ᠣᠶᠢᠷ᠎ᠠ ᠳᠤ᠂ ᠰᠤᠷᠭᠠᠨ ᠬᠥᠮᠥᠵᠢᠯ ᠤᠨ ᠶᠠᠮᠤᠨ ᠤ ᠠᠯᠪᠠᠨ ᠲᠢᠩᠬᠢᠮ᠂ ᠠᠷᠠᠳ ᠤᠨ ᠶᠠᠪᠤᠳᠠᠯ ᠤᠨ ᠶᠠᠮᠤᠨ ᠤ | ᠠᠯᠪᠠᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠠᠯᠪᠠᠨ | ᠲᠢᠩᠬᠢᠮ᠂ ᠤᠯᠤᠰ ᠤᠨ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠶᠡᠷᠦᠩᠬᠡᠢ | ᠲᠣᠪᠴᠢᠶ᠎ᠠ ᠶᠢᠨ ᠠᠯᠪᠠᠨ ᠲᠢᠩᠬᠢᠮ ᠬᠠᠮᠲᠤᠷᠠᠨ ︽ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ | ᠬᠢᠴᠢᠶᠡᠯ ᠤᠨ ᠭᠠᠳᠠᠨᠠᠬᠢ ᠳᠠᠷᠤᠭᠠᠰᠤ ᠶᠢ ᠦᠨᠡᠨ ᠬᠦ ᠬᠥᠩᠭᠡᠷᠡᠭᠦᠯᠵᠦ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠲᠤᠰᠬᠠᠢ ᠵᠦᠢᠯ ᠤᠨ ᠵᠠᠰᠠᠯᠲᠠ ᠬᠢᠬᠦ ᠠᠵᠢᠯᠯᠠᠭ᠎ᠠ ᠥᠷᠨᠢᠭᠦᠯᠬᠦ ᠲᠤᠬᠠᠢ | ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠰᠤᠷᠭᠠᠨ ᠬᠥᠮᠥᠵᠢᠯ ᠤᠨ ᠶᠠᠮᠤᠨ ᠵᠡᠷᠭᠡ ᠳᠥᠷᠪᠡᠨ ᠰᠠᠯᠠᠭ᠎ᠠ ᠮᠥᠴᠢᠷ ᠤᠨ | ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠠᠮᠢᠶ᠎ᠠ ᠪᠦᠬᠦᠢ ᠠᠰᠠᠭᠤᠳᠠᠯ ᠳᠤ ᠰᠤᠷᠪᠤᠯᠵᠢᠯᠠᠭᠴᠢ ᠶᠢᠨ ᠠᠰᠠᠭᠤᠯᠲᠠ ᠶᠢ | ᠬᠠᠷᠢᠭᠤᠯᠤᠭᠰᠠᠨ ᠪᠠᠶᠢᠨ᠎ᠠ᠃ | ᠨᠢᠭᠡ᠂ ᠲᠤᠰᠬᠠᠢ ᠵᠦᠢᠯ ᠤᠨ ᠵᠠᠰᠠᠯᠲᠠ ᠶᠢᠨ ᠠᠵᠢᠯᠯᠠᠭᠠᠨ ᠥᠷᠨᠢᠭᠦᠯᠬᠦ ᠬᠠᠷᠠᠯᠲᠠ ᠪᠠ ᠠᠴᠢ ᠬᠤᠯᠪᠣᠭᠳᠠᠯ ᠢ | ᠲᠠᠨᠢᠯᠴᠠᠭᠤᠯᠤᠭᠠᠳ ᠥᠭᠭᠦᠨ᠎ᠡ ᠦᠦ︖ | ᠬᠠᠷᠢᠭᠤᠯᠲᠠ᠄ ᠣᠶᠢᠷ᠎ᠠ ᠶᠢᠨ ᠵᠢᠯ ᠤᠳ ᠲᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ | ᠪᠠᠶᠢᠭᠤᠯᠤᠮᠵᠢ ᠶᠢᠨ ᠬᠥᠭᠵᠢᠯᠲᠡ ᠮᠠᠰᠢ ᠲᠦᠷᠭᠡᠨ ᠪᠠᠶᠢᠵᠤ᠂ ᠬᠡᠰᠡᠭ ᠳᠤᠮᠳᠠᠳᠤ ᠪᠠᠭ᠎ᠠ ᠰᠤᠷᠭᠠᠭᠤᠯᠢ ᠶᠢᠨ | ᠰᠤᠷᠤᠭᠴᠢᠳ ᠤᠨ ᠰᠤᠷᠤᠯᠴᠠᠭ᠎ᠠ ᠶᠢᠨ ᠨᠥᠬᠦᠪᠦᠷᠢᠯᠡᠬᠦ ᠴᠢᠨᠠᠷᠲᠠᠢ ᠬᠡᠷᠡᠭᠴᠡᠭᠡ ᠱᠠᠭᠠᠷᠳᠠᠯᠭ᠎ᠠ ᠶᠢ ᠵᠣᠬᠢᠬᠤ ᠬᠡᠮᠵᠢᠶ᠎ᠡ ᠪᠠᠷ | ᠬᠠᠩᠭᠠᠪᠠ᠃ ᠭᠡᠲᠡᠯ᠎ᠡ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠣᠳᠣᠬᠢ ᠪᠠᠶᠢᠳᠠᠯ ᠨᠢ ᠬᠠᠷᠢᠨ | ᠵᠢᠷᠤᠮᠵᠢᠯ ᠢᠶᠠᠷ ᠭᠦᠢᠴᠡᠳ ᠦᠭᠡᠢ ᠪᠠᠶᠢᠵᠤ᠂ ᠵᠠᠷᠢᠮ ᠪᠣᠯᠪᠠᠰᠤᠷᠠᠭᠤᠯᠤᠯ ᠤᠨ ᠪᠠᠶᠢᠭᠤᠯᠤᠮᠵᠢ ᠨᠢ ︽ᠰᠢᠯᠭᠠᠯᠲᠠ ᠶᠢ | ᠠᠷᠭᠠᠴᠠᠭᠠᠬᠤ︾ ᠪᠠᠷ ᠤᠳᠤᠷᠢᠳᠤᠮᠵᠢ ᠪᠣᠯᠭᠠᠭᠰᠠᠨ ᠪᠣᠯᠪᠠᠰᠤᠷᠠᠭᠤᠯᠤᠯ ᠢ ᠥᠷᠨᠢᠭᠦᠯᠵᠦ᠂ ᠰᠤᠷᠭᠠᠨ ᠬᠥᠮᠥᠵᠢᠯ ᠤᠨ | ᠵᠢᠮ᠎ᠡ ᠶᠣᠰᠣ ᠪᠠ ᠵᠠᠯᠠᠭᠤᠴᠤᠳ ᠪᠠᠭᠠᠴᠤᠳ ᠤᠨ ᠪᠣᠶᠢᠵᠢᠯᠲᠠ ᠬᠥᠭᠵᠢᠯᠲᠡ ᠶᠢᠨ ᠵᠢᠮ᠎ᠡ ᠶᠣᠰᠣ ᠶᠢ ᠵᠥᠷᠢᠴᠡᠨ᠂ | ᠰᠤᠷᠭᠠᠭᠤᠯᠢ ᠶᠢᠨ ᠬᠡᠪ ᠤᠨ ᠰᠤᠷᠭᠠᠨ ᠬᠥᠮᠥᠵᠢᠯ ᠵᠢᠭᠠᠨ ᠰᠤᠷᠭᠠᠯᠲᠠ ᠶᠢᠨ ᠡᠮᠬᠢ ᠳᠢᠭᠯᠢᠮ ᠢ ᠨᠥᠯᠥᠭᠡᠯᠡᠵᠦ᠂ | ᠰᠤᠷᠤᠭᠴᠢᠳ ᠤᠨ ᠬᠢᠴᠢᠶᠡᠯ ᠤᠨ ᠭᠠᠳᠠᠨᠠᠬᠢ ᠳᠠᠷᠤᠭᠠᠰᠤ ᠶᠢ ᠬᠡᠲᠦᠷᠬᠡᠢ ᠬᠦᠨᠳᠦᠷᠡᠭᠦᠯᠵᠦ᠂ ᠭᠡᠷ ᠪᠦᠯᠢ ᠶᠢᠨ ᠠᠵᠤ | ᠠᠬᠤᠢ ᠶᠢᠨ ᠳᠠᠷᠤᠭᠠᠰᠤ ᠶᠢ ᠨᠡᠮᠡᠭᠳᠡᠭᠦᠯᠦᠭᠰᠡᠨ ᠠᠴᠠ᠂ ᠨᠡᠶᠢᠭᠡᠮ ᠳᠡᠭᠡᠷᠡᠬᠢ ᠲᠤᠰᠬᠠᠯ ᠬᠤᠷᠴᠠ ᠴᠢᠩᠭ᠎ᠠ ᠪᠠᠶᠢᠨ᠎ᠠ᠃ | ᠣᠳᠣᠬᠠᠨ ᠤ ᠲᠣᠪᠣᠶᠢᠮ᠎ᠠ ᠠᠰᠠᠭᠤᠳᠠᠯ ᠢ ᠲᠦᠷᠭᠡᠨ ᠬᠢᠵᠠᠭᠠᠷᠯᠠᠨ ᠵᠣᠭᠰᠣᠭᠠᠬᠤ ᠶᠢᠨ ᠲᠥᠯᠥᠭᠡ᠂ ︽ | ᠰᠤᠷᠭᠠᠨ ᠬᠥᠮᠥᠵᠢᠯ ᠤᠨ ᠬᠠᠤᠯᠢ︾᠂ ︽ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠬᠠᠤᠯᠢ︾᠂ ︽ | ᠠᠷᠠᠳ ᠠᠴᠠ ᠡᠷᠬᠢᠯᠡᠭᠰᠡᠨ ᠰᠤᠷᠭᠠᠨ ᠬᠥᠮᠥᠵᠢᠯ ᠢ ᠠᠬᠢᠭᠤᠯᠬᠤ ᠬᠠᠤᠯᠢ︾ ᠵᠡᠷᠭᠡ ᠬᠠᠤᠯᠢ ᠴᠠᠭᠠᠵᠠ ᠲᠣᠭᠲᠠᠭᠠᠯ ᠪᠠ | ᠤᠯᠤᠰ ᠤᠨ ᠬᠢᠴᠢᠶᠡᠯ ᠤᠨ ᠲᠥᠰᠥᠯ᠂ ᠬᠢᠴᠢᠶᠡᠯ ᠤᠨ ᠪᠠᠷᠢᠮᠵᠢᠶ᠎ᠠ ᠶᠢ ᠦᠨᠳᠦᠰᠦᠯᠡᠵᠦ᠂ ᠰᠤᠷᠭᠠᠨ ᠬᠥᠮᠥᠵᠢᠯ ᠤᠨ | ᠶᠠᠮᠤᠨ᠂ ᠠᠷᠠᠳ ᠤᠨ ᠶᠠᠪᠤᠳᠠᠯ ᠤᠨ ᠶᠠᠮᠤᠨ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ | ᠶᠠᠮᠤᠨ᠂ ᠤᠯᠤᠰ ᠤᠨ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠶᠡᠷᠦᠩᠬᠡᠢ | ᠲᠣᠪᠴᠢᠶ᠎ᠠ ᠠᠴᠠ ᠲᠤᠰᠬᠠᠢ ᠵᠦᠢᠯ ᠤᠨ ᠵᠠᠰᠠᠯᠲᠠ ᠶᠢᠨ ᠠᠵᠢᠯᠯᠠᠭᠠᠨ ᠢ ᠬᠠᠮᠲᠤᠷᠠᠨ ᠥᠷᠨᠢᠭᠦᠯᠵᠦ᠂ ᠰᠤᠷᠤᠭᠴᠢᠳ ᠤᠨ | ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠨ᠂ ᠰᠤᠷᠭᠠᠨ ᠬᠥᠮᠥᠵᠢᠯ ᠵᠢᠭᠠᠨ ᠰᠤᠷᠭᠠᠯᠲᠠ ᠶᠢᠨ ᠵᠢᠮ᠎ᠡ ᠶᠣᠰᠣ ᠪᠠ | ᠵᠠᠯᠠᠭᠤᠴᠤᠳ ᠪᠠᠭᠠᠴᠤᠳ ᠤᠨ ᠪᠣᠶᠢᠵᠢᠯᠲᠠ ᠬᠥᠭᠵᠢᠯᠲᠡ ᠶᠢᠨ ᠵᠢᠮ᠎ᠡ ᠶᠣᠰᠣ ᠶᠢ ᠵᠥᠷᠢᠴᠡᠭᠰᠡᠨ ᠠᠵᠢᠯᠯᠠᠭ᠎ᠠ ᠳᠤ | ᠡᠷᠡᠰ ᠵᠠᠰᠠᠯᠲᠠ ᠬᠢᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠡᠳᠦ ᠬᠦᠨᠳᠦ ᠪᠠᠶᠢᠭ᠎ᠠ | ᠬᠢᠴᠢᠶᠡᠯ ᠤᠨ ᠭᠠᠳᠠᠨᠠᠬᠢ ᠳᠠᠷᠤᠭᠠᠰᠤ ᠶᠢᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠤᠭᠴᠢᠳ ᠤᠨ ᠡᠷᠡᠭᠦᠯ ᠪᠣᠶᠢᠵᠢᠯᠲᠠ ᠶᠢ ᠪᠠᠲᠤᠯᠠᠬᠤ ᠪᠠᠷ ᠲᠣᠭᠲᠠᠭᠰᠠᠨ ᠪᠠᠶᠢᠨ᠎ᠠ᠃ | ᠬᠤᠶᠠᠷ᠂ ᠡᠯ᠎ᠡ ᠭᠠᠵᠠᠷ ᠤᠨ ᠬᠢᠨ ᠵᠠᠰᠠᠯᠲᠠ ᠬᠢᠬᠦ ᠲᠠᠯ᠎ᠠ ᠪᠠᠷ ᠶᠠᠮᠠᠷ ᠶᠠᠮᠠᠷ ᠥᠪᠡᠷᠮᠢᠴᠡ ᠲᠤᠷᠰᠢᠯᠭ᠎ᠠ ᠪᠠ | ᠠᠷᠭ᠎ᠠ ᠬᠢᠳᠡᠯ ᠪᠠᠶᠢᠬᠤ ᠪᠣᠢ︖ | ᠣᠶᠢᠷ᠎ᠠ ᠶᠢᠨ ᠵᠢᠯ ᠤᠳ ᠲᠤ᠂ ᠡᠯ᠎ᠡ ᠭᠠᠵᠠᠷ ᠤᠨ ᠬᠢᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ | ᠪᠠᠶᠢᠭᠤᠯᠤᠮᠵᠢ ᠶᠢ ᠵᠢᠷᠤᠮᠵᠢᠭᠤᠯᠬᠤ ᠲᠠᠯ᠎ᠠ ᠪᠠᠷ ᠢᠳᠡᠪᠬᠢᠲᠡᠢ ᠰᠦᠪᠡᠭᠴᠢᠯᠡᠯᠲᠡ ᠬᠢᠭᠰᠡᠨ ᠪᠠ ᠦᠢᠯᠡᠳᠦᠯᠭᠡᠵᠢᠭᠦᠯᠵᠦ᠂ | ᠵᠠᠷᠢᠮ ᠠᠰᠢᠭᠲᠠᠢ ᠲᠤᠷᠰᠢᠯᠭ᠎ᠠ ᠬᠢᠳᠡᠯ ᠢ ᠬᠤᠷᠠᠮᠳᠤᠭᠤᠯᠪᠠ᠃ | ︵ᠨᠢᠭᠡ︶ ᠱᠠᠩᠬᠠᠢ ᠬᠤᠲᠠ ᠶᠢᠨ ᠬᠢᠳᠡᠯ᠃ ᠠᠵᠢᠯ ᠤᠨ ᠲᠣᠭᠲᠠᠴᠠ ᠶᠢ ᠪᠠᠶᠢᠭᠤᠯᠵᠤ᠂ ︽ᠱᠠᠩᠬᠠᠢ | ᠬᠤᠲᠠ ᠶᠢᠨ ᠰᠤᠷᠭᠠᠨ ᠬᠥᠮᠥᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠪᠠ ᠵᠠᠬ᠎ᠠ ᠳᠡᠯᠭᠡᠭᠦᠷ ᠤᠨ ᠡᠮᠬᠢ | ᠳᠢᠭᠯᠢᠮ ᠢ ᠵᠢᠷᠤᠮᠵᠢᠭᠤᠯᠬᠤ ᠠᠵᠢᠯ ᠤᠨ ᠲᠥᠰᠥᠯ︾ ᠢ ᠲᠣᠭᠲᠠᠭᠠᠨ᠂ ︽ᠬᠤᠶᠠᠷ ᠱᠠᠲᠤᠨ ᠤ ᠵᠠᠰᠠᠭ ᠤᠨ ᠣᠷᠳᠣᠨ | ᠭᠤᠷᠪᠠᠨ ᠱᠠᠲᠤ ᠪᠠᠷ ᠬᠠᠮᠢᠶᠠᠷᠬᠤ︾ ᠬᠠᠮᠢᠶᠠᠷᠤᠯᠲᠠ ᠶᠢᠨ ᠲᠣᠭᠲᠠᠴᠠ ᠪᠠ ︽ᠰᠠᠯᠠᠭ᠎ᠠ ᠮᠥᠴᠢᠷ ᠤᠳ ᠬᠤᠯᠪᠣᠭᠠᠯᠠᠨ | ᠬᠥᠳᠡᠯᠦᠯᠴᠡᠬᠦ᠂ ᠬᠤᠲᠠ ᠲᠣᠭᠤᠷᠢᠭ ᠬᠤᠯᠪᠣᠭᠠᠯᠠᠨ ᠬᠥᠳᠡᠯᠦᠯᠴᠡᠬᠦ᠂ ᠲᠣᠭᠤᠷᠢᠭ ᠤᠳ ᠤᠨ ᠬᠤᠭᠤᠷᠣᠨᠳᠤ ᠪᠠᠨ | ᠬᠤᠯᠪᠣᠭᠠᠯᠠᠨ ᠬᠥᠳᠡᠯᠦᠯᠴᠡᠬᠦ︾ ᠠᠵᠢᠯ ᠤᠨ ᠲᠣᠭᠲᠠᠴᠠ ᠶᠢ ᠪᠠᠶᠢᠭᠤᠯᠪᠠ︔ ᠮᠡᠳᠡᠭᠡ ᠵᠠᠩᠭᠢ ᠴᠤᠭᠯᠠᠭᠤᠯᠬᠤ | ᠲᠠᠪᠴᠠᠩ ᠢ ᠨᠡᠭᠡᠭᠡᠨ ᠠᠰᠢᠭᠯᠠᠵᠤ᠂ ᠬᠤᠲᠠ ᠲᠣᠭᠤᠷᠢᠭ ᠬᠤᠶᠠᠷ ᠱᠠᠲᠤᠨ ᠤ ᠠᠵᠢᠯ ᠢ ᠲᠤᠰᠬᠠᠶᠢᠯᠠᠨ ᠮᠡᠳᠡᠭᠦᠯᠬᠦ | ᠳᠦᠷᠢᠮ ᠢ ᠪᠠᠶᠢᠭᠤᠯᠵᠠᠢ᠃ ᠳᠦᠷᠢᠮ ᠤᠨ ᠰᠢᠰᠲ᠋ᠧᠮᠵᠢ ᠶᠢ ᠪᠠᠶᠢᠭᠤᠯᠵᠤ᠂ ︽ᠱᠠᠩᠬᠠᠢ ᠬᠤᠲᠠ ᠶᠢᠨ ᠠᠷᠠᠳ ᠠᠴᠠ | ᠡᠷᠬᠢᠯᠡᠭᠰᠡᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠲᠣᠬᠢᠷᠠᠭᠤᠯᠬᠤ ᠪᠠᠷᠢᠮᠵᠢᠶ᠎ᠠ︾᠂ ︽ᠱᠠᠩᠬᠠᠢ ᠬᠤᠲᠠ ᠶᠢᠨ | ᠠᠰᠢᠭ ᠣᠷᠣᠯᠭ᠎ᠠ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠬᠠᠮᠢᠶᠠᠷᠬᠤ | ᠠᠷᠭ᠎ᠠ︾᠂ ︽ᠱᠠᠩᠬᠠᠢ ᠬᠤᠲᠠ ᠶᠢᠨ ᠠᠰᠢᠭ ᠣᠷᠣᠯᠭ᠎ᠠ ᠶᠢᠨ ᠪᠤᠰᠤ ᠴᠢᠨᠠᠷᠲᠠᠢ ᠠᠷᠠᠳ ᠠᠴᠠ ᠡᠷᠬᠢᠯᠡᠭᠰᠡᠨ | ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠬᠠᠮᠢᠶᠠᠷᠬᠤ ᠠᠷᠭ᠎ᠠ︾ ᠵᠡᠷᠭᠡ ᠶᠢ ᠨᠡᠶᠢᠲᠡᠯᠡᠵᠦ᠂ ᠰᠠᠯᠠᠭ᠎ᠠ | ᠮᠥᠴᠢᠷ ᠤᠳ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠴᠡᠭᠴᠡᠯᠡᠨ᠂ ᠬᠤᠲᠠ ᠶᠢᠨ ᠱᠠᠲᠤᠨ ᠤ ᠳᠡᠰ | ᠳᠠᠪᠬᠤᠷᠭ᠎ᠠ ᠳᠤ ᠶᠡᠷᠦᠩᠬᠡᠶᠢᠯᠡᠨ ᠬᠢᠨᠠᠵᠤ ᠬᠠᠮᠢᠶᠠᠷᠬᠤ ᠲᠣᠭᠲᠠᠴᠠ ᠪᠠ ᠪᠠᠶᠢᠴᠠᠭᠠᠵᠤ ᠬᠢᠨᠠᠨ ᠤᠳᠤᠷᠢᠳᠬᠤ ᠳᠦᠷᠢᠮ ᠢ | ᠪᠠᠶᠢᠭᠤᠯᠵᠠᠢ︔ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠶᠢ ᠵᠣᠬᠢᠰᠲᠠᠢ ᠲᠣᠬᠢᠷᠠᠭᠤᠯᠵᠤ᠂ ᠪᠣᠯᠪᠠᠰᠤᠷᠠᠭᠤᠯᠤᠯ ᠤᠨ | ᠪᠠᠶᠢᠭᠤᠯᠤᠮᠵᠢ ᠶᠢᠨ ᠰᠤᠷᠭᠠᠭᠤᠯᠢ ᠡᠷᠬᠢᠯᠡᠬᠦ ᠴᠤᠪᠤᠷᠠᠯ᠂ ᠨᠡᠷᠡᠶᠢᠳᠦᠯ ᠤᠨ ᠲᠣᠬᠢᠷᠠᠭᠤᠯᠤᠯᠲᠠ᠂ ᠲᠠᠯᠠᠪᠤᠷ ᠤᠨ ᠲᠠᠯᠠᠪᠠᠢ᠂ | ᠪᠠᠭᠰᠢ ᠶᠢᠨ ᠡᠩᠨᠡᠭᠡ᠂ ᠭᠠᠯ ᠢ ᠰᠡᠷᠭᠡᠶᠢᠯᠡᠬᠦ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ᠂ ᠵᠢᠭᠠᠬᠤ | ᠮᠠᠲ᠋ᠧᠷᠢᠶᠠᠯ ᠤᠨ ᠬᠡᠷᠡᠭᠯᠡᠯᠲᠡ᠂ ᠵᠢᠭᠠᠨ ᠰᠤᠷᠭᠠᠯᠲᠠ ᠶᠢᠨ ᠴᠡᠭ ᠤᠨ ᠲᠣᠬᠢᠷᠠᠭᠤᠯᠤᠯᠲᠠ᠂ ᠰᠦᠢᠳᠬᠡᠯ ᠬᠤᠷᠢᠶᠠᠬᠤ | ᠬᠠᠮᠢᠶᠠᠷᠤᠯᠲᠠ ᠵᠡᠷᠭᠡ ᠳᠤ ᠨᠠᠷᠢᠯᠢᠭᠵᠢᠭᠤᠯᠤᠭᠰᠠᠨ ᠲᠣᠭᠲᠠᠭᠠᠯ ᠭᠠᠷᠭᠠᠪᠠ︔ ᠴᠠᠭᠠᠵᠠᠲᠤ ᠴᠢᠨᠠᠷᠲᠠᠢ ᠱᠠᠭᠠᠷᠳᠠᠯᠭ᠎ᠠ ᠶᠢ | ᠳᠤᠷᠠᠳᠴᠤ᠂ ᠵᠢᠭᠠᠨ ᠰᠤᠷᠭᠠᠯᠲᠠ ᠶᠢᠨ ᠱᠠᠭᠠᠷᠳᠠᠯᠭ᠎ᠠ ᠶᠢ ᠶᠡᠬᠡᠰᠬᠡᠬᠦ᠂ ᠵᠢᠭᠠᠨ ᠰᠤᠷᠭᠠᠯᠲᠠ ᠶᠢᠨ ᠠᠬᠢᠴᠠ ᠶᠢ | ᠠᠮᠵᠢᠭᠤᠯᠤᠨ ᠤᠷᠢᠲᠠᠭᠤᠯᠬᠤ᠂ ᠵᠢᠭᠠᠨ ᠰᠤᠷᠭᠠᠯᠲᠠ ᠶᠢᠨ ᠬᠦᠴᠢᠷᠳᠡᠯ ᠢ ᠨᠡᠮᠡᠭᠳᠡᠭᠦᠯᠬᠦ ᠶᠢ ᠴᠢᠩᠭ᠎ᠠ ᠬᠢᠵᠠᠭᠠᠷᠯᠠᠵᠤ᠂ | ᠪᠠᠭ᠎ᠠ ᠰᠤᠷᠭᠠᠭᠤᠯᠢ ᠶᠢᠨ ᠰᠤᠷᠤᠭᠴᠢᠳ ᠢᠶᠠᠷ ᠤᠷᠤᠯᠳᠤᠭᠠᠨ ᠳᠤ ᠣᠷᠣᠯᠴᠠᠭᠤᠯᠬᠤ ᠡᠲᠡᠭᠡᠳ ᠪᠣᠯᠭᠠᠭᠰᠠᠨ ᠬᠡᠯᠡ | ᠪᠢᠴᠢᠭ᠂ ᠲᠣᠭᠠᠨ ᠤ ᠤᠬᠠᠭᠠᠨ᠂ ᠭᠠᠳᠠᠭᠠᠳᠤ ᠬᠡᠯᠡ ᠵᠡᠷᠭᠡ ᠬᠢᠭᠡᠳ ᠠᠩᠭᠢ ᠳᠠᠪᠰᠢᠬᠤ ᠪᠤᠶᠤ ᠰᠢᠯᠭᠠᠯᠲᠠ ᠲᠠᠢ | ᠬᠠᠮᠢᠶ᠎ᠠ ᠪᠦᠬᠦᠢ ᠬᠢᠴᠢᠶᠡᠯ ᠬᠥᠮᠥᠵᠢᠯ ᠵᠢᠴᠢ ᠰᠤᠩᠭᠠᠯᠲᠠ ᠶᠢᠨ ᠲᠥᠷᠥᠯ ᠤᠨ ᠮᠥᠷᠥᠶᠢᠴᠡᠭᠡᠨ ᠤ ᠠᠵᠢᠯᠯᠠᠭ᠎ᠠ | ᠡᠷᠬᠢᠯᠡᠵᠦ ᠪᠣᠯᠬᠤ ᠦᠭᠡᠢ᠃ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠵᠦ᠂ | ᠶᠡᠷᠦᠩᠬᠡᠶᠢᠯᠡᠨ ᠬᠢᠨᠠᠵᠤ ᠬᠠᠮᠢᠶᠠᠷᠬᠤ ᠲᠣᠭᠲᠠᠴᠠ ᠶᠢ ᠪᠦᠷᠢᠨᠰᠢᠭᠦᠯᠦᠨ᠂ ᠬᠤᠲᠠ᠂ ᠲᠣᠭᠤᠷᠢᠭ᠂ ᠵᠡᠭᠡᠯᠢ ᠭᠤᠳᠤᠮᠵᠢ | ᠭᠤᠷᠪᠠᠨ ᠱᠠᠲᠤ ᠬᠤᠯᠪᠣᠭᠠᠯᠠᠨ ᠬᠥᠳᠡᠯᠦᠯᠴᠡᠵᠦ ᠶᠡᠷᠦᠩᠬᠡᠶᠢᠯᠡᠨ ᠬᠢᠨᠠᠵᠤ ᠬᠠᠮᠢᠶᠠᠷᠪᠠ︔ ᠮᠡᠳᠡᠭᠡ ᠵᠠᠩᠭᠢ ᠶᠢᠨ | ᠢᠲᠡᠭᠡᠮᠵᠢ ᠶᠢᠨ ᠳᠦᠷᠢᠮ ᠢ ᠪᠠᠶᠢᠭᠤᠯᠵᠤ᠂ ᠬᠢᠨᠠᠨ ᠬᠠᠮᠢᠶᠠᠷᠬᠤ ᠠᠷᠭ᠎ᠠ ᠪᠠᠷᠢᠯ ᠢ ᠤᠯᠠᠮ ᠨᠢᠭᠡ ᠠᠯᠬᠤᠮ | ᠪᠠᠶᠠᠯᠢᠭᠵᠢᠭᠤᠯᠤᠭᠰᠠᠨ ᠪᠠᠶᠢᠨ᠎ᠠ᠃ | ︵ᠬᠤᠶᠠᠷ︶ ᠴᠧᠩᠳᠦ᠋ ᠬᠤᠲᠠ ᠶᠢᠨ ᠬᠢᠳᠡᠯ᠃ ᠬᠠᠷᠠᠯᠲᠠᠲᠤ ᠬᠠᠮᠢᠶᠠᠷᠤᠯᠲᠠ ᠶᠢ ᠴᠢᠩᠭᠠᠳᠬᠠᠵᠤ᠂ | ᠬᠤᠲᠠ ᠶᠢᠨ ᠵᠠᠰᠠᠭ ᠤᠨ ᠣᠷᠳᠣᠨ ᠠᠴᠠ ᠵᠠᠬ᠎ᠠ ᠳᠡᠯᠭᠡᠭᠦᠷ ᠢ ᠬᠢᠨᠠᠨ ᠬᠠᠮᠢᠶᠠᠷᠬᠤ ᠰᠠᠨᠠᠯ ᠢ ᠨᠡᠶᠢᠲᠡᠯᠡᠵᠦ᠂ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ︽ᠬᠠᠷᠢᠶᠠᠯᠠᠭᠳᠠᠬᠤ ᠭᠠᠵᠠᠷ ᠢᠶᠠᠷ | ᠬᠠᠮᠢᠶᠠᠷᠤᠭᠤᠯᠬᠤ︾ ᠵᠠᠷᠴᠢᠮ ᠢ ᠲᠣᠳᠣᠷᠬᠠᠶᠢᠯᠠᠪᠠ︔ ᠬᠤᠲᠠ ᠶᠢᠨ ᠵᠠᠰᠠᠭ ᠤᠨ ᠣᠷᠳᠣᠨ ᠤ ᠰᠤᠷᠭᠠᠨ ᠬᠥᠮᠥᠵᠢᠯ ᠢ | ᠬᠢᠨᠠᠨ ᠤᠳᠤᠷᠢᠳᠬᠤ ᠪᠦᠯᠬᠦᠮ ᠤᠨ ᠬᠢᠨ ᠪᠣᠯᠪᠠᠰᠤᠷᠠᠭᠤᠯᠤᠯ ᠤᠨ ᠵᠠᠬ᠎ᠠ ᠳᠡᠯᠭᠡᠭᠦᠷ ᠢ ᠵᠠᠰᠠᠬᠤ ᠪᠠ ᠶᠡᠷᠦᠩᠬᠡᠶᠢᠯᠡᠭᠰᠡᠨ | ᠬᠠᠤᠯᠢ ᠬᠡᠷᠡᠭᠵᠢᠭᠦᠯᠬᠦ ᠲᠣᠭᠲᠠᠴᠠ ᠶᠢ ᠪᠠᠶᠢᠭᠤᠯᠬᠤ ᠵᠡᠷᠭᠡ ᠱᠠᠭᠠᠷᠳᠠᠯᠭ᠎ᠠ ᠶᠢ ᠬᠤᠲᠠ ︵ᠲᠣᠭᠤᠷᠢᠭ︶ ᠰᠢᠶᠠᠨ ᠤ | ᠰᠤᠷᠭᠠᠨ ᠬᠥᠮᠥᠵᠢᠯ ᠤᠨ ᠠᠵᠢᠯ ᠤᠨ ᠬᠠᠷᠠᠯᠲᠠ ᠳᠤ ᠵᠢᠭᠰᠠᠭᠠᠨ ᠣᠷᠣᠭᠤᠯᠪᠠ︔ ᠬᠤᠲᠠ ᠶᠢᠨ ᠨᠠᠮ ᠤᠨ | ᠬᠤᠷᠢᠶ᠎ᠠ ᠶᠢᠨ ᠬᠢᠨᠠᠨ ᠪᠠᠶᠢᠴᠠᠭᠠᠬᠤ ᠲᠠᠰᠤᠭ ᠤᠨ ᠬᠢᠨ ᠪᠣᠯᠪᠠᠰᠤᠷᠠᠭᠤᠯᠤᠯ ᠤᠨ ᠪᠠᠶᠢᠭᠤᠯᠤᠮᠵᠢ ᠳᠠᠬᠢ ᠬᠢᠨᠠᠯᠲᠠ | ᠬᠠᠮᠢᠶᠠᠷᠤᠯᠲᠠ ᠶᠢ ᠬᠤᠲᠠ ᠶᠢᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠵᠢᠯ ᠤᠨ | ᠬᠠᠷᠠᠯᠲᠠ ᠳᠤ ᠣᠷᠣᠭᠤᠯᠪᠠ︔ ᠬᠤᠲᠠ ᠶᠢᠨ ᠵᠠᠰᠠᠭ ᠤᠨ ᠣᠷᠳᠣᠨ ᠤ ᠰᠤᠷᠭᠠᠨ ᠬᠥᠮᠥᠵᠢᠯ ᠢ ᠬᠢᠨᠠᠨ ᠤᠳᠤᠷᠢᠳᠬᠤ | ᠪᠦᠯᠬᠦᠮ ᠤᠨ ᠬᠢᠨ ᠠᠷᠠᠳ ᠠᠴᠠ ᠡᠷᠬᠢᠯᠡᠭᠰᠡᠨ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠲᠤᠰᠬᠠᠢ ᠵᠦᠢᠯ ᠤᠨ | ᠴᠡᠭᠴᠡᠯᠡᠨ ᠵᠠᠰᠠᠯᠲᠠ ᠬᠢᠬᠦ ᠪᠠᠷ ᠭᠤᠣᠯᠳᠠᠯᠭ᠎ᠠ ᠪᠣᠯᠭᠠᠨ ︽ᠡᠷᠭᠢᠵᠦ ᠪᠤᠴᠠᠵᠤ ᠦᠵᠡᠬᠦ︾ ᠠᠵᠢᠯᠯᠠᠭ᠎ᠠ ᠶᠢ | ᠥᠷᠨᠢᠭᠦᠯᠵᠦ᠂ ᠵᠠᠰᠠᠯᠲᠠ ᠶᠢᠨ ᠠᠵᠢᠯ ᠢ ᠪᠦᠬᠦ ᠲᠠᠯ᠎ᠠ ᠪᠠᠷ᠂ ᠳᠡᠰ ᠳᠠᠷᠠᠭᠠᠯᠠᠯ ᠲᠠᠢ ᠪᠠᠷ ᠠᠬᠢᠭᠤᠯᠤᠭᠰᠠᠨ ᠪᠠᠶᠢᠨ᠎ᠠ᠃ | ᠬᠤᠲᠠ ᠶᠢᠨ ᠰᠤᠷᠭᠠᠨ ᠬᠥᠮᠥᠵᠢᠯ ᠤᠨ ᠲᠣᠪᠴᠢᠶ᠎ᠠ ᠲᠦᠷᠦᠭᠦᠯᠡᠨ ᠲᠤᠰᠬᠠᠢ ᠵᠦᠢᠯ ᠤᠨ ᠴᠡᠭᠴᠡᠯᠡᠨ ᠵᠠᠰᠠᠬᠤ | ᠭᠠᠷᠠᠭ ᠤᠨ ᠮᠡᠳᠡᠭᠦᠯᠦᠯᠲᠡ ᠶᠢᠨ ᠳᠦᠷᠢᠮ ᠢ ᠪᠠᠶᠢᠭᠤᠯᠵᠤ᠂ ᠭᠠᠷᠠᠭ ᠪᠦᠷᠢ ᠨᠢᠭᠡ ᠬᠤᠭᠤᠴᠠᠭᠠᠨ ᠤ ᠬᠢᠨᠠᠨ | ᠪᠠᠶᠢᠴᠠᠭᠠᠭᠰᠠᠨ ᠲᠣᠪᠴᠢ ᠮᠡᠳᠡᠭᠡ ᠭᠠᠷᠭᠠᠨ᠂ ᠠᠬᠢᠭᠤᠯᠤᠭᠰᠠᠨ ᠨᠢ ᠬᠦᠴᠦᠨ ᠦᠭᠡᠢ ᠲᠣᠭᠤᠷᠢᠭ ︵ᠬᠤᠲᠠ︶ | ᠰᠢᠶᠠᠨ ᠳᠤ ︽ᠤᠯᠠᠭᠠᠨ ᠳ᠋ᠧᠩ ᠠᠰᠠᠭᠠᠬᠤ︾ ᠳᠣᠩᠭᠤᠳᠤᠯᠭᠠ ᠶᠠᠪᠤᠭᠤᠯᠵᠠᠢ᠃ ᠰᠠᠯᠠᠭ᠎ᠠ ᠮᠥᠴᠢᠷ ᠤᠳ ᠤᠨ | ᠬᠠᠮᠵᠢᠯᠴᠠᠭ᠎ᠠ ᠶᠢ ᠠᠬᠢᠭᠤᠯᠪᠠ᠃ ᠬᠤᠲᠠ ᠶᠢᠨ ᠰᠤᠷᠭᠠᠨ ᠬᠥᠮᠥᠵᠢᠯ ᠤᠨ ᠲᠣᠪᠴᠢᠶ᠎ᠠ ᠲᠦᠷᠦᠭᠦᠯᠡᠭᠰᠡᠨ 21 | ᠲᠣᠪᠴᠢᠶ᠎ᠠ ᠵᠥᠪᠯᠡᠯ ᠤᠨ ᠬᠢᠨ ᠬᠤᠲᠠ ᠶᠢᠨ ᠱᠠᠲᠤᠨ ᠤ ᠠᠷᠠᠳ ᠠᠴᠠ ᠡᠷᠬᠢᠯᠡᠭᠰᠡᠨ ᠰᠤᠷᠭᠠᠨ ᠬᠥᠮᠥᠵᠢᠯ ᠤᠨ | ᠠᠵᠢᠯ ᠤᠨ ᠬᠤᠯᠪᠣᠭᠠᠲᠤ ᠬᠤᠷᠠᠯ ᠤᠨ ᠳᠦᠷᠢᠮ ᠢ ᠪᠠᠶᠢᠭᠤᠯᠵᠤ᠂ ᠴᠤᠭ ᠢᠶᠠᠷ ᠠᠳᠬᠤᠵᠤ ᠬᠠᠮᠲᠤ ᠪᠠᠷ ᠬᠠᠮᠢᠶᠠᠷᠬᠤ | ᠵᠠᠰᠠᠯᠲᠠ ᠶᠢᠨ ᠲᠣᠭᠲᠠᠴᠠ ᠶᠢ ᠪᠦᠷᠢᠯᠳᠦᠭᠦᠯᠵᠡᠢ︔ ᠵᠢᠷᠭᠤᠭᠠᠨ ᠰᠠᠯᠠᠭ᠎ᠠ ᠮᠥᠴᠢᠷ ᠢ ᠳᠠᠭᠠᠭᠤᠯᠤᠨ | ᠪᠣᠯᠪᠠᠰᠤᠷᠠᠭᠤᠯᠤᠯ ᠤᠨ ᠪᠠᠶᠢᠭᠤᠯᠤᠮᠵᠢ ᠲᠣᠬᠢᠷᠠᠭᠤᠯᠬᠤ ᠵᠢᠯᠣᠭᠤᠳᠤᠯᠭ᠎ᠠ ᠶᠢᠨ ᠪᠠᠷᠢᠮᠵᠢᠶ᠎ᠠ ᠶᠢ ᠳᠠᠷᠤᠮᠠᠯᠯᠠᠨ ᠲᠠᠷᠬᠠᠭᠠᠵᠤ | ᠂ ᠵᠥᠪᠰᠢᠶᠡᠷᠡᠨ ᠣᠷᠣᠭᠤᠯᠬᠤ ᠱᠠᠭᠠᠷᠳᠠᠯᠭ᠎ᠠ ᠶᠢ ᠵᠢᠷᠤᠮᠵᠢᠭᠤᠯᠪᠠ︔ ᠳᠣᠲᠣᠭᠠᠳᠤ ᠶᠢ ᠬᠠᠮᠠᠭᠠᠯᠠᠬᠤ᠂ ᠠᠷᠠᠳ ᠤᠨ | ᠶᠠᠪᠤᠳᠠᠯ᠂ ᠦᠢᠯᠡᠳᠪᠦᠷᠢ ᠬᠤᠳᠠᠯᠳᠤᠭ᠎ᠠ ᠵᠡᠷᠭᠡ ᠰᠠᠯᠠᠭ᠎ᠠ ᠮᠥᠴᠢᠷ ᠲᠠᠢ ᠰᠠᠨᠠᠭᠠᠴᠢᠯᠠᠭ᠎ᠠ ᠠᠴᠠ ᠪᠠᠨ ᠬᠤᠯᠪᠣᠭᠠᠯᠠᠨ | ᠠᠯᠪᠠᠨ ᠵᠠᠷ ᠨᠡᠶᠢᠲᠡᠯᠡᠵᠦ᠂ ᠭᠡᠷᠡᠴᠢ ᠦᠨᠡᠮᠯᠡᠯ ᠦᠭᠡᠢ ᠪᠠᠷ ᠰᠤᠷᠭᠠᠭᠤᠯᠢ ᠡᠷᠬᠢᠯᠡᠬᠦ᠂ ᠬᠤᠳᠠᠯ ᠬᠠᠭᠤᠷᠮᠠᠭ | ᠤᠬᠠᠭᠤᠯᠭ᠎ᠠ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠳᠠᠯᠳᠠ ᠭᠡᠮ᠂ ᠲᠣᠭᠲᠠᠭᠠᠯ ᠢ ᠵᠥᠷᠢᠴᠡᠭᠰᠡᠨ | ᠮᠥᠷᠥᠶᠢᠴᠡᠭᠡᠨ ᠤ ᠶᠠᠪᠤᠳᠠᠯ ᠵᠡᠷᠭᠡ ᠳᠣᠯᠣᠭᠠᠨ ᠲᠠᠯ᠎ᠠ ᠶᠢᠨ ᠠᠭᠤᠯᠭ᠎ᠠ ᠳᠤ ᠲᠤᠰᠬᠠᠢ ᠵᠦᠢᠯ ᠤᠨ ᠵᠠᠰᠠᠯᠲᠠ ᠶᠢ | ᠲᠥᠪᠯᠡᠷᠡᠭᠦᠯᠦᠨ ᠥᠷᠨᠢᠭᠦᠯᠪᠡ︔ ᠳᠣᠲᠣᠭᠠᠳᠤ ᠶᠢ ᠬᠠᠮᠠᠭᠠᠯᠠᠬᠤ᠂ ᠦᠢᠯᠡᠳᠪᠦᠷᠢ ᠬᠤᠳᠠᠯᠳᠤᠭ᠎ᠠ ᠵᠡᠷᠭᠡ ᠰᠠᠯᠠᠭ᠎ᠠ | ᠮᠥᠴᠢᠷ ᠲᠠᠢ ᠰᠠᠨᠠᠭᠠᠴᠢᠯᠠᠭ᠎ᠠ ᠠᠴᠠ ᠪᠠᠨ ᠬᠠᠮᠲᠤᠷᠠᠵᠤ ᠮᠥᠷᠥᠶᠢᠴᠡᠭᠡᠨ ᠢ ᠬᠢᠵᠠᠭᠠᠯᠠᠬᠤ ᠭᠤᠷᠪᠠᠨ ᠵᠤᠷᠪᠤᠰ ᠵᠠᠷᠯᠢᠭ ᠢ | ᠨᠡᠶᠢᠲᠡᠯᠡᠵᠦ᠂ ᠰᠤᠷᠭᠠᠨ ᠬᠥᠮᠥᠵᠢᠯ ᠤᠨ ᠠᠮᠢ ᠠᠬᠤᠢ ᠶᠢ ᠰᠢᠯᠢᠳᠡᠭᠵᠢᠭᠦᠯᠪᠡ︔ ᠲᠣᠭᠤᠷᠢᠭ ︵ᠬᠤᠲᠠ︶ ᠰᠢᠶᠠᠨ ᠤ | ᠵᠠᠰᠠᠭ ᠤᠨ ᠣᠷᠳᠣᠨ ᠢ ᠵᠢᠯᠣᠭᠤᠳᠤᠨ ᠦᠨᠳᠦᠰᠦᠨ ᠱᠠᠲᠤᠨ ᠤ ᠬᠠᠮᠲᠤᠷᠠᠨ ᠬᠠᠤᠯᠢ ᠬᠡᠷᠡᠭᠵᠢᠭᠦᠯᠬᠦ ᠲᠣᠭᠲᠠᠴᠠ ᠶᠢ | ᠠᠩᠬ᠎ᠠ ᠠᠯᠬᠤᠮ ᠪᠠᠶᠢᠭᠤᠯᠵᠤ᠂ ᠲᠣᠣᠷᠴᠢᠯᠠᠭᠰᠠᠨ ᠬᠢᠨᠠᠨ ᠬᠠᠮᠢᠶᠠᠷᠤᠯᠲᠠ ᠪᠠ ᠰᠤᠭᠤᠴᠢᠵᠤ ᠪᠠᠶᠢᠴᠠᠭᠠᠬᠤ | ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠪᠠᠯᠭᠠᠰᠤ ᠵᠡᠭᠡᠯᠢ ᠨᠡᠶᠢᠭᠡᠮ ᠲᠣᠭᠤᠷᠢᠭ ᠢ ᠠᠰᠢᠭᠯᠠᠨ ᠬᠡᠪᠢᠰᠯᠡᠬᠦ | ᠮᠠᠶ᠋ᠢᠭ ᠤᠨ ᠵᠢᠭᠰᠠᠭᠠᠨ ᠪᠠᠶᠢᠴᠠᠭᠠᠯᠲᠠ ᠪᠠ ᠪᠦᠬᠦ ᠲᠠᠯ᠎ᠠ ᠶᠢᠨ ᠴᠡᠪᠡᠷᠯᠡᠯᠲᠡ ᠥᠷᠨᠢᠭᠦᠯᠦᠭᠰᠡᠨ ᠪᠠᠶᠢᠨ᠎ᠠ᠃ | ᠰᠤᠷᠭᠠᠭᠤᠯᠢ ᠡᠷᠬᠢᠯᠡᠬᠦ ᠠᠵᠢᠯᠯᠠᠭ᠎ᠠ ᠶᠢ ᠵᠢᠷᠤᠮᠵᠢᠭᠤᠯᠪᠠ᠃ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ | ᠰᠤᠷᠭᠠᠭᠤᠯᠢ ᠡᠷᠬᠢᠯᠡᠬᠦ ᠠᠵᠢᠯᠯᠠᠭ᠎ᠠ ᠶᠢ ᠵᠢᠷᠤᠮᠵᠢᠭᠤᠯᠤᠨ ᠠᠷᠠᠳ ᠠᠴᠠ ᠡᠷᠬᠢᠯᠡᠭᠰᠡᠨ ᠰᠤᠷᠭᠠᠨ ᠬᠥᠮᠥᠵᠢᠯ ᠤᠨ | ᠬᠥᠭᠵᠢᠯᠲᠡ ᠶᠢ ᠠᠬᠢᠭᠤᠯᠬᠤ ᠮᠡᠳᠡᠭᠳᠡᠯ ᠢ ᠳᠠᠷᠤᠮᠠᠯᠯᠠᠨ ᠲᠠᠷᠬᠠᠭᠠᠵᠤ᠂ ︽ᠵᠢᠷᠭᠤᠭ᠎ᠠ ᠶᠢ ᠠᠪᠴᠤ ᠨᠠᠢᠮᠠ ᠶᠢ ᠥᠯᠥ | ᠵᠥᠪᠰᠢᠶᠡᠷᠡᠬᠦ︾ ᠱᠠᠭᠠᠷᠳᠠᠯᠭ᠎ᠠ ᠶᠢ ᠳᠤᠷᠠᠳᠴᠠᠢ︔ ᠪᠦᠬᠦ ᠬᠤᠲᠠ ᠶᠢᠨ ᠠᠷᠠᠳ ᠠᠴᠠ ᠡᠷᠬᠢᠯᠡᠭᠰᠡᠨ | ᠰᠤᠷᠭᠠᠭᠤᠯᠢ ᠶᠢᠨ ᠰᠤᠷᠤᠭᠴᠢ ᠡᠯᠰᠡᠬᠦ ᠤᠬᠠᠭᠤᠯᠭ᠎ᠠ ᠶᠢᠨ ᠠᠵᠢᠯ ᠤᠨ ᠬᠠᠮᠢᠶᠠᠷᠤᠯᠲᠠ ᠶᠢ ᠴᠢᠩᠭᠠᠳᠬᠠᠬᠤ ᠲᠤᠬᠠᠢ | ᠮᠡᠳᠡᠭᠳᠡᠯ ᠢ ᠨᠡᠶᠢᠲᠡᠯᠡᠵᠦ᠂ ᠤᠬᠠᠭᠤᠯᠭ᠎ᠠ ᠶᠢᠨ ᠵᠠᠷ ᠪᠠ ᠰᠤᠷᠤᠭᠴᠢ ᠡᠯᠰᠡᠬᠦ ᠳᠦᠷᠢᠮ ᠤᠨ ᠠᠭᠤᠯᠭ᠎ᠠ ᠪᠠ ᠳᠡᠰ | ᠳᠠᠷᠠᠭᠠᠯᠠᠯ ᠢ ᠵᠢᠷᠤᠮᠵᠢᠭᠤᠯᠪᠠ︔ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠰᠤᠷᠤᠭᠴᠢ ᠡᠯᠰᠡᠵᠦ ᠪᠦᠷᠢᠳᠬᠡᠨ | ᠳᠠᠩᠰᠠᠯᠠᠭᠰᠠᠨ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ ᠮᠡᠳᠡᠭᠳᠡᠯ ᠢ ᠨᠡᠶᠢᠲᠡᠯᠡᠵᠦ᠂ ᠠᠷᠠᠳ ᠠᠴᠠ ᠡᠷᠬᠢᠯᠡᠭᠰᠡᠨ | ᠰᠤᠷᠭᠠᠭᠤᠯᠢ ᠶᠢᠨ ᠰᠤᠷᠤᠭᠴᠢ ᠡᠯᠰᠡᠬᠦ ᠲᠤᠭ᠎ᠠ᠂ ᠳᠡᠰ ᠳᠠᠷᠠᠭᠠᠯᠠᠯ᠂ ᠰᠦᠢᠳᠬᠡᠯ ᠬᠤᠷᠢᠶᠠᠬᠤ ᠪᠠᠷᠢᠮᠵᠢᠶ᠎ᠠ᠂ | ᠰᠦᠢᠳᠬᠡᠯ ᠪᠤᠴᠠᠭᠠᠬᠤ ᠠᠷᠭ᠎ᠠ ᠵᠡᠷᠭᠡ ᠶᠢ ᠪᠦᠬᠦ ᠲᠠᠯ᠎ᠠ ᠪᠠᠷ ᠢᠯᠡ ᠪᠣᠯᠭᠠᠪᠠ︔ ᠵᠢᠯ ᠤᠨ ᠪᠠᠶᠢᠴᠠᠭᠠᠯᠲᠠ ᠶᠢᠨ | ᠠᠵᠢᠯ ᠤᠨ ᠮᠡᠳᠡᠭᠳᠡᠯ ᠢ ᠨᠡᠶᠢᠲᠡᠯᠡᠵᠦ᠂ ᠢᠯᠡᠴᠢᠯᠡᠨ ᠮᠡᠳᠡᠭᠦᠯᠬᠦ ᠤᠲᠠᠰᠤ ᠰᠢᠤᠳᠠᠨ ᠬᠠᠶᠢᠷᠴᠠᠭ ᠪᠠ ᠠᠷᠠᠳ ᠠᠴᠠ | ᠡᠷᠬᠢᠯᠡᠭᠰᠡᠨ ᠰᠤᠷᠭᠠᠭᠤᠯᠢ ᠶᠢᠨ ᠨᠡᠷᠡᠰ ᠤᠨ ᠵᠢᠭᠰᠠᠭᠠᠯᠲᠠ ᠵᠢᠴᠢ ᠡᠯᠧᠺᠲᠷᠣᠨ ᠭᠠᠵᠠᠷ ᠤᠨ ᠵᠢᠷᠤᠭ ᠢ ᠵᠠᠷᠯᠠᠨ | ᠨᠡᠶᠢᠲᠡᠯᠡᠵᠡᠢ︔ ᠬᠤᠲᠠ ᠶᠢᠨ ᠠᠷᠠᠳ ᠤᠨ ᠠᠵᠢᠭᠯᠠᠭᠴᠢ ᠶᠢ ᠴᠤᠭᠯᠠᠭᠤᠯᠵᠤ᠂ ᠲᠣᠭᠲᠠᠭᠠᠯ ᠢ ᠵᠥᠷᠢᠴᠡᠭᠰᠡᠨ | ᠠᠷᠠᠳ ᠠᠴᠠ ᠡᠷᠬᠢᠯᠡᠭᠰᠡᠨ ᠰᠤᠷᠭᠠᠭᠤᠯᠢ ᠲᠠᠢ ᠪᠣᠯᠵᠣᠨ ᠶᠠᠷᠢᠯᠴᠠᠬᠤ ᠶᠢᠨ ᠬᠠᠮᠲᠤ ᠬᠤᠭᠤᠴᠠᠭ᠎ᠠ ᠲᠣᠭᠲᠠᠭᠠᠨ | ᠴᠡᠭᠴᠡᠯᠡᠨ ᠵᠠᠰᠠᠵᠤ᠂ ᠴᠡᠭᠴᠡᠯᠡᠨ ᠵᠠᠰᠠᠭᠰᠠᠨ ᠨᠢ ᠬᠢᠷᠢ ᠲᠡᠩᠴᠡᠭᠰᠡᠨ ᠦᠭᠡᠢ ᠶᠢ ᠨᠢ ᠮᠡᠳᠡᠭᠡ ᠵᠠᠩᠭᠢ ᠶᠢᠨ ︽ᠬᠠᠷ᠎ᠠ | ᠳᠠᠩᠰᠠ︾ ᠳᠤ ᠣᠷᠣᠭᠤᠯᠪᠠ︔ ᠲᠣᠭᠲᠠᠭᠠᠯ ᠢ ᠵᠥᠷᠢᠴᠡᠨ ᠰᠤᠷᠤᠭᠴᠢ ᠡᠯᠰᠡᠭᠰᠡᠨ ᠠᠷᠠᠳ ᠠᠴᠠ ᠡᠷᠬᠢᠯᠡᠭᠰᠡᠨ | ᠰᠤᠷᠭᠠᠭᠤᠯᠢ ᠪᠠ ᠭᠤᠣᠯᠯᠠᠨ ᠬᠠᠮᠢᠶᠠᠷᠬᠤ ᠰᠤᠷᠭᠠᠨ ᠬᠥᠮᠥᠵᠢᠯ ᠤᠨ ᠲᠣᠪᠴᠢᠶ᠎ᠠ ᠶᠢ ᠫᠦᠷᠲ᠋ᠧᠯ ᠰᠦᠯᠵᠢᠶ᠎ᠡ ᠳᠤ ᠵᠠᠷᠯᠠᠨ | ᠰᠢᠭᠦᠮᠵᠢᠯᠡᠬᠦ ᠶᠢᠨ ᠬᠠᠮᠲᠤ ᠴᠢᠩᠭ᠎ᠠ ᠪᠠᠷ ᠬᠠᠷᠢᠭᠤᠴᠠᠯᠭ᠎ᠠ ᠨᠡᠬᠡᠮᠵᠢᠯᠡᠭᠰᠡᠨ ᠪᠠᠶᠢᠨ᠎ᠠ᠃ | ︵ᠭᠤᠷᠪᠠ︶ ᠨᠠᠨᠴᠠᠩ ᠬᠤᠲᠠ ᠶᠢᠨ ᠬᠢᠳᠡᠯ᠃ ᠳᠦᠷᠢᠮ ᠭᠤᠷᠢᠮ ᠲᠣᠭᠲᠠᠭᠠᠵᠤ᠂ ︽ᠨᠠᠨᠴᠠᠩ ᠬᠤᠲᠠ ᠶᠢᠨ | ᠳᠤᠮᠳᠠ ᠳᠡᠰ ᠬᠢᠭᠡᠳ ᠳᠤᠮᠳᠠ ᠠᠴᠠ ᠳᠣᠷᠣᠭᠰᠢ ᠳᠡᠰ ᠤᠨ ᠠᠷᠠᠳ ᠠᠴᠠ ᠡᠷᠬᠢᠯᠡᠭᠰᠡᠨ ᠰᠤᠷᠭᠠᠨ ᠬᠥᠮᠥᠵᠢᠯ ᠤᠨ | ᠪᠠᠶᠢᠭᠤᠯᠤᠮᠵᠢ ᠶᠢ ᠬᠢᠨᠠᠨ ᠵᠥᠪᠰᠢᠶᠡᠷᠡᠬᠦ ᠵᠢᠴᠢ ᠬᠠᠮᠢᠶᠠᠷᠬᠤ ᠵᠦᠢᠯᠡᠰ ᠤᠨ ᠮᠡᠳᠡᠭᠳᠡᠯ︾ ᠢ ᠨᠡᠶᠢᠲᠡᠯᠡᠵᠦ᠂ ᠬᠢᠨᠠᠨ | ᠵᠥᠪᠰᠢᠶᠡᠷᠡᠬᠦ ᠡᠷᠬᠡ ᠶᠢᠨ ᠬᠢᠵᠠᠭᠠᠷ᠂ ᠬᠢᠨᠠᠨ ᠵᠥᠪᠰᠢᠶᠡᠷᠡᠬᠦ ᠳᠡᠰ ᠳᠠᠷᠠᠭᠠᠯᠠᠯ᠂ ᠭᠤᠶᠤᠴᠢᠯᠠᠨ ᠭᠦᠢᠴᠡᠳᠬᠡᠬᠦ | ᠮᠠᠲ᠋ᠧᠷᠢᠶᠠᠯ᠂ ᠭᠤᠶᠤᠴᠢᠯᠠᠨ ᠮᠡᠳᠡᠭᠦᠯᠬᠦ ᠴᠢᠬᠤᠯᠠ ᠭᠦᠢᠴᠡᠳᠬᠡᠯ ᠲᠤᠭ᠎ᠠ ᠵᠡᠷᠭᠡ ᠶᠢ ᠲᠣᠳᠣᠷᠬᠠᠶᠢᠯᠠᠪᠠ᠃ ︽ᠨᠠᠨᠴᠠᠩ | ᠬᠤᠲᠠ ᠶᠢᠨ ᠠᠷᠠᠳ ᠠᠴᠠ ᠡᠷᠬᠢᠯᠡᠭᠰᠡᠨ ᠰᠤᠷᠤᠯᠭ᠎ᠠ ᠶᠢᠨ ᠦᠨᠡᠮᠯᠡᠯ ᠪᠤᠰᠤ ᠰᠤᠷᠭᠠᠨ ᠬᠥᠮᠥᠵᠢᠯ ᠤᠨ | ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠵᠢᠭᠠᠨ ᠰᠤᠷᠭᠠᠯᠲᠠ ᠶᠢᠨ ᠴᠡᠭ ᠢ ᠲᠣᠬᠢᠷᠠᠭᠤᠯᠬᠤ ᠬᠤᠯᠪᠣᠭᠳᠠᠯ ᠪᠦᠬᠦᠢ | ᠪᠠᠶᠢᠳᠠᠯ ᠤᠨ ᠮᠡᠳᠡᠭᠳᠡᠯ︾ ᠢ ᠲᠠᠷᠬᠠᠭᠠᠵᠤ᠂ ᠵᠢᠭᠠᠨ ᠰᠤᠷᠭᠠᠯᠲᠠ ᠶᠢᠨ ᠴᠡᠭ ᠤᠨ ᠬᠤᠭᠤᠷᠣᠨᠳᠤᠬᠢ ᠵᠠᠢ ᠪᠠ | ᠰᠤᠷᠭᠠᠭᠤᠯᠢ ᠡᠷᠬᠢᠯᠡᠬᠦ ᠬᠡᠪᠴᠢᠶ᠎ᠡ ᠶᠣᠰᠣᠭᠠᠷ ᠵᠢᠭᠠᠨ ᠰᠤᠷᠭᠠᠯᠲᠠ ᠶᠢᠨ ᠴᠡᠭ ᠢ ᠵᠣᠬᠢᠰᠲᠠᠢ ᠲᠣᠬᠢᠷᠠᠭᠤᠯᠵᠤ᠂ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠲᠠᠷᠬᠠᠯᠲᠠ ᠶᠢᠨ ᠴᠡᠭ ᠪᠠ ᠣᠷᠣᠨ ᠪᠦᠰᠡ | ᠠᠯᠤᠰᠯᠠᠨ ᠲᠣᠬᠢᠷᠠᠭᠤᠯᠬᠤ ᠵᠡᠷᠭᠡ ᠶᠢ ᠵᠢᠷᠤᠮᠵᠢᠭᠤᠯᠵᠠᠢ᠃ ︽ᠨᠠᠨᠴᠠᠩ ᠬᠤᠲᠠ ᠶᠢᠨ ᠠᠷᠠᠳ ᠠᠴᠠ ᠡᠷᠬᠢᠯᠡᠭᠰᠡᠨ | ᠳᠤᠮᠳᠠᠳᠤ ᠵᠡᠷᠭᠡ ᠶᠢᠨ ᠰᠤᠷᠭᠠᠨ ᠬᠥᠮᠥᠵᠢᠯ᠂ ᠠᠩᠬ᠎ᠠ ᠵᠡᠷᠭᠡ ᠶᠢᠨ ᠰᠤᠷᠭᠠᠨ ᠬᠥᠮᠥᠵᠢᠯ᠂ ᠰᠤᠷᠬᠤ ᠨᠠᠰᠤᠨ ᠠᠴᠠ | ᠡᠮᠦᠨᠡᠬᠢ ᠰᠤᠷᠭᠠᠨ ᠬᠥᠮᠥᠵᠢᠯ᠂ ᠰᠤᠷᠤᠯᠭ᠎ᠠ ᠶᠢᠨ ᠦᠨᠡᠮᠯᠡᠯ ᠪᠤᠰᠤ ᠰᠤᠷᠭᠠᠨ ᠬᠥᠮᠥᠵᠢᠯ ᠤᠨ ᠪᠠᠶᠢᠭᠤᠯᠤᠮᠵᠢ ᠶᠢ | ᠲᠣᠬᠢᠷᠠᠭᠤᠯᠬᠤ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ᠶᠢ ᠨᠡᠶᠢᠲᠡᠯᠡᠵᠦ᠂ ᠰᠤᠷᠤᠯᠭ᠎ᠠ ᠶᠢᠨ ᠦᠨᠡᠮᠯᠡᠯ ᠪᠤᠰᠤ | ᠰᠤᠷᠭᠠᠨ ᠬᠥᠮᠥᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠪᠠᠶᠢᠷᠢᠯᠠᠭᠤᠯᠬᠤ ᠬᠠᠶ᠋ᠢᠭ ᠤᠨ ᠰᠣᠩᠭᠤᠯᠲᠠ᠂ | ᠲᠥᠯᠥᠪᠵᠢᠭᠦᠯᠭᠡ ᠲᠥᠯᠥᠪᠯᠡᠭᠡ᠂ ᠪᠠᠷᠢᠯᠭ᠎ᠠ ᠶᠢᠨ ᠬᠡᠷᠡᠭᠯᠡᠬᠦ ᠭᠠᠵᠠᠷ᠂ ᠠᠮᠤᠷ ᠲᠦᠪᠰᠢᠨ ᠣᠷᠴᠢᠨ ᠲᠣᠭᠤᠷᠢᠨ ᠤ | ᠬᠠᠮᠠᠭᠠᠯᠠᠯᠲᠠ᠂ ᠰᠤᠷᠭᠠᠭᠤᠯᠢ ᠡᠷᠬᠢᠯᠡᠬᠦ ᠭᠤᠣᠯ ᠴᠣᠭᠴᠠ᠂ ᠪᠠᠶᠢᠭᠤᠯᠤᠮᠵᠢ ᠶᠢᠨ ᠲᠣᠬᠢᠷᠠᠭᠤᠯᠤᠯᠲᠠ᠂ ᠪᠠᠭᠰᠢ ᠶᠢᠨ | ᠲᠣᠬᠢᠷᠠᠭᠤᠯᠤᠯᠲᠠ ᠪᠡᠯᠡᠳᠬᠡᠯ᠂ ᠲᠣᠨᠣᠭᠯᠠᠯ ᠪᠡᠯᠡᠳᠬᠡᠮᠵᠢ᠂ ᠡᠳ᠋ ᠬᠥᠷᠥᠩᠭᠡ ᠶᠢᠨ ᠬᠠᠮᠢᠶᠠᠷᠤᠯᠲᠠ᠂ ᠰᠤᠷᠭᠠᠭᠤᠯᠢ | ᠡᠷᠬᠢᠯᠡᠬᠦ ᠦᠨᠳᠦᠰᠦᠨ ᠬᠡᠪᠴᠢᠶ᠎ᠡ ᠪᠠ ᠰᠤᠷᠤᠭᠴᠢ ᠶᠢᠨ ᠰᠤᠷᠪᠤᠯᠵᠢ ᠶᠢᠨ ᠱᠠᠭᠠᠷᠳᠠᠯᠭ᠎ᠠ ᠵᠡᠷᠭᠡ ᠲᠠᠯ᠎ᠠ ᠪᠠᠷ ᠲᠣᠭᠲᠠᠭᠠᠯ | ᠭᠠᠷᠭᠠᠪᠠ᠃ ᠭᠤᠣᠯᠳᠠᠯᠭ᠎ᠠ ᠶᠢ ᠲᠣᠪᠣᠶᠢᠯᠭᠠᠵᠤ᠂ ︽ᠨᠠᠨᠴᠠᠩ ᠬᠤᠲᠠ ᠶᠢᠨ ᠠᠷᠠᠳ ᠠᠴᠠ ᠡᠷᠬᠢᠯᠡᠭᠰᠡᠨ ᠰᠤᠷᠭᠠᠨ | ᠬᠥᠮᠥᠵᠢᠯ ᠤᠨ ᠪᠠᠶᠢᠭᠤᠯᠤᠮᠵᠢ ᠶᠢᠨ ᠰᠤᠷᠤᠯᠭ᠎ᠠ ᠠᠴᠠ ᠭᠠᠷᠴᠤ ᠰᠦᠢᠳᠬᠡᠯ ᠪᠤᠴᠠᠭᠠᠬᠤ ᠬᠠᠮᠢᠶᠠᠷᠤᠯᠲᠠ ᠶᠢᠨ ᠠᠷᠭ᠎ᠠ︾ | ᠶᠢ ᠨᠡᠶᠢᠲᠡᠯᠡᠵᠦ᠂ ᠰᠤᠷᠤᠭᠴᠢᠳ ᠤᠨ ᠰᠤᠷᠭᠠᠭᠤᠯᠢ ᠳᠤ ᠰᠤᠷᠤᠯᠴᠠᠭᠰᠠᠨ ᠴᠠᠭ ᠤᠨ ᠶᠣᠰᠣᠭᠠᠷ ᠰᠦᠢᠳᠬᠡᠯ | ᠪᠤᠴᠠᠭᠠᠬᠤ ᠬᠠᠷᠢᠴᠠᠯ ᠢ ᠲᠣᠬᠢᠷᠠᠯᠴᠠᠭᠤᠯᠤᠨ ᠲᠣᠬᠢᠷᠠᠭᠤᠯᠵᠤ᠂ ᠵᠢᠯ ᠠᠯᠤᠰᠯᠠᠭᠤᠯᠤᠨ ᠰᠦᠢᠳᠬᠡᠯ ᠬᠤᠷᠢᠶᠠᠬᠤ ᠶᠢ | ᠡᠷᠡᠰ ᠬᠤᠷᠢᠭᠯᠠᠪᠠ᠃ ᠲᠤᠰᠬᠠᠢ ᠵᠦᠢᠯ ᠤᠨ ᠵᠠᠰᠠᠯᠲᠠ ᠬᠢᠵᠦ᠂ ᠨᠠᠨᠴᠠᠩ ᠬᠤᠲᠠ ᠶᠢᠨ ᠵᠠᠰᠠᠭ ᠤᠨ ᠣᠷᠳᠣᠨ | ᠲᠦᠷᠦᠭᠦᠯᠡᠵᠦ ᠬᠡᠳᠦᠨ ᠠᠷᠪᠠᠨ ᠬᠠᠮᠢᠶ᠎ᠠ ᠪᠦᠬᠦᠢ ᠡᠭᠦᠷᠭᠡ ᠴᠢᠳᠠᠪᠬᠢᠲᠤ ᠰᠠᠯᠠᠭ᠎ᠠ ᠮᠥᠴᠢᠷ ᠬᠤᠯᠪᠣᠭᠠᠯᠠᠭᠰᠠᠨ | ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠲᠥᠪᠯᠡᠷᠡᠭᠦᠯᠦᠨ ᠴᠡᠪᠡᠷᠯᠡᠵᠦ ᠴᠡᠭᠴᠡᠯᠡᠨ ᠵᠠᠰᠠᠬᠤ ᠠᠵᠢᠯᠯᠠᠭ᠎ᠠ ᠶᠢ | ᠥᠷᠨᠢᠭᠦᠯᠵᠦ᠂ ︽ᠴᠡᠪᠡᠷᠯᠡᠵᠦ ᠴᠡᠭᠴᠡᠯᠡᠨ ᠵᠠᠰᠠᠬᠤ ᠠᠵᠢᠯ ᠤᠨ ᠲᠣᠪᠴᠢ ᠮᠡᠳᠡᠭᠡ︾ ᠶᠢ ᠪᠦᠷᠢᠯᠳᠦᠭᠦᠯᠦᠭᠰᠡᠨ ᠤ | ᠬᠠᠮᠲᠤ᠂ ᠵᠠᠰᠠᠭ ᠤᠨ ᠣᠷᠳᠣᠨ ᠤ ᠰᠦᠯᠵᠢᠶ᠎ᠡ ᠪᠠ ᠠᠯᠪᠠᠨ ᠤ ᠵᠠᠭᠤᠴᠢᠯᠠᠭᠤᠷ ᠳᠡᠭᠡᠷ᠎ᠡ ᠬᠠᠤᠯᠢ ᠶᠣᠰᠣᠨ ᠤ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠨᠡᠷᠡᠰ ᠤᠨ ᠵᠢᠭᠰᠠᠭᠠᠯᠲᠠ ᠶᠢ ᠴᠠᠭ | ᠲᠤᠬᠠᠢ ᠳᠤ ᠨᠢ ᠵᠠᠷᠯᠠᠨ ᠨᠡᠶᠢᠲᠡᠯᠡᠵᠦ᠂ ᠰᠤᠷᠤᠭᠴᠢ ᠶᠢᠨ ᠭᠡᠷ ᠤᠨ ᠠᠬᠠᠮᠠᠳ ᠤᠨ ᠬᠠᠶᠢᠵᠤ ᠯᠠᠪᠠᠯᠬᠤ ᠳᠤ ᠳᠥᠭᠦᠮ | ᠪᠣᠯᠭᠠᠭᠰᠠᠨ ᠪᠠᠶᠢᠨ᠎ᠠ᠃ | ᠭᠤᠷᠪᠠ᠂ ᠲᠤᠰᠬᠠᠢ ᠵᠦᠢᠯ ᠤᠨ ᠵᠠᠰᠠᠯᠲᠠ ᠶᠢᠨ ᠠᠵᠢᠯᠯᠠᠭ᠎ᠠ ᠨᠢ ᠶᠠᠮᠠᠷ ᠶᠠᠮᠠᠷ ᠲᠣᠪᠣᠶᠢᠮ᠎ᠠ ᠠᠰᠠᠭᠤᠳᠠᠯ ᠢ | ᠴᠢᠷᠮᠠᠶᠢᠨ ᠰᠢᠢᠳᠪᠦᠷᠢᠯᠡᠬᠦ ᠪᠣᠢ︖ | ᠬᠠᠷᠢᠭᠤᠯᠲᠠ᠄ ᠲᠤᠰᠬᠠᠢ ᠵᠦᠢᠯ ᠤᠨ ᠵᠠᠰᠠᠯᠲᠠ ᠶᠢᠨ ᠠᠵᠢᠯᠯᠠᠭ᠎ᠠ ᠨᠢ ᠵᠢᠷᠭᠤᠭᠠᠨ ᠲᠥᠷᠥᠯ ᠤᠨ ᠵᠢᠷᠤᠮᠵᠢᠯ | ᠦᠭᠡᠢ ᠠᠵᠢᠯᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠭᠠᠭᠤᠯᠢ ᠡᠷᠬᠢᠯᠡᠬᠦ ᠳᠠᠯᠳᠠ ᠰᠣᠭᠤᠭ ᠪᠠ | ᠰᠤᠷᠭᠠᠭᠤᠯᠢ ᠡᠷᠬᠢᠯᠡᠬᠦ ᠣᠨᠣᠯᠵᠢᠬᠤᠨ ᠢ ᠬᠠᠮᠲᠤ ᠳᠤ ᠨᠢ ᠵᠠᠰᠠᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ | ᠪᠠ ᠰᠤᠷᠭᠠᠭᠤᠯᠢ ᠶᠢᠨ ᠳᠣᠲᠣᠨᠠᠬᠢ ᠰᠤᠷᠭᠠᠨ ᠬᠥᠮᠥᠵᠢᠯ ᠵᠢᠭᠠᠨ ᠰᠤᠷᠭᠠᠯᠲᠠ ᠶᠢᠨ ᠠᠵᠢᠯᠯᠠᠭ᠎ᠠ ᠶᠢ ᠬᠠᠮᠲᠤ ᠳᠤ ᠨᠢ | ᠵᠠᠰᠠᠵᠤ᠂ ︽ᠬᠠᠮ ᠠᠷᠭ᠎ᠠ ᠪᠣᠳᠣᠯᠭ᠎ᠠ︾ ᠶᠢ ᠬᠡᠷᠡᠭᠯᠡᠬᠦ ᠪᠠᠷ ᠳᠠᠮᠵᠢᠭᠤᠯᠤᠨ ᠠᠰᠠᠭᠤᠳᠠᠯ ᠢ ᠰᠢᠰᠲ᠋ᠧᠮ ᠲᠠᠢ | ᠰᠢᠢᠳᠪᠦᠷᠢᠯᠡᠨ᠎ᠡ᠃ ᠡᠭᠦᠨ ᠳᠤ 3 ᠲᠠᠯ᠎ᠠ ᠪᠠᠷ ᠬᠤᠷᠢᠶᠠᠩᠭᠤᠶᠢᠯᠠᠵᠤ ᠪᠣᠯᠣᠨ᠎ᠠ᠄ | ᠨᠢᠭᠡ ᠳᠤ᠂ ᠬᠢᠷᠢ ᠭᠡᠮ ᠦᠭᠡᠢ ᠪᠠ ᠠᠮᠤᠷ ᠲᠦᠪᠰᠢᠨ ᠤ ᠳᠠᠯᠳᠠ ᠰᠣᠭᠤᠭ ᠲᠠᠢ ᠪᠣᠯᠪᠠᠰᠤᠷᠠᠭᠤᠯᠤᠯ ᠤᠨ | ᠪᠠᠶᠢᠭᠤᠯᠤᠮᠵᠢ ᠳᠤ ᠵᠠᠰᠠᠯᠲᠠ ᠬᠢᠵᠦ᠂ ᠰᠤᠷᠤᠭᠴᠢᠳ ᠤᠨ ᠠᠮᠤᠷ ᠲᠦᠪᠰᠢᠨ ᠢ ᠪᠠᠲᠤᠯᠠᠬᠤ ᠶᠢ ᠲᠡᠷᠢᠭᠦᠨ ᠴᠢᠬᠤᠯᠠ | ᠪᠠᠶᠢᠷᠢᠨ ᠳᠤ ᠲᠠᠯᠪᠢᠨ᠎ᠠ᠃ ᠬᠦᠨᠳᠦ ᠶᠡᠭᠡ ᠠᠮᠤᠷ ᠲᠦᠪᠰᠢᠨ ᠤ ᠳᠠᠯᠳᠠ ᠰᠣᠭᠤᠭ ᠣᠷᠣᠰᠢᠵᠤ ᠪᠠᠶᠢᠭ᠎ᠠ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠲᠡᠷᠡ ᠳᠠᠷᠤᠢ ᠳᠤ ᠨᠢ ᠡᠷᠬᠢᠯᠡᠬᠦ ᠶᠢ ᠨᠢ | ᠵᠣᠭᠰᠣᠭᠠᠵᠤ ᠵᠠᠰᠠᠨ ᠴᠡᠭᠴᠡᠯᠡᠬᠦ ᠬᠡᠷᠡᠭᠲᠡᠢ᠃ ᠰᠤᠷᠭᠠᠭᠤᠯᠢ ᠡᠷᠬᠢᠯᠡᠬᠦ ᠵᠥᠪᠰᠢᠶᠡᠷᠡᠯ ᠤᠨ ᠭᠡᠷᠡᠴᠢ ᠣᠯᠤᠭ᠎ᠠ ᠦᠭᠡᠢ | ᠮᠥᠷᠲᠡᠭᠡᠨ ᠡᠵᠡᠩᠨᠡᠯᠲᠡ ᠶᠢᠨ ᠦᠨᠡᠮᠯᠡᠯ ︵ᠠᠵᠢᠯ ᠦᠢᠯᠡᠰ ᠤᠨ ᠨᠢᠭᠡᠴᠡ ᠶᠢᠨ ᠬᠠᠤᠯᠢ ᠶᠢᠨ ᠡᠷᠬᠡᠲᠡᠨ ᠤ ᠦᠨᠡᠮᠯᠡᠯ᠂ | ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠢ ᠶᠢᠨ ᠳᠠᠩᠰᠠᠯᠠᠭᠤᠯᠤᠭᠰᠠᠨ ᠦᠨᠡᠮᠯᠡᠯ︶ ᠣᠯᠤᠭ᠎ᠠ | ᠦᠭᠡᠢ ᠪᠣᠯᠪᠠᠴᠤ ᠦᠨᠡᠮᠯᠡᠯ ᠭᠦᠢᠴᠡᠳᠬᠡᠬᠦ ᠨᠥᠬᠦᠴᠡᠯ ᠪᠦᠷᠢᠳᠦᠭᠦᠯᠦᠭᠰᠡᠨ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠭᠤᠯᠤᠯ ᠤᠨ ᠪᠠᠶᠢᠭᠤᠯᠤᠮᠵᠢ ᠳᠤ᠂ ᠬᠠᠤᠯᠢ ᠶᠣᠰᠣᠭᠠᠷ ᠬᠠᠮᠢᠶ᠎ᠠ ᠪᠦᠬᠦᠢ ᠦᠨᠡᠮᠯᠡᠯ ᠭᠦᠢᠴᠡᠳᠬᠡᠬᠦ | ᠵᠢᠯᠣᠭᠤᠳᠤᠯᠭ᠎ᠠ ᠬᠢᠬᠦ ᠬᠡᠷᠡᠭᠲᠡᠢ︔ ᠦᠨᠡᠮᠯᠡᠯ ᠭᠦᠢᠴᠡᠳᠬᠡᠬᠦ ᠨᠥᠬᠦᠴᠡᠯ ᠳᠤ ᠨᠡᠶᠢᠴᠡᠬᠦ ᠦᠭᠡᠢ ᠪᠣᠯ᠂ ᠬᠠᠤᠯᠢ | ᠶᠣᠰᠣᠭᠠᠷ ᠵᠠᠷᠯᠢᠭᠳᠠᠵᠤ ᠰᠤᠷᠭᠠᠭᠤᠯᠢ ᠡᠷᠬᠢᠯᠡᠬᠦ ᠶᠢ ᠨᠢ ᠵᠣᠭᠰᠣᠭᠠᠬᠤ ᠶᠢᠨ ᠬᠠᠮᠲᠤ ᠪᠣᠯᠪᠠᠰᠤᠷᠠᠭᠤᠯᠤᠯ ᠳᠤ | ᠣᠷᠣᠯᠴᠠᠭᠰᠠᠨ ᠰᠤᠷᠤᠭᠴᠢᠳ ᠢ ᠵᠣᠬᠢᠰᠲᠠᠢ ᠲᠣᠬᠢᠷᠠᠭᠤᠯᠬᠤ ᠬᠡᠷᠡᠭᠲᠡᠢ᠃ ᠡᠵᠡᠩᠨᠡᠯᠲᠡ ᠶᠢᠨ ᠦᠨᠡᠮᠯᠡᠯ ︵ᠠᠵᠢᠯ | ᠦᠢᠯᠡᠰ ᠤᠨ ᠨᠢᠭᠡᠴᠡ ᠶᠢᠨ ᠬᠠᠤᠯᠢ ᠶᠢᠨ ᠡᠷᠬᠡᠲᠡᠨ ᠤ ᠦᠨᠡᠮᠯᠡᠯ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ | ᠪᠤᠰᠤ ᠨᠢᠭᠡᠴᠢ ᠶᠢᠨ ᠳᠠᠩᠰᠠᠯᠠᠭᠤᠯᠤᠭᠰᠠᠨ ᠦᠨᠡᠮᠯᠡᠯ︶ ᠠᠪᠤᠭᠰᠠᠨ ᠪᠣᠯᠪᠠᠴᠤ ᠰᠤᠷᠭᠠᠭᠤᠯᠢ ᠡᠷᠬᠢᠯᠡᠬᠦ | ᠵᠥᠪᠰᠢᠶᠡᠷᠡᠯ ᠤᠨ ᠭᠡᠷᠡᠴᠢ ᠬᠠᠷᠠᠬᠠᠨ ᠣᠯᠣᠭᠠᠳᠤᠢ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ | ᠪᠠᠶᠢᠭᠤᠯᠤᠮᠵᠢ ᠨᠢ᠂ ᠭᠡᠷᠡᠴᠢ ᠭᠦᠢᠴᠡᠳᠬᠡᠬᠦ ᠨᠥᠬᠦᠴᠡᠯ ᠪᠦᠷᠢᠳᠦᠭᠦᠯᠦᠭᠰᠡᠨ ᠪᠣᠯ᠂ ᠲᠡᠭᠦᠨ ᠢ ᠵᠢᠯᠣᠭᠤᠳᠤᠨ ᠭᠡᠷᠡᠴᠢ | ᠭᠦᠢᠴᠡᠳᠬᠡᠯᠭᠡᠬᠦ ᠬᠡᠷᠡᠭᠲᠡᠢ︔ ᠭᠡᠷᠡᠴᠢ ᠭᠦᠢᠴᠡᠳᠬᠡᠬᠦ ᠨᠥᠬᠦᠴᠡᠯ ᠢ ᠪᠦᠷᠢᠳᠦᠭᠦᠯᠦᠭᠡ ᠦᠭᠡᠢ ᠪᠣᠯ᠂ ᠲᠡᠭᠦᠨ ᠤ | ᠡᠵᠡᠩᠨᠡᠯᠲᠡ ︵ᠲᠤᠬᠠᠶᠢᠯᠠᠭᠰᠠᠨ ᠠᠵᠢᠯ︶ ᠶᠢᠨ ᠬᠡᠪᠴᠢᠶᠡᠨ ᠳᠣᠲᠣᠷ᠎ᠠ ᠪᠠᠨ ᠲᠤᠬᠠᠶᠢᠯᠠᠭᠰᠠᠨ ᠠᠵᠢᠯ ᠢᠶᠠᠨ | ᠥᠷᠨᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠬᠠᠨᠳᠤᠭᠤᠯᠤᠭᠰᠠᠨ ᠰᠤᠷᠭᠠᠭᠤᠯᠢ ᠶᠢᠨ | ᠭᠠᠳᠠᠨᠠᠬᠢ ᠪᠣᠯᠪᠠᠰᠤᠷᠠᠭᠤᠯᠤᠯ ᠡᠷᠬᠢᠯᠡᠵᠦ ᠪᠣᠯᠬᠤ ᠦᠭᠡᠢ ᠭᠡᠵᠦ ᠵᠠᠷᠯᠢᠭᠳᠠᠬᠤ ᠬᠡᠷᠡᠭᠲᠡᠢ᠃ | ᠬᠤᠶᠠᠷ ᠲᠤ᠂ ᠲᠣᠭᠠᠨ ᠤ ᠤᠬᠠᠭᠠᠨ᠂ ᠬᠡᠯᠡ ᠪᠢᠴᠢᠭ ᠵᠡᠷᠭᠡ ᠬᠢᠴᠢᠶᠡᠯ ᠬᠥᠮᠥᠵᠢᠯ ᠤᠨ ᠲᠥᠷᠥᠯ ᠢ | ᠬᠥᠲᠥᠯᠪᠦᠷᠢ ᠠᠴᠠ ᠳᠠᠪᠠᠭᠤᠯᠤᠨ ᠵᠢᠭᠠᠬᠤ᠂ ᠬᠡᠲᠦᠷᠬᠡᠢ ᠤᠷᠢᠳᠴᠢᠯᠠᠭᠤᠯᠤᠨ ᠰᠤᠷᠬᠤ ᠵᠡᠷᠭᠡ ︽ᠰᠢᠯᠭᠠᠯᠲᠠ ᠶᠢ | ᠠᠷᠭᠠᠴᠠᠭᠠᠬᠤ︾ ᠪᠣᠯᠪᠠᠰᠤᠷᠠᠭᠤᠯᠤᠯ ᠤᠨ ᠠᠵᠢᠯᠯᠠᠭ᠎ᠠ ᠶᠢ ᠵᠠᠰᠠᠵᠤ᠂ ᠰᠤᠷᠤᠭᠴᠢᠳ ᠤᠨ ᠰᠤᠷᠭᠠᠭᠤᠯᠢ ᠶᠢᠨ ᠭᠠᠳᠠᠨᠠᠬᠢ | ᠳᠠᠷᠤᠭᠠᠰᠤ ᠶᠢ ᠬᠥᠩᠭᠡᠷᠡᠭᠦᠯᠬᠦ ᠶᠢ ᠬᠠᠮᠤᠭ ᠤᠨ ᠲᠣᠪᠣᠶᠢᠮ᠎ᠠ ᠪᠠᠶᠢᠷᠢᠨ ᠳᠤ ᠲᠠᠯᠪᠢᠨ᠎ᠠ᠃ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠢᠴᠢᠶᠡᠯ ᠬᠥᠮᠥᠵᠢᠯ ᠤᠨ ᠲᠥᠷᠥᠯ ᠤᠨ ᠪᠣᠯᠪᠠᠰᠤᠷᠠᠭᠤᠯᠤᠯ ︵ᠭᠤᠣᠯᠳᠠᠭᠤ | ᠬᠡᠯᠡ ᠪᠢᠴᠢᠭ᠂ ᠲᠣᠭᠠᠨ ᠤ ᠤᠬᠠᠭᠠᠨ ᠵᠡᠷᠭᠡ ᠶᠢ ᠵᠢᠭᠠᠨ᠎ᠠ︶ ᠥᠷᠨᠢᠭᠦᠯᠬᠦ ᠶᠠᠪᠤᠴᠠ ᠳᠤ ᠢᠯᠡᠷᠡᠭᠰᠡᠨ ︽ | ᠬᠥᠲᠥᠯᠪᠦᠷᠢ ᠠᠴᠠ ᠳᠠᠪᠠᠭᠰᠠᠨ ᠵᠢᠭᠠᠨ ᠰᠤᠷᠭᠠᠯᠲᠠ︾᠂ ︽ᠤᠷᠢᠳᠴᠢᠯᠠᠭᠤᠯᠤᠭᠰᠠᠨ ᠵᠢᠭᠠᠨ ᠰᠤᠷᠭᠠᠯᠲᠠ︾᠂ ︽ | ᠰᠢᠯᠭᠠᠯᠲᠠ ᠶᠢ ᠠᠷᠭᠠᠴᠠᠭᠠᠬᠤ ᠶᠢ ᠴᠢᠩᠭᠠᠷᠠᠭᠤᠯᠬᠤ︾ ᠵᠡᠷᠭᠡ ᠡᠷᠡᠭᠦᠯ ᠪᠤᠰᠤ ᠠᠵᠢᠯᠯᠠᠭ᠎ᠠ ᠶᠢ ᠡᠷᠡᠰ ᠵᠠᠯᠠᠷᠠᠭᠤᠯᠤᠨ᠎ᠠ︔ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠢᠨ ᠬᠢᠴᠢᠶᠡᠯ ᠬᠥᠮᠥᠵᠢᠯ ᠤᠨ | ᠪᠣᠯᠪᠠᠰᠤᠷᠠᠭᠤᠯᠤᠯ ᠥᠷᠨᠢᠭᠦᠯᠬᠦ ᠠᠩᠭᠢ ᠤᠳᠠᠭ᠎ᠠ᠂ ᠠᠭᠤᠯᠭ᠎ᠠ᠂ ᠡᠯᠰᠡᠭᠦᠯᠬᠦ ᠡᠲᠡᠭᠡᠳ᠂ ᠬᠢᠴᠢᠶᠡᠯ ᠣᠷᠣᠬᠤ ᠴᠠᠭ | ᠵᠡᠷᠭᠡ ᠪᠠᠨ ᠪᠠᠶᠢᠭ᠎ᠠ ᠭᠠᠵᠠᠷ ᠤᠨ ᠢᠶᠠᠨ ᠰᠤᠷᠭᠠᠨ ᠬᠥᠮᠥᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ | ᠲᠡᠮᠳᠡᠭᠯᠡᠭᠦᠯᠦᠨ ᠳᠠᠩᠰᠠᠯᠠᠭᠤᠯᠬᠤ ᠶᠢᠨ ᠬᠠᠮᠲᠤ ᠨᠡᠶᠢᠭᠡᠮ ᠳᠤ ᠵᠠᠷᠯᠠᠨ ᠨᠡᠶᠢᠲᠡᠯᠡᠬᠦ ᠬᠡᠷᠡᠭᠲᠡᠢ᠃ ᠰᠤᠷᠭᠠᠭᠤᠯᠢ ᠶᠢᠨ | ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠢ | ᠵᠣᠬᠢᠶᠠᠨ ᠪᠠᠶᠢᠭᠤᠯᠵᠤ ᠵᠡᠷᠭᠡ ᠳᠡᠰ ᠤᠨ ᠰᠢᠯᠭᠠᠯᠲᠠ ᠵᠢᠴᠢ ᠮᠥᠷᠥᠶᠢᠴᠡᠭᠡᠨ ᠶᠠᠪᠤᠭᠤᠯᠬᠤ ᠶᠢ ᠴᠢᠩᠭ᠎ᠠ ᠬᠢᠵᠠᠭᠠᠷᠯᠠᠵᠤ᠂ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠪᠣᠯᠪᠠᠰᠤᠷᠠᠭᠤᠯᠤᠭᠰᠠᠨ ᠦᠷ᠎ᠡ ᠳ᠋ᠦᠩ | ᠬᠢᠭᠡᠳ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠡᠯᠰᠡᠨ ᠰᠤᠷᠭᠠᠭᠤᠯᠢ ᠳᠤ ᠣᠷᠣᠬᠤ ᠲᠠᠢ | ᠬᠤᠯᠪᠣᠭᠳᠠᠭᠤᠯᠬᠤ ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠦᠷᠢᠯᠡᠵᠦ᠂ ᠬᠤᠯᠪᠣᠭᠳᠠᠯ ᠪᠦᠬᠦᠢ ᠪᠠᠶᠢᠭᠤᠯᠤᠮᠵᠢ ᠪᠠ | ᠬᠤᠯᠪᠣᠭᠳᠠᠯ ᠪᠦᠬᠦᠢ ᠬᠥᠮᠥᠰ ᠠᠴᠠ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ | ᠭᠤᠷᠪᠠ ᠳᠤ᠂ ᠰᠤᠷᠭᠠᠭᠤᠯᠢ ᠪᠠ ᠪᠠᠭᠰᠢ ᠶᠢᠨ ᠳᠤᠮᠳᠠ ᠣᠷᠣᠰᠢᠵᠤ ᠪᠠᠶᠢᠭ᠎ᠠ ᠡᠷᠡᠭᠦᠯ ᠪᠤᠰᠤ ᠰᠤᠷᠭᠠᠨ | ᠬᠥᠮᠥᠵᠢᠯ ᠵᠢᠭᠠᠨ ᠰᠤᠷᠭᠠᠯᠲᠠ ᠶᠢᠨ ᠠᠵᠢᠯᠯᠠᠭ᠎ᠠ ᠶᠢ ᠵᠠᠰᠠᠵᠤ᠂ ᠰᠤᠷᠭᠠᠭᠤᠯᠢ ᠪᠠ ᠪᠠᠭᠰᠢ ᠶᠢᠨ ᠬᠠᠮᠢᠶᠠᠷᠤᠯᠲᠠ ᠶᠢ | ᠴᠢᠩᠭᠠᠳᠬᠠᠬᠤ ᠶᠢ ᠨᠡᠩ ᠴᠢᠬᠤᠯᠠ ᠪᠠᠶᠢᠷᠢᠨ ᠳᠤ ᠲᠠᠯᠪᠢᠨ᠎ᠠ᠃ ᠬᠠᠤᠯᠢ ᠶᠣᠰᠣᠭᠠᠷ ᠰᠤᠷᠭᠠᠨ ᠬᠥᠮᠥᠵᠢᠯ ᠢ ᠴᠢᠩᠭ᠎ᠠ | ᠵᠠᠰᠠᠬᠤ ᠶᠢ ᠪᠠᠷᠢᠮᠲᠠᠯᠠᠵᠤ᠂ ᠵᠠᠷᠢᠮ ᠳᠤᠮᠳᠠᠳᠤ ᠪᠠᠭ᠎ᠠ ᠰᠤᠷᠭᠠᠭᠤᠯᠢ ᠳᠤ ᠣᠷᠣᠰᠢᠵᠤ ᠪᠠᠶᠢᠭ᠎ᠠ ︽ᠡᠬᠢᠯᠡᠯᠲᠡ ᠶᠢᠨ | ᠪᠤᠰᠤ ᠵᠢᠭᠠᠨ ᠰᠤᠷᠭᠠᠯᠲᠠ︾ ᠶᠢᠨ ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠦᠷᠢᠯᠡᠵᠦ᠂ ᠬᠤᠯᠪᠣᠭᠳᠠᠯ ᠪᠦᠬᠦᠢ | ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ︔ ᠣᠨᠴᠠ ᠵᠠᠷᠢᠮ ᠠᠵᠢᠯ ᠤᠨ ᠪᠠᠶᠢᠷᠢ ᠳᠤ ᠪᠠᠶᠢᠭ᠎ᠠ | ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠴᠢᠶᠡᠯ ᠳᠡᠭᠡᠷ᠎ᠡ ᠶᠠᠷᠢᠬᠤ ᠦᠭᠡᠢ ᠬᠢᠴᠢᠶᠡᠯ ᠤᠨ ᠳᠠᠷᠠᠭ᠎ᠠ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠣᠴᠢᠵᠤ ᠶᠠᠷᠢᠬᠤ ᠶᠢᠨ ᠬᠠᠮᠲᠤ᠂ | ᠰᠤᠷᠤᠭᠴᠢᠳ ᠢ ᠥᠳᠥᠭᠡᠬᠦ ᠪᠤᠶᠤ ᠰᠢᠬᠠᠮᠳᠠᠭᠤᠯᠵᠤ ᠪᠠᠶᠢᠭᠠᠳ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ | ᠪᠠᠶᠢᠭᠤᠯᠤᠮᠵᠢ ᠶᠢᠨ ᠪᠣᠯᠪᠠᠰᠤᠷᠠᠭᠤᠯᠤᠯ ᠳᠤ ᠣᠷᠣᠯᠴᠠᠭᠤᠯᠬᠤ ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠦᠷᠢᠯᠡᠵᠦ᠂ | ᠪᠠᠶᠢᠴᠠᠭᠠᠨ ᠲᠣᠳᠣᠯᠠᠭᠰᠠᠨ ᠤ ᠳᠠᠷᠠᠭ᠎ᠠ᠂ ᠪᠦᠬᠦᠨ ᠢ ᠬᠠᠤᠯᠢ ᠶᠣᠰᠣᠭᠠᠷ ᠴᠢᠩᠭ᠎ᠠ ᠰᠢᠢᠳᠬᠡᠵᠦ᠂ ᠪᠠᠭᠰᠢ ᠶᠢᠨ ᠬᠢᠷᠢ | ᠬᠡᠮ ᠢ ᠨᠢ ᠬᠦᠴᠦᠨ ᠦᠭᠡᠢ ᠪᠣᠯᠭᠠᠨ᠎ᠠ᠃ | ᠳᠥᠷᠪᠡ᠂ ᠲᠤᠰᠬᠠᠢ ᠵᠦᠢᠯ ᠤᠨ ᠵᠠᠰᠠᠯᠲᠠ ᠶᠢᠨ ᠠᠵᠢᠯᠯᠠᠭ᠎ᠠ ᠶᠢᠨ ᠠᠵᠢᠯ ᠤᠨ ᠬᠤᠪᠢᠶᠠᠷᠢᠯᠠᠯ ᠪᠠ ᠠᠯᠬᠤᠮ | ᠳᠠᠷᠠᠭ᠎ᠠ ᠨᠢ ᠶᠠᠮᠠᠷ ᠪᠣᠢ︖ | ᠬᠠᠷᠢᠭᠤᠯᠲᠠ᠄ ᠲᠤᠰᠬᠠᠢ ᠵᠦᠢᠯ ᠤᠨ ᠵᠠᠰᠠᠯᠲᠠ ᠶᠢᠨ ᠠᠵᠢᠯ ᠢ ᠡᠯ᠎ᠡ ᠱᠠᠲᠤᠨ ᠤ ᠨᠠᠮ ᠤᠨ ᠬᠤᠷᠢᠶ᠎ᠠ | ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ᠂ ᠰᠤᠷᠭᠠᠨ ᠬᠥᠮᠥᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ | ᠲᠦᠷᠦᠭᠦᠯᠡᠵᠦ᠂ ᠳᠥᠷᠪᠡᠨ ᠰᠠᠯᠠᠭ᠎ᠠ ᠮᠥᠴᠢᠷ ᠬᠠᠮᠲᠤᠷᠠᠨ ᠠᠵᠢᠯ ᠤᠨ ᠲᠣᠭᠲᠠᠴᠠ ᠶᠢ ᠪᠠᠶᠢᠭᠤᠯᠤᠨ᠂ ᠰᠢᠶᠠᠨ ᠤ | ᠱᠠᠲᠤᠨ ᠠᠴᠠ ᠪᠣᠳᠠᠲᠠᠢ ᠵᠠᠰᠠᠯᠲᠠ ᠬᠢᠵᠦ᠂ ᠳᠤᠮᠳᠠᠳᠤ ᠪᠠᠭ᠎ᠠ ᠰᠤᠷᠭᠠᠭᠤᠯᠢ ᠢᠳᠡᠪᠬᠢᠲᠡᠢ ᠬᠠᠮᠵᠢᠯᠴᠠᠬᠤ ᠠᠷᠭ᠎ᠠ | ᠬᠡᠯᠪᠡᠷᠢ ᠪᠠᠷ ᠠᠬᠢᠭᠤᠯᠤᠨ᠎ᠠ᠃ ᠪᠣᠳᠠᠲᠠᠢ ᠪᠠᠷ ᠭᠤᠷᠪᠠᠨ ᠱᠠᠲᠤ ᠬᠤᠪᠢᠶᠠᠨ ᠶᠠᠪᠤᠭᠤᠯᠤᠨ᠎ᠠ᠄ | ᠨᠢᠭᠡᠳᠦᠭᠡᠷ ᠱᠠᠲᠤ᠂ ᠪᠦᠬᠦ ᠲᠠᠯ᠎ᠠ ᠪᠠᠷ ᠪᠠᠶᠢᠷᠢᠯᠠᠭᠤᠯᠬᠤ ᠪᠠ ᠪᠠᠶᠢᠳᠠᠯ ᠢ ᠣᠶᠢᠯᠠᠭᠠᠨ ᠵᠢᠭᠰᠠᠭᠠᠨ ᠪᠠᠶᠢᠴᠠᠭᠠᠨ᠎ᠠ | ᠃ ᠡᠯ᠎ᠡ ᠭᠠᠵᠠᠷ ᠤᠨ ᠬᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ᠂ ᠰᠤᠷᠭᠠᠨ | ᠬᠥᠮᠥᠵᠢᠯ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠦᠢᠯᠡᠳᠪᠦᠷᠢ ᠬᠤᠳᠠᠯᠳᠤᠭ᠎ᠠ ᠪᠠ | ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠵᠡᠷᠭᠡ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠣᠷᠣᠯᠴᠠᠭᠰᠠᠨ ᠮᠤᠵᠢ | ᠂ ᠬᠤᠲᠠ᠂ ᠰᠢᠶᠠᠨ ᠭᠤᠷᠪᠠᠨ ᠱᠠᠲᠤᠨ ᠤ ᠠᠵᠢᠯ ᠤᠨ ᠲᠣᠭᠲᠠᠴᠠ ᠶᠢ ᠪᠠᠶᠢᠭᠤᠯᠵᠤ᠂ ᠳᠣᠲᠣᠭᠠᠳᠤ ᠶᠢ ᠬᠠᠮᠠᠭᠠᠯᠠᠬᠤ᠂ | ᠭᠠᠯ ᠢ ᠰᠡᠷᠭᠡᠶᠢᠯᠡᠬᠦ᠂ ᠬᠤᠲᠠ ᠶᠢᠨ ᠬᠠᠮᠢᠶᠠᠷᠤᠯᠲᠠ ᠪᠠ ᠰᠢᠶᠠᠩ ᠪᠠᠯᠭᠠᠰᠤ ︵ᠵᠡᠭᠡᠯᠢ ᠭᠤᠳᠤᠮᠵᠢ︶ ᠵᠡᠷᠭᠡ ᠬᠠᠮᠢᠶ᠎ᠠ | ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠣᠣᠷ ᠲᠠᠲᠠᠬᠤ ᠮᠠᠶ᠋ᠢᠭ ᠤᠨ ᠵᠢᠭᠰᠠᠭᠠᠨ ᠪᠠᠶᠢᠴᠠᠭᠠᠯᠲᠠ ᠶᠢ | ᠪᠠᠶᠢᠷᠢᠯᠠᠭᠤᠯᠤᠨ ᠥᠷᠨᠢᠭᠦᠯᠵᠦ᠂ ᠴᠣᠬᠤᠮ ᠪᠠᠶᠢᠳᠠᠯ ᠢ ᠣᠶᠢᠯᠠᠭᠠᠨ ᠲᠣᠳᠣᠯᠠᠵᠤ᠂ ᠳᠤᠮᠳᠠᠳᠤ ᠪᠠᠭ᠎ᠠ | ᠰᠤᠷᠭᠠᠭᠤᠯᠢ ᠶᠢᠨ ᠬᠢᠨ ᠰᠤᠷᠤᠭᠴᠢ ᠨᠢᠭᠡᠪᠦᠷᠢ ᠶᠢᠨ ᠠᠩᠭᠢ ᠮᠡᠳᠡᠭᠦᠯᠦᠨ ᠰᠤᠷᠭᠠᠭᠤᠯᠢ ᠶᠢᠨ ᠭᠠᠳᠠᠨᠠᠬᠢ ᠬᠢᠴᠢᠶᠡᠯ | ᠬᠥᠮᠥᠵᠢᠯ ᠤᠨ ᠲᠥᠷᠥᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠣᠷᠣᠯᠴᠠᠭᠰᠠᠨ ᠪᠠᠶᠢᠳᠠᠯ ᠢ ᠪᠦᠬᠦ ᠲᠠᠯ᠎ᠠ ᠪᠠᠷ | ᠨᠡᠶᠢᠳᠡᠮ ᠳᠤ ᠨᠢ ᠳᠠᠩᠰᠠᠯᠠᠨ ᠲᠡᠮᠳᠡᠭᠯᠡᠵᠦ᠂ ᠲᠤᠰᠬᠠᠢ ᠵᠦᠢᠯ ᠤᠨ ᠵᠠᠰᠠᠯᠲᠠ ᠶᠢᠨ ᠠᠵᠢᠯᠯᠠᠭ᠎ᠠ ᠳᠤ ᠰᠠᠭᠤᠷᠢ | ᠲᠣᠭᠠᠨ ᠤ ᠯᠠᠪᠯᠠᠯᠲᠠ ᠬᠠᠩᠭᠠᠨ᠎ᠠ᠃ 2018 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ | ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠃ | ᠬᠤᠶᠠᠳᠤᠭᠠᠷ ᠱᠠᠲᠤ᠂ ᠰᠠᠯᠠᠭ᠎ᠠ ᠮᠥᠴᠢᠷ ᠤᠳ ᠬᠤᠯᠪᠣᠭᠠᠯᠠᠵᠤ ᠲᠥᠪᠯᠡᠷᠡᠭᠦᠯᠦᠭᠰᠡᠨ ᠴᠡᠭᠴᠡᠯᠡᠯᠲᠡ ᠵᠠᠰᠠᠯᠲᠠ | ᠥᠷᠨᠢᠭᠦᠯᠦᠨ᠎ᠡ᠃ ᠡᠯ᠎ᠡ ᠰᠠᠯᠠᠭ᠎ᠠ ᠮᠥᠴᠢᠷ ᠤᠨ ᠬᠢᠨ ᠬᠠᠮᠵᠢᠯᠴᠠᠨ ᠲᠥᠪᠯᠡᠷᠡᠭᠦᠯᠦᠭᠰᠡᠨ ᠴᠡᠭᠴᠡᠯᠡᠯᠲᠡ ᠵᠠᠰᠠᠯᠲᠠ | ᠥᠷᠨᠢᠭᠦᠯᠵᠦ᠂ ᠵᠢᠷᠭᠤᠭᠠᠨ ᠲᠥᠷᠥᠯ ᠤᠨ ᠡᠷᠡᠭᠦᠯ ᠪᠤᠰᠤ ᠠᠵᠢᠯᠯᠠᠭ᠎ᠠ ᠶᠢ ᠪᠦᠬᠦ ᠲᠠᠯ᠎ᠠ ᠪᠠᠷ ᠵᠠᠰᠠᠨ ᠵᠠᠯᠠᠷᠠᠭᠤᠯᠤᠨ᠎ᠠ᠃ | ᠰᠢᠶᠠᠨ ᠤ ᠱᠠᠲᠤᠨ ᠤ ᠰᠤᠷᠭᠠᠨ ᠬᠥᠮᠥᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ᠰᠤᠷᠤᠭᠴᠢᠳ ᠤᠨ | ᠬᠢᠴᠢᠶᠡᠯ ᠤᠨ ᠭᠠᠳᠠᠨᠠᠬᠢ ᠳᠠᠷᠤᠭᠠᠰᠤ ᠶᠢ ᠨᠡᠮᠡᠭᠳᠡᠭᠦᠯᠵᠦ ᠪᠠᠶᠢᠭ᠎ᠠ ᠳᠤᠮᠳᠠᠳᠤ ᠪᠠᠭ᠎ᠠ ᠰᠤᠷᠭᠠᠭᠤᠯᠢ ᠪᠠ ᠪᠠᠭᠰᠢ ᠲᠠᠢ | ᠬᠤᠯᠪᠣᠭᠳᠠᠯ ᠪᠦᠬᠦᠢ ᠡᠷᠡᠭᠦᠯ ᠪᠤᠰᠤ ᠠᠵᠢᠯᠯᠠᠭ᠎ᠠ ᠳᠤ ᠵᠠᠰᠠᠯᠲᠠ ᠬᠢᠬᠦ ᠶᠢ ᠬᠠᠷᠢᠭᠤᠴᠠᠨ᠎ᠠ᠃ 2018 ᠣᠨ ᠤ | ᠡᠴᠦᠰ ᠠᠴᠠ ᠡᠮᠦᠨ᠎ᠡ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠃ | ᠭᠤᠷᠪᠠᠳᠤᠭᠠᠷ ᠱᠠᠲᠤ᠂ ᠵᠠᠰᠠᠯᠲᠠ ᠬᠢᠭᠰᠡᠨ ᠦᠷ᠎ᠡ ᠪᠦᠲᠦᠮᠵᠢ ᠶᠢ ᠪᠠᠲᠤᠳᠬᠠᠨ᠎ᠠ᠃ ᠬᠠᠷ᠎ᠠ ᠴᠠᠭᠠᠨ | ᠳᠠᠩᠰᠠ ᠶᠢᠨ ᠳᠦᠷᠢᠮ ᠢ ᠪᠠᠶᠢᠭᠤᠯᠤᠨ᠎ᠠ᠃ ᠰᠢᠶᠠᠨ ᠤ ᠱᠠᠲᠤᠨ ᠤ ᠰᠤᠷᠭᠠᠨ ᠬᠥᠮᠥᠵᠢᠯ ᠤᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠲᠦᠷᠦᠭᠦᠯᠡᠨ ︽ᠴᠠᠭᠠᠨ ᠳᠠᠩᠰᠠ︾ ᠪᠠᠶᠢᠭᠤᠯᠵᠤ᠂ ᠡᠷᠡᠭᠦᠯ ᠪᠤᠰᠤ ᠠᠵᠢᠯᠯᠠᠭ᠎ᠠ ᠲᠠᠢ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠨᠡᠷᠡᠰ ᠢ ᠵᠠᠷᠯᠠᠨ ᠨᠡᠶᠢᠲᠡᠯᠡᠵᠦ᠂ ︽ᠬᠠᠷ᠎ᠠ | ᠳᠠᠩᠰᠠ︾ ᠪᠠᠶᠢᠭᠤᠯᠤᠨ᠂ ᠠᠮᠤᠷ ᠲᠦᠪᠰᠢᠨ ᠤ ᠳᠠᠯᠳᠠ ᠰᠣᠭᠤᠭ ᠲᠠᠢ᠂ ᠬᠢᠷᠢ ᠭᠡᠮ ᠦᠭᠡᠢ ᠪᠠ ᠡᠷᠡᠭᠦᠯ ᠪᠤᠰᠤ | ᠠᠵᠢᠯᠯᠠᠭ᠎ᠠ ᠲᠠᠢ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠨᠡᠷᠡᠰ ᠢ ᠵᠠᠷᠯᠠᠨ | ᠨᠡᠶᠢᠲᠡᠯᠡᠨ᠎ᠡ᠃ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠰᠠᠯᠠᠭ᠎ᠠ | ᠮᠥᠴᠢᠷ ᠤᠳ ᠬᠠᠮᠲᠤᠷᠠᠨ ᠡᠯ᠎ᠡ ᠮᠤᠵᠢ ᠳᠤ᠂ ᠡᠯ᠎ᠡ ᠮᠤᠵᠢ ᠶᠢᠨ ᠵᠣᠬᠢᠶᠠᠨ ᠪᠠᠶᠢᠭᠤᠯᠤᠯᠲᠠ ᠶᠢᠨ ᠬᠢᠨ ᠭᠠᠵᠠᠷ ᠬᠤᠲᠠ | ᠰᠢᠶᠠᠨ ᠤ ᠠᠵᠢᠯ ᠤᠨ ᠦᠷ᠎ᠡ ᠪᠦᠲᠦᠮᠵᠢ ᠳᠤ ᠰᠤᠭᠤᠴᠢᠨ ᠪᠠᠶᠢᠴᠠᠭᠠᠯᠲᠠ ᠬᠢᠵᠦ᠂ 2019 ᠣᠨ ᠤ 6 ᠳ᠋ᠤᠭᠠᠷ | ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠃ | ᠲᠠᠪᠤ᠂ ᠲᠤᠰᠬᠠᠢ ᠵᠦᠢᠯ ᠤᠨ ᠵᠠᠰᠠᠯᠲᠠ ᠶᠢᠨ ᠠᠵᠢᠯᠯᠠᠭ᠎ᠠ ᠶᠢᠨ ᠤᠷᠤᠭᠰᠢᠲᠠᠢ ᠶᠠᠪᠤᠭᠳᠠᠬᠤ ᠶᠢ ᠬᠡᠷᠬᠢᠨ | ᠪᠠᠲᠤᠯᠠᠬᠤ ᠪᠣᠢ︖ | ᠬᠠᠷᠢᠭᠤᠯᠲᠠ᠄ ᠲᠤᠰᠬᠠᠢ ᠵᠦᠢᠯ ᠤᠨ ᠵᠠᠰᠠᠯᠲᠠ ᠶᠢᠨ ᠠᠵᠢᠯᠯᠠᠭ᠎ᠠ ᠶᠢ ᠥᠷᠨᠢᠭᠦᠯᠬᠦ ᠨᠢ ᠬᠦᠨᠳᠦ ᠴᠢᠬᠤᠯᠠ | ᠪᠠᠶᠢᠵᠤ᠂ ᠲᠦᠮᠡ ᠮᠢᠩᠭᠠᠨ ᠵᠦᠢᠯ ᠲᠠᠢ ᠬᠤᠯᠪᠣᠭᠳᠠᠵᠤ ᠪᠠᠶᠢᠳᠠᠭ ᠪᠣᠯᠬᠤᠷ᠂ ᠡᠷᠬᠡᠪᠰᠢ ᠨᠠᠷᠢᠨ ᠨᠢᠭᠲᠠ᠂ | ᠯᠠᠪᠳᠠᠭᠤᠨ ᠪᠠᠲᠤᠲᠠᠢ ᠪᠠᠷ ᠠᠬᠢᠭᠤᠯᠬᠤ ᠬᠡᠷᠡᠭᠲᠡᠢ᠃ ᠡᠯ᠎ᠡ ᠭᠠᠵᠠᠷ ᠤᠨ ᠬᠢᠨ ᠲᠠᠪᠤᠨ ᠲᠠᠯ᠎ᠠ ᠠᠴᠠ ᠠᠵᠢᠯ ᠢᠶᠠᠨ | ᠰᠠᠶᠢᠲᠤᠷ ᠬᠢᠬᠦ ᠬᠡᠷᠡᠭᠲᠡᠢ᠄ ᠨᠢᠭᠡ ᠳᠤ᠂ ᠲᠤᠰᠬᠠᠢ ᠵᠦᠢᠯ ᠤᠨ ᠵᠠᠰᠠᠯᠲᠠ ᠶᠢᠨ ᠠᠵᠢᠯ ᠤᠨ ᠲᠥᠰᠥᠯ ᠢ ᠬᠢᠨᠠᠮᠠᠭᠠᠢ | ᠲᠣᠭᠲᠠᠭᠠᠵᠤ᠂ ᠬᠢᠨᠠᠨ ᠵᠥᠪᠰᠢᠶᠡᠷᠡᠬᠦ᠂ ᠪᠦᠷᠢᠳᠬᠡᠨ ᠳᠠᠩᠰᠠᠯᠠᠬᠤ᠂ ᠲᠡᠮᠳᠡᠭᠯᠡᠬᠦ ᠵᠡᠷᠭᠡ ᠪᠠᠷᠢᠮᠵᠢᠶ᠎ᠠ ᠶᠢ ᠤᠯᠠᠮ ᠨᠢᠭᠡ | ᠠᠯᠬᠤᠮ ᠲᠡᠭᠦᠯᠳᠡᠷᠵᠢᠭᠦᠯᠵᠦ᠂ ᠵᠠᠰᠠᠯᠲᠠ ᠬᠢᠬᠦ ᠠᠯᠬᠤᠮ ᠳᠠᠷᠠᠭ᠎ᠠ ᠶᠢ ᠲᠣᠳᠣᠷᠬᠠᠶᠢᠯᠠᠨ᠂ ᠠᠵᠢᠯ ᠤᠨ ᠬᠤᠪᠢᠶᠠᠷᠢᠯᠠᠯ ᠢ | ᠨᠠᠷᠢᠯᠢᠭᠵᠢᠭᠤᠯᠵᠤ᠂ ᠰᠠᠯᠠᠭ᠎ᠠ ᠮᠥᠴᠢᠷ ᠤᠳ ᠤᠨ ᠬᠠᠷᠢᠭᠤᠴᠠᠯᠭ᠎ᠠ ᠶᠢ ᠪᠣᠳᠠᠲᠠᠢ ᠪᠠᠷ ᠲᠣᠭᠲᠠᠭᠠᠵᠤ᠂ ᠡᠯ᠎ᠡ ᠵᠦᠢᠯ ᠤᠨ | ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠬᠤᠶᠠᠷ ᠲᠤ᠂ ᠰᠠᠯᠠᠭ᠎ᠠ | ᠮᠥᠴᠢᠷ ᠤᠳ ᠤᠨ ᠠᠵᠢᠯ ᠤᠨ ᠬᠤᠯᠪᠣᠭᠠᠯᠠᠯ᠂ ᠴᠠᠭ ᠤᠨ ᠪᠠᠶᠢᠳᠠᠯ ᠤᠨ ᠰᠤᠳᠤᠯᠤᠯᠲᠠ ᠮᠠᠭᠠᠳᠯᠠᠯᠲᠠ ᠪᠠ ᠪᠠᠴᠢᠮ | ᠪᠠᠶᠢᠳᠠᠯ ᠢ ᠠᠷᠭᠠᠴᠠᠭᠠᠵᠤ ᠬᠠᠷᠢᠭᠤ ᠲᠤᠰᠬᠠᠬᠤ ᠲᠣᠭᠲᠠᠴᠠ ᠶᠢ ᠪᠦᠷᠢᠨᠰᠢᠭᠦᠯᠵᠦ᠂ ᠭᠡᠨᠡᠳᠲᠡ ᠶᠢᠨ ᠬᠡᠷᠡᠭ ᠢ | ᠵᠣᠬᠢᠰᠲᠠᠢ ᠰᠢᠢᠳᠪᠦᠷᠢᠯᠡᠨ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠬᠡᠷᠡᠭᠲᠡᠢ᠃ ᠭᠤᠷᠪᠠ ᠳᠤ᠂ ᠣᠯᠠᠨ | ᠲᠦᠮᠡᠨ ᠤ ᠢᠯᠡᠴᠢᠯᠡᠨ ᠲᠤᠰᠬᠠᠬᠤ ᠠᠷᠭ᠎ᠠ ᠵᠠᠮ ᠢ ᠨᠡᠪᠲᠡᠷᠡᠭᠦᠯᠵᠦ᠂ ᠡᠯ᠎ᠡ ᠱᠠᠲᠤᠨ ᠤ ᠰᠤᠷᠭᠠᠨ ᠬᠥᠮᠥᠵᠢᠯ ᠤᠨ | ᠰᠠᠯᠠᠭ᠎ᠠ ᠮᠥᠴᠢᠷ ᠤᠨ ᠲᠤᠰᠬᠠᠢ ᠵᠦᠢᠯ ᠤᠨ ᠵᠠᠰᠠᠯᠲᠠ ᠶᠢᠨ ᠢᠯᠡᠴᠢᠯᠡᠨ ᠮᠡᠳᠡᠭᠦᠯᠬᠦ ᠤᠲᠠᠰᠤ ᠪᠠ ᠵᠠᠬᠢᠳᠠᠯ ᠤᠨ | ᠬᠠᠶᠢᠷᠴᠠᠭ ᠢ ᠵᠠᠷᠯᠠᠨ ᠨᠡᠶᠢᠲᠡᠯᠡᠬᠦ ᠶᠢᠨ ᠬᠠᠮᠲᠤ᠂ ᠳᠡᠭᠡᠳᠦ ᠱᠠᠲᠤᠨ ᠤ ᠰᠤᠷᠭᠠᠨ ᠬᠥᠮᠥᠵᠢᠯ ᠤᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠲᠤ ᠮᠡᠳᠡᠭᠦᠯᠦᠨ ᠪᠦᠷᠢᠳᠬᠡᠨ ᠳᠠᠩᠰᠠᠯᠠᠭᠤᠯᠬᠤ ᠬᠡᠷᠡᠭᠲᠡᠢ᠃ ᠳᠥᠷᠪᠡ ᠳᠤ᠂ ᠶᠠᠷᠢᠶ᠎ᠠ | ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠵᠤ᠂ ᠭᠡᠷ ᠤᠨ ᠠᠬᠠᠮᠠᠳ ᠤᠨ ᠵᠥᠪ ᠰᠤᠷᠭᠠᠨ ᠬᠥᠮᠥᠵᠢᠯ ᠤᠨ | ᠦᠵᠡᠯᠲᠡ ᠶᠢ ᠪᠣᠢ ᠪᠣᠯᠭᠠᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠦᠢᠯᠡᠳᠦᠯ ᠳᠤ | ᠤᠬᠠᠭᠠᠯᠢᠭ ᠢᠶᠠᠷ ᠬᠠᠨᠳᠤᠭᠤᠯᠵᠤ᠂ ᠰᠣᠬᠤᠷ ᠪᠠᠯᠠᠢ ᠪᠠᠷ ᠠᠲᠠᠭᠠᠷᠬᠠᠨ ᠠᠳᠠᠯᠢᠳᠬᠠᠬᠤ ᠦᠭᠡᠢ᠂ ᠦᠷ᠎ᠡ | ᠬᠡᠦᠬᠡᠳ ᠤᠨ ᠢᠶᠠᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠳᠠᠷᠤᠭᠠᠰᠤ ᠶᠢ ᠦᠨᠡᠨ ᠬᠦ | ᠬᠥᠩᠭᠡᠷᠡᠭᠦᠯᠬᠦ ᠶᠢ ᠬᠥᠲᠥᠯᠥᠨ ᠵᠢᠯᠣᠭᠤᠳᠬᠤ ᠬᠡᠷᠡᠭᠲᠡᠢ᠃ ᠲᠠᠪᠤ ᠳᠤ᠂ ᠳᠦᠷᠢᠮ ᠭᠤᠷᠢᠮ ᠢ ᠪᠠᠶᠢᠭᠤᠯᠵᠤ᠂ | ᠥᠭᠡᠷᠡᠴᠢᠯᠡᠯᠲᠡ ᠶᠢᠨ ᠲᠤᠷᠰᠢᠯᠭ᠎ᠠ ᠶᠢ ᠴᠠᠭ ᠲᠤᠬᠠᠢ ᠳᠤ ᠨᠢ ᠳ᠋ᠦᠩᠨᠡᠨ᠂ ᠡᠯ᠎ᠡ ᠭᠠᠵᠠᠷ ᠤᠨ ᠪᠦᠲᠦᠮᠵᠢᠲᠡᠢ | ᠲᠤᠷᠰᠢᠯᠭ᠎ᠠ ᠬᠢᠳᠡᠯ ᠢ ᠳᠡᠯᠭᠡᠷᠡᠭᠦᠯᠵᠦ᠂ ᠡᠯ᠎ᠡ ᠵᠦᠢᠯ ᠤᠨ ᠳᠦᠷᠢᠮ ᠢ ᠲᠡᠭᠦᠯᠳᠡᠷᠵᠢᠭᠦᠯᠦᠨ᠂ ᠤᠷᠲᠤ ᠬᠤᠭᠤᠴᠠᠭᠠᠨ ᠤ | ᠦᠷ᠎ᠡ ᠪᠦᠲᠦᠮᠵᠢᠲᠡᠢ ᠲᠣᠭᠲᠠᠴᠠ ᠶᠢ ᠲᠦᠷᠭᠡᠬᠡᠨ ᠪᠠᠶᠢᠭᠤᠯᠬᠤ ᠬᠡᠷᠡᠭᠲᠡᠢ᠃ | ᠵᠢᠷᠭᠤᠭ᠎ᠠ᠂ ᠲᠤᠰᠬᠠᠢ ᠵᠦᠢᠯ ᠤᠨ ᠵᠠᠰᠠᠯᠲᠠ ᠶᠢᠨ ᠠᠵᠢᠯᠯᠠᠭ᠎ᠠ ᠶᠢᠨ ᠳᠠᠷᠠᠭ᠎ᠠ᠂ ᠳᠠᠷᠠᠭᠠᠴᠢ ᠶᠢᠨ ᠠᠯᠬᠤᠮ ᠳᠤ | ᠶᠠᠮᠠᠷ ᠶᠠᠮᠠᠷ ᠠᠵᠢᠯ ᠤᠨ ᠪᠣᠳᠣᠯᠬᠢᠯᠠᠯ ᠪᠠᠶᠢᠬᠤ ᠪᠣᠢ︖ | ᠬᠠᠷᠢᠭᠤᠯᠲᠠ᠄ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠯᠲᠠ ᠳᠤ ᠵᠠᠰᠠᠯᠲᠠ ᠬᠢᠬᠦ ᠪᠣᠯ | ᠨᠢᠭᠡ ᠵᠦᠢᠯ ᠤᠨ ᠰᠢᠰᠲ᠋ᠧᠮᠲᠦ ᠢᠨᠵᠧᠨᠧᠷᠢᠩ ᠪᠣᠯᠣᠨ᠎ᠠ᠂ ᠲᠤᠰ ᠤᠳᠠᠭᠠᠨ ᠤ ᠲᠤᠰᠬᠠᠢ ᠵᠦᠢᠯ ᠤᠨ ᠵᠠᠰᠠᠯᠲᠠ ᠶᠢᠨ | ᠠᠵᠢᠯᠯᠠᠭ᠎ᠠ ᠪᠣᠯ ᠪᠦᠬᠦ ᠲᠠᠯ᠎ᠠ ᠶᠢᠨ ᠵᠠᠰᠠᠯᠲᠠ ᠶᠢᠨ ᠡᠬᠢᠯᠡᠯᠲᠡ ᠪᠠᠶᠢᠵᠤ᠂ ᠥᠩᠭᠡᠨ ᠲᠠᠯ᠎ᠠ ᠶᠢ ᠵᠠᠰᠠᠬᠤ ᠪᠠᠷ | ᠭᠤᠣᠯᠳᠠᠭᠤᠯᠵᠤ᠂ ᠦᠨᠳᠦᠰᠦᠨ ᠠᠴᠠ ᠨᠢ ᠵᠠᠰᠠᠬᠤ ᠶᠢ ᠣᠨᠢᠯᠠᠪᠠ᠃ ᠳᠠᠷᠠᠭᠠᠴᠢ ᠶᠢᠨ ᠠᠯᠬᠤᠮ ᠳᠤ᠂ ᠰᠤᠷᠭᠠᠨ | ᠬᠥᠮᠥᠵᠢᠯ ᠤᠨ ᠶᠠᠮᠤᠨ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ᠨᠠᠮ ᠤᠨ ᠰᠤᠷᠭᠠᠨ ᠬᠥᠮᠥᠵᠢᠯ ᠤᠨ ᠴᠢᠭᠯᠡᠯᠲᠡ ᠶᠢ | ᠪᠦᠬᠦ ᠲᠠᠯ᠎ᠠ ᠪᠠᠷ ᠲᠤᠭᠤᠰᠢᠯᠠᠭᠤᠯᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ | ᠬᠠᠮᠢᠶᠠᠷᠤᠯᠲᠠ ᠶᠢ ᠵᠢᠷᠤᠮᠵᠢᠭᠤᠯᠬᠤ ᠪᠠᠷ ᠰᠤᠷᠭᠠᠨ ᠬᠥᠮᠥᠵᠢᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠴᠢᠬᠤᠯᠠ ᠠᠭᠤᠯᠭ᠎ᠠ ᠪᠣᠯᠭᠠᠵᠤ᠂ ︽ᠥᠩᠭᠡᠨ ᠲᠠᠯ᠎ᠠ ᠪᠠ ᠦᠨᠳᠦᠰᠦ ᠶᠢ ᠨᠢ ᠬᠠᠮᠲᠤ ᠳᠤ ᠨᠢ | ᠵᠠᠰᠠᠬᠤ᠂ ᠳᠣᠲᠣᠷ᠎ᠠ ᠭᠠᠳᠠᠷ ᠠᠴᠠ ᠬᠤᠯᠪᠣᠭᠠᠯᠠᠨ ᠬᠥᠳᠡᠯᠦᠯᠴᠡᠬᠦ᠂ ᠪᠥᠭᠯᠡᠬᠦ ᠲᠠᠷᠬᠠᠭᠠᠬᠤ ᠶᠢ ᠤᠶᠠᠯᠳᠤᠭᠤᠯᠬᠤ᠂ | ᠢᠳᠡᠪᠬᠢᠲᠡᠢ ᠮᠥᠷᠲᠡᠭᠡᠨ ᠯᠠᠪᠳᠠᠭᠤᠨ ᠪᠠᠲᠤᠲᠠᠢ ᠬᠢᠬᠦ︾ ᠵᠠᠷᠴᠢᠮ ᠶᠣᠰᠣᠭᠠᠷ᠂ ︽ᠬᠠᠮ ᠠᠷᠭ᠎ᠠ ᠪᠣᠳᠣᠯᠭ᠎ᠠ︾ ᠶᠢ | ᠰᠠᠶᠢᠲᠤᠷ ᠬᠡᠷᠡᠭᠯᠡᠨ᠎ᠡ᠃ ᠨᠢᠭᠡ ᠳᠤ᠂ ᠰᠤᠷᠤᠭᠴᠢ ᠡᠯᠰᠡᠨ ᠰᠤᠷᠭᠠᠭᠤᠯᠢ ᠳᠤ ᠣᠷᠣᠬᠤ ᠲᠠᠢ ᠬᠤᠯᠪᠣᠭᠳᠠᠭᠤᠯᠬᠤ ᠶᠢ | ᠦᠭᠡᠶᠢᠰᠬᠡᠨ᠎ᠡ᠃ ᠰᠠᠶ᠋ᠢᠬᠠᠨ ᠳᠠᠷᠤᠮᠠᠯᠯᠠᠨ ᠲᠠᠷᠬᠠᠭᠠᠭᠰᠠᠨ ︽ᠰᠤᠷᠭᠠᠨ ᠬᠥᠮᠥᠵᠢᠯ ᠤᠨ ᠶᠠᠮᠤᠨ ᠤ ᠠᠯᠪᠠᠨ | ᠲᠢᠩᠬᠢᠮ ᠤᠨ 2018 ᠣᠨ ᠤ ᠡᠩ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠡᠯᠰᠡᠨ ᠰᠤᠷᠭᠠᠭᠤᠯᠢ ᠳᠤ | ᠣᠷᠣᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠰᠤᠷᠤᠭᠴᠢ | ᠡᠯᠰᠡᠨ ᠰᠤᠷᠭᠠᠭᠤᠯᠢ ᠳᠤ ᠣᠷᠣᠬᠤ ᠡᠮᠬᠢ ᠳᠢᠭᠯᠢᠮ ᠢ ᠵᠢᠷᠤᠮᠵᠢᠭᠤᠯᠤᠨ᠂ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠭᠤᠯᠤᠯ ᠤᠨ ᠪᠠᠶᠢᠭᠤᠯᠤᠮᠵᠢ ᠬᠢᠭᠡᠳ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠡᠯᠰᠡᠬᠦ ᠶᠢᠨ | ᠬᠤᠭᠤᠷᠣᠨᠳᠤᠬᠢ ᠬᠠᠷᠢᠴᠠᠭ᠎ᠠ ᠶᠢ ᠤᠯᠠᠮ ᠨᠢᠭᠡ ᠠᠯᠬᠤᠮ ᠲᠠᠰᠤᠯᠤᠨ᠎ᠠ᠃ ᠬᠤᠶᠠᠷ ᠲᠤ᠂ ᠤᠷᠲᠤ ᠬᠤᠭᠤᠴᠠᠭᠠᠨ ᠤ | ᠪᠦᠲᠦᠮᠵᠢᠲᠡᠢ ᠲᠣᠭᠲᠠᠴᠠ ᠶᠢ ᠪᠠᠶᠢᠭᠤᠯᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠵᠤ | ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ | ᠪᠠᠶᠢᠭᠤᠯᠤᠮᠵᠢ ᠶᠢᠨ ᠳᠡᠰ ᠳᠠᠷᠠᠭᠠᠯᠠᠯ ᠲᠠᠢ ᠬᠥᠭᠵᠢᠯᠲᠡ ᠶᠢ ᠠᠬᠢᠭᠤᠯᠬᠤ ᠰᠠᠨᠠᠯ ᠢ ᠰᠤᠳᠤᠯᠤᠨ ᠲᠣᠭᠲᠠᠭᠠᠵᠤ᠂ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢ ᠳᠦᠷᠢᠮᠵᠢᠭᠦᠯᠬᠦ ᠤᠷᠲᠤ | ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠦᠷᠭᠡᠳᠬᠡᠨ ᠪᠠᠶᠢᠭᠤᠯᠤᠨ᠎ᠠ᠃ ᠡᠭᠦᠨ ᠳᠤ᠄ ᠲᠣᠬᠢᠷᠠᠭᠤᠯᠬᠤ | ᠪᠠᠷᠢᠮᠵᠢᠶ᠎ᠠ ᠶᠢ ᠲᠣᠳᠣᠷᠬᠠᠶᠢᠯᠠᠬᠤ᠂ ᠬᠢᠨᠠᠨ ᠵᠥᠪᠰᠢᠶᠡᠷᠡᠯ ᠪᠠ ᠳᠠᠩᠰᠠᠯᠠᠭᠤᠯᠤᠯᠲᠠ ᠶᠢ ᠵᠢᠷᠤᠮᠵᠢᠭᠤᠯᠬᠤ᠂ | ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢ ᠪᠣᠯᠪᠠᠰᠤᠷᠠᠭᠤᠯᠬᠤ᠂ ᠡᠳᠦᠷ ᠲᠤᠲᠤᠮ ᠤᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠬᠤ ᠵᠡᠷᠭᠡ ᠶᠢ ᠪᠠᠭᠲᠠᠭᠠᠭᠰᠠᠨ ᠬᠡᠪ ᠤᠨ ᠪᠠᠶᠢᠳᠠᠯ ᠤᠨ ᠵᠠᠰᠠᠯᠲᠠ ᠶᠢᠨ ᠰᠢᠰᠲ᠋ᠧᠮᠵᠢ ᠶᠢᠨ | ᠠᠭᠤᠯᠭ᠎ᠠ ᠪᠠᠭᠲᠠᠵᠤ ᠪᠠᠶᠢᠨ᠎ᠠ᠃ ᠭᠤᠷᠪᠠ ᠳᠤ᠂ ᠳᠠᠷᠤᠭᠠᠰᠤ ᠶᠢ ᠬᠥᠩᠭᠡᠷᠡᠭᠦᠯᠵᠦ ᠶᠠᠰᠤ ᠴᠢᠨᠠᠷ ᠢ ᠳᠡᠭᠡᠭᠰᠢᠯᠡᠭᠦᠯᠦᠨ᠎ᠡ | ᠃ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠪᠠ ᠡᠩ ᠤᠨ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠥᠮᠥᠨ ᠬᠥᠮᠥᠵᠢᠭᠦᠯᠬᠦ ᠠᠷᠭ᠎ᠠ ᠬᠡᠯᠪᠡᠷᠢ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠲᠤᠬᠠᠢ ᠬᠤᠯᠪᠣᠭᠳᠠᠯ ᠪᠦᠬᠦᠢ ᠰᠠᠨᠠᠯ ᠢ ᠤᠯᠠᠮ ᠨᠢᠭᠡ ᠠᠯᠬᠤᠮ ᠰᠤᠳᠤᠯᠤᠨ ᠲᠣᠭᠲᠠᠭᠠᠵᠤ᠂ | ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠥᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ᠰᠤᠷᠭᠠᠭᠤᠯᠢ ᠶᠢᠨ ᠦᠢᠯᠡᠴᠢᠯᠡᠭᠡ ᠶᠢ ᠲᠡᠭᠦᠯᠳᠡᠷᠵᠢᠭᠦᠯᠦᠨ᠂ ᠰᠤᠷᠭᠠᠭᠤᠯᠢ ᠶᠢᠨ ᠬᠥᠮᠥᠨ | ᠬᠥᠮᠥᠵᠢᠭᠦᠯᠬᠦ ᠴᠢᠳᠠᠪᠬᠢ ᠶᠢ ᠴᠢᠩᠭᠠᠷᠠᠭᠤᠯᠵᠤ᠂ ᠥᠷᠭᠡᠨ ᠣᠯᠠᠨ ᠰᠤᠷᠤᠭᠴᠢ ᠪᠠ ᠭᠡᠷ ᠤᠨ ᠠᠬᠠᠮᠠᠳ ᠤᠨ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠳᠤ ᠲᠦᠰᠢᠭᠯᠡᠨ ᠨᠠᠶᠢᠳᠠᠬᠤ ᠶᠢ ᠨᠠᠮᠳᠠᠭᠤᠯᠤᠨ᠎ᠠ᠃ | | |