| ᠬᠥᠬᠡᠬᠤᠲᠠ ᠪᠣᠭᠤᠮᠲᠠ 6 ᠤ ᠡᠳᠦᠷ ᠮᠡᠳᠡᠭᠡ ᠨᠡᠶᠢᠲᠡᠯᠡᠵᠤ᠂ ᠲᠤᠰ ᠪᠣᠭᠤᠮᠲᠠ ᠶᠢᠨ ᠲᠦᠯᠬᠢᠨ ᠠᠬᠢᠭᠤᠯᠵᠤ | ᠪᠠᠶᠢᠭ᠎ᠠ ︽ᠭᠤᠷᠪᠠᠨ ᠬᠠᠷᠢᠯᠴᠠᠨ︾ ᠪᠣᠭᠤᠮᠲᠠ ᠥᠩᠭᠡᠷᠡᠬᠦ ᠪᠠᠶᠢᠷᠢᠯᠠᠭᠤᠯᠤᠯᠲᠠ ᠶᠠᠭ ᠣᠷᠣᠨ ᠪᠦᠰᠡᠴᠢᠯᠡᠯᠲᠡ᠂ | ᠳᠡᠯᠡᠬᠡᠶᠢᠴᠢᠯᠡᠯᠲᠡ ᠲᠡᠰᠢ ᠤᠷᠤᠭᠰᠢᠯᠠᠵᠤ ᠪᠠᠶᠢᠨ᠎ᠠ ᠬᠡᠪᠡ᠃ | 2014 ᠣᠨ ᠳᠤ ︽ᠭᠤᠷᠪᠠᠨ ᠬᠠᠷᠢᠯᠴᠠᠨ︾ ᠪᠣᠭᠤᠮᠲᠠ ᠥᠩᠭᠡᠷᠡᠬᠦ ᠥᠭᠡᠷᠡᠴᠢᠯᠡᠯᠲᠡ ᠬᠢᠭᠰᠡᠨ ᠠᠴᠠ | ᠨᠠᠰᠢ᠂ ᠬᠥᠬᠡᠬᠤᠲᠠ ᠪᠣᠭᠤᠮᠲᠠ ᠶᠢᠨ ᠬᠠᠷᠢᠶ᠎ᠠ ᠣᠷᠣᠨ ᠳᠠᠬᠢ ᠵᠢᠯ ᠲᠤᠷᠰᠢ ᠨᠡᠭᠡᠭᠡᠬᠦ 8 ᠪᠣᠭᠤᠮᠲᠠ ᠶᠢᠨ ᠠᠶᠠᠨᠴᠢᠳ ᠢ | ᠪᠠᠶᠢᠴᠠᠭᠠᠬᠤ᠂ ᠰᠢᠦᠳᠠᠨ ᠢᠯᠡᠬᠡᠮᠵᠢ ᠪᠠ ᠲᠦᠷᠭᠡᠨ ᠢᠯᠡᠭᠡᠮᠵᠢ ᠶᠢ ᠬᠢᠨᠠᠨ ᠬᠠᠮᠢᠶᠠᠷᠬᠤ ᠳᠤ ᠴᠥᠮ ︽ᠭᠤᠷᠪᠠᠨ | ᠬᠠᠷᠢᠯᠴᠠᠨ︾᠂ ︽ᠨᠢᠭᠡ ᠯᠡ ᠥᠷᠲᠡᠭᠡᠨ ᠤ ᠬᠡᠯᠪᠡᠷᠢ ᠶᠢᠨ ᠠᠵᠢᠯᠯᠠᠭᠠᠨ︾ ᠤ ᠵᠠᠭᠪᠤᠷᠰᠢᠯ ᠢ ᠬᠡᠷᠡᠭᠵᠢᠬᠦᠯᠪᠡ᠃ | ᠬᠠᠮᠲᠤ ᠪᠠᠷ ᠬᠠᠤᠯᠢ ᠬᠡᠷᠡᠭᠵᠢᠭᠦᠯᠬᠦ ᠶᠡᠭᠡ ᠲᠢᠩᠬᠢᠮ ᠳᠤ᠂ ᠬᠢᠯᠢ ᠶᠢᠨ ᠪᠣᠭᠤᠮᠲᠠ ᠪᠤᠯᠤᠨ ᠰᠢᠯᠭᠠᠨ ᠪᠠᠶᠢᠴᠠᠭᠠᠬᠤ | ᠬᠢᠵᠢᠭ ᠪᠠᠶᠢᠴᠠᠭᠠᠬᠤ ᠠᠵᠢᠯ ᠨᠢ ᠬᠠᠮᠲᠤ ᠪᠠᠷ ᠨᠢᠭᠡ ᠯᠡ ᠪᠠᠶᠢᠴᠠᠭᠠᠨ ᠰᠢᠯᠭᠠᠬᠤ ᠲᠠᠪᠴᠠᠩ ᠢ ᠬᠡᠷᠡᠭᠯᠡᠵᠤ᠂ X | ᠰᠠᠴᠤᠷᠠᠭ ᠤᠨ ᠮᠠᠰᠢᠨ ᠢ ᠬᠠᠮᠲᠤᠪᠡᠷ ᠠᠰᠢᠭᠯᠠᠵᠤ᠂ ᠵᠢᠷᠤᠭ ᠳᠦᠷᠰᠦ ᠶᠢ ᠬᠠᠮᠲᠤᠪᠡᠷ ᠵᠠᠳᠠᠯᠵᠤ᠂ ᠠᠰᠠᠭᠤᠳᠠᠯ ᠢ | ᠣᠯᠵᠤ ᠮᠡᠳᠡᠪᠡᠯ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠷ ᠢᠶᠠᠨ ᠲᠤᠰ ᠲᠤᠰ ᠰᠢᠢᠳᠪᠦᠷᠢᠯᠡᠵᠠᠢ᠃ | ︽︿ᠭᠤᠷᠪᠠᠨ ᠬᠠᠷᠢᠯᠴᠠᠨ﹀ ᠢ ᠨᠠᠶᠢᠳᠠᠪᠤᠷᠢᠵᠢᠭᠤᠯᠤᠨ ᠪᠣᠭᠤᠮᠲᠠ ᠥᠩᠭᠡᠷᠡᠬᠦ ᠪᠠᠶᠢᠭᠤᠯᠤᠯᠲᠠ ᠶᠢᠨ | ᠥᠭᠡᠷᠡᠴᠢᠯᠡᠯᠲᠡ ᠶᠢ ᠲᠦᠯᠬᠢᠨ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠬᠡᠷᠡᠭᠵᠢᠭᠦᠯᠬᠦ ᠰᠠᠨᠠᠯ︾ ᠳᠤ ᠵᠢᠭᠠᠵᠤ ᠭᠠᠷᠭᠠᠭᠰᠠᠨ ᠨᠢ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠬᠢᠭᠡᠳ ᠲᠠᠯᠠᠢ ᠳᠠᠭᠠᠤ᠂ ᠬᠢᠯᠢ ᠳᠠᠭᠠᠤ ᠣᠷᠣᠨ ᠯᠤᠭ᠎ᠠ ᠶᠢᠨ ᠰᠠᠯᠠᠭ᠎ᠠ ᠮᠥᠴᠢᠷ | ᠠᠯᠤᠰᠯᠠᠭᠰᠠᠨ᠂ ᠣᠷᠣᠨ ᠪᠦᠰᠡ ᠠᠯᠤᠰᠯᠠᠭᠰᠠᠨ ᠪᠣᠭᠤᠮᠲᠠ ᠥᠩᠭᠡᠷᠡᠬᠦ ᠬᠠᠮᠵᠢᠯᠴᠠᠭ᠎ᠠ ᠶᠢ ᠴᠢᠩᠭᠠᠳᠬᠠᠬᠤ ᠬᠡᠷᠡᠭᠲᠠᠢ᠃ | ᠬᠥᠬᠡᠬᠤᠲᠠ ᠪᠣᠭᠤᠮᠲᠠ ᠨᠢ ᠵᠡᠭᠦᠨ ᠬᠤᠶᠢᠲᠤ ᠣᠷᠣᠨ ᠵᠢᠴᠢ ᠥᠪᠥᠷ ᠮᠣᠩᠭᠤᠯ ᠤᠨ ᠪᠣᠭᠤᠮᠲᠠ᠂ ᠰᠢᠯᠭᠠᠨ | ᠪᠠᠶᠢᠴᠠᠭᠠᠬᠤ ᠬᠢᠵᠢᠭ ᠪᠠᠶᠢᠴᠠᠭᠠᠬᠤ ᠰᠠᠯᠠᠭ᠎ᠠ ᠮᠥᠴᠢᠷ ᠯᠤᠭ᠎ᠠ ᠶᠢᠨ ᠬᠠᠮᠵᠢᠯᠴᠠᠭ᠎ᠠ ᠪᠠᠨ ᠢᠳᠡᠪᠬᠢᠲᠡᠶ ᠪᠠᠷ | ᠴᠢᠩᠭᠠᠳᠬᠠᠬᠤ ᠬᠡᠷᠡᠭᠲᠠᠢ ᠬᠡᠪᠡ᠃ | ᠣᠶᠢᠯᠠᠭᠠᠭᠰᠠᠨ ᠢᠶᠠᠷ᠂ ᠣᠳᠣᠬᠠᠨ ᠳᠤ ᠬᠥᠬᠡᠬᠤᠲᠠ ᠪᠣᠭᠤᠮᠲᠠ ᠶᠠᠭ ᠳᠤᠮᠳᠠᠳᠤ ᠮᠣᠩᠭᠤᠯ ᠤᠨ ᠬᠠᠮᠲᠤᠷᠠᠨ | ᠬᠢᠨᠠᠨ ᠬᠠᠮᠢᠶᠠᠷᠴᠤ ᠨᠢᠭᠡᠳᠦᠯᠲᠡᠶ ᠪᠠᠷᠠᠭ᠎ᠠ ᠲᠡᠭᠡᠭᠡᠪᠦᠷᠢᠯᠡᠬᠦ ᠨᠠᠷᠢᠨ ᠳᠠᠩᠰᠠ ᠶᠢᠨ ᠡᠯᠧᠺᠲᠷᠣᠨ ᠢᠶᠠᠷ ᠳᠠᠮᠵᠢᠭᠤᠯᠬᠤ | ᠲᠦᠷᠦᠯ ᠵᠦᠢᠯ ᠪᠤᠯᠤᠨ ᠳᠤᠮᠳᠠᠳᠤ ᠮᠣᠩᠭᠤᠯ ᠤᠨ ᠬᠠᠮᠲᠤᠷᠠᠨ ᠬᠢᠨᠠᠨ ᠬᠠᠮᠢᠶᠠᠷᠬᠤ ᠬᠤᠶᠠᠳᠤᠭᠠᠷ ᠱᠠᠲᠤᠨ ᠤ ︽ | ᠬᠢᠨᠠᠯᠲᠠ ᠬᠠᠮᠢᠶᠠᠷᠤᠯᠲᠠ ᠶᠢᠨ ᠦᠷ᠎ᠡ ᠳ᠋ᠦᠩ ᠢ ᠬᠠᠷᠢᠯᠴᠠᠨ ᠦᠨᠡᠮᠰᠢᠬᠦ︾ ᠠᠬᠢᠴᠠ ᠶᠢ ᠢᠳᠡᠪᠬᠢᠲᠡᠶ ᠲᠦᠯᠬᠢᠨ | ᠠᠬᠢᠭᠤᠯᠵᠤ ᠪᠤᠢ᠂ ᠲᠤᠬᠠᠢ ᠶᠢᠨ ᠦᠶ᠎ᠡ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠨᠢ ᠤᠯᠤᠰ ᠤᠨ | ᠳᠣᠲᠣᠭᠠᠳᠤ ᠳᠠᠬᠢ ᠣᠯᠠᠨ ᠤᠯᠤᠰ ᠤᠨ ︽ᠭᠤᠷᠪᠠᠨ ᠬᠠᠷᠢᠯᠴᠠᠨ︾ ᠪᠣᠭᠤᠮᠲᠠ ᠥᠩᠭᠡᠷᠡᠬᠦ ᠶᠢ ᠵᠢᠩᠬᠢᠨᠢ ᠪᠠᠷ | ᠪᠡᠶᠡᠯᠡᠬᠦᠯᠦᠭᠰᠡᠨ ᠠᠩᠬᠠᠳᠠᠭᠴᠢ ᠮᠤᠵᠢ ︵ᠣᠷᠣᠨ᠂ ᠬᠤᠳᠠ︶ ᠪᠤᠯᠬᠤ ᠪᠤᠯᠤᠨ᠎ᠠ᠃ |