ᠠᠷᠪᠠᠳᠤᠭᠠᠷ ᠬᠤᠭᠤᠴᠠᠭᠠᠨ ᠤ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠭᠤᠷᠪᠠᠳᠤᠭᠠᠷ ᠡᠬᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠡᠬᠢᠯᠡᠪᠡ
ᠨᠡᠶᠢᠲᠡᠯᠡᠭᠰᠡᠨ ᠴᠠᠭ᠄
2018/2/28
     2 ᠳ᠋ᠤᠭᠠᠷ ᠰᠠᠷ᠎ᠠ ᠶᠢᠨ 27᠎ ᠤ ᠡᠳᠤᠷ᠂ ᠠᠷᠪᠠᠳᠤᠭᠠᠷ ᠬᠤᠭᠤᠴᠠᠭᠠᠨ ᠤ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠭᠤᠷᠪᠠᠳᠤᠭᠠᠷ ᠡᠬᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠤᠨ ᠲᠠᠶᠢᠴᠢᠯᠠᠯᠳᠡ ᠪᠠᠶᠢᠷᠢᠯᠠᠭᠤᠯᠤᠯᠳᠠ ᠶᠢᠨ ᠬᠤᠷᠡᠯ ᠬᠦᠬᠡᠬᠤᠳᠠ ᠳᠤ ᠬᠤᠷᠠᠯᠳᠤᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠵᠤᠬᠢᠶᠠᠨ ᠪᠠᠶᠢᠭᠤᠯᠬᠤ ᠬᠡᠯᠳᠡᠰ ᠤᠨ ᠲᠠᠷᠤᠭ᠎ᠠ᠂ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠲᠤᠭᠤᠶᠢᠯᠠᠩ ᠤᠨ ᠲᠡᠳ᠋ ᠲᠠᠷᠤᠭ᠎ᠠ ᠽᠧᠩ ᠢ ᠴᠦᠨ ᠲᠤᠰ ᠡᠬᠡᠯᠵᠢ ᠶᠢᠨ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠲᠠᠷᠤᠭ᠎ᠠ ᠶᠢᠨ ᠡᠷᠬᠡ ᠤᠯᠭᠤᠯᠳᠠ ᠵᠢᠴᠢ ᠡᠬᠦᠷᠬᠡ ᠬᠤᠪᠢᠶᠡᠷᠢᠯᠡᠬᠤ ᠲᠤᠭᠳᠠᠭᠠᠯ ᠢ ᠤᠩᠰᠢᠨ ᠨᠡᠶᠢᠳᠡᠯᠡᠪᠡ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠦᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠦᠵᠢ᠂ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠲᠤᠭᠤᠶᠢᠯᠠᠩ ᠤᠨ ᠲᠠᠷᠤᠭ᠎ᠠ ᠯᠢᠦ ᠴᠢ ᠹᠠᠨ ᠬᠤᠷᠡᠯ ᠳᠤ ᠤᠷᠤᠯᠴᠠᠭᠰᠠᠠ ᠪᠦᠭᠡᠳ ᠲᠠᠶᠢᠴᠢᠯᠠᠯᠳᠡ ᠶᠢᠨ ᠶᠠᠷᠢᠶ᠎ᠠ ᠲᠡᠯᠪᠢᠵᠡᠢ᠃      ᠬᠤᠷᠡᠯ ᠠᠴᠠ ᠵᠢᠭᠠᠵᠤ ᠭᠠᠷᠭᠠᠭᠰᠠᠨ ᠨᠢ᠂ ᠲᠤᠰ ᠡᠬᠡᠯᠵᠢ ᠶᠢᠨ ᠲᠤᠭᠤᠷᠢᠨ ᠪᠠᠶᠢᠴᠠᠭᠠᠯᠳᠡ ᠪᠤᠯ ᠨᠠᠮ ᠤᠨ ᠠᠷᠪᠠ ᠶᠢᠰᠦᠳᠦᠬᠡᠷ ᠶᠡᠭᠡ ᠬᠤᠷᠡᠯ ᠤᠨ ᠲᠠᠷᠠᠭᠠᠬᠢ ᠠᠩᠬᠠᠨ ᠤ ᠲᠤᠭᠤᠷᠢᠨ ᠪᠠᠶᠢᠴᠠᠭᠠᠯᠳᠡ ᠪᠤᠯᠤᠨ᠎ᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠡᠯ ᠤᠨ ᠵᠤᠷᠢᠭ ᠰᠠᠨᠠᠭ᠎ᠠ ᠶᠢ ᠬᠦᠨᠵᠡᠬᠡᠢ ᠲᠤᠤᠱᠯᠠᠭᠤᠯᠵᠥ᠂ ᠤᠯᠤᠰ ᠲᠦᠷᠦ ᠶᠢᠨ ᠲᠤᠭᠤᠷᠢᠨ ᠪᠠᠶᠢᠴᠠᠭᠠᠯᠳᠠ ᠶᠢᠨ ᠪᠠᠶᠢᠷᠢ ᠲᠤᠭᠳᠠᠭᠠᠯᠳᠠ ᠶᠢ ᠪᠠᠳᠤ ᠡᠵᠡᠮᠰᠢᠵᠥ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠥ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠠ ᠨᠠᠮ ᠤᠨ ᠲᠦᠪ  ᠬᠤᠷᠢᠶ᠎ᠠ ᠶᠢᠨ ᠡᠷᠬᠡ ᠰᠦᠷ ᠪᠤᠯᠤᠨ ᠲᠦᠪᠯᠡᠷᠡᠩᠬᠦᠢ ᠨᠢᠬᠡᠳᠤᠯᠳᠡᠢ ᠤᠳᠤᠷᠢᠳᠤᠯᠭ᠎ᠠ ᠶᠢ ᠡᠷᠡᠰ ᠬᠠᠮᠠᠭᠠᠯᠠᠬᠤ ᠬᠡᠷᠡᠭᠳᠡᠢ ᠭᠡᠵᠡᠢ᠃      ᠬᠤᠷᠡᠯ ᠠᠴᠠ ᠴᠢᠬᠤᠯᠠᠴᠢᠯᠠᠭᠰᠠᠨ ᠨᠢ᠂ ᠨᠠᠮ ᠤᠨ ᠤᠯᠤᠰ ᠲᠦᠷᠦ ᠶᠢᠨ ᠪᠠᠶᠢᠭᠤᠯᠤᠯᠳᠠ ᠪᠠᠷ ᠤᠯᠤᠰ ᠲᠦᠷᠦ ᠎ ᠶᠢᠨ ᠲᠤᠭᠤᠷᠢᠨ ᠪᠠᠶᠢᠴᠠᠭᠠᠯᠳᠡ ᠶᠢ ᠨᠢᠬᠡᠳᠤᠯᠳᠡᠢ ᠤᠳᠤᠷᠢᠳᠤᠭᠤᠯᠵᠥ᠂ ᠨᠠᠮ ᠤᠨ ᠲᠦᠷᠢᠮ ᠢ ᠬᠡᠷᠡᠭᠵᠢᠬᠦᠯᠥᠭᠰᠡᠡ ᠪᠠᠶᠢᠳᠠᠯ ᠪᠤᠯᠤᠨ ᠨᠠᠮ ᠤᠨ ᠠᠷᠪᠠ ᠶᠢᠰᠦᠳᠦᠭᠡᠷ ᠶᠡᠭᠡ ᠬᠤᠷᠡᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠠ ᠪᠠᠶᠢᠳᠠᠯ ᠳᠤ ᠬᠢᠨᠠᠯᠳᠠ ᠪᠠᠶᠢᠴᠠᠭᠠᠯᠳᠡ ᠪᠠᠨ ᠴᠢᠩᠭᠠᠳᠬᠠᠵᠥ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠳᠠᠯᠠᠬᠤ ᠲᠠᠯ᠎ᠠ ᠪᠠᠷ ᠤᠶᠤᠨ ᠤᠬᠠᠭᠠᠨ ᠢᠶᠠᠨ ᠲᠦᠪᠯᠡᠷᠡᠬᠦᠯᠵᠥ᠂ ᠨᠠᠮ ᠤᠨ ᠡᠯ᠎ᠡ ᠵᠦᠢᠯ ᠤᠨ ᠪᠠᠶᠢᠭᠤᠯᠤᠯᠳᠠ ᠶᠢ ᠴᠢᠩᠭᠠᠳᠬᠠᠬᠤ ᠲᠠᠯ᠎ᠠ ᠪᠠᠷ ᠬᠦᠴᠦᠨ ᠴᠢᠳᠠᠯ  ᠎ ᠢᠶᠠᠨ ᠨᠢᠬᠳᠠᠷᠠᠭᠤᠯᠵᠥ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠠᠯ᠎ᠠ ᠪᠠᠷ ᠠᠩᠬᠠᠷᠤᠯ ᠢᠶᠠᠨ ᠲᠦᠪᠯᠡᠷᠡᠬᠦᠯᠵᠥ᠂ ᠨᠠᠮ ᠤᠨ ᠤᠯᠤᠰ ᠲᠦᠷᠦ ᠶᠢᠨ ᠪᠠᠶᠢᠭᠤᠯᠤᠯᠳᠠ᠂ ᠦᠵᠡᠯ ᠰᠠᠨᠠᠭᠠᠨ ᠤ ᠪᠠᠶᠢᠭᠤᠯᠤᠯᠳᠠ᠂ ᠵᠤᠬᠢᠶᠠᠨ ᠪᠠᠶᠢᠭᠤᠯᠤᠯᠳᠠ ᠶᠢᠨ ᠪᠠᠶᠢᠭᠤᠯᠤᠯᠲᠠ᠂ ᠤᠪᠤᠷ ᠰᠤᠷᠳᠠᠯ ᠤᠨ ᠪᠠᠶᠢᠭᠤᠯᠤᠯᠳᠠ᠂ ᠰᠠᠬᠢᠯᠭ᠎ᠠ ᠪᠠᠳᠤ ᠶᠢᠨ ᠪᠠᠶᠢᠭᠤᠯᠤᠯᠳᠠ ᠪᠤᠯᠤᠨ ᠢᠯᠵᠢᠷᠡᠯ ᠢ ᠡᠰᠡᠷᠬᠦᠴᠡᠬᠦ ᠲᠡᠮᠡᠴᠡᠯ ᠤᠨ ᠲᠡᠶᠢᠯᠥᠩᠬᠦᠢ ᠢᠯᠡᠯᠳᠡ ᠶᠢ ᠤᠯᠬᠤ ᠵᠡᠷᠬᠡ  ᠠᠭᠤᠯᠭ᠎ᠠ ᠶᠢᠨ ᠲᠤᠭᠤᠷᠢᠨ ᠳᠤ ︽ᠤᠯᠤᠰ ᠲᠦᠷᠦ ᠶᠢᠨ ᠪᠡᠶ᠎ᠡ ᠪᠠᠶᠢᠴᠠᠭᠠᠯᠳᠠ︾ ᠦᠷᠨᠢᠬᠦᠯᠬᠦ ᠬᠡᠷᠡᠭᠳᠡᠢ᠃ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠬᠢᠨ ᠰᠠᠬᠢᠯᠭ᠎ᠠ ᠪᠠᠳᠤ ᠱᠠᠭᠠᠷᠳᠠᠯᠭ᠎ᠠ ᠶᠢ ᠴᠢᠩᠭ᠎ᠠ ᠰᠠᠬᠢᠵᠥ᠂ ᠲᠦᠷᠢᠮ ᠲᠤᠭᠳᠠᠭᠠᠯ ᠰᠠᠬᠢᠯᠭ᠎ᠠ ᠪᠠᠳᠤ ᠶᠤᠰᠤᠭᠠᠷ ᠲᠤᠭᠤᠷᠢᠨ ᠪᠠᠶᠢᠴᠠᠭᠠᠵᠥ᠂ ᠬᠡᠵᠢᠶᠡᠳᠡ ᠠᠯᠠᠮᠠᠶᠢᠷᠠᠬᠤ ᠦᠭᠡᠢ ᠪᠠᠶᠢᠬᠤ ᠤᠶᠤᠨ ᠰᠠᠨᠠᠭᠠᠨ ᠤ ᠲᠦᠷᠰᠦ ᠪᠠᠶᠢᠳᠠᠯ ᠢᠶᠠᠷ ᠲᠤᠭᠤᠷᠢᠨ ᠪᠠᠶᠢᠴᠠᠭᠠᠬᠤ ᠠᠵᠢᠯ ᠢ ᠠᠬᠢᠭᠤᠯᠬᠤ ᠬᠡᠷᠡᠭᠳᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号