2 ᠳ᠋ᠤᠭᠠᠷ ᠰᠠᠷ᠎ᠠ ᠶᠢᠨ 8 ᠤ ᠡᠳᠦᠷ ᠤᠨ ᠦᠲᠡ ᠶᠢᠨ ᠡᠮᠦᠨ᠎ᠠ᠂ ᠦᠪᠡᠷᠲᠡᠭᠡᠡ ᠵᠠᠰᠠᠬᠤ ᠤᠷᠤᠨ ᠤ ᠨᠠᠮ ᠤᠨ | ᠬᠤᠷᠢᠶ᠎ᠠ᠂ ᠵᠠᠰᠠᠭ ᠤᠨ ᠤᠷᠲᠤᠨ᠂ ᠤᠯᠤᠰ ᠲᠦᠷᠦ ᠶᠢᠨ ᠵᠦᠪᠯᠡᠯᠭᠡᠡ ᠬᠠᠮᠲᠤᠷᠠᠨ ᠦᠪᠡᠷᠲᠡᠭᠡᠡ ᠵᠠᠰᠠᠬᠤ ᠤᠷᠤᠨ ᠤ | ᠤᠯᠤᠰ ᠲᠦᠷᠦ ᠶᠢᠨ ᠵᠦᠪᠯᠡᠯᠭᠡᠡ ᠤ ᠠᠷᠪᠠᠠ ᠬᠤᠶᠠᠲᠤᠭᠠᠷ ᠬᠤᠭᠤᠴᠠᠭᠠᠠ ᠤ ᠬᠤᠷᠢᠶ᠎ᠠ ᠶᠢᠨ ᠠᠩᠬᠠᠲᠤᠭᠠᠷ ᠬᠤᠷᠠᠯ | ᠤᠨ ᠰᠠᠨᠠᠯ ᠲᠤᠷᠡᠲᠤᠯᠭᠠ ᠶᠢ ᠲᠤᠰᠢᠶᠠᠨ ᠰᠢᠢᠳᠪᠤᠷᠢᠯᠡᠬᠦᠯᠬᠦ ᠬᠤᠷᠠᠯ ᠬᠤᠷᠠᠯᠳᠤᠭᠤᠯᠵᠤ᠂ 2018 ᠣᠨ ᠤ ᠰᠠᠨᠠᠯ | ᠲᠤᠷᠠᠲᠤᠯᠭ᠎ᠠ ᠶᠢ ᠭᠦᠢᠴᠡᠳᠬᠡᠬᠦ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ | ᠦᠪᠡᠷᠲᠡᠭᠡᠡ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠤᠯᠤᠰ ᠲᠦᠷᠦ ᠶᠢᠨ ᠵᠦᠪᠯᠡᠯᠭᠡᠡ | ᠤ ᠲᠡᠷᠢᠭᠦᠯᠡᠭᠴᠢ᠂ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢ | ᠵᠢᠶᠠ ᠬᠤᠷᠠᠯ ᠢ ᠡᠷᠬᠢᠯᠡᠭᠰᠡᠡ ᠪᠦᠭᠡᠳ ᠶᠠᠷᠢᠶ᠎ᠠ ᠲᠠᠯᠪᠢᠵᠠᠢ᠃ ᠦᠪᠡᠷᠲᠡᠭᠡᠡ ᠵᠠᠰᠠᠬᠤ ᠤᠷᠤᠨ ᠤ ᠨᠠᠮ ᠤᠨ ᠬᠤᠷᠢᠶ᠎ᠠ | ᠶᠢᠨ ᠪᠠᠶᠢᠩᠭᠤ ᠶᠢᠨ ᠭᠡᠰᠢᠭᠦᠨ᠂ ᠦᠪᠡᠷᠲᠡᠭᠡᠡ ᠵᠠᠰᠠᠬᠤ ᠤᠷᠤᠨ ᠤ ᠪᠠᠶᠢᠩᠭᠤ ᠶᠢᠨ ᠲᠡᠳ᠋ ᠲᠡᠷᠢᠭᠦᠯᠡᠭᠴᠢ ᠵᠠᠩ ᠵᠢᠶᠠᠠ | ᠮᠢᠨ ᠬᠤᠷᠠᠯ ᠳᠤ ᠤᠷᠤᠯᠴᠠᠭᠰᠠᠠ ᠪᠦᠭᠡᠳ ᠶᠠᠷᠢᠶ᠎ᠠ ᠲᠠᠯᠪᠢᠵᠠᠢ᠃ ᠦᠪᠡᠷᠲᠡᠭᠡᠡ ᠵᠠᠰᠠᠬᠤ ᠤᠷᠤᠨ ᠤ ᠤᠯᠤᠰ ᠲᠦᠷᠦ | ᠶᠢᠨ ᠵᠦᠪᠯᠡᠯᠭᠡᠡ ᠤ ᠲᠡᠳ᠋ ᠲᠡᠷᠢᠭᠦᠯᠡᠭᠴᠢ ᠯᠦᠸᠧ ᡁᠢ ᠬᠤ᠋᠂ ᠴᠡᠴᠡᠭ ᠵᠢᠴᠢ ᠨᠠᠷᠢᠨ ᠪᠢᠴᠢᠭ ᠤᠨ ᠲᠠᠷᠤᠭ᠎ᠠ ᠸᠧᠢ | ᠵᠢᠶᠦ᠋ᠨ ᠬᠤᠷᠠᠯ ᠳᠤ ᠤᠷᠤᠯᠴᠠᠪᠠ᠃ | ᠯᠢ ᠵᠢᠶᠠ ᠵᠢᠭᠠᠵᠤ ᠭᠠᠷᠭᠠᠭᠰᠠᠨ ᠨᠢ᠂ ᠰᠠᠨᠠᠯ ᠲᠤᠷᠠᠲᠤᠯᠭ᠎ᠠ ᠶᠢᠨ ᠠᠵᠢᠯ ᠪᠤᠯ ᠨᠡᠶᠢᠭᠡᠮ ᠵᠢᠷᠤᠮ ᠤᠨ | ᠠᠷᠠᠳᠴᠢᠯᠠᠭᠰᠠᠠ ᠤᠯᠤᠰ ᠲᠦᠷᠦ ᠶᠢᠨ ᠪᠠᠶᠢᠭᠤᠯᠤᠯᠲᠠ ᠶᠢᠨ ᠴᠢᠬᠤᠯᠠ ᠠᠭᠤᠯᠭ᠎ᠠ ᠪᠤᠯᠬᠤ ᠪᠦᠭᠡᠳ ᠠᠷᠠᠳ ᠤᠨ | ᠤᠯᠤᠰ ᠲᠦᠷᠦ ᠶᠢᠨ ᠵᠦᠪᠯᠡᠯᠭᠡᠡ ᠤ ᠭᠤᠤᠯᠳᠠᠯᠭ᠎ᠠ ᠶᠢᠨ ᠲᠤᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠴᠢᠬᠤᠯᠠ | ᠬᠡᠯᠪᠡᠷᠢ ᠪᠤᠯᠤᠨ᠎ᠠ᠂ ᠮᠦᠨᠴᠤ ᠠᠷᠠᠳ ᠤᠨ ᠤᠯᠤᠰ ᠲᠦᠷᠦ ᠶᠢᠨ ᠵᠦᠪᠯᠡᠯᠭᠡᠡ ᠤ ᠠᠷᠠᠳ ᠤᠨ ᠲᠦᠯᠦᠭᠡ ᠡᠭᠦᠷᠭᠡ | ᠬᠠᠷᠢᠭᠤᠴᠠᠯᠭ᠎ᠠ ᠪᠠᠨ ᠬᠦᠢᠴᠡᠳᠭᠡᠬᠦ ᠴᠢᠬᠤᠯᠠ ᠠᠷᠭ᠎ᠠ ᠵᠠᠮ ᠪᠣᠯᠣᠨ᠎ᠠ᠂ ᠡᠯ᠎ᠠ ᠲᠠᠭᠠᠭᠠᠨ ᠭᠦᠢᠴᠡᠳᠬᠡᠬᠦ ᠨᠢᠭᠡᠴᠡ | ᠨᠦᠭᠦᠳ ᠤᠯᠤᠰ ᠲᠦᠷᠦ ᠶᠢᠨ ᠵᠤᠭᠰᠤᠴᠠ ᠪᠠᠨ ᠲᠡᠭᠡᠭᠰᠢᠯᠡᠭᠦᠯᠦᠨ᠂ ᠰᠠᠨᠠᠯ ᠲᠤᠷᠠᠲᠤᠯᠭ᠎ᠠ ᠶᠢᠨ ᠠᠵᠢᠯ ᠤᠨ ᠴᠢᠬᠤᠯᠠ | ᠠᠴᠢ ᠬᠤᠯᠪᠤᠭᠲᠠᠯ ᠢ ᠬᠦᠢᠴᠡᠳ ᠲᠠᠨᠢᠬᠤ ᠬᠡᠷᠡᠭᠲᠡᠢ᠃ ᠬᠠᠷᠢᠭᠤᠴᠠᠯᠭ᠎ᠠ ᠪᠠᠨ ᠵᠤᠷᠢᠭᠲᠠᠢ ᠡᠭᠦᠷᠭᠡᠯᠡᠬᠦ ᠶᠢ | ᠴᠢᠩᠭᠠᠳᠬᠠᠠ᠂ ᠰᠠᠨᠠᠯ ᠲᠤᠷᠠᠲᠤᠯᠭ᠎ᠠ ᠶᠢᠨ ᠠᠵᠢᠯ ᠤᠨ ᠵᠠᠩᠭᠢᠯᠠᠭ᠎ᠠ ᠶᠢᠨ ᠭᠤᠭᠴᠤᠭ᠎ᠠ ᠶᠢ ᠰᠠᠶᠢᠲᠤᠷ ᠡᠵᠡᠮᠲᠡᠵᠦ᠂ ︽ | ᠲᠤᠷᠠᠳᠤᠭᠰᠠᠨ ᠨᠢ ᠰᠠᠶᠢᠨ ᠪᠠᠶᠢᠬᠤ︾ ᠱᠠᠭᠠᠷᠳᠠᠯᠭ᠎ᠠ ᠶᠤᠰᠤᠭᠠᠷ ᠰᠠᠨᠠᠯ ᠲᠤᠷᠠᠲᠤᠯᠭ᠎ᠠ ᠶᠢᠨ ᠴᠢᠨᠠᠷ ᠴᠢᠨᠰᠠᠭ᠎ᠠ ᠶᠢ | ᠲᠡᠭᠡᠭᠰᠢᠯᠡᠭᠦᠯᠬᠦ ᠶᠠᠪᠤᠳᠠᠯ ᠢ ᠰᠠᠨᠠᠯ ᠲᠤᠷᠠᠲᠤᠯᠭ᠎ᠠ ᠶᠢᠨ ᠠᠵᠢᠯ ᠢ ᠰᠠᠶᠢᠵᠢᠷᠠᠭᠤᠯᠬᠤ ᠴᠢᠬᠤᠯᠠ ᠡᠬᠦᠷᠭᠡ ᠪᠠᠨ ᠪᠤᠯᠭᠠᠬᠤ | ᠭᠡᠷᠡᠭᠲᠡᠢ︔ ︽ᠲᠠᠩᠰᠠᠯᠠᠭᠰᠠᠨ ᠨᠢ ᠤᠨᠤᠪᠴᠢᠳᠠᠢ ᠪᠠᠶᠢᠬᠤ︾ ᠱᠠᠭᠠᠷᠳᠠᠯᠭ᠎ᠠ ᠶᠤᠰᠤᠭᠠᠷ ᠬᠢᠨᠠᠨ ᠪᠠᠶᠢᠴᠠᠭᠠᠵᠥ ᠬᠡᠷᠡᠭ | ᠪᠤᠯᠭᠠᠨ ᠳᠠᠩᠰᠠᠯᠠᠬᠤ ᠳᠦᠪᠰᠢᠨ ᠢ ᠴᠢᠨᠠᠭᠰᠢᠳᠠ ᠳᠡᠬᠡᠭᠰᠢᠯᠡᠬᠦᠯᠵᠥ᠂ ᠬᠡᠷᠡᠭ ᠪᠤᠯᠭᠠᠨ ᠳᠠᠩᠰᠠᠯᠠᠬᠰᠠᠨ ᠰᠠᠨᠠᠯ | ᠳᠤᠷᠠᠳᠤᠯᠭ᠎ᠠ ᠨᠢ ᠰᠢᠯᠭᠠᠨ ᠪᠠᠶᠢᠴᠠᠭᠠᠯᠳᠠ ᠶᠢ ᠲᠠᠭᠠᠭᠠᠵᠤ ᠲᠠᠶᠢᠯᠬᠦ ᠶᠢ ᠪᠠᠳᠤᠯᠠᠬᠤ ᠭᠡᠷᠡᠭᠳᠡᠢ︔ ︽ᠲᠤᠰᠢᠶᠠᠭᠰᠠᠨ ᠨᠢ | ᠲᠤᠳᠤᠷᠬᠠᠢ ᠪᠠᠶᠢᠬᠤ︾ ᠱᠠᠭᠠᠷᠳᠠᠯᠭ᠎ᠠ ᠶᠤᠰᠤᠭᠠᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠨ | ᠳᠤᠳᠤᠷᠬᠠᠶᠢᠯᠠᠵᠥ᠂ ᠰᠠᠨᠠᠯ ᠳᠤᠷᠠᠳᠤᠯᠭ᠎ᠠ ᠶᠢ ᠭᠤᠤᠯᠯᠠᠨ ᠭᠦᠢᠴᠡᠳᠬᠡᠬᠦ ᠪᠠ ᠬᠠᠮᠵᠢᠯᠴᠠᠨ ᠭᠦᠢᠴᠡᠳᠬᠡᠬᠦ ᠨᠢᠭᠡᠴᠠ ᠶᠢ | ᠤᠨᠤᠪᠴᠢᠳᠠᠢ ᠲᠤᠭᠳᠠᠭᠠᠬᠤ ᠭᠡᠷᠡᠭᠳᠡᠢ︔ ︽ᠰᠢᠢᠳᠪᠤᠷᠢᠯᠡᠭᠰᠡᠨ ᠨᠢ ᠪᠤᠳᠠᠳᠠᠢ ᠪᠠᠶᠢᠬᠤ︾ ᠱᠠᠭᠠᠷᠳᠠᠯᠭ᠎ᠠ ᠶᠤᠰᠤᠭᠠᠷ | ᠰᠠᠨᠠᠯ ᠲᠤᠷᠠᠳᠤᠯᠭ᠎ᠠ ᠶᠢ ᠭᠦᠢᠴᠡᠳᠬᠡᠬᠦ ᠳᠡᠰ ᠳᠠᠷᠠᠭᠠᠯᠠᠯ ᠢ ᠴᠢᠨᠠᠭᠰᠢᠳᠠ ᠵᠢᠷᠤᠮᠵᠢᠭᠤᠯᠤᠨ᠂ ᠭᠦᠢᠴᠡᠳᠬᠡᠬᠦ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠮᠦᠷᠳᠡᠨ ᠰᠢᠮᠳᠠᠭᠤᠯᠤᠨ ᠭᠦᠢᠴᠡᠳᠬᠡᠯᠭᠡᠬᠦ ᠠᠵᠢᠯ ᠢ ᠰᠠᠶᠢᠳᠤᠷ ᠬᠢᠵᠤ᠂ | ᠰᠠᠶᠢᠨ ᠰᠠᠶᠢᠬᠠᠨ ᠦᠵᠡᠯ ᠰᠠᠨᠠᠭᠠᠨ ᠤ ᠲᠦᠷᠰᠤ ᠪᠠᠶᠢᠳᠠᠯ ᠪᠠ ᠯᠠᠪᠳᠠᠭᠤᠨ ᠪᠠᠳᠤᠳᠠᠢ ᠠᠵᠢᠯ ᠤᠨ ᠰᠤᠷᠳᠠᠯ ᠢᠶᠠᠷ | ᠰᠠᠨᠠᠯ ᠲᠤᠷᠠᠳᠤᠯᠭ᠎ᠠ ᠶᠢᠨ ᠠᠵᠢᠯ ᠤᠨ ᠰᠢᠨ᠎ᠠ ᠪᠠᠶᠢᠳᠠᠯ ᠢ ᠬᠠᠮᠳᠤᠪᠠᠷ ᠡᠬᠦᠳᠬᠦ ᠭᠡᠷᠡᠭᠳᠡᠢ ᠭᠡᠵᠡᠢ᠃ | ᠵᠠᠩ ᠵᠢᠶᠠᠨ ᠮᠢᠨ ᠵᠢᠭᠠᠵᠤ ᠭᠠᠷᠭᠠᠭᠰᠠᠨ ᠨᠢ᠂ ᠡᠨᠡ ᠵᠢᠯ ᠪᠤᠯ ᠦᠪᠡᠷᠳᠡᠬᠡᠨ ᠵᠠᠰᠠᠬᠤ ᠤᠷᠤᠨ ᠤ ᠤᠯᠤᠰ | ᠳᠦᠷᠦ ᠶᠢᠨ ᠵᠦᠪᠯᠡᠯᠬᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠡᠭᠦᠷᠭᠡ ᠬᠠᠷᠢᠭᠤᠴᠠᠯᠭ᠎ᠠ ᠪᠠᠨ | ᠬᠦᠢᠴᠡᠳᠭᠡᠬᠦ ᠡᠬᠢᠨ ᠤ ᠵᠢᠯ ᠪᠤᠯᠬᠤ ᠪᠦᠭᠡᠳ ᠵᠠᠰᠠᠭ ᠤᠨ ᠤᠷᠳᠤᠨ ᠤ ᠰᠢᠰᠲ᠋ᠧᠮ ᠤᠨ ᠲᠠᠭᠠᠭᠠᠨ ᠭᠦᠢᠴᠡᠳᠬᠡᠬᠦ | ᠰᠠᠨᠠᠯ ᠲᠤᠷᠠᠳᠤᠯᠭ᠎ᠠ ᠬᠠᠮᠤᠭ ᠤᠨ ᠤᠯᠠᠨ ᠨᠢᠬᠡ ᠵᠢᠯ ᠪᠤᠯᠤᠨ᠎ᠡ᠃ ᠡᠯ᠎ᠡ ᠰᠠᠯᠠᠭ᠎ᠠ ᠮᠦᠴᠢᠷ ᠤᠳ ᠤᠯᠤᠰ ᠳᠦᠷᠦ ᠶᠢᠨ | ᠵᠦᠪᠯᠡᠯᠬᠡᠨ ᠤ ᠰᠠᠨᠠᠯ ᠳᠤᠷᠠᠳᠤᠯᠭ᠎ᠠ ᠶᠢ ᠰᠠᠶᠢᠳᠤᠷ ᠭᠦᠢᠴᠡᠳᠬᠡᠬᠦ ᠶᠠᠪᠤᠳᠠᠯ ᠢ ᠳᠦᠪ ᠤᠨ ᠪᠠ ᠦᠪᠡᠷᠳᠡᠬᠡᠨ ᠵᠠᠰᠠᠬᠤ | ᠤᠷᠤᠨ ᠤ ᠨᠠᠮ ᠤᠨ ᠬᠤᠷᠢᠶ᠎ᠠ ᠶᠢᠨ ᠰᠢᠨ᠎ᠡ ᠱᠠᠭᠠᠷᠳᠠᠯᠭ᠎ᠠ ᠰᠢᠨ᠎ᠠ ᠪᠠᠶᠢᠷᠢᠯᠠᠭᠤᠯᠤᠯᠳᠠ ᠶᠢ ᠨᠠᠶᠢᠳᠠᠪᠤᠷᠢᠵᠢᠭᠤᠯᠬᠤ | ᠴᠢᠬᠤᠯᠠ ᠭᠠᠷᠳᠠᠴᠠ ᠪᠠᠨ ᠪᠤᠯᠭᠠᠨ᠂ ᠵᠠᠰᠠᠭ ᠤᠨ ᠤᠷᠳᠤᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠴᠢᠬᠤᠯᠠ | ᠠᠷᠭ᠎ᠠ ᠵᠠᠮ ᠢᠶᠠᠨ ᠪᠤᠯᠭᠠᠵᠤ᠂ ᠨᠢᠬᠡᠨᠳᠡ ᠪᠠᠶᠢᠭ᠎ᠠ ᠰᠠᠶᠢᠨ ᠳᠤᠷᠰᠢᠯᠭ᠎ᠠ ᠰᠠᠶᠢᠨ ᠠᠷᠭ᠎ᠠ ᠬᠢᠳᠡᠯ ᠢᠶᠠᠨ ᠦᠷᠬᠦᠯᠵᠢᠯᠡᠨ | ᠪᠠᠷᠢᠮᠳᠠᠯᠠᠵᠥ᠂ ᠰᠠᠨᠠᠯ ᠳᠤᠷᠠᠳᠤᠯᠭ᠎ᠠ ᠶᠢ ᠦᠨᠡᠨᠬᠦ ᠰᠠᠶᠢᠳᠤᠷ ᠭᠦᠢᠴᠡᠳᠬᠡᠵᠦ ᠪᠤᠳᠠᠳᠠᠢ ᠭᠦᠢᠴᠡᠳᠬᠡᠬᠦ ᠬᠡᠷᠡᠭᠳᠡᠢ᠃ | ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠨ᠂ ᠪᠠᠶᠢᠴᠠᠭᠠᠨ ᠰᠤᠳᠤᠯᠤᠯᠳᠠ ᠬᠢᠬᠦ ᠶᠢ ᠴᠢᠩᠭᠠᠳᠬᠠᠵᠥ᠂ | ᠳᠤᠷᠠᠳᠤᠬᠰᠠᠨ ᠠᠰᠠᠭᠤᠳᠠᠯ ᠢ ᠰᠢᠢᠳᠪᠦᠷᠢᠯᠡᠵᠥ᠂ ᠭᠦᠢᠴᠡᠳᠬᠡᠬᠦ ᠴᠢᠨᠠᠷ ᠴᠢᠠᠰᠠᠭ᠎ᠠ ᠪᠤᠯᠤᠨ ᠦᠷ᠎ᠡ ᠪᠦᠳᠦᠮᠵᠢ ᠶᠢ | ᠳᠡᠬᠡᠭᠰᠢᠯᠡᠬᠦᠯᠬᠦ ᠳᠡᠬᠡᠷ᠎ᠡ ᠬᠦᠴᠦ ᠲᠠᠯᠪᠢᠵᠤ᠂ ᠵᠠᠰᠠᠭ ᠤᠨ ᠤᠷᠳᠤᠨ ᠤ ᠰᠢᠢᠳᠪᠦᠷᠢᠳᠤ ᠪᠤᠳᠤᠯᠭ᠎ᠠ ᠶᠢ ᠰᠢᠨᠵᠢᠯᠡᠬᠦ | ᠤᠬᠠᠭᠠᠨᠴᠢᠯᠠᠬᠤ ᠳᠦᠪᠰᠢᠨ ᠪᠠ ᠠᠷᠠᠳᠴᠢᠯᠠᠬᠤ ᠳᠦᠪᠰᠢᠨ ᠢ ᠳᠠᠰᠤᠷᠠᠯᠳᠠ ᠦᠬᠡᠢ ᠳᠡᠬᠡᠭᠰᠢᠯᠡᠬᠦᠯᠬᠦ ᠬᠡᠷᠡᠭᠳᠡᠢ | ᠭᠡᠵᠡᠢ᠃ | ᠴᠡᠴᠡᠭ ᠡᠨᠡ ᠵᠢᠯ ᠤᠨ ᠰᠠᠨᠠᠯ ᠳᠤᠷᠠᠳᠤᠯᠭ᠎ᠠ ᠶᠢ ᠭᠦᠢᠴᠡᠳᠬᠡᠬᠦ ᠠᠵᠢᠯ ᠢ ᠰᠠᠶᠢᠳᠤᠷ ᠬᠢᠬᠦ ᠲᠠᠯ᠎ᠠ ᠪᠠᠷ ᠪᠤᠳᠠᠳᠠᠢ | ᠳᠤᠬᠢᠷᠠᠭᠤᠯᠤᠯᠳᠠ ᠬᠢᠪᠡ᠃ | ᠬᠤᠷᠠᠯ ᠠᠴᠠ ᠰᠠᠨᠠᠯ ᠲᠤᠷᠠᠳᠤᠯᠭ᠎ᠠ ᠶᠢ ᠬᠠᠮᠵᠢᠯᠴᠠᠨ ᠭᠦᠢᠴᠡᠳᠬᠡᠬᠦ 92 ᠰᠠᠯᠠᠭ᠎ᠠ ᠮᠦᠴᠢᠷ ᠪᠠ ᠨᠢᠬᠡᠴᠡ ᠳᠤ | 882 ᠬᠤᠪᠢ ᠰᠠᠨᠠᠯ ᠳᠤᠷᠠᠳᠤᠯᠭ᠎ᠠ ᠶᠢ ᠲᠤᠰᠢᠶᠠᠨ ᠭᠦᠢᠴᠡᠳᠬᠡᠯᠭᠡᠬᠦ ᠪᠠᠷ ᠲᠤᠰᠢᠶᠠᠵᠠᠢ᠃ |