ᠥᠪᠥᠷ ᠮᠣᠩᠭᠤᠯ ᠬᠡᠷᠡᠭᠯᠡᠭᠴᠢᠳ ᠤᠨ ᠡᠷᠬᠡ ᠶᠢ ᠬᠠᠮᠠᠭᠠᠯᠠᠬᠤ ᠵᠠᠰᠠᠯᠲᠠ ᠶᠢᠨ ᠪᠠᠶᠢᠷᠢᠰᠢᠯ ᠢ ᠦᠨᠳᠦᠰᠦᠨ ᠳᠡᠭᠡᠨ ᠪᠦᠷᠢᠯᠳᠦᠭᠦᠯᠪᠡ
ᠨᠡᠶᠢᠲᠡᠯᠡᠭᠰᠡᠨ ᠴᠠᠭ᠄
2018/2/7
     ᠥᠩᠭᠡᠷᠡᠭᠰᠡᠨ ᠲᠠᠪᠤᠨ ᠵᠢᠯ ᠳᠤ᠂ ᠮᠠᠨ ᠤ ᠣᠷᠣᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠬᠡᠷᠡᠭᠯᠡᠭᠴᠢᠳ ᠤᠨ ᠡᠷᠬᠡ ᠶᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠬᠡᠷᠡᠭᠯᠡᠭᠴᠢᠳ ᠤᠨ ᠵᠥᠷᠢᠴᠡᠯ ᠵᠢᠭᠤᠷᠠᠯᠳᠤᠭᠠᠨ ᠢ ᠴᠢᠷᠮᠠᠶᠢᠨ ᠠᠷᠢᠯᠭᠠᠵᠤ᠂ ᠪᠦᠬᠦ ᠣᠷᠣᠨ ᠤ ᠬᠡᠷᠡᠭᠯᠡᠭᠴᠢᠳ ᠤᠨ ᠡᠷᠬᠡ ᠶᠢ ᠬᠠᠮᠠᠭᠠᠯᠠᠬᠤ ᠰᠢᠰᠲ᠋ᠧᠮᠵᠢ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠬᠡᠷᠡᠭᠯᠡᠭᠴᠢᠳ ᠤᠨ ᠡᠷᠬᠡ ᠶᠢ ᠬᠠᠮᠠᠭᠠᠯᠠᠬᠤ ᠨᠡᠶᠢᠭᠡᠮ ᠤᠨ ᠵᠠᠰᠠᠯᠲᠠ ᠶᠢᠨ ᠪᠠᠶᠢᠷᠢᠰᠢᠯ ᠢ ᠪᠦᠲᠦᠮᠵᠢᠲᠡᠶ ᠪᠠᠶᠢᠭᠤᠯᠪᠠ᠃      ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠮᠲᠤᠷᠠᠭᠰᠠᠨ ᠬᠤᠷᠠᠯ ᠤᠨ ᠲᠥᠷᠢᠮ ᠢ ᠪᠠᠶᠢᠭᠤᠯᠵᠤ᠂ ᠬᠡᠷᠡᠭᠯᠡᠭᠴᠢᠳ ᠤᠨ ᠡᠷᠬᠡ ᠶᠢ ᠬᠠᠮᠠᠭᠠᠯᠠᠬᠤ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠪᠠ᠃ ᠬᠡᠷᠡᠭᠯᠡᠭᠡ ᠶᠢᠨ ᠵᠠᠩᠭᠢᠯᠠᠭ᠎ᠠ ᠳᠠᠬᠢ ᠡᠵᠡᠩᠨᠡᠭᠴᠢ ᠳᠤ ᠬᠠᠷᠢᠭᠤᠴᠠᠯᠭ᠎ᠠ ᠲᠤᠯᠭᠠᠬᠤ ᠪᠠ ᠲᠥᠯᠥᠪᠦᠷᠢ ᠶᠢ ᠤᠷᠢᠳ ᠢᠶᠠᠷ ᠥᠭᠬᠦ ᠲᠦᠷᠢᠮ ᠢ ᠠᠩᠬ᠎ᠠ ᠬᠡᠷᠡᠭᠵᠢᠭᠦᠯᠵᠦ᠂ ᠠᠵᠤ ᠠᠬᠤᠶᠢᠯᠠᠯ ᠢ ᠰᠢᠪᠠᠳᠠᠵᠤ ᠪᠠᠶᠢᠭᠠᠳ ᠬᠡᠷᠡᠭᠯᠡᠭᠴᠢᠳ ᠤᠨ ᠡᠷᠬᠡ ᠶᠢ ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠠᠢ᠃ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠴᠢᠳ ᠤᠨ ᠨᠡᠶᠢᠭᠡᠮᠯᠢᠭ ᠤᠨ ᠬᠤᠭᠤᠴᠠᠭ᠎ᠠ ᠰᠣᠯᠢᠬᠤ ᠶᠢ ᠤᠷᠤᠭᠰᠢᠲᠠᠶ ᠪᠡᠶᠡᠯᠡᠭᠦᠯᠵᠦ᠂ ᠬᠡᠷᠡᠭᠯᠡᠭᠴᠢᠳ ᠤᠨ ᠡᠷᠬᠡ ᠶᠢ ᠬᠠᠮᠠᠭᠠᠯᠠᠬᠤ ᠲᠤᠬᠠᠶ ᠤᠬᠠᠭᠤᠯᠭ᠎ᠠ ᠬᠥᠮᠦᠵᠢᠯ᠂ ᠬᠠᠷᠢᠴᠠᠭᠤᠯᠤᠨ ᠲᠤᠷᠰᠢᠨ ᠰᠢᠯᠭᠠᠬᠤ ᠪᠠ ᠪᠡᠶᠡᠴᠢᠯᠡᠨ ᠣᠶᠢᠯᠠᠭᠠᠨ ᠪᠠᠶᠢᠴᠠᠭᠠᠬᠤ ᠶᠢ ᠥᠷᠭᠡᠨ ᠳᠡᠯᠭᠡᠷ ᠥᠷᠨᠢᠭᠦᠯᠵᠦ᠂ ᠬᠡᠷᠡᠭᠯᠡᠭᠡᠨ ᠤ ᠰᠡᠷᠡᠮᠵᠢ ᠶᠢ ᠴᠠᠭ ᠲᠤᠬᠠᠶ ᠳᠤᠨᠢ ᠨᠡᠶᠢᠲᠡᠯᠡᠵᠦ᠂ ᠬᠡᠷᠡᠭᠯᠡᠭᠴᠢᠳ ᠤᠨ ᠰᠢᠨᠵᠢᠯᠡᠬᠦ ᠤᠬᠠᠭᠠᠨᠴᠢ ᠤᠶᠤᠨᠴᠢ ᠬᠡᠷᠡᠭᠡᠯᠡᠭᠡ ᠶᠢ ᠬᠥᠲᠥᠯᠥᠨ ᠵᠢᠯᠣᠭᠤᠳᠴᠤ᠂ ᠬᠡᠷᠡᠭᠯᠡᠭᠴᠢᠳ ᠤᠨ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠶᠢᠨ ᠨᠡᠶᠢᠲᠡ ᠶᠢᠨ ᠠᠰᠠᠷᠠᠮᠵᠢ ᠶᠢᠨ ᠡᠭᠦᠷᠭᠡ ᠴᠢᠳᠠᠪᠤᠷᠢ ᠶᠢ ᠨᠢ ᠪᠠᠳᠠᠷᠠᠭᠤᠯᠪᠠ᠃ ︽3 · 15︾  ᠎ ᠤ ᠰᠢᠷᠢᠰ ᠬᠦᠳᠡᠯᠭᠡᠭᠡᠨ ᠢ ᠨᠠᠷᠢᠨ ᠨᠢᠮᠪᠠᠶ ᠵᠣᠬᠢᠶᠠᠨ ᠪᠠᠶᠢᠭᠤᠯᠵᠤ᠂ ︽ᠰᠠᠷ᠎ᠠ ᠪᠦᠷᠢ 3 · 15︾᠎ ᠤ ᠬᠦᠳᠡᠯᠭᠡᠭᠡᠨ ᠢ 216 ᠤᠳᠠᠭ᠎ᠠ ᠲᠠᠯᠠᠪᠠᠢ ᠡᠷᠬᠢᠯᠡᠵᠦ᠂ ᠤᠯᠤᠰ ᠤᠨ ᠠᠵᠤ ᠦᠢᠯᠡᠳᠪᠦᠷᠢ ᠬᠤᠳᠠᠯᠳᠤᠭᠠᠨ ᠤ ᠶᠡᠷᠦᠩᠬᠡᠶ ᠲᠣᠪᠴᠢᠶ᠎ᠠ ᠶᠢᠨ ᠭᠦᠢᠴᠡᠳ ᠨᠤᠲᠠᠯᠠᠯᠲᠠ ᠶᠢ ᠣᠯᠪᠠ᠃      ᠲᠠᠪᠤᠨ ᠵᠢᠯ ᠤᠨ ᠲᠤᠷᠰᠢ᠂ ᠮᠠᠨ ᠤ ᠣᠷᠣᠨ ᠬᠡᠷᠡᠭᠯᠡᠭᠡᠨ ᠤ ᠬᠦᠷᠢᠶᠡᠨ ᠳᠠᠬᠢ ᠬᠠᠤᠯᠢ ᠬᠡᠷᠡᠭᠵᠢᠭᠦᠯᠬᠦ ᠡᠷᠴᠢᠮ ᠢᠶᠠᠨ ᠲᠠᠰᠤᠷᠠᠯᠲᠠ ᠦᠭᠡᠶ ᠴᠢᠩᠭᠠᠷᠠᠭᠤᠯᠵᠤ᠂ ᠭᠦᠢᠯᠭᠡᠭᠡᠨ ᠤ ᠬᠦᠷᠢᠶᠡᠨ ᠳᠠᠬᠢ ᠲᠠᠸᠠᠷ ᠤᠨ ᠶᠠᠰᠤ ᠴᠢᠨᠠᠷ ᠤᠨ ᠰᠤᠭᠤᠴᠠᠨ ᠪᠠᠶᠢᠴᠠᠭᠠᠯᠲᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠦᠢᠯᠡᠳᠬᠦᠨ ᠢᠶᠠᠨ ᠰᠠᠶᠢᠵᠢᠷᠠᠭᠤᠯᠬᠤ ᠪᠠ ᠠᠮᠤᠷ ᠲᠦᠪᠰᠢᠨ ᠤ ᠳᠠᠯᠳᠠ ᠭᠡᠮ ᠢ ᠠᠷᠢᠯᠭᠠᠬᠤ ᠶᠢ ᠠᠬᠢᠭᠤᠯᠵᠠᠢ᠃ ᠲᠠᠸᠠᠷ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠦᠯᠢᠭᠡᠷ ᠠᠪᠴᠤ ᠰᠢᠯᠭᠠᠨ ᠪᠠᠶᠢᠴᠠᠭᠠᠬᠤ ᠳᠡᠰ ᠳᠠᠷᠠᠭᠠᠯᠠᠯ ᠤᠨ ᠰᠢᠨ᠎ᠡ ᠪᠠᠷᠢᠮᠵᠢᠶ᠎ᠠ ᠶᠢ ᠢᠳᠡᠪᠬᠢᠲᠡᠶ ᠳᠡᠯᠭᠡᠷᠡᠭᠦᠯᠵᠦ᠂ ᠭᠦᠢᠯᠭᠡᠭᠡᠨ ᠤ ᠬᠦᠷᠢᠶᠡᠨ ᠳᠠᠬᠢ ᠲᠠᠸᠠᠷ ᠤᠨ ᠶᠠᠰᠤ ᠴᠢᠨᠠᠷ ᠤᠨ ᠮᠡᠳᠡᠭᠡ ᠵᠠᠩᠬᠢᠴᠢᠯᠠᠭᠰᠠᠨ ᠬᠢᠨᠠᠯᠲᠠ ᠬᠠᠮᠢᠶᠠᠷᠤᠯᠲᠠ ᠶᠢ ᠲᠤᠷᠰᠢᠨ ᠬᠡᠷᠡᠭᠵᠢᠭᠦᠯᠵᠡᠢ᠃ ᠭᠤᠣᠯᠳᠠᠯᠭ᠎ᠠ ᠲᠠᠢ ᠬᠦᠷᠢᠶᠡᠨ ᠳᠠᠬᠢ ᠬᠡᠷᠡᠭᠯᠡᠭᠡᠨ ᠤ ᠡᠷᠬᠡ ᠶᠢ ᠬᠠᠮᠠᠭᠠᠯᠠᠬᠤ ᠶᠢ ᠲᠥᠯᠬᠢᠨ ᠠᠬᠢᠭᠤᠯᠵᠤ᠂ ᠶᠠᠰᠤ ᠴᠢᠨᠠᠷ ᠤᠨ ᠲᠠᠯ᠎ᠠ ᠪᠠᠷ ᠡᠷᠬᠡ ᠪᠠᠨ ᠬᠠᠮᠠᠭᠠᠯᠠᠬᠤ ᠤᠯᠠᠭᠠᠨ ᠪᠠᠮᠪᠠᠶ ᠠᠵᠢᠯᠯᠠᠭ᠎ᠠ ᠥᠷᠨᠢᠭᠦᠯᠵᠦ᠂ ︽ᠬᠤᠣᠰ 11︾ ᠵᠡᠷᠭᠡ ᠳᠤ ᠢᠯᠡᠴᠢᠯᠡᠵᠦ ᠯᠡᠪᠡᠷᠡᠭᠰᠡᠨ ᠠᠰᠠᠭᠤᠳᠠᠯ ᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠪᠠ᠃ 12315 ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ 12315 ᠢᠨᠲ᠋ᠧᠷ ᠰᠦᠯᠵᠢᠶᠡᠨ ᠤ ᠢᠯᠡᠴᠢᠯᠡᠨ ᠮᠡᠳᠡᠭᠦᠯᠬᠦ ᠲᠠᠪᠴᠠᠩ ᠢ ᠭᠦᠢᠴᠡᠳ ᠬᠡᠷᠡᠭᠯᠡᠵᠦ᠂ 12315᠎ ᠶᠢᠨ ︽ᠲᠠᠪᠤ ᠶᠢ ᠣᠷᠣᠭᠤᠯᠬᠤ︾ ᠪᠠ ︽ᠨᠢᠭᠡ ᠬᠤᠷᠠᠯ ᠬᠤᠶᠠᠷ ᠥᠷᠲᠡᠭᠡ︾᠎ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠡᠷᠡᠭᠯᠡᠭᠴᠢᠳ ᠤᠨ ᠡᠷᠬᠡ ᠪᠠᠨ ᠬᠠᠮᠠᠭᠠᠯᠠᠬᠤ ᠭᠤᠮᠣᠳᠠᠯ ᠱᠠᠭᠠᠷᠳᠠᠯᠭ᠎ᠠ ᠶᠢᠨ ᠠᠷᠭ᠎ᠠ ᠵᠠᠮ ᠢ ᠰᠢᠯᠤᠭᠤᠳᠬᠠᠵᠤ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠬᠡᠷᠡᠭᠯᠡᠭᠡ ᠶᠢᠨ ᠣᠷᠴᠢᠨ ᠨᠥᠬᠦᠴᠡᠯ ᠢ ᠰᠠᠶᠢᠵᠢᠷᠠᠭᠤᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号