1 ᠳ᠋ᠦ᠋ᠭᠡᠷ ᠰᠠᠷ᠎ᠠ ᠳᠤ ᠥᠪᠥᠷ ᠮᠣᠩᠭᠤᠯ ᠤᠨ ᠬᠥᠳᠡᠯᠭᠡᠭᠴᠢ ᠬᠦᠴᠦᠨ ᠤ ᠨᠡᠭᠦᠷᠡᠰᠦᠨ ᠤ ᠦᠨ᠎ᠡ ᠠᠳᠠᠯᠢ ᠬᠤᠭᠤᠴᠠᠭᠠᠨ ᠤ ᠬᠢ ᠠᠴᠠ ᠪᠠᠭ᠎ᠠ ᠬᠡᠮᠵᠢᠶ᠎ᠡ ᠪᠠᠷ ᠥᠰᠪᠡ
ᠨᠡᠶᠢᠲᠡᠯᠡᠭᠰᠡᠨ ᠴᠠᠭ᠄
2018/2/5
      ᠡᠨᠡ ᠵᠢᠯ ᠤᠨ 1 ᠳ᠋ᠦ᠋ᠭᠡᠷ ᠰᠠᠷ᠎ᠠ ᠳᠤ᠂ ᠥᠪᠥᠷ ᠮᠣᠩᠭᠤᠯ ᠤᠨ ᠭᠤᠣᠯ ᠭᠠᠷᠤᠯᠲᠠ ᠶᠢᠨ ᠣᠷᠣᠨ ᠤ ᠬᠥᠳᠡᠯᠭᠡᠭᠴᠢ ᠬᠦᠴᠦᠨ ᠤ ᠨᠡᠭᠦᠷᠡᠰᠦᠨ ᠤ ᠠᠭᠤᠷᠬᠠᠶ ᠶᠢᠨ ᠠᠮᠠᠨ ᠳᠠᠬᠢ ᠳᠤᠮᠳᠠᠴᠢ ᠳ᠋ᠦᠩᠨᠡᠨ ᠪᠤᠳᠤᠭᠰᠠᠨ ᠦᠨ᠎ᠡ ᠬᠠᠩᠰᠢ ᠤᠷᠢᠳᠠᠪᠠᠷ ᠥᠰᠴᠦ ᠳᠠᠷᠠᠭ᠎ᠠ ᠨᠢ ᠪᠠᠭᠤᠷᠠᠪᠠ᠂ ᠰᠠᠷ᠎ᠠ ᠶᠢᠨ ᠳᠤᠮᠳᠠᠴᠢ ᠦᠨ᠎ᠡ ᠨᠢ ᠲᠣᠨ ᠪᠦᠷᠢ ᠳᠡᠭᠡᠨ 218.86 ᠲᠥᠭᠦᠷᠢᠭ ᠪᠣᠯᠵᠤ᠂ ᠪᠠᠭ᠎ᠠ ᠬᠡᠮᠵᠢᠶ᠎ᠡ ᠪᠠᠷ ᠥᠰᠴᠦ᠂ ᠭᠠᠷᠬᠠᠨ ᠬᠠᠷᠢᠴᠠᠯ ᠢᠶᠠᠷ 2.35% ᠥᠰᠴᠦ᠂ ᠠᠳᠠᠯᠢ ᠬᠤᠭᠤᠴᠠᠭᠠᠨ ᠤ ᠬᠢ ᠠᠴᠠ 9.90% ᠥᠰᠪᠡ᠃ ᠡᠭᠦᠨ ᠳᠤ᠄ ᠵᠡᠭᠦᠨ ᠬᠡᠰᠡᠭ ᠤᠨ ᠭᠠᠵᠠᠷ ᠣᠷᠣᠨ ᠤ ᠬᠦᠷᠡᠩ ᠨᠡᠭᠦᠷᠡᠰᠦᠨ ᠤ ᠠᠭᠤᠷᠬᠠᠶ ᠶᠢᠨ ᠠᠮᠠᠨ ᠳᠠᠬᠢ ᠳᠤᠮᠳᠠᠴᠢ ᠳ᠋ᠦᠩᠨᠡᠨ ᠪᠤᠳᠤᠭᠰᠠᠨ ᠦᠨ᠎ᠡ ᠬᠠᠩᠰᠢ ᠨᠢ ᠲᠣᠨ ᠪᠦᠷᠢ ᠳᠡᠭᠡᠨ 177.13 ᠲᠥᠭᠦᠷᠢᠭ ᠪᠣᠯᠵᠤ᠂ ᠭᠠᠷᠬᠠᠨ ᠬᠠᠷᠢᠴᠠᠯ ᠢᠶᠠᠷ 8.29% ᠥᠰᠴᠦ᠂ ᠠᠳᠠᠯᠢ ᠬᠤᠭᠤᠴᠠᠭᠠᠨ ᠤ ᠬᠢ ᠠᠴᠠ 20.43% ᠥᠰᠴᠡᠢ︔ ᠣᠷᠳᠣᠰ ᠬᠤᠲᠠ ᠶᠢᠨ ᠬᠥᠳᠡᠯᠭᠡᠭᠴᠢ ᠬᠦᠴᠦᠨ ᠤ ᠨᠡᠭᠦᠷᠡᠰᠦᠨ ᠤ ᠠᠭᠤᠷᠬᠠᠶ ᠶᠢᠨ ᠠᠮᠠᠨ ᠳᠠᠬᠢ ᠳᠤᠮᠳᠠᠴᠢ ᠳ᠋ᠦᠩᠨᠡᠨ ᠪᠤᠳᠤᠭᠰᠠᠨ ᠦᠨ᠎ᠡ ᠬᠠᠩᠰᠢ ᠨᠢ ᠲᠣᠨ ᠪᠦᠷᠢ ᠳᠡᠭᠡᠨ 291.67 ᠲᠥᠭᠦᠷᠢᠭ ᠪᠣᠯᠵᠤ᠂ ᠭᠠᠷᠬᠠᠨ ᠬᠠᠷᠢᠴᠠᠯ ᠢᠶᠠᠷ 1.69% ᠪᠠᠭᠤᠷᠠᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 10.06% ᠥᠰᠴᠡᠢ᠃      ᠠᠳᠠᠯᠢ ᠬᠤᠭᠤᠴᠠᠭᠠᠨ ᠳᠤ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠨᠡᠭᠦᠷᠡᠰᠦ ᠶᠢᠨ ᠬᠤᠳᠠᠯᠳᠤᠨ ᠠᠪᠬᠤ ᠳᠤᠮᠳᠠᠴᠢ ᠦᠨ᠎ᠡ ᠬᠠᠩᠰᠢ ᠨᠢ ᠲᠣᠨ ᠪᠦᠷᠢ ᠳᠡᠭᠡᠨ 206.20 ᠲᠥᠭᠦᠷᠢᠭ ᠪᠠᠶᠢᠵᠤ᠂ ᠭᠠᠷᠬᠠᠨ ᠬᠠᠷᠢᠴᠠᠯ ᠢᠶᠠᠷ 0.04% ᠪᠠᠭᠤᠷᠠᠵᠤ᠂ ᠠᠳᠠᠯᠢ ᠬᠤᠭᠤᠴᠠᠭᠠᠨ ᠤ ᠬᠢ ᠠᠴᠠ 7.79 %ᠥᠰᠴᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号