ᠣᠷᠴᠢᠮᠬᠠᠨ᠂ ᠲᠥᠷᠥ ᠶᠢᠨ ᠶᠠᠪᠤᠳᠠᠯ ᠤᠨ ᠬᠤᠷᠢᠶ᠎ᠠ ︽ᠤᠯᠤᠰ ᠤᠨ ᠥᠮᠴᠢᠯᠡᠯ ᠤᠨ ᠬᠡᠰᠡᠭ ᠬᠦᠷᠦᠩᠭᠡ ᠶᠢ | ᠰᠢᠯᠵᠢᠭᠦᠯᠦᠨ ᠬᠤᠪᠢᠶᠠᠵᠤ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢ ᠲᠡᠭᠦᠯᠳᠡᠷᠵᠢᠭᠦᠯᠬᠦ ᠲᠤᠬᠠᠶ | ᠬᠡᠷᠡᠭᠵᠢᠭᠦᠯᠬᠦ ᠲᠥᠰᠦᠯ︾ ︵ᠳᠣᠷᠣᠭᠰᠢ ︽ᠲᠥᠰᠦᠯ︾ ᠭᠡᠵᠦ ᠳᠥᠭᠦᠮᠴᠢᠯᠡᠨ᠎ᠡ︶ ᠢ ᠨᠡᠶᠢᠲᠡᠯᠡᠪᠡ᠃ ᠡᠳ᠋ ᠤᠨ | ᠵᠠᠰᠠᠭ ᠤᠨ ᠶᠠᠮᠤᠨ ︽ᠲᠥᠰᠦᠯ︾ ᠳᠠᠬᠢ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠶ ᠰᠤᠷᠪᠤᠯᠵᠢᠯᠠᠭᠴᠢ ᠶᠢᠨ | ᠠᠰᠠᠭᠤᠯᠲᠠ ᠶᠢ ᠬᠠᠷᠢᠭᠤᠯᠵᠠᠶ᠃ | ᠨᠢᠭᠡ᠂ ᠠᠰᠠᠭᠤᠯᠲᠠ᠄ ︽ᠲᠥᠰᠦᠯ︾ ᠢ ᠳᠠᠷᠤᠮᠠᠯᠯᠠᠨ ᠨᠡᠶᠢᠲᠡᠯᠡᠭᠰᠡᠨ ᠠᠬᠤᠢ ᠪᠠᠶᠢᠳᠠᠯ ᠤᠨ ᠲᠤᠬᠠᠢ | ᠲᠤᠪᠴᠢ ᠲᠠᠨᠢᠯᠴᠠᠭᠤᠯᠤᠨ᠎ᠠ ᠤᠤ︖ | ᠬᠠᠷᠢᠭᠤᠯᠲᠠ᠄ ᠮᠠᠨ ᠤ ᠤᠯᠤᠰ ᠤᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠢᠭᠡᠳᠦᠯᠲᠡᠶ | ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠪᠠᠶᠢᠭᠤᠯᠤᠭᠳᠠᠭᠰᠠᠨ ᠠᠴᠠ ᠨᠠᠰᠢ᠂ ᠡᠯ᠎ᠡ | ᠵᠦᠢᠯ ᠤᠨ ᠠᠵᠢᠯ ᠮᠡᠳᠡᠭᠳᠡᠬᠦ᠋ᠢᠴᠡ ᠠᠮᠵᠢᠯᠲᠠ ᠪᠦᠲᠦᠮᠵᠢ ᠣᠯᠵᠤ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ | ᠠᠵᠤ ᠠᠬᠤᠶ ᠶᠢᠨ ᠪᠠᠶᠢᠭᠤᠯᠤᠯ ᠢ ᠪᠠᠶᠢᠭᠤᠯᠬᠤ᠂ ᠥᠭᠡᠷᠡᠴᠢᠯᠡᠯᠲᠡ ᠬᠢᠵᠦ ᠬᠥᠭᠵᠢᠭᠦᠯᠬᠦ ᠲᠣᠭᠲᠠᠭᠤᠨ ᠪᠠᠶᠢᠯᠭᠠᠬᠤ | ᠶᠡᠭᠡ ᠲᠠᠯ᠎ᠠ ᠶᠢ ᠬᠠᠮᠠᠭᠠᠯᠠᠵᠤ᠂ ᠠᠵᠤ ᠠᠬᠤᠶᠢᠯᠠᠯ ᠤᠨ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠤᠨ ᠡᠷᠬᠡ | ᠠᠰᠢᠭ ᠢ ᠪᠠᠲᠤᠯᠠᠬᠤ ᠴᠢᠬᠤᠯᠠ ᠦᠢᠯᠡᠳᠦᠯ ᠢᠶᠠᠨ ᠪᠠᠳᠠᠷᠠᠭᠤᠯᠵᠠᠶ᠃ ᠡᠭᠦᠨ ᠤ ᠬᠠᠮᠲᠤ ᠪᠠᠰᠠ᠂ ᠤᠯᠠᠨ ᠲᠠᠯ᠎ᠠ ᠶᠢᠨ | ᠬᠦᠴᠦᠨ ᠵᠦᠢᠯ ᠳᠤ ᠨᠥᠯᠥᠭᠡᠯᠡᠭᠳᠡᠵᠦ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠨᠢᠭᠡ ᠪᠦᠯᠦᠭ ᠰᠠᠭᠤᠷᠢ ᠮᠥᠩᠭᠦ ᠶᠢᠨ ᠳᠤᠲᠠᠭᠤᠳᠠᠯ ᠪᠦᠷᠢᠯᠳᠦᠵᠡᠢ᠃ | ᠠᠵᠤ ᠠᠬᠤᠶ ᠨᠡᠶᠢᠭᠡᠮ ᠤᠨ ᠬᠥᠭᠵᠢᠯᠲᠡ ᠪᠣᠯᠤᠨ ᠬᠥᠮᠦᠨ ᠠᠮᠠ ᠶᠢᠨ ᠨᠠᠰᠤᠵᠢᠯᠲᠠ ᠶᠢᠨ ᠲᠦᠷᠭᠡᠳᠬᠦ ᠶᠢ ᠳᠠᠭᠠᠯᠳᠤᠨ᠂ | ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠣᠯᠭᠤᠬᠤ ᠳᠠᠷᠤᠯᠲᠠ ᠲᠠᠰᠤᠷᠠᠯᠳᠠ | ᠦᠭᠡᠢ ᠴᠢᠩᠭᠠᠷᠠᠵᠤ᠂ ᠤᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠰᠢᠶᠳᠪᠦᠷᠢᠯᠡᠬᠦ ᠬᠡᠷᠡᠭᠲᠡᠶ ᠪᠤᠯᠵᠠᠢ᠃ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠨᠡᠶᠢᠭᠡᠮ ᠤᠨ ᠪᠠᠲᠤᠯᠠᠭ᠎ᠠ ᠶᠢᠨ | ᠰᠢᠰᠲ᠋ᠧᠮ ᠤᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠦᠨᠳᠦᠰᠦᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠤᠨ ᠲᠦᠷᠢᠮ ᠤᠨ ᠦᠷᠬᠦᠯᠵᠢᠯᠡᠬᠦᠶᠢᠴᠡ ᠴᠢᠨᠠᠷ ᠢ ᠬᠦᠴᠦᠨ ᠲᠠᠢ ᠨᠡᠮᠡᠭᠳᠡᠭᠦᠯᠬᠦ ᠶᠢᠨ | ᠲᠦᠯᠦᠭᠡ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ᠂ | ᠲᠠᠪᠤᠳᠤᠭᠠᠷ ᠪᠥᠬᠦᠳᠡ ᠬᠤᠷᠠᠯ ᠠᠴᠠ ︽ᠤᠯᠤᠰ ᠤᠨ ᠥᠮᠴᠢᠯᠡᠯ ᠤᠨ ᠬᠡᠰᠡᠭ ᠬᠦᠷᠦᠩᠭᠡ ᠶᠢ ᠬᠤᠪᠢᠶᠠᠷᠢᠯᠠᠨ | ᠰᠢᠯᠵᠢᠭᠦᠯᠵᠦ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢ ᠲᠡᠭᠦᠯᠳᠡᠷᠵᠢᠭᠦᠯᠬᠦ ᠬᠡᠷᠡᠭᠲᠡᠢ ᠭᠡᠵᠦ ᠳᠤᠷᠠᠳᠪᠠ︾᠃ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ | ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠱᠠᠭᠠᠷᠳᠠᠯᠭ᠎ᠠ ᠳᠤᠷᠠᠳᠴᠠᠶ᠃ ︽ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠨᠠᠮ ᠤᠨ ᠲᠦᠪ ᠬᠤᠷᠢᠶ᠎ᠠ ᠲᠥᠷᠥ ᠶᠢᠨ | ᠶᠠᠪᠤᠳᠠᠯ ᠤᠨ ᠬᠤᠷᠢᠶᠠᠨ ᠤ ᠵᠢᠯᠣᠭᠤᠳᠬᠤ ᠰᠠᠨᠠᠯ︾ ᠪᠠ ︽ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ | ᠬᠠᠮᠢᠶᠠᠷᠤᠯᠲᠠ ᠶᠢᠨ ᠪᠠᠶᠢᠭᠤᠯᠤᠯ ᠢ ᠥᠭᠡᠷᠡᠴᠢᠯᠡᠬᠦ ᠪᠠ ᠲᠡᠭᠦᠯᠳᠡᠷᠵᠢᠭᠦᠯᠬᠦ ᠲᠤᠬᠠᠶ ᠲᠦᠷᠦ ᠶᠢᠨ ᠶᠠᠪᠤᠳᠠᠯ ᠤᠨ | ᠬᠤᠷᠢᠶᠠᠨ ᠤ ᠰᠠᠨᠠᠯ ᠤᠳ︾ ᠲᠤ ᠤᠯᠤᠰ ᠤᠨ ᠥᠮᠴᠢᠯᠡᠯ ᠤᠨ ᠬᠡᠰᠡᠭ ᠬᠦᠷᠦᠩᠭᠡ ᠶᠢ ᠬᠤᠪᠢᠶᠠᠷᠢᠯᠠᠨ ᠰᠢᠯᠵᠢᠭᠦᠯᠵᠦ | ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢ ᠲᠡᠭᠦᠯᠳᠡᠷᠵᠢᠭᠦᠯᠬᠦ ᠲᠤᠬᠠᠶ ᠪᠣᠳᠠᠲᠠᠶ ᠲᠣᠭᠲᠠᠭᠠᠯ ᠭᠠᠷᠭᠠᠭᠰᠠᠨ | ᠪᠠᠶᠢᠨ᠎ᠠ᠃ | ᠬᠤᠶᠠᠷ᠂ ᠠᠰᠠᠭᠤᠯᠲᠠ᠄ ᠤᠯᠤᠰ ᠤᠨ ᠥᠮᠴᠢᠯᠡᠯ ᠤᠨ ᠬᠡᠰᠡᠭ ᠬᠦᠷᠦᠩᠭᠡ ᠶᠢ ᠬᠤᠪᠢᠶᠠᠷᠢᠯᠠᠨ ᠰᠢᠯᠵᠢᠭᠦᠯᠵᠦ | ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢ ᠲᠡᠭᠦᠯᠳᠡᠷᠵᠢᠭᠦᠯᠬᠦ ᠨᠢ ᠶᠠᠮᠠᠷ ᠴᠢᠬᠤᠯᠠ ᠠᠴᠢ ᠬᠤᠯᠪᠣᠭᠳᠠᠯ ᠲᠠᠢ | ᠪᠤᠢ︖ | ᠬᠠᠷᠢᠭᠤᠯᠲᠠ᠄ ᠤᠯᠤᠰ ᠤᠨ ᠥᠮᠴᠢᠯᠡᠯ ᠤᠨ ᠬᠡᠰᠡᠭ ᠬᠦᠷᠦᠩᠭᠡ ᠶᠢ ᠬᠤᠪᠢᠶᠠᠷᠢᠯᠠᠨ ᠰᠢᠯᠵᠢᠭᠦᠯᠵᠦ | ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢ ᠲᠡᠭᠦᠯᠳᠡᠷᠵᠢᠭᠦᠯᠬᠦ ᠪᠤᠯ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠲᠦᠷᠢᠮ ᠤᠨ ᠥᠭᠡᠷᠡᠴᠢᠯᠡᠯᠲᠡ ᠪᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠨᠢᠭᠡᠳᠦᠯᠲᠡᠢ ᠲᠦᠯᠦᠪᠵᠢᠭᠦᠯᠦᠨ ᠪᠤᠳᠤᠯᠬᠢᠯᠠᠭᠰᠠᠨ ᠰᠠᠭᠤᠷᠢᠨ ᠳᠡᠭᠡᠷ᠎ᠡ᠂ | ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠦᠷᠢᠮ ᠤᠨ ᠦᠷᠬᠦᠯᠵᠢᠯᠡᠭᠦᠶᠢᠴᠡ ᠴᠢᠨᠠᠷ ᠢ | ᠨᠡᠮᠡᠭᠳᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠃ ᠨᠢᠭᠡ ᠳᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠪᠦᠬᠦ ᠠᠷᠠᠳ ᠢᠶᠠᠷ ᠤᠯᠬᠤ᠂ ᠬᠥᠭᠵᠢᠯᠲᠡ ᠶᠢᠨ ᠦᠷ᠎ᠡ ᠪᠦᠲᠦᠭᠡᠯ ᠢ ᠪᠦᠭᠦ ᠠᠷᠠᠳ ᠢᠶᠠᠷ ᠢᠶᠠᠨ ᠬᠠᠮᠲᠤ ᠪᠠᠷ ᠬᠦᠷᠲᠡᠬᠦ | ᠪᠠ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠶᠢ ᠭᠦᠢᠴᠡᠳ ᠢᠯᠡᠷᠡᠭᠦᠯᠬᠦ ᠳᠤ ᠠᠰᠢᠭᠲᠠᠢ᠃ | ᠬᠤᠶᠠᠷ ᠲᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠦᠷᠢᠮ ᠤᠨ ᠦᠶ᠎ᠡ ᠶᠢᠨ ᠬᠤᠭᠤᠷᠣᠨᠳᠣ | ᠭᠤᠣᠯᠴᠢ ᠪᠠᠶᠢᠬᠤ᠂ ᠰᠦᠢᠳᠬᠡᠯ ᠲᠤᠰᠢᠶᠠᠬᠤ ᠤᠨ ᠤ ᠬᠤᠭᠤᠴᠠᠭ᠎ᠠ ᠲᠠᠢ ᠠᠳᠠᠯᠢ ᠪᠠᠷ ᠦᠵᠡᠬᠦ ᠲᠦᠷᠦ ᠶᠢᠨ | ᠪᠤᠳᠤᠯᠭ᠎ᠠ ᠶᠢ ᠬᠡᠷᠡᠭᠵᠢᠭᠦᠯᠬᠦ ᠠᠴᠠ ᠪᠦᠷᠢᠯᠳᠦᠭᠰᠡᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ | ᠰᠠᠭᠤᠷᠢ ᠮᠥᠩᠭᠦ ᠶᠢᠨ ᠳᠤᠲᠠᠭᠤᠳᠠᠯ ᠠᠴᠠ ᠵᠠᠶᠢᠯᠠᠰᠬᠢᠵᠤ᠂ ᠭᠠᠶᠢᠯᠢ ᠲᠠᠲᠠᠪᠤᠷᠢ ᠶᠢ ᠨᠡᠮᠡᠭᠳᠡᠭᠦᠯᠬᠦ᠂ ᠠᠵᠢᠯ ᠳᠤ | ᠪᠠᠶᠢᠭ᠎ᠠ ᠬᠥᠮᠦᠰ ᠤᠨ ᠨᠠᠰᠤᠵᠢᠯ ᠤᠨ ᠠᠰᠠᠷᠠᠮᠵᠢ ᠶᠢᠨ ᠮᠦᠩᠭᠦ ᠶᠢᠨ ᠰᠦᠢᠳᠬᠡᠯ ᠲᠤᠰᠢᠶᠠᠬᠤ ᠨᠤᠷᠮ᠎ᠠ ᠶᠢ | ᠳᠡᠭᠡᠭᠰᠢᠯᠡᠭᠦᠯᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠬᠤᠶᠢᠴᠢ ᠦᠶ᠎ᠡ ᠳᠡᠭᠡᠨ ᠰᠢᠯᠵᠢᠭᠦᠯᠦᠨ ᠦᠭᠬᠦ ᠶᠢ | ᠪᠡᠶᠡᠯᠡᠭᠦᠯᠬᠦ ᠳᠤ ᠠᠰᠢᠭᠲᠠᠢ᠃ ᠭᠤᠷᠪᠠ ᠳᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠶᠢ ᠠᠬᠢᠭᠤᠯᠬᠤ᠂ ᠤᠯᠤᠰ ᠤᠨ ᠥᠮᠴᠢᠯᠡᠯ ᠤᠨ ᠰᠲ᠋ᠣᠺ ᠤᠨ ᠡᠷᠬᠡ ᠶᠢ ᠤᠯᠠᠨ ᠡᠰᠢᠵᠢᠭᠦᠯᠦᠨ | ᠡᠵᠡᠮᠰᠢᠬᠦ ᠶᠢ ᠪᠡᠶᠡᠯᠡᠭᠦᠯᠬᠦ᠂ ᠺᠤᠮᠫᠠᠨᠢ ᠶᠢ ᠵᠠᠰᠠᠬᠤ ᠪᠦᠲᠦᠴᠡ ᠶᠢ ᠲᠡᠭᠦᠯᠳᠡᠷᠵᠢᠭᠦᠯᠬᠦ ᠶᠢ ᠲᠦᠯᠬᠢᠨ ᠠᠬᠢᠭᠤᠯᠬᠤ᠂ | ᠤᠳᠤ ᠦᠶ᠎ᠡ ᠶᠢᠨ ᠠᠵᠤ ᠠᠬᠤᠶᠢᠯᠠᠯ ᠤᠨ ᠲᠦᠷᠢᠮ ᠢ ᠪᠠᠶᠢᠭᠤᠯᠬᠤ᠂ ᠤᠯᠤᠰ ᠤᠨ ᠥᠮᠴᠢᠯᠡᠯ ᠤᠨ ᠬᠦᠷᠦᠩᠭᠡ ᠶᠢᠨ | ᠬᠦᠴᠦᠷᠬᠡᠭᠵᠢᠭᠦᠯᠵᠦ ᠰᠢᠯᠢᠳᠡᠭᠵᠢᠭᠦᠯᠦᠨ ᠪᠤᠵᠠᠭᠠᠶᠢᠷᠠᠭᠤᠯᠬᠤ ᠶᠢ ᠠᠬᠢᠭᠤᠯᠬᠤ᠂ ᠬᠥᠭᠵᠢᠯᠲᠡ ᠶᠢᠨ ᠦᠷ᠎ᠡ | ᠪᠦᠲᠦᠮᠵᠢ ᠶᠢ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠤ ᠨᠡᠩ ᠢᠯᠡᠭᠦᠦ ᠬᠡᠷᠡᠭᠯᠡᠬᠦ ᠶᠢ ᠲᠦᠯᠬᠢᠨ | ᠠᠬᠢᠭᠤᠯᠬᠤ ᠳᠤ ᠠᠰᠢᠭᠲᠠᠢ᠃ | ᠭᠤᠷᠪᠠ᠂ ᠠᠰᠠᠭᠤᠯᠲᠠ᠄ ᠤᠯᠤᠰ ᠤᠨ ᠥᠮᠴᠢᠯᠡᠯ ᠤᠨ ᠬᠡᠰᠡᠭ ᠬᠦᠷᠦᠩᠭᠡ ᠶᠢ ᠬᠤᠪᠢᠶᠠᠷᠢᠯᠠᠨ ᠰᠢᠯᠵᠢᠭᠦᠯᠵᠦ | ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢ ᠲᠡᠭᠦᠯᠳᠡᠷᠵᠢᠭᠦᠯᠬᠦ ᠭᠤᠣᠯ ᠵᠠᠷᠴᠢᠮ ᠨᠢ ᠶᠠᠭᠤ ᠪᠤᠢ︖ | ᠬᠠᠷᠢᠭᠤᠯᠲᠠ᠄ ᠬᠤᠪᠢᠶᠠᠷᠢᠯᠠᠨ ᠰᠢᠯᠵᠢᠭᠦᠯᠬᠦ ᠠᠵᠢᠯ ᠨᠢ ᠳᠣᠣᠷᠠᠬᠢ ᠵᠠᠷᠴᠢᠮ ᠤᠳ ᠢ ᠪᠠᠷᠢᠮᠲᠠᠯᠠᠬᠤ ᠬᠡᠷᠡᠭᠲᠡᠶ᠄ | ᠨᠢᠭᠡ ᠳᠤ ᠬᠠᠷᠠᠯᠲᠠ ᠶᠢᠨ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢᠨ ᠬᠠᠷᠠᠯᠲᠠ ᠯᠤᠭ᠎ᠠ ᠨᠢᠭᠲᠠ ᠤᠶᠠᠯᠳᠤᠭᠤᠯᠬᠤ ᠬᠡᠷᠡᠭᠲᠡᠶ᠃ | ᠤᠯᠤᠰ ᠤᠨ ᠥᠮᠴᠢᠯᠡᠯ ᠤᠨ ᠬᠡᠰᠡᠭ ᠬᠦᠷᠦᠩᠭᠡ ᠶᠢ ᠬᠤᠪᠢᠶᠠᠷᠢᠯᠠᠨ ᠰᠢᠯᠵᠢᠭᠦᠯᠬᠦ ᠪᠠᠷ ᠳᠠᠮᠵᠢᠭᠤᠯᠤᠨ᠂ ᠰᠦᠢᠳᠬᠡᠯ | ᠲᠤᠰᠢᠶᠠᠬᠤ ᠤᠨ ᠤ ᠬᠤᠭᠤᠴᠠᠭ᠎ᠠ ᠲᠠᠢ ᠠᠳᠠᠯᠢ ᠪᠠᠷ ᠦᠵᠡᠬᠦ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠭᠰᠡᠨ ᠠᠴᠠ | ᠪᠤᠯᠵᠤ ᠪᠦᠷᠢᠯᠳᠦᠭᠰᠡᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠰᠠᠭᠤᠷᠢ ᠮᠥᠩᠭᠦ ᠶᠢᠨ ᠳᠤᠲᠠᠭᠤᠳᠠᠯ ᠢ ᠨᠦᠬᠦᠪᠦᠷᠢᠯᠡᠵᠦ᠂ ᠨᠡᠩ ᠲᠥᠪ ᠭᠤᠣᠯᠴᠢ ᠨᠡᠩ | ᠦᠷᠭᠦᠯᠵᠢᠯᠡᠬᠦ᠋ᠢᠴᠡ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠦᠷᠢᠮ ᠢ ᠪᠠᠶᠢᠭᠤᠯᠬᠤ ᠶᠢ ᠠᠬᠢᠭᠤᠯᠬᠤ | ᠬᠡᠷᠡᠭᠲᠡᠶ᠃ ᠬᠤᠶᠠᠷ ᠲᠤ ᠰᠢᠰᠲ᠋ᠧᠮ ᠤᠨ ᠲᠥᠯᠥᠪᠵᠢᠭᠦᠯᠭᠡ ᠶᠢ ᠪᠠᠷᠢᠮᠲᠠᠯᠠᠵᠤ᠂ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠠᠷᠠᠯᠲᠠ ᠯᠤᠭ᠎ᠠ ᠨᠢᠭᠲᠠ ᠤᠶᠠᠯᠳᠤᠭᠤᠯᠬᠤ ᠬᠡᠷᠡᠭᠲᠡᠶ᠃ | ᠤᠯᠤᠰ ᠤᠨ ᠥᠮᠴᠢᠯᠡᠯ ᠤᠨ ᠬᠡᠰᠡᠭ ᠬᠦᠷᠦᠩᠭᠡ ᠶᠢ ᠬᠤᠪᠢᠶᠠᠷᠢᠯᠠᠨ ᠰᠢᠯᠵᠢᠭᠦᠯᠵᠦ ᠬᠠᠷᠠᠯᠲᠠ᠂ ᠠᠵᠤ ᠠᠬᠤᠶᠢᠯᠠᠯ ᠤᠨ | ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢᠨ | ᠳᠤᠲᠠᠭᠤᠳᠠᠯ ᠤᠨ ᠪᠤᠢ ᠪᠣᠯᠤᠭᠰᠠᠨ ᠰᠢᠯᠲᠠᠭᠠᠨ᠂ ᠤᠯᠤᠰ ᠤᠨ ᠥᠮᠴᠢᠯᠡᠯ ᠤᠨ ᠭᠦᠷᠦᠩᠭᠡ ᠶᠢᠨ ᠣᠳᠣᠬᠢ ᠪᠠᠶᠢᠳᠠᠯ | ᠪᠠ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠶᠢ ᠨᠢᠭᠡᠳᠦᠯᠲᠡᠶ ᠲᠥᠯᠥᠪᠯᠡᠨ ᠪᠤᠳᠤᠯᠬᠢᠯᠠᠵᠤ᠂ | ᠬᠤᠪᠢᠶᠠᠷᠢᠯᠠᠨ ᠰᠢᠯᠵᠢᠭᠦᠯᠬᠦ ᠬᠦᠷᠢᠶ᠎ᠡ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠵᠤ᠂ | ᠬᠤᠪᠢᠶᠠᠷᠢᠯᠠᠨ ᠰᠢᠯᠵᠢᠭᠦᠯᠬᠦ ᠬᠠᠷᠢᠴᠠᠯ ᠢ ᠵᠦᠢ ᠵᠣᠬᠢᠰᠲᠠᠶ ᠪᠠᠷ ᠲᠣᠭᠲᠠᠭᠠᠬᠤ ᠬᠡᠷᠡᠭᠲᠡᠶ᠃ ᠭᠤᠷᠪᠠ ᠳᠤ ᠠᠯᠤᠰ ᠢ | ᠪᠠᠷᠠᠯᠠᠬᠤ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠳᠤᠲᠠᠭᠤᠳᠠᠯ ᠢ ᠨᠥᠬᠦᠪᠥᠷᠢᠯᠡᠬᠦ ᠬᠠᠷᠠᠯᠲᠠ ᠯᠤᠭ᠎ᠠ | ᠤᠶᠠᠯᠳᠤᠭᠤᠯᠬᠤ ᠬᠡᠷᠡᠭᠲᠡᠶ᠃ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠬᠦᠷᠦᠩᠭᠡ ᠶᠢ ᠬᠤᠪᠢᠶᠠᠷᠢᠯᠠᠨ | ᠰᠢᠯᠵᠢᠭᠦᠯᠬᠦ ᠪᠠ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠰᠠᠭᠤᠷᠢ ᠮᠥᠩᠭᠦ ᠶᠢᠨ ᠳᠤᠲᠠᠭᠤᠳᠠᠯ ᠢ ᠠᠯᠬᠤᠮ ᠠᠯᠬᠤᠮ ᠢᠶᠠᠷ ᠨᠦᠬᠦᠪᠦᠷᠢᠯᠡᠬᠦ ᠶᠢ | ᠤᠶᠠᠯᠳᠤᠭᠤᠯᠤᠭᠰᠠᠨ ᠠᠵᠢᠯᠯᠠᠭᠠᠨ ᠤ ᠲᠣᠭᠲᠠᠴᠠ ᠶᠢ ᠪᠠᠶᠢᠭᠤᠯᠬᠤ ᠬᠡᠷᠡᠭᠲᠡᠢ᠃ ᠲᠦᠷᠪᠡ ᠳᠤ ᠪᠡᠶ᠎ᠡ ᠪᠠᠨ ᠳᠠᠭᠠᠭᠠᠨ | ᠡᠵᠡᠩᠨᠡᠬᠦ ᠶᠢ ᠪᠠᠷᠢᠮᠲᠠᠯᠠᠵᠤ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢ ᠤᠯᠠᠨ ᠠᠷᠭ᠎ᠠ ᠵᠠᠮ ᠢᠶᠠᠷ | ᠴᠤᠭᠯᠠᠭᠤᠯᠬᠤ ᠲᠦᠷᠦ ᠶᠢᠨ ᠪᠤᠳᠤᠯᠭ᠎ᠠ ᠶᠢᠨ ᠬᠠᠷᠠᠯᠲᠠ ᠯᠤᠭ᠎ᠠ ᠤᠶᠠᠯᠳᠤᠭᠤᠯᠬᠤ ᠬᠡᠷᠡᠭᠲᠡᠶ᠃ ᠬᠤᠪᠢᠶᠠᠷᠢᠯᠡᠨ | ᠰᠢᠯᠵᠢᠭᠦᠯᠬᠦ ᠤᠯᠤᠰ ᠤᠨ ᠥᠮᠴᠢᠯᠡᠯ ᠤᠨ ᠬᠦᠷᠦᠩᠭᠡ ᠨᠢ ᠣᠨᠴᠠᠭᠠᠶ ᠬᠡᠷᠡᠭᠴᠡᠭᠡ ᠪᠠ ᠲᠦᠷᠦ ᠶᠢᠨ ᠪᠤᠳᠤᠯᠭ᠎ᠠ ᠶᠢᠨ | ᠬᠠᠷᠠᠯᠲᠠ ᠲᠠᠢ ᠪᠠᠶᠢᠵᠤ᠂ ᠡᠵᠡᠩᠨᠡᠯᠲᠡ ᠶᠢᠨ ᠠᠰᠢᠭ ᠤᠷᠤᠯᠭ᠎ᠠ ᠶᠢᠨ ᠲᠤᠰᠬᠠᠶ ᠵᠦᠢᠯ ᠢ ᠠᠵᠤ ᠠᠬᠤᠶᠢᠯᠠᠯ ᠤᠨ | ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢᠨ | ᠳᠤᠲᠠᠭᠤᠳᠠᠯ ᠢ ᠨᠥᠬᠦᠪᠥᠷᠢᠯᠡᠬᠦ ᠳᠤ ᠬᠡᠷᠡᠭᠯᠡᠨ᠎ᠡ᠃ | ᠳᠥᠷᠪᠡ᠂ ᠠᠰᠠᠭᠤᠯᠲᠠ᠄ ︽ᠲᠥᠰᠦᠯ︾ ᠢ ᠬᠡᠷᠡᠭᠵᠢᠭᠦᠯᠬᠦ ᠨᠢ᠂ ᠤᠯᠤᠰ ᠤᠨ ᠥᠮᠴᠢᠯᠡᠯ ᠤᠨ ᠬᠦᠷᠦᠩᠭᠡ ᠶᠢ | ᠶᠡᠭᠡ ᠬᠡᠮᠵᠢᠶ᠎ᠡ ᠪᠠᠷ ᠮᠥᠩᠭᠦ ᠪᠣᠯᠭᠠᠨ ᠬᠤᠪᠢᠷᠠᠭᠤᠯᠬᠤ ᠪᠠᠷ ᠳᠠᠮᠵᠢᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ | ᠨᠠᠰᠤᠵᠢᠯ ᠤᠨ ᠦᠨᠳᠦᠰᠦᠨ ᠳᠠᠭᠠᠳᠬᠠᠯ ᠤᠨ ᠰᠠᠭᠤᠷᠢ ᠮᠦᠩᠭᠦᠨ ᠤ ᠳᠤᠲᠠᠭᠤᠳᠠᠯ ᠢ ᠨᠥᠬᠦᠪᠥᠷᠢᠯᠡᠬᠦ ᠳᠤ ᠬᠡᠷᠡᠭᠯᠡᠨ᠎ᠡ | ᠭᠡᠳᠡᠭ ᠢ ᠬᠠᠷᠠᠭᠤᠯᠵᠤ ᠪᠠᠶᠢᠬᠤ ᠤᠤ︖ | ᠬᠠᠷᠢᠭᠤᠯᠲᠠ᠄ ᠡᠨᠡ ᠬᠦ ᠣᠶᠢᠯᠠᠭᠠᠯᠲᠠ ᠨᠢ ᠪᠤᠷᠤᠭᠤ ᠶᠤᠮ᠃ ᠬᠡᠰᠡᠭ ᠪᠦᠯᠦᠭ ᠤᠯᠤᠰ ᠤᠨ ᠥᠮᠴᠢᠯᠡᠯ ᠤᠨ | ᠬᠦᠷᠦᠩᠭᠡ ᠶᠢ ᠬᠤᠪᠢᠶᠠᠷᠢᠯᠠᠨ ᠰᠢᠯᠵᠢᠭᠦᠯᠵᠦ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢ ᠪᠣᠳᠠᠲᠠᠶᠢᠵᠢᠭᠤᠯᠬᠤ | ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠠᠴᠠ ᠭᠠᠷᠭᠠᠭᠰᠠᠨ ᠨᠡᠶᠢᠭᠡᠮ ᠤᠨ | ᠪᠠᠲᠤᠯᠠᠭ᠎ᠠ ᠶᠢᠨ ᠰᠠᠭᠤᠷᠢ ᠮᠥᠩᠭᠦ ᠶᠢ ᠣᠯᠠᠨ ᠠᠷᠭ᠎ᠠ ᠵᠠᠮ ᠢᠶᠠᠷ ᠴᠤᠭᠯᠠᠭᠤᠯᠤᠨ᠂ ᠨᠡᠶᠢᠭᠡᠮ ᠤᠨ ᠪᠠᠲᠤᠯᠠᠭ᠎ᠠ ᠶᠢᠨ | ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠴᠢᠬᠤᠯᠠ ᠲᠣᠭᠲᠠᠭᠠᠯ ᠮᠦᠨ᠃ ᠬᠤᠪᠢᠶᠠᠷᠢᠯᠠᠨ ᠰᠢᠯᠵᠢᠭᠦᠯᠬᠦ ᠶᠢ | ᠬᠡᠷᠡᠭᠵᠢᠭᠦᠯᠬᠦ ᠶᠢᠨ ᠠᠴᠢ ᠬᠤᠯᠪᠣᠭᠳᠠᠯ ᠨᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ | ᠲᠦᠯᠬᠢᠨ ᠠᠬᠢᠭᠤᠯᠬᠤ ᠶᠢᠨ ᠬᠠᠮᠲᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠥᠭᠵᠢᠯᠲᠡ ᠶᠢᠨ ᠦᠷ᠎ᠡ | ᠪᠦᠲᠦᠭᠡᠯ ᠢ ᠪᠦᠭᠦ ᠠᠷᠠᠳ ᠲᠤ ᠬᠠᠮᠲᠤ ᠪᠠᠷ ᠡᠳ᠋ᠯᠡᠭᠦᠯᠵᠦ᠂ ᠥᠭᠡᠷᠡᠴᠢᠯᠡᠯᠲᠡ ᠶᠢ ᠠᠬᠢᠭᠤᠯᠬᠤ ᠪᠠ ᠨᠠᠰᠤᠵᠢᠯ ᠤᠨ | ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠳᠦᠷᠢᠮ ᠢ ᠪᠦᠷᠢᠨᠰᠢᠭᠦᠯᠬᠦ ᠳᠤ ᠪᠠᠶᠢᠨ᠎ᠠ᠃ ᠬᠤᠪᠢᠶᠠᠷᠢᠯᠠᠨ | ᠰᠢᠯᠵᠢᠭᠦᠯᠦᠭᠰᠡᠨ ᠤᠯᠤᠰ ᠤᠨ ᠥᠮᠴᠢᠯᠡᠯ ᠤᠨ ᠬᠥᠷᠥᠩᠭᠡ ᠶᠢᠨ ᠲᠤᠬᠠᠢ᠂ ︽ᠲᠥᠰᠦᠯ︾ ᠳᠤ ᠲᠣᠳᠣᠷᠬᠠᠢ ᠵᠢᠭᠠᠵᠤ | ᠭᠠᠷᠭᠠᠭᠰᠠᠨ ᠨᠢ᠂ ᠤᠯᠤᠰ ᠤᠨ ᠥᠮᠴᠢᠯᠡᠯ ᠤᠨ ᠬᠥᠷᠥᠩᠭᠡ ᠶᠢ ᠬᠤᠪᠢᠶᠠᠷᠢᠯᠠᠨ ᠰᠢᠯᠵᠢᠭᠦᠯᠬᠦ ᠪᠠ ᠠᠵᠤ | ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠦᠨᠳᠦᠰᠦᠨ ᠳᠠᠭᠠᠳᠬᠠᠯ ᠤᠨ ᠰᠠᠭᠤᠷᠢ ᠮᠦᠩᠭᠦᠨ ᠤ | ᠳᠤᠲᠠᠭᠤᠳᠠᠯ ᠢ ᠠᠯᠬᠤᠮ ᠠᠯᠬᠤᠮ ᠢᠶᠠᠷ ᠨᠥᠬᠦᠪᠥᠷᠢᠯᠡᠬᠦ ᠶᠢ ᠤᠶᠠᠯᠳᠤᠭᠤᠯᠤᠭᠰᠠᠨ ᠠᠵᠢᠯᠯᠠᠭᠠᠨ ᠤ ᠲᠣᠭᠲᠠᠴᠠ ᠶᠢ | ᠪᠠᠶᠢᠭᠤᠯᠬᠤ ᠬᠡᠷᠡᠭᠲᠡᠶ ᠭᠡᠪᠡ᠃ ᠤᠯᠤᠰ ᠤᠨ ᠥᠮᠴᠢᠯᠡᠯ ᠤᠨ ᠬᠥᠷᠥᠩᠭᠡ ᠶᠢ ᠬᠤᠪᠢᠶᠠᠷᠢᠯᠠᠨ ᠰᠢᠯᠵᠢᠭᠦᠯᠦᠭᠰᠡᠨ ᠤ | ᠳᠠᠷᠠᠭ᠎ᠠ᠂ ᠨᠢᠭᠡ ᠳᠤ ᠤᠯᠤᠰ ᠤᠨ ᠥᠮᠴᠢᠯᠡᠯ ᠤᠨ ᠬᠦᠷᠦᠩᠭᠡ ᠶᠢᠨ ᠠᠰᠢᠭ ᠣᠷᠣᠯᠭ᠎ᠠ ᠶᠢᠨ ᠭᠤᠣᠯ ᠢᠷᠡᠯᠲᠡ ᠨᠢ | ᠰᠲ᠋ᠣᠺ ᠤᠨ ᠡᠷᠬᠡ ᠶᠢᠨ ᠠᠰᠢᠭ ᠣᠷᠣᠯᠭ᠎ᠠ ᠶᠢᠨ ᠬᠤᠪᠢᠶᠠᠷᠢᠯᠠᠯᠲᠠ ᠮᠦᠨ᠂ ᠨᠡᠶᠢᠭᠡᠮ ᠤᠨ ᠳᠠᠭᠠᠳᠬᠠᠯ ᠤᠨ ᠰᠠᠭᠤᠷᠢ | ᠮᠥᠩᠭᠦᠨ ᠤ ᠨᠡᠶᠢᠭᠡᠮᠯᠢᠭ ᠵᠡᠷᠭᠡ ᠳᠠᠭᠠᠭᠠᠴᠢᠯᠠᠨ ᠬᠢᠬᠦ ᠪᠡᠶᠡᠴᠢ ᠴᠣᠭᠴᠠ ᠠᠴᠠ ᠡᠵᠡᠮᠰᠢᠨ᠎ᠡ᠃ ᠬᠤᠶᠢᠰᠢᠳᠠ᠂ ᠡᠯ᠎ᠡ | ᠳᠠᠭᠠᠭᠠᠴᠢᠯᠠᠨ ᠬᠢᠬᠦ ᠪᠡᠶᠡᠴᠢ ᠴᠣᠭᠴᠠ ᠶᠢᠨ ᠲᠤᠰ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠬᠢᠨ | ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠰᠠᠭᠤᠷᠢ ᠮᠦᠩᠭᠦᠨ ᠤ ᠵᠠᠷᠤᠯᠭ᠎ᠠ ᠶᠢᠨ ᠬᠡᠷᠡᠭᠴᠡᠭᠡ ᠪᠠ | ᠤᠯᠤᠰ ᠤᠨ ᠥᠮᠴᠢᠯᠡᠯ ᠤᠨ ᠬᠦᠷᠦᠩᠭᠡ ᠶᠢᠨ ᠠᠰᠢᠭ ᠣᠷᠣᠯᠭ᠎ᠠ ᠶᠢᠨ ᠪᠠᠶᠢᠳᠠᠯ ᠢ ᠨᠢᠭᠡᠳᠦᠯᠲᠡᠶ ᠲᠥᠯᠥᠪᠯᠡᠨ | ᠪᠣᠳᠣᠯᠬᠢᠯᠠᠵᠤ᠂ ᠴᠠᠭ ᠲᠤᠬᠠᠢ ᠳᠤᠨᠢ ᠲᠣᠬᠢᠷᠠᠭᠤᠯᠤᠨ ᠬᠤᠷᠢᠶᠠᠨ ᠠᠪᠬᠤ ᠶᠢ ᠬᠡᠷᠡᠭᠵᠢᠭᠦᠯᠦᠨ᠎ᠡ᠃ ᠣᠳᠣᠬᠠᠨ ᠳᠤ᠂ | ᠮᠠᠨ ᠤ ᠤᠯᠤᠰ ᠤᠨ ᠠᠵᠤ ᠠᠬᠤᠶᠢᠯᠠᠯ ᠤᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠡᠷᠦᠩᠬᠡᠶ ᠳᠡᠭᠡᠨ | ᠨᠡᠯᠢᠶᠡᠳ ᠶᠡᠭᠡ ᠬᠡᠪᠴᠢᠶᠡᠨ ᠤ ᠦᠯᠡᠳᠡᠪᠦᠷᠢ ᠲᠠᠢ ᠪᠠᠶᠢᠵᠤ᠂ ᠨᠠᠰᠤᠵᠢᠯ ᠤᠨ ᠠᠰᠠᠷᠠᠮᠵᠢ ᠶᠢᠨ ᠦᠨᠳᠦᠰᠦᠨ | ᠳᠠᠭᠠᠳᠬᠠᠯ ᠤᠨ ᠰᠠᠭᠤᠷᠢ ᠮᠥᠩᠭᠦ ᠨᠢ ᠨᠡᠯᠢᠶᠡᠳ ᠶᠡᠭᠡ ᠬᠡᠮᠵᠢᠶ᠎ᠡ ᠪᠠᠷ ᠬᠠᠳᠠᠭᠠᠯᠠᠭᠳᠠᠵᠤ ᠪᠣᠢ᠂ ᠣᠬᠤᠷᠬᠠᠨ | ᠬᠤᠭᠤᠴᠠᠭᠠᠨ ᠳᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠬᠢᠨ ᠬᠤᠪᠢᠶᠠᠷᠢᠯᠠᠨ ᠰᠢᠯᠵᠢᠭᠦᠯᠦᠭᠰᠡᠨ ᠤᠯᠤᠰ ᠤᠨ | ᠥᠮᠴᠢᠯᠡᠯ ᠤᠨ ᠬᠦᠷᠦᠩᠭᠡ ᠳᠤ ᠠᠰᠢᠭ ᠣᠯᠵᠠᠪᠤᠷᠢ ᠣᠯᠬᠤ ᠪᠠ ᠬᠤᠷᠢᠶᠠᠨ ᠠᠪᠬᠤ ᠶᠢ ᠬᠡᠷᠡᠭᠵᠢᠭᠦᠯᠬᠦ ᠦᠭᠡᠢ᠂ | ᠳᠠᠭᠠᠭᠠᠴᠢᠯᠠᠨ ᠬᠢᠬᠦ ᠪᠡᠶᠡᠴᠢ ᠴᠣᠭᠴᠠ ᠨᠢ ᠤᠯᠤᠰ ᠤᠨ ᠥᠮᠴᠢᠯᠡᠯ ᠤᠨ ᠬᠦᠷᠦᠩᠭᠡ ᠶᠢ ᠪᠡᠯᠡᠨ ᠮᠦᠩᠭᠦ ᠪᠣᠯᠭᠠᠬᠤ ᠳᠤ | ᠬᠦᠷᠦᠭᠦᠯᠬᠦ ᠦᠬᠡᠢ᠃ ᠬᠤᠶᠠᠷ ᠲᠤ ︽ᠲᠥᠰᠦᠯ︾ ᠳᠤ ᠳᠤᠷᠠᠳᠤᠭᠰᠠᠨ ᠨᠢ᠂ ᠨᠡᠶᠢᠭᠡᠮ ᠤᠨ ᠳᠠᠭᠠᠳᠬᠠᠯ ᠤᠨ | ᠰᠠᠭᠤᠷᠢ ᠮᠥᠩᠭᠦᠨ ᠤ ᠨᠡᠶᠢᠭᠡᠮᠯᠢᠭ ᠵᠡᠷᠭᠡ ᠳᠠᠭᠠᠭᠠᠴᠢᠯᠠᠨ ᠬᠢᠬᠦ ᠪᠡᠶᠡᠴᠢ ᠴᠣᠭᠴᠠ ᠪᠠᠷ ᠵᠥᠪᠰᠢᠶᠡᠷᠡᠭᠦᠯᠦᠭᠰᠡᠨ ᠤ | ᠳᠠᠷᠠᠭ᠎ᠠ ᠤᠯᠤᠰ ᠤᠨ ᠥᠮᠴᠢᠯᠡᠯ ᠤᠨ ᠬᠦᠷᠦᠩᠭᠡ ᠶᠢᠨ ᠠᠵᠢᠯᠯᠠᠭᠠᠨ ᠢᠶᠠᠷ ᠳᠠᠮᠵᠢᠭᠤᠯᠤᠨ ᠠᠰᠢᠭ ᠬᠦᠷᠲᠡᠵᠦ ᠪᠣᠯᠤᠨ᠎ᠠ | ᠭᠡᠪᠡ᠃ ᠤᠯᠤᠰ ᠤᠨ ᠥᠮᠴᠢᠯᠡᠯ ᠤᠨ ᠬᠦᠷᠦᠩᠭᠡ ᠶᠢᠨ ᠠᠵᠢᠯᠯᠠᠭᠠᠨ ᠨᠢ ᠭᠤᠣᠯᠳᠠᠭᠤ ᠤᠯᠤᠰ ᠤᠨ ᠥᠮᠴᠢᠯᠡᠯ ᠤᠨ | ᠬᠦᠷᠦᠩᠭᠡ ᠶᠢᠨ ᠪᠦᠲᠦᠴᠡ ᠶᠢ ᠲᠣᠬᠢᠷᠠᠭᠤᠯᠬᠤ ᠪᠠ ᠡᠮᠬᠢ ᠵᠢᠷᠤᠮ ᠲᠠᠢ ᠪᠠᠷ ᠣᠷᠤᠭᠤᠯᠵᠤ ᠭᠠᠷᠭᠠᠬᠤ ᠶᠠᠪᠤᠳᠠᠯ ᠮᠦᠨ᠂ | ᠬᠠᠷᠠᠯᠲᠠ ᠨᠢ ᠤᠯᠤᠰ ᠤᠨ ᠥᠮᠴᠢᠯᠡᠯ ᠤᠨ ᠬᠦᠷᠦᠩᠭᠡ ᠶᠢᠨ ᠦᠷᠳᠡᠭ ᠢ ᠪᠠᠲᠤᠯᠠᠵᠤ ᠦᠷᠳᠡᠭ ᠢ ᠨᠡᠮᠡᠭᠳᠡᠭᠦᠯᠬᠦ ᠶᠢ | ᠪᠡᠶᠡᠯᠡᠭᠦᠯᠦᠨ᠂ ᠨᠡᠩ ᠤᠯᠠᠨ ᠠᠰᠢᠭ ᠣᠷᠣᠯᠭ᠎ᠠ ᠣᠯᠵᠤ᠂ ᠤᠯᠤᠰ ᠤᠨ ᠥᠮᠴᠢᠯᠡᠯ ᠤᠨ ᠬᠦᠷᠦᠩᠭᠡ ᠶᠢ ᠪᠡᠯᠡᠨ | ᠵᠣᠭᠤᠰ ᠪᠣᠯᠭᠠᠭᠰᠠᠨ ᠳᠦᠭᠦᠮ ᠬᠢᠯᠪᠠᠷ ᠶᠠᠪᠤᠳᠠᠯ ᠪᠢᠰᠢ᠃ ᠭᠤᠷᠪᠠ ᠳᠤ ᠨᠡᠶᠢᠭᠡᠮ ᠤᠨ ᠳᠠᠭᠠᠳᠬᠠᠯ ᠤᠨ ᠰᠠᠭᠤᠷᠢ | ᠮᠥᠩᠭᠦᠨ ᠤ ᠨᠡᠶᠢᠭᠡᠮᠯᠢᠭ ᠵᠡᠷᠭᠡ ᠳᠠᠭᠠᠭᠠᠴᠢᠯᠠᠨ ᠬᠢᠬᠦ ᠪᠡᠶᠡᠴᠢ ᠴᠣᠭᠴᠠ ᠨᠢ 3 ᠵᠢᠯ ᠠᠴᠠ ᠳᠡᠭᠡᠭᠰᠢᠬᠢ | ᠪᠣᠷᠣᠯᠠᠭᠤᠯᠬᠤ ᠶᠢ ᠴᠠᠭᠠᠵᠠᠯᠠᠭᠰᠠᠨ ᠬᠤᠭᠤᠴᠠᠭᠠᠨ ᠤ ᠡᠭᠦᠷᠭᠡ ᠶᠢ ᠭᠦᠢᠴᠡᠳᠬᠡᠬᠦ ᠪᠥᠭᠡᠳ ᠤᠤᠯ ᠤᠨ ᠡᠵᠡᠮᠰᠢᠵᠦ | ᠪᠠᠶᠢᠭ᠎ᠠ ᠬᠤᠪᠢ ᠶᠢᠨ ᠪᠡᠶᠡᠴᠢ ᠴᠣᠭᠴᠠ ᠶᠢᠨ ᠪᠤᠰᠤᠳ ᠪᠣᠷᠣᠯᠠᠭᠤᠯᠬᠤ ᠶᠢ ᠴᠠᠭᠠᠵᠠᠯᠠᠬᠤ ᠬᠤᠭᠤᠴᠠᠭᠠᠨ ᠤ | ᠡᠭᠦᠷᠭᠡ ᠶᠢ ᠵᠠᠯᠭᠠᠮᠵᠢᠯᠠᠬᠤ ᠬᠡᠷᠡᠭᠲᠡᠢ᠃ ᠡᠨᠡᠬᠦ ᠪᠣᠷᠣᠯᠠᠭᠤᠯᠬᠤ ᠶᠢ ᠴᠠᠭᠠᠵᠠᠯᠠᠬᠤ ᠬᠤᠭᠤᠴᠠᠭᠠᠨ ᠳᠤ᠂ ᠬᠡᠷᠪᠡ | ᠬᠤᠪᠢᠶᠠᠷᠢᠯᠠᠨ ᠰᠢᠯᠵᠢᠭᠦᠯᠬᠦ ᠳᠤ ᠬᠤᠯᠪᠣᠭᠳᠠᠬᠤ ᠬᠠᠮᠢᠶ᠎ᠠ ᠪᠦᠬᠦᠢ ᠠᠵᠤ ᠠᠬᠤᠶᠢᠯᠠᠯ ᠨᠢ ᠵᠠᠬ᠎ᠠ ᠳᠡᠯᠭᠡᠭᠦᠷ ᠲᠤ | ᠣᠷᠣᠬᠤ ᠳᠤ ᠬᠦᠷᠪᠡᠯ᠂ ᠤᠤᠯ ᠤᠨ ᠬᠤᠪᠢ ᠡᠵᠡᠮᠰᠢᠵᠦ ᠪᠠᠶᠢᠭ᠎ᠠ ᠪᠡᠶᠡᠴᠢ ᠴᠣᠭᠴᠠ ᠶᠢᠨ ᠪᠣᠷᠣᠯᠠᠭᠤᠯᠬᠤ ᠶᠢ | ᠴᠠᠭᠠᠵᠠᠯᠠᠬᠤ ᠬᠤᠭᠤᠴᠠᠭᠠᠨ ᠤ ᠡᠭᠦᠷᠭᠡ ᠶᠢ ᠵᠠᠯᠭᠠᠮᠵᠢᠯᠠᠬᠤ ᠬᠡᠷᠡᠭᠲᠡᠢ᠃ ᠡᠶᠢᠮᠦ ᠠᠴᠠ᠂ ᠳᠡᠭᠡᠷ᠎ᠡ ᠳᠤᠷᠠᠳᠤᠭᠰᠠᠨ | ᠬᠤᠭᠤᠴᠠᠭᠠᠨ ᠳᠣᠲᠣᠷ᠎ᠠ ᠳᠠᠭᠠᠭᠠᠴᠢᠯᠠᠨ ᠬᠢᠬᠦ ᠪᠡᠶᠡᠴᠢ ᠴᠣᠭᠴᠠ ᠴᠤ ᠤᠯᠤᠰ ᠤᠨ ᠥᠮᠴᠢᠯᠡᠯ ᠤᠨ ᠬᠦᠷᠦᠩᠭᠡ ᠶᠢ | ᠪᠡᠯᠡᠨ ᠵᠣᠭᠤᠰ ᠪᠣᠯᠭᠠᠨ ᠬᠤᠪᠢᠷᠠᠭᠤᠯᠬᠤ ᠦᠭᠡᠢ᠃ ᠶᠡᠷᠦᠩᠬᠡᠶᠢᠯᠡᠭᠡᠳ ᠬᠡᠯᠡᠪᠡᠯ᠂ ᠬᠤᠪᠢᠶᠠᠷᠢᠯᠠᠨ ᠰᠢᠯᠵᠢᠭᠦᠯᠬᠦ ᠨᠢ | ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢ ᠨᠥᠬᠦᠪᠥᠷᠢᠯᠡᠬᠦ ᠤᠷᠲᠤ ᠬᠤᠭᠤᠴᠠᠭᠠᠨ ᠤ ᠬᠦᠴᠦᠨ ᠪᠦᠬᠦᠢ | ᠲᠣᠭᠲᠠᠴᠠ ᠶᠢ ᠪᠠᠶᠢᠭᠤᠯᠬᠤ ᠳᠤ ᠪᠠᠶᠢᠵᠤ᠂ ᠤᠯᠤᠰ ᠤᠨ ᠥᠮᠴᠢᠯᠡᠯ ᠤᠨ ᠬᠦᠷᠦᠩᠭᠡ ᠶᠢᠨ ᠬᠦᠴᠦᠷᠬᠡᠭᠵᠢᠨ | ᠰᠢᠯᠢᠳᠡᠭᠵᠢᠵᠦ ᠪᠤᠵᠠᠭᠠᠶᠢᠷᠠᠬᠤ ᠶᠢ ᠳᠠᠭᠠᠯᠳᠤᠨ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠬᠥᠭᠵᠢᠯᠲᠡ ᠶᠢᠨ ᠦᠷ᠎ᠡ ᠪᠦᠲᠦᠭᠡᠯ ᠢ ᠪᠦᠭᠦ ᠠᠷᠠᠳ ᠢᠶᠠᠷ ᠢᠶᠠᠨ ᠬᠠᠮᠲᠤ ᠪᠠᠷ ᠡᠳ᠋ᠯᠡᠬᠦ ᠶᠢ ᠨᠡᠩ ᠰᠠᠶᠢᠲᠤᠷ | ᠢᠯᠡᠷᠡᠭᠦᠯᠵᠦ᠂ ᠠᠷᠠᠳ ᠤᠨ ᠠᠮᠢᠳᠤᠷᠠᠯ ᠢ ᠨᠡᠩ ᠰᠠᠶᠢᠨ ᠪᠠᠲᠤᠯᠠᠵᠤ ᠰᠠᠶᠢᠵᠢᠷᠠᠭᠤᠯᠬᠤ ᠪᠣᠯᠣᠨ᠎ᠠ᠃ ︽ᠲᠥᠰᠦᠯ︾ ᠢ | ᠬᠡᠷᠡᠭᠵᠢᠭᠦᠯᠬᠦ ᠶᠠᠪᠤᠴᠠ ᠳᠤᠮᠳᠠ᠂ ᠤᠯᠤᠰ ᠤᠨ ᠥᠮᠴᠢᠯᠡᠯ ᠤᠨ ᠬᠦᠷᠦᠩᠭᠡ ᠶᠢ ᠶᠡᠭᠡ ᠬᠡᠮᠵᠢᠶ᠎ᠡ ᠪᠠᠷ ᠪᠡᠯᠡᠨ ᠵᠣᠭᠤᠰ | ᠪᠣᠯᠭᠠᠬᠤ ᠶᠠᠪᠤᠳᠠᠯ ᠡᠭᠦᠰᠬᠦ ᠦᠭᠡᠢ ᠪᠦᠭᠡᠳ ᠡᠭᠦᠰᠬᠦ ᠶᠢ ᠵᠥᠪᠰᠢᠶᠡᠷᠡᠬᠦ ᠦᠭᠡᠢ᠃ | ᠲᠠᠪᠤ᠂ ︽ᠲᠥᠰᠦᠯ︾ ᠨᠢ ᠬᠤᠪᠢᠶᠠᠷᠢᠯᠠᠨ ᠰᠢᠯᠵᠢᠭᠦᠯᠬᠦ ᠬᠦᠷᠢᠶ᠎ᠡ ᠬᠡᠪᠴᠢᠶ᠎ᠡ᠂ ᠬᠤᠪᠢᠶᠠᠷᠢᠯᠠᠨ ᠰᠢᠯᠵᠢᠭᠦᠯᠬᠦ | ᠡᠲᠡᠭᠡᠳ ᠪᠠ ᠬᠤᠪᠢᠶᠠᠷᠢᠯᠠᠨ ᠰᠢᠯᠵᠢᠭᠦᠯᠬᠦ ᠬᠠᠷᠢᠴᠠᠯ ᠳᠤ ᠶᠠᠮᠠᠷ ᠶᠠᠮᠠᠷ ᠲᠣᠭᠲᠠᠭᠠᠯ ᠭᠠᠷᠭᠠᠭᠰᠠᠨ ᠪᠣᠢ︖ | ᠬᠠᠷᠢᠭᠤᠯᠲᠠ᠄ ︽ᠲᠥᠰᠦᠯ︾ ᠳᠤ ᠲᠣᠳᠣᠷᠬᠠᠶᠢᠯᠠᠭᠰᠠᠨ ᠨᠢ᠂ ᠲᠥᠪ ᠤᠨ ᠪᠠ ᠣᠷᠣᠨ ᠨᠤᠲᠤᠭ ᠤᠨ | ᠤᠯᠤᠰ ᠤᠨ ᠥᠮᠴᠢᠯᠡᠯ ᠵᠢᠴᠢ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠲᠤᠮᠤ ᠳᠤᠮᠳᠠ ᠬᠡᠯᠪᠡᠷᠢ ᠶᠢᠨ ᠠᠵᠤ | ᠠᠬᠤᠶᠢᠯᠠᠯ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠤᠪᠢᠶᠠᠷᠢᠯᠠᠨ ᠰᠢᠯᠵᠢᠭᠦᠯᠬᠦ ᠬᠦᠷᠢᠶ᠎ᠡ ᠬᠡᠪᠴᠢᠶᠡᠨ ᠳᠤ | ᠣᠷᠤᠭᠤᠯᠤᠨ᠎ᠠ ᠭᠡᠪᠡ᠃ ᠨᠡᠶᠢᠲᠡ ᠶᠢᠨ ᠠᠰᠠᠷᠠᠮᠵᠢ ᠶᠢᠨ ᠲᠦᠷᠦᠯ ᠤᠨ ᠠᠵᠤ ᠠᠬᠤᠶᠢᠯᠠᠯ᠂ ᠰᠣᠶᠣᠯ ᠤᠨ ᠠᠵᠤ | ᠠᠬᠤᠶᠢᠯᠠᠯ᠂ ᠲᠦᠷᠦ ᠶᠢᠨ ᠪᠤᠳᠤᠯᠭ᠎ᠠ ᠶᠢᠨ ᠴᠢᠨᠠᠷᠲᠠᠶ ᠪᠠ ᠨᠡᠭᠡᠭᠡᠨ ᠬᠥᠭᠵᠢᠭᠦᠯᠬᠦ ᠴᠢᠨᠠᠷᠲᠠᠶ ᠮᠥᠩᠭᠦᠨ ᠭᠦᠢᠯᠭᠡᠭᠡᠨ ᠤ | ᠪᠠᠶᠢᠭᠤᠯᠤᠮᠵᠢ ᠵᠢᠴᠢ ᠲᠦᠷᠦ ᠶᠢᠨ ᠶᠠᠪᠤᠳᠠᠯ ᠤᠨ ᠬᠤᠷᠢᠶᠠᠨ ᠠᠴᠠ ᠠᠰᠲᠠᠭᠠᠨ ᠲᠣᠭᠲᠠᠭᠠᠯ ᠲᠠᠢ ᠨᠢ ᠡᠭᠦᠨ ᠳᠤ | ᠪᠠᠭᠲᠠᠬᠤ ᠦᠭᠡᠢ᠃ | ᠬᠤᠪᠢᠶᠠᠷᠢᠯᠠᠨ ᠰᠢᠯᠵᠢᠭᠦᠯᠬᠦ ᠡᠲᠡᠭᠡᠳ ᠤᠨ ᠲᠠᠯ᠎ᠠ ᠪᠠᠷ᠂ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ | ᠰᠲ᠋ᠣᠺ ᠤᠨ ᠡᠷᠬᠡ ᠶᠢ ᠳᠠᠪᠬᠤᠷᠳᠠᠭᠤᠯᠤᠨ ᠬᠤᠪᠢᠶᠠᠷᠢᠯᠠᠨ ᠰᠢᠯᠵᠢᠭᠦᠯᠬᠦ ᠠᠴᠠ ᠵᠠᠶᠢᠯᠠᠰᠭᠢᠬᠦ ᠶᠢᠨ ᠲᠤᠰᠠᠳᠠ᠂ ︽ | ᠲᠥᠰᠦᠯ︾ ᠳᠤ ᠲᠣᠭᠲᠠᠭᠠᠭᠰᠠᠨ ᠨᠢ᠂ ᠲᠥᠪ ᠤᠨ ᠪᠠ ᠣᠷᠣᠨ ᠨᠤᠲᠤᠭ ᠤᠨ ᠠᠵᠤ ᠠᠬᠤᠶᠢᠯᠠᠯ ᠤᠨ ᠪᠦᠯᠦᠭᠯᠡᠯ ᠨᠢ | ᠺᠣᠮᠫᠠᠨᠢ ᠶᠢᠨ ᠳᠦᠷᠢᠮᠲᠦ ᠥᠭᠡᠷᠡᠴᠢᠯᠡᠯᠲᠡ ᠶᠢ ᠨᠢᠭᠡᠨᠲᠡ ᠪᠡᠶᠡᠯᠡᠭᠦᠯᠦᠭᠰᠡᠨ ᠪᠣᠯ ᠠᠵᠤ ᠠᠬᠤᠶᠢᠯᠠᠯ ᠤᠨ ᠪᠦᠯᠦᠭᠯᠡᠯ ᠤᠨ | ᠰᠲ᠋ᠣᠺ ᠤᠨ ᠡᠷᠬᠡ ᠶᠢ ᠰᠢᠭᠤᠳ ᠬᠤᠪᠢᠶᠠᠷᠢᠯᠠᠨ ᠰᠢᠯᠵᠢᠭᠦᠯᠦᠨ᠎ᠡ ᠭᠡᠪᠡ᠃ ᠣᠳᠣᠬᠢ ᠱᠠᠲᠤᠨ ᠤ ᠬᠡᠰᠡᠭ ᠪᠦᠯᠦᠭ | ᠠᠵᠤ ᠠᠬᠤᠶᠢᠯᠠᠯ ᠤᠨ ᠪᠦᠯᠦᠭᠯᠡᠯ ᠨᠢ ᠠᠷᠠᠳ ᠨᠡᠶᠢᠲᠡ ᠶᠢᠨ ᠦᠮᠴᠢᠯᠡᠯᠲᠦ ᠠᠵᠤ ᠠᠬᠤᠶᠢᠯᠠᠯ ᠪᠠᠶᠢᠵᠤ᠂ ᠰᠲ᠋ᠣᠺ ᠤᠨ | ᠡᠷᠬᠡ ᠶᠢ ᠬᠤᠪᠢᠶᠠᠷᠢᠯᠠᠨ ᠰᠢᠯᠵᠢᠭᠦᠯᠬᠦ ᠨᠥᠬᠦᠴᠡᠯ ᠬᠠᠷᠠᠬᠠᠨ ᠪᠦᠷᠢᠯᠳᠦᠭᠡᠳᠦᠶ ᠪᠠᠶᠢᠬᠤ ᠶᠢ ᠪᠣᠳᠤᠯᠬᠢᠯᠠᠨ᠂ ︽ | ᠲᠥᠰᠦᠯ︾ ᠳᠤ ᠳᠤᠷᠠᠳᠤᠭᠰᠠᠨ ᠨᠢ᠂ ᠲᠥᠪ ᠤᠨ ᠪᠠ ᠣᠷᠣᠨ ᠨᠤᠲᠤᠭ ᠤᠨ ᠠᠵᠤ ᠠᠬᠤᠶᠢᠯᠠᠯ ᠤᠨ ᠪᠦᠯᠦᠭᠯᠡᠯ ᠨᠢ | ᠺᠣᠮᠫᠠᠨᠢ ᠶᠢᠨ ᠳᠦᠷᠢᠮᠲᠦ ᠥᠭᠡᠷᠡᠴᠢᠯᠡᠯᠲᠡ ᠶᠢ ᠪᠡᠶᠡᠯᠡᠭᠦᠯᠦᠭᠡᠳᠦᠢ ᠪᠣᠯ᠂ ᠥᠭᠡᠷᠡᠴᠢᠯᠡᠯᠲᠡ ᠶᠢᠨ ᠠᠬᠢᠴᠠ ᠶᠢ ᠴᠢᠩᠭ᠎ᠠ | ᠠᠳᠬᠤᠵᠤ᠂ ᠪᠠᠶᠢᠭᠤᠯᠤᠯ ᠢᠶᠠᠨ ᠥᠭᠡᠷᠡᠴᠢᠯᠡᠭᠰᠡᠨ ᠤ ᠳᠠᠷᠠᠭ᠎ᠠ ᠠᠵᠤ ᠠᠬᠤᠶᠢᠯᠠᠯ ᠤᠨ ᠪᠦᠯᠦᠭᠯᠡᠯ ᠤᠨ ᠰᠲ᠋ᠣᠺ ᠤᠨ | ᠡᠷᠬᠡ ᠪᠠᠨ ᠱᠠᠭᠠᠷᠳᠠᠯᠭ᠎ᠠ ᠶᠣᠰᠣᠭᠠᠷ ᠬᠤᠪᠢᠶᠠᠷᠢᠯᠠᠨ ᠰᠢᠯᠵᠢᠭᠦᠯᠬᠦ ᠬᠡᠷᠡᠭᠲᠡᠢ︔ ᠺᠣᠮᠫᠠᠨᠢ ᠶᠢᠨ ᠳᠦᠷᠢᠮᠲᠦ | ᠥᠭᠡᠷᠡᠴᠢᠯᠡᠯᠲᠡ ᠶᠢ ᠪᠡᠶᠡᠯᠡᠭᠦᠯᠦᠭᠡᠳᠦᠢ ᠠᠵᠤ ᠠᠬᠤᠶᠢᠯᠠᠯ ᠤᠨ ᠪᠦᠯᠦᠭᠯᠡᠯ ᠳᠤ ᠬᠠᠷᠢᠶᠠᠯᠠᠭᠳᠠᠬᠤ ᠨᠢᠭᠡᠳᠦᠭᠡᠷ ᠳᠡᠰ | ᠪᠥᠬᠦᠢ ᠳᠠᠭᠠᠭᠤᠯ ᠺᠣᠮᠫᠠᠨᠢ ᠶᠢᠨ ᠰᠲ᠋ᠣᠺ ᠤᠨ ᠡᠷᠬᠡ ᠶᠢ ᠬᠠᠶᠢᠨ ᠰᠦᠪᠡᠭᠴᠢᠯᠡᠵᠦ ᠬᠤᠪᠢᠶᠠᠷᠢᠯᠠᠨ ᠰᠢᠯᠵᠢᠭᠦᠯᠬᠦ | ᠬᠡᠷᠡᠭᠲᠡᠢ ᠭᠡᠪᠡ᠃ | ᠬᠤᠪᠢᠶᠠᠷᠢᠯᠠᠨ ᠰᠢᠯᠵᠢᠭᠦᠯᠬᠦ ᠬᠠᠷᠢᠴᠠᠯ ᠤᠨ ᠲᠠᠯ᠎ᠠ ᠪᠠᠷ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ | ᠨᠠᠰᠤᠵᠢᠯ ᠤᠨ ᠦᠨᠳᠦᠰᠦᠨ ᠳᠠᠭᠠᠳᠬᠠᠯ ᠤᠨ ᠰᠠᠭᠤᠷᠢ ᠮᠥᠩᠭᠦ ᠶᠢᠨ ᠳᠤᠲᠠᠭᠤᠳᠠᠯ ᠢ ᠬᠡᠮᠵᠢᠨ ᠪᠤᠳᠤᠬᠤ ᠪᠠᠶᠢᠳᠠᠯ᠂ | ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢ ᠶᠠᠭ ᠰᠠᠶᠢᠬᠠᠨ | ᠳᠥᠯᠭᠢᠨ ᠠᠬᠢᠭᠤᠯᠬᠤ ᠵᠢᠴᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠥᠭᠵᠢᠯᠲᠡ ᠶᠢᠨ ᠣᠳᠣᠬᠢ | ᠪᠠᠶᠢᠳᠠᠯ ᠢ ᠶᠡᠷᠦᠩᠬᠡᠶᠢᠯᠡᠭᠡᠳ᠂ ︽ᠲᠥᠰᠦᠯ︾ ᠨᠢ ᠬᠤᠪᠢᠶᠠᠷᠢᠯᠠᠨ ᠰᠢᠯᠵᠢᠭᠦᠯᠬᠦ ᠬᠠᠷᠢᠴᠠᠯ ᠢ ᠠᠵᠤ ᠠᠬᠤᠶᠢᠯᠠᠯ ᠤᠨ | ᠤᠯᠤᠰ ᠤᠨ ᠥᠮᠴᠢᠯᠡᠯ ᠤᠨ ᠰᠲ᠋ᠣᠺ ᠤᠨ ᠡᠷᠬᠡ ᠶᠢᠨ 10% ᠪᠠᠷ ᠲᠣᠭᠲᠠᠭᠠᠪᠠ᠃ ᠬᠤᠶᠢᠰᠢᠳᠠ᠂ ᠦᠨᠳᠦᠰᠦᠨ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠵᠢᠴᠢ ᠥᠷᠭᠦᠯᠵᠢᠯᠡᠬᠦᠶᠢᠴᠡ | ᠬᠥᠭᠵᠢᠯᠲᠡ ᠶᠢᠨ ᠱᠠᠭᠠᠷᠳᠠᠯᠭ᠎ᠠ ᠲᠠᠢ ᠤᠶᠠᠯᠳᠤᠭᠤᠯᠤᠨ᠂ ᠤᠯᠠᠮ ᠨᠢᠭᠡ ᠠᠯᠬᠤᠮ ᠬᠤᠪᠢᠶᠠᠷᠢᠯᠠᠨ ᠰᠢᠯᠵᠢᠭᠦᠯᠬᠦ | ᠴᠢᠬᠤᠯᠠᠲᠠᠶ ᠪᠣᠯᠪᠠᠯ᠂ ᠳᠠᠬᠢᠨ ᠰᠣᠳᠤᠯᠬᠤ ᠪᠣᠯᠣᠨ᠎ᠠ᠃ | ᠵᠢᠷᠭᠤᠭ᠎ᠠ᠂ ᠠᠰᠠᠭᠤᠭᠰᠠᠨ ᠨᠢ᠄ ︽ᠲᠥᠰᠦᠯ︾ ᠳᠠᠬᠢ ᠳᠠᠭᠠᠭᠠᠴᠢᠯᠠᠨ ᠬᠢᠬᠦ ᠭᠤᠣᠯ ᠴᠣᠭᠴᠠ ᠶᠢ ᠬᠡᠷᠬᠢᠨ | ᠣᠶᠢᠯᠠᠭᠠᠬᠤ ᠪᠤᠢ︖ ᠳᠠᠭᠠᠭᠠᠴᠢᠯᠠᠨ ᠬᠢᠬᠦ ᠭᠤᠣᠯ ᠴᠣᠭᠴᠠ ᠶᠢ ᠤᠯᠤᠰ ᠤᠨ ᠦᠮᠴᠢᠯᠡᠯᠲᠦ ᠰᠲ᠋ᠣᠺ ᠤᠨ ᠡᠷᠬᠡᠨ ᠳᠤ | ᠬᠡᠷᠬᠢᠨ ᠣᠷᠣᠭᠤᠯᠬᠤ ᠪᠤᠢ︖ | ᠬᠠᠷᠢᠭᠤᠯᠤᠭᠰᠠᠨ ᠨᠢ᠄ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦᠨ ᠤ ᠨᠡᠶᠢᠭᠡᠮᠯᠢᠭ ᠨᠢ ᠪᠦᠬᠦ | ᠤᠯᠤᠰ ᠤᠨ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢ ᠬᠠᠮᠢᠶᠠᠷᠴᠤ ᠡᠵᠡᠩᠨᠡᠬᠦ ᠶᠢ ᠬᠠᠷᠢᠭᠤᠴᠠᠵᠤ᠂ | ᠰᠠᠭᠤᠷᠢ ᠮᠥᠩᠭᠦ ᠶᠢᠨ ᠡᠵᠡᠩᠨᠡᠯᠲᠡ ᠶᠢᠨ ᠪᠠᠶᠢᠳᠠᠯ ᠨᠢ ᠰᠠᠶᠢᠨ᠂ ᠠᠰᠢᠭ ᠬᠥᠷᠳᠡᠬᠦ ᠬᠢᠷᠢ ᠬᠡᠮᠵᠢᠶ᠎ᠡ ᠨᠢ ᠨᠡᠯᠢᠶᠡᠳ | ᠥᠨᠳᠥᠷ ᠪᠠᠶᠢᠵᠤ᠂ ᠬᠡᠷᠡᠭᠵᠢᠭᠦᠯᠬᠦ ᠶᠠᠪᠤᠴᠠ ᠳᠤ ᠬᠥᠷᠥᠩᠭᠡ ᠶᠢᠨ ᠬᠠᠮᠢᠶᠠᠷᠤᠯᠲᠠ ᠶᠢᠨ ᠲᠤᠷᠰᠢᠯᠭ᠎ᠠ ᠶᠢ | ᠬᠤᠷᠠᠮᠳᠤᠭᠤᠯᠤᠭᠰᠠᠨ ᠪᠠᠶᠢᠨ᠎ᠠ᠃ ᠳᠡᠭᠡᠷ᠎ᠡ ᠳᠤᠷᠠᠳᠤᠭᠰᠠᠨ ᠪᠠᠶᠢᠳᠠᠯ ᠳᠤ ᠦᠨᠳᠦᠰᠦᠯᠡᠨ᠂ ︽ᠲᠥᠰᠦᠯ︾ ᠳᠤ | ᠳᠤᠷᠠᠳᠤᠭᠰᠠᠨ ᠨᠢ᠂ ᠬᠤᠪᠢᠶᠠᠷᠢᠯᠠᠨ ᠰᠢᠯᠵᠢᠭᠦᠯᠦᠭᠰᠡᠨ ᠲᠥᠪ ᠤᠨ ᠠᠵᠤ ᠠᠬᠤᠶᠢᠯᠠᠯ ᠤᠨ ᠤᠯᠤᠰ ᠤᠨ ᠦᠮᠴᠢᠯᠠᠯᠲᠦ | ᠰᠲ᠋ᠣᠺ ᠤᠨ ᠡᠷᠬᠡ ᠶᠢ᠂ ᠲᠦᠷᠦ ᠶᠢᠨ ᠶᠠᠪᠤᠳᠠᠯ ᠤᠨ ᠬᠤᠷᠢᠶᠠᠨ ᠠᠴᠠ ᠨᠡᠶᠢᠭᠡᠮ ᠤᠨ ᠪᠠᠲᠤᠯᠠᠭ᠎ᠠ ᠶᠢᠨ ᠰᠠᠭᠤᠷᠢ | ᠮᠥᠩᠭᠦᠨ ᠤ ᠨᠡᠶᠢᠭᠡᠮᠯᠢᠭ ᠲᠤ ᠨᠠᠶᠢᠳᠠᠵᠤ ᠲᠥᠪᠯᠡᠷᠡᠭᠦᠯᠦᠨ ᠡᠵᠡᠮᠰᠢᠬᠦ ᠶᠢ ᠬᠠᠷᠢᠭᠤᠴᠠᠵᠤ᠂ ᠠᠰ ᠢᠶᠠᠷ ᠢᠶᠠᠨ | ᠲᠣᠭᠠᠴᠠᠭ᠎ᠠ ᠬᠢᠵᠦ᠂ ᠬᠢᠨᠠᠨ ᠰᠢᠯᠭᠠᠬᠤ ᠪᠠ ᠬᠢᠨᠠᠯᠲᠠ ᠲᠠᠯᠪᠢᠬᠤ ᠶᠢ ᠬᠦᠯᠢᠶᠡᠨ᠎ᠡ᠃ ᠡᠭᠦᠨ ᠤ ᠵᠡᠷᠭᠡᠴᠡᠭᠡᠪᠡᠷ᠂ ᠂ | ᠰᠠᠯᠭᠠᠵᠤ ᠰᠢᠯᠵᠢᠭᠦᠯᠦᠭᠰᠡᠨ ᠣᠷᠣᠨ ᠨᠣᠲᠤᠭ ᠤᠨ ᠠᠵᠤ ᠠᠬᠤᠶᠢᠯᠠᠯ ᠤᠨ ᠤᠯᠤᠰ ᠤᠨ ᠦᠮᠴᠢᠯᠠᠯᠲᠦ ᠰᠲ᠋ᠣᠺ ᠤᠨ | ᠡᠷᠬᠡ ᠶᠢ ᠣᠳᠣ ᠶᠢᠨ ᠬᠡᠷᠡᠭᠵᠢᠭᠦᠯᠵᠦ ᠪᠠᠶᠢᠭ᠎ᠠ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ | ᠪᠠᠶᠢᠭᠤᠯᠤᠯ ᠲᠠᠢ ᠵᠣᠬᠢᠴᠠᠭᠤᠯᠤᠨ᠂ ᠡᠯ᠎ᠡ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ | ᠪᠠᠶᠢᠭᠤᠯᠤᠭᠰᠠᠨ ᠤᠯᠤᠰ ᠤᠨ ᠦᠮᠴᠢᠯᠠᠯᠲᠦ ᠲᠤᠰᠠᠭᠠᠷ ᠪᠡᠯᠡ ᠶᠢᠨ ᠺᠣᠮᠫᠠᠨᠢ ᠲᠥᠪᠯᠡᠷᠡᠭᠦᠯᠦᠨ ᠡᠵᠡᠮᠰᠢᠵᠦ᠂ | ᠬᠠᠮᠢᠶᠠᠷᠬᠤ ᠪᠠ ᠡᠵᠡᠩᠨᠡᠨ᠎ᠡ︔ ᠮᠦᠨ ᠴᠣ᠋ ᠬᠤᠪᠢᠶᠠᠷᠢᠯᠠᠨ ᠰᠢᠯᠵᠢᠭᠦᠯᠦᠭᠰᠡᠨ ᠤᠯᠤᠰ ᠤᠨ ᠦᠮᠴᠢᠯᠠᠯᠲᠦ | ᠰᠲ᠋ᠣᠺ ᠤᠨ ᠡᠷᠬᠡ ᠶᠢ ᠲᠤᠰ ᠮᠤᠵᠢ ︵ᠣᠷᠣᠨ᠂ ᠬᠤᠳᠠ︶ ᠶᠢᠨ ᠤᠯᠤᠰ ᠤᠨ ᠦᠮᠴᠢᠯᠡᠯᠲᠦ ᠬᠦᠷᠦᠩᠭᠡ ᠶᠢᠨ ᠪᠡᠯᠡ | ᠣᠷᠣᠭᠤᠯᠵᠤ ᠡᠵᠡᠩᠨᠡᠬᠦ ᠴᠢᠳᠠᠪᠬᠢ ᠲᠠᠢ ᠺᠣᠮᠫᠠᠨᠢ ᠳᠤ ᠨᠠᠶᠢᠳᠠᠵᠤ ᠲᠤᠰᠬᠠᠶ ᠳᠠᠩᠰᠠ ᠪᠠᠷ ᠬᠠᠮᠢᠶᠠᠷᠴᠤ ᠪᠣᠯᠣᠨ᠎ᠠ᠃ | ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠨᠡᠶᠢᠭᠡᠮᠯᠢᠭ ᠵᠡᠷᠭᠡ ᠳᠠᠭᠠᠭᠠᠴᠢᠯᠠᠨ ᠬᠢᠬᠦ ᠭᠤᠣᠯ | ᠴᠣᠭᠴᠠ ᠨᠢ ᠡᠳ᠋ ᠤᠨ ᠶᠠᠪᠤᠳᠠᠯ ᠤᠨ ᠪᠡᠯᠡ ᠣᠷᠣᠭᠤᠯᠤᠭᠴᠢ ᠪᠣᠯᠤᠭᠰᠠᠨ ᠤ ᠬᠤᠪᠢ ᠳᠤ᠂ ᠬᠤᠪᠢᠶᠠᠷᠢᠯᠠᠨ | ᠣᠷᠣᠭᠤᠯᠤᠭᠰᠠᠨ ᠤᠯᠤᠰ ᠤᠨ ᠦᠮᠴᠢᠯᠠᠯᠲᠦ ᠰᠲ᠋ᠣᠺ ᠤᠨ ᠡᠷᠬᠡ ᠳᠤ ᠠᠰᠢᠭ ᠤᠯᠬᠤ ᠡᠷᠬᠡ ᠪᠣᠯᠣᠨ ᠰᠢᠶᠳᠪᠦᠷᠢᠯᠡᠬᠦ | ᠡᠷᠬᠡ ᠶᠢ ᠡᠳ᠋ᠯᠡᠵᠦ᠂ ᠠᠵᠤ ᠠᠬᠤᠶᠢᠯᠠᠯ ᠤᠨ ᠡᠳᠦᠷ ᠲᠤᠳᠤᠮ ᠤᠨ ᠦᠢᠯᠡᠳᠪᠦᠷᠢᠯᠡᠯ ᠡᠵᠡᠩᠨᠡᠯᠲᠡ ᠬᠠᠮᠢᠶᠠᠷᠤᠯᠲᠠ ᠳᠤ | ᠭᠠᠷ ᠳᠦᠷᠦᠬᠦ ᠦᠭᠡᠢ᠃ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠨᠡᠶᠢᠭᠡᠮᠯᠢᠭ ᠵᠡᠷᠭᠡ ᠳᠠᠭᠠᠭᠠᠴᠢᠯᠠᠨ | ᠬᠢᠬᠦ ᠭᠤᠣᠯ ᠴᠣᠭᠴᠠ ᠶᠢᠨ ᠠᠰᠢᠭ ᠣᠷᠣᠯᠭ᠎ᠠ ᠨᠢ ᠭᠤᠣᠯᠳᠠᠭᠤ ᠰᠲ᠋ᠣᠺ ᠤᠨ ᠡᠷᠬᠡ ᠶᠢᠨ ᠠᠰᠢᠭ ᠣᠷᠣᠯᠭ᠎ᠠ | ᠬᠤᠪᠢᠶᠠᠬᠤ ᠠᠴᠠ ᠢᠷᠡᠯᠲᠡ ᠲᠠᠢ᠃ ᠬᠤᠪᠢᠶᠠᠷᠢᠯᠠᠨ ᠰᠢᠯᠵᠢᠭᠦᠯᠦᠭᠰᠡᠨ ᠤᠯᠤᠰ ᠤᠨ ᠦᠮᠴᠢᠯᠠᠯᠲᠦ ᠰᠲ᠋ᠣᠺ ᠤᠨ | ᠡᠷᠬᠡ ᠳᠤ᠂ ᠲᠣᠭᠲᠠᠭᠠᠯ ᠶᠣᠰᠣᠭᠠᠷ ᠵᠣᠬᠢᠴᠠᠩᠭᠤᠶ ᠪᠣᠷᠣᠯᠠᠭᠤᠯᠬᠤ ᠶᠢ ᠴᠠᠭᠠᠵᠠᠯᠠᠭᠰᠠᠨ ᠬᠤᠭᠤᠴᠠᠭᠠᠨ ᠤ ᠡᠭᠦᠷᠭᠡ ᠶᠢ | ᠭᠦᠢᠴᠡᠳᠬᠡᠬᠦ ᠬᠡᠷᠡᠭᠲᠡᠶ᠃ ᠤᠯᠤᠰ ᠠᠴᠠ ᠲᠣᠭᠲᠠᠭᠠᠭᠰᠠᠨ ᠤᠯᠤᠰ ᠤᠨ ᠦᠮᠴᠢᠯᠠᠯᠲᠦ ᠣᠨᠴᠠᠭᠠᠶ ᠰᠲ᠋ᠣᠺ | ᠡᠵᠡᠮᠰᠢᠯ ᠤᠨ ᠬᠠᠷᠢᠴᠠᠯ ᠪᠤᠶᠤ ᠱᠠᠭᠠᠷᠳᠠᠯᠭ᠎ᠠ ᠶᠢ ᠪᠠᠲᠤᠯᠠᠬᠤ ᠬᠡᠷᠡᠭᠲᠡᠢ ᠠᠵᠤ ᠠᠬᠤᠶᠢᠯᠠᠯ ᠢ ᠭᠠᠷᠭᠠᠪᠠᠯ᠂ | ᠳᠠᠭᠠᠭᠠᠴᠢᠯᠠᠨ ᠬᠢᠬᠦ ᠭᠤᠣᠯ ᠴᠣᠭᠴᠠ ᠨᠢ ᠵᠥᠪᠰᠢᠶᠡᠷᠡᠭᠦᠯᠬᠦ ᠪᠠᠷ ᠳᠠᠮᠵᠢᠭᠠᠳ ᠤᠯᠤᠰ ᠤᠨ ᠦᠮᠴᠢᠯᠠᠯᠲᠦ | ᠬᠦᠷᠦᠩᠭᠡ ᠶᠢᠨ ᠠᠵᠢᠯᠯᠠᠭᠠᠨ ᠢᠶᠠᠷ ᠠᠰᠢᠭ ᠣᠷᠣᠯᠭ᠎ᠠ ᠣᠯᠵᠤ ᠪᠣᠯᠤᠨ᠎ᠠ᠃ | ᠲᠤᠯᠤᠭ᠎ᠠ᠂ ᠠᠰᠠᠭᠤᠯᠲᠠ᠄ ᠬᠤᠪᠢᠶᠠᠷᠢᠯᠠᠨ ᠰᠢᠯᠵᠢᠭᠦᠯᠦᠭᠰᠡᠨ ᠤᠯᠤᠰ ᠤᠨ ᠦᠮᠴᠢᠯᠡᠯᠲᠦ ᠬᠡᠰᠡᠭ | ᠬᠦᠷᠦᠩᠭᠡ ᠪᠠᠷ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢ ᠲᠡᠭᠦᠯᠳᠡᠷᠵᠢᠭᠦᠯᠬᠦ ᠳᠤ ᠵᠠᠬ᠎ᠠ ᠳᠡᠯᠭᠡᠭᠦᠷ ᠲᠤ | ᠭᠠᠷᠤᠭᠰᠠᠨ ᠠᠵᠤ ᠠᠬᠤᠶᠢᠯᠠᠯ ᠤᠨ ᠰᠲ᠋ᠣᠺ ᠤᠨ ᠡᠷᠬᠡ ᠶᠢᠨ ᠬᠤᠪᠢᠷᠠᠯᠲᠠ ᠳᠤ ᠬᠤᠯᠪᠣᠭᠳᠠᠨ᠎ᠠ ᠤᠤ︖ | ᠬᠦᠷᠦᠩᠭᠡ ᠶᠢᠨ ᠵᠠᠬ᠎ᠠ ᠳᠡᠯᠭᠡᠭᠦᠷ ᠲᠤ ᠶᠠᠮᠠᠷ ᠨᠥᠯᠥᠭᠡ ᠦᠵᠡᠭᠦᠯᠬᠦ ᠪᠤᠢ︖ | ᠬᠠᠷᠢᠭᠤᠯᠲᠠ᠄ ᠬᠤᠪᠢᠶᠠᠷᠢᠯᠠᠨ ᠰᠢᠯᠵᠢᠭᠦᠯᠦᠭᠰᠡᠨ ᠤᠯᠤᠰ ᠤᠨ ᠦᠮᠴᠢᠯᠠᠯᠲᠦ ᠬᠡᠰᠡᠭ ᠬᠦᠷᠦᠩᠭᠡ ᠪᠠᠷ | ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢ ᠲᠡᠭᠦᠯᠳᠡᠷᠵᠢᠭᠦᠯᠬᠦ ᠳᠤ᠂ ᠬᠤᠪᠢᠶᠠᠷᠢᠯᠠᠨ ᠰᠢᠯᠵᠢᠭᠦᠯᠬᠦ ᠭᠤᠣᠯ | ᠡᠲᠡᠭᠡᠳ ᠨᠢ ᠲᠥᠪ ᠤᠨ ᠪᠠ ᠣᠷᠣᠨ ᠨᠤᠲᠤᠭ ᠤᠨ ᠠᠵᠤ ᠠᠬᠤᠶᠢᠯᠠᠯ ᠤᠨ ᠪᠦᠯᠦᠭᠯᠡᠯ ᠤᠨ ᠰᠲ᠋ᠣᠺ ᠤᠨ ᠡᠷᠬᠡ | ᠪᠠᠶᠢᠵᠤ᠂ ᠡᠩ ᠤᠨ ᠪᠠᠶᠢᠳᠠᠯ ᠳᠣᠣᠷ᠎ᠠ ᠵᠠᠬ᠎ᠠ ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ ᠯᠤᠭ᠎ᠠ ᠬᠤᠯᠪᠣᠭᠳᠠᠬᠤ | ᠦᠭᠡᠢ᠃ ᠪᠠᠭ᠎ᠠ ᠬᠡᠮᠵᠢᠶᠡᠨ ᠳᠤ ᠬᠤᠯᠪᠣᠭᠳᠠᠭᠰᠠᠨ ᠵᠠᠬ᠎ᠠ ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ ᠪᠣᠯ᠂ | ᠬᠤᠪᠢᠶᠠᠷᠢᠯᠠᠨ ᠰᠢᠯᠵᠢᠭᠦᠯᠬᠦ ᠨᠢ ᠤᠤᠯ ᠤᠨ ᠤᠯᠤᠰ ᠤᠨ ᠦᠮᠴᠢᠯᠠᠯᠲᠦ ᠬᠤᠪᠢ ᠣᠷᠣᠭᠤᠯᠤᠭᠴᠢ ᠨᠢ ᠲᠡᠭᠦᠨ ᠤ | 10% ᠶᠢᠨ ᠰᠲ᠋ᠣᠺ ᠤᠨ ᠡᠷᠬᠡ ᠶᠢ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠨᠡᠶᠢᠭᠡᠮᠯᠢᠭ ᠵᠡᠷᠭᠡ | ᠳᠠᠭᠠᠭᠠᠴᠢᠯᠠᠨ ᠬᠢᠬᠦ ᠭᠤᠣᠯ ᠴᠣᠭᠴᠠ ᠰᠢᠯᠵᠢᠭᠦᠯᠦᠭᠰᠡᠨ ᠪᠠᠶᠢᠵᠤ᠂ ᠤᠯᠤᠰ ᠤᠨ ᠦᠮᠴᠢᠯᠠᠯᠲᠦ ᠰᠲ᠋ᠣᠺ ᠤᠨ | ᠡᠷᠬᠡ ᠶᠢᠨ ᠤᠯᠠᠨ ᠡᠰᠢᠵᠢᠭᠦᠯᠦᠨ ᠡᠵᠡᠮᠰᠢᠬᠦ ᠳᠤ ᠬᠠᠷᠢᠶᠠᠯᠠᠭᠳᠠᠨ᠂ ᠠᠵᠤ ᠠᠬᠤᠶᠢᠯᠠᠯ ᠤᠨ ᠤᠯᠤᠰ ᠤᠨ ᠦᠮᠴᠢᠯᠠᠯᠲᠦ | ᠰᠲ᠋ᠣᠺ ᠤᠨ ᠡᠷᠬᠡ ᠶᠢᠨ ᠰᠢᠨᠵᠢ ᠴᠢᠨᠠᠷ ᠪᠣᠯᠣᠨ ᠶᠡᠷᠦᠩᠬᠡᠶ ᠬᠡᠮᠵᠢᠶ᠎ᠡ ᠶᠢ ᠬᠤᠪᠢᠷᠠᠭᠤᠯᠬᠤ ᠦᠭᠡᠢ᠃ ᠨᠡᠶᠢᠭᠡᠮ ᠤᠨ | ᠳᠠᠭᠠᠳᠬᠠᠯ ᠤᠨ ᠰᠠᠭᠤᠷᠢ ᠮᠥᠩᠭᠦᠨ ᠤ ᠨᠡᠶᠢᠭᠡᠮᠯᠢᠭ ᠵᠡᠷᠭᠡ ᠳᠠᠭᠠᠭᠠᠴᠢᠯᠠᠨ ᠬᠢᠬᠦ ᠭᠤᠣᠯ ᠴᠣᠭᠴᠠ ᠨᠢ ᠡᠳ᠋ ᠤᠨ | ᠶᠠᠪᠤᠳᠠᠯ ᠤᠨ ᠤᠷᠳᠤ ᠬᠤᠭᠤᠴᠠᠭᠠᠨ ᠤ ᠪᠡᠯᠡ ᠣᠷᠣᠭᠤᠯᠤᠭᠴᠢ ᠪᠣᠯᠤᠭᠰᠠᠨ ᠤ ᠬᠤᠪᠢ ᠳᠤ᠂ ᠰᠲ᠋ᠣᠺ ᠤᠨ ᠡᠷᠬᠡ ᠶᠢᠨ | ᠠᠰᠢᠭ ᠬᠤᠪᠢᠶᠠᠬᠤ ᠪᠠᠷ ᠭᠤᠣᠯ ᠪᠣᠯᠭᠠᠨ᠎ᠠ᠃ ᠵᠠᠬ᠎ᠠ ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ ᠳᠤ | ᠬᠤᠯᠪᠣᠭᠳᠠᠬᠤ ᠬᠤᠪᠢᠶᠠᠷᠢᠯᠠᠨ ᠰᠢᠯᠵᠢᠭᠦᠯᠬᠦ ᠨᠢ᠂ ᠤᠳᠤ ᠶᠢᠨ ᠬᠡᠷᠡᠭᠵᠢᠭᠦᠯᠵᠦ ᠪᠠᠶᠢᠭ᠎ᠠ ᠬᠠᠮᠢᠶᠠᠷᠤᠯᠲᠠ ᠶᠢᠨ | ᠪᠠᠶᠢᠭᠤᠯᠤᠯ ᠪᠣᠯᠣᠨ ᠠᠷᠭ᠎ᠠ ᠮᠠᠶ᠋ᠢᠭ ᠢ ᠬᠤᠯᠪᠣᠭᠳᠠᠬᠤ ᠦᠭᠡᠢ ᠶᠤᠮ᠃ ᠨᠡᠶᠢᠭᠡᠮ ᠤᠨ ᠳᠠᠭᠠᠳᠬᠠᠯ ᠤᠨ ᠰᠠᠭᠤᠷᠢ | ᠮᠥᠩᠭᠦᠨ ᠤ ᠨᠡᠶᠢᠭᠡᠮᠯᠢᠭ ᠵᠡᠷᠭᠡ ᠳᠠᠭᠠᠭᠠᠴᠢᠯᠠᠨ ᠠᠪᠬᠤ ᠭᠤᠣᠯ ᠴᠣᠭᠴᠠ ᠨᠢ ᠵᠠᠬ᠎ᠠ ᠳᠡᠯᠭᠡᠭᠦᠷ ᠲᠤ ᠭᠠᠷᠤᠭᠰᠠᠨ | ᠠᠵᠤ ᠠᠬᠤᠶᠢᠯᠠᠯ ᠤᠨ ᠤᠯᠤᠰ ᠤᠨ ᠦᠮᠴᠢᠯᠠᠯᠲᠦ ᠬᠤᠪᠢ ᠣᠷᠣᠭᠤᠯᠤᠭᠴᠢ ᠶᠢᠨ ᠨᠢᠭᠡ ᠪᠣᠯᠣᠭᠰᠠᠨ ᠤ ᠬᠤᠪᠢ ᠳᠤ᠂ | ᠭᠦᠢᠴᠡᠳᠬᠡᠬᠦ ᠲᠥᠰᠦᠯ ᠳᠠᠬᠢ ᠬᠤᠯᠪᠣᠭᠳᠠᠯ ᠪᠦᠬᠦᠢ ᠪᠣᠷᠣᠯᠠᠭᠤᠯᠬᠤ ᠶᠢ ᠴᠠᠭᠠᠵᠠᠯᠠᠬᠤ ᠬᠤᠭᠤᠴᠠᠭᠠᠨ ᠤ ᠡᠭᠦᠷᠭᠡ ᠶᠢ | ᠡᠭᠦᠷᠭᠡᠯᠡᠬᠦ ᠠᠴᠠ ᠭᠠᠳᠠᠨ᠎ᠠ᠂ ᠤᠯᠤᠰ ᠤᠨ ᠦᠮᠴᠢᠯᠠᠯᠲᠦ ᠰᠲ᠋ᠣᠺ ᠤᠨ ᠡᠷᠬᠡ ᠶᠢ ᠬᠤᠪᠢᠷᠠᠭᠤᠯᠬᠤ ᠵᠡᠷᠭᠡ ᠵᠦᠢᠯᠡᠰ ᠨᠢ | ᠤᠯᠤᠰ ᠤᠨ ᠦᠮᠴᠢᠯᠡᠯᠲᠦ ᠰᠲ᠋ᠣᠺ ᠤᠨ ᠡᠷᠬᠡ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠲᠦᠷᠢᠮ ᠤᠨ ᠲᠣᠭᠲᠠᠭᠠᠯ | ᠶᠣᠰᠣᠭᠠᠷ ᠭᠦᠢᠴᠡᠳᠬᠡᠬᠦ ᠴᠢᠬᠤᠯᠠᠲᠠᠢ᠃ ᠡᠭᠦᠨ ᠤ ᠵᠡᠷᠭᠡᠴᠡᠭᠡᠪᠡᠷ᠂ ᠨᠡᠶᠢᠭᠡᠮ ᠤᠨ ᠳᠠᠭᠠᠳᠬᠠᠯ ᠤᠨ ᠰᠠᠭᠤᠷᠢ | ᠮᠥᠩᠭᠦᠨ ᠤ ᠨᠡᠶᠢᠭᠡᠮᠯᠢᠭ ᠵᠡᠷᠭᠡ ᠳᠠᠭᠠᠭᠠᠴᠢᠯᠠᠨ ᠠᠪᠬᠤ ᠭᠤᠣᠯ ᠴᠣᠭᠴᠠ ᠨᠢ ᠰᠲ᠋ᠣᠺ ᠡᠵᠡᠮᠰᠢᠬᠦ ᠳᠤ ᠣᠷᠣᠯᠴᠠᠬᠤ ᠨᠢ᠂ | ᠵᠠᠬ᠎ᠠ ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠵᠠᠰᠠᠯᠲᠠ ᠶᠢᠨ ᠪᠦᠲᠦᠴᠡ ᠶᠢ | ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠠᠵᠤ ᠠᠬᠤᠶᠢᠯᠠᠯ ᠤᠨ ᠡᠵᠡᠩᠨᠡᠯᠲᠡ ᠶᠢᠨ ᠬᠢᠷᠢ ᠲᠥᠪᠰᠢᠨ ᠢ | ᠳᠡᠭᠡᠭᠰᠢᠯᠡᠭᠦᠯᠬᠦ ᠳᠤ ᠠᠰᠢᠭᠲᠠᠢ ᠪᠠᠶᠢᠵᠤ᠂ ᠭᠦᠷᠤᠩᠭᠡ ᠶᠢᠨ ᠵᠠᠬ᠎ᠠ ᠳᠡᠯᠭᠡᠭᠦᠷ ᠲᠤ ᠵᠥᠪ ᠲᠠᠯ᠎ᠠ ᠶᠢᠨ ᠢᠳᠡᠪᠬᠢᠲᠡᠶ | ᠨᠥᠯᠥᠭᠡ ᠭᠠᠷᠭᠠᠬᠤ ᠪᠣᠯᠤᠨ᠎ᠠ᠃ | ᠨᠠᠢᠮᠠ᠂ ᠠᠰᠠᠭᠤᠯᠲᠠ᠄ ᠬᠤᠪᠢᠶᠠᠷᠢᠯᠠᠨ ᠰᠢᠯᠵᠢᠭᠦᠯᠬᠦ ᠠᠵᠢᠯ ᠢ ᠬᠡᠷᠬᠢᠨ ᠲᠥᠯᠬᠢᠨ ᠠᠬᠢᠭᠤᠯᠬᠤ ᠪᠤᠢ︖ | ᠬᠠᠷᠢᠭᠤᠯᠲᠠ᠄ ᠬᠤᠪᠢᠶᠠᠷᠢᠯᠠᠨ ᠰᠢᠯᠵᠢᠭᠦᠯᠬᠦ ᠠᠵᠢᠯ ᠤᠨ ᠬᠤᠯᠪᠣᠭᠳᠠᠬᠤ ᠬᠡᠪᠴᠢᠶ᠎ᠡ ᠨᠢ ᠥᠷᠭᠡᠨ ᠪᠠᠶᠢᠬᠤ ᠶᠢ | ᠪᠣᠳᠣᠯᠬᠢᠯᠠᠨ᠂ ︽ᠲᠥᠰᠦᠯ︾ ᠳᠤ ᠳᠤᠷᠠᠳᠤᠭᠰᠠᠨ ᠨᠢ᠂ ᠲᠤᠷᠰᠢᠯᠲᠠ ᠶᠢᠨ ᠴᠢᠭ᠋ ᠤᠷᠢᠳᠠᠪᠡᠷ ᠬᠡᠷᠡᠭᠵᠢᠭᠦᠯᠦᠨ᠂ | ᠱᠠᠳᠤ ᠬᠤᠪᠢᠶᠠᠨ ᠵᠣᠬᠢᠶᠠᠨ ᠪᠠᠶᠢᠭᠤᠯᠵᠤ᠂ ᠯᠠᠪᠳᠠᠭᠤᠨ ᠲᠣᠭᠲᠠᠭᠤᠨ ᠢᠶᠠᠷ ᠲᠦᠯᠬᠢᠨ ᠠᠬᠢᠭᠤᠯᠬᠤ ᠵᠠᠷᠴᠢᠮ ᠢᠶᠠᠷ | ᠬᠤᠪᠢᠶᠠᠷᠢᠯᠠᠨ ᠰᠢᠯᠵᠢᠭᠦᠯᠬᠦ ᠠᠵᠢᠯ ᠢ ᠪᠡᠶᠡᠯᠡᠭᠦᠯᠦᠨ᠎ᠡ᠃ ᠨᠢᠭᠡᠳᠦᠭᠡᠷ ᠠᠯᠬᠤᠮ ᠳᠤ᠂ 2017 ᠣᠨ ᠳᠤ ᠲᠥᠪ ᠤᠨ | ᠬᠡᠰᠡᠭ ᠠᠵᠤ ᠠᠬᠤᠶᠢᠯᠠᠯ ᠪᠣᠯᠣᠨ ᠬᠡᠰᠡᠭ ᠮᠤᠵᠢ ᠣᠷᠣᠨ ᠢ ᠰᠤᠩᠭᠤᠨ ᠲᠤᠷᠰᠢᠯᠲᠠ ᠬᠢᠵᠡᠶ᠃ ᠲᠥᠪ ᠤᠨ ᠠᠵᠤ | ᠠᠬᠤᠶᠢᠯᠠᠯ ᠳᠤ ᠲᠦᠷᠦ ᠶᠢᠨ ᠶᠠᠪᠤᠳᠠᠯ ᠤᠨ ᠬᠤᠷᠢᠶᠠᠨ ᠤ ᠤᠯᠤᠰ ᠤᠨ ᠦᠮᠴᠢᠯᠡᠯᠲᠦ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠵᠥᠪᠯᠡᠯ ᠤᠨ ᠬᠢᠨᠠᠨ ᠬᠠᠮᠢᠶᠠᠷᠴᠤ ᠪᠠᠶᠢᠭ᠎ᠠ ᠲᠥᠪ ᠤᠨ ᠬᠠᠮᠢᠶᠠᠷᠤᠯᠲᠠ ᠶᠢᠨ 3 ᠠᠴᠠ 5 ᠠᠵᠤ | ᠠᠬᠤᠶᠢᠯᠠᠯ ᠪᠠ ᠲᠥᠪ ᠤᠨ ᠮᠥᠩᠭᠦᠨ ᠭᠦᠢᠯᠭᠡᠭᠡᠨ ᠤ 2 ᠪᠠᠶᠢᠭᠤᠯᠤᠮᠵᠢ ᠪᠠᠭᠲᠠᠨ᠎ᠠ᠃ ᠲᠤᠷᠰᠢᠯᠲᠠ ᠶᠢᠨ ᠴᠢᠭ᠋ ᠤᠨ | ᠮᠤᠵᠢ ᠶᠢᠨ ᠰᠠᠯᠭᠠᠨ ᠰᠢᠯᠵᠢᠭᠦᠯᠬᠦ ᠠᠵᠢᠯ ᠢ ᠬᠤᠯᠪᠣᠭᠳᠠᠯ ᠪᠦᠬᠦᠢ ᠮᠤᠵᠢ ︵ᠣᠷᠣᠨ᠂ ᠬᠤᠳᠠ︶ ᠶᠢᠨ ᠠᠷᠠᠳ ᠤᠨ | ᠵᠠᠰᠠᠭ ᠤᠨ ᠣᠷᠳᠣᠨ ᠪᠣᠳᠠᠲᠠᠶ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠶᠠᠳᠤᠭᠠᠷ ᠠᠯᠬᠤᠮ ᠳᠤ᠂ | ᠲᠤᠷᠰᠢᠯᠲᠠ ᠶᠢᠨ ᠲᠤᠷᠰᠢᠯᠭ᠎ᠠ ᠶᠢ ᠳ᠋ᠦᠩᠨᠡᠭᠰᠡᠨ ᠰᠠᠭᠤᠷᠢᠨ ᠳᠡᠭᠡᠷ᠎ᠡ᠂ 2018 ᠣᠨ ᠵᠢᠴᠢ ᠲᠡᠭᠦᠨ ᠤ ᠳᠠᠷᠠᠭ᠎ᠠ᠂ | ᠪᠦᠯᠦᠭ ᠬᠤᠪᠢᠶᠠᠨ ᠬᠤᠪᠢᠶᠠᠷᠢᠯᠠᠨ ᠰᠢᠯᠵᠢᠭᠦᠯᠵᠦ᠂ ᠬᠤᠪᠢᠶᠠᠷᠢᠯᠠᠨ ᠰᠢᠯᠵᠢᠭᠦᠯᠬᠦ ᠠᠵᠢᠯ ᠢ ᠲᠦᠷᠭᠡᠬᠡᠨ ᠪᠡᠶᠡᠯᠡᠭᠦᠯᠬᠦ | ᠬᠡᠷᠡᠭᠲᠡᠢ ᠭᠡᠵᠡᠢ᠃ | ᠶᠢᠰᠦ᠂ ᠠᠰᠠᠭᠤᠯᠲᠠ᠄ ︽ᠲᠥᠰᠦᠯ︾ ᠳᠤ ᠶᠠᠮᠠᠷ ᠶᠠᠮᠠᠷ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠪᠠᠶᠢᠳᠠᠭ | ᠪᠤᠢ︖ | ᠬᠠᠷᠢᠭᠤᠯᠲᠠ᠄ ᠨᠢᠭᠡ ᠳᠤ ᠬᠤᠪᠢᠶᠠᠷᠢᠯᠠᠨ ᠰᠢᠯᠵᠢᠭᠦᠯᠬᠦ ᠠᠵᠢᠯ ᠢ ᠪᠣᠳᠠᠲᠠᠶ ᠭᠠᠵᠠᠷ ᠲᠤᠨᠢ | ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂ ︽ᠲᠥᠰᠦᠯ︾ ᠢ ᠳᠠᠷᠤᠮᠠᠯᠯᠠᠨ ᠲᠠᠷᠬᠠᠭᠠᠭᠰᠠᠨ | ᠡᠳᠦᠷ ᠠᠴᠠ ᠡᠬᠢᠯᠡᠨ᠂ ᠬᠤᠪᠢᠶᠠᠷᠢᠯᠠᠨ ᠰᠢᠯᠵᠢᠭᠦᠯᠦᠭᠰᠡᠨ ᠬᠡᠪᠴᠢᠶᠡᠨ ᠳᠠᠬᠢ ᠠᠵᠤ ᠠᠬᠤᠶᠢᠯᠠᠯ ᠨᠢ ᠴᠢᠬᠤᠯᠠ ᠶᠡᠭᠡ | ᠳᠠᠪᠲᠠᠨ ᠪᠦᠯᠦᠭᠯᠡᠬᠦ ᠶᠢ ᠬᠡᠷᠡᠭᠵᠢᠭᠦᠯᠦᠨ᠂ ᠳᠦᠷᠢᠮ ᠢ ᠥᠭᠡᠷᠡᠴᠢᠯᠡᠨ ᠵᠠᠬ᠎ᠠ ᠳᠡᠯᠭᠡᠭᠦᠷ ᠲᠤ ᠭᠠᠷᠬᠤ ᠪᠤᠶᠤ | ᠥᠭᠡᠷᠡᠴᠢᠯᠡᠨ ᠪᠠᠶᠢᠭᠤᠯᠵᠤ ᠤᠯᠤᠰ ᠤᠨ ᠦᠮᠴᠢᠯᠡᠯᠲᠦ ᠬᠥᠷᠦᠩᠭᠡ ᠶᠢᠨ ᠪᠡᠯᠡ ᠣᠷᠣᠭᠤᠯᠤᠯᠲᠠ ᠡᠵᠡᠩᠨᠡᠯᠲᠡ ᠶᠢᠨ | ᠺᠣᠮᠫᠠᠨᠢ ᠵᠡᠷᠭᠡ ᠤᠯᠤᠰ ᠤᠨ ᠦᠮᠴᠢᠯᠡᠯᠲᠦ ᠰᠲ᠋ᠣᠺ ᠤᠨ ᠡᠷᠬᠡ ᠶᠢᠨ ᠬᠤᠪᠢᠷᠠᠯᠲᠠ ᠯᠤᠭ᠎ᠠ ᠬᠤᠯᠪᠣᠭᠳᠠᠭᠰᠠᠨ | ᠥᠭᠡᠷᠡᠴᠢᠯᠡᠯᠲᠡ ᠶᠢᠨ ᠵᠦᠢᠯᠡᠰ ᠪᠣᠯᠭᠠᠨ ᠵᠣᠬᠢᠶᠠᠨ ᠪᠠᠶᠢᠭᠤᠯᠵᠤ᠂ ᠠᠵᠤ ᠠᠬᠤᠶᠢᠯᠠᠯ ᠤᠨ ᠥᠭᠡᠷᠡᠴᠢᠯᠡᠯᠲᠡ ᠶᠢᠨ | ᠲᠥᠰᠦᠯ ᠢ ᠤᠯᠤᠰ ᠤᠨ ᠥᠮᠴᠢᠯᠡᠯ ᠤᠨ ᠪᠠᠯᠠ ᠬᠥᠷᠥᠩᠭᠡ ᠠᠴᠠ ᠬᠤᠪᠢᠶᠠᠷᠢᠯᠠᠨ ᠰᠢᠯᠵᠢᠭᠦᠯᠬᠦ ᠲᠥᠰᠦᠯ ᠲᠠᠢ | ᠨᠢᠭᠡᠳᠦᠯᠲᠡᠶ ᠲᠥᠯᠥᠪᠯᠡᠨ ᠪᠣᠳᠣᠯᠬᠢᠯᠠᠨ᠎ᠠ᠃ ᠬᠤᠶᠠᠷ ᠲᠤ ᠬᠤᠪᠢᠶᠠᠷᠢᠯᠠᠨ ᠰᠢᠯᠵᠢᠭᠦᠯᠦᠭᠰᠡᠨ ᠤᠯᠤᠰ ᠤᠨ | ᠦᠮᠴᠢᠯᠡᠯᠲᠦ ᠰᠲ᠋ᠣᠺ ᠤᠨ ᠡᠷᠬᠡ ᠳᠤ ᠵᠦᠢ ᠵᠣᠬᠢᠰᠲᠠᠶ ᠠᠰᠢᠭ ᠬᠤᠪᠢᠶᠠᠷᠢᠯᠠᠬᠤ ᠲᠣᠭᠲᠠᠴᠠ ᠶᠢ ᠰᠦᠪᠡᠭᠴᠢᠯᠡᠨ | ᠪᠠᠶᠢᠭᠤᠯᠤᠨ᠎ᠠ᠃ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠨᠡᠶᠢᠭᠡᠮᠯᠢᠭ ᠵᠡᠷᠭᠡ ᠳᠠᠭᠠᠭᠠᠴᠢᠯᠠᠨ ᠬᠢᠬᠦ | ᠭᠤᠣᠯ ᠴᠣᠭᠴᠠ ᠶᠢᠨ ᠡᠵᠡᠮᠰᠢᠵᠦ ᠪᠠᠶᠢᠭ᠎ᠠ ᠰᠲ᠋ᠣᠺ ᠤᠨ ᠡᠷᠬᠡ ᠶᠢᠨ ᠠᠰᠢᠭ ᠣᠷᠣᠯᠭ᠎ᠠ ᠪᠠ ᠬᠦᠷᠦᠩᠭᠡ ᠶᠢᠨ | ᠠᠵᠢᠯᠯᠠᠭᠠᠨ ᠤ ᠠᠰᠢᠭ ᠣᠷᠣᠯᠭ᠎ᠠ ᠶᠢ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ | ᠮᠥᠩᠭᠦ ᠶᠢᠨ ᠳᠤᠲᠠᠭᠤᠳᠠᠯ ᠢ ᠨᠥᠬᠦᠪᠥᠷᠢᠯᠡᠬᠦ ᠳᠤ ᠲᠤᠰᠬᠠᠶᠢᠯᠠᠨ ᠬᠡᠷᠡᠭᠯᠡᠵᠦ᠂ ᠤᠯᠤᠰ ᠤᠨ ᠦᠮᠴᠢᠯᠡᠯᠲᠦ ᠬᠥᠷᠥᠩᠭᠡ | ᠡᠵᠡᠩᠨᠡᠯᠲᠡ ᠶᠢᠨ ᠲᠥᠰᠦᠪ ᠤᠨ ᠬᠠᠮᠢᠶᠠᠷᠤᠯᠲᠠ ᠳᠤ ᠣᠷᠣᠭᠤᠯᠬᠤ ᠦᠭᠡᠢ᠃ ᠭᠤᠷᠪᠠ ᠳᠤ ᠨᠡᠶᠢᠭᠡᠮ ᠤᠨ | ᠳᠠᠭᠠᠳᠬᠠᠯ ᠤᠨ ᠰᠠᠭᠤᠷᠢ ᠮᠥᠩᠭᠦᠨ ᠤ ᠨᠡᠶᠢᠭᠡᠮᠯᠢᠭ ᠵᠡᠷᠭᠡ ᠳᠠᠭᠠᠭᠠᠴᠢᠯᠠᠨ ᠬᠢᠬᠦ ᠭᠤᠣᠯ ᠴᠣᠭᠴᠠ ᠶᠢᠨ ᠡᠵᠡᠮᠰᠢᠵᠦ | ᠪᠠᠶᠢᠭ᠎ᠠ ᠤᠯᠤᠰ ᠤᠨ ᠦᠮᠴᠢᠯᠡᠯᠲᠦ ᠬᠦᠷᠦᠩᠭᠡ ᠶᠢᠨ ᠠᠰᠢᠭ ᠣᠯᠵᠠᠪᠤᠷᠢ ᠶᠢ ᠠᠳᠠᠯᠢ ᠱᠠᠲᠤᠨ ᠤ ᠡᠳ᠋ ᠤᠨ ᠵᠠᠰᠠᠭ ᠤᠨ | ᠰᠠᠯᠠᠭ᠎ᠠ ᠮᠥᠴᠢᠷ ᠤᠨ ᠬᠢᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢᠨ | ᠵᠠᠷᠤᠯᠭ᠎ᠠ ᠶᠢᠨ ᠬᠡᠷᠡᠭᠴᠡᠭᠡ ᠪᠣᠯᠣᠨ ᠤᠯᠤᠰ ᠤᠨ ᠥᠮᠴᠢᠯᠡᠯ ᠤᠨ ᠠᠰᠢᠭ ᠣᠷᠣᠯᠭ᠎ᠠ ᠶᠢᠨ ᠪᠠᠶᠢᠳᠠᠯ ᠢ ᠨᠢᠭᠡᠳᠦᠯᠲᠡᠢ | ᠲᠥᠯᠥᠪᠯᠡᠨ ᠪᠣᠳᠣᠯᠬᠢᠯᠠᠵᠤ ᠪᠠᠶᠢᠭᠠᠳ᠂ ᠴᠠᠭ ᠲᠣᠬᠠᠢ ᠳᠤᠨᠢ ᠲᠣᠬᠢᠷᠠᠭᠤᠯᠤᠨ ᠰᠦᠢᠳᠬᠡᠯ ᠬᠤᠷᠢᠶᠠᠬᠤ ᠶᠢ | ᠬᠡᠷᠡᠭᠵᠢᠭᠦᠯᠦᠨ᠎ᠡ᠃ ᠲᠦᠷᠪᠡ ᠳᠤ ᠲᠦᠷᠦ ᠶᠢᠨ ᠪᠤᠳᠤᠯᠭ᠎ᠠ ᠶᠢ ᠨᠢᠭᠡᠳᠦᠯᠭᠡᠵᠢᠭᠦᠯᠬᠦ ᠶᠢᠨ ᠲᠥᠯᠥᠭᠡ᠂ | ᠳᠠᠪᠬᠤᠷᠳᠠᠭᠤᠯᠤᠨ ᠬᠤᠪᠢᠶᠠᠷᠢᠯᠠᠨ ᠰᠢᠯᠵᠢᠭᠦᠯᠬᠦ ᠠᠴᠠ ᠵᠠᠶᠢᠯᠠᠰᠬᠢᠨ᠂ ︽ᠲᠥᠰᠦᠯ︾ ᠢ ᠳᠠᠷᠤᠮᠠᠯᠯᠠᠨ ᠲᠠᠷᠬᠠᠭᠠᠭᠰᠠᠨ | ᠡᠳᠦᠷ ᠠᠴᠠ ᠡᠬᠢᠯᠡᠨ᠂ ᠤᠳᠤ ᠶᠢᠨ ᠬᠡᠷᠡᠭᠵᠢᠭᠦᠯᠵᠦ ᠪᠠᠶᠢᠭ᠎ᠠ ᠤᠯᠤᠰ ᠤᠨ ᠦᠮᠴᠢᠯᠠᠯᠲᠦ ᠬᠤᠪᠢ ᠶᠢᠨ ᠡᠷᠬᠡ ᠶᠢ | ᠰᠢᠯᠵᠢᠭᠦᠯᠦᠨ ︵ᠬᠠᠰᠤᠬᠤ︶ ᠠᠪᠴᠤ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠴᠤᠭᠯᠠᠭᠤᠯᠬᠤ ᠲᠦᠷᠦ ᠶᠢᠨ | ᠪᠤᠳᠤᠯᠭ᠎ᠠ ᠶᠢ ᠬᠡᠷᠡᠭᠵᠢᠭᠦᠯᠬᠦ ᠶᠢ ᠵᠣᠭᠰᠣᠭᠠᠨ᠎ᠠ᠃ | ᠠᠷᠪᠠ᠂ ᠠᠰᠠᠭᠤᠭᠰᠠᠨ ᠨᠢ᠄ ︽ᠲᠥᠰᠦᠯ︾ ᠢ ᠬᠡᠷᠬᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠪᠤᠢ︖ | ᠬᠠᠷᠢᠭᠤᠯᠤᠭᠰᠠᠨ ᠨᠢ᠄ ︽ᠲᠥᠰᠦᠯ︾ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ᠲᠦᠷᠦ ᠶᠢᠨ | ᠶᠠᠪᠤᠳᠠᠯ ᠤᠨ ᠬᠤᠷᠢᠶᠠᠨ ᠤ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠤᠳᠤᠷᠢᠳᠬᠤ | ᠳᠤᠭᠤᠶᠢᠯᠠᠩ ᠨᠢ ᠬᠤᠪᠢᠶᠠᠷᠢᠯᠠᠨ ᠰᠢᠯᠵᠢᠭᠦᠯᠬᠦ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠰᠢᠮᠳᠠᠭᠤᠯᠤᠨ | ᠨᠠᠶᠢᠳᠠᠪᠤᠷᠢᠵᠢᠭᠤᠯᠬᠤ ᠶᠢ ᠴᠢᠩᠭᠠᠳᠬᠠᠨ᠎ᠠ᠃ ᠡᠳ᠋ ᠤᠨ ᠵᠠᠰᠠᠭ ᠤᠨ ᠶᠠᠮᠤᠨ᠂ ᠬᠥᠮᠦᠨ ᠤ ᠬᠦᠴᠦᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠲᠥᠷᠥ ᠶᠢᠨ ᠶᠠᠪᠤᠳᠠᠯ ᠤᠨ ᠬᠤᠷᠢᠶᠠᠨ ᠤ ᠤᠯᠤᠰ ᠤᠨ ᠦᠮᠴᠢᠯᠡᠯᠲᠦ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠳ ᠲᠤᠰ ᠲᠤᠰ ᠤᠨ ᠬᠠᠷᠢᠭᠤᠴᠠᠯᠭ᠎ᠠ ᠪᠠᠨ | ᠭᠦᠢᠴᠡᠳᠬᠡᠵᠦ᠂ ᠨᠢᠭᠲᠠ ᠬᠠᠮᠵᠢᠯᠴᠠᠨ᠂ ᠢᠵᠢ ᠪᠦᠷᠢᠳᠦᠭᠦᠯᠦᠨ ᠲᠦᠷᠢᠮ ᠲᠣᠭᠲᠠᠭᠠᠯ ᠠᠷᠭ᠎ᠠ ᠶᠢ ᠨᠡᠶᠢᠲᠡᠯᠡᠵᠦ᠂ | ᠳᠡᠮᠵᠢᠯᠭᠡ ᠪᠤᠯᠤᠨ ᠵᠢᠯᠣᠭᠤᠳᠣᠯᠭ᠎ᠠ ᠪᠠᠨ ᠴᠢᠩᠭᠠᠳᠬᠠᠨ᠂ ᠬᠢᠨᠠᠯᠲᠠ ᠲᠠᠯᠪᠢᠬᠤ ᠪᠠ ᠦᠨᠡᠯᠡᠨ ᠵᠢᠱᠢᠬᠦ ᠠᠵᠢᠯ ᠢ | ᠰᠠᠶᠢᠲᠤᠷ ᠬᠢᠨ᠎ᠡ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠪᠠᠶᠢᠭᠤᠯᠤᠮᠵᠢ ᠬᠠᠷᠢᠭᠤᠴᠠᠯᠭ᠎ᠠ ᠪᠠᠨ | ᠨᠠᠶᠢᠳᠠᠪᠤᠷᠢᠵᠢᠭᠤᠯᠵᠤ᠂ ᠡᠮᠬᠢ ᠵᠢᠷᠤᠮ ᠲᠠᠢ ᠬᠡᠷᠡᠭᠵᠢᠭᠦᠯᠦᠨ᠎ᠡ᠃ ᠡᠯ᠎ᠡ ᠮᠤᠵᠢ ︵ᠣᠷᠣᠨ᠂ ᠬᠤᠳᠠ︶ ᠶᠢᠨ | ᠠᠷᠠᠳ ᠤᠨ ᠵᠠᠰᠠᠭ ᠤᠨ ᠣᠷᠳᠣᠨ ᠲᠤᠰ ᠭᠠᠵᠠᠷ ᠣᠷᠣᠨ ᠤ ᠪᠠᠨ ᠬᠤᠪᠢᠶᠠᠷᠢᠯᠠᠨ ᠰᠢᠯᠵᠢᠭᠦᠯᠬᠦ ᠠᠵᠢᠯ ᠤᠨ ᠶᠡᠷᠦᠩᠬᠡᠶ | ᠬᠠᠷᠢᠭᠤᠴᠠᠯᠭ᠎ᠠ ᠶᠢ ᠬᠠᠷᠢᠭᠤᠴᠠᠵᠤ᠂ ᠪᠣᠳᠠᠲᠠᠶ ᠨᠠᠶᠢᠳᠠᠪᠤᠷᠢᠵᠢᠭᠤᠯᠬᠤ ᠲᠥᠰᠦᠯ ᠢᠶᠠᠨ ᠱᠠᠯᠠᠪᠳᠠᠨ ᠲᠣᠭᠲᠠᠭᠠᠵᠤ᠂ | ᠬᠤᠪᠢᠶᠠᠷᠢᠯᠠᠨ ᠰᠢᠯᠵᠢᠭᠦᠯᠬᠦ ᠬᠠᠷᠠᠯᠲᠠᠲᠤ ᠡᠭᠦᠷᠭᠡ ᠶᠢ ᠱᠠᠭᠠᠷᠳᠠᠯᠭ᠎ᠠ ᠶᠣᠰᠣᠭᠠᠷ ᠪᠡᠶᠡᠯᠡᠭᠦᠯᠬᠦ ᠶᠢ ᠦᠨᠡᠨ ᠬᠦ | ᠪᠠᠲᠤᠯᠠᠬᠤ ᠬᠡᠷᠡᠭᠲᠡᠶ᠃ | |