ᠥᠪᠥᠷ ᠮᠣᠩᠭᠤᠯ ᠨᠡᠶᠢᠲᠡ 10.49 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠨ 4054 ᠵᠢᠭᠤᠯᠴᠢᠯᠠᠯ ᠤᠨ ᠵᠣᠷᠯᠣᠩ ᠢ ᠰᠢᠨ᠎ᠡ ᠪᠠᠷ ᠥᠭᠡᠷᠡᠴᠢᠯᠡᠨ ᠪᠠᠶᠢᠭᠤᠯᠪᠠ
ᠨᠡᠶᠢᠲᠡᠯᠡᠭᠰᠡᠨ ᠴᠠᠭ᠄
2018/2/5
     2015 ᠤᠨ ᠳᠤ ︽ᠵᠣᠷᠯᠣᠩ ᠤᠨ ᠬᠤᠪᠢᠰᠬᠠᠯ︾᠎ ᠢ ᠦᠷᠨᠢᠭᠦᠯᠦᠭᠰᠡᠨ ᠠᠴᠠ ᠨᠠᠰᠢ᠂ ᠥᠪᠥᠷ ᠮᠣᠩᠭᠤᠯ ᠨᠡᠶᠢᠲᠡ 10.49 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠨ 4054 ᠵᠢᠭᠤᠯᠴᠢᠯᠠᠯ ᠤᠨ ᠵᠣᠷᠯᠣᠩ ᠢ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ ᠭᠤᠣᠯ ᠵᠡᠮ ᠲᠡᠡᠭᠤ᠂ ᠵᠢᠭᠤᠯᠴᠢᠯᠠᠯ ᠤᠨ ᠦᠵᠡᠮᠵᠢ ᠶᠢᠨ ᠭᠠᠵᠠᠷ᠂ ᠵᠠᠮ ᠬᠠᠷᠢᠯᠴᠠᠭᠠᠨ ᠤ ᠤᠯᠠᠭ᠎ᠠ ᠥᠷᠲᠡᠭᠡ ᠵᠡᠷᠭᠡ ᠶᠢ ᠪᠦᠷᠢᠨ ᠪᠦᠷᠬᠦᠭᠦᠯᠬᠦ ᠶᠢ ᠦᠨᠳᠦᠰᠦᠨ ᠳᠡᠭᠡᠨ ᠪᠡᠶᠡᠯᠡᠭᠦᠯᠪᠡ᠃ 3 ᠵᠢᠯ ᠤᠨ ᠲᠤᠷᠰᠢ᠂ ᠥᠪᠥᠷ ᠮᠣᠩᠭᠤᠯ ︽ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠬᠤ᠂ ᠬᠡᠷᠡᠭᠯᠡᠭᠡ ᠶᠢ ᠴᠢᠬᠤᠯᠠᠴᠢᠯᠠᠬᠤ᠂ ᠤᠷᠴᠢᠨ ᠲᠤᠭᠤᠷᠢᠨ ᠤ ᠬᠠᠮᠠᠭᠠᠯᠠᠯᠲᠠ ᠶᠢ ᠡᠷᠬᠢᠮᠯᠡᠬᠦ᠂ ᠭᠤᠶᠤ ᠬᠡᠭᠡᠨᠴᠢᠷ ᠢ ᠡᠰᠡᠷᠭᠦᠴᠡᠬᠦ︾ ᠵᠠᠷᠴᠢᠮ ᠢᠶᠠᠷ᠂ ᠵᠢᠭᠤᠯᠴᠢᠯᠠᠯ ᠤᠨ ᠵᠣᠷᠯᠣᠩ ᠤᠨ ᠪᠠᠶᠢᠭᠤᠯᠤᠯᠲᠠ ᠶᠢᠨ ᠶᠡᠷᠦᠩᠬᠡᠶ ᠲᠥᠯᠥᠪᠵᠢᠭᠦᠯᠭᠡ ᠶᠢ ᠨᠠᠶᠢᠷᠠᠭᠤᠯᠤᠨ ᠵᠤᠬᠢᠶᠠᠵᠤ᠂ ᠲᠤᠰᠬᠠᠶ ᠮᠡᠷᠭᠡᠵᠢᠯ ᠤᠨ ᠨᠢᠭᠡᠴᠡ ᠶᠢᠨ ᠵᠢᠷᠤᠭ ᠲᠥᠯᠥᠪᠯᠡᠭᠡᠨ ᠤ ᠪᠦᠲᠦᠭᠡᠨ ᠪᠠᠶᠢᠭᠤᠯᠤᠯᠲᠠ ᠳᠤ ᠨᠠᠶᠢᠳᠠᠵᠤ᠂ ᠤᠰᠤ ᠠᠷᠪᠢᠯᠠᠬᠤ᠂ ᠡᠨᠧᠷᠭᠢ ᠠᠷᠪᠢᠯᠠᠬᠤ᠂ ᠦᠨᠦᠷ ᠠᠷᠢᠯᠭᠠᠬᠤ ᠵᠡᠷᠭᠡ ᠰᠢᠨ᠎ᠡ ᠮᠡᠷᠭᠡᠵᠢᠯ ᠰᠢᠨ᠎ᠡ ᠮᠠᠲ᠋ᠧᠷᠢᠶᠠᠯ ᠢ ᠬᠡᠷᠡᠭᠯᠡᠨ ᠠᠮᠢ ᠠᠬᠤᠶ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠠ ᠣᠷᠴᠢᠨ ᠲᠤᠭᠤᠷᠢᠨ ᠢ ᠬᠠᠮᠠᠭᠠᠯᠠᠬᠤ ᠵᠢᠭᠤᠯᠴᠢᠯᠠᠯ ᠤᠨ ᠵᠣᠷᠯᠣᠩ ᠢ ᠪᠠᠶᠢᠭᠤᠯᠵᠤ᠂ ᠥᠨᠳᠦᠷᠯᠢᠭ ᠬᠦᠢᠳᠡᠨ ᠭᠠᠵᠠᠷ ᠣᠷᠣᠨ ᠤ ᠵᠢᠭᠤᠯᠴᠢᠯᠠᠯ ᠤᠨ ᠵᠣᠷᠯᠣᠩ ᠤᠨ ᠬᠥᠯᠳᠡᠬᠦ ᠠᠴᠠ ᠰᠡᠷᠭᠡᠶᠢᠯᠡᠬᠦ᠂ ᠤᠰᠤ ᠳᠤᠲᠠᠭᠳᠠᠬᠤ ᠠᠰᠠᠭᠤᠳᠠᠯ ᠢ ᠰᠦᠪᠡᠭᠴᠢᠯᠡᠨ ᠰᠢᠢᠳᠪᠦᠷᠢᠯᠡᠪᠡ᠃      ᠥᠪᠥᠷ ᠮᠣᠩᠭᠤᠯ A ᠲᠠᠰ ᠤᠨ ᠦᠵᠡᠮᠵᠢᠲᠦ ᠣᠷᠣᠨ᠂ ᠵᠢᠭᠤᠯᠴᠢᠯᠠᠯ ᠤᠨ ᠭᠤᠣᠯ ᠱᠤᠭᠤᠮ᠂ ᠴᠢᠬᠤᠯᠠ ᠵᠠᠮ ᠬᠠᠷᠢᠯᠴᠠᠭᠠᠨ ᠤ ᠲᠥᠪᠯᠡᠷᠡᠭᠦᠯᠵᠦ ᠲᠠᠷᠬᠠᠭᠠᠬᠤ ᠣᠷᠣᠨ᠂ ᠭᠤᠣᠯᠳᠠᠯᠭ᠎ᠠ ᠲᠠᠢ ᠬᠥᠳᠡᠭᠡ ᠲᠣᠰᠬᠤᠨ ᠤ ᠵᠢᠭᠤᠯᠴᠢᠯᠠᠯ ᠤᠨ ᠴᠢᠭ᠋᠂ ᠭᠤᠣᠯᠳᠠᠯᠭ᠎ᠠ ᠲᠠᠢ ᠵᠢᠭᠤᠯᠴᠢᠯᠠᠯ ᠤᠨ ᠬᠤᠭᠤᠯᠠᠨ ᠭᠡᠷ᠂ ᠭᠤᠣᠯᠳᠠᠯᠭ᠎ᠠ ᠲᠠᠢ ᠵᠤᠭ᠎ᠠ ᠴᠡᠩᠭᠡᠯ ᠤᠨ ᠭᠠᠵᠠᠷ᠂ ᠭᠤᠣᠯᠳᠠᠯᠭ᠎ᠠ ᠲᠠᠢ ᠰᠡᠯᠡᠭᠦᠴᠡᠯ ᠤᠨ ᠶᠠᠪᠠᠭᠠᠨ ᠲᠤᠭᠤᠷᠢᠭ ᠲᠤ ᠪᠦᠷ ᠤᠰᠤ ᠪᠠᠷ ᠴᠡᠪᠡᠷᠯᠡᠬᠦ ᠵᠣᠷᠯᠣᠩ ᠪᠤᠶᠤ ᠠᠮᠢ ᠠᠬᠤᠢ ᠶᠢᠨ ᠪᠣᠬᠢᠷᠲᠤᠯ ᠦᠭᠡᠢ ᠤᠰᠤ ᠦᠭᠡᠢ ᠵᠣᠷᠯᠣᠩ ᠢ ᠪᠦᠲᠦᠭᠡᠨ ᠪᠠᠶᠢᠭᠤᠯᠵᠤ᠂ ᠵᠢᠭᠤᠯᠴᠢᠯᠠᠯ ᠤᠨ ᠵᠣᠷᠯᠣᠩ ᠢ ︽ᠲᠤᠭ᠎ᠠ ᠬᠡᠮᠵᠢᠶ᠎ᠡ ᠨᠢ ᠬᠦᠷᠦᠯᠴᠡᠬᠦ᠋ᠢᠴᠡ᠂ ᠴᠡᠪᠡᠷᠬᠡᠨ ᠦᠨᠦᠷ ᠦᠭᠡᠢ᠂ ᠰᠦᠢᠳᠬᠡᠯ ᠬᠤᠷᠢᠶᠠᠬᠤ ᠦᠭᠡᠢ᠂ ᠬᠠᠮᠢᠶᠠᠷᠤᠯᠲᠠ ᠪᠦᠲᠦᠮᠵᠢᠲᠡᠶ ᠪᠠᠶᠢᠯᠭᠠᠬᠤ︾ ᠬᠠᠷᠠᠯᠲᠠ ᠶᠢ ᠪᠡᠶᠡᠯᠡᠭᠦᠯᠵᠦ᠂ ᠵᠢᠭᠤᠯᠴᠢᠯᠠᠭᠴᠢᠳ ᠎ ᠲᠤ ᠵᠤᠷᠯᠤᠩ ᠤᠯᠳᠠᠬᠤ ᠦᠭᠡᠢ ᠪᠠᠶᠢᠭᠰᠠᠨ ᠬᠦᠴᠢᠷ ᠠᠰᠠᠭᠤᠳᠠᠯ ᠢ ᠦᠨᠡᠨ ᠬᠦ ᠰᠢᠢᠳᠪᠦᠷᠢᠯᠡᠪᠡ᠃      ᠣᠶᠢᠯᠠᠭᠠᠭᠰᠠᠨ ᠢᠶᠠᠷ᠂ ᠣᠷᠣᠨ ᠨᠤᠲᠤᠭ ᠤᠨ ᠵᠠᠰᠠᠭ ᠤᠨ ᠣᠷᠳᠣᠨ᠂ ᠵᠢᠭᠤᠯᠴᠢᠯᠠᠯ ᠤᠨ ᠠᠵᠤ ᠠᠬᠤᠶᠢᠯᠠᠯ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠪᠡᠯᠡ ᠮᠥᠩᠭᠦ ᠴᠤᠭᠯᠠᠭᠤᠯᠤᠨ ᠪᠦᠲᠦᠭᠡᠨ ᠪᠠᠶᠢᠭᠤᠯᠬᠤ ᠶᠢᠨ ᠰᠠᠭᠤᠷᠢᠨ ᠳᠡᠭᠡᠷ᠎ᠡ᠂ ᠥᠪᠥᠷ ᠮᠣᠩᠭᠤᠯ ︽ᠠᠷᠠᠯᠵᠢᠶ᠎ᠠ ᠬᠤᠳᠠᠯᠳᠤᠭ᠎ᠠ ᠪᠠᠷ ᠵᠣᠷᠯᠣᠩ ᠪᠠᠶᠢᠭᠤᠯᠬᠤ᠂ ᠠᠷᠠᠯᠵᠢᠶ᠎ᠠ ᠬᠤᠳᠠᠯᠳᠤᠭ᠎ᠠ ᠪᠠᠷ ᠵᠤᠷᠯᠤᠩ ᠢ ᠬᠠᠮᠢᠶᠠᠷᠬᠤ᠂ ᠠᠷᠠᠯᠵᠢᠶ᠎ᠠ ᠬᠤᠳᠠᠯᠳᠤᠭ᠎ᠠ ᠪᠠᠷ ᠵᠤᠷᠯᠤᠩ ᠢ ᠬᠠᠮᠠᠭᠠᠯᠠᠬᠤ︾ ᠵᠡᠷᠭᠡ ᠵᠢᠭᠤᠯᠴᠢᠯᠠᠯ ᠤᠨ ᠵᠣᠷᠯᠣᠩ ᠤᠨ ᠬᠠᠮᠢᠶᠠᠷᠤᠯᠲᠠ ᠪᠣᠯᠤᠨ ᠡᠵᠡᠩᠨᠡᠯᠲᠡ ᠶᠢᠨ ᠵᠠᠭᠪᠤᠷ ᠢ ᠰᠦᠪᠡᠭᠴᠢᠯᠡᠨ ᠰᠢᠨ᠎ᠡ ᠶᠢ ᠡᠭᠦᠳᠴᠦ᠂ ᠲᠣᠰᠣ ᠨᠡᠮᠡᠬᠦ ᠥᠷᠲᠡᠭᠡ ᠪᠣᠯᠤᠨ ᠬᠤᠲᠠ ᠪᠠᠯᠭᠠᠰᠤ ᠶᠢᠨ ᠤᠯᠠᠨ ᠨᠡᠶᠢᠲᠡ ᠶᠢᠨ ᠭᠠᠵᠠᠷ ᠤᠨ ᠵᠣᠷᠯᠣᠩ ᠢ ᠵᠢᠭᠤᠯᠴᠢᠯᠠᠭᠴᠢᠳ ᠲᠤ ᠴᠢᠯᠦᠭᠡᠲᠡᠢ ᠲᠠᠯᠪᠢᠬᠤ ᠶᠢ ᠲᠦᠯᠬᠢᠨ ᠠᠬᠢᠭᠤᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号