ᠥᠪᠥᠷ ᠵᠠᠰᠠᠭ ᠠᠯᠪᠠᠨ ᠲᠠᠷᠬᠠᠭᠠᠭᠰᠠᠨ ﹇2017﹈ 135 ᠳ᠋ᠤᠭᠠᠷ ᠲᠤᠭᠠᠳᠤ | 7 ᠳ᠋ᠤᠭᠠᠷ ᠰᠠᠷ᠎ᠠ ᠶᠢᠨ 26 ᠤ ᠡᠳᠦᠷ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ᠮᠠᠨ ᠤ ᠣᠷᠣᠨ ᠤ ᠠᠵᠤ ᠠᠬᠤᠶ ᠶᠢᠨ ᠬᠥᠭᠵᠢᠯᠲᠡ ᠪᠣᠯᠤᠨ ᠠᠵᠢᠯᠲᠠᠨ ᠠᠵᠢᠯᠴᠢᠳ ᠤᠨ ᠴᠠᠯᠢᠩ ᠤᠨ ᠬᠢᠷᠢ | ᠲᠦᠪᠰᠢᠨ ᠤ ᠨᠡᠮᠡᠭᠳᠡᠯ ᠤᠨ ᠪᠠᠶᠢᠳᠠᠯ ᠢ ᠦᠨᠳᠦᠰᠦᠯᠡᠨ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠶᠠᠮᠤᠨ ᠢᠶᠠᠷ ᠬᠢᠨᠡᠨ ᠵᠥᠪᠰᠢᠶᠡᠷᠡᠭᠦᠯᠦᠭᠡᠳ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠠᠴᠠ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠪᠣᠯᠣᠨ | ᠪᠦᠬᠦᠯᠢ ᠡᠳᠦᠷ ᠤᠨ ᠳᠦᠷᠢᠮ ᠤᠨ ᠪᠤᠰᠤ ᠠᠵᠢᠯᠯᠠᠬᠤ ᠴᠠᠭ ᠤᠨ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠳᠤ | ᠲᠣᠬᠢᠷᠠᠭᠤᠯᠤᠯᠲᠠ ᠬᠢᠬᠦ ᠪᠠᠷ ᠲᠣᠭᠳᠠᠪᠠ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠪᠠ᠄ | ᠨᠢᠭᠡᠳᠦᠭᠡᠷ ᠲᠥᠷᠥᠯ ᠤᠨ ᠭᠠᠵᠠᠷ ᠣᠷᠣᠨ᠄ ᠬᠥᠬᠡᠬᠤᠲᠠ ᠶᠢᠨ ᠰᠢᠨ᠎ᠡ ᠬᠤᠳᠠ ᠲᠣᠭᠤᠷᠢᠭ ᠵᠡᠷᠭᠡ 15 | ᠲᠣᠭᠤᠷᠢᠭ᠂ ᠡᠷᠢᠶᠡᠨ ᠬᠤᠲᠠ ᠵᠡᠷᠭᠡ ᠠᠰ ᠲᠠᠭᠠᠨ ᠲᠥᠯᠥᠪᠯᠡᠭᠡ ᠬᠢᠬᠦ 2 ᠬᠤᠲᠠ ᠪᠣᠯᠣᠨ ᠠᠯᠠᠱᠠ ᠵᠡᠭᠦᠨ ᠬᠤᠰᠢᠭᠤ | ᠵᠡᠷᠭᠡ 10 ᠬᠤᠰᠢᠭᠤ ᠶᠢᠨ᠂ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠨᠢ 1760 ᠲᠥᠬᠦᠷᠢᠭ / ᠰᠠᠷ᠎ᠠ︔ | ᠪᠦᠬᠦᠯᠢ ᠡᠳᠦᠷ ᠤᠨ ᠳᠦᠷᠢᠮ ᠤᠨ ᠪᠤᠰᠤ ᠠᠵᠢᠯᠯᠠᠬᠤ ᠴᠠᠭ ᠤᠨ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠨᠢ | 18.6 ᠲᠥᠭᠦᠷᠢᠭ / ᠴᠠᠭ ᠪᠣᠯᠤᠨ᠎ᠠ᠃ | ᠬᠤᠶᠠᠳᠤᠭᠠᠷ ᠲᠥᠷᠥᠯ ᠤᠨ ᠭᠠᠵᠠᠷ ᠣᠷᠣᠨ᠄ ᠬᠥᠯᠥᠨ ᠪᠤᠶᠢᠷ ᠬᠤᠳᠠ ᠶᠢᠨ ᠬᠠᠶᠢᠯᠠᠷ ᠲᠣᠭᠤᠷᠢᠭ ᠵᠡᠷᠭᠡ 6 | ᠲᠣᠭᠤᠷᠢᠭ᠂ ᠲᠣᠭᠲᠠᠬᠤ ᠰᠢᠶᠠᠨ ᠵᠡᠷᠭᠡ 5 ᠰᠢᠶᠠᠨ᠂ ᠰᠢᠯᠢ ᠶᠢᠨ ᠬᠤᠲᠠ ᠵᠡᠷᠭᠡ 3 ᠰᠢᠶᠠᠨ ᠤ ᠲᠡᠰ ᠤᠨ ᠬᠤᠳᠠ | ᠪᠣᠯᠤᠨ ᠠᠷᠤᠨ ᠬᠤᠰᠢᠭᠤ ᠵᠡᠷᠭᠡ 9 ᠬᠤᠰᠢᠭᠤ ᠶᠢᠨ᠂ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠨᠢ 1660 | ᠲᠦᠬᠦᠷᠢᠭ / ᠰᠠᠷ᠎ᠠ᠂ ᠪᠦᠬᠦᠯᠢ ᠡᠳᠦᠷ ᠤᠨ ᠳᠦᠷᠢᠮ ᠤᠨ ᠪᠤᠰᠤ ᠠᠵᠢᠯᠯᠠᠬᠤ ᠴᠠᠭ ᠤᠨ ᠬᠠᠮᠤᠭ ᠤᠨ ᠳᠣᠣᠷ᠎ᠠ | ᠴᠠᠯᠢᠩ ᠤᠨ ᠪᠠᠷᠢᠮᠵᠢᠶ᠎ᠠ ᠨᠢ 17.6 ᠲᠥᠭᠦᠷᠢᠭ / ᠴᠠᠭ ᠪᠣᠯᠣᠨ᠎ᠠ᠃ | ᠭᠤᠷᠪᠠᠳᠤᠭᠠᠷ ᠲᠥᠷᠥᠯ ᠤᠨ ᠭᠠᠵᠠᠷ ᠣᠷᠣᠨ᠄ ᠪᠠᠶᠠᠨᠨᠠᠭᠤᠷ ᠬᠤᠳᠠ ᠶᠢᠨ ᠯᠢᠨᠾᠧ ᠲᠣᠭᠤᠷᠢᠭ᠂ ᠺᠠᠶᠢᠯᠦ | ᠰᠢᠶᠠᠨ ᠵᠡᠷᠭᠡ 4 ᠰᠢᠶᠠᠨ᠂ ᠤᠯᠠᠭᠠᠨᠬᠤᠲᠠ ᠵᠡᠷᠭᠡ 3 ᠰᠢᠶᠠᠨ ᠤ ᠲᠡᠰ ᠤᠨ ᠬᠤᠳᠠ ᠪᠣᠯᠤᠨ ᠪᠠᠭᠠᠷᠢᠨ ᠪᠠᠷᠠᠭᠤᠨ | ᠬᠤᠰᠢᠭᠤ ᠵᠡᠷᠭᠡ 16 ᠬᠤᠰᠢᠭᠤ ᠶᠢᠨ᠂ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠨᠢ 1560 ᠲᠦᠬᠦᠷᠢᠭ / | ᠰᠠᠷ᠎ᠠ᠂ ᠪᠦᠬᠦᠯᠢ ᠡᠳᠦᠷ ᠤᠨ ᠳᠦᠷᠢᠮ ᠤᠨ ᠪᠤᠰᠤ ᠠᠵᠢᠯᠯᠠᠬᠤ ᠴᠠᠭ ᠤᠨ ᠬᠠᠮᠤᠭ ᠤᠨ ᠳᠣᠣᠷ᠎ᠠ ᠴᠠᠯᠢᠩ ᠤᠨ | ᠪᠠᠷᠢᠮᠵᠢᠶ᠎ᠠ ᠨᠢ 16.5 ᠲᠥᠭᠦᠷᠢᠭ / ᠴᠠᠭ ᠪᠣᠯᠤᠨ᠎ᠠ᠃ | ᠳᠥᠷᠪᠡᠳᠦᠭᠡᠷ ᠲᠥᠷᠥᠯ ᠤᠨ ᠭᠠᠵᠠᠷ ᠣᠷᠣᠨ᠄ ᠵᠦᠸᠧᠽᠢ ᠰᠢᠶᠠᠨ ᠵᠡᠷᠭᠡ 8 ᠰᠢᠶᠠᠨ᠂ ᠷᠠᠰᠢᠶᠠᠨ ᠬᠤᠳᠠ | ᠵᠡᠷᠭᠡ 3 ᠰᠢᠶᠠᠨ ᠤ ᠲᠡᠰ ᠤᠨ ᠬᠤᠳᠠ ᠪᠣᠯᠤᠨ ᠬᠦᠷᠢᠶ᠎ᠡ ᠬᠤᠰᠢᠭᠤ ᠵᠡᠷᠭᠡ 17 ᠬᠤᠰᠢᠭᠤ ᠶᠢᠨ᠂ ᠬᠠᠮᠤᠭ ᠤᠨ | ᠳᠣᠣᠷ᠎ᠠ ᠴᠠᠯᠢᠩ ᠤᠨ ᠪᠠᠷᠢᠮᠵᠢᠶ᠎ᠠ ᠨᠢ 1460 ᠲᠦᠬᠦᠷᠢᠭ / ᠰᠠᠷ᠎ᠠ᠂ ᠪᠦᠬᠦᠯᠢ ᠡᠳᠦᠷ ᠤᠨ ᠳᠦᠷᠢᠮ ᠤᠨ ᠪᠤᠰᠤ | ᠠᠵᠢᠯᠯᠠᠬᠤ ᠴᠠᠭ ᠤᠨ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠨᠢ 15.5 ᠲᠥᠭᠦᠷᠢᠭ / ᠴᠠᠭ ᠪᠣᠯᠤᠨ᠎ᠠ᠃ | ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠳᠤ᠄ ᠦᠨᠳᠦᠰᠦᠨ ᠨᠠᠰᠤᠵᠢᠯ ᠤᠨ ᠳᠠᠭᠠᠳᠬᠠᠯ ᠤᠨ ᠮᠥᠩᠭᠦ᠂ | ᠡᠮ ᠡᠮᠨᠡᠯᠭᠡ ᠶᠢᠨ ᠳᠠᠭᠠᠳᠬᠠᠯ ᠤᠨ ᠮᠥᠩᠭᠦ᠂ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠪᠣᠯᠤᠨ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠥᠨ ᠤ ᠲᠤᠰᠢᠶᠠᠬᠤ ᠬᠡᠰᠡᠭ | ᠪᠠᠭᠲᠠᠨ᠎ᠠ᠃ | ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠳᠤ᠄ ᠠᠵᠢᠯᠯᠠᠬᠤ ᠴᠠᠭ ᠢ ᠤᠷᠲᠤᠳᠬᠠᠭᠰᠠᠨ ᠴᠠᠯᠢᠩ︔ | ᠦᠳᠡ ᠶᠢᠨ ᠡᠭᠡᠯᠵᠢ᠂ ᠰᠥᠨᠢ ᠶᠢᠨ ᠡᠭᠡᠯᠵᠢ᠂ ᠶᠡᠭᠡ ᠬᠠᠯᠠᠭᠤᠨ᠂ ᠵᠢᠬᠡᠭᠦᠨ ᠭᠦᠢᠲᠡᠨ᠂ ᠬᠤᠳᠳᠤᠭ ᠳᠣᠣᠷ᠎ᠠ | ᠠᠵᠢᠯᠯᠠᠬᠤ᠂ ᠬᠤᠣᠷᠲᠠᠶ ᠬᠥᠨᠥᠭᠡᠯᠲᠡᠶ ᠵᠡᠷᠭᠡ ᠣᠨᠴᠤᠭᠤᠢ ᠨᠥᠬᠦᠴᠡᠯ ᠳᠣᠣᠷᠠᠬᠢ ᠨᠡᠮᠡᠭᠦᠷᠢ︔ ᠬᠠᠤᠯᠢ ᠲᠣᠭᠲᠠᠭᠠᠯ | ᠪᠣᠯᠤᠨ ᠤᠯᠤᠰ ᠠᠴᠠ ᠲᠣᠭᠲᠠᠭᠠᠭᠰᠠᠨ ᠬᠥᠳᠡᠯᠮᠦᠷᠢᠯᠡᠭᠴᠢᠳ ᠤᠨ ᠠᠰᠠᠷᠠᠮᠵᠢ ᠬᠠᠷᠠᠭᠠᠯᠵᠠᠯ ᠵᠡᠷᠭᠡ ᠶᠢ ᠪᠠᠭᠲᠠᠭᠠᠬᠤ | ᠦᠭᠡᠢ᠃ | ᠡᠭᠦᠨ ᠠᠴᠠ ᠭᠠᠳᠠᠨ᠎ᠠ᠂ ᠪᠦᠬᠦᠯᠢ ᠡᠳᠦᠷ ᠤᠨ ᠳᠦᠷᠢᠮ ᠤᠨ ᠪᠤᠰᠤ ᠠᠵᠢᠯ ᠣᠯᠤᠭᠰᠠᠨ | ᠬᠥᠳᠡᠯᠮᠦᠷᠢᠯᠡᠭᠴᠢᠳ ᠲᠤ ᠪᠣᠯ᠂ ᠬᠥᠮᠦᠨ ᠬᠡᠷᠡᠭᠯᠡᠬᠦ ᠨᠢᠭᠡᠴᠡ ᠠᠴᠠ ᠤᠯᠭᠤᠬᠤ ᠵᠣᠭᠤᠰᠣᠨ ᠴᠠᠯᠢᠩ ᠢ ᠴᠠᠬ ᠢᠶᠠᠷ | ᠠᠵᠢᠯᠯᠠᠬᠤ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠠᠴᠠ ᠳᠣᠣᠷ᠎ᠠ ᠪᠠᠶᠢᠯᠭᠠᠵᠤ ᠪᠣᠯᠬᠤ ᠦᠭᠡᠢ︔ | ᠨᠢᠭᠡᠴᠡ ᠠᠴᠠ ᠬᠠᠤᠯᠢ ᠶᠣᠰᠣᠭᠠᠷ ᠲᠤᠰᠢᠶᠠᠬᠤ ᠨᠡᠶᠢᠭᠡᠮ ᠤᠨ ᠳᠠᠭᠠᠳᠬᠠᠯ ᠤᠨ ᠰᠦᠢᠳᠬᠡᠯ ᠪᠣᠯᠤᠨ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠪᠣᠯ᠂ ᠬᠥᠮᠦᠨ ᠬᠡᠷᠡᠭᠯᠡᠬᠦ ᠨᠢᠭᠡᠴᠡ ᠠᠴᠠ | ᠲᠣᠭᠲᠠᠭᠠᠯ ᠶᠣᠰᠣᠭᠠᠷ ᠠᠰ ᠲᠤᠨᠢ ᠭᠠᠷᠭᠠᠨ᠎ᠠ᠃ | ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠶᠢ ᠬᠡᠷᠡᠭᠵᠢᠭᠦᠯᠵᠦ ᠪᠠᠶᠢᠭ᠎ᠠ ᠬᠥᠮᠦᠨ ᠬᠡᠷᠡᠭᠯᠡᠬᠦ ᠨᠢᠭᠡᠴᠡ | ᠪᠦᠬᠦᠨ᠂ ᠬᠥᠳᠡᠯᠮᠦᠷᠢ ᠬᠦᠴᠦᠨ ᠬᠡᠷᠡᠭᠯᠡᠬᠦ ᠰᠦᠯᠵᠢᠶᠡᠨ ᠳᠡᠭᠡᠷ᠎ᠡ ᠳᠠᠩᠰᠠᠯᠠᠭᠤᠯᠬᠤ ᠰᠢᠰᠲ᠋ᠧᠮ ᠳᠤ ᠴᠠᠭ | ᠲᠣᠬᠠᠢ ᠳᠤᠨᠢ ᠲᠠᠭᠯᠠᠨ ᠮᠡᠳᠡᠭᠦᠯᠬᠦ ᠬᠡᠷᠡᠭᠲᠡᠶ᠃ | ᠲᠣᠬᠢᠷᠠᠭᠤᠯᠤᠯᠲᠠ ᠬᠢᠭᠰᠡᠨ ᠤ ᠳᠠᠷᠠᠭᠠᠬᠢ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠵᠢᠴᠢ ᠪᠦᠬᠦᠯᠢ | ᠡᠳᠦᠷ ᠤᠨ ᠳᠦᠷᠢᠮ ᠤᠨ ᠪᠤᠰᠤ ᠠᠵᠢᠯᠯᠠᠬᠤ ᠴᠠᠭ ᠤᠨ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠶᠢ 2017 | ᠣᠨ ᠤ 8 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | | ᠳᠠᠭᠠᠯᠳᠤᠭᠤᠯᠤᠯ᠄ 2017 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠮᠤᠭ ᠤᠨ | ᠳᠣᠣᠷ᠎ᠠ ᠴᠠᠯᠢᠩ ᠤᠨ ᠪᠠᠷᠢᠮᠵᠢᠶ᠎ᠠ ᠵᠢᠴᠢ ᠪᠦᠬᠦᠯᠢ ᠡᠳᠦᠷ ᠤᠨ ᠳᠦᠷᠢᠮ ᠤᠨ ᠪᠤᠰᠤ ᠠᠵᠢᠯᠯᠠᠬᠤ ᠴᠠᠭ ᠤᠨ ᠬᠠᠮᠤᠭ ᠤᠨ | ᠳᠣᠣᠷ᠎ᠠ ᠴᠠᠯᠢᠩ ᠤᠨ ᠪᠠᠷᠢᠮᠵᠢᠶ᠎ᠠ ᠶᠢᠨ ᠭᠠᠵᠠᠷ ᠣᠷᠣᠨ ᠤ ᠲᠥᠷᠥᠯ ᠢᠯᠭᠠᠯ ᠤᠨ ᠬᠦᠰᠦᠨᠦᠭᠲᠦ | ᠬᠦᠰᠦᠨᠦᠭᠲᠦ |