2017 ᠣᠨ ᠳᠤ ᠥᠪᠥᠷ ᠮᠣᠩᠭᠤᠯ ᠤᠨ ᠠᠵᠢᠯ ᠣᠯᠭᠤᠯᠲᠠ ᠶᠢᠨ ᠪᠠᠶᠢᠳᠠᠯ ᠦᠨᠳᠦᠰᠦᠨ ᠳᠡᠭᠡᠨ ᠲᠣᠭᠲᠠᠭᠤᠨ ᠪᠠᠶᠢᠬᠤ ᠶᠢ ᠪᠠᠲᠤᠯᠠᠪᠠ
ᠨᠡᠶᠢᠲᠡᠯᠡᠭᠰᠡᠨ ᠴᠠᠭ᠄
2018/2/8
     ᠥᠪᠥᠷ ᠮᠣᠩᠭᠤᠯ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠪᠠ ᠨᠠᠩ ᠢᠳᠡᠪᠬᠢᠲᠡᠶ ᠠᠵᠢᠯ ᠣᠯᠭᠤᠬᠤ ᠲᠦᠷᠦ ᠶᠢᠨ ᠪᠤᠳᠤᠯᠭ᠎ᠠ ᠶᠢ ᠪᠠᠷᠢᠮᠲᠠᠯᠠᠨ ᠬᠡᠷᠡᠭᠵᠢᠭᠦᠯᠵᠦ᠂ ᠤᠯᠠᠨ ᠠᠷᠭ᠎ᠠ ᠵᠠᠮ᠂ ᠤᠯᠠᠨ ᠬᠡᠯᠪᠡᠷᠢ ᠪᠠᠷ ᠠᠵᠢᠯ ᠣᠯᠭᠤᠬᠤ ᠶᠢ ᠵᠣᠷᠢᠭᠵᠢᠭᠤᠯᠪᠠ᠃ 2017 ᠣᠨ ᠳᠤ ᠮᠠᠨ ᠤ ᠣᠷᠣᠨ ᠤ ᠬᠤᠲᠠ ᠪᠠᠯᠭᠠᠰᠤ ᠶᠢᠨ 26.1 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠣᠨ ᠤ ᠲᠥᠯᠥᠪᠯᠡᠭᠡ ᠪᠠᠨ 105% ᠎ ᠪᠠᠷ ᠪᠡᠶᠡᠯᠡᠭᠦᠯᠪᠡ︔ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠭᠰᠠᠨ ᠨᠤᠷᠮ᠎ᠠ 3.63% ᠪᠣᠯᠵᠤ᠂ 4%᠎ ᠶᠢᠨ ᠬᠢᠵᠠᠭᠠᠷᠯᠠᠬᠤ ᠬᠠᠷᠠᠯᠲᠠ ᠠᠴᠠ ᠳᠣᠣᠷ᠎ᠠ ᠪᠠᠶᠢᠵᠤ᠂ ᠪᠦᠬᠦ ᠣᠷᠣᠨ ᠤ ᠠᠵᠢᠯ ᠣᠯᠭᠤᠯᠲᠠ ᠶᠢᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠠᠲᠤᠯᠠᠪᠠ᠃      ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠶᠢ ᠠᠬᠢᠭᠤᠯᠬᠤ ᠲᠠᠯ᠎ᠠ ᠪᠠᠷ᠂ 2017 ᠣᠨ ᠳᠤ ᠮᠠᠨ ᠤ ᠣᠷᠣᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠠᠬᠢᠭᠤᠯᠬᠤ ᠲᠥᠯᠥᠪᠯᠡᠭᠡ ᠪᠠ ᠦᠨᠳᠦᠰᠦᠨ ᠱᠠᠲᠤᠨ ᠳᠤ ᠦᠢᠯᠡᠴᠢᠯᠡᠬᠦ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠤᠨ ᠠᠵᠢᠯ ᠣᠯᠭᠤᠯᠲᠠ ᠳᠤ ᠦᠢᠯᠡᠴᠢᠯᠡᠬᠦ ᠰᠠᠷ᠎ᠠ ᠶᠢᠨ ᠠᠵᠢᠯᠯᠠᠭ᠎ᠠ ᠪᠠ ᠰᠤᠷᠭᠠᠭᠤᠯᠢ ᠠᠴᠠ ᠪᠠᠨ ᠰᠠᠯᠤᠭᠠᠳ ᠠᠵᠢᠯ ᠣᠯᠤᠭᠠᠳᠤᠶ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠮᠡᠷᠭᠡᠵᠢᠯ ᠴᠢᠳᠠᠪᠤᠷᠢ ᠪᠠᠷ ᠨᠢ ᠠᠵᠢᠯ ᠣᠯᠭᠤᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠤᠨ ᠠᠵᠢᠯ ᠣᠯᠭᠤᠯᠲᠠ ᠶᠢ ᠶᠡᠷᠦᠩᠬᠡᠶ ᠳᠡᠭᠡᠨ ᠲᠣᠭᠲᠠᠭᠤᠨ ᠪᠠᠶᠢᠯᠭᠠᠵᠤ᠂ ᠪᠥᠬᠦ ᠣᠷᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ 15.3 ᠲᠦᠮᠡᠨ ᠬᠥᠮᠦᠨ ᠳᠤ ᠠᠵᠢᠯ ᠣᠯᠭᠤᠭᠰᠠᠨ ᠪᠤᠶᠤ ᠠᠵᠢᠯ ᠣᠯᠭᠤᠬᠤ ᠬᠠᠨᠳᠤᠰᠢ ᠶᠢ ᠨᠠᠶᠢᠳᠠᠪᠤᠷᠢᠵᠢᠭᠤᠯᠵᠤ᠂ ᠣᠨ ᠤ ᠲᠥᠯᠥᠪᠯᠡᠭᠡ ᠪᠠᠨ 117.5%᠎ ᠪᠠᠷ ᠪᠡᠶᠡᠯᠡᠭᠦᠯᠪᠡ᠃      ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦ ᠶᠢ ᠰᠢᠯᠵᠢᠭᠦᠯᠬᠦ ᠶᠢ ᠠᠬᠢᠭᠤᠯᠬᠤ ᠲᠠᠯ᠎ᠠ ᠪᠠᠷ᠂ 2017 ᠣᠨ ᠳᠤ ᠮᠠᠨ ᠤ ᠣᠷᠣᠨ ︽ᠤᠷᠢᠬᠠᠨ ᠰᠠᠯᠬᠢ ᠠᠵᠢᠯᠯᠠᠭ᠎ᠠ︾ ︽ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠦᠢᠯᠡᠴᠢᠯᠡᠭᠡ ᠶᠢ ᠵᠣᠯᠭᠠᠭᠤᠯᠬᠤ︾ ᠵᠡᠷᠭᠡ ᠠᠵᠢᠯᠯᠠᠭ᠎ᠠ ᠪᠠᠷ ᠳᠠᠮᠵᠢᠭᠤᠯᠤᠨ ᠮᠠᠯᠴᠢᠨ ᠲᠠᠷᠢᠶᠠᠴᠢᠨ ᠢ ᠰᠢᠯᠵᠢᠭᠦᠯᠥᠨ ᠠᠵᠢᠯ ᠣᠯᠭᠤᠬᠤ ᠶᠢ ᠵᠣᠬᠢᠶᠠᠨ ᠪᠠᠶᠢᠭᠤᠯᠬᠤ ᠬᠡᠮᠵᠢᠶ᠎ᠡ ᠶᠢ ᠳᠡᠭᠡᠭᠰᠢᠯᠡᠭᠦᠯᠵᠦ᠂ 2017 ᠣᠨ ᠳᠤ 251.7 ᠲᠦᠮᠡᠨ ᠮᠠᠯᠴᠢᠨ ᠲᠠᠷᠢᠶᠠᠴᠢᠨ ᠢ ᠰᠢᠯᠢᠵᠢᠭᠦᠯᠥᠨ ᠠᠵᠢᠯ ᠣᠯᠭᠤᠵᠦ᠂ ᠣᠨ ᠤ ᠲᠥᠯᠥᠪᠯᠡᠭᠡ ᠪᠠᠨ 102.7%᠎ ᠪᠠᠷ ᠪᠡᠶᠡᠯᠡᠭᠦᠯᠪᠡ᠂ ᠡᠭᠦᠨ ᠳᠤ 205.3 ᠲᠦᠮᠡᠨ ᠬᠥᠮᠦᠨ ᠢ 6 ᠰᠠᠷ᠎ᠠ ᠠᠴᠠ ᠳᠡᠭᠡᠭᠰᠢ ᠲᠣᠭᠲᠠᠭᠤᠨ ᠢᠶᠠᠷ ᠰᠢᠯᠵᠢᠭᠦᠯᠪᠡ᠃      ᠬᠦᠴᠢᠷᠳᠡᠯᠲᠡᠶ ᠬᠥᠮᠥᠰ ᠲᠤ ᠠᠵᠢᠯ ᠣᠯᠭᠤᠬᠤ ᠶᠢ ᠬᠠᠪᠰᠤᠷᠤᠨ ᠲᠡᠳᠬᠦᠬᠦ ᠲᠠᠯ᠎ᠠ ᠪᠠᠷ᠂ 2017 ᠣᠨ ᠳᠤ ᠮᠠᠨ ᠤ ᠣᠷᠣᠨ 5.7 ᠲᠦᠮᠡᠨ ᠠᠵᠢᠯ ᠤᠯᠬᠤ ᠳᠤ ᠬᠦᠴᠢᠷᠲᠡᠶ ᠬᠥᠮᠦᠰ ᠪᠠ 5.7 ᠲᠦᠮᠡᠨ ᠬᠤᠲᠠ ᠪᠠᠯᠭᠠᠰᠤᠨ ᠤ ᠠᠵᠢᠯ ᠠᠯᠳᠠᠭᠰᠠᠨ ᠬᠥᠮᠦᠰ ᠢ ᠲᠤᠰ ᠲᠤᠰ ᠬᠠᠪᠰᠤᠷᠤᠨ ᠳᠡᠳᠬᠦᠵᠦ ᠠᠵᠢᠯ ᠣᠯᠭᠤᠬᠤ ᠶᠢ ᠪᠡᠶᠡᠯᠡᠭᠦᠯᠵᠦ᠂ ᠴᠥᠮ ᠣᠨ ᠤ ᠲᠥᠯᠥᠪᠯᠡᠭᠡ ᠪᠠᠨ 114%᠎ ᠪᠠᠷ ᠪᠡᠶᠡᠯᠡᠭᠦᠯᠵᠡᠢ︔ 417 ᠡᠷᠦᠬᠡ ᠶᠠᠭ ᠠᠵᠢᠯ ᠣᠯᠭᠤᠯᠲᠠ ᠦᠭᠡᠢ ᠭᠡᠷ ᠪᠦᠯᠢ ᠶᠢᠨ 427 ᠬᠥᠮᠦᠨ ᠳᠤ ᠠᠵᠢᠯ ᠣᠯᠭᠤᠵᠦ᠂ ᠶᠠᠭ ᠠᠵᠢᠯ ᠣᠯᠭᠤᠯᠲᠠ ᠦᠭᠡᠢ ᠭᠡᠷ ᠪᠦᠯᠢ ᠶᠢ ᠬᠥᠳᠡᠯᠦᠩᠭᠦᠢ ᠪᠠᠷ ᠦᠭᠡᠶᠢᠰᠬᠡᠬᠦ ᠶᠢ ᠪᠠᠲᠤᠯᠠᠪᠠ︔ ᠦᠯᠡᠭᠦᠳᠡᠭᠰᠡᠨ ᠦᠢᠯᠡᠳᠪᠦᠷᠢᠯᠡᠬᠦ ᠴᠢᠳᠠᠪᠤᠷᠢ ᠶᠢ ᠨᠢ ᠬᠠᠰᠤᠭᠰᠠᠨ ᠠᠵᠤ ᠠᠬᠤᠶᠢᠯᠠᠯ ᠤᠨ ᠦᠯᠡᠭᠦᠦ ᠠᠵᠢᠯᠲᠠᠨ ᠠᠵᠢᠯᠴᠢᠨ ᠢ ᠲᠣᠬᠢᠲᠠᠶ ᠲᠥᠪᠬᠢᠨᠡᠭᠦᠯᠵᠡᠢ︔ 4.81ᠲᠦᠮᠡᠨ ᠳᠠᠩᠰᠠᠨ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠳᠤ ᠠᠵᠢᠯ ᠣᠯᠭᠤᠵᠤ᠂ ︽ᠨᠢᠭᠡ ᠬᠥᠮᠦᠨ ᠳᠤ ᠠᠵᠢᠯ ᠣᠯᠭᠤᠵᠤ᠂ ᠨᠢᠭᠡ ᠡᠷᠦᠬᠡ ᠶᠢ ᠶᠠᠳᠠᠭᠤ ᠠᠴᠠ ᠠᠩᠭᠢᠵᠢᠷᠠᠭᠤᠯᠬᠤ︾᠎ ᠶᠢ ᠪᠡᠶᠡᠯᠡᠭᠦᠯᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号