ᠬᠥᠯᠥᠨ ᠪᠤᠶᠢᠷ ᠤᠨ ᠬᠠᠷᠢᠶᠠᠨ ᠳᠠᠬᠢ ᠪᠠᠩᠬᠢ ᠶᠢᠨ ᠦᠢᠯᠡᠰ ᠤᠨ ᠪᠠᠶᠢᠭᠤᠯᠤᠮᠵᠢ ᠲᠦᠭᠡᠮᠡᠯ ᠬᠠᠷᠠᠭᠠᠯᠵᠠᠯ ᠤᠨ | ᠮᠥᠩᠭᠦᠨ ᠭᠦᠢᠯᠭᠡᠭᠡᠨ ᠤ ᠣᠶᠢᠯᠠᠭᠠᠭᠳᠠᠬᠤᠨ ᠢ ᠢᠳᠡᠪᠬᠢᠲᠡᠶ ᠦᠢᠯᠡᠳᠦᠯᠭᠡᠵᠢᠭᠦᠯᠵᠦ᠂ ᠵᠢᠵᠢᠭ ᠪᠢᠴᠢᠯ ᠠᠵᠤ | ᠠᠬᠤᠶᠢᠯᠠᠯ ᠳᠤ ᠲᠤᠰᠠᠯᠠᠨ ᠳᠡᠮᠵᠢᠭᠰᠡᠨ ᠮᠥᠩᠭᠦᠨ ᠭᠦᠢᠯᠭᠡᠭᠡᠨ ᠤ ᠦᠢᠯᠡᠴᠢᠯᠡᠭᠡ ᠨᠢ ᠢᠯᠡᠳᠲᠡ ᠠᠮᠵᠢᠯᠲᠠ | ᠪᠦᠲᠦᠮᠵᠢ ᠣᠯᠪᠠ᠃ ᠨᠢᠭᠡ ᠳᠤ᠂ ᠳᠠᠭᠠᠭᠠᠯᠲᠠ ᠶᠢᠨ ᠬᠡᠪ ᠵᠠᠭᠪᠤᠷ ᠪᠠ ᠮᠥᠩᠭᠦᠨ ᠭᠦᠢᠯᠭᠡᠭᠡᠨ ᠤ ᠨᠡᠷᠡᠳᠬᠦᠨ ᠤ | ᠲᠠᠯ᠎ᠠ ᠪᠠᠷ ᠲᠡᠰᠦᠷᠡᠯᠳᠠ ᠤᠢᠭᠡᠢ ᠰᠢᠨ᠎ᠡ ᠶᠢ ᠡᠭᠦᠳᠦᠭᠰᠡᠨ ᠪᠥᠭᠡᠳ ᠲᠣᠮᠤ ᠳ᠋ᠠᠶᠢᠲ᠋ᠠ ᠵᠢᠴᠢ ᠢᠨᠲ᠋ᠧᠷ ᠰᠦᠯᠵᠢᠶᠡᠨ ᠤ | ᠮᠡᠷᠭᠡᠵᠢᠯ ᠳᠤ ᠲᠦᠰᠢᠭᠯᠡᠨ ᠰᠢᠨ᠎ᠡ ᠶᠢ ᠡᠭᠦᠳᠴᠦ᠂ ᠲᠦᠭᠡᠮᠡᠯ ᠬᠠᠷᠠᠭᠠᠯᠵᠠᠯ ᠤᠨ ᠮᠥᠩᠭᠦᠨ ᠭᠦᠢᠯᠭᠡᠭᠡᠨ + | ᠢᠨᠲ᠋ᠧᠷ ᠰᠦᠯᠵᠢᠶᠡᠨ ᠤ ᠮᠥᠩᠭᠦᠨ ᠭᠦᠢᠯᠭᠡᠭᠡᠨ ᠤ ᠨᠡᠷᠡᠳᠬᠦᠨ ᠢ ᠭᠠᠷᠭᠠᠵᠤ᠂ ᠰᠦᠯᠵᠢᠶᠡᠨ ᠳᠡᠭᠡᠷᠡᠬᠢ ᠮᠥᠩᠭᠦᠨ | ᠭᠦᠢᠯᠭᠡᠭᠡᠨ ᠤ ᠦᠢᠯᠡᠴᠢᠯᠡᠭᠡ ᠶᠢᠨ ᠴᠢᠳᠠᠪᠤᠷᠢ ᠢᠶᠠᠨ ᠦᠷᠭᠦᠯᠵᠢᠯᠡᠨ ᠴᠢᠩᠭᠠᠷᠠᠭᠤᠯᠪᠠ ᠃ ᠬᠤᠶᠠᠷ ᠲᠤ᠂ ᠬᠤᠳᠡ ᠶᠢᠨ | ᠰᠠᠭᠤᠷᠢ ᠪᠡᠯᠡᠳᠬᠡᠮᠵᠢ ᠶᠢᠨ ᠪᠦᠳᠤᠭᠡᠨ ᠪᠠᠶᠢᠭᠤᠯᠤᠯᠲᠠ ᠶᠢᠨ ᠠᠵᠤ ᠠᠬᠤᠶᠢᠯᠠᠯ᠂ ᠲᠠᠷᠢᠶᠠᠯᠠᠩ ᠮᠠᠯ ᠠᠵᠤ ᠠᠬᠤᠶ ᠶᠢᠨ | ᠬᠥᠲᠥᠴᠢ ᠠᠵᠤ ᠠᠬᠤᠶᠢᠯᠠᠯ ᠵᠡᠷᠭᠡ ᠵᠢᠵᠢᠭ ᠪᠢᠴᠢᠯ ᠠᠵᠤ ᠠᠬᠤᠶᠢᠯᠠᠯ ᠤᠨ ᠵᠣᠴᠢᠨ ᠡᠷᠦᠬᠡ ᠪᠠᠷ ᠰᠢᠪᠲᠤᠯᠤᠯᠲᠠ ᠶᠢᠨ | ᠴᠢᠭ᠋ ᠪᠣᠯᠭᠠᠵᠤ᠂ ᠵᠢᠵᠢᠭ ᠪᠢᠴᠢᠯ ᠠᠵᠤ ᠠᠬᠤᠶᠢᠯᠠᠯ ᠳᠤ ᠲᠣᠰᠠᠯᠠᠨ ᠳᠡᠮᠵᠢᠭᠰᠡᠨ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠰᠢᠨ᠎ᠡ ᠨᠡᠮᠡᠭᠳᠡᠯ ᠤᠨ ᠴᠢᠭ᠋ ᠢ ᠪᠣᠢ ᠪᠣᠯᠭᠠᠵᠤ᠂ ᠵᠢᠵᠢᠭ ᠪᠢᠴᠢᠯ ᠠᠵᠤ ᠠᠬᠤᠶᠢᠯᠠᠯ ᠤᠨ ᠵᠣᠴᠢᠨ | ᠡᠷᠦᠬᠡ ᠶᠢᠨ ᠴᠢᠨᠠᠷ ᠴᠢᠨᠰᠠᠭ᠎ᠠ ᠶᠢ ᠢᠯᠡᠳᠲᠡ ᠳᠡᠭᠡᠭᠰᠢᠯᠡᠭᠦᠯᠪᠡ᠃ ᠭᠤᠷᠪᠠ ᠳᠤ ᠭᠠᠶᠢᠯᠢ ᠪᠠᠲᠤᠯᠠᠬᠤ ᠣᠷᠣᠨ ᠤ | ᠲᠥᠷᠥᠯ ᠵᠦᠢᠯ ᠳᠤ ᠠᠦ᠋ᠲ᠋ᠣ᠋ ᠲᠥᠬᠦᠭᠡᠷᠦᠮᠵᠢ ᠂ ᠲᠤᠬᠠᠶᠢᠯᠠᠭᠰᠠᠨ ᠠᠵᠢᠯ ᠤᠨ ᠵᠥᠪᠯᠡᠯᠭᠡ ᠥᠭᠬᠦ ᠵᠡᠷᠭᠡ ᠦᠢᠯᠡᠴᠢᠯᠡᠭᠡ | ᠬᠠᠩᠭᠠᠵᠤ᠂ ᠵᠠᠷᠤᠳᠠᠯ ᠢ ᠪᠠᠭᠤᠷᠠᠭᠤᠯᠵᠤ ᠠᠰᠢᠭ ᠣᠯᠭᠤᠬᠤ ᠶᠢ ᠬᠡᠷᠡᠭᠵᠢᠭᠦᠯᠵᠤ᠂ ᠪᠡᠯᠡ ᠲᠣᠬᠢᠷᠠᠭᠤᠯᠭ᠎ᠠ ᠶᠢᠨ | ᠥᠪᠡᠷ ᠤᠨ ᠦᠷᠳᠡᠭ ᠢ ᠨᠢ ᠪᠦᠲᠦᠮᠵᠢᠲᠡᠶ ᠪᠠᠭᠤᠷᠠᠭᠤᠯᠬᠤ ᠶᠢ ᠠᠬᠢᠭᠤᠯᠪᠠ᠃ 2017 ᠣᠨ ᠤ ᠡᠴᠦᠰ ᠪᠣᠯᠲᠠᠯ᠎ᠠ᠂ | ᠪᠦᠬᠦ ᠬᠤᠲᠠ ᠶᠢᠨ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ 331.67 ᠳ᠋ᠦᠩᠰᠢᠭᠤᠷ ᠲᠥᠭᠦᠷᠢᠭ ᠲᠤ | ᠬᠦᠷᠴᠦ᠂ ᠡᠯ᠎ᠡ ᠵᠦᠢᠯ ᠤᠨ ᠵᠢᠭᠡᠯᠡᠯᠭᠡ ᠶᠢᠨ ᠬᠠᠷᠢᠴᠠᠯ ᠤᠨ 27.92% ᠢ ᠡᠵᠡᠯᠡᠵᠦ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 38.75 ᠳ᠋ᠦᠩᠰᠢᠭᠤᠷ ᠲᠥᠭᠦᠷᠢᠭ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 13. | 23% ᠪᠣᠯᠵᠤ᠂ ᠡᠯ᠎ᠡ ᠵᠦᠢᠯ ᠤᠨ ᠵᠢᠭᠡᠯᠡᠯᠭᠡ ᠶᠢᠨ ᠨᠡᠮᠡᠭᠳᠡᠯ ᠤᠨ ᠬᠤᠷᠳᠤᠴᠠ ᠠᠴᠠ 2.88 ᠵᠠᠭᠤᠨ ᠤ ᠴᠡᠭ | ᠥᠨᠳᠥᠷ ᠪᠣᠯᠪᠠ᠃ |