ᠠᠷᠪᠡᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠠᠩᠬᠠᠳᠤᠭᠠᠷ ᠬᠤᠷᠠᠯ ᠤᠨ ᠲᠡᠷᠢᠬᠦᠯᠡᠭᠴᠢᠳ ᠤᠨ ᠪᠦᠯᠬᠦᠮ 10 ᠤ ᠡᠳᠦᠷ ᠤᠨ ᠦᠳᠡ ᠶᠢᠨ ᠬᠤᠶᠢᠨ᠎ᠠ | ᠠᠷᠠᠳ ᠤᠨ ᠶᠡᠭᠡ ᠬᠤᠷᠠᠯ ᠤᠨ ᠲᠠᠩᠬᠢᠮ ᠳᠤ ᠭᠤᠷᠪᠠᠳᠤᠭᠠᠷ ᠤᠳᠠᠭ᠎ᠠ ᠶᠢᠨ ᠬᠤᠷᠠᠯ ᠬᠢᠪᠡ᠃ | ᠲᠡᠷᠢᠬᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠬᠦᠯᠡᠭᠴᠢ ᠯᠢ ᠵᠠᠨ ᠱᠦ ᠬᠤᠷᠠᠯ ᠢ ᠡᠷᠬᠢᠯᠡᠪᠡ᠃ | ᠬᠤᠷᠠᠯ ᠳᠤ 190 ᠬᠦᠮᠦᠨ ᠤᠷᠤᠯᠴᠠᠬᠤ ᠶᠤᠰᠤᠳᠠᠢ᠂ 190 ᠭᠦᠮᠦᠨ ᠤᠷᠤᠯᠴᠠᠵᠦ᠂ ᠤᠷᠤᠯᠴᠠᠬᠰᠠᠨ ᠬᠦᠮᠦᠨ ᠤ | ᠲᠤᠭ᠎ᠠ ᠬᠠᠤᠯᠢ ᠳᠤ ᠲᠤᠭᠳᠠᠭᠠᠭᠰᠠᠨ ᠬᠦᠮᠦᠨ ᠤ ᠲᠤᠭ᠎ᠠ ᠳᠤ ᠨᠡᠶᠢᠴᠡᠨ᠎ᠡ᠃ | 3 ᠳ᠋ᠤᠭᠠᠷ ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠠ᠂ ᠡᠯ᠎ᠠ ᠲᠦᠯᠦᠭᠡᠯᠡᠭᠴᠢᠳ ᠤᠨ ᠪᠦᠯᠬᠦᠮ | ᠦᠨᠳᠦᠰᠦᠨ ᠬᠠᠤᠯᠢ ᠳᠤ ᠵᠠᠰᠠᠪᠤᠷᠢ ᠤᠷᠤᠭᠤᠯᠬᠤ ᠲᠦᠰᠦᠯ ᠤᠨ ᠡᠭᠡ ᠨᠤᠤᠷᠠᠭ ᠤᠨ ᠵᠠᠰᠠᠪᠤᠷᠢ ᠤᠷᠤᠭᠤᠯᠬᠤ | ᠨᠤᠤᠷᠠᠭ ᠢ ᠨᠠᠷᠢᠨ ᠬᠢᠨᠠᠮᠠᠭᠠᠢ ᠬᠢᠨᠡᠨ ᠵᠦᠪᠯᠡᠵᠦ᠂ ᠲᠦᠯᠦᠭᠡᠯᠡᠭᠴᠢᠳ ᠨᠡᠶᠢᠳᠡᠮ ᠳᠡᠭᠡᠨ ᠵᠦᠪᠰᠢᠶᠡᠷᠡᠵᠦ ᠪᠠᠶᠢᠬᠤ ᠪᠠᠨ | ᠢᠯᠡᠳᠭᠡᠪᠡ᠃ ᠲᠡᠷᠢᠬᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠬᠦᠯᠡᠭᠴᠢ ᠦᠨᠳᠦᠰᠦᠨ ᠬᠠᠤᠯᠢ ᠳᠤ | ᠵᠠᠰᠠᠪᠤᠷᠢ ᠤᠷᠤᠭᠤᠯᠬᠤ ᠲᠦᠰᠦᠯ ᠤᠨ ᠡᠭᠡ ᠨᠤᠤᠷᠠᠭ ᠤᠨ ᠪᠠᠳᠤᠯᠠᠭᠤᠯᠬᠤ ᠪᠠᠷ ᠰᠠᠨᠠᠭᠠᠴᠢᠯᠠᠬᠤ ᠨᠤᠤᠷᠠᠭ ᠢ | ᠳᠤᠷᠠᠳᠴᠦ᠂ ᠲᠡᠷᠢᠬᠦᠯᠡᠭᠴᠢᠳ ᠤᠨ ᠪᠦᠯᠬᠦᠮ ᠳᠤ ᠲᠡᠪᠰᠢᠬᠦᠯᠦᠨ ᠬᠢᠨᠡᠨ ᠵᠦᠪᠯᠡᠬᠦᠯᠪᠡ᠃ | ᠬᠤᠷᠠᠯ ᠠᠴᠠ ᠶᠡᠭᠡ ᠬᠤᠷᠠᠯ ᠤᠨ ᠨᠠᠷᠢᠨ ᠪᠢᠴᠢᠭ ᠤᠨ ᠭᠠᠵᠠᠷ ᠤᠨ ᠬᠠᠤᠯᠢ ᠶᠢᠨ ᠲᠦᠰᠦᠯ ᠤᠨ ᠳᠤᠭᠤᠶᠢᠯᠠᠩ | ᠤᠨ ᠳᠠᠷᠤᠭ᠎ᠠ ᠱᠧᠨ ᠴᠦᠨ ᠶᠤᠤ ᠶᠢᠨ ᠶᠡᠭᠡ ᠬᠤᠷᠠᠯ ᠤᠨ ᠨᠠᠷᠢᠨ ᠪᠢᠴᠢᠭ ᠤᠨ ᠭᠠᠵᠠᠷ ᠤᠨ ᠨᠠᠶᠢᠳᠠᠯᠭ᠎ᠠ ᠪᠠᠷ ᠬᠢᠭᠰᠡᠨ | ᠦᠨᠳᠦᠰᠦᠨ ᠬᠠᠤᠯᠢ ᠳᠤ ᠵᠠᠰᠠᠪᠤᠷᠢ ᠤᠷᠤᠭᠤᠯᠬᠤ ᠲᠦᠰᠦᠯ ᠤᠨ ᠡᠭᠡ ᠨᠤᠤᠷᠠᠭ ᠤᠨ ᠵᠠᠰᠠᠪᠤᠷᠢ ᠤᠷᠤᠭᠤᠯᠬᠤ | ᠨᠤᠤᠷᠠᠭ ᠢ ᠬᠢᠨᠡᠨ ᠵᠦᠪᠯᠡᠭᠰᠡᠨ ᠪᠠᠶᠢᠳᠠᠯ ᠤᠨ ᠲᠤᠬᠠᠢ ᠮᠡᠳᠡᠬᠦᠯᠦᠯᠳᠠ ᠶᠢ ᠰᠤᠨᠤᠰᠪᠠ᠃ ᠬᠤᠷᠠᠯ ᠠᠴᠠ ᠪᠠᠳᠤᠯᠠᠬᠤ ᠪᠠᠷ | ᠳᠠᠮᠵᠢᠨ᠂ ᠬᠢᠨᠡᠨ ᠵᠦᠪᠯᠡᠭᠰᠡᠨ ᠪᠠᠶᠢᠳᠠᠯ ᠤᠨ ᠮᠡᠳᠡᠬᠦᠯᠦᠯᠳᠠ᠂ ᠡᠭᠡ ᠨᠤᠤᠷᠠᠭ ᠤᠨ ᠪᠠᠳᠤᠯᠠᠭᠤᠯᠬᠤ ᠪᠠᠷ | ᠰᠠᠨᠠᠭᠠᠴᠢᠯᠠᠬᠰᠠᠨ ᠨᠤᠤᠷᠠᠭ ᠪᠠ ᠲᠡᠷᠢᠬᠦᠯᠡᠭᠴᠢᠳ ᠤᠨ ᠪᠦᠯᠬᠦᠮ ᠤᠨ ᠠᠯᠪᠡᠨ ᠵᠠᠷᠯᠠᠯ ᠤᠨ ᠨᠤᠤᠷᠠᠭ ᠢ ᠡᠯ᠎ᠠ | ᠲᠦᠯᠦᠭᠡᠯᠡᠭᠴᠢᠳ ᠤᠨ ᠪᠦᠯᠬᠦᠮ ᠳᠤ ᠲᠡᠪᠰᠢᠬᠦᠯᠦᠨ ᠬᠢᠨᠡᠨ ᠵᠦᠪᠯᠡᠬᠦᠯᠬᠦ ᠪᠠᠷ ᠲᠤᠭᠳᠠᠪᠠ᠃ | ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠬᠢᠶᠠᠨ ᠪᠠᠶᠢᠭᠤᠯᠤᠯᠲᠠ ᠶᠢᠨ | ᠬᠠᠤᠯᠢ ᠶᠢᠨ ᠲᠤᠭᠳᠠᠭᠠᠯ ᠢ ᠦᠨᠳᠦᠰᠦᠯᠡᠵᠦ᠂ ᠶᠡᠭᠡ ᠬᠤᠷᠠᠯ ᠤᠨ ᠨᠠᠷᠢᠨ ᠪᠢᠴᠢᠭ ᠤᠨ ᠭᠠᠵᠠᠷ ᠠᠴᠠ ᠶᠡᠭᠡ ᠬᠤᠷᠠᠯ | ᠤᠨ ᠠᠷᠪᠡᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ | ᠤᠨ ᠲᠤᠰᠬᠠᠢ ᠵᠦᠪᠯᠡᠯ ᠢ ᠪᠠᠶᠢᠭᠤᠯᠬᠤ ᠲᠤᠬᠠᠢ ᠲᠤᠭᠳᠠᠭᠠᠯ ᠤᠨ ᠲᠦᠰᠦᠯ ᠢ ᠤᠷᠤᠯᠠᠨ ᠲᠤᠭᠤᠷᠪᠢᠪᠠ᠃ | ᠬᠤᠷᠠᠯ ᠠᠴᠠ ᠪᠠᠳᠤᠯᠠᠬᠤ ᠪᠠᠷ ᠳᠠᠮᠵᠢᠨ᠂ ᠲᠦᠰᠦᠯ ᠢ ᠡᠯ᠎ᠠ ᠲᠦᠯᠦᠭᠡᠯᠡᠭᠴᠢᠳ ᠤᠨ ᠪᠦᠯᠬᠦᠮ ᠳᠤ ᠲᠡᠪᠰᠢᠬᠦᠯᠦᠨ | ᠬᠢᠨᠡᠨ ᠵᠦᠪᠯᠡᠬᠦᠯᠬᠦ ᠪᠠᠷ ᠲᠤᠭᠳᠠᠵᠠᠢ᠃ | ᠬᠤᠷᠠᠯ ᠠᠴᠠ ᠪᠠᠳᠤᠯᠠᠬᠤ ᠪᠠᠷ ᠳᠠᠮᠵᠢᠨ᠂ ᠶᠡᠭᠡ ᠬᠤᠷᠠᠯ ᠤᠨ ᠠᠷᠪᠡᠨ ᠭᠤᠷᠪᠠᠳᠤᠭᠠᠷ ᠬᠤᠭᠤᠴᠠᠭᠠᠨ ᠤ ᠪᠦᠬᠦ | ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠤᠰᠬᠠᠢ ᠵᠦᠪᠯᠡᠯ ᠤᠨ ᠡᠷᠬᠢᠯᠡᠭᠴᠢ ᠭᠡᠰᠢᠬᠦᠨ᠂ | ᠳᠡᠳ᠋ ᠡᠷᠬᠢᠯᠡᠭᠴᠢ ᠭᠡᠰᠢᠬᠦᠨ᠂ ᠭᠡᠰᠢᠬᠦᠨ ᠤ ᠵᠢᠱᠢᠭᠳᠡᠭᠰᠡᠳ ᠤᠨ ᠲᠤᠬᠠᠢ ᠪᠠᠳᠤᠯᠠᠬᠤ ᠠᠷᠭ᠎ᠠ ᠶᠢᠨ ᠲᠦᠰᠦᠯ ᠢ ᠡᠯ᠎ᠠ | ᠲᠦᠯᠦᠭᠡᠯᠡᠭᠴᠢᠳ ᠤᠨ ᠪᠦᠯᠬᠦᠮ ᠳᠤ ᠲᠡᠪᠰᠢᠬᠦᠯᠦᠨ ᠬᠢᠨᠡᠨ ᠵᠦᠪᠯᠡᠬᠦᠯᠬᠦ ᠪᠠᠷ ᠲᠤᠭᠳᠠᠪᠠ᠃ | 3 ᠳ᠋ᠤᠭᠠᠷ ᠰᠠᠷ᠎ᠡ ᠶᠢᠨ 8 ᠤ ᠡᠳᠦᠷ ᠤᠨ ᠦᠳᠡ ᠶᠢᠨ ᠡᠮᠤᠨ᠎ᠠ᠂ ᠡᠯ᠎ᠡ ᠲᠦᠯᠤᠭᠡᠯᠡᠭᠴᠢᠳ ᠤᠨ ᠪᠦᠯᠭᠦᠮ | 35 ᠨᠡᠷᠡᠰ ᠪᠢᠯᠧᠲ ᠬᠢᠨᠠᠬᠤ ᠵᠢᠱᠢᠭᠳᠡᠭᠴᠢᠳ ᠢ ᠰᠤᠩᠭᠤᠨ ᠭᠠᠷᠭᠠᠪᠠ᠃ ᠲᠡᠷᠢᠭᠦᠯᠡᠭᠴᠢᠳ ᠤᠨ ᠪᠦᠯᠭᠦᠮ ᠤᠨ | ᠪᠠᠶᠢᠩᠭᠤ ᠶᠢᠨ ᠲᠡᠷᠢᠭᠦᠯᠡᠭᠴᠢᠳ ᠤᠨ ᠰᠤᠳᠤᠯᠤᠯᠳᠠ ᠪᠠᠷ ᠲᠠᠮᠵᠢᠭᠠᠳ᠂ ᠶᠡᠷᠤᠩᠬᠡᠢ ᠪᠢᠯᠧᠲ ᠬᠢᠨᠠᠭᠴᠢ ᠶᠢᠨ | ᠵᠢᠱᠢᠭᠳᠡᠭᠴᠢ ᠰᠤᠩᠭᠤᠬᠤ ᠰᠠᠨᠠᠭᠤᠯᠭ᠎ᠠ ᠭᠠᠷᠭᠠᠪᠠ᠃ ᠲᠡᠷᠢᠭᠦᠯᠡᠭᠴᠢᠳ ᠤᠨ ᠪᠦᠯᠭᠦᠮ ᠤᠨ ᠬᠤᠷᠠᠯ ᠠᠴᠠ ᠶᠡᠷᠤᠩᠬᠡᠢ | ᠪᠢᠯᠧᠲ ᠬᠢᠨᠠᠭᠴᠢ᠂ ᠪᠢᠯᠧᠲ ᠬᠢᠨᠠᠭᠴᠢ ᠶᠢᠨ ᠨᠡᠷᠡᠰ ᠤᠨ ᠵᠢᠭᠰᠠᠭᠠᠯᠳᠠ ᠶᠢᠨ ᠲᠦᠰᠤᠯ ᠢ ᠪᠠᠳᠤᠯᠠᠵᠤ᠂ ᠶᠡᠭᠡ ᠬᠤᠷᠠᠯ | ᠤᠨ ᠪᠦᠭᠦᠳᠠ ᠬᠤᠷᠠᠯ ᠳᠤ ᠲᠡᠪᠰᠢᠭᠦᠯᠵᠤ ᠪᠠᠳᠤᠯᠠᠭᠤᠯᠬᠤ ᠪᠠᠷ ᠲᠤᠭᠳᠠᠪᠠ᠃ ᠶᠡᠷᠤᠩᠬᠡᠢ ᠪᠢᠯᠧᠲ ᠬᠢᠨᠠᠭᠴᠢ᠂ | ᠪᠢᠯᠧᠲ ᠬᠢᠨᠠᠭᠴᠢ ᠨᠢ ᠲᠡᠷᠢᠭᠦᠯᠡᠭᠴᠢᠳ ᠤᠨ ᠪᠦᠯᠭᠦᠮ ᠤᠨ ᠤᠳᠤᠷᠢᠳᠤᠯᠭ᠎ᠠ ᠲᠤᠤᠷ᠎ᠡ᠂ ᠦᠨᠳᠤᠰᠤᠨ ᠬᠠᠤᠯᠢ ᠳᠤ | ᠵᠠᠰᠠᠪᠤᠷᠢ ᠤᠷᠤᠭᠤᠯᠬᠤ ᠲᠦᠰᠤᠯ ᠤᠨ ᠡᠭᠡ ᠨᠤᠤᠷᠠᠭ ᠲᠤ ᠪᠢᠯᠧᠲ ᠦᠭᠴᠤ ᠪᠠᠳᠤᠯᠠᠬᠤ᠂ ᠤᠯᠤᠰ ᠤᠨ | ᠪᠠᠶᠢᠭᠤᠯᠤᠮᠵᠢ ᠶᠢᠨ ᠪᠦᠷᠢᠯᠳᠦᠭᠦᠨ ᠭᠦᠮᠤᠰ ᠢ ᠰᠤᠩᠭᠤᠬᠤ ᠪᠤᠯᠤᠨ ᠲᠤᠰᠢᠶᠠᠯ ᠳᠤ ᠲᠤᠮᠢᠯᠠᠬᠤ ᠪᠠᠷ ᠲᠤᠭᠳᠠᠬᠤ ᠳᠤ | ᠪᠢᠯᠧᠲ ᠳᠠᠷᠬᠠᠭᠠᠬᠤ᠂ ᠪᠢᠯᠧᠲ ᠦᠭᠭᠦ᠂ ᠪᠢᠯᠧᠲ ᠪᠦᠷᠢᠳᠭᠡᠭᠦ ᠠᠵᠢᠯ ᠳᠤ ᠬᠢᠨᠠᠯᠳᠠ ᠲᠠᠯᠪᠢᠨ᠎ᠠ᠃ | ᠪᠦᠭᠦ ᠤᠯᠤᠰ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠬᠡᠷᠡᠭ ᠵᠦᠪᠯᠡᠬᠦ ᠲᠦᠷᠢᠮ ᠤᠨ | ᠲᠤᠭᠳᠠᠭᠠᠯ ᠢ ᠦᠨᠳᠦᠰᠦᠯᠡᠵᠦ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠬᠠᠮᠢᠶ᠎ᠠ ᠪᠦᠭᠦᠢ ᠲᠤᠰᠬᠠᠢ | ᠵᠦᠪᠯᠡᠯ ᠨᠢ ᠶᠡᠭᠡ ᠬᠤᠷᠠᠯ ᠤᠨ ᠬᠤᠭᠤᠴᠠᠭᠠᠨ ᠳᠤ ᠬᠢᠨᠠᠨ ᠪᠠᠶᠢᠴᠠᠭᠠᠬᠤ ᠬᠠᠤᠯᠢ ᠶᠢᠨ ᠲᠦᠰᠤᠯ ᠢ ᠬᠢᠨᠡᠨ ᠵᠦᠪᠯᠡᠭᠦ᠂ | ᠤᠯᠤᠰ ᠠᠷᠠᠳ ᠤᠨ ᠠᠵᠤ ᠠᠬᠤᠢ ᠪᠤᠯᠤᠨ ᠨᠡᠶᠢᠭᠡᠮ ᠤᠨ ᠭᠦᠭᠵᠢᠯᠳᠠ ᠶᠢᠨ ᠲᠦᠯᠤᠪᠯᠡᠭᠡ ᠶᠢ ᠬᠢᠨᠠᠨ ᠪᠠᠶᠢᠴᠠᠭᠠᠬᠤ᠂ | ᠲᠦᠪ ᠤᠨ ᠪᠤᠯᠤᠨ ᠤᠷᠤᠨ ᠨᠤᠳᠤᠭ ᠤᠨ ᠲᠦᠰᠤᠪ ᠢ ᠬᠢᠨᠠᠨ ᠪᠠᠶᠢᠴᠠᠭᠠᠬᠤ ᠴᠢᠬᠤᠯᠠᠳᠠᠢ᠃ ᠬᠤᠷᠠᠯ ᠠᠴᠠ | ᠪᠠᠳᠤᠯᠠᠭᠤᠯᠬᠤ ᠪᠠᠷ ᠲᠠᠮᠵᠢᠭᠠᠳ᠂ ᠬᠠᠮᠢᠶ᠎ᠠ ᠪᠦᠭᠦᠶ ᠲᠤᠰᠬᠠᠢ ᠵᠦᠪᠯᠡᠯ ᠤᠨ ᠡᠷᠬᠢᠯᠡᠭᠴᠢ ᠭᠡᠰᠢᠭᠦᠨ᠂ ᠲᠡᠳ᠋ | ᠡᠷᠬᠢᠯᠡᠭᠴᠢ ᠭᠡᠰᠢᠭᠦᠨ᠂ ᠭᠡᠰᠢᠭᠦᠨ ᠤ ᠵᠢᠱᠢᠭᠳᠡᠭᠴᠢᠳ ᠢ ᠡᠯ᠎ᠠ ᠲᠦᠯᠤᠭᠡᠯᠡᠭᠴᠢᠳ ᠤᠨ ᠪᠦᠯᠬᠦᠮ ᠳᠤ ᠲᠡᠪᠰᠢᠬᠦᠯᠦᠨ | ᠪᠤᠳᠤᠯᠬᠢᠯᠠᠭᠤᠯᠬᠤ ᠪᠠᠷ ᠲᠤᠭᠳᠠᠪᠠ᠃ | ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ ᠴᠧᠨ ᠰᠢ᠂ ᠸᠠᠩ ᠴᠧᠨ᠂ ᠼᠤᠤ ᠵᠢᠶᠠᠨ | ᠮᠢᠩ᠂ ᠵᠠᠩ ᠴᠦᠨ ᠰᠢᠶᠠᠨ᠂ ᠱᠧᠨ ᠶᠤᠸᠠᠢ ᠶᠤᠸᠠᠢ᠂ ᠵᠢᠢ ᠪᠢᠡᠭ ᠰᠢᠤᠸᠠᠨ᠂ ᠡ᠋ᠶᠢᠯᠢᠭᠧᠩ · ᠢᠮᠢᠩᠪᠠᠭ᠋ᠠᠢ᠂ ᠸᠠᠨ | ᠡᠸ᠋ ᠰᠢᠶᠠᠩ᠂ ᠴᠧᠨ ᠵᠤ᠋ ᠨᠠᠷ ᠬᠤᠷᠠᠯ ᠳᠤ ᠤᠷᠤᠯᠴᠠᠪᠠ᠃ |