ᠳᠡᠯᠡᠬᠡᠶ ᠳᠡᠭᠡᠷᠡᠬᠢ ᠴᠣᠷ ᠤᠨ ᠭᠠᠭᠴᠠ ᠬᠤᠪᠣᠷ ᠰᠢᠷᠣᠶ ᠶᠢᠨ ᠪᠤᠳᠤᠭ ᠤᠨ ᠮᠠᠲ᠋ᠧᠷᠢᠶᠠᠯ ᠤᠨ ᠠᠵᠤ ᠦᠢᠯᠡᠰᠵᠢᠯᠲᠡ ᠶᠢᠨ ᠲᠦᠷᠦᠯ ᠵᠦᠢᠯ  ᠥᠪᠥᠷ ᠮᠣᠩᠭᠤᠯ ᠳᠤ ᠰᠠᠭᠤᠷᠢᠰᠢᠪᠠ
ᠨᠡᠶᠢᠲᠡᠯᠡᠭᠰᠡᠨ ᠴᠠᠭ᠄
2018/2/9
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ 8᠎ ᠤ ᠡᠳᠦᠷ ᠲᠤ ᠮᠡᠳᠡᠭᠡᠯᠡᠭᠰᠡᠨ ᠢᠶᠠᠷ᠂ ᠦᠢᠷ᠎ᠠ ᠳᠤ᠂ ᠳᠡᠯᠡᠬᠡᠶ ᠳᠡᠭᠡᠷᠡᠬᠢ ᠴᠣᠷ ᠤᠨ ᠭᠠᠭᠴᠠ ᠬᠤᠪᠣᠷ ᠰᠢᠷᠣᠶ ᠶᠢᠨ ᠬᠦᠬᠦᠷᠲᠦ ᠨᠢᠭᠡᠳᠪᠦᠷᠢ ᠶᠢᠨ ᠣᠷᠴᠢᠨ ᠲᠣᠭᠤᠷᠢᠨ ᠢ ᠬᠠᠮᠠᠭᠠᠯᠠᠬᠤ ᠪᠤᠳᠤᠭ ᠤᠨ ᠮᠠᠲ᠋ᠧᠷᠢᠶᠠᠯ ᠤᠨ ᠠᠵᠤ ᠦᠢᠯᠡᠰᠵᠢᠯᠲᠡ ᠶᠢᠨ ᠲᠦᠷᠦᠯ ᠵᠦᠢᠯ ᠪᠤᠭᠤᠲᠤ ᠬᠤᠳᠠ ᠶᠢᠨ ᠵᠢᠤᠶᠤᠸᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠰᠠᠭᠤᠷᠢᠰᠢᠪᠠ᠃      ᠲᠤᠰ ᠲᠥᠷᠥᠯ ᠵᠦᠢᠯ ᠤᠨ 10 ᠳ᠋ᠦᠩᠰᠢᠭᠤᠷ ᠲᠥᠭᠦᠷᠢᠭ ᠪᠡᠯᠡ ᠣᠷᠣᠭᠤᠯᠤᠯᠲᠠ ︵ᠠᠷᠠᠳ ᠤᠨ ᠵᠣᠭᠤᠰ᠂ ᠳᠣᠷᠣᠭᠰᠢ ᠠᠳᠠᠯᠢ︶᠎ ᠶᠢ ᠥᠪᠥᠷ ᠮᠣᠩᠭᠤᠯ ᠤᠨ ᠺᠠᠯᠧᠰ ᠬᠤᠪᠣᠷ ᠰᠢᠷᠣᠶ ᠶᠢᠨ ᠣᠷᠴᠢᠨ ᠲᠣᠭᠤᠷᠢᠨ ᠢ ᠬᠠᠮᠠᠭᠠᠯᠠᠬᠤ ᠪᠤᠳᠤᠭ ᠤᠨ ᠮᠠᠲ᠋ᠧᠷᠢᠶᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠡᠯᠡ ᠣᠷᠣᠭᠤᠯᠤᠨ ᠪᠦᠳᠦᠭᠡᠨ ᠪᠠᠶᠢᠭᠤᠯᠵᠤ᠂ ᠭᠤᠣᠯᠳᠠᠭᠤ ᠵᠢᠯ ᠳᠤ 10000 ᠲᠣᠨ ᠭᠠᠷᠤᠯᠲᠠ ᠲᠠᠢ ᠪᠣᠬᠢᠷᠲᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠬᠤᠪᠣᠷ ᠰᠢᠷᠣᠶ ᠶᠢᠨ ᠪᠤᠳᠤᠭ ᠤᠨ ᠮᠠᠲ᠋ᠧᠷᠢᠶᠠᠯ ᠤᠨ ᠠᠵᠤ ᠦᠢᠯᠡᠰᠵᠢᠯᠲᠡ ᠶᠢᠨ ᠲᠥᠷᠥᠯ ᠵᠦᠢᠯ ᠢ ᠪᠦᠲᠦᠭᠡᠨ ᠪᠠᠶᠢᠭᠤᠯᠬᠤ ᠪᠣᠯᠣᠨ᠎ᠠ᠃      ᠲᠤᠰ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠳᠤ 2.1 ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠵᠤ᠂  42.7 ᠮᠥ ᠭᠠᠵᠠᠷ ᠲᠠᠯᠠᠪᠠᠢ ᠡᠵᠡᠯᠡᠨ᠂ ᠵᠢᠯ ᠳᠤ 500 ᠲᠣᠨ ᠭᠠᠷᠤᠯᠲᠠ ᠲᠠᠢ ᠪᠣᠬᠢᠷᠲᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠬᠤᠪᠣᠷ ᠰᠢᠷᠣᠶ ᠶᠢᠨ ᠪᠤᠳᠤᠭ ᠤᠨ ᠮᠠᠲ᠋ᠧᠷᠢᠶᠠᠯ ᠤᠨ ᠦᠢᠯᠡᠳᠪᠦᠷᠢᠯᠡᠯ ᠤᠨ ᠱᠤᠭᠤᠮ ᠢ ᠪᠦᠲᠦᠭᠡᠨ ᠪᠠᠶᠢᠭᠤᠯᠬᠤ ᠪᠠᠷ ᠲᠥᠯᠥᠪᠯᠡᠵᠦ᠂ ᠵᠢᠱᠢᠯᠲᠡ ᠪᠠᠷ 2018 ᠣᠨ ᠤ 3 ᠳ᠋ᠤᠭᠠᠷ ᠰᠠᠷ᠎ᠠ ᠳᠤ ᠪᠠᠷᠢᠯᠭ᠎ᠠ ᠡᠬᠢᠯᠡᠭᠦᠯᠦᠨ᠂ 6 ᠳ᠋ᠤᠭᠠᠷ ᠰᠠᠷ᠎ᠠ ᠶᠢᠨ ᠰᠡᠭᠦᠯᠴᠢ ᠪᠠᠷ ᠠᠰᠢᠭᠯᠠᠯᠲᠠ ᠳᠤ ᠣᠷᠣᠭᠤᠯᠵᠤ᠂ ᠵᠢᠯ ᠳᠤ 1.2 ᠳ᠋ᠦᠩᠰᠢᠭᠤᠷ ᠲᠦᠬᠦᠷᠢᠭ ᠤᠨ ᠤᠶᠢᠯᠡᠳᠭᠦᠨ ᠤ ᠦᠷᠳᠡᠭ ᠢ ᠪᠡᠶᠡᠯᠡᠭᠦᠯᠵᠦ᠂ 3000 ᠲᠦᠮᠡᠨ ᠲᠥᠭᠦᠷᠢᠭ ᠤᠨ ᠭᠠᠶᠢᠯᠢ ᠲᠤᠰᠢᠶᠠᠬᠤ ᠪᠤᠯᠣᠨ᠎ᠠ᠃      ᠡᠨᠡᠬᠦ ᠲᠦᠷᠤᠯ ᠵᠦᠢᠯ ᠢ ᠪᠦᠲᠦᠭᠡᠨ ᠪᠠᠶᠢᠭᠤᠯᠤᠭᠰᠠᠨ ᠶᠠᠪᠤᠳᠠᠯ ᠨᠢ ᠤᠯᠤᠰ ᠤᠨ ᠳᠣᠲᠣᠭᠠᠳᠤ ᠶᠢᠨ ᠪᠤᠳᠤᠭ ᠤᠨ ᠮᠠᠲ᠋ᠧᠷᠢᠶᠠᠯ ᠤᠨ ᠠᠵᠢᠯ ᠲᠦᠷᠦᠯ ᠳᠤ ᠴᠢᠨᠠᠷ ᠰᠠᠶᠢᠲᠠᠶ᠂ ᠬᠤᠣᠷ ᠦᠭᠡᠢ ᠣᠷᠴᠢᠨ ᠲᠣᠭᠤᠷᠢᠨ ᠢ ᠬᠠᠮᠠᠭᠠᠯᠠᠬᠤ ᠪᠣᠬᠢᠷᠳᠤᠯ ᠦᠭᠡᠢ ᠪᠤᠳᠤᠭ ᠤᠨ ᠮᠠᠲ᠋ᠧᠷᠢᠶᠠᠯ ᠬᠠᠩᠭᠠᠵᠤ᠂ ᠭᠠᠳᠠᠭᠠᠳᠤ ᠶᠢᠨ ᠪᠠᠷᠠᠭ᠎ᠠ ᠶᠢ  ᠣᠷᠣᠯᠠᠭᠤᠯᠤᠨ᠂ ᠳᠤᠮᠳᠠᠳᠤ ᠤᠯᠤᠰ ᠤᠨ ᠰᠢᠨ᠎ᠡ ᠮᠠᠶ᠋ᠢᠭ ᠤᠨ  ᠪᠣᠬᠢᠷᠳᠤᠯ ᠦᠭᠡᠢ ᠪᠤᠳᠤᠭ᠂ ᠰᠢᠨ᠎ᠡ ᠮᠠᠲ᠋ᠧᠷᠢᠶᠠᠯ ᠵᠡᠷᠭᠡ ᠬᠦᠷᠢᠶᠡᠨ ᠤ ᠦᠳᠲᠡᠷ ᠲᠦᠷᠭᠡᠨ ᠬᠥᠭᠵᠢᠬᠦ ᠶᠢ ᠳᠠᠶᠢᠴᠢᠯᠠᠵᠤ᠂ ᠤᠯᠤᠰ ᠤᠨ ᠲᠠᠰ ᠤᠨ ᠬᠤᠣᠷ ᠦᠭᠡᠢ ᠪᠤᠳᠤᠭ ᠤᠨ ᠮᠠᠲ᠋ᠧᠷᠢᠶᠠᠯ ᠤᠨ ᠠᠵᠤ ᠦᠢᠯᠡᠰᠵᠢᠯᠲᠡ ᠶᠢᠨ ᠰᠠᠭᠤᠷᠢᠨ ᠭᠠᠵᠠᠷ ᠪᠠᠶᠢᠭᠤᠯᠬᠤ ᠳᠤ ᠰᠠᠭᠤᠷᠢ  ᠲᠠᠯᠪᠢᠵᠤ ᠥᠭᠬᠦ ᠪᠣᠯᠣᠨ᠎ᠠ᠃      ᠡᠭᠦᠨ ᠤ ᠵᠡᠷᠭᠡᠴᠡᠭᠡᠪᠡᠷ᠂ ᠡᠨᠡᠬᠦ ᠲᠥᠷᠥᠯ ᠵᠦᠢᠯ ᠢ ᠣᠷᠣᠭᠤᠯᠤᠨ ᠠᠪᠴᠢᠷᠠᠭᠰᠠᠨ ᠶᠠᠪᠤᠳᠠᠯ ᠨᠢ ᠳᠤᠮᠳᠠᠳᠤ ᠤᠯᠤᠰ ᠤᠨ ᠴᠢᠬᠤᠯᠠ ᠰᠠᠭᠤᠷᠢ ᠪᠣᠯᠬᠤ ᠲᠦᠭᠦᠬᠡᠶ ᠡᠳ᠋ ᠮᠠᠲ᠋ᠧᠷᠢᠶᠠᠯ ᠤᠨ ᠠᠵᠤ ᠦᠢᠯᠡᠳᠪᠦᠷᠢ — ᠰᠦᠯᠢᠶᠣᠣ ᠶᠢᠨ ᠠᠵᠤ ᠦᠢᠯᠡᠳᠪᠦᠷᠢ ᠶᠢ ᠪᠣᠬᠢᠷᠲᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠴᠢᠭᠯᠡᠯ ᠲᠡᠰᠢ ᠬᠥᠭᠵᠢᠭᠦᠯᠵᠦ᠂ ᠣᠯᠠᠨ ᠤᠯᠤᠰ ᠤᠨ ᠴᠢᠨᠠᠷ ᠰᠠᠶᠢᠲᠠᠶ ᠦᠢᠯᠡᠳᠬᠦᠨ ᠲᠠᠢ ᠵᠣᠯᠭᠠᠯᠳᠤᠭᠤᠯᠬᠤ ᠶᠢ  ᠲᠦᠯᠬᠢᠨ ᠠᠬᠢᠭᠤᠯᠬᠤ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号