ᠪᠦ᠋ ᠰᠢᠶᠤᠤ ᠯᠢᠨ ᠤᠯᠠᠭᠠᠨᠴᠠᠪ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠨ 2017 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠤᠷᠤᠯᠴᠠᠵᠣ  ᠵᠢᠭᠠᠨ ᠵᠢᠯᠣᠭᠤᠳᠴᠠᠢ
ᠨᠡᠶᠢᠲᠡᠯᠡᠭᠰᠡᠨ ᠴᠠᠭ᠄
2018/2/7
     2 ᠳ᠋ᠤᠭᠠᠷ ᠰᠠᠷ᠎ᠠ ᠶᠢᠨ 5᠎ ᠤ ᠡᠳᠦᠷ ᠤᠨ ᠦᠳᠡ ᠶᠢᠨ ᠬᠤᠶᠢᠨ᠎ᠠ᠂ ᠤᠯᠠᠭᠠᠨᠴᠠᠪ ᠬᠤᠳᠠ ᠶᠢᠨ ᠨᠠᠮ ᠤᠨ ᠬᠤᠷᠢᠶ᠎ᠠ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠨ 2017 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠢᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠬᠤᠷᠠᠯ ᠳᠤ ᠤᠷᠤᠯᠴᠠᠨ ᠵᠢᠭᠠᠨ ᠵᠢᠯᠤᠭᠤᠳᠴᠠᠢ᠃      ᠤᠯᠠᠭᠠᠨᠴᠠᠪ ᠬᠤᠳᠠ ᠶᠢᠨ ᠨᠠᠮ ᠤᠨ ᠬᠤᠷᠢᠶ᠎ᠠ ᠡᠨᠡ ᠣᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠎ ᠢ ᠲᠡᠭᠡᠳᠦ ᠬᠡᠮᠵᠢᠶ᠎ᠠ ᠪᠠᠷ ᠴᠢᠬᠤᠯᠠᠴᠢᠯᠠᠵᠤ᠂ ᠬᠤᠷᠠᠯ ᠠᠴᠠ ᠡᠮᠦᠨ᠎ᠠ ᠬᠢᠨᠠᠮᠠᠭᠠᠢ ᠪᠡᠯᠡᠳᠭᠡᠯ ᠬᠢᠵᠠᠢ᠃ ᠬᠤᠷᠠᠯ ᠲᠡᠭᠡᠷ᠎ᠠ᠂ ᠤᠯᠠᠭᠠᠨᠴᠠᠪ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠳ᠋ᠦ᠋ ᠰᠢᠤᠸᠠᠢ ᠵᠢᠶᠦ᠋ᠨ ᠬᠤᠳᠠ ᠶᠢᠨ ᠨᠠᠮ ᠤᠨ ᠬᠤᠷᠢᠶ᠎ᠠ ᠎ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠢᠶᠠᠨ ᠲᠦᠯᠦᠭᠡᠯᠡᠵᠤ ᠬᠠᠷᠢᠴᠠᠭᠤᠯᠤᠨ ᠪᠠᠶᠢᠴᠠᠭᠠᠵᠤ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠳ ᠲᠤᠰ ᠳᠣᠰ ᠬᠠᠷᠢᠴᠠᠭᠤᠯᠤᠨ ᠪᠠᠶᠢᠴᠠᠭᠠᠵᠤ᠂ ᠰᠢᠭᠦᠮᠵᠢᠯᠡᠯ ᠪᠠ ᠦᠪᠡᠷ ᠤᠨ ᠰᠢᠭᠦᠮᠵᠢᠯᠡᠯ ᠬᠢᠵᠡᠢ᠃      ᠤᠯᠠᠨ ᠤ ᠬᠡᠯᠡᠭᠦ ᠶᠢ ᠰᠤᠨᠤᠰᠤᠬᠰᠠᠨ ᠤ ᠲᠠᠷᠠᠭ᠎ᠠ ᠪᠦ᠋ ᠰᠢᠶᠤᠤ ᠯᠢᠨ ᠵᠢᠭᠠᠵᠤ ᠭᠠᠷᠭᠠᠭᠰᠠᠨ ᠨᠢ᠂ ᠡᠨᠡ ᠣᠳᠠᠭ᠎ᠠ ᠶᠢᠨ ᠠᠷᠠᠳᠴᠢᠯᠡᠯ ᠤᠨ ᠠᠮᠢᠳᠤᠷᠠᠯ ᠤᠨ ᠬᠤᠷᠠᠯ ᠭᠤᠤᠯ ᠰᠡᠳᠦᠪ ᠲᠠᠢ ᠪᠠᠨ ᠨᠢᠬᠳᠠ ᠠᠪᠴᠠᠯᠳᠤᠵᠤ᠂ ᠬᠦᠢᠴᠡᠳ ᠪᠡᠯᠡᠳᠭᠡᠨ ᠪᠠᠷᠢᠮᠵᠢᠶ᠎ᠠ ᠶᠢ ᠴᠢᠩᠳᠠᠯᠠᠵᠤ᠂ ᠲᠦᠪ ᠴᠢᠩᠭ᠎ᠠ ᠨᠠᠷᠢᠨ ᠬᠢᠨᠠᠮᠠᠭᠠᠢ ᠶᠠᠪᠣᠭᠳᠠᠵᠣ᠂ ᠵᠢᠱᠢᠭᠰᠡᠨ ᠦᠷ᠎ᠠ ᠪᠦᠳᠦᠮᠵᠢ ᠪᠠᠨ ᠤᠯᠪᠠ᠃ ᠪᠠᠶᠢᠴᠠᠭᠠᠵᠤ ᠭᠠᠷᠭᠠᠬᠰᠠᠨ ᠠᠰᠠᠭᠤᠳᠠᠯ ᠳᠠᠭᠠᠨ ᠴᠢᠭᠯᠡᠭᠦᠯᠦᠨ ᠴᠡᠭᠴᠡᠯᠡᠨ ᠰᠠᠶᠢᠵᠢᠷᠠᠭᠤᠯᠬᠤ ᠲᠦᠰᠦᠯ ᠢ ᠰᠤᠳᠤᠯᠤᠨ ᠲᠤᠬᠳᠠᠭᠠᠵᠤ᠂ ᠬᠡᠯᠡᠪᠡᠯ ᠬᠢᠭᠦ ᠶᠢ ᠪᠠᠷᠢᠮᠳᠠᠯᠠᠨ ᠨᠢᠭᠡᠳ ᠨᠢᠭᠡ ᠪᠠᠷ ᠨᠢ ᠴᠡᠭᠴᠡᠯᠡᠨ ᠰᠠᠶᠢᠵᠢᠷᠠᠭᠤᠯᠵᠤ᠂ ᠴᠠᠭ ᠲᠤᠬᠠᠢ ᠳᠤᠨᠢ ᠪᠦᠳᠦᠮᠵᠢᠳᠡᠢ ᠰᠠᠶᠢᠵᠢᠷᠠᠭᠤᠯᠬᠤ ᠶᠢ ᠪᠠᠳᠤᠯᠠᠨ ᠨᠢᠳᠤᠨ ᠳᠤ ᠦᠵᠡᠭᠳᠡᠵᠤ ᠭᠠᠷ ᠲᠤ ᠪᠠᠷᠢᠬᠳᠠᠭᠰᠠᠨ ᠪᠤᠳᠠᠳᠠᠢ ᠦᠷ᠎ᠠ ᠪᠦᠳᠦᠮᠵᠢ ᠣᠯᠵᠠᠢ᠃ ᠴᠡᠭᠴᠡᠯᠡᠨ ᠰᠠᠶᠢᠵᠢᠷᠠᠭᠤᠯᠬᠤ ᠶᠢ ᠨᠡᠶᠢᠳᠡᠪᠦᠷᠢᠵᠢᠭᠤᠯᠬᠤ ᠪᠠᠷ ᠲᠠᠮᠵᠢᠨ ᠦᠭᠡᠳᠡᠯᠡᠨ ᠳᠠᠪᠰᠢᠬᠤ᠂ ᠠᠵᠢᠯ ᠬᠢᠵᠤ ᠦᠢᠯᠡᠰ ᠪᠤᠰᠬᠠᠬᠤ᠂ ᠰᠤᠷᠳᠠᠯ ᠴᠢᠭᠡᠴᠢ ᠤᠪᠤᠷ ᠲᠦᠪ ᠤᠯᠤᠰ ᠲᠦᠷᠦ ᠶᠢᠨ ᠠᠮᠢ ᠠᠬᠤᠢ ᠶᠢ ᠪᠤᠢ ᠪᠤᠯᠭᠠᠬᠤ ᠶᠢ ᠣᠯᠵᠠᠢ ᠭᠡᠪᠡ᠃      ᠪᠦ᠋ ᠰᠢᠶᠤᠤ ᠯᠢᠨ ᠴᠢᠬᠤᠯᠠᠴᠢᠯᠠᠭᠰᠠᠨ ᠨᠢ᠂ ︽ᠲᠦᠷᠪᠡᠨ ᠤᠬᠠᠮᠰᠠᠷ︾᠎ ᠢ ᠪᠠᠳᠤ ᠪᠠᠬᠢ ᠪᠤᠢ ᠪᠤᠯᠭᠠᠵᠤ᠂ ᠶᠡᠷᠦᠩᠬᠡᠢ ᠱᠦᠵᠢ ᠰᠢ ᠶᠢᠨ ᠫᠢᠩ ᠡᠨᠡᠭᠦ ᠭᠤᠤᠯᠯᠠᠬᠴᠢ ᠪᠠᠨ ᠬᠠᠮᠠᠭᠠᠯᠠᠬᠤ᠂ ᠨᠠᠮ ᠤᠨ ᠲᠦᠪ ᠬᠤᠷᠢᠶ᠎ᠠ ᠶᠢᠨ ᠡᠷᠭᠡ ᠰᠦᠷ ᠪᠤᠯᠤᠨ ᠲᠦᠪᠯᠡᠷᠡᠩᠭᠦᠢ ᠨᠢᠭᠡᠳᠦᠯᠳᠡᠢ ᠤᠳᠤᠷᠢᠳᠤᠯᠭ᠎ᠠ ᠶᠢ ᠬᠠᠮᠠᠭᠠᠯᠠᠬᠤ ᠶᠢ ᠬᠠᠮᠤᠭ ᠤᠨ ᠶᠡᠭᠡ ᠤᠯᠤᠰ ᠲᠦᠷᠦ ᠪᠠᠨ ᠪᠤᠯᠭᠠᠵᠤ᠂ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠲᠡᠭᠡᠷ᠎ᠠ ᠪᠠᠨ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠲᠠᠢ ᠲᠡᠭᠡᠳᠦ ᠬᠡᠮᠵᠢᠶ᠎ᠠ ᠪᠠᠷ ᠨᠢᠭᠡᠳᠦᠯᠳᠡᠢ ᠪᠠᠶᠢᠵᠤ᠂ ᠤᠬᠠᠮᠰᠠᠷ ᠠᠴᠠ ᠪᠠᠨ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠣᠶᠣᠨ ᠰᠠᠨᠠᠭ᠎ᠠ ᠪᠠᠨ ᠵᠡᠪᠰᠡᠭᠯᠡᠨ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠬᠤ ᠬᠡᠷᠡᠭᠳᠡᠢ᠃ ᠵᠦᠪ ᠤᠨᠤᠪᠴᠢᠳᠠᠢ ᠠᠵᠢᠯ ᠤᠨ ᠪᠦᠳᠦᠮᠵᠢ ᠶᠢᠨ ᠦᠵᠡᠯᠳᠡ ᠪᠠ ᠬᠦᠭᠵᠢᠯᠳᠡ ᠶᠢᠨ ᠦᠵᠡᠯᠳᠡ ᠶᠢ ᠪᠤᠢ ᠪᠤᠯᠭᠠᠵᠤ᠂ ᠰᠢᠨ᠎ᠠ ᠬᠦᠭᠵᠢᠯᠳᠡ ᠶᠢᠨ ᠣᠨᠣᠯᠵᠢᠬᠤᠨ ᠢ ᠡᠷᠡᠰ ᠭᠤᠶᠢᠪᠢᠰᠢ ᠦᠭᠡᠢ ᠲᠤᠤᠱᠯᠠᠭᠤᠯᠵᠤ᠂ ᠴᠢᠨᠠᠷ ᠰᠠᠶᠢᠳᠠᠢ ᠬᠥᠭᠵᠢᠭᠦᠯᠬᠦ ᠱᠠᠭᠠᠷᠳᠠᠯᠭ᠎ᠠ ᠶᠢ ᠨᠡᠶᠢᠳᠡᠪᠦᠷᠢᠵᠢᠭᠤᠯᠦᠨ᠂ ᠠᠵᠤ ᠠᠬᠤᠢ ᠶᠢᠨ ᠬᠦᠭᠵᠢᠯᠳᠡ ᠶᠢ ᠦᠨᠡᠨᠭᠦ ᠶᠠᠰᠤ ᠴᠢᠨᠠᠷ ᠢ ᠡᠷᠬᠢᠮᠯᠡᠭᠦ᠂ ᠦᠷ᠎ᠠ ᠠᠰᠢᠭ ᠢ ᠲᠡᠷᠢᠭᠦᠨ ᠳᠤ ᠲᠠᠯᠪᠢᠬᠤ ᠲᠡᠰᠢ ᠬᠤᠪᠢᠷᠠᠭᠤᠯᠬᠤ ᠬᠡᠷᠡᠭᠳᠡᠢ᠃ ᠭᠤᠷᠪᠠᠨ ᠶᠡᠭᠡ ᠰᠢᠪᠲᠤᠯᠤᠯᠲᠠ ᠶᠢᠨ ᠲᠠᠶᠢᠯᠠᠯᠳᠤᠭᠠᠨ ᠢ ᠡᠷᠡᠰ ᠰᠠᠶᠢᠳᠤᠷ ᠬᠢᠵᠤ᠂  ᠡᠯ᠎ᠠ ᠵᠦᠢᠯ ᠤᠨ ᠲᠦᠷᠦ ᠶᠢᠨ ᠪᠤᠳᠤᠯᠭ᠎ᠠ ᠨᠢ ᠴᠦᠮ ᠭᠤᠷᠪᠠᠨ ᠶᠡᠭᠡ ᠰᠢᠪᠲᠤᠯᠤᠯᠲᠠ ᠶᠢᠨ ᠲᠠᠶᠢᠯᠠᠯᠳᠤᠭᠠᠨ ᠢ ᠰᠠᠶᠢᠳᠤᠷ ᠬᠢᠭᠦ ᠶᠢ ᠡᠷᠴᠢᠮᠲᠡᠢ ᠳᠡᠮᠵᠢᠵᠦ᠂ ᠠᠵᠢᠯ ᠤᠨ ᠭᠤᠣᠯᠳᠠᠯᠭ᠎ᠠ ᠳᠠᠭᠠᠨ ᠭᠤᠷᠪᠠᠨ ᠶᠡᠭᠡ ᠰᠢᠪᠲᠤᠯᠤᠯᠲᠠ ᠶᠢᠨ ᠲᠠᠶᠢᠯᠠᠯᠳᠤᠭᠠᠨ ᠢ ᠲᠤᠪᠤᠶᠢᠯᠭᠠᠬᠤ ᠬᠡᠷᠡᠭᠳᠡᠢ᠃ ᠦᠭᠡᠷᠡᠴᠢᠯᠡᠯᠳᠡ ᠨᠡᠭᠡᠭᠡᠯᠳᠡ ᠶᠢ ᠬᠦᠨᠵᠡᠭᠡᠶᠢᠷᠡᠭᠦᠯᠤᠨ᠂ ᠪᠠᠶᠢᠭᠤᠯᠤᠮᠵᠢ ᠲᠤᠬᠳᠠᠴᠠ ᠶᠢᠨ ᠬᠠᠷᠰᠢ ᠰᠠᠭᠠᠳ ᠢ ᠴᠢᠷᠮᠠᠶᠢᠨ ᠡᠪᠳᠡᠵᠤ᠂ ᠬᠦᠭᠵᠢᠯᠳᠡ ᠶᠢᠨ ᠤᠷᠤᠨ ᠵᠠᠢ ᠪᠠᠨ ᠦᠷᠭᠡᠳᠭᠡᠨ ᠬᠦᠭᠵᠢᠯᠳᠡ ᠶᠢᠨ ᠠᠮᠢᠵᠢᠷᠠᠯ ᠤᠨ ᠬᠦᠴᠦᠨ ᠢᠶᠠᠨ ᠬᠦᠭᠵᠢᠭᠡᠭᠦ ᠬᠡᠷᠡᠭᠳᠡᠢ ᠭᠡᠵᠡᠢ᠃      ᠦᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠎ ᠤ ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠬᠡᠯᠳᠡᠰ᠂ ᠦᠪᠡᠷᠳᠡᠭᠡᠨ ᠵᠠᠰᠠᠬᠤ ᠤᠷᠤᠨ ᠤ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠦᠮᠦᠵᠢᠯ ᠤᠨ ᠵᠢᠯᠤᠭᠤᠳᠬᠤ ᠲᠤᠭᠤᠶᠢᠯᠠᠩ ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠨᠦᠬᠦᠳ ᠬᠤᠷᠠᠯ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号