ᠦᠪᠡᠷᠲᠡᠭᠡᠨ ᠵᠠᠰᠠᠬᠤ ᠤᠷᠤᠨ ᠤ ᠬᠢᠨᠠᠨ ᠪᠠᠶᠢᠴᠠᠭᠠᠬᠤ ᠵᠦᠪᠯᠡᠯ ᠢᠯᠡᠷᠬᠡᠶᠢᠯᠡᠯ ᠡᠯᠭᠦᠵᠦ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2018/2/5
     2 ᠳ᠋ᠤᠭᠠᠷ ᠰᠠᠷ᠎ᠠ ᠶᠢᠨ 3᠎ ᠤ ᠡᠳᠦᠷ ᠤᠨ ᠦᠳᠡ ᠶᠢᠨ ᠡᠮᠤᠨ᠎ᠡ᠂ ᠦᠪᠡᠷᠳᠡᠬᠡᠨ ᠵᠠᠰᠠᠬᠤ ᠤᠷᠤᠨ ᠤ ᠬᠢᠨᠠᠨ ᠪᠠᠶᠢᠴᠠᠭᠠᠬᠤ ᠵᠦᠪᠯᠡᠯ ᠢᠯᠡᠷᠬᠡᠶᠢᠯᠡᠯ ᠡᠯᠬᠦᠨ ᠪᠠᠶᠢᠭᠤᠯᠤᠭᠳᠠᠪᠠ᠃ ᠡᠨᠡ ᠨᠢ ᠮᠠᠨ ᠤ ᠤᠷᠤᠨ ᠤ ᠭᠤᠷᠪᠠᠨ ᠱᠠᠳᠤᠨ ᠤ ᠬᠢᠨᠠᠨ ᠪᠠᠶᠢᠴᠠᠭᠠᠬᠤ ᠵᠦᠪᠯᠡᠯ ᠢ ᠵᠤᠬᠢᠶᠠᠨ ᠪᠠᠶᠢᠭᠤᠯᠬᠤ ᠠᠵᠢᠯ ᠪᠦᠬᠦ ᠳᠠᠯ᠎ᠠ ᠪᠠᠷ ᠪᠡᠶᠡᠯᠡᠭᠳᠡᠵᠥ᠂ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠦᠬᠡᠷᠡᠴᠢᠯᠡᠯᠳᠡ ᠶᠢᠨ ᠳᠤᠷᠰᠢᠯᠳᠠ ᠶᠢᠨ ᠠᠵᠢᠯ ᠪᠤᠳᠠᠳᠠᠢ ᠠᠵᠢᠯᠯᠠᠭᠠᠨ ᠤ ᠱᠠᠳᠤᠨ ᠳᠤ ᠤᠷᠤᠬᠰᠠᠨ ᠢ ᠬᠠᠷᠠᠭᠤᠯᠵᠥ ᠪᠤᠢ᠃      1 ᠳ᠋ᠦ᠋ᠭᠡᠷ ᠰᠠᠷ᠎ᠠ ᠶᠢᠨ 31᠎ ᠤ ᠡᠳᠤᠷ᠂ ᠦᠪᠡᠷᠳᠡᠬᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠠᠴᠠ ᠬᠤᠷᠠᠯᠳᠤᠭᠤᠯᠤᠬᠰᠠᠨ ᠳᠠᠪᠤᠳᠤᠭᠠᠷ ᠤᠳᠠᠭ᠎ᠠ ᠶᠢᠨ ᠪᠦᠬᠦ ᠬᠡᠰᠢᠬᠦᠳ ᠤᠨ ᠬᠤᠷᠠᠯ ᠠᠴᠠ ᠦᠪᠡᠷᠳᠡᠬᠡᠨ ᠵᠠᠰᠠᠬᠤ ᠤᠷᠤᠨ ᠎ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠦᠪᠡᠷᠳᠡᠬᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠱᠦᠵᠢ ᠯᠢᠦ ᠴᠢ ᠹᠠᠨ ᠢ ᠦᠪᠡᠷᠳᠡᠬᠡᠨ ᠵᠠᠰᠠᠬᠤ ᠤᠷᠤᠨ ᠤ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠪᠠᠷ ᠰᠤᠩᠭᠤᠪᠠ᠃ 2 ᠳ᠋ᠤᠭᠠᠷ ᠰᠠᠷ᠎ᠠ ᠶᠢᠨ 1᠎ ᠤ ᠡᠳᠤᠷ᠂ ᠦᠪᠡᠷᠳᠡᠬᠡᠨ ᠵᠠᠰᠠᠬᠤ ᠤᠷᠤᠨ ᠎ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠩᠬᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠥ᠂ ᠦᠪᠡᠷᠳᠡᠬᠡᠨ ᠵᠠᠰᠠᠬᠤ ᠤᠷᠤᠨ ᠤ ᠬᠢᠨᠠᠨ ᠪᠠᠶᠢᠴᠠᠭᠠᠬᠤ ᠵᠦᠪᠯᠡᠯ ᠤᠨ ᠳᠡᠳ᠋ ᠡᠷᠬᠢᠯᠡᠭᠴᠢ᠂ ᠦᠪᠡᠷᠳᠡᠬᠡᠨ ᠵᠠᠰᠠᠬᠤ ᠤᠷᠤᠨ ᠤ ᠬᠢᠨᠠᠨ ᠪᠠᠶᠢᠴᠠᠭᠠᠬᠤ ᠵᠦᠪᠯᠡᠯ ᠤᠨ ᠬᠡᠰᠢᠬᠦᠳ ᠢ ᠲᠤᠮᠢᠯᠠᠭᠰᠠᠨ ᠤ ᠬᠠᠮᠳᠤ ᠳᠤᠮᠢᠯᠠᠯᠳᠠ ᠶᠢᠨ ᠪᠢᠴᠢᠭ ᠭᠠᠷᠳᠠᠭᠤᠯᠵᠥ᠂ ᠦᠨᠳᠦᠰᠦᠨ ᠬᠠᠤᠯᠢ ᠳᠤ ᠳᠠᠩᠭᠠᠷᠢᠬᠯᠠᠬᠤ ᠶᠤᠰᠤᠯᠠᠯ ᠶᠠᠪᠤᠭᠤᠯᠵᠠᠢ︔ ᠡᠭᠦᠨ ᠤ ᠬᠠᠮᠳᠤ ᠪᠠᠰᠠ ᠬᠢᠩᠭᠠᠨ ᠠᠶᠢᠮᠠᠭ᠂ ᠰᠢᠯᠢ ᠶᠢᠨ ᠭᠤᠤᠯ ᠠᠶᠢᠮᠠᠭ᠂ ᠠᠯᠠᠱᠠ ᠠᠶᠢᠮᠠᠭ ᠭᠤᠷᠪᠠᠨ ᠭᠠᠵᠠᠷ ᠤᠨ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ᠂ ᠳᠡᠳ᠋ ᠡᠷᠬᠢᠯᠡᠭᠴᠢ ᠵᠢᠴᠢ ᠪᠦᠷᠢᠯᠳᠦᠬᠦᠨ ᠢ ᠳᠤᠮᠢᠯᠠᠵᠠᠢ᠃      ᠤᠳᠤᠬᠠᠨ ᠪᠤᠯᠳᠠᠯ᠎ᠠ᠂ ᠨᠠᠮ ᠤᠨ ᠳᠦᠪ ᠬᠤᠷᠢᠶ᠎ᠠ ᠶᠢᠨ ᠨᠢᠬᠡᠳᠦᠯᠳᠡᠢ ᠪᠠᠶᠢᠷᠢᠯᠠᠭᠤᠯᠤᠯᠲᠠ ᠶᠤᠰᠤᠭᠠᠷ᠂ ᠮᠠᠨ ᠤ ᠤᠷᠤᠨ ᠭᠤᠷᠪᠠᠨ ᠱᠠᠳᠤᠨ ᠤ ᠬᠢᠨᠠᠨ ᠪᠠᠶᠢᠴᠠᠭᠠᠬᠤ ᠵᠦᠪᠯᠡᠯ ᠤᠨ ᠬᠡᠰᠢᠬᠦᠨ ᠢ ᠰᠢᠯᠵᠢᠬᠦᠯᠦᠨ ᠵᠠᠬᠢᠷᠬᠤ᠂ ᠤᠳᠤᠷᠢᠳᠬᠤ ᠪᠠᠬ ᠪᠠᠶᠢᠭᠤᠯᠬᠤ᠂ ᠳᠦᠪᠯᠡᠷᠡᠬᠦᠯᠦᠨ ᠠᠯᠪᠠᠯᠠᠬᠤ᠂ ᠰᠢᠯᠵᠢᠬᠦᠯᠦᠨ ᠵᠠᠬᠢᠷᠬᠤ ᠶᠢ ᠠᠭᠤᠰᠤᠯᠴᠠᠭᠤᠯᠬᠤ ᠠᠵᠢᠯ ᠤᠨ ᠪᠤᠯᠪᠠᠰᠤᠷᠠᠭᠤᠯᠤᠯ ᠵᠢᠴᠢ ᠢᠯᠡᠷᠬᠡᠶᠢᠯᠡᠯ ᠡᠯᠬᠦᠬᠦ ᠠᠵᠢᠯ ᠢ ᠪᠦᠬᠦ ᠳᠠᠯ᠎ᠠ ᠪᠠᠷ ᠳᠤᠬᠳᠠᠬᠰᠠᠨ ᠬᠤᠭᠤᠴᠠᠭᠠᠨ ᠎ ᠳᠤᠨᠢ ᠪᠡᠶᠡᠯᠡᠬᠦᠯᠦᠭᠰᠡᠨ ᠪᠠᠶᠢᠨ᠎ᠠ᠃      ᠡᠬᠦᠨ ᠠᠴᠠ ᠡᠮᠦᠨ᠎ᠡ᠂ ᠦᠪᠡᠷᠳᠡᠬᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠠᠴᠠ ᠪᠠᠰᠠ ᠨᠢᠬᠡ ᠭᠠᠷᠠᠭ ᠤᠨ ᠴᠠᠭ ᠢ ᠠᠰᠢᠬᠯᠠᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠰᠢᠯᠵᠢᠬᠦᠯᠦᠨ ᠵᠠᠬᠢᠷᠬᠤ ᠶᠢ ᠠᠭᠤᠰᠤᠯᠴᠠᠭᠤᠯᠬᠤ ᠠᠵᠢᠯ ᠤᠨ ᠪᠤᠯᠪᠠᠰᠤᠷᠠᠭᠤᠯᠤᠯ ᠤᠨ ᠠᠩᠬᠢ ᠡᠷᠬᠢᠯᠡᠵᠦ᠂ ᠦᠪᠡᠷᠳᠡᠬᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠭᠤᠤᠯ ᠤᠳᠤᠷᠢᠳᠤᠯᠭ᠎ᠠ ᠪᠤᠯᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠨ ᠬᠡᠰᠢᠬᠦᠳ ᠡᠬᠡᠯᠵᠢᠯᠡᠨ ᠬᠢᠴᠢᠶᠡᠯ ᠤᠷᠤᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号