠨᠳᠦᠰᠦᠨ ᠡᠬᠦᠷᠬᠡ ᠪᠤᠯ ᠲᠤᠮᠳᠠᠳᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠤᠮ ᠤᠨ ᠵᠠᠮ ᠢᠶᠠᠷ᠂ ᠬᠦᠴᠦ ᠪᠠᠨ ᠲᠦᠪᠯᠡᠷᠡᠬᠦᠯᠥᠨ ᠨᠡᠶᠢᠭᠡᠮ ᠵᠢᠷᠤᠮ ᠤᠨ | ᠤᠳᠤᠬᠢᠴᠢᠯᠠᠬᠤ ᠪᠦᠳᠦᠭᠡᠨ ᠪᠠᠶᠢᠭᠤᠯᠤᠯᠲᠠ ᠶᠢ ᠬᠢᠬᠦ ᠶᠠᠪᠤᠳᠠᠯ ᠪᠤᠯᠤᠨ᠎ᠠ᠃ ᠲᠤᠮᠳᠠᠳᠤ ᠤᠯᠤᠰ ᠤᠨ | ᠦᠨᠳᠦᠰᠦᠳᠡᠨ ᠨᠦᠭᠦᠳ ᠤᠨ ᠠᠷᠠᠳ ᠲᠦᠮᠡᠨ ᠦᠷᠬᠦᠯᠵᠢᠯᠡᠨ ᠲᠤᠮᠳᠠᠳᠤ ᠤᠯᠤᠰ ᠤᠨ ᠡᠪ ᠬᠠᠮᠳᠤ ᠨᠠᠮ ᠤᠨ | ᠤᠳᠤᠷᠢᠳᠤᠯᠭ᠎ᠠ ᠲᠤᠤᠷ᠎ᠡ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ | ᠫᠢᠩ ᠤᠨ ᠤᠨᠤᠯ᠂ ︿ᠭᠤᠷᠪᠠ ᠶᠢ ᠲᠦᠯᠥᠬᠡᠯᠡᠬᠦ﹀ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ | ᠬᠦᠭᠵᠢᠯᠳᠡ ᠶᠢᠨ ᠦᠵᠡᠯᠳᠡ᠂ ᠰᠢ ᠶᠢᠨ ᠫᠢᠩ ᠤᠨ ᠰᠢᠨ᠎ᠡ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠢᠯᠤᠭᠤᠳᠤᠯᠭ᠎ᠠ ᠲᠤᠤᠷ᠎ᠡ᠂ ᠠᠷᠠᠳ ᠤᠨ ᠠᠷᠠᠳᠴᠢᠯᠠᠭᠰᠠᠠ | ᠳᠠᠷᠤᠩᠭᠤᠶᠢᠯᠠᠬᠤ ᠵᠠᠰᠠᠭ ᠢ ᠪᠠᠷᠢᠮᠳᠠᠯᠠᠨ᠂ ᠨᠡᠶᠢᠭᠡᠮ ᠵᠢᠷᠤᠮ ᠤᠨ ᠵᠠᠮ ᠢ ᠪᠠᠷᠢᠮᠳᠠᠯᠠᠵᠥ᠂ ᠦᠭᠡᠷᠡᠴᠢᠯᠡᠯᠳᠡ ᠨᠡᠬᠡᠬᠡᠯᠳᠡ | ᠬᠢᠬᠦ ᠶᠢ ᠪᠠᠷᠢᠮᠳᠠᠯᠠᠵᠥ᠂ ᠨᠡᠶᠢᠭᠡᠮ ᠵᠢᠷᠤᠮ ᠤᠨ ᠲᠦᠷᠢᠮ ᠲᠤᠭᠳᠠᠭᠠᠯ ᠤᠳ ᠢ ᠲᠠᠰᠤᠷᠠᠯᠳᠡ ᠦᠭᠡᠢ | ᠲᠡᠬᠦᠯᠳᠡᠷᠵᠢᠬᠦᠯᠵᠥ᠂ ᠨᠡᠶᠢᠭᠡᠮ ᠵᠢᠷᠤᠮ ᠤᠨ ᠵᠠᠬ᠎ᠠ ᠲᠡᠯᠬᠡᠬᠦᠷ ᠤᠨ ᠠᠵᠥ ᠠᠬᠤᠢ ᠶᠢ ᠬᠦᠭᠵᠢᠬᠦᠯᠥᠨ᠂ ᠨᠡᠶᠢᠭᠡᠮ | ᠵᠢᠷᠤᠮ ᠤᠨ ᠠᠷᠠᠳᠴᠢᠯᠠᠯ ᠢ ᠬᠦᠭᠵᠢᠬᠦᠯᠵᠥ᠂ ᠨᠡᠶᠢᠭᠡᠮ ᠵᠢᠷᠤᠮ ᠤᠨ ᠬᠠᠤᠯᠢᠵᠢᠯ ᠢ ᠲᠡᠬᠦᠯᠳᠡᠷᠵᠢᠬᠦᠯᠵᠥ᠂ ᠰᠢᠨ᠎ᠡ | ᠬᠦᠭᠵᠢᠯᠳᠡ ᠶᠢᠨ ᠤᠨᠤᠯᠵᠢᠬᠤᠨ ᠢ ᠲᠤᠤᠱᠯᠠᠭᠤᠯᠵᠥ᠂ ᠦᠪᠡᠷ ᠤᠨ ᠬᠦᠴᠦ ᠪᠠᠷ ᠢᠶᠠᠨ ᠲᠡᠭᠵᠢᠷᠡᠨ᠂ ᠲᠡᠰᠪᠤᠷᠢ | ᠬᠠᠳᠠᠭᠤᠵᠢᠯᠳᠡᠢ ᠲᠡᠮᠡᠴᠡᠵᠥ ᠪᠠᠶᠢᠭᠠᠳ ᠠᠵᠥ ᠦᠢᠯᠡᠳᠪᠤᠷᠢ᠂ ᠬᠦᠳᠡᠭᠡ ᠠᠵᠥ ᠠᠬᠤᠢ᠂ ᠤᠯᠤᠰ ᠤᠨ ᠪᠠᠳᠤᠯᠠᠨ | ᠬᠠᠮᠠᠭᠠᠯᠠᠯᠳᠡ ᠪᠠ ᠰᠢᠨᠵᠢᠯᠡᠬᠦ ᠤᠬᠠᠭᠠᠨ ᠮᠡᠷᠬᠡᠵᠢᠯ ᠤᠨ ᠤᠳᠤᠬᠢᠴᠢᠯᠠᠯᠳᠠ ᠶᠢ ᠠᠯᠬᠤᠮ ᠠᠯᠬᠤᠮ ᠢᠶᠠᠷ ᠪᠡᠶᠡᠯᠡᠬᠦᠯᠵᠥ᠂ | ᠪᠤᠳᠠᠰ ᠤᠨ ᠪᠤᠯᠪᠠᠰᠤᠨ᠂ ᠤᠯᠤᠰ ᠲᠦᠷᠦ ᠶᠢᠨ ᠪᠤᠯᠪᠠᠰᠤᠨ᠂ ᠤᠶᠤᠨ ᠤ ᠪᠤᠯᠪᠠᠰᠤᠨ᠂ ᠨᠡᠶᠢᠭᠡᠮ ᠤᠨ ᠪᠤᠯᠪᠠᠰᠤᠨ᠂ | ᠠᠮᠢ ᠠᠬᠤᠢ ᠶᠢᠨ ᠪᠤᠯᠪᠠᠰᠤᠨ ᠤ ᠵᠤᠬᠢᠴᠠᠩᠭᠤᠢ ᠬᠦᠭᠵᠢᠯᠳᠡ ᠶᠢ ᠠᠬᠢᠭᠤᠯᠵᠥ᠂ ᠮᠠᠨ ᠤ ᠤᠯᠤᠰ ᠢᠶᠠᠨ ᠪᠠᠶᠠᠨ | ᠬᠦᠴᠦᠷᠬᠡᠭ ᠠᠷᠠᠳᠴᠢᠯᠠᠭᠰᠠᠠ ᠪᠤᠯᠪᠠᠰᠤᠨ ᠡᠶ᠎ᠡ ᠵᠤᠬᠢᠴᠠᠩᠭᠤᠢ ᠦᠵᠡᠰᠬᠦᠯᠡᠩᠳᠤ ᠰᠠᠶᠢᠬᠠᠨ ᠨᠡᠶᠢᠭᠡᠮ ᠵᠢᠷᠤᠮ ᠤᠨ | ᠤᠳᠤᠬᠢᠴᠢᠯᠠᠭᠰᠠᠠ ᠬᠦᠴᠦᠷᠭᠡᠭ ᠤᠯᠤᠰ ᠪᠤᠯᠭᠠᠨ ᠪᠦᠳᠦᠭᠡᠨ ᠪᠠᠶᠢᠭᠤᠯᠵᠤ᠂ ᠲᠤᠮᠳᠠᠳᠤ ᠶᠢᠨ ᠦᠨᠳᠦᠰᠦᠳᠡᠨ ᠤ | ᠠᠭᠤᠤ ᠶᠡᠭᠡ ᠰᠡᠷᠬᠦᠨ ᠮᠠᠨᠳᠤᠯᠳᠠ ᠶᠢ ᠪᠡᠶᠡᠯᠡᠬᠦᠯᠥᠨ᠎ᠡ︾ ᠬᠡᠵᠥ ᠵᠤᠬᠢᠬᠤ ᠵᠠᠰᠠᠪᠤᠷᠢ ᠤᠷᠤᠭᠤᠯᠤᠨ᠎ᠠ᠃ | ᠬᠤᠶᠠᠷ᠂ ᠦᠨᠳᠦᠰᠦᠨ ᠬᠠᠤᠯᠢ ᠶᠢᠨ ᠤᠷᠤᠰᠢᠯ ᠤᠨ ᠠᠷᠪᠠᠳᠤᠭᠠᠷ ᠤᠯᠠᠭᠠᠨ ᠮᠦᠷ ᠲᠠᠬᠢ ︽ᠤᠷᠳᠤ | ᠬᠤᠭᠤᠴᠠᠭᠠᠨ ᠤ ᠬᠤᠪᠢᠰᠬᠠᠯ ᠪᠠ ᠪᠦᠳᠦᠭᠡᠨ ᠪᠠᠶᠢᠭᠤᠯᠤᠯᠲᠠ ᠶᠢᠨ ᠶᠠᠪᠤᠴᠠ ᠳᠤ︾ ᠬᠡᠳᠡᠭ ᠢ ︽ᠤᠷᠳᠤ | ᠬᠤᠭᠤᠴᠠᠭᠠᠨ ᠤ ᠬᠤᠪᠢᠰᠬᠠᠯ᠂ ᠪᠦᠳᠦᠭᠡᠨ ᠪᠠᠶᠢᠭᠤᠯᠤᠯᠲᠠ᠂ ᠦᠭᠡᠷᠡᠴᠢᠯᠡᠯᠳᠡ ᠶᠢᠨ ᠶᠠᠪᠤᠴᠠ ᠳᠤ︾ ᠬᠡᠵᠥ ᠵᠠᠰᠠᠪᠤᠷᠢ | ᠤᠷᠤᠭᠤᠯᠤᠨ᠎ᠠ︔ ︽ᠪᠦᠬᠦ ᠨᠡᠶᠢᠭᠡᠮ ᠵᠢᠷᠤᠮᠳᠤ ᠬᠦᠳᠡᠯᠮᠤᠷᠢᠴᠢᠳ᠂ ᠨᠡᠶᠢᠭᠡᠮ ᠵᠢᠷᠤᠮᠳᠤ ᠦᠢᠯᠡᠰ ᠤᠨ ᠪᠦᠳᠦᠭᠡᠨ | ᠪᠠᠶᠢᠭᠤᠯᠤᠭᠴᠢᠳ᠂ ᠨᠡᠶᠢᠭᠡᠮ ᠵᠢᠷᠤᠮ ᠢ ᠬᠦᠷᠢᠶᠡᠯᠡᠬᠦ ᠡᠬᠡ ᠤᠷᠤᠨᠴᠢᠳ ᠪᠠ ᠡᠬᠡ ᠤᠷᠤᠨ ᠤ ᠨᠢᠬᠡᠳᠤᠯ ᠢ ᠬᠦᠷᠢᠶᠡᠯᠡᠬᠦ | ᠡᠬᠡ ᠤᠷᠤᠨᠴᠢᠳ ᠢ ᠪᠠᠭᠳᠠᠭᠠᠭᠰᠠᠠ ᠦᠷᠬᠡᠨ ᠲᠡᠯᠬᠡᠷ ᠡᠬᠡ ᠤᠷᠤᠨᠴᠢ ᠨᠢᠬᠡᠳᠤᠮᠡᠯ ᠹᠷᠤᠨᠲ︾ ᠬᠡᠳᠡᠭ ᠢ ︽ᠪᠦᠬᠦ | ᠨᠡᠶᠢᠭᠡᠮ ᠵᠢᠷᠤᠮᠳᠤ ᠬᠦᠳᠡᠯᠮᠤᠷᠢᠴᠢᠳ᠂ ᠨᠡᠶᠢᠭᠡᠮ ᠵᠢᠷᠤᠮᠳᠤ ᠦᠢᠯᠡᠰ ᠤᠨ ᠪᠦᠳᠦᠭᠡᠨ ᠪᠠᠶᠢᠭᠤᠯᠤᠭᠴᠢᠳ᠂ ᠨᠡᠶᠢᠭᠡᠮ | ᠵᠢᠷᠤᠮ ᠢ ᠬᠦᠷᠢᠶᠡᠯᠡᠬᠦ ᠡᠬᠡ ᠤᠷᠤᠨᠴᠢᠳ᠂ ᠡᠬᠡ ᠤᠷᠤᠨ ᠤ ᠨᠢᠬᠡᠳᠤᠯ ᠢ ᠬᠦᠷᠢᠶᠡᠯᠡᠬᠦ ᠡᠬᠡ ᠤᠷᠤᠨᠴᠢᠳ ᠪᠠ | ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠲᠦᠯᠥᠬᠡ ᠲᠡᠮᠡᠴᠡᠭᠴᠢ ᠡᠬᠡ | ᠤᠷᠤᠨᠴᠢᠳ ᠢ ᠪᠠᠭᠳᠠᠭᠠᠭᠰᠠᠠ ᠦᠷᠭᠡᠨ ᠲᠡᠯᠬᠡᠷ ᠡᠬᠡ ᠤᠷᠤᠨᠴᠢ ᠨᠢᠬᠡᠳᠤᠮᠡᠯ ᠹᠷᠤᠨᠲ︾ ᠬᠡᠵᠥ ᠵᠠᠰᠠᠪᠤᠷᠢ | ᠤᠷᠤᠭᠤᠯᠤᠨ᠎ᠠ᠃ ᠡᠨᠡᠬᠦ ᠤᠯᠠᠭᠠᠨ ᠮᠦᠷ ᠢ᠄ ︽ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠯᠲᠠ ᠶᠢᠨ ᠦᠢᠯᠡᠰ ᠲᠤ | ᠡᠷᠬᠡᠪᠰᠢ ᠠᠵᠢᠯᠴᠢᠨ ᠲᠠᠷᠢᠶᠠᠴᠢᠨ ᠰᠡᠭᠡᠭᠡᠳᠡᠨ ᠢ ᠲᠦᠰᠢᠭᠯᠡᠵᠥ᠂ ᠪᠦᠯᠬᠦᠮᠳᠡᠵᠥ ᠪᠤᠯᠬᠤ ᠬᠦᠴᠦᠨ ᠪᠦᠬᠦᠨ ᠲᠠᠢ | ᠪᠦᠯᠬᠦᠮᠳᠡᠬᠦ ᠬᠡᠷᠡᠭᠳᠡᠢ᠃ ᠤᠷᠳᠤ ᠬᠤᠭᠤᠴᠠᠭᠠᠨ ᠤ ᠬᠤᠪᠢᠰᠬᠠᠯ᠂ ᠪᠦᠳᠦᠭᠡᠨ ᠪᠠᠶᠢᠭᠤᠯᠤᠯᠲᠠ᠂ | ᠦᠭᠡᠷᠡᠴᠢᠯᠡᠯᠳᠡ ᠶᠢᠨ ᠶᠠᠪᠤᠴᠠ ᠳᠤ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠤᠳᠤᠷᠢᠳᠤᠭᠰᠠᠠ᠂ | ᠠᠷᠠᠳᠴᠢᠯᠠᠭᠰᠠᠠ ᠨᠠᠮ ᠪᠦᠯᠥᠭ ᠤᠳ ᠪᠡ ᠠᠷᠠᠳ ᠤᠨ ᠪᠦᠯᠬᠦᠮ ᠤᠳ ᠤᠨ ᠤᠷᠤᠯᠴᠠᠭᠰᠠᠠ᠂ ᠪᠦᠬᠦ ᠨᠡᠶᠢᠭᠡᠮ | ᠵᠢᠷᠤᠮᠳᠤ ᠬᠦᠳᠡᠯᠮᠤᠷᠢᠴᠢᠳ᠂ ᠨᠡᠶᠢᠭᠡᠮ ᠵᠢᠷᠤᠮᠳᠤ ᠦᠢᠯᠡᠰ ᠤᠨ ᠪᠦᠳᠦᠭᠡᠨ ᠪᠠᠶᠢᠭᠤᠯᠤᠭᠴᠢᠳ᠂ ᠨᠡᠶᠢᠭᠡᠮ ᠵᠢᠷᠤᠮ ᠢ | ᠬᠦᠷᠢᠶᠡᠯᠡᠬᠦ ᠡᠬᠡ ᠤᠷᠤᠨᠴᠢᠳ᠂ ᠡᠬᠡ ᠤᠷᠤᠨ ᠤ ᠨᠢᠬᠡᠳᠤᠯ ᠢ ᠬᠦᠷᠢᠶᠡᠯᠡᠬᠦ ᠡᠬᠡ ᠤᠷᠤᠨᠴᠢᠳ ᠪᠠ ᠲᠤᠮᠳᠠᠳᠤ ᠶᠢᠨ | ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠲᠦᠯᠥᠬᠡ ᠲᠡᠮᠡᠴᠡᠭᠴᠢ ᠡᠬᠡ ᠤᠷᠤᠨᠴᠢᠳ ᠢ | ᠪᠠᠭᠳᠠᠭᠠᠭᠰᠠᠠ ᠦᠷᠭᠡᠨ ᠲᠡᠯᠬᠡᠷ ᠡᠬᠡ ᠤᠷᠤᠨᠴᠢ ᠨᠢᠬᠡᠳᠤᠮᠡᠯ ᠹᠷᠤᠨᠲ ᠪᠦᠷᠢᠯᠳᠦᠭᠰᠡᠨ ᠪᠦᠭᠡᠳ ᠡᠨᠡᠬᠦ ᠨᠢᠬᠡᠳᠤᠮᠡᠯ | ᠹᠷᠤᠨᠲ ᠴᠢᠨᠠᠬᠰᠢᠳᠠ ᠤᠯᠠᠮ ᠪᠠᠬᠢᠵᠢᠨ ᠬᠦᠭᠵᠢᠬᠦ ᠪᠤᠯᠤᠨ᠎ᠠ᠃ ᠲᠤᠮᠳᠠᠳᠤ ᠤᠯᠤᠰ ᠤᠨ ᠠᠷᠠᠳ ᠤᠨ ᠤᠯᠤᠰ | ᠲᠦᠷᠦ ᠶᠢᠨ ᠵᠦᠪᠯᠡᠯᠬᠡᠨ ᠪᠤᠯ ᠦᠷᠬᠡᠨ ᠲᠡᠯᠬᠡᠷᠡᠩᠬᠦᠢ ᠲᠦᠯᠥᠬᠡᠯᠡᠬᠦ ᠴᠢᠨᠠᠷ ᠪᠦᠬᠦᠢ ᠨᠢᠬᠡᠳᠤᠮᠡᠯ ᠹᠷᠤᠨᠲ ᠤᠨ ᠵᠤᠬᠢᠶᠠᠨ | ᠪᠠᠶᠢᠭᠤᠯᠤᠯᠲᠠ ᠮᠥᠨ᠂ ᠦᠩᠬᠡᠷᠡᠭᠰᠡᠡ ᠳᠤ ᠴᠢᠬᠤᠯᠠ ᠲᠡᠤᠬᠡᠳᠤ ᠦᠢᠯᠡᠳᠦᠯ ᠭᠠᠷᠭᠠᠭᠰᠠᠠ ᠪᠦᠭᠡᠳ ᠡᠬᠦᠨ ᠠᠴᠠ | ᠬᠤᠶᠢᠰᠢᠳᠠ ᠲᠦᠷᠦ ᠶᠢᠨ ᠤᠯᠤᠰ ᠲᠦᠷᠦ ᠶᠢᠨ ᠠᠮᠢᠳᠤᠷᠠᠯ᠂ ᠨᠡᠶᠢᠭᠡᠮ ᠤᠨ ᠠᠮᠢᠳᠤᠷᠠᠯ ᠪᠤᠯᠤᠨ ᠭᠠᠳᠠᠭᠠᠳᠤ ᠲᠠᠢ | ᠨᠦᠬᠦᠷᠰᠡᠭ ᠢᠶᠠᠷ ᠬᠠᠷᠢᠯᠴᠠᠬᠤ ᠠᠵᠢᠯᠯᠠᠭᠠᠨ ᠤ ᠲᠤᠮᠳᠠ ᠨᠡᠶᠢᠭᠡᠮ ᠵᠢᠷᠤᠮ ᠤᠨ ᠤᠳᠤᠬᠢᠴᠢᠯᠠᠬᠤ ᠪᠦᠳᠦᠭᠡᠨ | ᠪᠠᠶᠢᠭᠤᠯᠤᠯᠲᠠ ᠬᠢᠬᠦ᠂ ᠤᠯᠤᠰ ᠤᠷᠤᠨ ᠤ ᠨᠢᠬᠡᠳᠤᠯ ᠪᠠ ᠪᠦᠯᠬᠦᠮᠳᠡᠯ ᠢ ᠬᠠᠮᠠᠭᠠᠯᠠᠬᠤ ᠲᠡᠮᠡᠴᠡᠯ ᠤᠨ ᠲᠤᠮᠳᠠ ᠪᠠᠰᠠ | ᠤᠯᠠᠮ ᠨᠢᠬᠡ ᠠᠯᠬᠤᠮ ᠴᠢᠬᠤᠯᠠ ᠦᠢᠯᠡᠳᠦᠯ ᠭᠠᠷᠭᠠᠬᠤ ᠪᠤᠯᠤᠨ᠎ᠠ᠃ ᠲᠤᠮᠳᠠᠳᠤ ᠤᠯᠤᠰ ᠤᠨ ᠡᠪ ᠬᠠᠮᠳᠤ ᠨᠠᠮ ᠤᠨ | ᠤᠳᠤᠷᠢᠳᠤᠭᠰᠠᠠ ᠤᠯᠠᠨ ᠨᠠᠮ ᠬᠠᠮᠳᠤᠷᠠᠨ ᠠᠵᠢᠯᠯᠠᠬᠤ ᠪᠠ ᠤᠯᠤᠰ ᠲᠦᠷᠦ ᠶᠢᠨ ᠵᠦᠪᠯᠡᠯᠬᠡ ᠬᠢᠬᠦ ᠲᠦᠷᠢᠮ ᠤᠷᠳᠤ | ᠬᠤᠭᠤᠴᠠᠭ᠎ᠠ ᠪᠠᠷ ᠤᠷᠤᠰᠢᠵᠤ ᠬᠦᠭᠵᠢᠬᠦ ᠪᠤᠯᠤᠨ᠎ᠠ︾ ᠬᠡᠵᠥ ᠵᠤᠬᠢᠬᠤ ᠵᠠᠰᠠᠪᠤᠷᠢ ᠤᠷᠤᠭᠤᠯᠤᠨ᠎ᠠ᠃ | ᠭᠤᠷᠪᠠ᠂ ᠦᠨᠳᠦᠰᠦᠨ ᠬᠠᠤᠯᠢ ᠶᠢᠨ ᠤᠷᠤᠰᠢᠯ ᠤᠨ ᠠᠷᠪᠠᠨ ᠨᠢᠬᠡᠳᠤᠭᠡᠷ ᠤᠯᠠᠭᠠᠨ ᠮᠦᠷ ᠲᠠᠬᠢ ︽ᠡᠷᠬᠡ | ᠲᠡᠭᠰᠢ᠂ ᠪᠦᠯᠬᠦᠮᠳᠡᠯ ᠲᠠᠢ᠂ ᠬᠠᠷᠢᠯᠴᠠᠨ ᠲᠤᠰᠠᠯᠠᠯᠴᠠᠬᠤ ᠨᠡᠶᠢᠭᠡᠮ ᠵᠢᠷᠤᠮ ᠤᠨ ᠦᠨᠳᠦᠰᠦᠳᠡᠨ ᠤ ᠬᠠᠷᠢᠴᠠᠭ᠎ᠠ | ᠨᠢᠬᠡᠨᠳᠡ ᠲᠤᠭᠳᠠᠭᠰᠠᠠ ᠪᠦᠭᠡᠳ ᠴᠢᠨᠠᠭᠰᠢᠳᠠ ᠪᠠᠳᠤᠵᠢᠬᠤ ᠪᠤᠯᠤᠨ᠎ᠠ︾ ᠬᠡᠳᠡᠭ ᠢ ︽ᠡᠷᠬᠡ ᠲᠡᠭᠰᠢ ᠪᠦᠯᠬᠦᠮᠳᠡᠯ ᠲᠠᠢ | ᠬᠠᠷᠢᠯᠴᠠᠨ ᠲᠤᠰᠠᠯᠠᠯᠴᠠᠭᠰᠠᠠ ᠡᠶ᠎ᠡ ᠵᠤᠬᠢᠴᠠᠩᠭᠤᠢ ᠨᠡᠶᠢᠭᠡᠮ ᠵᠢᠷᠤᠮ ᠤᠨ ᠦᠨᠳᠦᠰᠦᠳᠡᠨ ᠤ ᠬᠠᠷᠢᠴᠠᠭ᠎ᠠ ᠨᠢᠬᠡᠨᠳᠡ | ᠲᠤᠭᠳᠠᠭᠰᠠᠠ ᠪᠦᠭᠡᠳ ᠴᠢᠨᠠᠭᠰᠢᠳᠠ ᠪᠠᠳᠤᠵᠢᠬᠤ ᠪᠤᠯᠤᠨ᠎ᠠ︾ ᠬᠡᠵᠥ ᠵᠠᠰᠠᠪᠤᠷᠢ ᠤᠷᠤᠭᠤᠯᠤᠨ᠎ᠠ᠃ | ᠲᠦᠷᠪᠡ᠂ ᠦᠨᠳᠦᠰᠦᠨ ᠬᠠᠤᠯᠢ ᠶᠢᠨ ᠤᠷᠤᠰᠢᠯ ᠤᠨ ᠠᠷᠪᠠᠨ ᠬᠤᠶᠠᠳᠤᠭᠠᠷ ᠤᠯᠠᠭᠠᠨ ᠮᠦᠷ ᠲᠠᠬᠢ ︽ | ᠲᠤᠮᠳᠠᠳᠤ ᠤᠯᠤᠰ ᠤᠨ ᠬᠤᠪᠢᠰᠬᠠᠯ ᠪᠠ ᠪᠦᠳᠦᠭᠡᠨ ᠪᠠᠶᠢᠭᠤᠯᠤᠯᠲᠠ ᠶᠢᠨ ᠠᠮᠵᠢᠯᠳᠠ ᠪᠤᠯ ᠲᠡᠯᠡᠬᠡᠢ ᠶᠢᠨ ᠠᠷᠠᠳ | ᠲᠦᠮᠡᠨ ᠤ ᠲᠡᠮᠵᠢᠯᠬᠡ ᠲᠠᠢ ᠰᠠᠯᠤᠰᠢ ᠦᠭᠡᠢ ᠶᠤᠮ︾ ᠬᠡᠳᠡᠭ ᠢ ︽ᠲᠤᠮᠳᠠᠳᠤ ᠤᠯᠤᠰ ᠤᠨ ᠬᠤᠪᠢᠰᠬᠠᠯ᠂ ᠪᠦᠳᠦᠭᠡᠨ | ᠪᠠᠶᠢᠭᠤᠯᠤᠯᠲᠠ᠂ ᠦᠭᠡᠷᠡᠴᠢᠯᠡᠯᠳᠡ ᠶᠢᠨ ᠠᠮᠵᠢᠯᠳᠠ ᠪᠤᠯ ᠲᠡᠯᠡᠬᠡᠢ ᠶᠢᠨ ᠠᠷᠠᠳ ᠲᠦᠮᠡᠨ ᠤ ᠲᠡᠮᠵᠢᠯᠬᠡ ᠲᠠᠢ ᠰᠠᠯᠤᠰᠢ | ᠦᠭᠡᠢ ᠶᠤᠮ︾ ᠬᠡᠵᠥ ᠵᠠᠰᠠᠪᠤᠷᠢ ᠤᠷᠤᠭᠤᠯᠤᠨ᠎ᠠ︔ ︽ᠲᠤᠮᠳᠠᠳᠤ ᠤᠯᠤᠰ ᠪᠡᠶ᠎ᠡ ᠪᠠᠨ ᠲᠠᠭᠠᠭᠠᠵᠥ ᠡᠵᠡᠨ ᠮᠡᠳᠡᠬᠦ | ᠭᠠᠳᠠᠭᠠᠳᠤ ᠲᠦᠷᠦ ᠶᠢᠨ ᠪᠤᠳᠤᠯᠭ᠎ᠠ ᠶᠢ ᠪᠠᠷᠢᠮᠳᠠᠯᠠᠵᠥ᠂ ᠡᠷᠬᠡ ᠮᠡᠳᠡᠯ ᠪᠠ ᠨᠤᠳᠤᠭ ᠲᠡᠪᠢᠰᠬᠡᠷ ᠤᠨ ᠪᠦᠷᠢᠨ ᠪᠦᠳᠦᠨ | ᠪᠠᠶᠢᠬᠤ ᠶᠢ ᠬᠠᠷᠢᠯᠴᠠᠨ ᠬᠦᠨᠳᠦᠳᠬᠡᠬᠦ᠂ ᠬᠠᠷᠢᠯᠴᠠᠨ ᠦᠯᠥ ᠬᠠᠯᠳᠠᠬᠤ᠂ ᠲᠤᠳᠤᠭᠠᠳᠤ ᠵᠠᠰᠠᠭ ᠲᠤ ᠬᠠᠷᠢᠯᠴᠠᠨ ᠦᠯᠥ | ᠭᠠᠷ ᠲᠦᠷᠦᠬᠦ᠂ ᠡᠷᠬᠡ ᠲᠡᠭᠰᠢ ᠬᠠᠷᠢᠯᠴᠠᠨ ᠠᠰᠢᠭᠳᠠᠢ ᠪᠠᠶᠢᠬᠤ᠂ ᠨᠠᠶᠢᠷᠠᠮᠳᠠᠯ ᠢᠶᠠᠷ ᠵᠡᠷᠬᠡᠴᠡᠨ ᠤᠷᠤᠰᠢᠬᠤ ᠲᠠᠪᠤᠨ | ᠵᠠᠷᠴᠢᠮ ᠢ ᠪᠠᠷᠢᠮᠳᠠᠯᠠᠵᠥ︾ ᠶᠢᠨ ᠠᠷᠤ ᠳᠤ ︽ᠡᠩᠬᠡ ᠲᠠᠶᠢᠪᠤᠡᠭ ᠬᠦᠭᠵᠢᠯᠳᠡ ᠶᠢᠨ ᠵᠠᠮ ᠢ ᠪᠠᠷᠢᠮᠳᠡᠯᠡᠵᠥ᠂ ᠬᠠᠷᠢᠯᠴᠠᠨ | ᠠᠰᠢᠬᠳᠠᠢ ᠬᠠᠮᠳᠤᠪᠡᠷ ᠠᠰᠢᠬ ᠬᠦᠷᠳᠡᠬᠦ ᠨᠡᠬᠡᠬᠡᠯᠳᠡᠳᠤ ᠪᠠᠶᠢᠯᠳᠤᠬᠤ ᠪᠤᠳᠤᠯᠭ᠎ᠠ ᠶᠢ ᠪᠠᠷᠢᠮᠳᠠᠯᠠᠵᠤ︾ ᠬᠡᠵᠥ ᠨᠡᠮᠡᠨ᠎ᠡ︔ | ︽ᠡᠯ᠎ᠡ ᠤᠯᠤᠰ ᠯᠤᠭ᠎ᠠ ᠶᠢᠨ ᠭᠠᠳᠠᠭᠠᠳᠤ ᠬᠠᠷᠢᠯᠴᠠᠭ᠎ᠠ ᠪᠠ ᠠᠵᠥ ᠠᠬᠤᠢ᠂ ᠰᠤᠶᠤᠯ ᠤᠨ ᠰᠤᠯᠢᠯᠴᠠᠭ᠎ᠠ ᠪᠠᠨ | ᠬᠦᠭᠵᠢᠬᠦᠯᠥᠨ᠎ᠡ︾ ᠭᠡᠳᠡᠭ ᠢ ︽ᠡᠯ᠎ᠡ ᠤᠯᠤᠰ ᠯᠤᠭ᠎ᠠ ᠶᠢᠨ ᠭᠠᠳᠠᠭᠠᠳᠤ ᠬᠠᠷᠢᠯᠴᠠᠭ᠎ᠠ ᠪᠠ ᠠᠵᠥ ᠠᠬᠤᠢ᠂ | ᠰᠤᠶᠤᠯ ᠤᠨ ᠰᠤᠯᠢᠯᠴᠠᠭ᠎ᠠ ᠪᠠᠨ ᠬᠦᠭᠵᠢᠬᠦᠯᠵᠥ᠂ ᠬᠦᠮᠥᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠤ ᠶᠢᠨ | ᠴᠤᠭᠴᠠ ᠶᠢ ᠪᠠᠶᠢᠭᠤᠯᠬᠤ ᠶᠢ ᠠᠬᠢᠭᠤᠯᠤᠨ᠎ᠠ︾ ᠬᠡᠵᠥ ᠵᠠᠰᠠᠪᠤᠷᠢ ᠤᠷᠤᠭᠤᠯᠤᠨ᠎ᠠ᠃ ᠡᠨᠡᠬᠦ ᠤᠯᠠᠭᠠᠨ ᠮᠦᠷ ᠢ᠄ ︽ | ᠳᠤᠮᠳᠠᠳᠤ ᠤᠯᠤᠰ ᠤᠨ ᠬᠤᠪᠢᠰᠬᠠᠯ᠂ ᠪᠦᠳᠤᠬᠡᠨ ᠪᠠᠶᠢᠭᠤᠯᠤᠯᠲᠠ᠂ ᠦᠬᠡᠷᠡᠴᠢᠯᠠᠯᠳᠠ ᠶᠢᠨ ᠠᠮᠵᠢᠯᠳᠠ ᠪᠤᠯ | ᠲᠡᠯᠡᠬᠡᠢ ᠶᠢᠨ ᠠᠷᠠᠳ ᠲᠦᠮᠡᠨ ᠤ ᠲᠡᠮᠵᠢᠯᠬᠡ ᠲᠠᠢ ᠰᠠᠯᠤᠰᠢ ᠦᠬᠡᠢ ᠶᠤᠮ᠃ ᠳᠤᠮᠳᠠᠳᠤ ᠤᠯᠤᠰ ᠤᠨ ᠢᠷᠡᠬᠡᠳᠤᠢ ᠪᠤᠯ | ᠲᠡᠯᠡᠬᠡᠢ ᠶᠢᠨ ᠢᠷᠡᠬᠡᠳᠤᠢ ᠲᠠᠢ ᠨᠢᠬᠳᠠ ᠬᠤᠯᠪᠤᠭ᠎ᠠ ᠲᠠᠢ ᠶᠤᠮ᠃ ᠳᠤᠮᠳᠠᠳᠤ ᠤᠯᠤᠰ ᠪᠠᠶ᠎ᠠ ᠪᠠᠨ ᠲᠠᠭᠠᠭᠠᠵᠤ ᠡᠵᠡᠨ | ᠮᠡᠳᠡᠬᠦ ᠭᠠᠳᠠᠭᠠᠳᠤ ᠲᠦᠷᠤ ᠶᠢᠨ ᠪᠤᠳᠤᠯᠭ᠎ᠠ ᠶᠢ ᠪᠠᠷᠢᠮᠳᠠᠯᠠᠵᠤ᠂ ᠡᠷᠬᠡ ᠮᠡᠳᠡᠯ ᠪᠠ ᠨᠤᠳᠤᠬ ᠲᠡᠪᠢᠰᠭᠡᠷ ᠤᠨ ᠪᠦᠷᠢᠨ | ᠪᠦᠳᠤᠨ ᠪᠠᠶᠢᠬᠤ ᠶᠢ ᠬᠠᠷᠢᠯᠴᠠᠨ ᠬᠦᠨᠳᠤᠳᠬᠡᠬᠦ᠂ ᠬᠠᠷᠢᠯᠴᠠᠨ ᠦᠯᠤ ᠬᠠᠯᠳᠠᠬᠤ᠂ ᠳᠤᠳᠤᠭᠠᠳᠤ ᠵᠠᠰᠠᠬ ᠲᠤ | ᠬᠠᠷᠢᠯᠴᠠᠨ ᠭᠠᠷ ᠦᠯᠤ ᠲᠦᠷᠤᠬᠦ᠂ ᠡᠷᠬᠡ ᠲᠡᠭᠰᠢ ᠬᠠᠷᠢᠯᠴᠠᠨ ᠠᠰᠢᠬᠳᠠᠢ ᠪᠠᠶᠢᠬᠤ᠂ ᠨᠠᠶᠢᠷᠠᠮᠳᠠᠯ ᠢᠶᠠᠷ ᠵᠡᠷᠬᠡᠴᠡᠨ | ᠤᠷᠤᠰᠢᠬᠤ ᠲᠠᠪᠤᠨ ᠵᠠᠷᠴᠢᠮ ᠢ ᠪᠠᠷᠢᠮᠳᠠᠯᠠᠵᠤ᠂ ᠡᠩᠬᠡ ᠲᠠᠶᠢᠪᠤᠡᠭ ᠬᠦᠭᠵᠢᠯᠳᠠ ᠶᠢᠨ ᠵᠠᠮ ᠢ ᠪᠠᠷᠢᠮᠳᠠᠯᠠᠵᠤ᠂ | ᠬᠠᠷᠢᠯᠴᠠᠨ ᠠᠰᠢᠬᠳᠠᠢ ᠬᠠᠮᠳᠤᠪᠡᠷ ᠠᠰᠢᠬ ᠬᠦᠷᠳᠡᠬᠦ ᠨᠡᠭᠡᠭᠡᠯᠳᠡᠳᠦ ᠪᠠᠶᠢᠯᠳᠤᠬᠤ ᠪᠤᠳᠤᠯᠭ᠎ᠠ ᠶᠢ ᠪᠠᠷᠢᠮᠳᠠᠯᠠᠵᠤ᠂ ᠡᠯ᠎ᠠ | ᠤᠯᠤᠰ ᠯᠤᠭ᠎ᠠ ᠶᠢᠨ ᠭᠠᠳᠠᠭᠠᠳᠤ ᠬᠠᠷᠢᠯᠴᠠᠭ᠎ᠠ ᠪᠠ ᠠᠵᠤ ᠠᠬᠤᠢ᠂ ᠰᠤᠶᠤᠯ ᠤᠨ ᠰᠤᠯᠢᠯᠴᠠᠭ᠎ᠠ ᠪᠠᠨ ᠬᠦᠭᠵᠢᠬᠦᠯᠵᠤ᠂ | ᠬᠦᠮᠤᠨ ᠲᠦᠷᠤᠯᠬᠢᠳᠠᠨ ᠤ ᠬᠤᠪᠢ ᠵᠠᠶᠠᠭᠠᠨ ᠤ ᠬᠠᠮᠳᠤ ᠶᠢᠨ ᠴᠤᠬᠴᠠ ᠶᠢ ᠪᠠᠶᠢᠭᠤᠯᠬᠤ ᠶᠢ ᠠᠬᠢᠭᠤᠯᠤᠨ᠎ᠠ︔ | ᠡᠵᠡᠷᠬᠡᠭ ᠲᠦᠷᠢᠮᠡᠬᠡᠢ ᠶᠤᠰᠤ᠂ ᠡᠵᠡᠷᠬᠡᠬᠦ ᠦᠵᠡᠯ᠂ ᠺᠤᠯᠤᠨᠢᠴᠢᠯᠠᠬᠤ ᠦᠵᠡᠯ ᠢ ᠡᠰᠡᠷᠬᠦᠴᠡᠬᠦ ᠶᠢ ᠪᠠᠷᠢᠮᠳᠠᠯᠠᠵᠤ᠂ | ᠲᠡᠯᠡᠬᠡᠢ ᠶᠢᠨ ᠡᠯ᠎ᠠ ᠤᠯᠤᠰ ᠤᠨ ᠠᠷᠠᠳ ᠲᠦᠮᠡᠨ ᠯᠦᠭᠡ ᠶᠢᠨ ᠪᠦᠯᠬᠦᠮᠳᠡᠯ ᠢᠶᠠᠨ ᠴᠢᠩᠭᠠᠳᠬᠠᠵᠤ᠂ ᠲᠠᠷᠤᠯᠠᠬᠳᠠᠵᠤ | ᠪᠠᠶᠢᠭ᠎ᠠ ᠦᠨᠳᠤᠰᠤᠳᠠᠨ ᠪᠤᠯᠤᠨ ᠬᠦᠭᠵᠢᠵᠤ ᠪᠠᠶᠢᠭ᠎ᠠ ᠤᠯᠤᠰ ᠤᠷᠤᠨ ᠤ ᠦᠨᠳᠤᠰᠤᠳᠠᠨ ᠤ ᠲᠤᠰᠠᠭᠠᠷ | ᠲᠤᠭᠳᠠᠨᠢᠯ ᠢᠶᠠᠨ ᠲᠡᠮᠡᠴᠡᠨ ᠤᠯᠬᠤ ᠪᠠ ᠬᠠᠮᠠᠭᠠᠯᠠᠬᠤ᠂ ᠦᠨᠳᠤᠰᠤᠳᠠᠨ ᠤ ᠠᠵᠤ ᠠᠬᠤᠢ ᠪᠠᠨ ᠬᠦᠭᠵᠢᠬᠦᠯᠬᠦ | ᠰᠢᠳᠤᠷᠭᠤ ᠲᠡᠮᠡᠴᠡᠯ ᠢ ᠲᠡᠮᠵᠢᠵᠤ᠂ ᠲᠡᠯᠡᠬᠡᠢ ᠶᠢᠨ ᠡᠩᠬᠡ ᠲᠠᠶᠢᠪᠤᠡᠭ ᠢ ᠬᠠᠮᠠᠭᠠᠯᠠᠬᠤ ᠪᠤᠯᠤᠨ ᠬᠦᠮᠤᠨ | ᠲᠦᠷᠤᠯᠬᠢᠳᠠᠨ ᠤ ᠲᠠᠪᠰᠢᠯᠳᠤ ᠦᠢᠯᠡᠰ ᠢ ᠠᠬᠢᠭᠤᠯᠬᠤ ᠪᠠᠷ ᠴᠢᠷᠮᠠᠶᠢᠨ᠎ᠠ︾ ᠬᠡᠵᠤ ᠵᠤᠬᠢᠬᠤ ᠵᠠᠰᠠᠪᠤᠷᠢ | ᠤᠷᠤᠭᠤᠯᠤᠨ᠎ᠠ᠃ | ᠲᠠᠪᠤ᠂ ᠦᠨᠳᠤᠰᠤᠨ ᠬᠠᠤᠯᠢ ᠶᠢᠨ ᠨᠢᠬᠡᠳᠤᠬᠡᠷ ᠵᠦᠢᠯ ᠤᠨ ᠬᠤᠶᠠᠳᠤᠭᠠᠷ ᠪᠠᠳᠠᠭ ᠤᠨ ︽ᠨᠡᠶᠢᠭᠡᠮ ᠵᠢᠷᠦᠮᠳᠤ | ᠪᠠᠶᠢᠭᠤᠯᠤᠯ ᠪᠤᠯ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠤᠰᠤᠨ ᠪᠠᠶᠢᠭᠤᠯᠤᠯ ᠮᠦᠨ︾ | ᠭᠡᠳᠡᠭ ᠤᠨ ᠠᠷᠤ ᠳᠤ ᠨᠢᠬᠡ ᠦᠬᠦᠯᠡᠪᠤᠷᠢ ᠨᠡᠮᠡᠨ᠎ᠠ᠂ ᠠᠭᠤᠯᠭ᠎ᠠ ᠨᠢ᠄ ︽ᠳᠤᠮᠳᠠᠳᠤ ᠤᠯᠤᠰ ᠤᠨ ᠡᠪ ᠬᠠᠮᠳᠤ | ᠨᠠᠮ ᠤᠨ ᠤᠳᠤᠷᠢᠳᠤᠯᠭ᠎ᠠ ᠪᠤᠯ ᠳᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠬᠠᠮᠤᠬ ᠤᠨ ᠮᠦᠨ | ᠴᠢᠨᠠᠷ ᠤᠨ ᠤᠨᠴᠠᠯᠢᠬ ᠮᠦᠨ︾ ᠪᠤᠯᠤᠨ᠎ᠠ᠃ | ᠵᠢᠷᠭᠤᠭ᠎ᠠ᠂ ᠦᠨᠳᠤᠰᠤᠨ ᠬᠠᠤᠯᠢ ᠶᠢᠨ ᠭᠤᠷᠪᠠᠳᠤᠭᠠᠷ ᠵᠦᠢᠯ ᠤᠨ ᠭᠤᠷᠪᠠᠳᠤᠭᠠᠷ ᠪᠠᠳᠠᠭ ᠤᠨ ︽ᠲᠦᠷᠤ ᠶᠢᠨ | ᠵᠠᠰᠠᠬ ᠵᠠᠬᠢᠷᠭᠠᠨ ᠤ ᠪᠠᠶᠢᠭᠤᠯᠭ᠎ᠠ᠂ ᠰᠢᠬᠦᠨ ᠲᠠᠰᠤᠯᠬᠤ ᠪᠠᠶᠢᠭᠤᠯᠭ᠎ᠠ᠂ ᠪᠠᠶᠢᠴᠠᠭᠠᠬᠤ ᠪᠠᠶᠢᠭᠤᠯᠭ᠎ᠠ ᠴᠦᠮ ᠠᠷᠠᠳ ᠤᠨ | ᠲᠦᠯᠤᠬᠡᠯᠡᠭᠴᠢᠳ ᠤᠨ ᠶᠡᠭᠡ ᠬᠤᠷᠠᠯ ᠢᠶᠠᠷ ᠪᠤᠢ ᠪᠤᠯᠵᠤ᠂ ᠲᠡᠬᠦᠨ ᠳᠤ ᠬᠠᠷᠢᠭᠤᠴᠠᠨ᠂ ᠲᠡᠬᠦᠨ ᠤ ᠬᠢᠨᠠᠯᠳᠠ ᠶᠢ | ᠬᠦᠯᠢᠶᠠᠨ᠎ᠠ︾ ᠭᠡᠳᠡᠭ ᠢ ︽ᠲᠦᠷᠤ ᠶᠢᠨ ᠵᠠᠰᠠᠬ ᠵᠠᠬᠢᠷᠭᠠᠨ ᠤ ᠪᠠᠶᠢᠭᠤᠯᠭ᠎ᠠ᠂ ᠬᠢᠨᠠᠨ ᠪᠠᠶᠢᠴᠠᠭᠠᠬᠤ ᠪᠠᠶᠢᠭᠤᠯᠭ᠎ᠠ᠂ | ᠰᠢᠬᠦᠨ ᠲᠠᠰᠤᠯᠬᠤ ᠪᠠᠶᠢᠭᠤᠯᠭ᠎ᠠ᠂ ᠪᠠᠶᠢᠴᠠᠭᠠᠬᠤ ᠪᠠᠶᠢᠭᠤᠯᠭ᠎ᠠ ᠴᠦᠮ ᠠᠷᠠᠳ ᠤᠨ ᠲᠦᠯᠤᠬᠡᠯᠡᠭᠴᠢᠳ ᠤᠨ ᠶᠡᠭᠡ | ᠬᠤᠷᠠᠯ ᠢᠶᠠᠷ ᠪᠤᠢ ᠪᠤᠯᠵᠤ᠂ ᠲᠡᠬᠦᠨ ᠳᠤ ᠬᠠᠷᠢᠭᠤᠴᠠᠨ᠂ ᠲᠡᠬᠦᠨ ᠤ ᠬᠢᠨᠠᠯᠳᠠ ᠶᠢ ᠬᠦᠯᠢᠶᠠᠨ᠎ᠠ︾ ᠬᠡᠵᠤ ᠵᠠᠰᠠᠪᠤᠷᠢ | ᠤᠷᠤᠭᠤᠯᠤᠨ᠎ᠠ᠃ | ᠲᠤᠯᠤᠭ᠎ᠠ᠂ ᠦᠨᠳᠤᠰᠤᠨ ᠬᠠᠤᠯᠢ ᠶᠢᠨ ᠲᠦᠷᠪᠡᠳᠤᠭᠡᠷ ᠵᠦᠢᠯ ᠤᠨ ᠨᠢᠬᠡᠳᠤᠬᠡᠷ ᠪᠠᠳᠠᠭ ᠤᠨ ︽ᠤᠯᠤᠰ ᠠᠴᠠ | ᠴᠦᠬᠡᠨ ᠲᠤᠭᠠᠳᠤ ᠦᠨᠳᠤᠰᠤᠳᠠᠨ ᠨᠦᠭᠦᠳ ᠤᠨ ᠬᠠᠤᠯᠢ ᠶᠤᠰᠤᠨ ᠤ ᠡᠷᠬᠡ ᠠᠰᠢᠭ ᠢ ᠪᠠᠳᠤᠯᠠᠨ᠂ | ᠦᠨᠳᠦᠰᠦᠳᠡᠨ ᠨᠦᠭᠦᠳ ᠤᠨ ᠡᠷᠬᠡ ᠲᠡᠭᠰᠢ᠂ ᠪᠦᠯᠬᠦᠮᠳᠡᠯ ᠲᠠᠢ᠂ ᠬᠠᠷᠢᠯᠴᠠᠨ ᠲᠤᠰᠠᠯᠠᠯᠴᠠᠬᠤ ᠬᠠᠷᠢᠴᠠᠭ᠎ᠠ ᠶᠢ | ᠬᠠᠮᠠᠭᠠᠯᠠᠨ ᠬᠦᠭᠵᠢᠬᠦᠯᠤᠨ᠎ᠠ︾ ᠭᠡᠳᠡᠭ ᠢ ︽ᠤᠯᠤᠰ ᠠᠴᠠ ᠴᠦᠬᠡᠨ ᠲᠤᠭᠠᠳᠤ ᠦᠨᠳᠤᠰᠤᠳᠠᠨ ᠨᠦᠭᠦᠳ ᠤᠨ ᠬᠠᠤᠯᠢ | ᠶᠤᠰᠤᠨ ᠤ ᠡᠷᠬᠡ ᠠᠰᠢᠬ ᠢ ᠪᠠᠳᠤᠯᠠᠨ᠂ ᠦᠨᠳᠤᠰᠤᠳᠠᠨ ᠨᠦᠭᠦᠳ ᠤᠨ ᠡᠷᠬᠡ ᠲᠡᠭᠰᠢ᠂ ᠪᠦᠯᠬᠦᠮᠳᠡᠯ ᠲᠠᠢ᠂ | ᠬᠠᠷᠢᠯᠴᠠᠨ ᠲᠤᠰᠠᠯᠠᠯᠴᠠᠬᠤ ᠡᠶ᠎ᠡ ᠵᠤᠬᠢᠴᠠᠩᠭᠤᠢ ᠬᠠᠷᠢᠴᠠᠭ᠎ᠠ ᠶᠢ ᠬᠠᠮᠠᠭᠠᠯᠠᠨ ᠬᠦᠭᠵᠢᠬᠦᠯᠤᠨ᠎ᠠ︾ ᠬᠡᠵᠤ ᠵᠠᠰᠠᠪᠤᠷᠢ | ᠤᠷᠤᠭᠤᠯᠤᠨ᠎ᠠ᠃ | ᠨᠠᠢᠮᠠ᠂ ᠦᠨᠳᠤᠰᠤᠨ ᠬᠠᠤᠯᠢ ᠶᠢᠨ ᠬᠤᠷᠢᠨ ᠲᠦᠷᠪᠡᠳᠤᠭᠡᠷ ᠵᠦᠢᠯ ᠤᠨ ᠬᠤᠶᠠᠳᠤᠭᠠᠷ ᠪᠠᠳᠠᠭ ᠤᠨ ︽ | ᠤᠯᠤᠰ ᠠᠴᠠ ᠡᠬᠡ ᠤᠷᠤᠨ ᠢᠶᠠᠨ ᠬᠠᠶᠢᠷᠠᠯᠠᠬᠤ᠂ ᠠᠷᠠᠳ ᠲᠦᠮᠡᠨ ᠢᠶᠠᠨ ᠬᠠᠶᠢᠷᠠᠯᠠᠬᠤ᠂ ᠬᠦᠳᠡᠯᠮᠤᠷᠢ ᠳᠤ ᠲᠤᠷᠠᠳᠠᠢ᠂ | ᠰᠢᠨᠵᠢᠯᠡᠬᠦ ᠤᠬᠠᠭᠠᠨ ᠳᠤ ᠲᠤᠷᠠᠳᠠᠢ᠂ ᠨᠡᠶᠢᠭᠡᠮ ᠵᠢᠷᠤᠮ ᠢ ᠬᠠᠶᠢᠷᠠᠯᠠᠬᠤ ᠨᠡᠶᠢᠲᠡ ᠶᠢᠨ ᠶᠤᠰᠤ ᠮᠤᠷᠠᠯ ᠢ ᠡᠷᠬᠢᠮᠯᠠᠵᠤ︾ | ᠭᠡᠳᠡᠭ ᠢ ︽ᠤᠯᠤᠰ ᠠᠴᠠ ᠨᠡᠶᠢᠭᠡᠮ ᠵᠢᠷᠤᠮ ᠤᠨ ᠭᠤᠤᠯᠯᠠᠬᠴᠢ ᠦᠷᠳᠡᠭ ᠤᠨ ᠦᠵᠡᠯᠳᠡ ᠶᠢ ᠡᠷᠬᠢᠮᠯᠡᠵᠦ᠂ ᠡᠬᠡ | ᠤᠷᠤᠨ ᠢᠶᠠᠨ ᠬᠠᠶᠢᠷᠠᠯᠠᠬᠤ᠂ ᠠᠷᠠᠳ ᠲᠦᠮᠡᠨ ᠢᠶᠠᠨ ᠬᠠᠶᠢᠷᠠᠯᠠᠬᠤ᠂ ᠬᠦᠳᠡᠯᠮᠤᠷᠢ ᠳᠤ ᠲᠤᠷᠠᠳᠠᠢ᠂ ᠰᠢᠨᠵᠢᠯᠡᠬᠦ | ᠤᠬᠠᠭᠠᠨ ᠳᠤ ᠲᠤᠷᠠᠳᠠᠢ᠂ ᠨᠡᠶᠢᠭᠡᠮ ᠵᠢᠷᠤᠮ ᠢ ᠬᠠᠶᠢᠷᠠᠯᠠᠬᠤ ᠨᠡᠶᠢᠲᠡ ᠶᠢᠨ ᠶᠤᠰᠤ ᠮᠤᠷᠠᠯ ᠢ ᠡᠷᠬᠢᠮᠯᠡᠵᠦ︾ ᠬᠡᠵᠤ | ᠵᠠᠰᠠᠪᠤᠷᠢ ᠤᠷᠤᠭᠤᠯᠤᠨ᠎ᠠ᠃ ᠡᠨᠡᠬᠦ ᠪᠠᠳᠠᠭ ᠢ᠄ ︽ᠤᠯᠤᠰ ᠠᠴᠠ ᠨᠡᠶᠢᠭᠡᠮ ᠵᠢᠷᠤᠮ ᠤᠨ ᠭᠤᠤᠯᠯᠠᠬᠴᠢ ᠦᠷᠳᠡᠭ ᠤᠨ | ᠦᠵᠡᠯᠳᠡ ᠶᠢ ᠡᠷᠬᠢᠮᠯᠠᠵᠤ᠂ ᠡᠬᠡ ᠤᠷᠤᠨ ᠢᠶᠠᠨ ᠬᠠᠶᠢᠷᠠᠯᠠᠬᠤ᠂ ᠠᠷᠠᠳ ᠲᠦᠮᠡᠨ ᠢᠶᠠᠨ ᠬᠠᠶᠢᠷᠠᠯᠠᠬᠤ᠂ | ᠬᠦᠳᠡᠯᠮᠤᠷᠢ ᠳᠤ ᠲᠤᠷᠠᠳᠠᠢ᠂ ᠰᠢᠨᠵᠢᠯᠡᠬᠦ ᠤᠬᠠᠭᠠᠨ ᠳᠤ ᠲᠤᠷᠠᠳᠠᠢ᠂ ᠨᠡᠶᠢᠭᠡᠮ ᠵᠢᠷᠤᠮ ᠢ ᠬᠠᠶᠢᠷᠠᠯᠠᠬᠤ ᠨᠡᠶᠢᠲᠡ ᠶᠢᠨ | ᠶᠤᠰᠤ ᠮᠤᠷᠠᠯ ᠢ ᠡᠷᠬᠢᠮᠯᠠᠵᠤ᠂ ᠠᠷᠠᠳ ᠲᠦᠮᠡᠨ ᠳᠤ ᠡᠬᠡ ᠤᠷᠤᠨᠴᠢ ᠦᠵᠡᠯ᠂ ᠨᠡᠶᠢᠲᠡᠴᠢ ᠦᠵᠡᠯ᠂ | ᠢᠨᠲ᠋ᠧᠷᠨᠠᠼᠢᠤᠨᠠᠯ ᠤᠨ ᠦᠵᠡᠯ ᠪᠠ ᠡᠪ ᠬᠠᠮᠳᠤᠴᠢ ᠦᠵᠡᠯ ᠤᠨ ᠬᠦᠮᠤᠵᠢᠯ ᠬᠢᠵᠤ᠂ ᠬᠤᠪᠢᠰᠤᠩᠭᠤᠢ ᠪᠤᠳᠠᠰᠴᠢ | ᠦᠵᠡᠯ ᠪᠠ ᠲᠡᠤᠬᠡ ᠶᠢᠨ ᠪᠤᠳᠠᠰᠴᠢ ᠦᠵᠡᠯ ᠤᠨ ᠬᠦᠮᠤᠵᠢᠯ ᠬᠢᠨ᠎ᠠ᠂ ᠬᠦᠷᠤᠩᠬᠡᠳᠤ ᠶᠤᠰᠤᠨ ᠤ ᠦᠵᠡᠯ ᠰᠠᠨᠠᠭ᠎ᠠ᠂ | ᠹᠸᠤᠳᠠᠯ ᠤᠨ ᠦᠵᠡᠯ ᠰᠠᠨᠠᠭ᠎ᠠ ᠪᠠ ᠪᠤᠰᠤᠳ ᠢᠯᠵᠢᠷᠠᠮᠠᠯ ᠦᠵᠡᠯ ᠰᠠᠨᠠᠭ᠎ᠠ ᠶᠢ ᠡᠰᠡᠷᠬᠦᠴᠡᠨ᠎ᠠ︾ ᠬᠡᠵᠤ ᠵᠤᠬᠢᠬᠤ | ᠵᠠᠰᠠᠪᠤᠷᠢ ᠤᠷᠤᠭᠤᠯᠤᠨ᠎ᠠ᠃ | ᠶᠢᠰᠤ᠂ ᠦᠨᠳᠤᠰᠤᠨ ᠬᠠᠤᠯᠢ ᠶᠢᠨ ᠬᠤᠷᠢᠨ ᠲᠤᠯᠤᠳᠤᠭᠠᠷ ᠵᠦᠢᠯ ᠳᠤ ᠳᠤᠤᠷᠠᠬᠢ ᠮᠡᠳᠦ ᠨᠢᠬᠡ ᠪᠠᠳᠠᠭ | ᠠᠭᠤᠯᠭ᠎ᠠ ᠨᠡᠮᠡᠵᠦ ᠭᠤᠷᠪᠠᠳᠤᠭᠠᠷ ᠪᠠᠳᠠᠭ ᠪᠤᠯᠭᠠᠨ᠎ᠠ᠄ ︽ᠤᠯᠤᠰ ᠤᠨ ᠠᠯᠪᠠᠨ ᠠᠵᠢᠯᠳᠠᠨ ᠲᠤᠰᠢᠶᠠᠯ ᠳᠤ ᠭᠠᠷᠬᠤ | ᠳᠠᠭᠠᠨ ᠬᠠᠤᠯᠢ ᠴᠠᠭᠠᠵᠠ ᠶᠢᠨ ᠲᠤᠭᠳᠠᠭᠠᠯ ᠶᠤᠰᠤᠭᠠᠷ ᠢᠯᠡ ᠪᠠᠷ ᠦᠨᠳᠤᠰᠤᠨ ᠬᠠᠤᠯᠢ ᠳᠤ ᠲᠠᠩᠭᠠᠷᠢᠬᠯᠠᠬᠤ | ᠬᠡᠷᠡᠭᠳᠠᠢ︾᠃ | ᠠᠷᠪᠠ᠂ ᠦᠨᠳᠤᠰᠤᠨ ᠬᠠᠤᠯᠢ ᠶᠢᠨ ᠵᠢᠷᠠᠨ ᠬᠤᠶᠠᠳᠤᠭᠠᠷ ᠵᠦᠢᠯ ᠤᠨ ︽ᠪᠦᠬᠦ ᠤᠯᠤᠰ ᠤᠨ ᠠᠷᠠᠳ ᠤᠨ | ᠲᠦᠯᠤᠬᠡᠯᠡᠭᠴᠢᠳ ᠤᠨ ᠶᠡᠭᠡ ᠬᠤᠷᠠᠯ ᠲᠤᠤᠷ᠎ᠠ ᠲᠤᠷᠠᠳᠤᠬᠰᠠᠨ ᠡᠷᠬᠡ ᠲᠤᠰᠢᠶᠠᠯ ᠤᠳ ᠢ ᠬᠦᠢᠴᠡᠳᠬᠡᠨ᠎ᠠ︾ | ᠭᠡᠳᠡᠭ ᠲᠤ ᠨᠢᠬᠡ ᠵᠤᠷᠪᠤᠰ ᠠᠭᠤᠯᠭ᠎ᠠ ᠨᠡᠮᠡᠵᠤ᠂ ︽︵ᠲᠤᠯᠤᠭ᠎ᠠ︶ ᠤᠯᠤᠰ ᠤᠨ ᠬᠢᠨᠠᠨ ᠪᠠᠶᠢᠴᠠᠭᠠᠬᠤ ᠵᠦᠪᠯᠡᠯ ᠤᠨ | ᠡᠷᠬᠢᠯᠡᠭᠴᠢ ᠶᠢ ᠰᠤᠩᠭᠤᠨ᠎ᠠ︾ ᠬᠡᠵᠤ ᠲᠤᠯᠤᠳᠤᠭᠠᠷ ᠵᠤᠷᠪᠤᠰ ᠪᠤᠯᠭᠠᠨ᠎ᠠ᠂ ᠤᠤᠯ ᠤᠨ ᠳᠤᠯᠤᠳᠤᠭᠠᠷ ᠵᠤᠷᠪᠤᠰ ᠠᠴᠠ | ᠠᠷᠪᠠᠨ ᠲᠠᠪᠤᠳᠤᠭᠠᠷ ᠵᠤᠷᠪᠤᠰ ᠬᠦᠷᠬᠦ ᠠᠭᠤᠯᠭ᠎ᠠ ᠶᠢ ᠨᠢ ᠲᠤᠰᠪᠤᠷᠢ ᠨᠠᠢᠮᠠᠳᠤᠭᠠᠷ ᠵᠤᠷᠪᠤᠰ ᠠᠴᠠ ᠠᠷᠪᠠᠨ | ᠵᠢᠷᠭᠤᠳᠤᠭᠠᠷ ᠵᠤᠷᠪᠤᠰ ᠬᠦᠷᠬᠦ ᠠᠭᠤᠯᠭ᠎ᠠ ᠪᠤᠯᠭᠠᠨ ᠬᠤᠪᠢᠷᠠᠭᠤᠯᠤᠨ᠎ᠠ᠃ | ᠠᠷᠪᠠᠨ ᠨᠢᠬᠡ᠂ ᠦᠨᠳᠤᠰᠤᠨ ᠬᠠᠤᠯᠢ ᠶᠢᠨ ᠵᠢᠷᠠᠨ ᠭᠤᠷᠪᠠᠳᠤᠭᠠᠷ ᠵᠦᠢᠯ ᠤᠨ ︽ᠪᠦᠬᠦ ᠤᠯᠤᠰ ᠤᠨ | ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠲᠤᠤᠷ᠎ᠠ ᠲᠤᠷᠠᠳᠤᠬᠰᠠᠨ ᠬᠦᠮᠤᠰ ᠢ ᠲᠤᠰᠢᠶᠠᠯ ᠠᠴᠠ ᠨᠢ | ᠪᠠᠭᠤᠯᠭᠠᠬᠤ ᠡᠷᠬᠡ ᠲᠠᠢ︾ ᠭᠡᠳᠡᠭ ᠲᠤ ᠨᠢᠭᠡ ᠵᠤᠷᠪᠤᠰ ᠠᠭᠤᠯᠭ᠎ᠠ ᠨᠡᠮᠡᠵᠦ᠂ ︽︵ᠲᠦᠷᠪᠡ︶ ᠤᠯᠤᠰ ᠤᠨ ᠬᠢᠨᠠᠨ | ᠪᠠᠶᠢᠴᠠᠭᠠᠬᠤ ᠵᠦᠪᠯᠡᠯ ᠤᠨ ᠡᠷᠬᠢᠯᠡᠭᠴᠢ︾ ᠬᠡᠵᠤ ᠲᠦᠷᠪᠡᠳᠤᠭᠡᠷ ᠵᠤᠷᠪᠤᠰ ᠪᠤᠯᠭᠠᠨ᠎ᠠ᠂ ᠤᠤᠯ ᠤᠨ ᠲᠦᠷᠪᠡᠳᠤᠭᠡᠷ | ᠵᠤᠷᠪᠤᠰ᠂ ᠲᠠᠪᠤᠳᠤᠭᠠᠷ ᠵᠤᠷᠪᠤᠰ ᠢ ᠲᠤᠰᠪᠤᠷᠢ ᠲᠠᠪᠤᠳᠤᠭᠠᠷ ᠵᠤᠷᠪᠤᠰ᠂ ᠵᠢᠷᠭᠤᠳᠤᠭᠠᠷ ᠵᠤᠷᠪᠤᠰ ᠪᠤᠯᠭᠠᠨ | ᠬᠤᠪᠢᠷᠠᠭᠤᠯᠤᠨ᠎ᠠ᠃ | ᠠᠷᠪᠠᠨ ᠬᠤᠶᠠᠷ᠂ ᠦᠨᠳᠤᠰᠤᠨ ᠬᠠᠤᠯᠢ ᠶᠢᠨ ᠵᠢᠷᠠᠨ ᠲᠠᠪᠤᠳᠤᠭᠠᠷ ᠵᠦᠢᠯ ᠤᠨ ᠲᠦᠷᠪᠡᠳᠤᠭᠡᠷ ᠪᠠᠳᠠᠭ ᠤᠨ ︽ | ᠪᠦᠬᠦ ᠤᠯᠤᠰ ᠤᠨ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ | ᠪᠦᠷᠢᠯᠳᠤᠬᠦᠨ ᠨᠠᠷ ᠲᠦᠷᠤ ᠶᠢᠨ ᠵᠠᠰᠠᠬ ᠵᠠᠬᠢᠷᠭᠠᠨ ᠤ ᠪᠠᠶᠢᠭᠤᠯᠭ᠎ᠠ᠂ ᠰᠢᠬᠦᠨ ᠲᠠᠰᠤᠯᠬᠤ ᠪᠠ ᠪᠠᠶᠢᠴᠠᠭᠠᠬᠤ | ᠪᠠᠶᠢᠭᠤᠯᠭ᠎ᠠ ᠶᠢᠨ ᠲᠤᠰᠢᠶᠠᠯ ᠢ ᠬᠠᠷᠢᠭᠤᠴᠠᠵᠤ ᠪᠤᠯᠬᠤ ᠦᠬᠡᠢ︾ ᠭᠡᠳᠡᠭ ᠢ ︽ᠪᠦᠬᠦ ᠤᠯᠤᠰ ᠤᠨ ᠠᠷᠠᠳ ᠤᠨ | ᠲᠦᠯᠤᠬᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠪᠦᠷᠢᠯᠳᠤᠬᠦᠨ ᠨᠠᠷ ᠲᠦᠷᠤ ᠶᠢᠨ ᠵᠠᠰᠠᠬ | ᠵᠠᠬᠢᠷᠭᠠᠨ ᠤ ᠪᠠᠶᠢᠭᠤᠯᠭ᠎ᠠ᠂ ᠬᠢᠨᠠᠨ ᠪᠠᠶᠢᠴᠠᠭᠠᠬᠤ ᠪᠠᠶᠢᠭᠤᠯᠭ᠎ᠠ᠂ ᠰᠢᠬᠦᠨ ᠲᠠᠰᠤᠯᠬᠤ ᠪᠠ ᠪᠠᠶᠢᠴᠠᠭᠠᠬᠤ | ᠪᠠᠶᠢᠭᠤᠯᠭ᠎ᠠ ᠶᠢᠨ ᠲᠤᠰᠢᠶᠠᠯ ᠢ ᠬᠠᠷᠢᠭᠤᠴᠠᠵᠤ ᠪᠤᠯᠬᠤ ᠦᠬᠡᠢ︾ ᠬᠡᠵᠤ ᠵᠠᠰᠠᠪᠤᠷᠢ ᠤᠷᠤᠭᠤᠯᠤᠨ᠎ᠠ᠃ | ᠠᠷᠪᠠᠨ ᠭᠤᠷᠪᠠ᠂ ᠦᠨᠳᠤᠰᠤᠨ ᠬᠠᠤᠯᠢ ᠶᠢᠨ ᠵᠢᠷᠠᠨ ᠲᠤᠯᠤᠳᠤᠭᠠᠷ ᠵᠦᠢᠯ ᠤᠨ ︽ᠪᠦᠬᠦ ᠤᠯᠤᠰ ᠤᠨ | ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠲᠤᠤᠷ᠎ᠠ ᠵᠢᠬᠰᠠᠭᠠᠬᠰᠠᠨ ᠡᠷᠬᠡ | ᠲᠤᠰᠢᠶᠠᠯ ᠢ ᠬᠦᠢᠴᠡᠳᠬᠡᠨ᠎ᠠ ᠭᠡᠳᠡᠭ ᠤᠨ ᠵᠢᠷᠭᠤᠳᠤᠭᠠᠷ ᠵᠤᠷᠪᠤᠰ ᠤᠨ ︽︵ᠵᠢᠷᠭᠤᠭ᠎ᠠ︶ ᠲᠦᠷᠤ ᠶᠢᠨ ᠶᠠᠪᠤᠳᠠᠯ ᠤᠨ | ᠬᠤᠷᠢᠶ᠎ᠠ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶ᠎ᠠ᠂ ᠠᠷᠠᠳ ᠤᠨ ᠲᠡᠭᠡᠳᠤ ᠰᠢᠬᠦᠬᠦ ᠬᠤᠷᠢᠶ᠎ᠠ ᠪᠤᠯᠤᠨ | ᠠᠷᠠᠳ ᠤᠨ ᠲᠡᠭᠡᠳᠤ ᠪᠠᠶᠢᠴᠠᠭᠠᠬᠤ ᠬᠤᠷᠢᠶᠠᠨ ᠤ ᠠᠵᠢᠯ ᠳᠤ ᠬᠢᠨᠠᠯᠳᠠ ᠲᠠᠯᠪᠢᠨ᠎ᠠ︾ ᠬᠡᠰᠡᠨ ᠢ ︽︵ᠵᠢᠷᠭᠤᠭ᠎ᠠ︶ | ᠲᠦᠷᠤ ᠶᠢᠨ ᠶᠠᠪᠤᠳᠠᠯ ᠤᠨ ᠬᠤᠷᠢᠶ᠎ᠠ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶ᠎ᠠ᠂ ᠤᠯᠤᠰ ᠤᠨ ᠬᠢᠨᠠᠨ | ᠪᠠᠶᠢᠴᠠᠭᠠᠬᠤ ᠵᠦᠪᠯᠡᠯ᠂ ᠠᠷᠠᠳ ᠤᠨ ᠲᠡᠭᠡᠳᠤ ᠰᠢᠬᠦᠬᠦ ᠬᠤᠷᠢᠶ᠎ᠠ ᠪᠤᠯᠤᠨ ᠠᠷᠠᠳ ᠤᠨ ᠲᠡᠭᠡᠳᠤ ᠪᠠᠶᠢᠴᠠᠭᠠᠬᠤ | ᠬᠤᠷᠢᠶᠠᠨ ᠤ ᠠᠵᠢᠯ ᠳᠤ ᠬᠢᠨᠠᠯᠳᠠ ᠲᠠᠯᠪᠢᠨ᠎ᠠ︾ ᠬᠡᠵᠤ ᠵᠠᠰᠠᠪᠤᠷᠢ ᠤᠷᠤᠭᠤᠯᠤᠨ᠎ᠠ︔ ᠨᠢᠬᠡ ᠵᠤᠷᠪᠤᠰ ᠠᠭᠤᠯᠭ᠎ᠠ | ᠨᠡᠮᠡᠵᠤ᠂ ︽︵ᠠᠷᠪᠠᠨ ᠨᠢᠭᠡ︶ ᠤᠯᠤᠰ ᠤᠨ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠶᠢᠨ ᠳᠡᠪᠰᠢᠭᠦᠯᠦᠭᠰᠡᠨ | ᠨᠡᠷ᠎ᠠ ᠶᠢ ᠦᠨᠳᠤᠰᠤᠯᠠᠨ ᠤᠯᠤᠰ ᠤᠨ ᠬᠢᠨᠠᠨ ᠪᠠᠶᠢᠴᠠᠭᠠᠬᠤ ᠵᠦᠪᠯᠡᠯ ᠤᠨ ᠲᠡᠳ᠋ ᠡᠷᠬᠢᠯᠡᠭᠴᠢ᠂ ᠬᠡᠰᠢᠬᠦᠨ ᠢ ᠲᠤᠮᠢᠯᠠᠬᠤ | ᠪᠤᠶᠤ ᠪᠠᠭᠤᠯᠭᠠᠨ᠎ᠠ︾ ᠬᠡᠵᠤ ᠠᠷᠪᠠᠨ ᠨᠢᠬᠡᠳᠤᠬᠡᠷ ᠵᠤᠷᠪᠤᠰ ᠪᠤᠯᠭᠠᠨ᠎ᠠ᠂ ᠤᠤᠯ ᠤᠨ ᠠᠷᠪᠠᠨ ᠨᠢᠬᠡᠳᠤᠭᠡᠷ | ᠵᠤᠷᠪᠤᠰ ᠠᠴᠠ ᠬᠤᠷᠢᠨ ᠨᠢᠬᠡᠳᠤᠬᠡᠷ ᠵᠤᠷᠪᠤᠰ ᠬᠦᠷᠬᠦ ᠠᠭᠤᠯᠭ᠎ᠠ ᠶᠢ ᠲᠤᠰᠪᠤᠷᠢ ᠠᠷᠪᠠᠨ ᠬᠤᠶᠠᠳᠤᠭᠠᠷ ᠵᠤᠷᠪᠤᠰ ᠠᠴᠠ | ᠬᠤᠷᠢᠨ ᠬᠤᠶᠠᠳᠤᠭᠠᠷ ᠵᠤᠷᠪᠤᠰ ᠬᠦᠷᠬᠦ ᠠᠭᠤᠯᠭ᠎ᠠ ᠪᠤᠯᠭᠠᠨ ᠬᠤᠪᠢᠷᠠᠭᠤᠯᠤᠨ᠎ᠠ᠃ | ᠠᠷᠪᠠᠨ ᠳᠦᠷᠪᠡ᠂ ᠦᠨᠳᠦᠰᠦᠨ ᠬᠠᠤᠯᠢ ᠶᠢᠨ ᠲᠠᠯ᠎ᠠ ᠶᠢᠰᠦᠳᠦᠭᠡᠷ ᠵᠦᠢᠯ ᠤᠨ ᠭᠤᠷᠪᠠᠳᠤᠭᠠᠷ ᠪᠠᠳᠠᠭ ᠤᠨ ︽ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ᠂ ᠳᠡᠳ᠋ ᠲᠡᠷᠢᠭᠦᠯᠡᠭᠴᠢ ᠶᠢᠨ ᠬᠤᠭᠤᠴᠠᠭ᠎ᠠ | ᠪᠦᠷᠢ ᠶᠢᠨ ᠲᠤᠰᠢᠶᠠᠯ ᠤᠨ ᠬᠤᠭᠤᠴᠠᠭ᠎ᠠ ᠨᠢ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠬᠤᠭᠤᠴᠠᠭ᠎ᠠ ᠪᠦᠷᠢ ᠶᠢᠨ ᠲᠤᠰᠢᠶᠠᠯ ᠤᠨ ᠬᠤᠭᠤᠴᠠᠭ᠎ᠠ ᠲᠠᠢ ᠠᠳᠠᠯᠢ᠂ ᠵᠠᠯᠭᠠᠪᠠᠷ ᠬᠤᠶᠠᠷ | ᠬᠤᠭᠤᠴᠠᠭ᠎ᠠ ᠠᠴᠠ ᠢᠯᠡᠭᠦᠦ ᠲᠤᠰᠢᠶᠠᠯ ᠬᠠᠷᠢᠭᠤᠴᠠᠵᠤ ᠪᠤᠯᠬᠤ ᠦᠭᠡᠢ᠃︾ ᠭᠡᠳᠡᠭ ᠢ ︽ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠲᠡᠷᠢᠭᠦᠯᠡᠭᠴᠢ᠂ ᠳᠡᠳ᠋ ᠲᠡᠷᠢᠭᠦᠯᠡᠭᠴᠢ ᠶᠢᠨ ᠬᠤᠭᠤᠴᠠᠭ᠎ᠠ ᠪᠦᠷᠢ ᠶᠢᠨ ᠲᠤᠰᠢᠶᠠᠯ ᠤᠨ | ᠬᠤᠭᠤᠴᠠᠭ᠎ᠠ ᠨᠢ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ | ᠪᠦᠷᠢ ᠶᠢᠨ ᠲᠤᠰᠢᠶᠠᠯ ᠤᠨ ᠬᠤᠭᠤᠴᠠᠭ᠎ᠠ ᠲᠠᠢ ᠠᠳᠠᠯᠢ᠃︾ ᠭᠡᠵᠦ ᠵᠠᠰᠠᠪᠤᠷᠢ ᠤᠷᠤᠭᠤᠯᠤᠨ᠎ᠠ᠃ | ᠠᠷᠪᠠᠨ ᠲᠠᠪᠤ᠂ ᠦᠨᠳᠦᠰᠦᠨ ᠬᠠᠤᠯᠢ ᠶᠢᠨ ᠨᠠᠶᠠ ᠶᠢᠰᠦᠳᠦᠭᠡᠷ ᠵᠦᠢᠯ ᠤᠨ ︽ᠲᠦᠷᠦ ᠶᠢᠨ ᠶᠠᠪᠤᠳᠠᠯ ᠤᠨ | ᠬᠤᠷᠢᠶ᠎ᠡ ᠳᠤᠤᠷ᠎ᠠ ᠵᠢᠬᠰᠠᠭᠠᠬᠰᠠᠨ ᠡᠷᠬᠡ ᠲᠤᠰᠢᠶᠠᠯ ᠤᠳ ᠢ ᠭᠦᠢᠴᠡᠳᠬᠡᠨ᠎ᠡ︾ ᠭᠡᠳᠡᠭ ᠤᠨ ᠵᠢᠷᠭᠤᠳᠤᠭᠠᠷ ᠵᠤᠷᠪᠤᠰ | ︽︵ᠵᠢᠷᠭᠤᠭ᠎ᠠ︶ ᠠᠵᠤ ᠠᠬᠤᠢ ᠶᠢᠨ ᠠᠵᠢᠯ ᠪᠤᠯᠤᠨ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢ | ᠤᠳᠤᠷᠢᠳᠤᠨ ᠬᠠᠮᠢᠶᠠᠷᠤᠨ᠎ᠠ︾ ᠭᠡᠳᠡᠭ ᠢ ︽︵ᠵᠢᠷᠭᠤᠭ᠎ᠠ︶ ᠠᠵᠤ ᠠᠬᠤᠢ ᠶᠢᠨ ᠠᠵᠢᠯ ᠪᠠ ᠬᠤᠲᠠ ᠬᠦᠳᠡᠭᠡ ᠶᠢᠨ | ᠪᠦᠲᠦᠭᠡᠨ ᠪᠠᠶᠢᠭᠤᠯᠤᠯᠲᠠ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢ ᠤᠳᠤᠷᠢᠳᠤᠨ ᠬᠠᠮᠢᠶᠠᠷᠤᠨ᠎ᠠ︾ | ᠭᠡᠵᠦ ᠵᠠᠰᠠᠪᠤᠷᠢ ᠤᠷᠤᠭᠤᠯᠤᠨ᠎ᠠ︔ ᠨᠠᠢᠮᠠᠳᠤᠭᠠᠷ ᠵᠤᠷᠪᠤᠰ ︽︵ᠨᠠᠢᠮᠠ︶ ᠠᠷᠠᠳ ᠤᠨ ᠶᠠᠪᠤᠳᠠᠯ᠂ ᠲᠤᠳᠤᠭᠠᠳᠤ ᠶᠢ | ᠬᠠᠮᠠᠭᠠᠯᠠᠬᠤ᠂ ᠬᠠᠤᠯᠢ ᠴᠠᠭᠠᠵᠠ ᠶᠢᠨ ᠵᠠᠰᠠᠬ ᠵᠠᠬᠢᠷᠭ᠎ᠠ ᠪᠠ ᠬᠢᠨᠠᠨ ᠪᠠᠶᠢᠴᠠᠭᠠᠬᠤ ᠵᠡᠷᠭᠡ ᠠᠵᠢᠯ ᠢ ᠤᠳᠤᠷᠢᠳᠤᠨ | ᠬᠠᠮᠢᠶᠠᠷᠤᠨ᠎ᠠ︾ ᠭᠡᠳᠡᠭ ᠢ ︽︵ᠨᠠᠢᠮᠠ︶ ᠠᠷᠠᠳ ᠤᠨ ᠶᠠᠪᠤᠳᠠᠯ᠂ ᠲᠤᠳᠤᠭᠠᠳᠤ ᠶᠢ ᠬᠠᠮᠠᠭᠠᠯᠠᠬᠤ᠂ ᠬᠠᠤᠯᠢ | ᠴᠠᠭᠠᠵᠠ ᠶᠢᠨ ᠵᠠᠰᠠᠬ ᠵᠠᠬᠢᠷᠭ᠎ᠠ ᠵᠡᠷᠭᠡ ᠠᠵᠢᠯ ᠢ ᠤᠳᠤᠷᠢᠳᠤᠨ ᠬᠠᠮᠢᠶᠠᠷᠤᠨ᠎ᠠ︾ ᠭᠡᠵᠦ ᠵᠠᠰᠠᠪᠤᠷᠢ ᠤᠷᠤᠭᠤᠯᠤᠨ᠎ᠠ᠃ | ᠠᠷᠪᠠᠨ ᠵᠢᠷᠭᠤᠭ᠎ᠠ᠂ ᠦᠨᠳᠦᠰᠦᠨ ᠬᠠᠤᠯᠢ ᠶᠢᠨ ᠵᠠᠭᠤᠳᠤᠭᠠᠷ ᠵᠦᠢᠯ ᠳᠤ ᠨᠢᠭᠡ ᠪᠠᠳᠠᠭ ᠠᠭᠤᠯᠭ᠎ᠠ ᠨᠡᠮᠡᠵᠦ᠂ | ᠬᠤᠶᠠᠳᠤᠭᠠᠷ ᠪᠠᠳᠠᠭ ᠪᠤᠯᠭᠠᠨ᠎ᠠ᠄ ︽ᠲᠤᠭᠤᠷᠢᠬ ᠬᠤᠪᠢᠶᠠᠭᠰᠠᠨ ᠬᠤᠲᠠ ᠶᠢᠨ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠪᠠ ᠲᠡᠳᠡᠨ ᠤ ᠪᠠᠶᠢᠡᠭᠭᠤ ᠶᠢᠨ ᠬᠤᠷᠢᠶ᠎ᠠ ᠨᠢ ᠦᠨᠳᠦᠰᠦᠨ ᠬᠠᠤᠯᠢ᠂ ᠬᠠᠤᠯᠢ ᠴᠠᠭᠠᠵᠠ᠂ ᠵᠠᠰᠠᠬ | ᠵᠠᠬᠢᠷᠭᠠᠨ ᠤ ᠬᠠᠤᠯᠢ ᠳᠤᠭᠳᠠᠭᠠᠯ ᠪᠠ ᠲᠤᠰ ᠮᠤᠵᠢ᠂ ᠦᠪᠡᠷᠲᠡᠭᠡᠨ ᠵᠠᠰᠠᠬᠤ ᠤᠷᠤᠨ ᠤ ᠤᠷᠤᠨ ᠨᠤᠲᠤᠬ ᠤᠨ | ᠴᠢᠨᠠᠷᠲᠠᠢ ᠬᠠᠤᠯᠢ ᠳᠤᠭᠳᠠᠭᠠᠯ ᠲᠠᠢ ᠬᠠᠷᠰᠢᠯᠳᠤᠬᠤ ᠦᠭᠡᠢ ᠤᠷᠢᠳᠠᠯ ᠳᠤᠤᠷ᠎ᠠ᠂ ᠬᠠᠤᠯᠢ ᠶᠤᠰᠤᠭᠠᠷ ᠤᠷᠤᠨ | ᠨᠤᠲᠤᠬ ᠤᠨ ᠴᠢᠨᠠᠷᠲᠠᠢ ᠬᠠᠤᠯᠢ ᠳᠤᠭᠳᠠᠭᠠᠯ ᠢ ᠲᠤᠬᠲᠠᠭᠠᠵᠤ᠂ ᠲᠤᠰ ᠮᠤᠵᠢ᠂ ᠦᠪᠡᠷᠲᠡᠭᠡᠨ ᠵᠠᠰᠠᠬᠤ ᠤᠷᠤᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠳᠤ ᠮᠡᠳᠡᠭᠦᠯᠦᠨ | ᠵᠦᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠵᠦ ᠪᠤᠯᠦᠨ᠎ᠡ᠃︾ | ᠠᠷᠪᠠᠨ ᠲᠤᠯᠤᠭ᠎ᠠ᠂ ᠦᠨᠳᠦᠰᠦᠨ ᠬᠠᠤᠯᠢ ᠶᠢᠨ ᠵᠠᠭᠤ ᠨᠢᠭᠡᠳᠦᠭᠡᠷ ᠵᠦᠢᠯ ᠤᠨ ᠬᠤᠶᠠᠳᠤᠭᠠᠷ ᠪᠠᠳᠠᠭ ᠲᠠᠬᠢ ︽ | ᠰᠢᠶᠠᠨ ᠤ ᠱᠠᠲᠤᠨ ᠠᠴᠠ ᠳᠡᠭᠡᠭᠰᠢᠬᠢ ᠤᠷᠤᠨ ᠨᠤᠲᠤᠬ ᠤᠨ ᠡᠯ᠎ᠡ ᠱᠠᠲᠤᠨ ᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠨᠢ ᠲᠤᠰ ᠱᠠᠲᠤᠨ ᠤ ᠠᠷᠠᠳ ᠤᠨ ᠰᠢᠬᠦᠬᠦ ᠬᠤᠷᠢᠶᠠᠨ ᠤ ᠬᠤᠷᠢᠶᠠᠨ ᠳᠠᠷᠤᠭ᠎ᠠ ᠪᠠ ᠲᠤᠰ ᠱᠠᠲᠤᠨ ᠤ | ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠶᠢ ᠰᠤᠩᠭᠤᠬᠤ ᠪᠦᠭᠡᠳ ᠪᠠᠭᠤᠯᠭᠠᠬᠤ | ᠡᠷᠬᠡ ᠲᠠᠢ᠃︾ ᠭᠡᠳᠡᠭ ᠢ ︽ᠰᠢᠶᠠᠨ ᠤ ᠱᠠᠲᠤᠨ ᠠᠴᠠ ᠳᠡᠭᠡᠭᠰᠢᠬᠢ ᠤᠷᠤᠨ ᠨᠤᠲᠤᠬ ᠤᠨ ᠡᠯ᠎ᠡ ᠱᠠᠲᠤᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠨᠢ ᠲᠤᠰ ᠱᠠᠲᠤᠨ ᠤ ᠬᠢᠨᠠᠨ ᠪᠠᠶᠢᠴᠠᠭᠠᠬᠤ ᠵᠦᠪᠯᠡᠯ ᠤᠨ | ᠡᠷᠬᠢᠯᠡᠭᠴᠢ᠂ ᠲᠤᠰ ᠱᠠᠲᠤᠨ ᠤ ᠠᠷᠠᠳ ᠤᠨ ᠰᠢᠬᠦᠬᠦ ᠬᠤᠷᠢᠶᠠᠨ ᠤ ᠬᠤᠷᠢᠶᠠᠨ ᠳᠠᠷᠤᠭ᠎ᠠ ᠪᠠ ᠲᠤᠰ ᠱᠠᠲᠤᠨ ᠤ | ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠶᠢ ᠰᠤᠩᠭᠤᠬᠤ ᠪᠦᠭᠡᠳ ᠪᠠᠭᠤᠯᠭᠠᠬᠤ | ᠡᠷᠬᠡ ᠲᠠᠢ᠃︾ ᠭᠡᠵᠦ ᠵᠠᠰᠠᠪᠤᠷᠢ ᠤᠷᠤᠭᠤᠯᠤᠨ᠎ᠠ᠃ | ᠠᠷᠪᠠᠨ ᠨᠠᠢᠮᠠ᠂ ᠦᠨᠳᠦᠰᠦᠨ ᠬᠠᠤᠯᠢ ᠶᠢᠨ ᠵᠠᠭᠤ ᠭᠤᠷᠪᠠᠳᠤᠭᠠᠷ ᠵᠦᠢᠯ ᠤᠨ ᠭᠤᠷᠪᠠᠳᠤᠭᠠᠷ ᠪᠠᠳᠠᠭ ᠤᠨ ︽ | ᠰᠢᠶᠠᠨ ᠤ ᠱᠠᠲᠤᠨ ᠠᠴᠠ ᠳᠡᠭᠡᠭᠰᠢᠬᠢ ᠤᠷᠤᠨ ᠨᠤᠲᠤᠬ ᠤᠨ ᠡᠯ᠎ᠡ ᠱᠠᠲᠤᠨ ᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠪᠦᠷᠢᠯᠳᠦᠭᠦᠨ ᠨᠠᠷ ᠲᠦᠷᠦ ᠶᠢᠨ ᠵᠠᠰᠠᠬ ᠵᠠᠬᠢᠷᠭᠠᠨ ᠤ ᠪᠠᠶᠢᠭᠤᠯᠭ᠎ᠠ᠂ | ᠰᠢᠭᠦᠨ ᠲᠠᠰᠤᠯᠬᠤ ᠪᠠᠶᠢᠭᠤᠯᠭ᠎ᠠ ᠪᠠ ᠪᠠᠶᠢᠴᠠᠭᠠᠬᠤ ᠪᠠᠶᠢᠭᠤᠯᠭ᠎ᠠ ᠳᠤ ᠲᠤᠰᠢᠶᠠᠯ ᠬᠠᠷᠢᠭᠤᠴᠠᠵᠤ ᠪᠤᠯᠬᠤ ᠦᠭᠡᠢ᠃︾ | ᠭᠡᠳᠡᠭ ᠢ ︽ᠰᠢᠶᠠᠨ ᠤ ᠱᠠᠲᠤᠨ ᠠᠴᠠ ᠳᠡᠭᠡᠭᠰᠢᠬᠢ ᠤᠷᠤᠨ ᠨᠤᠲᠤᠬ ᠤᠨ ᠡᠯ᠎ᠡ ᠱᠠᠲᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠪᠦᠷᠢᠯᠳᠦᠭᠦᠨ ᠨᠠᠷ ᠲᠦᠷᠦ ᠶᠢᠨ ᠵᠠᠰᠠᠬ | ᠵᠠᠬᠢᠷᠭᠠᠨ ᠤ ᠪᠠᠶᠢᠭᠤᠯᠭ᠎ᠠ᠂ ᠬᠢᠨᠠᠨ ᠪᠠᠶᠢᠴᠠᠭᠠᠬᠤ ᠪᠠᠶᠢᠭᠤᠯᠭ᠎ᠠ᠂ ᠰᠢᠭᠦᠨ ᠲᠠᠰᠤᠯᠬᠤ ᠪᠠᠶᠢᠭᠤᠯᠭ᠎ᠠ ᠪᠠ ᠪᠠᠶᠢᠴᠠᠭᠠᠬᠤ | ᠪᠠᠶᠢᠭᠤᠯᠭ᠎ᠠ ᠳᠤ ᠲᠤᠰᠢᠶᠠᠯ ᠬᠠᠷᠢᠭᠤᠴᠠᠵᠤ ᠪᠤᠯᠬᠤ ᠦᠭᠡᠢ᠃︾ ᠭᠡᠵᠦ ᠵᠠᠰᠠᠪᠤᠷᠢ ᠤᠷᠤᠭᠤᠯᠤᠨ᠎ᠠ᠃ | ᠠᠷᠪᠠ ᠶᠢᠰᠦ᠂ ᠦᠨᠳᠦᠰᠦᠨ ᠬᠠᠤᠯᠢ ᠶᠢᠨ ᠵᠠᠭᠤ ᠳᠦᠷᠪᠡᠳᠦᠭᠡᠷ ᠵᠦᠢᠯ ᠤᠨ ︽ᠲᠤᠰ ᠱᠠᠲᠤᠨ ᠤ ᠪᠠᠨ | ᠠᠷᠠᠳ ᠤᠨ ᠵᠠᠰᠠᠬ ᠤᠨ ᠤᠷᠳᠤᠨ᠂ ᠠᠷᠠᠳ ᠤᠨ ᠰᠢᠬᠦᠬᠦ ᠬᠤᠷᠢᠶ᠎ᠠ ᠪᠠ ᠠᠷᠠᠳ ᠤᠨ ᠪᠠᠶᠢᠴᠠᠭᠠᠬᠤ ᠬᠤᠷᠢᠶᠠᠨ ᠤ | ᠠᠵᠢᠯ ᠳᠤ ᠬᠢᠨᠠᠯᠲᠠ ᠲᠠᠯᠪᠢᠨ᠎ᠠ︾ ᠭᠡᠳᠡᠭ ᠢ ︽ᠲᠤᠰ ᠱᠠᠲᠤᠨ ᠤ ᠪᠠᠨ ᠠᠷᠠᠳ ᠤᠨ ᠵᠠᠰᠠᠬ ᠤᠨ ᠤᠷᠳᠤᠨ᠂ ᠬᠢᠨᠠᠨ | ᠪᠠᠶᠢᠴᠠᠭᠠᠬᠤ ᠵᠦᠪᠯᠡᠯ᠂ ᠠᠷᠠᠳ ᠤᠨ ᠰᠢᠬᠦᠬᠦ ᠬᠤᠷᠢᠶ᠎ᠠ ᠪᠠ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠳᠤ | ᠬᠢᠨᠠᠯᠲᠠ ᠲᠠᠯᠪᠢᠨ᠎ᠠ︾ ᠭᠡᠵᠦ ᠵᠠᠰᠠᠪᠤᠷᠢ ᠤᠷᠤᠭᠤᠯᠤᠨ᠎ᠠ᠃ ᠡᠨᠡᠬᠦ ᠵᠦᠢᠯ ᠢ᠄ ︽ᠰᠢᠶᠠᠨ ᠤ ᠱᠠᠲᠤᠨ ᠠᠴᠠ | ᠳᠡᠭᠡᠭᠰᠢᠬᠢ ᠤᠷᠤᠨ ᠨᠤᠲᠤᠬ ᠤᠨ ᠡᠯ᠎ᠡ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠡᠭᠭᠤ ᠶᠢᠨ ᠬᠤᠷᠢᠶ᠎ᠠ ᠲᠤᠰ ᠵᠠᠰᠠᠬ ᠵᠠᠬᠢᠷᠭᠠᠨ ᠤ ᠤᠷᠤᠨ ᠤ ᠪᠠᠨ ᠲᠤᠳᠤᠷᠠᠬᠢ ᠡᠯ᠎ᠡ ᠲᠠᠯ᠎ᠠ ᠶᠢᠨ ᠠᠵᠢᠯ ᠤᠨ | ᠴᠢᠬᠤᠯᠠ ᠶᠡᠭᠡ ᠶᠠᠪᠤᠳᠠᠯ ᠤᠳ ᠢ ᠶᠠᠷᠢᠯᠴᠠᠬᠤ ᠪᠦᠭᠡᠳ ᠲᠤᠬᠲᠠᠭᠠᠨ᠎ᠠ︔ ᠲᠤᠰ ᠱᠠᠲᠤᠨ ᠤ ᠪᠠᠨ ᠠᠷᠠᠳ ᠤᠨ | ᠵᠠᠰᠠᠬ ᠤᠨ ᠤᠷᠳᠤᠨ᠂ ᠬᠢᠨᠠᠨ ᠪᠠᠶᠢᠴᠠᠭᠠᠬᠤ ᠵᠦᠪᠯᠡᠯ᠂ ᠠᠷᠠᠳ ᠤᠨ ᠰᠢᠬᠦᠬᠦ ᠬᠤᠷᠢᠶ᠎ᠠ ᠪᠠ ᠠᠷᠠᠳ ᠤᠨ ᠪᠠᠶᠢᠴᠠᠭᠠᠬᠤ | ᠬᠤᠷᠢᠶᠠᠨ ᠤ ᠠᠵᠢᠯ ᠳᠤ ᠬᠢᠨᠠᠯᠲᠠ ᠲᠠᠯᠪᠢᠨ᠎ᠠ︔ ᠲᠤᠰ ᠱᠠᠲᠤᠨ ᠤ ᠠᠷᠠᠳ ᠤᠨ ᠵᠠᠰᠠᠬ ᠤᠨ ᠤᠷᠳᠤᠨ ᠤ ᠵᠤᠬᠢᠰ | ᠦᠭᠡᠢ ᠲᠤᠬᠲᠠᠭᠠᠯ᠂ ᠵᠠᠷᠯᠢᠬ ᠢ ᠬᠦᠴᠦᠨ ᠦᠭᠡᠢ ᠪᠤᠯᠭᠠᠨ᠎ᠠ︔ ᠳᠤᠤᠷ᠎ᠠ ᠨᠢᠭᠡ ᠱᠠᠲᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠵᠤᠬᠢᠰ ᠦᠭᠡᠢ ᠰᠢᠢᠳᠪᠦᠷᠢ ᠶᠢ ᠬᠦᠴᠦᠨ ᠦᠭᠡᠢ ᠪᠤᠯᠭᠠᠨ᠎ᠠ︔ ᠬᠠᠤᠯᠢ ᠳᠤ | ᠲᠤᠬᠲᠠᠭᠠᠬᠰᠠᠨ ᠡᠷᠬᠡ ᠮᠡᠳᠡᠯ ᠤᠨ ᠬᠡᠪᠴᠢᠶᠡᠨ ᠲᠤᠳᠤᠷ᠎ᠠ ᠲᠦᠷᠦ ᠶᠢᠨ ᠪᠠᠶᠢᠭᠤᠯᠭ᠎ᠠ ᠶᠢᠨ ᠠᠵᠢᠯᠲᠠᠨ ᠢ ᠲᠤᠮᠢᠯᠠᠬᠤ | ᠪᠤᠶᠤ ᠪᠠᠭᠤᠯᠭᠠᠬᠤ ᠶᠢ ᠲᠤᠬᠲᠠᠭᠠᠨ᠎ᠠ︔ ᠲᠤᠰ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠬᠤᠷᠠᠯᠳᠤᠭᠠᠨ ᠲᠡᠭᠦᠰᠦᠭᠰᠡᠨ ᠬᠤᠭᠤᠴᠠᠭᠠᠨ ᠳᠤ᠂ ᠳᠡᠭᠡᠷ᠎ᠡ ᠨᠢᠭᠡ ᠱᠠᠲᠤᠨ ᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠤᠨᠴᠠ ᠵᠠᠷᠢᠮ ᠲᠦᠯᠦᠭᠡᠯᠡᠭᠴᠢ ᠶᠢ ᠪᠠᠭᠤᠯᠭᠠᠬᠤ ᠪᠤᠶᠤ ᠨᠦᠬᠦᠪᠦᠷᠢᠯᠡᠵᠦ ᠰᠤᠩᠭᠤᠨ᠎ᠠ︾ ᠭᠡᠵᠦ | ᠵᠤᠬᠢᠬᠤ ᠵᠠᠰᠠᠪᠤᠷᠢ ᠤᠷᠤᠭᠤᠯᠤᠨ᠎ᠡ᠃ | ᠬᠤᠷᠢ᠂ ᠦᠨᠳᠦᠰᠦᠨ ᠬᠠᠤᠯᠢ ᠶᠢᠨ ᠵᠠᠭᠤ ᠳᠤᠯᠤᠳᠤᠭᠠᠷ ᠵᠦᠢᠯ ᠤᠨ ᠨᠢᠭᠡᠳᠦᠭᠡᠷ ᠪᠠᠳᠠᠭ ᠤᠨ ︽ᠰᠢᠶᠠᠨ ᠤ | ᠱᠠᠲᠤᠨ ᠠᠴᠠ ᠳᠡᠭᠡᠭᠰᠢᠬᠢ ᠤᠷᠤᠨ ᠨᠤᠲᠤᠬ ᠤᠨ ᠡᠯ᠎ᠡ ᠱᠠᠲᠤᠨ ᠤ ᠠᠷᠠᠳ ᠤᠨ ᠵᠠᠰᠠᠬ ᠤᠨ ᠤᠷᠳᠤᠨ ᠬᠠᠤᠯᠢ ᠳᠤ | ᠲᠤᠬᠲᠠᠭᠠᠬᠰᠠᠨ ᠡᠷᠬᠡ ᠮᠡᠳᠡᠯ ᠤᠨ ᠬᠡᠪᠴᠢᠶᠡᠨ ᠲᠤᠳᠤᠷ᠎ᠠ ᠲᠤᠰ ᠵᠠᠰᠠᠬ ᠵᠠᠬᠢᠷᠭᠠᠨ ᠤ ᠤᠷᠤᠨ ᠤ ᠠᠵᠤ ᠠᠬᠤᠢ᠂ | ᠰᠤᠷᠭᠠᠨ ᠬᠦᠮᠦᠵᠢᠯ᠂ ᠰᠢᠨᠵᠢᠯᠡᠬᠦ ᠤᠬᠠᠭᠠᠨ᠂ ᠰᠤᠶᠤᠯ ᠪᠤᠯᠪᠠᠰᠤᠷᠠᠯ᠂ ᠡᠷᠡᠭᠦᠯ ᠬᠠᠮᠠᠭᠠᠯᠠᠯ᠂ ᠪᠡᠶ᠎ᠡ ᠶᠢᠨ ᠲᠠᠮᠢᠷ ᠤᠨ | ᠦᠢᠯᠡᠰ᠂ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠪᠠ ᠡᠳ᠋ ᠤᠨ ᠵᠠᠰᠠᠬ᠂ ᠠᠷᠠᠳ ᠤᠨ | ᠶᠠᠪᠤᠳᠠᠯ᠂ ᠲᠤᠳᠤᠭᠠᠳᠤ ᠶᠢ ᠬᠠᠮᠠᠭᠠᠯᠠᠬᠤ᠂ ᠦᠨᠳᠦᠰᠦᠲᠡᠨ ᠤ ᠬᠡᠷᠡᠭ ᠶᠠᠪᠤᠳᠠᠯ᠂ ᠬᠠᠤᠯᠢ ᠴᠠᠭᠠᠵᠠ ᠶᠢᠨ ᠵᠠᠰᠠᠬ | ᠵᠠᠬᠢᠷᠭ᠎ᠠ᠂ ᠬᠢᠨᠠᠨ ᠪᠠᠶᠢᠴᠠᠭᠠᠬᠤ᠂ ᠲᠦᠯᠦᠪᠯᠡᠭᠡ ᠲᠠᠢ ᠪᠠᠷ ᠬᠡᠦᠬᠡᠳ ᠠᠪᠬᠤ ᠵᠡᠷᠭᠡ ᠶᠢᠨ ᠵᠠᠰᠠᠬ ᠵᠠᠬᠢᠷᠭᠠᠨ ᠤ ᠠᠵᠢᠯ ᠢ | ᠬᠠᠮᠢᠶᠠᠷᠴᠤ᠂ ᠲᠤᠬᠲᠠᠭᠠᠯ ᠪᠠ ᠵᠠᠷᠯᠢᠬ ᠨᠡᠶᠢᠲᠡᠯᠡᠵᠤ᠂ ᠵᠠᠰᠠᠬ ᠵᠠᠬᠢᠷᠭᠠᠨ ᠤ ᠠᠵᠢᠯᠲᠠᠳ ᠢ ᠲᠤᠮᠢᠯᠠᠬᠤ ᠪᠠ | ᠪᠠᠭᠤᠯᠭᠠᠬᠤ᠂ ᠬᠦᠮᠦᠵᠢᠭᠦᠯᠦᠨ ᠪᠤᠯᠪᠠᠰᠤᠷᠠᠭᠤᠯᠵᠤ᠂ ᠬᠢᠨᠠᠨ ᠰᠢᠯᠭᠠᠵᠤ᠂ ᠱᠠᠩᠨᠠᠵᠤ ᠰᠢᠳᠬᠡᠨ᠎ᠡ᠃︾ ᠭᠡᠳᠡᠭ ᠢ ︽ | ᠰᠢᠶᠠᠨ ᠤ ᠱᠠᠲᠤᠨ ᠠᠴᠠ ᠳᠡᠭᠡᠭᠰᠢᠬᠢ ᠤᠷᠤᠨ ᠨᠤᠲᠤᠬ ᠤᠨ ᠡᠯ᠎ᠡ ᠱᠠᠲᠤᠨ ᠤ ᠠᠷᠠᠳ ᠤᠨ ᠵᠠᠰᠠᠬ ᠤᠨ ᠤᠷᠳᠤᠨ | ᠬᠠᠤᠯᠢ ᠳᠤ ᠲᠤᠬᠲᠠᠭᠠᠬᠰᠠᠨ ᠡᠷᠬᠡ ᠮᠡᠳᠡᠯ ᠤᠨ ᠬᠡᠪᠴᠢᠶᠡᠨ ᠲᠤᠳᠤᠷ᠎ᠠ ᠲᠤᠰ ᠵᠠᠰᠠᠬ ᠵᠠᠬᠢᠷᠭᠠᠨ ᠤ ᠤᠷᠤᠨ ᠤ ᠠᠵᠤ | ᠠᠬᠤᠢ᠂ ᠰᠤᠷᠭᠠᠨ ᠬᠦᠮᠦᠵᠢᠯ᠂ ᠰᠢᠨᠵᠢᠯᠡᠬᠦ ᠤᠬᠠᠭᠠᠨ᠂ ᠰᠤᠶᠤᠯ ᠪᠤᠯᠪᠠᠰᠤᠷᠠᠯ᠂ ᠡᠷᠡᠭᠦᠯ ᠬᠠᠮᠠᠭᠠᠯᠠᠯ᠂ ᠪᠡᠶ᠎ᠡ ᠶᠢᠨ | ᠲᠠᠮᠢᠷ ᠤᠨ ᠦᠢᠯᠡᠰ᠂ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠪᠠ ᠡᠳ᠋ ᠤᠨ ᠵᠠᠰᠠᠬ᠂ | ᠠᠷᠠᠳ ᠤᠨ ᠶᠠᠪᠤᠳᠠᠯ᠂ ᠲᠤᠳᠤᠭᠠᠳᠤ ᠶᠢ ᠬᠠᠮᠠᠭᠠᠯᠠᠬᠤ᠂ ᠦᠨᠳᠦᠰᠦᠲᠡᠨ ᠤ ᠬᠡᠷᠡᠭ ᠶᠠᠪᠤᠳᠠᠯ᠂ ᠬᠠᠤᠯᠢ ᠴᠠᠭᠠᠵᠠ ᠶᠢᠨ | ᠵᠠᠰᠠᠬ ᠵᠠᠬᠢᠷᠭ᠎ᠠ᠂ ᠲᠦᠯᠦᠪᠯᠡᠭᠡᠲᠤ ᠦᠷᠡᠵᠢᠯ ᠵᠡᠷᠭᠡ ᠶᠢᠨ ᠵᠠᠰᠠᠬ ᠵᠠᠬᠢᠷᠭᠠᠨ ᠤ ᠠᠵᠢᠯ ᠢ ᠬᠠᠮᠢᠶᠠᠷᠴᠤ᠂ ᠲᠤᠬᠲᠠᠭᠠᠯ | ᠪᠠ ᠵᠠᠷᠯᠢᠬ ᠨᠡᠶᠢᠲᠡᠯᠡᠵᠤ᠂ ᠵᠠᠰᠠᠬ ᠵᠠᠬᠢᠷᠭᠠᠨ ᠤ ᠠᠵᠢᠯᠲᠠᠳ ᠢ ᠲᠤᠮᠢᠯᠠᠬᠤ ᠪᠠ ᠪᠠᠭᠤᠯᠭᠠᠬᠤ᠂ ᠬᠦᠮᠦᠵᠢᠭᠦᠯᠦᠨ | ᠪᠤᠯᠪᠠᠰᠤᠷᠠᠭᠤᠯᠵᠤ᠂ ᠬᠢᠨᠠᠨ ᠰᠢᠯᠭᠠᠵᠤ᠂ ᠱᠠᠩᠨᠠᠵᠤ ᠰᠢᠳᠬᠡᠨ᠎ᠡ᠃︾ ᠭᠡᠵᠦ ᠵᠠᠰᠠᠪᠤᠷᠢ ᠤᠷᠤᠭᠤᠯᠤᠨ᠎ᠠ᠃ | ᠬᠤᠷᠢᠨ ᠨᠢᠭᠡ᠂ ᠦᠨᠳᠦᠰᠦᠨ ᠬᠠᠤᠯᠢ ᠶᠢᠨ ᠭᠤᠷᠪᠠᠳᠤᠭᠠᠷ ᠪᠦᠯᠦᠭ ︽ᠲᠦᠷᠦ ᠶᠢᠨ ᠪᠠᠶᠢᠭᠤᠯᠤᠮᠵᠢ︾ ᠳᠤ | ᠨᠢᠭᠡ ᠭᠡᠰᠡᠭ ᠠᠭᠤᠯᠭ᠎ᠠ ᠨᠡᠮᠡᠵᠦ᠂ ᠲᠤᠯᠤᠳᠤᠭᠠᠷ ᠬᠡᠰᠡᠭ ︽ᠬᠢᠨᠠᠨ ᠪᠠᠶᠢᠴᠠᠭᠠᠬᠤ ᠵᠦᠪᠯᠡᠯ︾ ᠪᠤᠯᠭᠠᠨ᠎ᠠ︔ ᠲᠠᠪᠤᠨ | ᠵᠤᠷᠪᠤᠰ ᠠᠭᠤᠯᠭ᠎ᠠ ᠨᠡᠮᠡᠵᠦ᠂ ᠲᠤᠰ ᠪᠦᠷᠢ ᠵᠠᠭᠤ ᠬᠤᠷᠢᠨ ᠭᠤᠷᠪᠠᠳᠤᠭᠠᠷ ᠵᠦᠢᠯ ᠠᠴᠠ ᠵᠠᠭᠤ ᠬᠤᠷᠢᠨ ᠲᠤᠯᠤᠳᠤᠭᠠᠷ | ᠵᠦᠢᠯ ᠪᠤᠯᠭᠠᠨ᠎ᠠ᠃ ᠠᠭᠤᠯᠭ᠎ᠠ ᠨᠢ ᠳᠤᠤᠷᠠᠬᠢ ᠮᠡᠲᠦ᠄ | ᠳᠤᠯᠤᠳᠤᠭᠠᠷ ᠬᠡᠰᠡᠭ ᠬᠢᠨᠠᠨ ᠪᠠᠶᠢᠴᠠᠭᠠᠬᠤ ᠵᠦᠪᠯᠡᠯ | ᠵᠠᠭᠤ ᠬᠤᠷᠢᠨ ᠭᠤᠷᠪᠠᠳᠤᠭᠠᠷ ᠵᠦᠢᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠯ᠎ᠡ | ᠱᠠᠲᠤᠨ ᠤ ᠬᠢᠨᠠᠨ ᠪᠠᠶᠢᠴᠠᠭᠠᠬᠤ ᠵᠦᠪᠯᠡᠯ ᠪᠤᠯ ᠤᠯᠤᠰ ᠤᠨ ᠬᠢᠨᠠᠨ ᠪᠠᠶᠢᠴᠠᠭᠠᠬᠤ ᠪᠠᠶᠢᠭᠤᠯᠭ᠎ᠠ ᠪᠤᠯᠤᠨ᠎ᠠ᠃ | ᠵᠠᠭᠤ ᠬᠤᠷᠢᠨ ᠳᠦᠷᠪᠡᠳᠦᠭᠡᠷ ᠵᠦᠢᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠠᠴᠠ ᠤᠯᠤᠰ ᠤᠨ | ᠬᠢᠨᠠᠨ ᠪᠠᠶᠢᠴᠠᠭᠠᠬᠤ ᠵᠦᠪᠯᠡᠯ ᠪᠠ ᠤᠷᠤᠨ ᠨᠤᠲᠤᠬ ᠤᠨ ᠡᠯ᠎ᠡ ᠱᠠᠲᠤᠨ ᠤ ᠬᠢᠨᠠᠨ ᠪᠠᠶᠢᠴᠠᠭᠠᠬᠤ ᠵᠦᠪᠯᠡᠯ ᠢ | ᠪᠠᠶᠢᠭᠤᠯᠤᠨ᠎ᠠ᠃ | ᠬᠢᠨᠠᠨ ᠪᠠᠶᠢᠴᠠᠭᠠᠬᠤ ᠵᠦᠪᠯᠡᠯ ᠲᠤᠤᠷ᠎ᠡ ᠵᠢᠭᠰᠠᠭᠠᠭᠳᠠᠭᠰᠡᠨ ᠬᠦᠮᠦᠰ ᠢᠶᠠᠷ ᠪᠦᠷᠢᠯᠳᠦᠨ᠎ᠡ᠄ | ᠡᠷᠬᠢᠯᠡᠭᠴᠢ᠂ | ᠲᠡᠳ᠋ ᠡᠷᠬᠢᠯᠡᠭᠴᠢ ᠭᠡᠳᠦᠨ ᠬᠦᠮᠦᠨ᠂ | ᠭᠡᠰᠢᠬᠦᠨ ᠬᠡᠳᠦᠨ ᠬᠦᠮᠦᠨ᠃ | ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠶᠢᠨ ᠬᠤᠭᠤᠴᠠᠭ᠎ᠠ ᠪᠦᠷᠢ ᠶᠢᠨ ᠲᠤᠰᠢᠶᠠᠯ ᠤᠨ | ᠬᠤᠭᠤᠴᠠᠭ᠎ᠠ ᠨᠢ ᠲᠤᠰ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠪᠦᠷᠢ ᠶᠢᠨ | ᠲᠤᠰᠢᠶᠠᠯ ᠤᠨ ᠬᠤᠭᠤᠴᠠᠭ᠎ᠠ ᠲᠠᠢ ᠠᠳᠠᠯᠢ᠃ ᠤᠯᠤᠰ ᠤᠨ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠵᠠᠯᠭᠠᠪᠡᠷ | ᠬᠤᠶᠠᠷ ᠬᠤᠭᠤᠴᠠᠭ᠎ᠠ ᠠᠴᠠ ᠢᠯᠡᠭᠦᠤ ᠲᠤᠰᠢᠶᠠᠯ ᠬᠠᠷᠢᠭᠤᠴᠠᠵᠤ ᠪᠤᠯᠬᠤ ᠦᠭᠡᠢ᠃ | ᠬᠢᠨᠠᠨ ᠪᠠᠶᠢᠴᠠᠭᠠᠬᠤ ᠵᠦᠪᠯᠡᠯ ᠤᠨ ᠵᠤᠬᠢᠶᠠᠨ ᠪᠠᠶᠢᠭᠤᠯᠤᠯᠲᠠ ᠪᠤᠯᠤᠨ ᠡᠷᠭᠡ ᠲᠤᠰᠢᠶᠠᠯ ᠢ ᠬᠠᠤᠯᠢ ᠪᠠᠷ | ᠲᠤᠭᠲᠠᠭᠠᠨᠡ᠃ | ᠵᠠᠭᠤ ᠬᠤᠷᠢᠨ ᠲᠠᠪᠤᠳᠤᠭᠠᠷ ᠵᠦᠢᠯ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠤᠯᠤᠰ ᠤᠨ | ᠬᠢᠨᠠᠨ ᠪᠠᠶᠢᠴᠠᠭᠠᠬᠤ ᠵᠦᠪᠯᠡᠯ ᠪᠤᠯ ᠬᠠᠮᠤᠭ ᠤᠨ ᠲᠡᠭᠡᠳᠤ ᠬᠢᠨᠠᠨ ᠪᠠᠶᠢᠴᠠᠭᠠᠬᠤ ᠪᠠᠶᠢᠭᠤᠯᠭ᠎ᠠ ᠮᠦᠨ᠃ | ᠤᠯᠤᠰ ᠤᠨ ᠬᠢᠨᠠᠨ ᠪᠠᠶᠢᠴᠠᠭᠠᠬᠤ ᠵᠦᠪᠯᠡᠯ ᠤᠷᠤᠨ ᠨᠤᠲᠤᠭ ᠤᠨ ᠡᠯ᠎ᠡ ᠱᠠᠲᠤᠨ ᠤ ᠬᠢᠨᠠᠨ ᠪᠠᠶᠢᠴᠠᠭᠠᠬᠤ | ᠵᠦᠪᠯᠡᠯ ᠤᠨ ᠠᠵᠢᠯ ᠢ ᠤᠳᠤᠷᠢᠳᠴᠤ᠂ ᠲᠡᠭᠡᠷ᠎ᠡ ᠱᠠᠲᠤᠨ ᠤ ᠬᠢᠨᠠᠨ ᠪᠠᠶᠢᠴᠠᠭᠠᠬᠤ ᠵᠦᠪᠯᠡᠯ ᠨᠢ ᠲᠤᠤᠷ᠎ᠡ ᠱᠠᠲᠤᠨ ᠤ | ᠬᠢᠨᠠᠨ ᠪᠠᠶᠢᠴᠠᠭᠠᠬᠤ ᠵᠦᠪᠯᠡᠯ ᠤᠨ ᠠᠵᠢᠯ ᠢ ᠤᠳᠤᠷᠢᠳᠤᠨᠡ᠃ | ᠵᠠᠭᠤ ᠬᠤᠷᠢᠨ ᠵᠢᠷᠭᠤᠳᠤᠭᠠᠷ ᠵᠦᠢᠯ ᠤᠯᠤᠰ ᠤᠨ ᠬᠢᠨᠠᠨ ᠪᠠᠶᠢᠴᠠᠭᠠᠬᠤ ᠵᠦᠪᠯᠡᠯ ᠪᠦᠬᠦ ᠤᠯᠤᠰ ᠤᠨ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠠ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠡᠭᠭᠤ ᠶᠢᠨ ᠬᠤᠷᠢᠶ᠎ᠡ ᠳᠤ ᠬᠠᠷᠢᠭᠤᠴᠠᠨ᠎ᠡ᠃ ᠤᠷᠤᠨ ᠨᠤᠲᠤᠭ ᠤᠨ ᠡᠯ᠎ᠡ ᠱᠠᠲᠤᠨ ᠤ ᠬᠢᠨᠠᠨ | ᠪᠠᠶᠢᠴᠠᠭᠠᠬᠤ ᠵᠦᠪᠯᠡᠯ ᠨᠢ ᠲᠡᠭᠦᠨ ᠢ ᠪᠠᠶᠢᠭᠤᠯᠤᠭᠰᠠᠨ ᠲᠦᠷᠦ ᠶᠢᠨ ᠡᠷᠭᠡᠲᠤ ᠪᠠᠶᠢᠭᠤᠯᠭ᠎ᠠ ᠪᠠ ᠲᠡᠭᠡᠷ᠎ᠡ ᠱᠠᠲᠤᠨ ᠤ | ᠬᠢᠨᠠᠨ ᠪᠠᠶᠢᠴᠠᠭᠠᠬᠤ ᠵᠦᠪᠯᠡᠯ ᠳᠤ ᠬᠠᠷᠢᠭᠤᠴᠠᠨ᠎ᠡ᠃ | ᠵᠠᠭᠤ ᠬᠤᠷᠢᠨ ᠲᠤᠯᠤᠳᠤᠭᠠᠷ ᠵᠦᠢᠯ ᠬᠢᠨᠠᠨ ᠪᠠᠶᠢᠴᠠᠭᠠᠬᠤ ᠵᠦᠪᠯᠡᠯ ᠬᠠᠤᠯᠢ ᠶᠤᠰᠤᠭᠠᠷ ᠪᠠᠶ᠎ᠡ ᠪᠠᠨ | ᠲᠠᠭᠠᠭᠠᠵᠤ ᠬᠢᠨᠠᠨ ᠪᠠᠶᠢᠴᠠᠭᠠᠬᠤ ᠡᠷᠭᠡ ᠪᠠᠨ ᠬᠡᠷᠡᠭᠵᠢᠭᠦᠯᠵᠤ᠂ ᠵᠠᠰᠠᠭ ᠵᠠᠬᠢᠷᠭᠠᠨ ᠤ ᠪᠠᠶᠢᠭᠤᠯᠭ᠎ᠠ᠂ ᠨᠡᠶᠢᠭᠡᠮ ᠤᠨ | ᠪᠦᠯᠬᠦᠮ ᠪᠤᠯᠤᠨ ᠬᠤᠪᠢ ᠬᠦᠮᠦᠨ ᠤ ᠭᠠᠷ ᠲᠦᠷᠦᠬᠦ ᠶᠢ ᠬᠦᠯᠢᠶᠡᠬᠦ ᠦᠭᠡᠢ᠃ | ᠬᠢᠨᠠᠨ ᠪᠠᠶᠢᠴᠠᠭᠠᠬᠤ ᠪᠠᠶᠢᠭᠤᠯᠭ᠎ᠠ ᠡᠷᠭᠡ ᠲᠤᠰᠢᠶᠠᠯ ᠢᠶᠠᠨ ᠠᠰᠢᠬᠯᠡᠨ ᠬᠠᠤᠯᠢ ᠵᠦᠷᠢᠴᠡᠭᠰᠡᠨ ᠠᠵᠢᠯᠯᠠᠭ᠎ᠠ ᠪᠠ | ᠡᠷᠭᠡ ᠲᠤᠰᠢᠶᠠᠯ ᠢᠶᠠᠨ ᠠᠰᠢᠬᠯᠡᠨ ᠶᠠᠯ᠎ᠡ ᠬᠢᠭᠰᠡᠨ ᠭᠡᠷᠡᠭ ᠢ ᠰᠢᠢᠳᠪᠤᠷᠢᠯᠡᠬᠦ ᠳᠡᠭᠡᠨ᠂ ᠰᠢᠬᠦᠨ ᠲᠠᠰᠤᠯᠬᠤ | ᠪᠠᠶᠢᠭᠤᠯᠭ᠎ᠠ᠂ ᠪᠠᠶᠢᠴᠠᠭᠠᠬᠤ ᠪᠠᠶᠢᠭᠤᠯᠭ᠎ᠠ᠂ ᠬᠠᠤᠯᠢ ᠭᠡᠷᠡᠭᠵᠢᠭᠦᠯᠬᠦ ᠰᠠᠯᠠᠭ᠎ᠠ ᠮᠦᠴᠢᠷ ᠲᠠᠢ ᠬᠠᠷᠢᠯᠴᠠᠨ | ᠬᠠᠮᠵᠢᠯᠴᠠᠵᠤ᠂ ᠬᠠᠷᠢᠯᠴᠠᠨ ᠬᠢᠵᠠᠭᠠᠷᠯᠠᠬᠤ ᠬᠡᠷᠡᠭᠳᠠᠢ᠃ | ᠤᠤᠯ ᠤᠨ ᠲᠤᠯᠤᠳᠤᠭᠠᠷ ᠭᠡᠰᠡᠭ ᠢ ᠨᠠᠢᠮᠠᠳᠤᠭᠠᠷ ᠭᠡᠰᠡᠭ ᠪᠤᠯᠭᠠᠨ ᠬᠤᠪᠢᠷᠠᠭᠤᠯᠵᠤ᠂ ᠤᠤᠯ ᠤᠨ ᠵᠠᠭᠤ | ᠬᠤᠷᠢᠨ ᠭᠤᠷᠪᠠᠳᠤᠭᠠᠷ ᠵᠦᠢᠯ ᠠᠴᠠ ᠵᠠᠭᠤ ᠭᠤᠴᠢᠨ ᠨᠠᠢᠮᠠᠳᠤᠭᠠᠷ ᠵᠦᠢᠯ ᠬᠦᠷᠬᠦ ᠠᠭᠤᠯᠭ᠎ᠠ ᠶᠢ ᠲᠤᠰᠪᠤᠷᠢ ᠵᠠᠭᠤ | ᠬᠤᠷᠢᠨ ᠨᠠᠢᠮᠠᠳᠤᠭᠠᠷ ᠵᠦᠢᠯ ᠠᠴᠠ ᠵᠠᠭᠤ ᠲᠦᠴᠢᠨ ᠭᠤᠷᠪᠠᠳᠤᠭᠠᠷ ᠵᠦᠢᠯ ᠪᠤᠯᠭᠠᠨ ᠬᠤᠪᠢᠷᠠᠭᠤᠯᠤᠨ᠎ᠠ᠃ | ᠡᠳᠡᠭᠡᠷ ᠰᠠᠨᠠᠭᠤᠯᠭ᠎ᠠ ᠶᠢ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠡᠭᠭᠤ ᠶᠢᠨ ᠬᠤᠷᠢᠶ᠎ᠡ ᠠᠴᠠ ᠬᠠᠤᠯᠢ ᠳᠤ ᠲᠤᠭᠲᠠᠭᠠᠭᠰᠡᠨ ᠵᠢᠷᠦᠮ ᠶᠤᠰᠤᠭᠠᠷ ᠦᠨᠳᠦᠰᠦᠨ ᠬᠠᠤᠯᠢ ᠳᠤ ᠵᠠᠰᠠᠪᠤᠷᠢ | ᠤᠷᠤᠭᠤᠯᠬᠤ ᠲᠦᠰᠦᠯ ᠲᠤᠷᠠᠳᠴᠤ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠲᠡᠪᠰᠢᠭᠦᠯᠵᠤ ᠬᠢᠨᠠᠭᠤᠯᠬᠤ ᠶᠢ ᠬᠦᠰᠡᠵᠦ | ᠪᠠᠶᠢᠨ᠎ᠠ᠃ | | | ᠲᠤᠮᠳᠠᠳᠤ ᠤᠯᠤᠰ ᠤᠨ ᠡᠪ ᠬᠠᠮᠲᠤ ᠨᠠᠮ ᠤᠨ ᠲᠦᠪ ᠬᠤᠷᠢᠶ᠎ᠡ | 2018 ᠤᠨ ᠤ 1 ᠳ᠋ᠤᠭᠡᠷ ᠰᠠᠷ᠎ᠡ ᠶᠢᠨ 26 ᠤ ᠡᠳᠦᠷ |