2 ᠳ᠋ᠤᠭᠠᠷ ᠰᠠᠷ᠎ᠠ ᠶᠢᠨ 2 ᠤᠨ ᠡᠳᠦᠷ ᠬᠤᠷᠠᠯᠳᠤᠭᠰᠠᠨ ᠪᠥᠬᠦ ᠣᠷᠣᠨ ᠤ ᠵᠠᠮ ᠲᠡᠭᠡᠭᠡᠪᠦᠷᠢ ᠶᠢᠨ ᠠᠵᠢᠯ ᠤᠨ | ᠬᠤᠷᠠᠯ ᠠᠴᠠ ᠤᠶᠢᠯᠠᠭᠠᠭᠰᠠᠨ ᠢᠶᠠᠷ᠂ ᠡᠨᠡ ᠵᠢᠯ ᠥᠪᠥᠷ ᠮᠣᠩᠭᠤᠯ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠲᠠ ᠶᠢᠨ | ᠪᠡᠯᠡ ᠣᠷᠣᠭᠤᠯᠤᠯᠲᠠ ᠶᠢ 700 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠪᠦᠬᠦ ᠵᠢᠯ ᠳᠤ ᠲᠦᠷᠭᠡᠨ ᠬᠤᠷᠳᠤ ᠶᠢᠨ | ᠵᠠᠰᠠᠮᠠᠯ ᠵᠠᠮ ᠤᠨ ᠲᠡᠷᠭᠡ ᠨᠡᠪᠲᠡᠷᠡᠬᠦ ᠵᠠᠮ ᠢ 364 ᠺᠢᠯᠣᠮᠧᠲᠷ ᠰᠢᠨ᠎ᠡ ᠪᠠᠷ ᠵᠠᠰᠠᠵᠤ᠂ ᠤᠯᠤᠰ ᠤᠨ ᠪᠠ ᠮᠤᠵᠢ ᠶᠢᠨ | ᠵᠠᠮ ᠤᠨ ᠭᠤᠣᠯ ᠱᠤᠭᠤᠮ ᠤᠨ ᠵᠠᠰᠠᠮᠠᠯ ᠵᠠᠮ ᠢ 1600 ᠺᠢᠯᠣᠮᠧᠲᠷ ᠰᠢᠨ᠎ᠡ ᠪᠠᠷ ᠳᠡᠪᠢᠰᠬᠦ ᠪᠤᠶᠤ ᠥᠭᠡᠷᠡᠴᠢᠯᠡᠨ | ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ 5000 ᠺᠢᠯᠣᠮᠧᠲᠷ ᠰᠢᠨ᠎ᠡ ᠪᠠᠷ ᠳᠡᠪᠢᠰᠬᠦ ᠪᠤᠶᠤ | ᠥᠭᠡᠷᠡᠴᠢᠯᠡᠨ ᠪᠠᠶᠢᠭᠤᠯᠤᠨ᠎ᠠ᠃ ᠬᠥᠬᠡᠬᠤᠲᠠ ᠶᠢ ᠤᠯᠤᠰ ᠤᠨ ᠵᠠᠮ ᠲᠡᠭᠡᠭᠡᠪᠦᠷᠢ ᠶᠢᠨ ᠶᠠᠮᠤᠨ ᠠᠴᠠ ᠬᠤᠶᠠᠳᠤᠭᠠᠷ | ᠪᠦᠯᠦᠭ ᠨᠡᠶᠢᠲᠡ ᠶᠢᠨ ᠵᠠᠮ ᠬᠠᠷᠢᠯᠴᠠᠭᠠᠨ ᠤ ᠲᠦᠪ ᠬᠤᠳᠠ ᠶᠢᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ | ᠪᠠᠷ ᠲᠤᠭᠲᠠᠭᠠᠪᠠ᠃ | ᠲᠠᠨᠢᠯᠴᠠᠭᠤᠯᠤᠭᠰᠠᠨ ᠢᠶᠠᠷ᠂ 2017 ᠣᠨ ᠤ ᠵᠢᠯ ᠤᠨ ᠡᠴᠦᠰ ᠪᠣᠯᠲᠠᠯ᠎ᠠ᠂ ᠮᠠᠨ ᠤ ᠣᠷᠣᠨ ᠤ ᠵᠠᠰᠠᠮᠠᠯ | ᠵᠠᠮ ᠤᠨ ᠪᠦᠬᠦ ᠤᠷᠲᠤ ᠨᠢ 19.9 ᠲᠦᠮᠡᠨ ᠺᠢᠯᠣᠮᠧᠲᠷ ᠲᠤ ᠬᠦᠷᠴᠦ᠂ ᠪᠦᠬᠦ ᠤᠯᠤᠰ ᠤᠨ ᠡᠯ᠎ᠡ ᠮᠤᠵᠢ ᠣᠷᠣᠨ ᠤ | ᠶᠢᠰᠦᠳᠦᠭᠡᠷ ᠲᠤ ᠪᠠᠶᠢᠷᠢᠯᠠᠵᠤ᠂ ᠵᠥᠪᠬᠡᠨ ᠤᠶᠢᠷ᠎ᠠ ᠶᠢᠨ ᠲᠠᠪᠤᠨ ᠵᠢᠯ ᠳᠤ ᠰᠢᠨ᠎ᠡ ᠪᠠᠷ ᠨᠡᠮᠡᠭᠳᠡᠭᠰᠡᠨ ᠵᠠᠰᠠᠮᠠᠯ ᠵᠠᠮ ᠤᠨ | ᠤᠷᠳᠤ ᠨᠢ 3.5 ᠲᠦᠮᠡ ᠭᠠᠷᠤᠶ ᠺᠢᠯᠣᠮᠧᠲᠷ ᠲᠤ ᠬᠦᠷᠪᠡ︔ ᠲᠦᠷᠭᠡᠨ ᠬᠤᠷᠳᠤ ᠶᠢᠨ ᠵᠠᠰᠠᠮᠠᠯ ᠵᠠᠮ ᠤᠨ ᠪᠦᠬᠦ | ᠤᠷᠲᠤ ᠨᠢ 6340 ᠺᠢᠯᠣᠮᠧᠲᠷ ᠪᠤᠯᠵᠤ᠂ ᠪᠦᠬᠦ ᠤᠯᠤᠰ ᠤᠨ ᠡᠯ᠎ᠡ ᠮᠤᠵᠢ ᠣᠷᠣᠨ ᠤ ᠵᠢᠷᠭᠤᠳᠤᠭᠠᠷ ᠲᠤ | ᠪᠠᠶᠢᠷᠢᠯᠠᠪᠠ᠃ ᠪᠦᠬᠦ ᠣᠷᠣᠨ ᠤ 12 ᠠᠶᠢᠮᠠᠭ ᠬᠤᠳᠠ ᠲᠦᠷᠭᠡᠨ ᠬᠤᠷᠳᠤ ᠶᠢᠨ ᠵᠠᠰᠠᠮᠠᠯ ᠵᠠᠮ ᠬᠢᠭᠡᠳ ᠡᠷᠬᠢᠨ | ᠲᠣᠭᠤᠷᠢᠨ ᠤ ᠮᠤᠵᠢ ᠣᠷᠣᠨ ᠤ ᠭᠤᠤᠯ ᠬᠤᠲᠠ ᠯᠤᠭ᠎ᠠ ᠶᠢᠨ ᠨᠡᠪᠲᠡᠷᠡᠯᠴᠡᠭᠡ ᠶᠢ ᠨᠢᠭᠡᠨᠲᠡ ᠪᠦᠷᠢᠨ ᠪᠡᠶᠡᠯᠡᠭᠦᠯᠵᠦ᠂ | ᠣᠷᠣᠨ ᠠᠴᠠ ᠭᠠᠷᠬᠤ ᠲᠦᠷᠭᠡᠨ ᠬᠤᠷᠳᠤ ᠶᠢᠨ ᠵᠠᠰᠠᠮᠠᠯ ᠵᠠᠮ ᠤᠨ 14 ᠨᠡᠪᠲᠡᠷᠡᠬᠦ ᠵᠠᠮ᠂ ᠣᠷᠣᠨ ᠠᠴᠠ ᠭᠠᠷᠬᠤ | ᠨᠢᠭᠡᠳᠦᠭᠡᠷ ᠳᠡᠰ ᠤᠨ ᠵᠠᠰᠠᠮᠠᠯ ᠵᠠᠮ ᠤᠨ 16 ᠨᠡᠪᠲᠡᠷᠡᠬᠦ ᠵᠠᠮ ᠢ ᠪᠦᠬᠦᠨ ᠢ ᠪᠠᠶᠢᠭᠤᠯᠤᠨ ᠳᠠᠭᠤᠰᠬᠠᠵᠤ᠂ | ᠦᠡᠭᠭᠡᠷᠡᠭᠰᠡᠨ ᠤ ᠣᠷᠣᠨ ᠠᠴᠠ ᠭᠠᠷᠬᠤ ᠨᠡᠪᠲᠡᠷᠡᠬᠦ ᠵᠠᠮ ᠤᠨ ᠰᠠᠭᠠᠳ ᠲᠠᠢ ᠪᠠᠶᠢᠳᠠᠯ ᠢ ᠲᠤᠶᠢᠯᠪᠤᠷᠢᠲᠠᠢ | ᠦᠭᠡᠷᠡᠴᠢᠯᠡᠪᠡ᠃ |