ᠥᠪᠥᠷ ᠵᠠᠰᠠᠭ ᠲᠠᠷᠬᠠᠭᠠᠭᠰᠠᠨ ﹇2017﹈ 123 ᠳ᠋ᠤᠭᠠᠷ ᠲᠤᠭᠠᠳᠤ | 2017 ᠣᠨ ᠤ 9 ᠳ᠋ᠤᠭᠡᠷ ᠰᠠᠷ᠎ᠠ ᠶᠢᠨ 8 ᠤ ᠡᠳᠦᠷ | | | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ︽ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ ᠬᠡᠷᠡᠭᠵᠢᠭᠦᠯᠬᠦ ᠲᠥᠰᠦᠯ︾ ᠢ | ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠤᠳᠠᠲᠠᠢ ᠲᠠᠢ ᠪᠠᠨ ᠤᠶᠠᠯᠳᠤᠭᠤᠯᠵᠤ᠂ ᠬᠢᠨᠠᠮᠠᠭᠠᠶ ᠲᠤᠤᠱᠯᠠᠭᠤᠯᠤᠨ | ᠬᠡᠷᠡᠭᠵᠢᠭᠦᠯᠲᠦᠭᠡᠶ᠃ | | | ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ ᠬᠡᠷᠡᠭᠵᠢᠭᠦᠯᠬᠦ ᠲᠥᠰᠦᠯ | | | ᠮᠠᠨ ᠤ ᠣᠷᠣᠨ ᠤ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ | ᠴᠢᠩᠭᠠᠳᠬᠠᠵᠤ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠳᠠᠬᠢ ᠵᠠᠰᠠᠭ ᠤᠨ ᠣᠷᠳᠣᠨ ᠤ | ᠦᠯᠢᠭᠡᠷ ᠳᠠᠭᠤᠷᠢᠶᠠᠯ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠨᠡᠶᠢᠭᠡᠮ ᠤᠨ ᠵᠠᠰᠠᠯᠲᠠ ᠶᠢᠨ ᠴᠢᠳᠠᠪᠤᠷᠢ ᠪᠣᠯᠣᠨ | ᠵᠠᠰᠠᠭ ᠤᠨ ᠣᠷᠳᠣᠨ ᠤ ᠣᠯᠠᠨ ᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠬᠦ ᠶᠢᠨ ᠲᠤᠰᠠᠳᠠ᠂ ︽ᠵᠠᠰᠠᠭ ᠤᠨ | ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠵᠢᠯᠣᠭᠤᠳᠬᠤ ᠰᠠᠨᠠᠯ︾ ︵ᠲᠥᠷᠥ ᠲᠠᠷᠬᠠᠭᠠᠭᠰᠠᠨ ﹇2016﹈ 76 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ | ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠤᠨ᠂ ᠲᠤᠰ ᠲᠥᠰᠦᠯ ᠢ | ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠳᠤ ᠪᠣᠳᠣᠯᠭ᠎ᠠ ᠶᠢᠨ | ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠠᠵᠢᠯ ᠤᠨ ᠱᠠᠭᠠᠷᠳᠠᠯᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠶᠠᠪᠤᠳᠠᠯ ᠤᠨ | ᠢᠲᠡᠭᠡᠮᠵᠢ ᠶᠢᠨ ᠪᠠᠶᠢᠭᠤᠯᠤᠯᠲᠠ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠬᠠᠤᠯᠢ ᠶᠣᠰᠣᠭᠠᠷ | ᠵᠠᠰᠠᠭ ᠶᠠᠪᠤᠭᠤᠯᠬᠤ᠂ ᠢᠯᠡ ᠵᠠᠰᠠᠭ ᠶᠠᠪᠤᠭᠤᠯᠬᠤ ᠶᠢ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ | ᠲᠦᠯᠬᠢᠨ ᠠᠬᠢᠭᠤᠯᠬᠤ ᠴᠢᠬᠤᠯᠠ ᠠᠷᠭ᠎ᠠ ᠪᠠᠷᠢᠯ ᠪᠣᠯᠭᠠᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠵᠠᠰᠠᠭ | ᠵᠠᠬᠢᠷᠭᠠᠨ ᠤ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠵᠠᠰᠠᠭ ᠤᠨ ᠣᠷᠳᠣᠨ ᠤ ᠣᠯᠠᠨ ᠢ ᠢᠲᠡᠭᠡᠭᠦᠯᠬᠦ | ᠬᠦᠴᠦᠨ ᠢ ᠳᠡᠭᠡᠭᠰᠢᠯᠡᠭᠦᠯᠬᠦ ᠬᠡᠷᠡᠭᠲᠡᠢ︔ ᠵᠠᠰᠠᠭ ᠤᠨ ᠶᠠᠪᠤᠳᠠᠯ ᠤᠨ ᠬᠦᠷᠢᠶ᠎ᠡ ᠬᠡᠪᠴᠢᠶᠡᠨ ᠳᠠᠬᠢ ᠢᠲᠡᠭᠡᠯ ᠠᠯᠳᠠᠭᠰᠠᠨ | ᠲᠡᠮᠳᠡᠭᠯᠡᠯ ᠪᠠᠶᠢᠭᠤᠯᠬᠤ ᠪᠠ ᠢᠲᠡᠭᠡᠯ ᠠᠯᠳᠠᠭᠰᠠᠨ ᠠᠵᠢᠯᠯᠠᠭ᠎ᠠ ᠶᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ | ᠬᠡᠷᠡᠭᠵᠢᠭᠦᠯᠬᠦ ᠶᠢ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠴᠢᠬᠤᠯᠠ | ᠭᠠᠷᠳᠠᠴᠠ ᠪᠣᠯᠭᠠᠵᠤ᠂ ᠬᠢᠨᠠᠨ ᠵᠢᠯᠣᠭᠤᠳᠴᠤ ᠰᠢᠯᠭᠠᠨ ᠲᠣᠭᠲᠠᠭᠠᠬᠤ ᠶᠢ ᠴᠢᠩᠭᠠᠳᠬᠠᠨ᠂ ᠵᠠᠰᠠᠭ ᠤᠨ ᠣᠷᠳᠣᠨ ᠤ | ᠢᠲᠡᠭᠡᠮᠵᠢ ᠲᠠᠢ ᠪᠠᠷ ᠵᠠᠰᠠᠭ ᠶᠠᠪᠤᠭᠤᠯᠬᠤ ᠬᠢᠷᠢ ᠬᠡᠮᠵᠢᠶ᠎ᠡ ᠪᠣᠯᠣᠨ ᠠᠯᠪᠠᠲᠠᠨ ᠤ ᠡᠩᠨᠡᠭᠡ ᠶᠢᠨ ᠢᠲᠡᠭᠡᠮᠵᠢ ᠲᠠᠢ ᠪᠠᠷ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠦᠵᠡᠯ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ︔ | ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ᠂ ᠵᠠᠬ᠎ᠠ ᠳᠡᠯᠭᠡᠭᠦᠷ ᠤᠨ ᠲᠥᠪ ᠭᠤᠣᠯᠴᠢ ᠶᠢ | ᠬᠤᠬᠢᠷᠠᠭᠤᠯᠤᠭᠰᠠᠨ ᠵᠡᠷᠭᠡ ᠵᠠᠰᠠᠭ ᠤᠨ ᠶᠠᠪᠤᠳᠠᠯ ᠤᠨ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠵᠠᠰᠠᠬᠤ ᠪᠠᠷ | ᠭᠤᠣᠯᠳᠠᠯᠭ᠎ᠠ ᠪᠣᠯᠭᠠᠵᠤ᠂ ᠮᠠᠨ ᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠪᠣᠯᠣᠨ ᠠᠷᠠᠳ ᠤᠯᠠᠨ ᠤ | ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠭᠰᠠᠨ ᠵᠠᠰᠠᠭ ᠤᠨ ᠶᠠᠪᠤᠳᠠᠯ ᠤᠨ | ᠢᠲᠡᠭᠡᠮᠵᠢ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ | ᠬᠤᠶᠠᠷ᠂ ᠠᠵᠢᠯ ᠤᠨ ᠡᠭᠦᠷᠭᠡ | ︵ᠨᠢᠭᠡ︶ ᠵᠠᠰᠠᠭ ᠤᠨ ᠶᠠᠪᠤᠳᠠᠯ ᠤᠨ ᠭᠤᠣᠯ ᠴᠣᠭᠴᠠ ᠶᠢᠨ ᠢᠲᠡᠭᠡᠮᠵᠢ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ | 1. ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠎ᠠ᠃ ᠡᠷᠬᠡ ᠶᠢᠨ ᠨᠠᠷᠢᠨ ᠬᠠᠭᠤᠳᠠᠰᠤ᠂ | ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠂ ᠵᠠᠭᠤᠴᠢ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ᠂ ᠵᠠᠭᠤᠴᠢ | ᠦᠢᠯᠡᠴᠢᠯᠡᠭᠡᠨ ᠤ ᠰᠦᠢᠳᠬᠡᠯ ᠬᠤᠷᠢᠶᠠᠬᠤ ᠭᠠᠷᠴᠠᠭ ᠤᠨ ᠨᠠᠷᠢᠨ ᠬᠠᠭᠤᠳᠠᠰᠤ᠂ ᠤᠯᠠᠨ ᠨᠡᠶᠢᠲᠡ ᠶᠢᠨ | ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ᠂ ᠭᠡᠷᠡᠴᠢᠯᠡᠬᠦ ᠵᠦᠢᠯᠡᠰ ᠤᠨ ᠨᠠᠷᠢᠨ ᠬᠠᠭᠤᠳᠠᠰᠤ᠂ ᠮᠠᠰᠢᠨ ᠤ | ᠲᠠᠰᠢᠷᠠᠮ ᠢᠶᠠᠷ ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ᠂ ᠵᠠᠰᠠᠭ ᠵᠠᠬᠢᠷᠭᠠᠨ ᠤ ᠠᠵᠢᠯ | ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠭᠠᠷᠴᠠᠭ ᠤᠨ ᠨᠠᠷᠢᠨ ᠬᠠᠭᠤᠳᠠᠰᠤ ᠵᠡᠷᠭᠡ ︽ᠨᠠᠢᠮᠠᠨ ᠨᠠᠷᠢᠨ | ᠬᠠᠭᠤᠳᠠᠰᠤ︾ ᠶᠢ ᠦᠷᠭᠦᠯᠵᠢᠯᠡᠨ ᠲᠡᠭᠦᠯᠳᠡᠷᠵᠢᠭᠦᠯᠦᠨ ᠰᠠᠶᠢᠲᠤᠷ ᠨᠠᠶᠢᠳᠠᠪᠤᠷᠢᠵᠢᠭᠤᠯᠵᠤ᠂ ᠨᠠᠷᠢᠨ ᠬᠠᠭᠤᠳᠠᠰᠤ ᠶᠢᠨ | ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠡᠷᠬᠡ ᠶᠢᠨ ᠠᠵᠢᠯᠯᠠᠭᠠᠨ ᠢ ᠵᠢᠷᠤᠮᠵᠢᠭᠤᠯᠤᠨ᠎ᠠ᠃ ᠬᠠᠤᠯᠢ | ᠶᠣᠰᠣᠭᠠᠷ ᠰᠢᠢᠳᠪᠦᠷᠢᠳᠤ ᠪᠤᠳᠤᠯᠭ᠎ᠠ ᠲᠣᠭᠲᠠᠭᠠᠬᠤ ᠲᠣᠭᠲᠠᠴᠠ ᠶᠢ ᠪᠦᠷᠢᠨᠰᠢᠭᠦᠯᠵᠦ᠂ ᠤᠯᠠᠨ ᠨᠡᠶᠢᠲᠡ ᠶᠢᠨ | ᠣᠷᠣᠯᠴᠠᠬᠤ᠂ ᠲᠤᠰᠬᠠᠶ ᠮᠡᠷᠭᠡᠵᠢᠯᠲᠡᠳ ᠨᠣᠲᠠᠯᠠᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ | ᠴᠢᠨᠠᠷ ᠢ ᠬᠢᠨᠠᠨ ᠪᠠᠶᠢᠴᠠᠭᠠᠬᠤ ᠪᠠ ᠬᠠᠮᠲᠤ ᠪᠠᠷ ᠶᠠᠷᠢᠯᠴᠠᠨ ᠲᠣᠭᠲᠠᠭᠠᠬᠤ ᠶᠢ ᠴᠢᠬᠤᠯᠠ ᠶᠡᠭᠡ ᠰᠢᠢᠳᠪᠦᠷᠢᠳᠤ | ᠪᠤᠳᠦᠯᠭ᠎ᠠ ᠲᠣᠭᠲᠠᠭᠠᠬᠤ ᠶᠢᠨ ᠵᠠᠪᠠᠯ ᠥᠩᠭᠡᠷᠡᠭᠡᠬᠦ ᠲᠡᠰ ᠳᠠᠷᠠᠭᠠᠯᠠᠯ ᠪᠣᠯᠭᠠᠵᠤ᠂ ᠨᠠᠷᠢᠨ ᠬᠢᠨᠠᠮᠠᠭᠠᠶ ᠬᠡᠷᠡᠭᠵᠢᠭᠦᠯᠦᠨ᠎ᠡ᠃ | | 2. ᠵᠠᠰᠠᠭ ᠵᠠᠬᠢᠷᠭᠠᠨ ᠤ ᠡᠷᠬᠡ ᠶᠢᠨ ᠠᠵᠢᠯᠯᠠᠭᠠᠨ ᠤ ᠪᠦᠬᠦ ᠶᠠᠪᠤᠴᠠ ᠶᠢ ᠢᠯᠡ ᠪᠣᠯᠭᠠᠬᠤ ᠶᠢ ᠬᠡᠷᠡᠭᠵᠢᠭᠦᠯᠦᠨ᠎ᠡ᠃ | ᠵᠠᠰᠠᠭ ᠵᠠᠬᠢᠷᠭᠠᠨ ᠤ ᠰᠢᠢᠳᠪᠦᠷᠢᠳᠤ ᠪᠣᠳᠣᠯᠭ᠎ᠠ ᠲᠣᠭᠲᠠᠭᠠᠬᠤ᠂ ᠭᠦᠢᠴᠡᠳᠬᠡᠬᠦ᠂ ᠬᠠᠮᠢᠶᠠᠷᠬᠤ᠂ ᠦᠢᠯᠡᠴᠢᠯᠡᠬᠦ ᠪᠠ | ᠦᠷ᠎ᠡ ᠳ᠋ᠦᠩ ᠵᠡᠷᠭᠡ ᠲᠠᠯ᠎ᠠ ᠪᠠᠷ ᠬᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ ᠢ | ᠬᠠᠣᠯᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠵᠤ᠂ ᠠᠷᠠᠳ ᠤᠯᠠᠨ ᠤ ᠪᠠᠶᠢᠳᠠᠯ ᠢ ᠮᠡᠳᠡᠬᠦ ᠡᠷᠬᠡ᠂ ᠣᠷᠣᠯᠴᠠᠬᠤ | ᠡᠷᠬᠡ᠂ ᠢᠯᠡᠳᠬᠡᠬᠦ ᠡᠷᠬᠡ᠂ ᠬᠢᠨᠠᠯᠲᠠ ᠲᠠᠯᠪᠢᠬᠤ ᠡᠷᠬᠡ ᠶᠢ ᠪᠠᠲᠤᠯᠠᠨ᠎ᠠ᠃ | 3. ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ︽ | ᠪᠠᠭᠤᠯᠭᠠᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢᠨ ᠶᠡᠷᠦᠩᠬᠡᠶ ᠱᠠᠭᠠᠷᠳᠠᠯᠭ᠎ᠠ ᠶᠣᠰᠣᠭᠠᠷ᠂ ᠵᠠᠰᠠᠭ | ᠵᠠᠬᠢᠷᠭᠠᠨ ᠤ ᠠᠵᠢᠯ ᠤᠨ ᠴᠤᠪᠤᠷᠠᠯ ᠢ ᠤᠯᠠᠮ ᠨᠢᠭᠡ ᠠᠯᠬᠤᠮ ᠴᠤᠮᠬᠠᠳᠬᠠᠨ ᠰᠢᠯᠢᠳᠡᠭᠵᠢᠭᠦᠯᠵᠦ᠂ ᠵᠠᠰᠠᠭ ᠵᠠᠬᠢᠷᠭᠠᠨ ᠤ | ᠬᠢᠨᠠᠨ ᠵᠥᠪᠰᠢᠶᠡᠷᠡᠬᠦ ᠵᠦᠢᠯᠡᠰ ᠢ ᠦᠷᠭᠦᠯᠵᠢᠯᠡᠨ ᠢᠯᠭᠠᠷᠠᠭᠤᠯᠤᠨ᠂ ᠬᠦᠴᠦᠨ ᠦᠭᠡᠢ ᠪᠣᠯᠭᠠᠬᠤ ᠪᠠ ᠲᠣᠬᠢᠷᠠᠭᠤᠯᠵᠤ᠂ | ᠡᠷᠬᠡ ᠶᠢ ᠳᠣᠷᠣᠭᠰᠢ ᠪᠠᠭᠤᠯᠭᠠᠬᠤ ᠶᠢᠨ ᠬᠠᠮᠵᠢᠯᠴᠠᠬᠤ ᠴᠢᠨᠠᠷ᠂ ᠬᠠᠮᠲᠤᠷᠠᠨ ᠬᠦᠳᠡᠯᠦᠯᠴᠡᠬᠦ ᠴᠢᠨᠠᠷ ᠢ | ᠳᠡᠭᠡᠭᠰᠢᠯᠡᠭᠦᠯᠦᠨ᠎ᠡ᠃ ᠰᠦᠯᠵᠢᠶᠡᠨ ᠳᠡᠭᠡᠷ᠎ᠡ ᠦᠢᠯᠡᠴᠢᠯᠡᠬᠦ᠂ ᠬᠠᠮᠳᠤᠳᠬᠠᠨ ᠦᠢᠯᠡᠴᠢᠯᠡᠬᠦ ᠪᠠ ᠦᠢᠯᠡᠴᠢᠯᠡᠭᠡᠨ ᠤ | ᠶᠠᠰᠤ ᠴᠢᠨᠠᠷ ᠢ ᠢᠯᠠ ᠪᠠᠷ ᠠᠮᠡᠯᠳᠦᠬᠤ ᠵᠡᠷᠭᠡ ᠠᠷᠭ᠎ᠠ ᠬᠡᠮᠵᠢᠶ᠎ᠡ ᠠᠪᠴᠤ᠂ ᠵᠠᠰᠠᠭ ᠵᠠᠬᠢᠷᠭᠠᠨ ᠤ ᠪᠦᠲᠦᠮᠵᠢ ᠪᠣᠯᠤᠨ | ᠬᠢᠷᠢ ᠬᠡᠮᠵᠢᠶ᠎ᠡ ᠶᠢ ᠲᠡᠰᠦᠷᠡᠯᠳᠠ ᠦᠭᠡᠢ ᠳᠡᠭᠡᠭᠰᠢᠯᠡᠭᠦᠯᠦᠨ᠎ᠡ᠃ | 4. ᠪᠡᠯᠡ ᠣᠷᠣᠭᠤᠯᠤᠯᠲᠠ ᠶᠢ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ | ᠲᠦᠯᠬᠢᠨ ᠠᠬᠢᠭᠤᠯᠤᠨ᠎ᠠ᠃ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠰᠦᠯᠵᠢᠶᠡᠨ ᠳᠡᠭᠡᠷ᠎ᠡ ᠬᠢᠨᠠᠨ | ᠵᠥᠪᠰᠢᠶᠡᠷᠡᠵᠦ ᠬᠢᠨᠠᠨ ᠬᠠᠮᠢᠶᠠᠷᠬᠤ ᠲᠠᠪᠴᠠᠩ ᠢ ᠲᠡᠭᠦᠯᠳᠡᠷᠵᠢᠭᠦᠯᠵᠦ᠂ ᠪᠡᠯᠡ ᠣᠷᠣᠭᠤᠯᠤᠯᠲᠠ ᠶᠢᠨ ᠪᠤᠢ ᠪᠦᠬᠦᠢ | ᠬᠢᠨᠠᠨ ᠵᠥᠪᠰᠢᠶᠡᠷᠡᠬᠦ ᠵᠦᠢᠯᠡᠰ ᠢ ᠰᠦᠯᠵᠢᠶᠡᠨ ᠳᠡᠭᠡᠷ᠎ᠡ ᠨᠢᠭᠡᠳᠦᠯᠲᠡᠢ ᠬᠢᠨᠠᠨ ᠵᠥᠪᠰᠢᠶᠡᠷᠡᠬᠦ ᠶᠢ ᠦᠨᠡᠨᠬᠦ ᠪᠠᠲᠤᠯᠠᠨ᠎ᠠ᠃ | | 5. ᠤᠯᠠᠨ ᠨᠡᠶᠢᠲᠡ ᠶᠢᠨ ᠡᠬᠢ ᠪᠠᠶᠠᠯᠢᠭ ᠢ ᠠᠷᠠᠯᠵᠢᠶᠠᠯᠠᠬᠤ ᠠᠵᠢᠯᠯᠠᠭ᠎ᠠ ᠶᠢ ᠤᠯᠠᠮ ᠨᠢᠭᠡ ᠠᠯᠬᠤᠮ | ᠵᠢᠷᠤᠮᠵᠢᠭᠤᠯᠤᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶᠠᠨ ᠤ ᠢᠲᠡᠭᠡᠮᠵᠢ ᠶᠢᠨ ᠬᠠᠮᠢᠶᠠᠷᠤᠯᠲᠠ ᠶᠢᠨ ᠠᠷᠭ᠎ᠠ︾ ᠶᠢ ᠲᠣᠭᠲᠠᠭᠠᠵᠤ᠂ ᠲᠦᠷᠢᠮ | ᠲᠣᠭᠲᠠᠭᠠᠯ ᠪᠣᠯᠤᠨ ᠦᠢᠯᠡᠴᠢᠯᠡᠭᠡᠨ ᠤ ᠪᠠᠷᠢᠮᠵᠢᠶ᠎ᠠ ᠶᠢ ᠨᠢᠭᠡᠳᠦᠯᠲᠡᠢ ᠪᠣᠯᠭᠠᠨ᠂ ᠠᠷᠠᠯᠵᠢᠶᠠᠨ ᠤ ᠲᠣᠭᠲᠠᠴᠠ ᠶᠢ | ᠲᠡᠭᠦᠯᠳᠡᠷᠵᠢᠭᠦᠯᠵᠦ᠂ ᠠᠷᠠᠯᠵᠢᠶᠠᠨ ᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠢᠲᠡᠭᠡᠮᠵᠢ ᠶᠢᠨ | ᠬᠠᠮᠢᠶᠠᠷᠤᠯᠲᠠ ᠶᠢ ᠴᠢᠩᠭᠠᠳᠬᠠᠨ᠎ᠠ᠃ | 6. ᠡᠯ᠎ᠡ ᠬᠦᠷᠢᠶ᠎ᠡ ᠬᠡᠪᠴᠢᠶᠡᠨ ᠳᠤ ᠦᠨᠡᠨ ᠨᠡᠷ᠎ᠡ ᠪᠠᠷ ᠳᠠᠩᠰᠠᠯᠠᠬᠤ ᠳᠦᠷᠢᠮ ᠢ ᠪᠠᠶᠢᠭᠤᠯᠤᠨ | ᠪᠦᠷᠢᠨᠰᠢᠭᠦᠯᠦᠨ᠎ᠡ᠃ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠦᠨᠡᠨ ᠨᠡᠷ᠎ᠡ ᠪᠠᠷ ᠳᠠᠩᠰᠠᠯᠠᠬᠤ | ᠲᠦᠷᠢᠮ ᠤᠨ ᠬᠡᠷᠡᠭᠵᠢᠭᠦᠯᠬᠦ ᠬᠡᠪᠴᠢᠶ᠎ᠡ ᠶᠢ ᠲᠣᠭᠲᠠᠭᠠᠵᠤ᠂ ᠣᠨᠣᠪᠴᠢᠲᠠᠶ ᠪᠦᠬᠦ ᠲᠠᠯ᠎ᠠ ᠶᠢ ᠬᠠᠮᠤᠷᠤᠭᠰᠠᠨ ᠪᠠ | ᠬᠥᠳᠡᠯᠦᠩᠭᠦᠶ ᠰᠢᠨᠡᠳᠬᠡᠬᠦ ᠳᠠᠩᠰᠠᠯᠠᠯ ᠤᠨ ᠮᠡᠳᠡᠭᠡ ᠵᠠᠩᠭᠢ ᠶᠢ ᠪᠠᠶᠢᠭᠤᠯᠵᠤ᠂ ᠢᠲᠡᠭᠡᠮᠵᠢ ᠶᠢᠨ ᠦᠢᠯᠡᠴᠢᠯᠡᠭᠡᠨ ᠤ | ᠠᠵᠢᠯ ᠢ ᠥᠷᠨᠢᠭᠦᠯᠬᠦ ᠳᠤ ᠰᠠᠭᠤᠷᠢ ᠲᠠᠯᠪᠢᠨ᠎ᠠ᠃ | ︵ᠬᠤᠶᠠᠷ︶ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ | ᠪᠦᠷᠢᠨᠰᠢᠭᠦᠯᠦᠨ᠎ᠡ᠃ | 1. ᠠᠯᠪᠠᠲᠠᠨ ᠤ ᠢᠲᠡᠭᠡᠮᠵᠢ ᠶᠢᠨ ᠬᠥᠮᠦᠵᠢᠯ ᠢ ᠴᠢᠩᠭᠠᠳᠬᠠᠨ᠎ᠠ᠃ ᠢᠲᠡᠭᠡᠮᠵᠢ ᠶᠢᠨ ᠪᠠᠶᠢᠭᠤᠯᠤᠯᠲᠠ ᠶᠢ | ᠠᠯᠪᠠᠲᠠᠨ ᠤ ᠪᠣᠯᠪᠠᠰᠤᠷᠠᠭᠤᠯᠤᠯ ᠪᠠ ᠳᠠᠪᠲᠠᠨ ᠪᠣᠯᠪᠠᠰᠤᠷᠠᠭᠤᠯᠬᠤ ᠬᠢᠴᠢᠶᠡᠯ ᠳᠤ ᠣᠷᠣᠭᠤᠯᠵᠤ᠂ ᠠᠯᠪᠠᠲᠠᠨ ᠤ | ᠢᠲᠡᠭᠡᠮᠵᠢ ᠶᠢᠨ ᠮᠡᠳᠡᠯᠭᠡ ᠰᠤᠷᠤᠯᠴᠠᠬᠤ ᠶᠢ ᠴᠢᠩᠭᠠᠳᠬᠠᠨ᠂ ᠠᠯᠪᠠᠲᠠᠨ ᠤ ᠢᠲᠡᠭᠡᠮᠵᠢ ᠶᠢᠨ ᠦᠵᠡᠯ ᠤᠬᠠᠮᠰᠠᠷ ᠢ | ᠳᠡᠭᠡᠭᠰᠢᠯᠡᠭᠦᠯᠦᠨ᠎ᠡ᠃ ᠠᠯᠪᠠᠲᠠᠨ ᠤ ᠢᠲᠡᠭᠡᠮᠵᠢ ᠶᠢᠨ ᠭᠠᠷ ᠳᠡᠪᠲᠡᠷ ᠢ ᠨᠠᠶᠢᠷᠠᠭᠤᠯᠤᠨ ᠵᠣᠬᠢᠶᠠᠵᠤ ᠳᠠᠷᠤᠮᠠᠯᠯᠠᠨ | ᠶᠠᠪᠤᠭᠤᠯᠵᠤ᠂ ᠠᠯᠪᠠᠲᠠᠨ ᠤ ᠢᠲᠡᠭᠡᠮᠵᠢᠲᠡᠶ ᠪᠠᠶᠢᠬᠤ᠂ ᠬᠠᠤᠯᠢ ᠶᠢ ᠰᠠᠬᠢᠬᠤ ᠪᠠ ᠶᠣᠰᠣ ᠮᠣᠷᠠᠯ ᠤᠨ ᠬᠥᠮᠦᠵᠢᠯ ᠢ | ᠭᠦᠨᠵᠡᠭᠡᠢ ᠦᠷᠨᠢᠭᠦᠯᠦᠨ᠎ᠡ᠃ | 2. ᠵᠠᠰᠠᠭ ᠤᠨ ᠶᠠᠪᠤᠳᠠᠯ ᠤᠨ ᠢᠲᠡᠭᠡᠯ ᠠᠯᠳᠠᠭᠰᠠᠨ ᠲᠡᠮᠳᠡᠭᠯᠡᠯ ᠢ ᠪᠠᠶᠢᠭᠤᠯᠤᠨ ᠪᠦᠷᠢᠨᠰᠢᠭᠦᠯᠦᠨ᠎ᠡ᠃ ᠡᠯ᠎ᠡ | ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠥᠴᠢᠷ ᠪᠣᠯᠤᠨ ᠠᠯᠪᠠᠲᠠᠨ ᠤ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ᠂ ᠬᠠᠤᠯᠢ ᠲᠣᠭᠲᠠᠭᠠᠯ ᠠᠴᠠ ᠵᠥᠷᠢᠴᠡᠨ᠂ ᠢᠲᠡᠭᠡᠯ ᠠᠯᠳᠠᠵᠤ | ᠪᠣᠯᠵᠤᠭ᠎ᠠ ᠵᠦᠷᠢᠴᠡᠭᠰᠡᠨ ᠠᠴᠠ ᠪᠣᠯᠵᠤ ᠬᠠᠤᠯᠢ ᠴᠠᠭᠠᠵᠠ ᠶᠢᠨ ᠰᠢᠭᠦᠨ ᠲᠠᠰᠤᠯᠤᠯᠲᠠ᠂ ᠵᠠᠰᠠᠭ ᠵᠠᠬᠢᠷᠭᠠᠨ ᠤ ᠰᠢᠳᠬᠡᠯ | ᠲᠣᠷᠭᠠᠭᠤᠯᠢ᠂ ᠰᠠᠬᠢᠯᠭ᠎ᠠ ᠪᠠᠲᠤ ᠶᠢᠨ ᠰᠢᠳᠬᠡᠯ᠂ ᠬᠠᠷᠢᠭᠤᠴᠠᠯᠭ᠎ᠠ ᠨᠡᠬᠡᠮᠵᠢᠯᠡᠵᠦ ᠰᠢᠢᠳᠪᠦᠷᠢᠯᠡᠭᠰᠡᠨ ᠵᠡᠷᠭᠡ ᠮᠡᠳᠡᠭᠡ | ᠵᠠᠩᠭᠢ ᠶᠢ ᠵᠠᠰᠠᠭ ᠤᠨ ᠶᠠᠪᠤᠳᠠᠯ ᠤᠨ ᠢᠲᠡᠭᠡᠯ ᠠᠯᠳᠠᠭᠰᠠᠨ ᠲᠡᠮᠳᠡᠭᠯᠡᠯ ᠳᠤ ᠣᠷᠣᠭᠤᠯᠤᠨ᠎ᠠ᠃ | 3. ᠵᠠᠰᠠᠭ ᠤᠨ ᠶᠠᠪᠤᠳᠠᠯ ᠤᠨ ᠢᠲᠡᠭᠡᠯ ᠠᠯᠳᠠᠭᠰᠠᠨ ᠲᠡᠮᠳᠡᠭᠯᠡᠯ ᠢ ᠡᠮᠬᠢᠳᠬᠡᠨ ᠴᠤᠭᠯᠠᠭᠤᠯᠬᠤ ᠲᠣᠭᠲᠠᠴᠠ ᠶᠢ | ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠡᠯ᠎ᠡ | ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠥᠴᠢᠷ ᠪᠣᠯᠤᠨ ᠪᠥᠬᠦ ᠣᠷᠣᠨ ᠤ | ᠠᠯᠪᠠᠳᠠᠨ ᠤ ᠵᠠᠰᠠᠭ ᠤᠨ ᠶᠠᠪᠤᠳᠠᠯ ᠤᠨ ᠢᠲᠡᠭᠡᠯ ᠠᠯᠳᠠᠭᠰᠠᠨ ᠲᠡᠮᠳᠡᠭᠯᠡᠯ ᠢ ᠬᠠᠣᠯᠢ ᠶᠣᠰᠣᠭᠠᠷ ᠴᠤᠭᠯᠠᠭᠤᠯᠤᠨ ᠢᠯᠡ | ᠪᠣᠯᠭᠠᠬᠤ ᠶᠢ ᠬᠠᠷᠢᠭᠤᠴᠠᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ | ᠵᠠᠩᠭᠢ ᠶᠢᠨ ᠲᠠᠪᠴᠠᠩ ᠳᠤ ᠡᠮᠬᠢᠳᠬᠡᠨ ᠴᠤᠭᠯᠠᠭᠤᠯᠵᠤ᠂ ︽ᠢᠲᠡᠭᠡᠮᠵᠢᠲᠦ ᠥᠪᠥᠷ ᠮᠣᠩᠭᠤᠯ︾ ᠰᠦᠯᠵᠢᠶ᠎ᠡ ᠶᠢ | ᠲᠦᠰᠢᠭᠯᠡᠨ ᠬᠠᠤᠯᠢ ᠲᠣᠭᠲᠠᠭᠠᠯ ᠶᠣᠰᠣᠭᠠᠷ ᠠᠯᠬᠤᠮ ᠠᠯᠬᠤᠮ ᠢᠶᠠᠷ ᠢᠯᠡ ᠪᠣᠯᠭᠠᠨ᠎ᠠ᠃ | 4. ᠵᠠᠰᠠᠭ ᠤᠨ ᠶᠠᠪᠤᠳᠠᠯ ᠤᠨ ᠢᠲᠡᠭᠡᠯ ᠠᠯᠳᠠᠭᠰᠠᠨ ᠲᠡᠮᠳᠡᠭᠯᠡᠯ ᠢ ᠮᠡᠳᠡᠭᠦᠯᠦᠨ ᠬᠦᠷᠭᠡᠬᠦ ᠲᠣᠭᠲᠠᠴᠠ ᠶᠢ | ᠪᠠᠶᠢᠭᠤᠯᠤᠨ᠎ᠠ᠃ ᠡᠯ᠎ᠡ ᠱᠠᠲᠤᠨ ᠤ ᠬᠢᠨᠠᠨ ᠪᠠᠶᠢᠴᠠᠭᠠᠬᠤ᠂ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ | ᠬᠤᠷᠢᠶ᠎ᠠ᠂ ᠵᠣᠬᠢᠶᠠᠨ ᠪᠠᠶᠢᠭᠤᠯᠤᠯᠲᠠ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠵᠡᠷᠭᠡ | ᠰᠠᠯᠠᠭ᠎ᠠ ᠮᠥᠴᠢᠷ ᠤᠳ ᠬᠠᠤᠯᠢ ᠳᠤ ᠲᠣᠭᠲᠠᠭᠠᠭᠰᠠᠨ ᠵᠢᠷᠤᠮ ᠪᠣᠯᠣᠨ ᠨᠥᠬᠦᠴᠡᠯ ᠳᠤ ᠨᠡᠶᠢᠴᠡᠭᠰᠡᠨ ᠦᠶ᠎ᠡ ᠳᠤ᠂ | ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠳᠤ ᠲᠤᠰ | ᠨᠢᠭᠡᠴᠡ ᠶᠢᠨ ᠢᠶᠠᠨ ᠡᠵᠡᠮᠰᠢᠭᠰᠡᠨ ᠵᠠᠰᠠᠭ ᠤᠨ ᠶᠠᠪᠤᠳᠠᠯ ᠤᠨ ᠢᠲᠡᠭᠡᠮᠵᠢ ᠦᠭᠡᠢ ᠮᠡᠳᠡᠭᠡ ᠵᠠᠩᠭᠢ ᠶᠢ ᠱᠠᠭᠠᠷᠳᠠᠯᠭ᠎ᠠ | ᠶᠣᠰᠣᠭᠠᠷ ᠮᠡᠳᠡᠭᠦᠯᠦᠨ ᠬᠦᠷᠭᠡᠵᠦ᠂ ᠮᠡᠳᠡᠭᠡ ᠵᠠᠩᠭᠢ ᠶᠢ ᠰᠠᠯᠠᠭ᠎ᠠ ᠮᠥᠴᠢᠷ ᠠᠯᠤᠰᠯᠠᠨ ᠬᠠᠮᠲᠤ ᠪᠠᠷ ᠬᠦᠷᠲᠡᠵᠦ | ᠬᠡᠷᠡᠭᠯᠡᠬᠦ ᠳᠤ ᠨᠥᠬᠦᠴᠡᠯ ᠪᠦᠷᠢᠯᠳᠦᠭᠦᠯᠦᠨ᠎ᠡ᠃ | 5. ᠢᠲᠡᠭᠡᠮᠵᠢᠲᠡᠶ ᠪᠠᠶᠢᠬᠤ ᠶᠢ ᠤᠷᠮᠠᠰᠢᠭᠤᠯᠬᠤ ᠠᠷᠭ᠎ᠠ ᠬᠡᠮᠵᠢᠶ᠎ᠡ ᠶᠢ ᠪᠠᠶᠢᠭᠤᠯᠤᠨ ᠪᠦᠷᠢᠨᠰᠢᠭᠦᠯᠦᠨ᠎ᠡ᠃ ᠡᠯ᠎ᠡ | ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠳ ᠠᠯᠪᠠᠲᠠᠨ ᠤ ᠰᠢᠯᠢᠳᠡᠭ ᠲᠡᠷᠢᠭᠦᠨ ᠢ ᠰᠢᠯᠭᠠᠷᠠᠭᠤᠯᠬᠤ ᠵᠡᠷᠭᠡ | ᠵᠦᠢᠯᠡᠰ ᠲᠤ ᠢᠲᠡᠭᠡᠮᠵᠢ ᠶᠢᠨ ᠲᠡᠮᠳᠡᠭᠯᠡᠯ ᠪᠣᠯᠣᠨ ᠢᠲᠡᠭᠡᠮᠵᠢ ᠶᠢᠨ ᠲᠠᠩᠰᠠ ᠡᠪᠬᠡᠮᠡᠯ ᠢ ᠪᠠᠶᠢᠴᠠᠭᠠᠨ ᠯᠠᠪᠯᠠᠵᠤ᠂ | ᠢᠲᠡᠭᠡᠮᠵᠢ ᠶᠢᠨ ᠲᠡᠮᠳᠡᠭᠯᠡᠯ ᠰᠠᠶᠢᠨ ᠪᠠᠶᠢᠭ᠎ᠠ ᠠᠯᠪᠠᠲᠠᠨ ᠢ ᠪᠣᠯ᠂ ᠰᠢᠯᠢᠳᠡᠭ ᠲᠠᠷᠢᠭᠦᠨ ᠢ ᠰᠢᠯᠭᠠᠷᠠᠭᠤᠯᠬᠤ ᠵᠡᠷᠭᠡ | ᠲᠠᠯ᠎ᠠ ᠪᠠᠷ ᠤᠷᠢᠳᠠᠪᠠᠷ ᠪᠣᠳᠣᠯᠬᠢᠯᠠᠵᠤ ᠪᠣᠯᠣᠨ᠎ᠠ᠃ | 6. ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠠᠶᠢᠭᠤᠯᠤᠨ | ᠪᠦᠷᠢᠨᠰᠢᠭᠦᠯᠦᠨ᠎ᠡ᠃ ᠢᠲᠡᠭᠡᠯ ᠠᠯᠳᠠᠭᠰᠠᠨ ᠦᠢᠯᠡ ᠠᠵᠢᠯᠯᠠᠭ᠎ᠠ ᠣᠷᠣᠰᠢᠵᠤ ᠪᠠᠶᠢᠭ᠎ᠠ ᠵᠠᠰᠠᠭ ᠤᠨ ᠣᠷᠳᠣᠨ ᠤ | ᠰᠠᠯᠠᠭ᠎ᠠ ᠮᠥᠴᠢᠷ ᠪᠣᠯᠤᠨ ᠠᠯᠪᠠᠲᠠᠨ ᠢ ᠪᠣᠯ᠂ ᠢᠲᠡᠭᠡᠯ ᠠᠯᠳᠠᠭᠰᠠᠨ ᠪᠠᠶᠢᠳᠠᠯ ᠢ ᠨᠢ ᠦᠵᠡᠵᠦ ᠪᠠᠶᠢᠭᠠᠳ᠂ ᠡᠯ᠎ᠡ | ᠲᠥᠷᠥᠯ ᠤᠨ ᠢᠷᠠᠭᠤ ᠠᠯᠳᠠᠷ ᠤᠨ ᠰᠢᠯᠭᠠᠷᠠᠭᠤᠯᠤᠯᠲᠠ ᠳᠤ ᠣᠷᠣᠯᠴᠠᠬᠤ ᠬᠢᠷᠢ ᠬᠡᠮ ᠢ ᠨᠢ ᠲᠣᠭᠲᠠᠭᠠᠯ ᠶᠣᠰᠣᠭᠠᠷ | ᠬᠦᠴᠦᠨ ᠦᠭᠡᠢ ᠪᠣᠯᠭᠠᠬᠤ ᠶᠢᠨ ᠬᠠᠮᠲᠤ ᠢᠯᠡ ᠪᠠᠷ ᠮᠡᠳᠡᠭᠡᠯᠡᠨ ᠰᠢᠭᠦᠮᠵᠢᠯᠡᠵᠦ᠂ ᠵᠠᠰᠠᠭ ᠤᠨ ᠶᠠᠪᠤᠳᠠᠯ ᠤᠨ ᠢᠲᠡᠭᠡᠯ | ᠠᠯᠳᠠᠭᠰᠠᠨ ᠦᠢᠯᠡ ᠠᠵᠢᠯᠯᠠᠭ᠎ᠠ ᠶᠢᠨ ᠭᠤᠣᠯ ᠬᠠᠷᠢᠭᠤᠴᠠᠯᠭᠠᠲᠠᠨ ᠪᠣᠯᠣᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ | ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ | 7. ᠢᠲᠡᠭᠡᠮᠵᠢ ᠶᠢᠨ ᠡᠷᠬᠡ ᠠᠰᠢᠭ ᠢ ᠬᠠᠮᠠᠭᠠᠯᠠᠬᠤ ᠪᠠ ᠢᠲᠡᠭᠡᠮᠵᠢ ᠶᠢ ᠨᠢ ᠰᠡᠷᠭᠦᠭᠡᠬᠦ ᠲᠣᠭᠲᠠᠴᠠ ᠶᠢ | ᠪᠦᠷᠢᠨᠰᠢᠭᠦᠯᠦᠨ᠎ᠡ᠃ ᠥᠪᠡᠷ ᠤᠨ ᠠᠯᠳᠠᠭ᠎ᠠ ᠪᠤᠷᠤᠭᠤ ᠪᠠᠨ ᠵᠠᠯᠠᠷᠠᠭᠤᠯᠬᠤ᠂ ᠰᠠᠨᠠᠭᠠᠴᠢᠯᠠᠭ᠎ᠠ ᠠᠴᠠ ᠪᠠᠨ ᠵᠠᠰᠠᠷᠠᠵᠤ | ᠬᠠᠶᠢᠷ᠎ᠠ ᠬᠠᠯᠠᠮᠵᠢ ᠬᠦᠷᠲᠡᠭᠡᠬᠦ ᠲᠣᠭᠲᠠᠴᠠ ᠶᠢ ᠪᠠᠶᠢᠭᠤᠯᠤᠨ᠎ᠠ᠂ ᠠᠯᠪᠠᠳᠠᠨ ᠤ ᠵᠠᠰᠠᠭ ᠤᠨ ᠶᠠᠪᠤᠳᠠᠯ ᠤᠨ ᠢᠲᠡᠭᠡᠯ | ᠠᠯᠳᠠᠭᠰᠠᠨ ᠦᠢᠯᠡ ᠠᠵᠢᠯᠯᠠᠭ᠎ᠠ ᠭᠠᠷᠤᠭᠰᠠᠨ ᠤ ᠳᠠᠷᠠᠭ᠎ᠠ᠂ ᠰᠠᠨᠠᠭᠠᠴᠢᠯᠠᠭ᠎ᠠ ᠠᠴᠠ ᠪᠠᠨ ᠬᠤᠬᠢᠷᠠᠯ ᠢ ᠨᠥᠬᠦᠪᠥᠷᠢᠯᠡᠨ᠂ | ᠮᠠᠭᠤ ᠨᠥᠯᠥᠭᠡ ᠶᠢ ᠠᠷᠢᠯᠭᠠᠬᠤ ᠪᠤᠶᠤ ᠬᠤᠬᠢᠷᠠᠯ ᠤᠨ ᠦᠷ᠎ᠡ ᠳ᠋ᠦᠩ ᠢ ᠪᠦᠲᠦᠮᠵᠢᠲᠡᠶ ᠬᠤᠷᠢᠭᠯᠠᠭᠰᠠᠨ ᠪᠣᠯ᠂ | ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠬᠥᠩᠭᠡᠨ ᠢᠶᠠᠷ ᠵᠠᠯᠬᠠᠭᠠᠨ ᠴᠡᠭᠡᠷᠯᠡᠭᠦᠯᠬᠦ ᠪᠤᠶᠤ ᠬᠠᠰᠤᠵᠤ | ᠬᠡᠯᠲᠦᠷᠢᠭᠦᠯᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠠᠯᠪᠠᠲᠠᠨ ᠤ ᠢᠲᠡᠭᠡᠮᠵᠢ ᠶᠢᠨ ᠮᠡᠳᠡᠭᠡ ᠵᠠᠩᠭᠢ ᠳᠤ ᠣᠨᠳᠣᠣ | ᠰᠠᠨᠠᠯ ᠲᠠᠢ ᠪᠠᠶᠢᠬᠤ᠂ ᠵᠠᠭᠠᠯᠳᠤᠬᠤ ᠳᠦᠷᠢᠮ ᠪᠣᠯᠣᠨ ᠠᠯᠳᠠᠭ᠎ᠠ ᠪᠤᠷᠤᠭᠤ ᠪᠠᠨ ᠵᠠᠯᠠᠷᠠᠭᠤᠯᠬᠤ᠂ ᠵᠠᠰᠠᠨ ᠰᠡᠷᠭᠦᠭᠡᠬᠦ | ᠲᠣᠭᠲᠠᠴᠠ ᠪᠠᠶᠢᠭᠤᠯᠤᠨ᠂ ᠠᠯᠪᠠᠲᠠᠨ ᠤ ᠢᠲᠡᠭᠡᠯ ᠠᠯᠳᠠᠭᠰᠠᠨ ᠲᠡᠮᠳᠡᠭᠯᠡᠯ ᠤᠨ ᠢᠲᠡᠭᠡᠮᠵᠢ ᠶᠢ ᠨᠢ ᠰᠡᠷᠭᠦᠭᠡᠬᠦ ᠠᠷᠭ᠎ᠠ | ᠬᠡᠯᠪᠡᠷᠢ ᠪᠣᠯᠣᠨ ᠠᠷᠭ᠎ᠠ ᠵᠠᠮ ᠢ ᠥᠷᠭᠡᠳᠬᠡᠨ᠎ᠡ᠃ | ︵ᠭᠤᠷᠪᠠ︶ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠳᠠᠬᠢ ᠵᠠᠰᠠᠭ ᠤᠨ ᠶᠠᠪᠤᠳᠠᠯ ᠤᠨ ᠢᠲᠡᠭᠡᠮᠵᠢ ᠶᠢᠨ | ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | 1. ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠷᠢᠶ᠎ᠡ ᠬᠡᠪᠴᠢᠶᠡᠨ ᠳᠠᠬᠢ ᠵᠠᠰᠠᠭ ᠤᠨ ᠶᠠᠪᠤᠳᠠᠯ ᠤᠨ | ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠬᠤᠳᠠᠯᠳᠤᠨ ᠠᠪᠬᠤ ᠶᠢᠨ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠬᠠᠷᠢᠭᠤᠴᠠᠯᠭ᠎ᠠ ᠶᠢᠨ ᠳᠦᠷᠢᠮ ᠢ ᠰᠤᠳᠤᠯᠤᠨ | ᠲᠣᠭᠲᠠᠭᠠᠵᠤ᠂ ᠬᠤᠳᠠᠯᠳᠤᠨ ᠠᠪᠬᠤ ᠬᠥᠮᠦᠨ ᠨᠢ ᠲᠥᠷᠥᠯ ᠵᠦᠢᠯ ᠤᠨ ᠪᠣᠯᠵᠤᠭ᠎ᠠ ᠭᠦᠢᠴᠡᠳᠬᠡᠵᠦ ᠰᠢᠯᠭᠠᠨ ᠠᠪᠬᠤ | ᠲᠠᠯ᠎ᠠ ᠳᠠᠬᠢ ᠢᠲᠡᠭᠡᠮᠵᠢ ᠶᠢᠨ ᠪᠠᠶᠢᠳᠠᠯ ᠳᠤ ᠬᠢᠨᠠᠯᠲᠠ ᠲᠠᠯᠪᠢᠬᠤ ᠶᠢ ᠴᠢᠩᠭᠠᠳᠬᠠᠨ᠂ ᠵᠠᠰᠠᠭ ᠤᠨ ᠣᠷᠳᠣᠨ ᠤ | ᠬᠤᠳᠠᠯᠳᠤᠨ ᠠᠪᠬᠤ ᠠᠵᠢᠯᠯᠠᠭ᠎ᠠ ᠳᠠᠬᠢ ᠬᠤᠳᠠᠯᠳᠤᠨ ᠠᠪᠬᠤ ᠬᠥᠮᠦᠨ ᠪᠣᠯᠤᠨ ᠬᠤᠯᠪᠣᠭᠳᠠᠯ ᠪᠦᠬᠦᠢ | ᠬᠠᠷᠢᠭᠤᠴᠠᠯᠭᠠᠲᠠᠨ ᠤ ᠬᠠᠤᠯᠢ ᠲᠣᠭᠲᠠᠭᠠᠯ ᠠᠴᠠ ᠵᠥᠷᠢᠴᠡᠵᠦ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠬᠠᠤᠯᠢ | ᠶᠣᠰᠣᠭᠠᠷ ᠰᠢᠢᠳᠪᠦᠷᠢᠯᠡᠨ᠎ᠡ᠃ ᠥᠪᠡᠷᠲᠡᠭᠡᠨ ᠵᠠᠰᠠᠬᠤ ᠣᠷᠣᠨ ᠤ ᠤᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶᠠᠨ ᠤ ᠲᠠᠪᠴᠠᠩ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠵᠠᠰᠠᠭ ᠤᠨ ᠣᠷᠳᠣᠨ ᠤ ᠬᠤᠳᠠᠯᠳᠤᠨ | ᠠᠪᠬᠤ ᠠᠵᠢᠯᠯᠠᠭ᠎ᠠ ᠶᠢᠨ ᠢᠯᠡ ᠲᠣᠳᠣ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ | 2. ᠵᠠᠰᠠᠭ ᠤᠨ ᠣᠷᠳᠣᠨ ᠬᠢᠭᠡᠳ ᠨᠡᠶᠢᠭᠡᠮ ᠤᠨ ᠭᠦᠷᠦᠩᠭᠡ ᠶᠢᠨ ᠬᠠᠮᠲᠤᠷᠠᠯᠴᠠᠭᠠᠨ ᠤ ᠬᠦᠷᠢᠶ᠎ᠡ | ᠬᠡᠪᠴᠢᠶᠡᠨ ᠳᠠᠬᠢ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠵᠠᠰᠠᠭ ᠤᠨ | ᠣᠷᠳᠣᠨ ᠬᠢᠭᠡᠳ ᠨᠡᠶᠢᠭᠡᠮ ᠤᠨ ᠬᠦᠷᠦᠩᠭᠡ ᠶᠢᠨ ᠬᠠᠮᠲᠤᠷᠠᠯᠴᠠᠭᠠᠨ ᠤ ᠲᠥᠷᠥᠯ ᠵᠦᠢᠯ ᠤᠨ ᠠᠵᠢᠯᠯᠠᠭᠠᠨ ᠤ | ᠶᠠᠪᠤᠴᠠ ᠳᠠᠬᠢ ᠵᠠᠰᠠᠭ ᠤᠨ ᠣᠷᠳᠣᠨ ᠤ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠢᠯᠡ ᠨᠡᠶᠢᠲᠡᠯᠡᠬᠦ ᠶᠢᠨ ᠬᠠᠮᠲᠤ | ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠠᠵᠢᠯᠲᠠᠨ ᠤ ᠬᠠᠷᠢᠭᠤᠴᠠᠯᠭ᠎ᠠ ᠶᠢ ᠬᠠᠣᠯᠢ ᠶᠣᠰᠣᠭᠠᠷ ᠨᠡᠬᠡᠮᠵᠢᠯᠡᠨ᠎ᠡ᠃ | ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠳᠤ ᠲᠦᠰᠢᠭᠯᠡᠨ | ᠵᠠᠰᠠᠭ ᠤᠨ ᠣᠷᠳᠣᠨ ᠬᠢᠭᠡᠳ ᠨᠡᠶᠢᠭᠡᠮ ᠤᠨ ᠭᠦᠷᠦᠩᠭᠡ ᠶᠢᠨ ᠬᠠᠮᠲᠤᠷᠠᠯᠴᠠᠭᠠᠨ ᠤ ᠲᠥᠷᠥᠯ ᠵᠦᠢᠯ ᠢ ᠬᠡᠷᠡᠭᠵᠢᠭᠦᠯᠬᠦ | ᠶᠠᠪᠤᠴᠠ ᠳᠠᠬᠢ ᠵᠠᠰᠠᠭ ᠤᠨ ᠶᠠᠪᠤᠳᠠᠯ ᠤᠨ ᠢᠲᠡᠭᠡᠯ ᠠᠯᠳᠠᠭᠰᠠᠨ ᠲᠡᠮᠳᠡᠭᠯᠡᠯ ᠤᠨ ᠳ᠋ᠠᠶᠢᠲ᠋ᠠ ᠬᠥᠮᠥᠷᠭᠡ ᠪᠠᠶᠢᠭᠤᠯᠵᠤ᠂ | ᠲᠥᠷᠥᠯ ᠵᠦᠢᠯ ᠤᠨ ᠬᠠᠷᠢᠭᠤᠴᠠᠯᠭ᠎ᠠ ᠶᠢ ᠪᠤᠴᠠᠨ ᠬᠡᠯᠡᠯᠴᠡᠬᠦ ᠲᠣᠭᠲᠠᠴᠠ ᠶᠢ ᠪᠠᠶᠢᠭᠤᠯᠤᠨ᠂ ᠲᠥᠷᠥᠯ ᠵᠦᠢᠯ ᠤᠨ | ᠢᠲᠡᠭᠡᠮᠵᠢᠲᠡᠢ ᠪᠠᠷ ᠪᠣᠯᠵᠤᠭ᠎ᠠ ᠭᠦᠢᠴᠡᠳᠬᠡᠭᠰᠡᠨ ᠪᠠᠶᠢᠳᠠᠯ ᠬᠢᠭᠡᠳ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠲᠥᠷᠥᠯ | ᠵᠦᠢᠯ ᠳᠠᠬᠢ ᠵᠠᠰᠠᠭ ᠤᠨ ᠣᠷᠳᠣᠨ ᠤ ᠲᠠᠯ᠎ᠠ ᠶᠢᠨ ᠬᠠᠷᠢᠭᠤᠴᠠᠯᠭᠠᠲᠠᠨ ᠤ ᠢᠲᠡᠭᠡᠮᠵᠢ ᠶᠢᠨ ᠲᠡᠮᠳᠡᠭᠯᠡᠯ ᠳᠤ | ᠣᠷᠣᠭᠤᠯᠤᠨ᠎ᠠ᠃ | 3. ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠦᠷᠢᠶ᠎ᠡ ᠬᠡᠪᠴᠢᠶᠡᠨ ᠳᠠᠬᠢ ᠵᠠᠰᠠᠭ ᠤᠨ | ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ | ᠬᠦᠯᠢᠶᠡᠬᠦ ᠢᠲᠡᠭᠡᠮᠵᠢ ᠶᠢᠨ ᠦᠨᠡᠯᠡᠯᠲᠡ ᠶᠢᠨ ᠭᠦᠢᠴᠡᠳᠬᠡᠬᠦ ᠲᠤᠭ᠎ᠠ ᠪᠣᠯᠤᠨ ᠪᠠᠷᠢᠮᠵᠢᠶ᠎ᠠ ᠶᠢᠨ ᠰᠢᠰᠲ᠋ᠧᠮᠵᠢ ᠶᠢ | ᠪᠠᠶᠢᠭᠤᠯᠵᠤ᠂ ᠭᠤᠷᠪᠠᠳᠠᠬᠢ ᠡᠲᠡᠭᠡᠳ ᠤᠨ ᠢᠲᠡᠭᠡᠮᠵᠢ ᠶᠢᠨ ᠮᠡᠳᠡᠭᠦᠯᠦᠯᠲᠡ ᠶᠢᠨ ᠲᠦᠷᠢᠮ ᠢ ᠳᠡᠯᠭᠡᠷᠡᠭᠦᠯᠦᠨ | ᠬᠡᠷᠡᠭᠯᠡᠵᠦ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠢᠲᠡᠭᠡᠮᠵᠢ ᠶᠢᠨ ᠮᠡᠳᠡᠭᠡ ᠵᠠᠩᠭᠢ ᠶᠢ ᠢᠯᠡ | ᠪᠣᠯᠭᠠᠬᠤ ᠪᠠ ᠬᠠᠮᠲᠤ ᠪᠠᠷ ᠬᠦᠷᠲᠡᠬᠦ ᠬᠡᠪᠴᠢᠶ᠎ᠡ ᠶᠢ ᠥᠷᠭᠡᠳᠬᠡᠵᠦ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ | ᠬᠦᠯᠢᠶᠡᠬᠦ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠪᠣᠯᠭᠠᠬᠤ ᠪᠠ ᠬᠠᠮᠲᠤ ᠪᠠᠷ ᠬᠦᠷᠲᠡᠬᠦ ᠳᠦᠷᠢᠮ ᠢ | ᠪᠦᠷᠢᠨᠰᠢᠭᠦᠯᠦᠨ᠎ᠡ᠃ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠢᠲᠡᠭᠡᠮᠵᠢ ᠶᠢᠨ ᠳᠠᠩᠰᠠ ᠡᠪᠬᠡᠮᠡᠯ | ᠪᠣᠯᠣᠨ ᠤᠯᠠᠨ ᠰᠠᠯᠠᠭ᠎ᠠ ᠮᠥᠴᠢᠷ ᠬᠠᠮᠲᠤᠷᠠᠨ ᠱᠠᠩᠨᠠᠵᠤ ᠲᠣᠷᠭᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ | ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠮᠠᠭᠤ ᠦᠢᠯᠡ ᠠᠵᠢᠯᠯᠠᠭ᠎ᠠ ᠶᠢᠨ ︽ᠬᠠᠷ᠎ᠠ ᠳᠠᠩᠰᠠ︾ ᠶᠢ | ᠨᠡᠶᠢᠲᠡᠯᠡᠨ᠎ᠡ᠃ ︽ᠢᠲᠡᠭᠡᠮᠵᠢᠲᠦ ᠥᠪᠥᠷ ᠮᠣᠩᠭᠤᠯ︾ ᠰᠦᠯᠵᠢᠶ᠎ᠡ ᠪᠠᠷ ᠳᠠᠮᠵᠢᠭᠤᠯᠤᠨ᠂ ᠡᠯ᠎ᠡ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠡᠵᠡᠮᠰᠢᠭᠰᠡᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠢᠨ | ᠣᠷᠣᠯᠠᠬᠤ ᠪᠠᠶᠢᠭᠤᠯᠤᠮᠵᠢ ᠶᠢᠨ ᠬᠢᠷᠢ ᠬᠡᠮ ᠤᠨ ᠲᠤᠬᠠᠶ ᠬᠤᠯᠪᠣᠭᠳᠠᠯ ᠪᠦᠬᠦᠢ ᠮᠡᠳᠡᠭᠡ ᠵᠠᠩᠭᠢ᠂ ᠢᠲᠡᠭᠡᠮᠵᠢ ᠶᠢᠨ | ᠮᠡᠳᠡᠭᠡ ᠵᠠᠩᠭᠢ ᠵᠢᠴᠢ ᠬᠥᠳᠡᠯᠦᠩᠭᠦᠶ ᠮᠡᠳᠡᠭᠡ ᠵᠠᠩᠭᠢ ᠶᠢᠨ ᠬᠢᠨᠠᠯᠲᠠ ᠬᠠᠮᠢᠶᠠᠷᠤᠯᠲᠠ ᠶᠢ ᠬᠠᠣᠯᠢ ᠲᠣᠭᠲᠠᠭᠠᠯ | ᠶᠣᠰᠣᠭᠠᠷ ᠵᠠᠬ᠎ᠠ ᠳᠡᠯᠭᠡᠭᠦᠷ ᠤᠨ ᠭᠤᠣᠯ ᠴᠣᠭᠴᠠ ᠪᠣᠯᠣᠨ ᠨᠡᠶᠢᠭᠡᠮ ᠨᠡᠶᠢᠲᠡ ᠳᠤ ᠨᠡᠶᠢᠲᠡᠯᠡᠨ᠎ᠡ᠃ | 4. ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠦᠷᠢᠶ᠎ᠡ ᠬᠡᠪᠴᠢᠶᠡᠨ ᠳᠠᠬᠢ ᠵᠠᠰᠠᠭ ᠤᠨ ᠶᠠᠪᠤᠳᠠᠯ ᠤᠨ | ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠤᠯᠢ ᠲᠣᠭᠲᠠᠭᠠᠯ᠂ ᠳᠦᠷᠢᠮ ᠢ ᠲᠡᠭᠦᠯᠳᠡᠷᠵᠢᠭᠦᠯᠵᠦ᠂ ᠬᠡᠲᠦᠷᠬᠡᠶ | ᠬᠠᠷᠠᠭᠠᠯᠵᠠᠯ ᠦᠵᠡᠭᠦᠯᠬᠦ᠂ ᠬᠠᠤᠯᠢ ᠠᠴᠠ ᠵᠥᠷᠢᠴᠡᠵᠦ ᠬᠠᠷᠠᠭᠠᠯᠵᠠᠯ ᠦᠵᠡᠭᠦᠯᠬᠦ᠂ ᠬᠤᠣᠷᠲᠤ ᠥᠷᠢᠰᠥᠯᠳᠦᠭᠡᠨ | ᠪᠣᠯᠬᠤ ᠠᠴᠠ ᠰᠡᠷᠭᠡᠶᠢᠯᠡᠨ᠎ᠡ᠃ ᠣᠷᠣᠨ ᠨᠤᠲᠤᠭ ᠤᠨ ᠵᠠᠰᠠᠭ ᠤᠨ ᠣᠷᠳᠣᠨ ᠤ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠠᠵᠢᠯᠯᠠᠭ᠎ᠠ ᠶᠢ ᠵᠢᠷᠤᠮᠵᠢᠭᠤᠯᠵᠤ᠂ ᠬᠠᠤᠯᠢ ᠶᠣᠰᠣᠭᠠᠷ ᠲᠣᠭᠲᠠᠭᠠᠭᠰᠠᠨ ᠲᠦᠷᠦ ᠶᠢᠨ ᠪᠤᠳᠤᠯᠭ᠎ᠠ ᠶᠢᠨ | ᠠᠮᠠᠯᠠᠯᠲᠠ ᠪᠣᠯᠤᠨ ᠲᠣᠭᠲᠠᠭᠠᠭᠰᠠᠨ ᠡᠯ᠎ᠡ ᠵᠦᠢᠯ ᠤᠨ ᠭᠡᠷ᠎ᠡ ᠶᠢ ᠬᠢᠨᠠᠮᠠᠭᠠᠢ ᠭᠦᠢᠴᠡᠳᠬᠡᠨ᠎ᠡ᠃ ᠤᠯᠤᠰ ᠣᠷᠣᠨ ᠤ | ᠠᠰᠢᠭ ᠲᠤᠰᠠ᠂ ᠨᠡᠶᠢᠲᠡ ᠶᠢᠨ ᠠᠰᠢᠭ ᠲᠤᠰᠠ ᠪᠤᠶᠤ ᠬᠠᠤᠯᠢ ᠪᠠᠷ ᠲᠣᠭᠲᠠᠭᠠᠭᠰᠠᠨ ᠪᠤᠰᠤᠳ ᠤᠴᠢᠷ | ᠰᠢᠯᠲᠠᠭᠠᠨ ᠢᠶᠠᠷ ᠬᠤᠪᠢᠷᠠᠭᠤᠯᠬᠤ ᠴᠢᠬᠤᠯᠠ ᠲᠠᠢ ᠵᠠᠰᠠᠭ ᠤᠨ ᠣᠷᠳᠣᠨ ᠤ ᠠᠮᠠᠯᠠᠯᠲᠠ ᠪᠣᠯᠤᠨ ᠭᠡᠷ᠎ᠡ ᠶᠢᠨ ᠪᠣᠯᠵᠤᠭ᠎ᠠ | ᠪᠠᠶᠢᠪᠠᠯ᠂ ᠬᠠᠤᠯᠢ ᠳᠤ ᠲᠣᠭᠲᠠᠭᠠᠭᠰᠠᠨ ᠡᠷᠬᠡ ᠶᠢᠨ ᠬᠡᠪᠴᠢᠶ᠎ᠡ ᠪᠣᠯᠣᠨ ᠳᠡᠰ ᠳᠠᠷᠠᠭᠠᠯᠠᠯ ᠶᠣᠰᠣᠭᠠᠷ ᠴᠢᠩᠭ᠎ᠠ | ᠶᠠᠪᠤᠭᠳᠠᠭᠤᠯᠬᠤ ᠶᠢᠨ ᠬᠠᠮᠲᠤ ᠡᠭᠦᠨ ᠠᠴᠠ ᠪᠣᠯᠵᠤ ᠠᠵᠤ ᠠᠬᠤᠶᠢᠯᠠᠯ ᠪᠣᠯᠣᠨ ᠪᠡᠯᠡ ᠣᠷᠣᠭᠤᠯᠤᠭᠴᠢ ᠶᠢᠨ ᠡᠳ᠋ | ᠬᠥᠷᠥᠩᠭᠡ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ ᠬᠠᠤᠯᠢ ᠶᠣᠰᠣᠭᠠᠷ ᠲᠥᠯᠥᠪᠦᠷᠢ ᠥᠭᠭᠦᠨ᠎ᠡ᠃ | 5. ᠵᠠᠰᠠᠭ ᠤᠨ ᠣᠷᠳᠣᠨ ᠤ ᠥᠷᠢ ᠥᠭᠴᠡᠭᠡ ᠶᠢᠨ ᠬᠦᠷᠢᠶ᠎ᠡ ᠬᠡᠪᠴᠢᠶᠡᠨ ᠳᠠᠬᠢ ᠵᠠᠰᠠᠭ ᠤᠨ ᠶᠠᠪᠤᠳᠠᠯ ᠤᠨ | ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ | ᠢᠲᠡᠭᠡᠮᠵᠢ ᠪᠠᠷ ᠲᠡᠰ ᠲᠣᠭᠲᠠᠭᠠᠬᠤ ᠲᠦᠷᠢᠮ ᠢ ᠪᠠᠶᠢᠭᠤᠯᠵᠤ᠂ ᠵᠠᠰᠠᠭ ᠤᠨ ᠣᠷᠳᠣᠨ ᠤ ᠬᠠᠤᠯᠢ ᠲᠣᠭᠲᠠᠭᠠᠯ | ᠶᠣᠰᠣᠭᠠᠷ᠂ ᠵᠣᠬᠢᠬᠤ ᠬᠡᠪᠴᠢᠶᠡᠨ ᠳᠤ ᠲᠦᠭᠰᠢᠭᠦᠷᠢ ᠶᠢ ᠨᠢ ᠡᠵᠡᠮᠳᠡᠵᠦ ᠪᠣᠯᠬᠤ ᠪᠠ ᠳᠡᠰ ᠳᠠᠷᠠᠭᠠᠯᠠᠯ ᠨᠢ ᠢᠯᠡ | ᠲᠣᠳᠣ ᠪᠠᠷ ᠮᠥᠩᠭᠦ ᠵᠢᠭᠡᠯᠡᠬᠦ ᠶᠢ ᠠᠬᠢᠭᠤᠯᠤᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ | ᠥᠭᠴᠡᠭᠡᠨ ᠤ ᠲᠥᠰᠦᠪ ᠤᠨ ᠬᠢᠵᠠᠭᠠᠷᠯᠠᠯ ᠢ ᠴᠢᠩᠭᠠᠳᠬᠠᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ | ᠥᠭᠴᠡᠭᠡ ᠶᠢ ᠬᠢᠨᠠᠨ ᠬᠠᠮᠢᠶᠠᠷᠬᠤ ᠰᠢᠰᠲ᠋ᠧᠮᠵᠢ ᠶᠢ ᠪᠦᠷᠢᠨᠰᠢᠭᠦᠯᠵᠦ᠂ ᠣᠷᠣᠨ ᠨᠤᠲᠤᠭ ᠤᠨ ᠵᠠᠰᠠᠭ ᠤᠨ ᠣᠷᠳᠣᠨ ᠤ | ᠥᠷᠢ ᠥᠭᠴᠡᠭᠡᠨ ᠤ ᠠᠶᠤᠯ ᠲᠦᠭᠰᠢᠭᠦᠷᠢ ᠶᠢ ᠦᠨᠡᠯᠡᠨ ᠵᠢᠱᠢᠬᠦ ᠪᠠ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ᠂ | ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠣᠭᠲᠠᠴᠠ ᠵᠢᠴᠢ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ | ᠪᠠᠶᠢᠭᠤᠯᠤᠨ᠎ᠠ᠃ ᠵᠠᠰᠠᠭ ᠤᠨ ᠣᠷᠳᠣᠨ ᠤ ᠪᠠᠷᠢᠯᠭ᠎ᠠ ᠶᠢᠨ ᠵᠣᠭᠤᠰ ᠪᠣᠯᠤᠨ ᠲᠠᠷᠢᠶᠠᠴᠢᠨ ᠬᠦᠴᠦ ᠶᠠᠪᠤᠭᠰᠠᠳ ᠤᠨ | ᠴᠠᠯᠢᠩ ᠢ ᠬᠤᠶᠢᠰᠢᠯᠠᠭᠤᠯᠤᠨ ᠥᠷᠢᠲᠦᠵᠦ ᠪᠠᠶᠢᠬᠤ ᠵᠡᠷᠭᠡ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠴᠠᠭ | ᠲᠤᠬᠠᠶ ᠳᠤᠨᠢ ᠰᠢᠢᠳᠪᠦᠷᠢᠯᠡᠨ᠎ᠡ᠃ | 6. ᠵᠡᠭᠡᠯᠢ ᠭᠤᠳᠤᠮᠵᠢ ᠪᠠ ᠰᠤᠮᠤ ᠰᠢᠶᠠᠩ ᠪᠠᠯᠭᠠᠰᠤ ᠶᠢᠨ ᠵᠠᠰᠠᠭ ᠤᠨ ᠶᠠᠪᠤᠳᠠᠯ ᠤᠨ ᠢᠲᠡᠭᠡᠮᠵᠢ ᠶᠢᠨ | ᠪᠠᠶᠢᠭᠤᠯᠤᠯᠲᠠ ᠶᠢ ᠴᠢᠩᠭᠠᠳᠬᠠᠨ᠎ᠠ᠃ ᠵᠡᠭᠡᠯᠢ ᠭᠤᠳᠤᠮᠵᠢ ᠪᠠ ᠰᠤᠮᠤ ᠰᠢᠶᠠᠩ ᠪᠠᠯᠭᠠᠰᠤ ᠶᠢᠨ ᠢᠯᠡ ᠪᠠᠷ ᠠᠮᠠᠯᠠᠯᠲᠠ | ᠬᠢᠬᠦ ᠲᠦᠷᠢᠮ ᠢ ᠪᠠᠶᠢᠭᠤᠯᠤᠨ᠂ ᠵᠡᠭᠡᠯᠢ ᠭᠤᠳᠤᠮᠵᠢ ᠪᠠ ᠰᠤᠮᠤ ᠰᠢᠶᠠᠩ ᠪᠠᠯᠭᠠᠰᠤ ᠶᠢᠨ ᠵᠠᠰᠠᠭ ᠤᠨ ᠶᠠᠪᠤᠳᠠᠯ᠂ | ᠡᠳ᠋ ᠤᠨ ᠶᠠᠪᠤᠳᠠᠯ ᠢ ᠢᠯᠡ ᠪᠣᠯᠭᠠᠬᠤ ᠡᠷᠴᠢᠮ ᠢ ᠨᠡᠮᠡᠭᠳᠡᠭᠦᠯᠵᠦ᠂ ᠠᠵᠢᠯ ᠣᠯᠭᠤᠯᠲᠠ᠂ ᠠᠳᠠᠯ ᠠᠬᠤᠶ᠂ | ᠰᠤᠷᠭᠠᠭᠤᠯᠢ ᠳᠤ ᠣᠷᠣᠬᠤ᠂ ᠭᠡᠷ ᠠᠬᠤᠢ᠂ ᠲᠥᠯᠥᠪᠯᠡᠭᠡᠲᠦ ᠦᠷᠡᠵᠢᠯ᠂ ᠨᠠᠰᠤᠵᠢᠯ᠂ ᠵᠡᠮᠳᠡᠭᠴᠦᠳ ᠢ ᠬᠠᠪᠰᠤᠷᠬᠤ᠂ | ᠶᠠᠳᠠᠭᠤ ᠶᠢ ᠲᠡᠳᠬᠦᠬᠦ᠂ ᠡᠮᠴᠢᠯᠡᠭᠡᠨ ᠤ ᠳᠠᠭᠠᠳᠬᠠᠯ᠂ ᠣᠷᠣᠨ ᠰᠠᠭᠤᠴᠠ᠂ ᠭᠠᠳᠠᠭᠰᠢ ᠭᠠᠷᠬᠤ᠂ ᠮᠠᠰᠢᠨ ᠵᠣᠭᠰᠣᠬᠤ | ᠂ ᠭᠠᠯ ᠰᠡᠷᠭᠡᠶᠢᠯᠡᠬᠦ ᠪᠠ ᠬᠤᠯᠠᠭᠠᠶ ᠶᠢ ᠰᠡᠷᠭᠡᠶᠢᠯᠡᠬᠦ᠂ ᠴᠡᠷᠢᠭ ᠢ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ᠂ | ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ ᠵᠡᠷᠭᠡ ᠡᠯ᠎ᠡ ᠵᠦᠢᠯ ᠤᠨ ᠤᠯᠠᠨ ᠨᠡᠶᠢᠲᠡ ᠶᠢᠨ ᠦᠢᠯᠡᠴᠢᠯᠡᠭᠡ | ᠪᠣᠯᠣᠨ ᠬᠠᠷᠠᠭᠠᠯᠵᠠᠯ ᠤᠨ ᠲᠥᠷᠥ ᠶᠢᠨ ᠪᠤᠳᠤᠯᠭ᠎ᠠ ᠶᠢ ᠦᠨᠳᠦᠰᠦᠨ ᠱᠠᠲᠤᠨ ᠤ ᠠᠷᠠᠳ ᠤᠯᠡᠨ ᠤ ᠳᠤᠮᠳᠠ | ᠪᠦᠲᠦᠮᠵᠢᠲᠡᠢ ᠨᠠᠶᠢᠳᠠᠪᠤᠷᠢᠵᠢᠭᠤᠯᠬᠤ ᠶᠢᠨ ᠬᠠᠮᠲᠤ ᠡᠯ᠎ᠡ ᠵᠦᠢᠯ ᠤᠨ ᠠᠵᠢᠯ ᠳᠠᠬᠢ ᠢᠲᠡᠭᠡᠮᠵᠢ ᠪᠠᠨ ᠰᠠᠬᠢᠵᠤ | ᠠᠮᠠᠯᠳᠠᠭ᠎ᠠ ᠪᠠᠨ ᠦᠢᠯᠡᠳᠦᠯᠭᠡᠵᠢᠭᠦᠯᠦᠭᠰᠡᠨ ᠪᠠᠶᠢᠳᠠᠯ ᠢ ᠵᠡᠭᠡᠯᠢ ᠭᠤᠳᠤᠮᠵᠢ᠂ ᠰᠤᠮᠤ ᠰᠢᠶᠠᠩ ᠪᠠᠯᠭᠠᠰᠤ ᠶᠢᠨ | ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠰᠢᠰᠲ᠋ᠧᠮᠵᠢ ᠳᠤ ᠣᠷᠣᠭᠤᠯᠤᠨ᠎ᠠ᠃ ᠨᠥᠬᠦᠴᠡᠯ ᠲᠠᠢ ᠭᠠᠵᠠᠷ | ᠣᠷᠣᠨ ᠢ ᠵᠣᠷᠢᠬᠵᠢᠭᠤᠯᠤᠨ ᠢᠲᠡᠭᠡᠮᠵᠢᠲᠡᠶ ᠵᠡᠭᠡᠯᠢ ᠭᠤᠳᠤᠮᠵᠢ᠂ ᠢᠲᠡᠭᠡᠮᠵᠢᠲᠡᠶ ᠰᠢᠶᠠᠩ ᠪᠠᠯᠭᠠᠰᠤ ᠶᠢ ᠡᠭᠦᠳᠦᠨ | ᠪᠠᠶᠢᠭᠤᠯᠬᠤ ᠠᠵᠢᠯᠯᠠᠭ᠎ᠠ ᠦᠷᠨᠢᠭᠦᠯᠦᠨ᠎ᠡ᠃ | ︵ᠳᠥᠷᠪᠡ︶ ᠰᠢᠯᠭᠠᠨ ᠦᠨᠡᠯᠡᠬᠦ ᠲᠣᠭᠲᠠᠴᠠ ᠪᠣᠯᠣᠨ ᠬᠢᠨᠠᠯᠲᠠ ᠲᠠᠯᠪᠢᠬᠤ ᠰᠢᠰᠲ᠋ᠧᠮᠵᠢ ᠶᠢ ᠪᠠᠶᠢᠭᠤᠯᠤᠨ᠎ᠠ᠃ | | 1. ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠲᠤᠰᠬᠠᠶ ᠬᠢᠨᠠᠨ ᠵᠢᠯᠣᠭᠤᠳᠬᠤ ᠲᠣᠭᠲᠠᠴᠠ ᠶᠢ ᠪᠠᠶᠢᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠦᠨᠡᠯᠡᠯᠲᠡ ᠶᠢᠨ ᠪᠠᠷᠢᠮᠵᠢᠶ᠎ᠠ | ᠲᠣᠭᠲᠠᠭᠠᠵᠤ᠂ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠳᠣᠣᠷᠠᠳᠤ ᠱᠠᠲᠤᠨ ᠤ ᠠᠷᠠᠳ ᠤᠨ | ᠵᠠᠰᠠᠭ ᠤᠨ ᠣᠷᠳᠣᠨ ᠳᠤ ᠲᠣᠭᠲᠠᠮᠠᠯ ᠬᠤᠭᠤᠴᠠᠭ᠎ᠠ ᠲᠠᠢ ᠪᠠᠷ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠬᠢᠨᠠᠯᠲᠠ | ᠪᠠᠶᠢᠴᠠᠭᠠᠯᠲᠠ ᠬᠢᠵᠦ᠂ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠬᠢᠨᠠᠨ ᠰᠢᠯᠭᠠᠵᠤ ᠦᠨᠡᠯᠡᠬᠦ ᠶᠢ ᠬᠡᠷᠡᠭᠵᠢᠭᠦᠯᠦᠨ᠂ | ᠰᠢᠯᠭᠠᠨ ᠲᠣᠭᠲᠠᠭᠠᠭᠰᠠᠨ ᠦᠷ᠎ᠡ ᠳ᠋ᠦᠩ ᠢ ᠳᠣᠣᠷᠠᠳᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠮᠵᠢᠯᠲᠠ | ᠪᠦᠲᠦᠮᠵᠢ ᠶᠢ ᠬᠢᠨᠠᠨ ᠰᠢᠯᠭᠠᠬᠤ ᠴᠢᠬᠤᠯᠠ ᠯᠠᠪᠯᠠᠯᠲᠠ ᠪᠣᠯᠭᠠᠨ᠎ᠠ᠃ | 2. ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠬᠥᠨᠳᠡᠯᠡᠨ ᠢᠶᠠᠷ ᠬᠢᠨᠠᠯᠲᠠ ᠲᠠᠯᠪᠢᠬᠤ ᠲᠣᠭᠲᠠᠴᠠ ᠶᠢ | ᠪᠠᠶᠢᠭᠤᠯᠤᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠦᠴᠢᠷ ᠤᠳ | ᠠᠳᠠᠯᠢ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠶᠢ ᠬᠠᠣᠯᠢ ᠶᠣᠰᠣᠭᠠᠷ | ᠬᠦᠯᠢᠶᠡᠨ ᠠᠪᠴᠤ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠲᠠ ᠲᠠᠯᠪᠢᠬᠤ ᠶᠢ ᠬᠦᠯᠢᠶᠡᠨ | ᠠᠪᠬᠤ ᠶᠢᠨ ᠬᠠᠮᠲᠤ ᠠᠳᠠᠯᠢ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ | ᠪᠠᠶᠢᠩᠭᠤ ᠶᠢᠨ ᠬᠤᠷᠢᠶ᠎ᠠ᠂ ᠤᠯᠤᠰ ᠲᠦᠷᠦ ᠶᠢᠨ ᠵᠥᠪᠯᠡᠯᠭᠡᠨ ᠳᠤ ᠲᠣᠭᠲᠠᠮᠠᠯ ᠬᠤᠭᠤᠴᠠᠭ᠎ᠠ ᠲᠠᠢ ᠪᠠᠷ ᠵᠠᠰᠠᠭ ᠤᠨ | ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ ᠢ ᠨᠡᠪᠲᠡᠷᠡᠭᠦᠯᠦᠨ᠎ᠡ᠃ | 3. ᠭᠤᠷᠪᠠᠳᠡᠬᠢ ᠡᠲᠡᠭᠡᠳ ᠤᠨ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠦᠨᠡᠯᠡᠨ ᠵᠢᠱᠢᠵᠦ ᠦᠨᠡᠯᠡᠯᠲᠡ | ᠬᠢᠬᠦ ᠶᠢ ᠦᠷᠨᠢᠭᠦᠯᠦᠨ᠎ᠡ᠃ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ᠂ ᠳᠡᠭᠡᠳᠦ ᠰᠤᠷᠭᠠᠭᠤᠯᠢ ᠵᠢᠴᠢ | ᠰᠢᠨᠵᠢᠯᠡᠬᠦ ᠤᠬᠠᠭᠠᠨ ᠰᠤᠳᠤᠯᠭᠠᠨ ᠤ ᠬᠦᠷᠢᠶᠡᠯᠡᠩ ᠭᠠᠵᠠᠷ ᠵᠡᠷᠭᠡ ᠨᠡᠶᠢᠭᠡᠮ ᠤᠨ ᠭᠤᠷᠪᠠᠳᠠᠬᠢ ᠡᠲᠡᠭᠡᠳ ᠤᠨ | ᠪᠠᠶᠢᠭᠤᠯᠤᠮᠵᠢ ᠶᠢ ᠵᠣᠷᠢᠬᠵᠢᠭᠤᠯᠤᠨ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠬᠢᠨᠠᠯᠲᠠ ᠲᠠᠯᠪᠢᠬᠤ ᠲᠣᠭᠲᠠᠴᠠ ᠶᠢ | ᠪᠠᠶᠢᠭᠤᠯᠵᠤ᠂ ᠡᠯ᠎ᠡ ᠱᠠᠲᠤᠨ ᠤ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠲᠣᠮᠣ | ᠳ᠋ᠠᠶᠢᠲ᠋ᠠ ᠶᠢ ᠬᠢᠨᠠᠨ ᠰᠢᠨᠵᠢᠬᠦ᠂ ᠦᠨᠡᠯᠡᠬᠦ ᠪᠠ ᠤᠷᠢᠳᠴᠢᠯᠠᠨ ᠰᠡᠷᠡᠮᠵᠢᠯᠡᠭᠦᠯᠬᠦ ᠶᠢ ᠬᠠᠶᠢᠨ ᠰᠦᠪᠡᠭᠴᠢᠯᠡᠵᠦ | ᠦᠷᠨᠢᠭᠦᠯᠦᠨ᠎ᠡ᠃ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠰᠠᠭᠤᠷᠢ ᠪᠥᠳᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ᠂ ᠡᠯ᠎ᠡ | ᠰᠠᠯᠠᠭ᠎ᠠ ᠮᠥᠴᠢᠷ ᠤᠳ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢᠨ ᠰᠠᠭᠤᠷᠢᠴᠢ ᠴᠢᠨᠠᠷᠲᠠᠶ | ᠪᠠᠲᠤᠯᠠᠭ᠎ᠠ ᠶᠢ ᠴᠢᠩᠭᠠᠳᠬᠠᠨ᠂ ᠬᠥᠮᠦᠨ ᠤ ᠬᠦᠴᠦ᠂ ᠪᠣᠳᠠᠰ ᠤᠨ ᠬᠦᠴᠦ᠂ ᠡᠳ᠋ ᠤᠨ ᠬᠦᠴᠦ ᠶᠢ ᠨᠢᠭᠡᠳᠦᠯᠲᠡᠶ | ᠲᠥᠯᠥᠪᠯᠡᠨ ᠰᠠᠶᠢᠲᠤᠷ ᠲᠣᠬᠢᠷᠠᠭᠤᠯᠵᠤ᠂ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠤᠨ | ᠳᠤᠮᠳᠠ ᠲᠤᠯᠭᠠᠷᠠᠭᠰᠠᠨ ᠬᠦᠴᠢᠷᠳᠡᠯ ᠪᠣᠯᠣᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠬᠠᠷᠢᠭᠤᠴᠠᠯᠭᠠᠲᠤ | ᠨᠢᠭᠡᠴᠡ ᠶᠢ ᠲᠤᠲᠤᠷᠬᠠᠶᠢᠯᠠᠵᠤ᠂ ᠠᠵᠢᠯ ᠤᠨ ᠡᠭᠦᠷᠭᠡ ᠶᠢ ᠳᠠᠭᠰᠢᠷᠠᠭᠤᠯᠤᠨ᠂ ᠡᠳ᠋ ᠤᠨ ᠵᠠᠰᠠᠭ ᠤᠨ ᠪᠠᠲᠤᠯᠠᠭ᠎ᠠ ᠶᠢᠨ | ᠲᠣᠭᠲᠠᠴᠠ ᠶᠢ ᠪᠦᠷᠢᠨᠰᠢᠭᠦᠯᠵᠦ᠂ ᠠᠵᠢᠯ ᠢᠶᠠᠨ ᠯᠠᠪᠳᠠᠭᠤᠨ ᠪᠠᠲᠤᠲᠠᠶ ᠪᠦᠭᠡᠳ ᠪᠦᠲᠦᠮᠵᠢᠲᠡᠶ ᠠᠬᠢᠭᠤᠯᠤᠨ᠎ᠠ᠃ | ︵ᠬᠤᠶᠠᠷ︶ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ | ᠣᠷᠣᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ | ᠠᠯᠪᠠᠨ ᠬᠡᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢᠨ | ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠤᠳ ᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠵᠠᠰᠠᠭ ᠤᠨ | ᠶᠠᠪᠤᠳᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠡᠮᠬᠢᠳᠬᠡᠨ ᠴᠤᠭᠯᠠᠭᠤᠯᠵᠤ᠂ ᠬᠠᠮᠲᠤ ᠪᠠᠷ ᠬᠦᠷᠲᠡᠬᠦ | ᠲᠣᠭᠲᠠᠴᠠ ᠶᠢ ᠪᠠᠶᠢᠭᠤᠯᠤᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠵᠠᠰᠠᠭ ᠤᠨ ᠶᠠᠪᠤᠳᠠᠯ ᠤᠨ | ᠢᠲᠡᠭᠡᠮᠵᠢ ᠶᠢᠨ ᠪᠠᠶᠢᠭᠤᠯᠤᠯᠲᠠ ᠶᠢ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠦᠨᠡᠨ ᠬᠦ | ᠴᠢᠩᠭᠠᠳᠬᠠᠨ᠂ ᠲᠤᠰ ᠲᠤᠰ ᠤᠨ ᠡᠭᠦᠷᠭᠡ ᠴᠢᠳᠠᠪᠤᠷᠢ ᠪᠠ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠲᠠᠢ | ᠤᠶᠠᠯᠳᠤᠭᠤᠯᠵᠤ ᠪᠣᠳᠠᠲᠠᠶ ᠬᠡᠷᠡᠭᠵᠢᠭᠦᠯᠬᠦ ᠨᠠᠷᠢᠨ ᠳᠦᠷᠢᠮ ᠢ ᠰᠤᠳᠤᠯᠤᠨ ᠲᠣᠭᠲᠠᠭᠠᠵᠤ᠂ ᠠᠵᠢᠯ ᠢᠶᠠᠨ | ᠨᠠᠶᠢᠳᠠᠪᠤᠷᠢᠵᠢᠭᠤᠯᠤᠨ ᠪᠤᠳᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ᠃ | ︵ᠭᠤᠷᠪᠠ︶ ᠬᠢᠨᠠᠨ ᠰᠢᠯᠭᠠᠬᠤ ᠲᠣᠭᠲᠠᠴᠠ ᠶᠢ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ | ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ | ᠬᠡᠷ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠥᠮᠦᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠵᠠᠰᠠᠭ ᠤᠨ ᠣᠷᠳᠣᠨ ᠤ ᠰᠢᠮᠳᠠᠭᠤᠯᠤᠨ | ᠪᠠᠶᠢᠴᠠᠭᠠᠬᠤ ᠠᠯᠪᠠᠨ ᠭᠡᠷ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ ᠡᠯ᠎ᠡ ᠭᠠᠵᠠᠷ ᠣᠷᠣᠨ᠂ | ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠢ ᠥᠷᠨᠢᠭᠦᠯᠵᠦ | ᠪᠠᠶᠢᠭ᠎ᠠ ᠪᠠᠶᠢᠳᠠᠯ ᠢ ᠬᠢᠨᠠᠨ ᠰᠢᠯᠭᠠᠵᠤ ᠰᠢᠮᠳᠠᠭᠤᠯᠤᠨ ᠪᠠᠶᠢᠴᠠᠭᠠᠬᠤ ᠶᠢᠨ ᠬᠠᠮᠲᠤ ᠬᠢᠨᠠᠨ ᠰᠢᠯᠭᠠᠭᠰᠠᠨ ᠦᠷ᠎ᠡ ᠳ᠋ᠦᠩ ᠢ | ᠣᠷᠣᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠪᠣᠯᠤᠨ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ | ᠵᠠᠰᠠᠭ ᠤᠨ ᠣᠷᠳᠣᠨ ᠤ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠬᠡᠪᠴᠢᠶ᠎ᠡ ᠳᠤ ᠣᠷᠣᠭᠤᠯᠤᠨ᠎ᠠ᠃ | ︵ᠲᠥᠷᠪᠡ︶ ᠤᠬᠠᠭᠤᠯᠵᠤ ᠬᠥᠲᠥᠯᠥᠨ ᠵᠢᠯᠣᠭᠤᠳᠬᠤ ᠡᠷᠴᠢᠮ ᠢ ᠴᠢᠩᠭᠠᠷᠠᠭᠤᠯᠤᠨ᠎ᠠ᠃ ᠡᠯ᠎ᠡ ᠭᠠᠵᠠᠷ | ᠣᠷᠣᠨ᠂ ᠡᠯ᠎ᠡ ᠰᠠᠯᠠᠭ᠎ᠠ ᠮᠥᠴᠢᠷ ᠤᠳ ᠢᠳᠡᠪᠬᠢᠲᠡᠶ ᠠᠷᠭ᠎ᠠ ᠬᠡᠮᠵᠢᠶ᠎ᠡ ᠠᠪᠴᠤ᠂ ᠷᠠᠳᠢᠣ᠋ ᠨᠡᠪᠲᠡᠷᠡᠭᠦᠯᠭᠡ᠂ ᠲᠧᠯᠸᠢᠰ᠂ | ᠰᠣᠨᠢᠨ ᠰᠡᠳᠬᠦᠯ᠂ ᠰᠦᠯᠵᠢᠶ᠎ᠡ ᠵᠡᠷᠭᠡ ᠵᠠᠭᠤᠴᠢᠯᠠᠭᠤᠷ ᠢ ᠠᠰᠢᠭᠯᠠᠨ᠂ ᠵᠠᠰᠠᠭ ᠤᠨ ᠶᠠᠪᠤᠳᠠᠯ ᠤᠨ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠥᠷᠨᠢᠭᠦᠯᠦᠭᠰᠡᠨ ᠪᠠᠶᠢᠳᠠᠯ ᠢ ᠶᠡᠬᠡᠪᠡᠷ ᠤᠬᠠᠭᠤᠯᠵᠤ᠂ ᠴᠠᠭ | ᠲᠤᠬᠠᠶ ᠳᠤᠨᠢ ᠮᠡᠳᠡᠭᠡᠯᠡᠵᠦ᠂ ᠰᠠᠶᠢᠨ ᠠᠷᠭ᠎ᠠ᠂ ᠰᠠᠶᠢᠨ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠵᠦ᠂ ᠵᠠᠰᠠᠭ ᠤᠨ | ᠶᠠᠪᠤᠳᠠᠯ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ ᠪᠦᠬᠦ ᠨᠡᠶᠢᠭᠡᠮ ᠢᠶᠠᠷ ᠢᠶᠠᠨ | ᠬᠠᠯᠠᠮᠵᠢᠯᠠᠬᠤ᠂ ᠳᠡᠮᠵᠢᠬᠦ᠂ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ | ᠳᠠᠭᠠᠯᠳᠤᠭᠤᠯᠤᠯ᠄ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ | ᠬᠡᠷᠡᠭᠵᠢᠭᠦᠯᠬᠦ ᠲᠥᠰᠦᠯ ᠤᠨ ᠭᠤᠣᠯᠳᠠᠯᠭ᠎ᠠ ᠲᠠᠢ ᠡᠭᠦᠷᠭᠡ ᠶᠢᠨ ᠠᠵᠢᠯ ᠤᠨ ᠬᠤᠪᠢᠶᠠᠷᠢᠯᠠᠯ ᠵᠢᠴᠢ ᠠᠬᠢᠴᠠ ᠶᠢᠨ | ᠲᠤᠬᠢᠷᠠᠭᠤᠯᠤᠯᠲᠠ ᠶᠢᠨ ᠬᠦᠰᠦᠨᠦᠭᠲᠦ | ᠬᠦᠰᠦᠨᠦᠭᠲᠦ ᠨᠢᠭᠡ | ᠬᠦᠰᠦᠨᠦᠭᠲᠦ ᠬᠤᠶᠠᠷ | ᠬᠦᠰᠦᠨᠦᠭᠲᠦ ᠭᠤᠷᠪᠠ | ᠬᠦᠰᠦᠨᠦᠭᠲᠦ ᠳᠦᠷᠪᠡ | ᠬᠦᠰᠦᠨᠦᠭᠲᠦ ᠲᠠᠪᠤ | ᠬᠦᠰᠦᠨᠦᠭᠲᠦ ᠵᠢᠷᠭᠤᠭ᠎ᠠ | ᠬᠦᠰᠦᠨᠦᠭᠲᠦ ᠳᠤᠯᠤᠭ᠎ᠠ |