2017 ᠣᠨ ᠳᠤ ᠥᠪᠥᠷ ᠮᠣᠩᠭᠤᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 10.6% ᠨᠡᠮᠡᠭᠳᠡᠪᠡ
ᠨᠡᠶᠢᠲᠡᠯᠡᠭᠰᠡᠨ ᠴᠠᠭ᠄
2018/2/9
      2017 ᠣᠨ ᠳᠤ᠂ ᠥᠪᠥᠷ ᠮᠣᠩᠭᠤᠯ ᠲᠣᠭᠲᠠᠭᠤᠨ ᠤ ᠳᠤᠮᠳᠠ ᠤᠷᠤᠭᠰᠢᠯᠠᠬᠤ ᠠᠵᠢᠯ ᠤᠨ ᠶᠡᠷᠦᠩᠬᠡᠶ ᠬᠦᠭ ᠠᠶᠠᠰ ᠢ ᠪᠠᠷᠢᠮᠲᠠᠯᠠᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠭ᠎ᠠ ᠬᠡᠯᠪᠡᠷᠢ ᠶᠢ ᠬᠤᠪᠢᠷᠠᠭᠤᠯᠬᠤ᠂ ᠥᠭᠡᠷᠡᠴᠢᠯᠡᠯᠲᠡ ᠶᠢ ᠠᠬᠢᠭᠤᠯᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠠᠵᠤ ᠦᠢᠯᠡᠳᠪᠦᠷᠢ ᠶᠢᠨ ᠶᠠᠰᠤ ᠴᠢᠨᠠᠷ ᠪᠤᠯᠤᠨ ᠦᠷ᠎ᠡ ᠠᠰᠢᠭ ᠵᠡᠷᠭᠡ ᠪᠠᠷ ᠳᠡᠭᠡᠭᠰᠢᠯᠡᠵᠤ᠂ ᠪᠦᠬᠦ ᠵᠢᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 10.6% ᠨᠡᠮᠡᠭᠳᠡᠵᠦ᠂ ᠠᠰᠢᠭ ᠬᠤᠨᠵᠢᠪᠣᠷᠢ ᠨᠢ 115.7% ᠨᠡᠮᠡᠭᠳᠡᠵᠤ᠂ ᠪᠦᠬᠦ ᠤᠯᠤᠰ ᠤᠨ ᠳᠤᠮᠳᠠᠴᠢ ᠲᠦᠪᠰᠢᠨ ᠪᠤᠯᠬᠤ 94.7 ᠵᠠᠭᠤᠨ ᠤ ᠴᠡᠭ ᠠᠴᠠ ᠥᠨᠳᠥᠷ ᠪᠤᠯᠪᠠ︔ ᠠᠵᠤ ᠦᠢᠯᠡᠳᠪᠦᠷᠢ ᠶᠢᠨ ᠭᠠᠶᠢᠯᠢ ᠲᠠᠲᠠᠪᠤᠷᠢ ᠨᠢ 1253.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 40.5% ᠨᠡᠮᠡᠭᠳᠡᠵᠦ᠂ ᠭᠠᠶᠢᠯᠢ ᠲᠠᠲᠠᠪᠤᠷᠢ ᠶᠢᠨ ᠪᠦᠬᠦ ᠲᠤᠭᠠᠨ ᠳᠠᠬᠢ ᠡᠵᠡᠯᠡᠬᠦ ᠬᠤᠪᠢ ᠶᠢᠨ ᠵᠢᠩ ᠨᠢ 56.4% ᠪᠤᠯᠤᠨ᠎ᠠ︔ ᠳᠤᠮᠳᠠ ᠵᠢᠵᠢᠭ ᠠᠵᠤ ᠠᠬᠤᠶᠢᠯᠠᠯ ᠤᠨ ᠲᠤᠭ᠎ᠠ ᠨᠢ ᠠᠳᠠᠯᠢ ᠬᠤᠭᠤᠴᠠᠭᠠᠨ ᠤ ᠬᠢ ᠠᠴᠠ 14.7% ᠨᠡᠮᠡᠭᠳᠡᠪᠡ︔ ᠴᠠᠬᠢᠯᠭᠠᠨ ᠬᠤᠯᠪᠣᠭᠠᠨ ᠤ ᠲᠤᠬᠠᠶᠢᠯᠠᠭᠰᠠᠨ ᠠᠵᠢᠯ ᠤᠨ ᠶᠡᠷᠦᠩᠬᠡᠶ ᠬᠡᠮᠵᠢᠶ᠎ᠡ ᠨᠢ 244 ᠳ᠋ᠦᠡᠭᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.2% ᠨᠡᠮᠡᠭᠳᠡᠪᠡ᠃      2017 ᠣᠨ ᠳᠤ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠠᠵᠤ ᠠᠬᠤᠶ ᠲᠣᠭᠲᠠᠭᠤᠨ ᠢᠶᠠᠷ ᠨᠡᠮᠡᠭᠳᠡᠭᠦᠯᠬᠦ ᠶᠢ ᠪᠡᠶᠡᠯᠡᠭᠦᠯᠪᠡ᠃ ᠴᠠᠬᠢᠯᠭᠠᠨ ᠬᠦᠴᠦᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠠᠯ᠎ᠠ ᠪᠠᠷ᠂ ᠥᠪᠥᠷ ᠮᠣᠩᠭᠤᠯ ᠴᠠᠬᠢᠯᠭᠠᠨ ᠬᠦᠴᠦᠨ ᠢ ᠣᠯᠠᠨ ᠲᠠᠯ᠎ᠠ ᠪᠠᠷ ᠠᠷᠠᠯᠵᠢᠶᠠᠯᠠᠬᠤ᠂ ᠬᠡᠷᠡᠭᠯᠡᠭᠡᠨ ᠤ ᠲᠤᠮᠤ ᠡᠷᠦᠬᠡ ᠳᠤ ᠰᠢᠭᠤᠳ ᠬᠠᠩᠭᠠᠬᠤ ᠵᠡᠷᠭᠡ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ ᠪᠦᠷᠢᠨᠰᠢᠬᠦᠯᠵᠤ᠂ ᠴᠠᠬᠢᠯᠭᠠᠨ ᠤ ᠦᠨ᠎ᠡ ᠶᠢ ᠬᠢᠮᠳᠠ ᠪᠠᠶᠢᠯᠭᠠᠬᠤ ᠳᠠᠪᠠᠭᠤᠯᠢᠭ ᠢ ᠡᠭᠦᠳᠴᠦ᠂ ᠪᠦᠬᠦ ᠵᠢᠯ ᠳᠤ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠥᠪᠡᠷ ᠤᠨ ᠦᠷᠳᠡᠭ ᠢ 80.4 ᠳ᠋ᠦᠡᠭᠰᠢᠭᠤᠷ ᠲᠥᠭᠦᠷᠢᠭ ᠪᠠᠭᠤᠷᠠᠭᠤᠯᠵᠤ᠂ ᠳᠠᠪᠠᠭᠤᠯᠢᠭ ᠮᠦᠷᠲᠡᠭᠡᠨ ᠤᠨᠴᠠᠯᠢᠬᠳᠤ ᠠᠵᠤ ᠦᠢᠯᠡᠰ ᠤᠨ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠪᠤᠯᠤᠨ ᠦᠶᠯᠡᠳᠪᠦᠷᠢᠯᠡᠬᠦ ᠴᠢᠳᠠᠪᠤᠷᠢ ᠶᠢᠨ ᠠᠰᠢᠭᠯᠠᠮᠵᠢ ᠶᠢ ᠲᠤᠭᠲᠠᠭᠤᠨ ᠢᠶᠠᠷ ᠳᠡᠭᠡᠭᠰᠢᠯᠡᠭᠦᠯᠪᠡ᠃ ᠴᠠᠬᠢᠯᠠᠭᠤᠷ ᠴᠢᠯᠠᠭᠤ᠂ ᠲᠡᠮᠥᠷ ᠤᠨ ᠬᠠᠶᠢᠯᠤᠰᠢ᠂ PVC᠂ ᠳᠠᠩ ᠲᠠᠯᠠᠰᠲᠤ ᠴᠠᠬᠢᠭᠤᠷ ᠤᠨ ᠪᠦᠬᠦ ᠤᠯᠤᠰ ᠤᠨ ᠵᠠᠬ᠎ᠠ ᠳᠡᠯᠭᠡᠭᠦᠷ ᠲᠠᠬᠢ ᠡᠵᠡᠯᠡᠬᠦ ᠨᠤᠷᠮ᠎ᠠ ᠨᠢ ᠲᠤᠰ ᠲᠤᠰ 33.4%᠂ 18.9%᠂ 23.1%᠂ 34.2%᠎ ᠲᠤ ᠬᠦᠷᠴᠦ᠂ ᠳᠡᠭᠡᠷ᠎ᠡ ᠵᠢᠯ ᠤᠨ ᠎ ᠬᠢ ᠠᠴᠠ 2᠎ ᠠᠴᠠ 5 ᠵᠠᠭᠤᠨ ᠤ ᠴᠡᠭ ᠳᠡᠭᠡᠭᠰᠢᠯᠡᠪᠡ᠃ ᠨᠡᠭᠦᠷᠡᠰᠦᠨ ᠤ ᠬᠠᠨᠭ᠍ᠭᠠᠯᠭ᠎ᠠ ᠪᠠᠴᠢᠮ ᠪᠤᠯᠵᠤ ᠪᠠᠶᠢᠭ᠎ᠠ ᠠᠵᠠ ᠲᠣᠬᠢᠶᠠᠯ ᠢ ᠠᠳᠬᠤᠨ᠂ ᠥᠪᠥᠷ ᠮᠣᠩᠭᠤᠯ ᠴᠢᠨᠠᠷ ᠰᠠᠶᠢᠲᠠᠶ ᠨᠡᠭᠦᠷᠡᠰᠦ ᠦᠢᠯᠡᠳᠪᠦᠷᠢᠯᠡᠬᠦ ᠴᠢᠳᠠᠪᠤᠷᠢ ᠶᠢ ᠲᠠᠰᠤᠷᠠᠯᠲᠠ ᠦᠭᠡᠶ ᠴᠢᠯᠦᠭᠡᠯᠡᠨ 23 ᠳ᠋ᠦᠩᠰᠢᠭᠤᠷ ᠲᠣᠨ ᠭᠠᠷᠭᠠᠵᠤ᠂ ᠭᠤᠣᠯ ᠪᠣᠯᠬᠤ ᠨᠡᠭᠦᠷᠡᠰᠦ ᠴᠠᠬᠢᠯᠭᠠᠨ ᠤ ᠠᠵᠤ ᠠᠬᠤᠶᠢᠯᠠᠯ ᠎ ᠯᠤᠭ᠎ᠠ ᠴᠠᠬᠢᠯᠭᠠᠨ ᠬᠦᠴᠦ ᠨᠡᠭᠦᠷᠡᠰᠦ ᠶᠢᠨ ︽ᠤᠷᠲᠤ ᠬᠤᠭᠤᠴᠠᠭᠠᠨ ᠤ ᠵᠦᠪᠳᠡᠯᠴᠡᠭᠡᠷ︾ ᠲᠤᠭᠲᠠᠭᠰᠠᠨ ᠤ ᠬᠠᠮᠲᠤ ᠪᠤᠯᠵᠤᠭ᠎ᠠ ᠪᠠᠨ ᠬᠦᠢᠴᠡᠳᠭᠡᠬᠦ ᠶᠢ ᠴᠢᠩᠭᠠᠳᠬᠠᠵᠤ ᠪᠠᠶᠢᠭ᠎ᠠ ᠪᠠᠶᠢᠳᠠᠯ ᠳᠤ ᠰᠢᠮᠳᠠᠭᠤᠯᠤᠨ ᠪᠠᠶᠢᠴᠠᠭᠠᠯᠲᠠ ᠬᠢᠬᠦ ᠶᠢ ᠠᠬᠢᠭᠤᠯᠪᠠ᠃ ᠪᠦᠬᠦ ᠵᠢᠯ ᠤᠨ ᠨᠡᠭᠦᠷᠡᠰᠦᠨ ᠤ ᠭᠠᠷᠤᠯᠲᠠ 8.8 ᠳ᠋ᠦᠡᠭᠰᠢᠭᠤᠷ ᠲᠣᠨ ᠳᠤ ᠬᠦᠷᠴᠦ᠂ ᠠᠳᠠᠯᠢ ᠬᠤᠭᠤᠴᠠᠭᠠᠨ ᠠᠴᠠ 7.6% ᠨᠡᠮᠡᠭᠳᠡᠵᠤ᠂ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡᠨ ᠤ ᠲᠡᠩᠴᠡᠭᠦᠷᠢ ᠶᠢ ᠪᠦᠲᠦᠮᠵᠢᠲᠡᠶ ᠠᠬᠢᠭᠤᠯᠵᠤ᠂ ᠪᠦᠬᠦ ᠤᠯᠤᠰ ᠤᠨ ᠨᠡᠭᠦᠷᠡᠰᠦᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠵᠠᠢ᠃      ᠡᠭᠦᠨ ᠠᠴᠠ ᠭᠠᠳᠠᠨ᠎ᠠ᠂ ᠥᠪᠥᠷ ᠮᠣᠩᠭᠤᠯ ᠨᠡᠭᠦᠷᠡᠰᠦ ᠴᠠᠬᠢᠯᠭᠠᠨ ᠲᠤᠰᠤ ᠬᠡᠢ ᠵᠦᠭᠡᠭᠡᠪᠦᠷᠢ ᠶᠢ ᠵᠤᠬᠢᠴᠠᠭᠤᠯᠬᠤ ᠪᠠᠲᠤᠯᠠᠭ᠎ᠠ ᠶᠢᠨ ᠠᠵᠢᠯ ᠢ ᠪᠦᠬᠦ ᠬᠦᠴᠦ ᠪᠠᠷ ᠢᠶᠠᠨ ᠰᠠᠶᠢᠲᠤᠷ ᠬᠢᠵᠦ᠂ ᠢᠯᠠᠩᠭᠤᠶ᠎ᠠ ᠨᠢᠳᠤᠨᠤᠨ ᠡᠪᠦᠯ ᠠᠴᠠ ᠨᠠᠰᠢᠬᠢ ᠥᠪᠥᠷ ᠮᠣᠩᠭᠤᠯ ᠤᠨ ᠪᠠᠶᠢᠭᠠᠯᠢ ᠶᠢᠨ ᠰᠢᠲᠠᠮᠠᠬᠠᠶ ᠬᠡᠢ ᠶᠢᠨ ᠬᠠᠩᠭᠠᠯᠭ᠎ᠠ ᠪᠠ ᠬᠡᠷᠡᠭᠴᠡᠭᠡᠨ ᠤ ᠣᠷᠣᠨ ᠪᠦᠰᠡ ᠶᠢᠨ ᠴᠢᠨᠠᠷᠲᠠᠶ᠂ ᠱᠠᠳᠤ ᠦᠶ᠎ᠡ ᠶᠢᠨ ᠴᠢᠨᠠᠷᠲᠠᠶ ᠵᠥᠷᠢᠴᠡᠯ ᠢ ᠪᠦᠲᠦᠮᠵᠢᠲᠠᠢ ᠨᠠᠮᠳᠠᠭᠤᠯᠪᠠ᠃ ᠪᠦ᠋ᠬᠦ ᠵᠢᠯ ᠤᠨ ᠠᠵᠤ ᠦᠢᠯᠡᠳᠪᠦᠷᠢ ᠶᠢᠨ ᠴᠠᠬᠢᠯᠭᠠᠨ ᠬᠡᠷᠡᠭᠯᠡᠬᠦ ᠬᠡᠮᠵᠢᠶ᠎ᠡ᠂ ᠲᠡᠮᠦᠷ ᠵᠠᠮ ᠤᠨ ᠵᠦᠭᠡᠭᠡᠪᠦᠷᠢ ᠶᠢᠨ ᠬᠡᠮᠵᠢᠶ᠎ᠡ᠂ ᠵᠠᠰᠠᠮᠠᠯ ᠵᠠᠮ ᠤᠨ ᠵᠦᠭᠡᠭᠡᠪᠦᠷᠢ ᠶᠢᠨ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ ᠲᠤᠰ ᠲᠤᠰ 10.7% ︵ᠪᠦᠬᠦ ᠤᠯᠤᠰ ᠤᠨ 5.2 ᠵᠠᠭᠤᠨ ᠤ ᠴᠡᠭ ᠠᠴᠠ ᠦᠨᠳᠦᠷ ᠪᠤᠯᠪᠠ︶᠂ 13.9% ᠪᠠ 12.9% ᠨᠡᠮᠡᠭᠳᠡᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号