︵2018 ᠣᠨ ᠤ 3 ᠰᠠᠷ᠎ᠠ ᠶᠢᠨ 11 ᠤ ᠡᠳᠦᠷ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ | ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠠᠴᠠ ᠪᠠᠳᠤᠯᠠᠪᠠ︶ | ᠭᠤᠴᠢᠨ ᠬᠤᠶᠠᠳᠤᠭᠠᠷ ᠵᠦᠢᠯ ᠦᠨᠳᠦᠰᠦᠨ ᠬᠠᠤᠯᠢ ᠶᠢᠨ ᠤᠷᠤᠰᠢᠯ ᠤᠨ ᠲᠤᠯᠤᠳᠤᠭᠠᠷ ᠤᠯᠠᠭᠠᠨ ᠮᠦᠷ ᠲᠠᠬᠢ | ︽ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ ᠪᠤᠯᠤᠨ | ︿ᠭᠤᠷᠪᠠ ᠶᠢ ᠲᠦᠯᠥᠬᠡᠯᠡᠬᠦ﹀ ᠴᠢᠬᠤᠯᠠ ᠦᠵᠡᠯ ᠰᠠᠨᠠᠭ᠎ᠠ ᠶᠢᠨ ᠵᠢᠯᠤᠭᠤᠳᠤᠯᠭ᠎ᠠ ᠲᠤᠤᠷ᠎ᠡ︾ ᠬᠡᠳᠡᠭ ᠢ ︽ᠮᠠᠷᠺᠰ | ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ᠂ ︿ᠭᠤᠷᠪᠠ ᠶᠢ | ᠲᠦᠯᠥᠬᠡᠯᠡᠬᠦ﹀ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠦᠭᠵᠢᠯᠳᠡ ᠶᠢᠨ ᠦᠵᠡᠯᠳᠡ᠂ ᠰᠢ ᠶᠢᠨ ᠫᠢᠩ | ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭᠠᠨ ᠤ | ᠵᠢᠯᠤᠭᠤᠳᠤᠯᠭ᠎ᠠ ᠲᠤᠤᠷ᠎ᠡ︾ ᠬᠡᠵᠥ ᠵᠠᠰᠠᠪᠤᠷᠢ ᠤᠷᠤᠭᠤᠯᠪᠠ︔ ︽ᠨᠡᠶᠢᠬᠡᠮ ᠵᠢᠷᠤᠮ ᠤᠨ ᠬᠠᠤᠯᠢ ᠲᠦᠷᠢᠮ ᠢ | ᠲᠡᠬᠦᠯᠳᠡᠷᠵᠢᠬᠦᠯᠵᠥ︾ ᠬᠡᠳᠡᠭ ᠢ ︽ᠨᠡᠶᠢᠬᠡᠮ ᠵᠢᠷᠤᠮ ᠤᠨ ᠬᠠᠤᠯᠢᠵᠢᠯ ᠢ ᠲᠡᠬᠦᠯᠳᠡᠷᠵᠢᠬᠦᠯᠵᠥ︾ ᠬᠡᠵᠥ ᠵᠠᠰᠠᠪᠤᠷᠢ | ᠤᠷᠤᠭᠤᠯᠪᠠ︔ ︽ᠦᠪᠡᠷ ᠤᠨ ᠬᠦᠴᠦ ᠪᠠᠷ ᠢᠶᠠᠨ ᠲᠡᠭᠵᠢᠷᠡᠵᠥ᠂ ᠲᠡᠰᠪᠤᠷᠢ ᠬᠠᠳᠠᠭᠤᠵᠢᠯᠳᠠᠢ ᠲᠡᠮᠡᠴᠡᠵᠥ︾ ᠬᠡᠳᠡᠭ | ᠤᠨ ᠡᠮᠤᠨ᠎ᠡ ︽ᠰᠢᠨ᠎ᠡ ᠬᠦᠭᠵᠢᠯᠳᠡ ᠶᠢᠨ ᠣᠨᠣᠯᠵᠢᠬᠤᠨ ᠢ ᠲᠤᠤᠱᠯᠠᠭᠤᠯᠵᠥ︾ ᠬᠡᠵᠥ ᠨᠡᠮᠡᠵᠥ ᠤᠷᠤᠭᠤᠯᠪᠠ︔ ︽ | ᠪᠤᠳᠠᠰ ᠤᠨ ᠪᠤᠯᠪᠠᠰᠤᠨ᠂ ᠤᠯᠤᠰ ᠲᠦᠷᠦ ᠶᠢᠨ ᠪᠤᠯᠪᠠᠰᠤᠨ ᠪᠤᠯᠤᠨ ᠤᠶᠤᠨ ᠤ ᠪᠤᠯᠪᠠᠰᠤᠨ ᠤ ᠵᠤᠬᠢᠴᠠᠩᠭᠤᠢ | ᠬᠦᠭᠵᠢᠯᠳᠡ ᠶᠢ ᠠᠬᠢᠭᠤᠯᠵᠥ᠂ ᠮᠠᠨ ᠤ ᠤᠯᠤᠰ ᠢᠶᠠᠨ ᠪᠠᠶᠠᠨ ᠬᠦᠴᠦᠷᠭᠡᠭ᠂ ᠠᠷᠠᠳᠴᠢᠯᠠᠭᠰᠠᠠ᠂ ᠪᠤᠯᠪᠠᠰᠤᠨ | ᠨᠡᠶᠢᠬᠡᠮ ᠵᠢᠷᠤᠮᠳᠤ ᠤᠯᠤᠰ ᠪᠤᠯᠭᠠᠨ ᠪᠦᠳᠦᠭᠡᠨ ᠪᠠᠶᠢᠭᠤᠯᠤᠨ᠎ᠠ︾ ᠬᠡᠳᠡᠭ ᠢ ︽ᠪᠤᠳᠠᠰ ᠤᠨ ᠪᠤᠯᠪᠠᠰᠤᠨ᠂ ᠤᠯᠤᠰ | ᠲᠦᠷᠦ ᠶᠢᠨ ᠪᠤᠯᠪᠠᠰᠤᠨ᠂ ᠤᠶᠤᠨ ᠤ ᠪᠤᠯᠪᠠᠰᠤᠨ᠂ ᠨᠡᠶᠢᠬᠡᠮ ᠤᠨ ᠪᠤᠯᠪᠠᠰᠤᠨ᠂ ᠠᠮᠢ ᠠᠬᠤᠢ ᠶᠢᠨ ᠪᠤᠯᠪᠠᠰᠤᠨ ᠤ | ᠵᠤᠬᠢᠴᠠᠩᠭᠤᠢ ᠬᠦᠭᠵᠢᠯᠳᠡ ᠶᠢ ᠠᠬᠢᠭᠤᠯᠵᠥ᠂ ᠮᠠᠨ ᠤ ᠤᠯᠤᠰ ᠢᠶᠠᠨ ᠪᠠᠶᠠᠨ ᠬᠦᠴᠦᠷᠭᠡᠭ ᠠᠷᠠᠳᠴᠢᠯᠠᠭᠰᠠᠠ | ᠪᠤᠯᠪᠠᠰᠤᠨ ᠡᠶ᠎ᠡ ᠵᠤᠬᠢᠴᠠᠩᠭᠤᠢ ᠦᠵᠡᠰᠬᠦᠯᠡᠩᠳᠤ ᠰᠠᠶᠢᠬᠠᠨ ᠨᠡᠶᠢᠬᠡᠮ ᠵᠢᠷᠤᠮ ᠤᠨ ᠤᠳᠤᠬᠢᠴᠢᠯᠠᠭᠰᠠᠠ ᠬᠦᠴᠦᠷᠭᠡᠭ | ᠤᠯᠤᠰ ᠪᠤᠯᠭᠠᠨ ᠪᠦᠳᠦᠭᠡᠨ ᠪᠠᠶᠢᠭᠤᠯᠵᠥ᠂ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢ | ᠪᠡᠶᠡᠯᠡᠬᠦᠯᠥᠨ᠎ᠡ︾ ᠬᠡᠵᠥ ᠵᠠᠰᠠᠪᠤᠷᠢ ᠤᠷᠤᠭᠤᠯᠪᠠ᠃ ᠡᠨᠡᠬᠦ ᠤᠯᠠᠭᠠᠨ ᠮᠦᠷ ᠢ᠄ ︽ᠲᠤᠮᠳᠠᠳᠤ ᠤᠯᠤᠰ ᠤᠨ ᠰᠢᠨ᠎ᠡ | ᠠᠷᠠᠳᠴᠢᠯᠠᠭᠰᠠᠠ ᠬᠤᠪᠢᠰᠬᠠᠯ ᠤᠨ ᠢᠯᠠᠯᠳᠡ ᠪᠠ ᠨᠡᠶᠢᠬᠡᠮ ᠵᠢᠷᠤᠮᠳᠤ ᠦᠢᠯᠡᠰ ᠤᠨ ᠠᠮᠵᠢᠯᠳᠠ ᠶᠢ ᠪᠤᠯ ᠲᠤᠮᠳᠠᠳᠤ | ᠤᠯᠤᠰ ᠤᠨ ᠡᠪ ᠬᠠᠮᠳᠤ ᠨᠠᠮ ᠲᠤᠮᠳᠠᠳᠤ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠢ | ᠤᠳᠤᠷᠢᠳᠤᠨ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭᠠᠨ ᠤ ᠵᠢᠯᠤᠭᠤᠳᠤᠯᠭ᠎ᠠ ᠲᠤᠤᠷ᠎ᠡ᠂ | ᠦᠨᠡᠨ ᠶᠤᠰᠤ ᠶᠢ ᠪᠠᠷᠢᠮᠳᠠᠯᠠᠨ᠂ ᠠᠯᠳᠠᠭ᠎ᠠ ᠪᠤᠷᠤᠭᠤ ᠪᠠᠨ ᠵᠠᠯᠠᠷᠠᠭᠤᠯᠵᠥ᠂ ᠮᠠᠰᠢ ᠤᠯᠠᠨ ᠬᠦᠴᠢᠷ ᠪᠡᠷᠬᠡᠰᠢᠶᠡᠯ | ᠬᠠᠷᠰᠢ ᠰᠠᠭᠠᠳ ᠢ ᠢᠯᠠᠨ ᠲᠠᠪᠠᠵᠥ ᠪᠠᠶᠢᠭᠠᠳ ᠤᠯᠤᠭᠰᠠᠠ ᠶᠤᠮ᠃ ᠮᠠᠨ ᠤ ᠤᠯᠤᠰ ᠨᠡᠶᠢᠬᠡᠮ ᠵᠢᠷᠤᠮ ᠤᠨ ᠠᠩᠬᠠᠨ | ᠤ ᠱᠠᠳᠤᠨ ᠳᠤ ᠤᠷᠳᠤ ᠬᠤᠭᠤᠴᠠᠭ᠎ᠠ ᠪᠠᠷ ᠤᠷᠤᠰᠢᠬᠤ ᠪᠤᠯᠤᠨ᠎ᠠ᠃ ᠤᠯᠤᠰ ᠤᠨ ᠦᠨᠳᠦᠰᠦᠨ ᠡᠬᠦᠷᠬᠡ ᠪᠤᠯ | ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠵᠠᠮ ᠢᠶᠠᠷ᠂ ᠬᠦᠴᠦ ᠪᠠᠨ ᠲᠦᠪᠯᠡᠷᠡᠬᠦᠯᠥᠨ ᠨᠡᠶᠢᠬᠡᠮ | ᠵᠢᠷᠤᠮ ᠤᠨ ᠤᠳᠤᠬᠢᠴᠢᠯᠠᠯᠲᠠ ᠶᠢᠨ ᠪᠦᠳᠦᠭᠡᠨ ᠪᠠᠶᠢᠭᠤᠯᠤᠯᠳᠠ ᠶᠢ ᠬᠢᠬᠦ ᠶᠠᠪᠤᠳᠠᠯ ᠪᠤᠯᠤᠨ᠎ᠠ᠃ ᠲᠤᠮᠳᠠᠳᠤ ᠤᠯᠤᠰ | ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠦᠷᠬᠦᠯᠵᠢᠯᠡᠨ ᠲᠤᠮᠳᠠᠳᠤ ᠤᠯᠤᠰ ᠤᠨ ᠡᠪ ᠬᠠᠮᠳᠤ ᠨᠠᠮ ᠤᠨ | ᠤᠳᠤᠷᠢᠳᠤᠯᠭ᠎ᠠ ᠲᠤᠤᠷ᠎ᠡ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ | ᠫᠢᠩ ᠤᠨ ᠤᠨᠤᠯ᠂ ︿ᠭᠤᠷᠪᠠ ᠶᠢ ᠲᠦᠯᠥᠬᠡᠯᠡᠬᠦ﹀ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ | ᠬᠦᠭᠵᠢᠯᠳᠡ ᠶᠢᠨ ᠦᠵᠡᠯᠳᠡ᠂ ᠰᠢ ᠶᠢᠨ ᠫᠢᠩ ᠤᠨ ᠰᠢᠨ᠎ᠡ ᠴᠠᠭ ᠦᠶ᠎ᠠ ᠶᠢᠨ ᠲᠤᠮᠳᠠᠳᠤ ᠤᠯᠤᠰ ᠤᠨ | ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭᠠᠨ ᠤ ᠵᠢᠯᠤᠭᠤᠳᠤᠯᠭ᠎ᠠ ᠲᠤᠤᠷ᠎ᠡ᠂ ᠠᠷᠠᠳ ᠤᠨ | ᠠᠷᠠᠳᠴᠢᠯᠠᠭᠰᠠᠠ ᠲᠠᠷᠤᠩᠭᠤᠶᠢᠯᠠᠬᠤ ᠵᠠᠰᠠᠭ ᠢ ᠪᠠᠷᠢᠮᠳᠠᠯᠠᠨ᠂ ᠨᠡᠶᠢᠬᠡᠮ ᠵᠢᠷᠤᠮ ᠤᠨ ᠵᠠᠮ ᠢ ᠪᠠᠷᠢᠮᠳᠠᠯᠠᠵᠥ᠂ | ᠦᠭᠡᠷᠡᠴᠢᠯᠡᠯᠳᠡ ᠨᠡᠬᠡᠬᠡᠯᠳᠡ ᠬᠢᠬᠦ ᠶᠢ ᠪᠠᠷᠢᠮᠳᠠᠯᠠᠵᠥ᠂ ᠨᠡᠶᠢᠬᠡᠮ ᠵᠢᠷᠤᠮ ᠤᠨ ᠲᠦᠷᠢᠮ ᠲᠤᠭᠳᠠᠭᠠᠯ ᠤᠳ ᠢ | ᠲᠠᠰᠤᠷᠠᠯᠳᠡ ᠦᠭᠡᠢ ᠲᠡᠬᠦᠯᠳᠡᠷᠵᠢᠬᠦᠯᠵᠥ᠂ ᠨᠡᠶᠢᠬᠡᠮ ᠵᠢᠷᠤᠮ ᠤᠨ ᠵᠠᠬ᠎ᠠ ᠲᠡᠯᠬᠡᠬᠦᠷ ᠤᠨ ᠠᠵᠥ ᠠᠬᠤᠢ ᠶᠢ | ᠬᠦᠭᠵᠢᠬᠦᠯᠥᠨ᠂ ᠨᠡᠶᠢᠬᠡᠮ ᠵᠢᠷᠤᠮ ᠤᠨ ᠠᠷᠠᠳᠴᠢᠯᠠᠯ ᠢ ᠬᠦᠭᠵᠢᠬᠦᠯᠵᠥ᠂ ᠨᠡᠶᠢᠬᠡᠮ ᠵᠢᠷᠤᠮ ᠤᠨ ᠬᠠᠤᠯᠢᠵᠢᠯ ᠢ | ᠲᠡᠬᠦᠯᠳᠡᠷᠵᠢᠬᠦᠯᠵᠥ᠂ ᠰᠢᠨ᠎ᠡ ᠬᠦᠭᠵᠢᠯᠳᠡ ᠶᠢᠨ ᠣᠨᠣᠯᠵᠢᠬᠤᠨ ᠢ ᠲᠤᠤᠱᠯᠠᠭᠤᠯᠵᠥ᠂ ᠦᠪᠡᠷ ᠤᠨ ᠬᠦᠴᠦ ᠪᠠᠷ ᠢᠶᠠᠨ | ᠲᠡᠭᠵᠢᠷᠡᠨ᠂ ᠲᠡᠰᠪᠤᠷᠢ ᠬᠠᠳᠠᠭᠤᠵᠢᠯᠳᠡᠢ ᠲᠡᠮᠡᠴᠡᠵᠥ ᠪᠠᠶᠢᠭᠠᠳ ᠠᠵᠥ ᠦᠢᠯᠡᠳᠪᠤᠷᠢ᠂ ᠬᠦᠳᠡᠭᠡ ᠠᠵᠥ ᠠᠬᠤᠢ᠂ | ᠤᠯᠤᠰ ᠤᠨ ᠪᠠᠳᠤᠯᠠᠨ ᠬᠠᠮᠠᠭᠠᠯᠠᠯᠳᠡ ᠪᠠ ᠰᠢᠨᠵᠢᠯᠡᠬᠦ ᠤᠬᠠᠭᠠᠨ ᠮᠡᠷᠬᠡᠵᠢᠯ ᠤᠨ ᠤᠳᠤᠬᠢᠴᠢᠯᠠᠯᠳᠠ ᠶᠢ ᠠᠯᠬᠤᠮ | ᠠᠯᠬᠤᠮ ᠢᠶᠠᠷ ᠪᠡᠶᠡᠯᠡᠬᠦᠯᠵᠥ᠂ ᠪᠤᠳᠠᠰ ᠤᠨ ᠪᠤᠯᠪᠠᠰᠤᠨ᠂ ᠤᠯᠤᠰ ᠲᠦᠷᠦ ᠶᠢᠨ ᠪᠤᠯᠪᠠᠰᠤᠨ᠂ ᠤᠶᠤᠨ ᠤ ᠪᠤᠯᠪᠠᠰᠤᠨ | ᠂ ᠨᠡᠶᠢᠬᠡᠮ ᠤᠨ ᠪᠤᠯᠪᠠᠰᠤᠨ᠂ ᠠᠮᠢ ᠠᠬᠤᠢ ᠶᠢᠨ ᠪᠤᠯᠪᠠᠰᠤᠨ ᠤ ᠵᠤᠬᠢᠴᠠᠩᠭᠤᠢ ᠬᠦᠭᠵᠢᠯᠳᠡ ᠶᠢ ᠠᠬᠢᠭᠤᠯᠵᠥ᠂ ᠮᠠᠨ | ᠤ ᠤᠯᠤᠰ ᠢᠶᠠᠨ ᠪᠠᠶᠠᠨ ᠬᠦᠴᠦᠷᠬᠡᠭ ᠠᠷᠠᠳᠴᠢᠯᠠᠭᠰᠠᠠ ᠪᠤᠯᠪᠠᠰᠤᠨ ᠡᠶ᠎ᠡ ᠵᠤᠬᠢᠴᠠᠩᠭᠤᠢ ᠦᠵᠡᠰᠬᠦᠯᠡᠩᠳᠤ ᠰᠠᠶᠢᠬᠠᠨ | ᠨᠡᠶᠢᠬᠡᠮ ᠵᠢᠷᠤᠮ ᠤᠨ ᠤᠳᠤᠬᠢᠴᠢᠯᠠᠭᠰᠠᠠ ᠬᠦᠴᠦᠷᠭᠡᠭ ᠤᠯᠤᠰ ᠪᠤᠯᠭᠠᠨ ᠪᠦᠳᠦᠭᠡᠨ ᠪᠠᠶᠢᠭᠤᠯᠵᠥ᠂ ᠲᠤᠮᠳᠠᠳᠤ | ᠵᠢᠨᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢ ᠪᠡᠶᠡᠯᠡᠬᠦᠯᠥᠨ᠎ᠡ︾ ᠬᠡᠵᠥ ᠬᠠᠷᠠᠭᠠᠯᠵᠠᠭᠤᠯᠤᠨ ᠵᠠᠰᠠᠪᠤᠷᠢ | ᠤᠷᠤᠭᠤᠯᠪᠠ᠃ | ᠭᠤᠴᠢᠨ ᠭᠤᠷᠪᠠᠳᠤᠭᠠᠷ ᠵᠦᠢᠯ ᠦᠨᠳᠦᠰᠦᠨ ᠬᠠᠤᠯᠢ ᠶᠢᠨ ᠤᠷᠤᠰᠢᠯ ᠤᠨ ᠠᠷᠪᠠᠳᠤᠭᠠᠷ ᠤᠯᠠᠭᠠᠨ | ᠮᠦᠷ ᠲᠠᠬᠢ ︽ᠤᠷᠳᠤ ᠬᠤᠭᠤᠴᠠᠭᠠᠨ ᠤ ᠬᠤᠪᠢᠰᠬᠠᠯ ᠪᠠ ᠪᠦᠳᠦᠭᠡᠨ ᠪᠠᠶᠢᠭᠤᠯᠤᠯᠳᠠ ᠶᠢᠨ ᠶᠠᠪᠤᠴᠠ ᠳᠤ︾ ᠬᠡᠳᠡᠭ | ᠢ ︽ᠤᠷᠳᠤ ᠬᠤᠭᠤᠴᠠᠭᠠᠨ ᠤ ᠬᠤᠪᠢᠰᠬᠠᠯ᠂ ᠪᠦᠳᠦᠭᠡᠨ ᠪᠠᠶᠢᠭᠤᠯᠤᠯᠳᠠ᠂ ᠦᠭᠡᠷᠡᠴᠢᠯᠡᠯᠳᠡ ᠶᠢᠨ ᠶᠠᠪᠤᠴᠠ ᠳᠤ︾ | ᠬᠡᠵᠥ ᠵᠠᠰᠠᠪᠤᠷᠢ ᠤᠷᠤᠭᠤᠯᠪᠠ︔ ︽ᠪᠦᠬᠦ ᠨᠡᠶᠢᠬᠡᠮ ᠵᠢᠷᠤᠮᠳᠤ ᠬᠦᠳᠡᠯᠮᠤᠷᠢᠴᠢᠳ᠂ ᠨᠡᠶᠢᠬᠡᠮ ᠵᠢᠷᠤᠮᠳᠤ ᠦᠢᠯᠡᠰ ᠤᠨ | ᠪᠦᠳᠦᠭᠡᠨ ᠪᠠᠶᠢᠭᠤᠯᠤᠭᠴᠢᠳ᠂ ᠨᠡᠶᠢᠬᠡᠮ ᠵᠢᠷᠤᠮ ᠢ ᠬᠦᠷᠢᠶᠡᠯᠡᠬᠦ ᠡᠬᠡ ᠤᠷᠤᠨᠴᠢᠳ ᠪᠠ ᠡᠬᠡ ᠤᠷᠤᠨ ᠤ ᠨᠢᠬᠡᠳᠤᠯ ᠢ | ᠬᠦᠷᠢᠶᠡᠯᠡᠬᠦ ᠡᠬᠡ ᠤᠷᠤᠨᠴᠢᠳ ᠢ ᠪᠠᠭᠳᠠᠭᠠᠭᠰᠠᠠ ᠦᠷᠬᠡᠨ ᠲᠡᠯᠬᠡᠷ ᠡᠬᠡ ᠤᠷᠤᠨᠴᠢ ᠨᠢᠬᠡᠳᠤᠮᠡᠯ ᠹᠷᠤᠨᠲ︾ ᠬᠡᠳᠡᠭ ᠢ | ︽ᠪᠦᠬᠦ ᠨᠡᠶᠢᠬᠡᠮ ᠵᠢᠷᠤᠮᠳᠤ ᠬᠦᠳᠡᠯᠮᠤᠷᠢᠴᠢᠳ᠂ ᠨᠡᠶᠢᠬᠡᠮ ᠵᠢᠷᠤᠮᠳᠤ ᠦᠢᠯᠡᠰ ᠤᠨ ᠪᠦᠳᠦᠭᠡᠨ ᠪᠠᠶᠢᠭᠤᠯᠤᠭᠴᠢᠳ᠂ | ᠨᠡᠶᠢᠬᠡᠮ ᠵᠢᠷᠤᠮ ᠢ ᠬᠦᠷᠢᠶᠡᠯᠡᠬᠦ ᠡᠬᠡ ᠤᠷᠤᠨᠴᠢᠳ᠂ ᠡᠬᠡ ᠤᠷᠤᠨ ᠤ ᠨᠢᠬᠡᠳᠤᠯ ᠢ ᠬᠦᠷᠢᠶᠡᠯᠡᠬᠦ ᠪᠠ ᠲᠤᠮᠳᠠᠳᠤ ᠶᠢᠨ | ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠲᠦᠯᠥᠬᠡ ᠲᠡᠮᠡᠴᠡᠭᠴᠢ ᠡᠬᠡ ᠤᠷᠤᠨᠴᠢᠳ ᠢ | ᠪᠠᠭᠳᠠᠭᠠᠭᠰᠠᠠ ᠦᠷᠭᠡᠨ ᠲᠡᠯᠬᠡᠷ ᠡᠬᠡ ᠤᠷᠤᠨᠴᠢ ᠨᠢᠬᠡᠳᠤᠮᠡᠯ ᠹᠷᠤᠨᠲ︾ ᠬᠡᠵᠥ ᠵᠠᠰᠠᠪᠤᠷᠢ ᠤᠷᠤᠭᠤᠯᠪᠠ᠃ ᠡᠨᠡᠬᠦ | ᠤᠯᠠᠭᠠᠨ ᠮᠦᠷ ᠢ᠄ ︽ᠨᠡᠶᠢᠬᠡᠮ ᠵᠢᠷᠤᠮ ᠤᠨ ᠪᠦᠳᠦᠭᠡᠨ ᠪᠠᠶᠢᠭᠤᠯᠤᠯᠳᠠ ᠶᠢᠨ ᠦᠢᠯᠡᠰ ᠲᠤ ᠡᠷᠬᠡᠪᠰᠢ ᠠᠵᠢᠯᠴᠢᠨ᠂ | ᠲᠠᠷᠢᠶᠠᠴᠢᠨ ᠪᠠ ᠰᠡᠭᠡᠭᠡᠳᠡᠨ ᠢ ᠲᠦᠰᠢᠭᠯᠡᠵᠥ᠂ ᠪᠦᠯᠬᠦᠮᠳᠡᠵᠥ ᠪᠤᠯᠬᠤ ᠬᠦᠴᠦᠨ ᠪᠦᠬᠦᠨ ᠲᠠᠢ ᠪᠦᠯᠬᠦᠮᠳᠡᠬᠦ ᠬᠡᠷᠡᠭᠳᠡᠢ᠃ | ᠤᠷᠳᠤ ᠬᠤᠭᠤᠴᠠᠭᠠᠨ ᠤ ᠬᠤᠪᠢᠰᠬᠠᠯ᠂ ᠪᠦᠳᠦᠭᠡᠨ ᠪᠠᠶᠢᠭᠤᠯᠤᠯᠳᠠ᠂ ᠦᠭᠡᠷᠡᠴᠢᠯᠡᠯᠳᠡ ᠶᠢᠨ ᠶᠠᠪᠤᠴᠠ ᠳᠤ᠂ | ᠲᠤᠮᠳᠠᠳᠤ ᠤᠯᠤᠰ ᠤᠨ ᠡᠪ ᠬᠠᠮᠳᠤ ᠨᠠᠮ ᠤᠨ ᠤᠳᠤᠷᠢᠳᠤᠭᠰᠠᠠ᠂ ᠠᠷᠠᠳᠴᠢᠯᠠᠭᠰᠠᠠ ᠨᠠᠮ ᠪᠦᠯᠥᠭ ᠤᠳ ᠪᠡ ᠠᠷᠠᠳ | ᠤᠨ ᠪᠦᠯᠬᠦᠮ ᠤᠳ ᠤᠨ ᠤᠷᠤᠯᠴᠠᠭᠰᠠᠠ᠂ ᠪᠦᠬᠦ ᠨᠡᠶᠢᠬᠡᠮ ᠵᠢᠷᠤᠮᠳᠤ ᠬᠦᠳᠡᠯᠮᠤᠷᠢᠴᠢᠳ᠂ ᠨᠡᠶᠢᠬᠡᠮ ᠵᠢᠷᠤᠮᠳᠤ ᠦᠢᠯᠡᠰ | ᠤᠨ ᠪᠦᠳᠦᠭᠡᠨ ᠪᠠᠶᠢᠭᠤᠯᠤᠭᠴᠢᠳ᠂ ᠨᠡᠶᠢᠬᠡᠮ ᠵᠢᠷᠤᠮ ᠢ ᠬᠦᠷᠢᠶᠡᠯᠡᠬᠦ ᠡᠬᠡ ᠤᠷᠤᠨᠴᠢᠳ᠂ ᠡᠬᠡ ᠤᠷᠤᠨ ᠤ ᠨᠢᠬᠡᠳᠤᠯ | ᠢ ᠬᠦᠷᠢᠶᠡᠯᠡᠬᠦ ᠪᠠ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠲᠦᠯᠥᠬᠡ | ᠲᠡᠮᠡᠴᠡᠭᠴᠢ ᠡᠬᠡ ᠤᠷᠤᠨᠴᠢᠳ ᠢ ᠪᠠᠭᠳᠠᠭᠠᠭᠰᠠᠠ ᠦᠷᠭᠡᠨ ᠲᠡᠯᠬᠡᠷ ᠡᠬᠡ ᠤᠷᠤᠨᠴᠢ ᠨᠢᠬᠡᠳᠤᠮᠡᠯ ᠹᠷᠤᠨᠲ | ᠪᠦᠷᠢᠯᠳᠦᠭᠰᠡᠨ ᠪᠦᠭᠡᠳ ᠡᠨᠡᠬᠦ ᠨᠢᠬᠡᠳᠤᠮᠡᠯ ᠹᠷᠤᠨᠲ ᠴᠢᠨᠠᠬᠰᠢᠳᠠ ᠪᠠᠬᠢᠵᠢᠨ ᠬᠦᠭᠵᠢᠬᠦ ᠪᠤᠯᠤᠨ᠎ᠠ᠃ ᠲᠤᠮᠳᠠᠳᠤ | ᠤᠯᠤᠰ ᠤᠨ ᠠᠷᠠᠳ ᠤᠨ ᠤᠯᠤᠰ ᠲᠦᠷᠦ ᠶᠢᠨ ᠵᠦᠪᠯᠡᠯᠬᠡᠨ ᠤ ᠬᠤᠷᠠᠯ ᠪᠤᠯ ᠦᠷᠬᠡᠨ ᠲᠡᠯᠬᠡᠷᠡᠩᠬᠦᠢ ᠲᠦᠯᠥᠬᠡᠯᠡᠬᠦ | ᠴᠢᠨᠠᠷ ᠪᠦᠬᠦᠢ ᠨᠢᠬᠡᠳᠤᠮᠡᠯ ᠹᠷᠤᠨᠲ ᠤᠨ ᠵᠤᠬᠢᠶᠠᠨ ᠪᠠᠶᠢᠭᠤᠯᠤᠯᠳᠠ ᠮᠥᠨ᠂ ᠦᠩᠬᠡᠷᠡᠭᠰᠡᠡ ᠳᠤ ᠴᠢᠬᠤᠯᠠ ᠲᠡᠤᠬᠡᠳᠤ | ᠦᠢᠯᠡᠳᠦᠯ ᠭᠠᠷᠭᠠᠵᠦ᠂ ᠡᠬᠦᠨ ᠠᠴᠠ ᠬᠤᠶᠢᠰᠢᠳᠠ ᠲᠦᠷᠦ ᠶᠢᠨ ᠤᠯᠤᠰ ᠲᠦᠷᠦ ᠶᠢᠨ ᠠᠮᠢᠳᠤᠷᠠᠯ᠂ ᠨᠡᠶᠢᠬᠡᠮ ᠤᠨ | ᠠᠮᠢᠳᠤᠷᠠᠯ ᠪᠤᠯᠤᠨ ᠭᠠᠳᠠᠭᠠᠳᠤ ᠲᠠᠢ ᠨᠦᠬᠦᠷᠰᠡᠭ ᠢᠶᠠᠷ ᠬᠠᠷᠢᠯᠴᠠᠬᠤ ᠠᠵᠢᠯᠯᠠᠭᠠᠨ ᠤ ᠲᠤᠮᠳᠠ ᠨᠡᠶᠢᠬᠡᠮ ᠵᠢᠷᠤᠮ ᠤᠨ | ᠤᠳᠤᠬᠢᠴᠢᠯᠠᠬᠤ ᠪᠦᠳᠦᠭᠡᠨ ᠪᠠᠶᠢᠭᠤᠯᠤᠯᠳᠠ ᠬᠢᠬᠦ᠂ ᠤᠯᠤᠰ ᠤᠷᠤᠨ ᠤ ᠨᠢᠬᠡᠳᠤᠯ ᠪᠠ ᠪᠦᠯᠬᠦᠮᠳᠡᠯ ᠢ ᠬᠠᠮᠠᠭᠠᠯᠠᠬᠤ | ᠲᠡᠮᠡᠴᠡᠯ ᠤᠨ ᠲᠤᠮᠳᠠ ᠪᠠᠰᠠ ᠤᠯᠠᠮ ᠨᠢᠬᠡ ᠠᠯᠬᠤᠮ ᠴᠢᠬᠤᠯᠠ ᠦᠢᠯᠡᠳᠦᠯ ᠭᠠᠷᠭᠠᠬᠤ ᠪᠤᠯᠤᠨ᠎ᠠ᠃ ᠲᠤᠮᠳᠠᠳᠤ | ᠤᠯᠤᠰ ᠤᠨ ᠡᠪ ᠬᠠᠮᠳᠤ ᠨᠠᠮ ᠤᠨ ᠤᠳᠤᠷᠢᠳᠤᠭᠰᠠᠠ ᠤᠯᠠᠨ ᠨᠠᠮ ᠬᠠᠮᠳᠤᠷᠠᠨ ᠠᠵᠢᠯᠯᠠᠬᠤ ᠪᠠ ᠤᠯᠤᠰ ᠲᠦᠷᠦ ᠶᠢᠨ | ᠵᠦᠪᠯᠡᠯᠭᠡᠨ ᠤ ᠪᠠᠶᠢᠭᠤᠯᠤᠯ ᠤᠷᠳᠤ ᠬᠤᠭᠤᠴᠠᠭ᠎ᠠ ᠪᠠᠷ ᠤᠷᠤᠰᠢᠵᠤ ᠬᠦᠭᠵᠢᠬᠦ ᠪᠤᠯᠤᠨ᠎ᠠ︾ ᠬᠡᠵᠥ ᠬᠠᠷᠠᠭᠠᠯᠵᠠᠭᠤᠯᠤᠨ | ᠵᠠᠰᠠᠪᠤᠷᠢ ᠤᠷᠤᠭᠤᠯᠪᠠ᠃ | ᠭᠤᠴᠢᠨ ᠲᠦᠷᠪᠡᠳᠦᠭᠡᠷ ᠵᠦᠢᠯ ᠦᠨᠳᠦᠰᠦᠨ ᠬᠠᠤᠯᠢ ᠶᠢᠨ ᠤᠷᠤᠰᠢᠯ ᠤᠨ ᠠᠷᠪᠠᠨ ᠨᠢᠬᠡᠳᠤᠭᠡᠷ ᠤᠯᠠᠭᠠᠨ | ᠮᠦᠷ ᠲᠠᠬᠢ ︽ᠡᠷᠬᠡ ᠲᠡᠭᠰᠢ᠂ ᠪᠦᠯᠬᠦᠮᠳᠡᠯ ᠲᠠᠢ᠂ ᠬᠠᠷᠢᠯᠴᠠᠨ ᠲᠤᠰᠠᠯᠠᠯᠴᠠᠬᠤ ᠨᠡᠶᠢᠬᠡᠮ ᠵᠢᠷᠤᠮ ᠤᠨ ᠦᠨᠳᠦᠰᠦᠳᠡᠨ | ᠤ ᠬᠠᠷᠢᠴᠠᠭ᠎ᠠ ᠨᠢᠬᠡᠨᠳᠡ ᠲᠤᠭᠳᠠᠭᠰᠠᠠ ᠪᠦᠭᠡᠳ ᠴᠢᠨᠠᠭᠰᠢᠳᠠ ᠪᠠᠳᠤᠵᠢᠬᠤ ᠪᠤᠯᠤᠨ᠎ᠠ︾ ᠬᠡᠳᠡᠭ ᠢ ︽ᠡᠷᠬᠡ ᠲᠡᠭᠰᠢ | ᠪᠦᠯᠬᠦᠮᠳᠡᠯ ᠲᠠᠢ ᠬᠠᠷᠢᠯᠴᠠᠨ ᠲᠤᠰᠠᠯᠠᠯᠴᠠᠭᠰᠠᠠ ᠡᠶ᠎ᠡ ᠵᠤᠬᠢᠴᠠᠩᠭᠤᠢ ᠨᠡᠶᠢᠬᠡᠮ ᠵᠢᠷᠤᠮ ᠤᠨ ᠦᠨᠳᠦᠰᠦᠳᠡᠨ ᠤ | ᠬᠠᠷᠢᠴᠠᠭ᠎ᠠ ᠨᠢᠬᠡᠨᠳᠡ ᠲᠤᠭᠳᠠᠭᠰᠠᠠ ᠪᠦᠭᠡᠳ ᠴᠢᠨᠠᠭᠰᠢᠳᠠ ᠪᠠᠳᠤᠵᠢᠬᠤ ᠪᠤᠯᠤᠨ᠎ᠠ︾ ᠬᠡᠵᠥ ᠵᠠᠰᠠᠪᠤᠷᠢ | ᠤᠷᠤᠭᠤᠯᠪᠠ᠃ | ᠭᠤᠴᠢᠨ ᠲᠠᠪᠤᠳᠤᠭᠠᠷ ᠵᠦᠢᠯ ᠦᠨᠳᠦᠰᠦᠨ ᠬᠠᠤᠯᠢ ᠶᠢᠨ ᠤᠷᠤᠰᠢᠯ ᠤᠨ ᠠᠷᠪᠠᠨ ᠬᠤᠶᠠᠳᠤᠭᠠᠷ ᠤᠯᠠᠭᠠᠨ | ᠮᠦᠷ ᠲᠠᠬᠢ ︽ᠲᠤᠮᠳᠠᠳᠤ ᠤᠯᠤᠰ ᠤᠨ ᠬᠤᠪᠢᠰᠬᠠᠯ ᠪᠠ ᠪᠦᠳᠦᠭᠡᠨ ᠪᠠᠶᠢᠭᠤᠯᠤᠯᠳᠠ ᠶᠢᠨ ᠠᠮᠵᠢᠯᠳᠠ ᠪᠤᠯ ᠲᠡᠯᠡᠬᠡᠢ | ᠵᠢᠨᠠᠷᠠᠳ ᠲᠦᠮᠡᠨ ᠤ ᠲᠡᠮᠵᠢᠯᠬᠡ ᠲᠠᠢ ᠰᠠᠯᠤᠰᠢ ᠦᠭᠡᠢ ᠶᠤᠮ︾ ᠬᠡᠳᠡᠭ ᠢ ︽ᠲᠤᠮᠳᠠᠳᠤ ᠤᠯᠤᠰ ᠤᠨ ᠬᠤᠪᠢᠰᠬᠠᠯ᠂ | ᠪᠦᠳᠦᠭᠡᠨ ᠪᠠᠶᠢᠭᠤᠯᠤᠯᠳᠠ᠂ ᠦᠭᠡᠷᠡᠴᠢᠯᠡᠯᠳᠡ ᠵᠢᠨᠠᠮᠵᠢᠯᠳᠠ ᠪᠤᠯ ᠲᠡᠯᠡᠬᠡᠢ ᠶᠢᠨ ᠠᠷᠠᠳ ᠲᠦᠮᠡᠨ ᠤ | ᠲᠡᠮᠵᠢᠯᠬᠡ ᠲᠠᠢ ᠰᠠᠯᠤᠰᠢ ᠦᠭᠡᠢ ᠶᠤᠮ︾ ᠬᠡᠵᠥ ᠵᠠᠰᠠᠪᠤᠷᠢ ᠤᠷᠤᠭᠤᠯᠪᠠ︔ ︽ᠲᠤᠮᠳᠠᠳᠤ ᠤᠯᠤᠰ ᠪᠡᠶ᠎ᠡ ᠪᠠᠨ | ᠲᠠᠭᠠᠭᠠᠵᠥ ᠡᠵᠡᠨ ᠮᠡᠳᠡᠬᠦ ᠭᠠᠳᠠᠭᠠᠳᠤ ᠲᠦᠷᠦ ᠶᠢᠨ ᠪᠤᠳᠤᠯᠭ᠎ᠠ ᠶᠢ ᠪᠠᠷᠢᠮᠳᠠᠯᠠᠵᠥ᠂ ᠡᠷᠬᠡ ᠮᠡᠳᠡᠯ ᠪᠠ ᠨᠤᠳᠤᠭ | ᠲᠡᠪᠢᠰᠬᠡᠷ ᠤᠨ ᠪᠦᠷᠢᠨ ᠪᠦᠳᠦᠨ ᠪᠠᠶᠢᠬᠤ ᠶᠢ ᠬᠠᠷᠢᠯᠴᠠᠨ ᠬᠦᠨᠳᠦᠳᠬᠡᠬᠦ᠂ ᠬᠠᠷᠢᠯᠴᠠᠨ ᠦᠯᠥ ᠬᠠᠯᠳᠠᠬᠤ᠂ | ᠲᠤᠳᠤᠭᠠᠳᠤ ᠵᠠᠰᠠᠭ ᠲᠤ ᠬᠠᠷᠢᠯᠴᠠᠨ ᠦᠯᠥ ᠭᠠᠷ ᠲᠦᠷᠦᠬᠦ᠂ ᠡᠷᠬᠡ ᠲᠡᠭᠰᠢ ᠬᠠᠷᠢᠯᠴᠠᠨ ᠠᠰᠢᠭᠳᠠᠢ ᠪᠠᠶᠢᠬᠤ᠂ | ᠨᠡᠶᠢᠷᠡᠮᠳᠡᠯ ᠢᠶᠠᠷ ᠵᠡᠷᠬᠡᠴᠡᠨ ᠤᠷᠤᠰᠢᠬᠤ ᠲᠠᠪᠤᠨ ᠵᠠᠷᠴᠢᠮ ᠢ ᠪᠠᠷᠢᠮᠳᠠᠯᠠᠵᠥ︾ ᠶᠢᠨ ᠠᠷᠤ ᠳᠤ ︽ᠡᠩᠬᠡ ᠲᠠᠶᠢᠪᠤᠩ | ᠬᠦᠭᠵᠢᠯᠳᠡ ᠶᠢᠨ ᠵᠠᠮ ᠢ ᠪᠠᠷᠢᠮᠳᠡᠯᠡᠵᠥ᠂ ᠬᠠᠷᠢᠯᠴᠠᠨ ᠠᠰᠢᠬᠳᠠᠢ ᠬᠠᠮᠳᠤᠪᠡᠷ ᠠᠰᠢᠬ ᠬᠦᠷᠳᠡᠬᠦ ᠨᠡᠬᠡᠬᠡᠯᠳᠡᠳᠤ | ᠪᠠᠶᠢᠯᠳᠤᠬᠤ ᠪᠤᠳᠤᠯᠭ᠎ᠠ ᠶᠢ ᠪᠠᠷᠢᠮᠳᠠᠯᠠᠵᠤ︾ ᠬᠡᠵᠥ ᠨᠡᠮᠡᠪᠡ︔ ︽ᠡᠯ᠎ᠡ ᠤᠯᠤᠰ ᠯᠤᠭ᠎ᠠ ᠶᠢᠨ ᠭᠠᠳᠠᠭᠠᠳᠤ | ᠬᠠᠷᠢᠯᠴᠠᠭ᠎ᠠ ᠪᠠ ᠠᠵᠥ ᠠᠬᠤᠢ᠂ ᠰᠤᠶᠤᠯ ᠤᠨ ᠰᠤᠯᠢᠯᠴᠠᠭ᠎ᠠ ᠪᠠᠨ ᠬᠦᠭᠵᠢᠬᠦᠯᠥᠨ᠎ᠡ︾ ᠭᠡᠳᠡᠭ ᠢ ︽ᠡᠯ᠎ᠡ | ᠤᠯᠤᠰ ᠯᠤᠭ᠎ᠠ ᠶᠢᠨ ᠭᠠᠳᠠᠭᠠᠳᠤ ᠬᠠᠷᠢᠯᠴᠠᠭ᠎ᠠ ᠪᠠ ᠠᠵᠥ ᠠᠬᠤᠢ᠂ ᠰᠤᠶᠤᠯ ᠤᠨ ᠰᠤᠯᠢᠯᠴᠠᠭ᠎ᠠ ᠪᠠᠨ ᠬᠦᠭᠵᠢᠬᠦᠯᠵᠥ᠂ | ᠬᠦᠮᠥᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠤ ᠶᠢᠨ ᠴᠤᠭᠴᠠ ᠶᠢ ᠪᠠᠶᠢᠭᠤᠯᠬᠤ ᠶᠢ ᠠᠬᠢᠭᠤᠯᠤᠨ᠎ᠠ︾ ᠬᠡᠵᠥ | ᠵᠠᠰᠠᠪᠤᠷᠢ ᠤᠷᠤᠭᠤᠯᠪᠠ᠃ ᠡᠨᠡᠬᠦ ᠤᠯᠠᠭᠠᠨ ᠮᠦᠷ ᠢ᠄ ︽ᠳᠤᠮᠳᠠᠳᠤ ᠤᠯᠤᠰ ᠤᠨ ᠬᠤᠪᠢᠰᠬᠠᠯ᠂ ᠪᠦᠳᠤᠬᠡᠨ | ᠪᠠᠶᠢᠭᠤᠯᠤᠯᠳᠠ᠂ ᠦᠬᠡᠷᠡᠴᠢᠯᠠᠯᠳᠠ ᠶᠢᠨ ᠠᠮᠵᠢᠯᠳᠠ ᠪᠤᠯ ᠲᠡᠯᠡᠬᠡᠢ ᠶᠢᠨ ᠠᠷᠠᠳ ᠲᠦᠮᠡᠨ ᠤ ᠲᠡᠮᠵᠢᠯᠬᠡ ᠲᠠᠢ ᠰᠠᠯᠤᠰᠢ | ᠦᠬᠡᠢ ᠶᠤᠮ᠃ ᠳᠤᠮᠳᠠᠳᠤ ᠤᠯᠤᠰ ᠤᠨ ᠢᠷᠡᠬᠡᠳᠤᠢ ᠪᠤᠯ ᠲᠡᠯᠡᠬᠡᠢ ᠶᠢᠨ ᠢᠷᠡᠬᠡᠳᠤᠢ ᠲᠠᠢ ᠨᠢᠬᠳᠠ ᠬᠤᠯᠪᠤᠭ᠎ᠠ ᠲᠠᠢ | ᠶᠤᠮ᠃ ᠳᠤᠮᠳᠠᠳᠤ ᠤᠯᠤᠰ ᠪᠠᠶ᠎ᠠ ᠪᠠᠨ ᠲᠠᠭᠠᠭᠠᠵᠤ ᠡᠵᠡᠨ ᠮᠡᠳᠡᠬᠦ ᠭᠠᠳᠠᠭᠠᠳᠤ ᠲᠦᠷᠤ ᠶᠢᠨ ᠪᠤᠳᠤᠯᠭ᠎ᠠ ᠶᠢ | ᠪᠠᠷᠢᠮᠳᠠᠯᠠᠵᠤ᠂ ᠡᠷᠬᠡ ᠮᠡᠳᠡᠯ ᠪᠠ ᠨᠤᠳᠤᠬ ᠲᠡᠪᠢᠰᠭᠡᠷ ᠤᠨ ᠪᠦᠷᠢᠨ ᠪᠦᠳᠤᠨ ᠪᠠᠶᠢᠬᠤ ᠶᠢ ᠬᠠᠷᠢᠯᠴᠠᠨ ᠬᠦᠨᠳᠤᠳᠬᠡᠬᠦ᠂ | ᠬᠠᠷᠢᠯᠴᠠᠨ ᠦᠯᠤ ᠬᠠᠯᠳᠠᠬᠤ᠂ ᠳᠤᠳᠤᠭᠠᠳᠤ ᠵᠠᠰᠠᠬ ᠲᠤ ᠬᠠᠷᠢᠯᠴᠠᠨ ᠦᠯᠤ ᠭᠠᠷ ᠲᠦᠷᠤᠬᠦ᠂ ᠡᠷᠬᠡ ᠲᠡᠭᠰᠢ | ᠬᠠᠷᠢᠯᠴᠠᠨ ᠠᠰᠢᠬᠳᠠᠢ ᠪᠠᠶᠢᠬᠤ᠂ ᠨᠠᠶᠢᠷᠠᠮᠳᠠᠯ ᠢᠶᠠᠷ ᠵᠡᠷᠬᠡᠴᠡᠨ ᠤᠷᠤᠰᠢᠬᠤ ᠲᠠᠪᠤᠨ ᠵᠠᠷᠴᠢᠮ ᠢ ᠪᠠᠷᠢᠮᠳᠠᠯᠠᠵᠤ᠂ ᠡᠩᠬᠡ | ᠲᠠᠶᠢᠪᠤᠩ ᠬᠦᠭᠵᠢᠯᠳᠠ ᠶᠢᠨ ᠵᠠᠮ ᠢ ᠪᠠᠷᠢᠮᠳᠠᠯᠠᠵᠤ᠂ ᠬᠠᠷᠢᠯᠴᠠᠨ ᠠᠰᠢᠬᠳᠠᠢ ᠬᠠᠮᠳᠤᠪᠡᠷ ᠠᠰᠢᠬ ᠬᠦᠷᠳᠡᠬᠦ | ᠨᠡᠭᠡᠭᠡᠯᠳᠡᠳᠦ ᠪᠠᠶᠢᠯᠳᠤᠬᠤ ᠪᠤᠳᠤᠯᠭ᠎ᠠ ᠶᠢ ᠪᠠᠷᠢᠮᠳᠠᠯᠠᠵᠤ᠂ ᠡᠯ᠎ᠠ ᠤᠯᠤᠰ ᠯᠤᠭ᠎ᠠ ᠶᠢᠨ ᠭᠠᠳᠠᠭᠠᠳᠤ ᠬᠠᠷᠢᠯᠴᠠᠭ᠎ᠠ ᠪᠠ | ᠠᠵᠤ ᠠᠬᠤᠢ᠂ ᠰᠤᠶᠤᠯ ᠤᠨ ᠰᠤᠯᠢᠯᠴᠠᠭ᠎ᠠ ᠪᠠᠨ ᠬᠦᠭᠵᠢᠬᠦᠯᠵᠤ᠂ ᠬᠦᠮᠤᠨ ᠲᠦᠷᠤᠯᠬᠢᠳᠠᠨ ᠤ ᠬᠤᠪᠢ ᠵᠠᠶᠠᠭᠠᠨ ᠤ | ᠬᠠᠮᠳᠤ ᠶᠢᠨ ᠴᠤᠬᠴᠠ ᠶᠢ ᠪᠠᠶᠢᠭᠤᠯᠬᠤ ᠶᠢ ᠠᠬᠢᠭᠤᠯᠤᠨ᠎ᠠ︔ ᠡᠵᠡᠷᠬᠡᠭ ᠲᠦᠷᠢᠮᠡᠬᠡᠢ ᠶᠤᠰᠤ᠂ ᠡᠵᠡᠷᠬᠡᠬᠦ ᠦᠵᠡᠯ᠂ | ᠺᠤᠯᠤᠨᠢᠴᠢᠯᠠᠬᠤ ᠦᠵᠡᠯ ᠢ ᠡᠰᠡᠷᠬᠦᠴᠡᠬᠦ ᠶᠢ ᠪᠠᠷᠢᠮᠳᠠᠯᠠᠵᠤ᠂ ᠲᠡᠯᠡᠬᠡᠢ ᠶᠢᠨ ᠡᠯ᠎ᠠ ᠤᠯᠤᠰ ᠤᠨ ᠠᠷᠠᠳ ᠲᠦᠮᠡᠨ ᠯᠦᠭᠡ | ᠶᠢᠨ ᠪᠦᠯᠬᠦᠮᠳᠡᠯ ᠢᠶᠠᠨ ᠴᠢᠩᠭᠠᠳᠬᠠᠵᠤ᠂ ᠲᠠᠷᠤᠯᠠᠬᠳᠠᠵᠤ ᠪᠠᠶᠢᠭ᠎ᠠ ᠦᠨᠳᠤᠰᠤᠳᠠᠨ ᠪᠤᠯᠤᠨ ᠬᠦᠭᠵᠢᠵᠤ ᠪᠠᠶᠢᠭ᠎ᠠ | ᠤᠯᠤᠰ ᠤᠷᠤᠨ ᠤ ᠦᠨᠳᠤᠰᠤᠳᠠᠨ ᠤ ᠲᠤᠰᠠᠭᠠᠷ ᠲᠤᠭᠳᠠᠨᠢᠯ ᠢᠶᠠᠨ ᠲᠡᠮᠡᠴᠡᠨ ᠤᠯᠬᠤ ᠪᠠ ᠬᠠᠮᠠᠭᠠᠯᠠᠬᠤ᠂ | ᠦᠨᠳᠤᠰᠤᠳᠠᠨ ᠤ ᠠᠵᠤ ᠠᠬᠤᠢ ᠪᠠᠨ ᠬᠦᠭᠵᠢᠬᠦᠯᠬᠦ ᠰᠢᠳᠤᠷᠭᠤ ᠲᠡᠮᠡᠴᠡᠯ ᠢ ᠲᠡᠮᠵᠢᠵᠤ᠂ ᠲᠡᠯᠡᠬᠡᠢ ᠶᠢᠨ ᠡᠩᠬᠡ | ᠲᠠᠶᠢᠪᠤᠩ ᠢ ᠬᠠᠮᠠᠭᠠᠯᠠᠬᠤ ᠪᠤᠯᠤᠨ ᠬᠦᠮᠤᠨ ᠲᠦᠷᠤᠯᠬᠢᠳᠠᠨ ᠤ ᠲᠠᠪᠰᠢᠯᠳᠡ ᠶᠢᠨ ᠤᠶᠢᠯᠡᠰ ᠢ ᠠᠬᠢᠭᠤᠯᠬᠤ ᠪᠠᠷ | ᠴᠢᠷᠮᠠᠶᠢᠨ᠎ᠠ︾ ᠬᠡᠵᠤ ᠬᠠᠷᠠᠭᠠᠯᠵᠠᠭᠤᠯᠤᠨ ᠵᠠᠰᠠᠪᠤᠷᠢ ᠤᠷᠤᠭᠤᠯᠪᠠ᠃ | ᠭᠤᠴᠢᠨ ᠵᠢᠷᠭᠤᠳᠤᠭᠠᠷ ᠵᠦᠢᠯ ᠦᠨᠳᠤᠰᠤᠨ ᠬᠠᠤᠯᠢ ᠵᠢᠨᠨᠢᠬᠡᠳᠤᠬᠡᠷ ᠵᠤᠶᠢᠯ ᠤᠨ ᠬᠤᠶᠠᠳᠤᠭᠠᠷ ᠪᠠᠳᠠᠭ ᠤᠨ | ︽ᠨᠡᠶᠢᠬᠡᠮ ᠵᠢᠷᠦᠮᠳᠤ ᠪᠠᠶᠢᠭᠤᠯᠤᠯ ᠪᠤᠯ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠤᠰᠤᠨ | ᠪᠠᠶᠢᠭᠤᠯᠤᠯ ᠮᠦᠨ︾ ᠭᠡᠳᠡᠭ ᠤᠨ ᠠᠷᠤ ᠳᠤ ᠨᠢᠬᠡ ᠦᠬᠦᠯᠡᠪᠤᠷᠢ ᠨᠡᠮᠡᠪᠡ᠂ ᠠᠭᠤᠯᠭ᠎ᠠ ᠨᠢ᠄ ︽ᠳᠤᠮᠳᠠᠳᠤ ᠤᠯᠤᠰ | ᠤᠨ ᠡᠪ ᠬᠠᠮᠳᠤ ᠨᠠᠮ ᠤᠨ ᠤᠳᠤᠷᠢᠳᠤᠯᠭ᠎ᠠ ᠪᠤᠯ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ | ᠬᠠᠮᠤᠬ ᠤᠨ ᠮᠦᠨ ᠴᠢᠨᠠᠷ ᠤᠨ ᠤᠨᠴᠠᠯᠢᠬ ᠮᠦᠨ︾ ᠪᠤᠯᠤᠨ᠎ᠠ᠃ | ᠭᠤᠴᠢᠨ ᠲᠤᠯᠤᠳᠤᠭᠠᠷ ᠵᠦᠢᠯ ᠦᠨᠳᠤᠰᠤᠨ ᠬᠠᠤᠯᠢ ᠵᠢᠨᠭᠤᠷᠪᠠᠳᠤᠭᠠᠷ ᠵᠤᠶᠢᠯ ᠤᠨ ᠭᠤᠷᠪᠠᠳᠤᠭᠠᠷ ᠪᠠᠳᠠᠭ | ᠤᠨ ︽ᠲᠦᠷᠤ ᠶᠢᠨ ᠵᠠᠰᠠᠬ ᠵᠠᠬᠢᠷᠭᠠᠨ ᠤ ᠪᠠᠶᠢᠭᠤᠯᠭ᠎ᠠ᠂ ᠰᠢᠬᠦᠨ ᠲᠠᠰᠤᠯᠬᠤ ᠪᠠᠶᠢᠭᠤᠯᠭ᠎ᠠ᠂ ᠪᠠᠶᠢᠴᠠᠭᠠᠬᠤ | ᠪᠠᠶᠢᠭᠤᠯᠭ᠎ᠠ ᠴᠦᠮ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠢᠶᠠᠷ ᠪᠤᠢ ᠪᠤᠯᠵᠤ᠂ ᠲᠡᠬᠦᠨ ᠳᠤ | ᠬᠠᠷᠢᠭᠤᠴᠠᠨ᠂ ᠲᠡᠬᠦᠨ ᠤ ᠬᠢᠨᠠᠯᠳᠠ ᠶᠢ ᠬᠦᠯᠢᠶᠠᠨ᠎ᠠ︾ ᠭᠡᠳᠡᠭ ᠢ ︽ᠲᠦᠷᠤ ᠵᠢᠨᠵᠠᠰᠠᠬ ᠵᠠᠬᠢᠷᠭᠠᠨ ᠤ ᠪᠠᠶᠢᠭᠤᠯᠭ᠎ᠠ᠂ | ᠬᠢᠨᠠᠨ ᠪᠠᠶᠢᠴᠠᠭᠠᠬᠤ ᠪᠠᠶᠢᠭᠤᠯᠭ᠎ᠠ᠂ ᠰᠢᠬᠦᠨ ᠲᠠᠰᠤᠯᠬᠤ ᠪᠠᠶᠢᠭᠤᠯᠭ᠎ᠠ᠂ ᠪᠠᠶᠢᠴᠠᠭᠠᠬᠤ ᠪᠠᠶᠢᠭᠤᠯᠭ᠎ᠠ ᠴᠦᠮ ᠠᠷᠠᠳ | ᠤᠨ ᠲᠦᠯᠤᠬᠡᠯᠡᠭᠴᠢᠳ ᠤᠨ ᠶᠡᠭᠡ ᠬᠤᠷᠠᠯ ᠢᠶᠠᠷ ᠪᠤᠢ ᠪᠤᠯᠵᠤ᠂ ᠲᠡᠬᠦᠨ ᠳᠤ ᠬᠠᠷᠢᠭᠤᠴᠠᠨ᠂ ᠲᠡᠬᠦᠨ ᠤ ᠬᠢᠨᠠᠯᠳᠠ ᠶᠢ | ᠬᠦᠯᠢᠶᠠᠨ᠎ᠠ︾ ᠬᠡᠵᠤ ᠵᠠᠰᠠᠪᠤᠷᠢ ᠤᠷᠤᠭᠤᠯᠪᠠ᠃ | ᠭᠤᠴᠢᠨ ᠨᠠᠢᠮᠠᠳᠤᠭᠠᠷ ᠵᠦᠢᠯ ᠦᠨᠳᠤᠰᠤᠨ ᠬᠠᠤᠯᠢ ᠶᠢᠨ ᠲᠦᠷᠪᠡᠳᠤᠭᠡᠷ ᠵᠤᠶᠢᠯ ᠤᠨ ᠨᠢᠬᠡᠳᠤᠬᠡᠷ ᠪᠠᠳᠠᠭ ᠤᠨ | ︽ᠤᠯᠤᠰ ᠠᠴᠠ ᠴᠦᠬᠡᠨ ᠲᠤᠭᠠᠳᠤ ᠦᠨᠳᠤᠰᠤᠳᠠᠨ ᠨᠦᠭᠦᠳ ᠤᠨ ᠬᠠᠤᠯᠢ ᠶᠤᠰᠤᠨ ᠤ ᠡᠷᠬᠡ ᠠᠰᠢᠭ ᠢ ᠪᠠᠳᠤᠯᠠᠨ᠂ | ᠦᠨᠳᠦᠰᠦᠳᠡᠨ ᠨᠦᠭᠦᠳ ᠤᠨ ᠡᠷᠬᠡ ᠲᠡᠭᠰᠢ᠂ ᠪᠦᠯᠬᠦᠮᠳᠡᠯ ᠲᠠᠢ᠂ ᠬᠠᠷᠢᠯᠴᠠᠨ ᠲᠤᠰᠠᠯᠠᠯᠴᠠᠬᠤ ᠬᠠᠷᠢᠴᠠᠭ᠎ᠠ ᠶᠢ | ᠬᠠᠮᠠᠭᠠᠯᠠᠨ ᠬᠦᠭᠵᠢᠬᠦᠯᠤᠨ᠎ᠠ︾ ᠭᠡᠳᠡᠭ ᠢ ︽ᠤᠯᠤᠰ ᠠᠴᠠ ᠴᠦᠬᠡᠨ ᠲᠤᠭᠠᠳᠤ ᠦᠨᠳᠤᠰᠤᠳᠠᠨ ᠨᠦᠭᠦᠳ ᠤᠨ ᠬᠠᠤᠯᠢ | ᠶᠤᠰᠤᠨ ᠤ ᠡᠷᠬᠡ ᠠᠰᠢᠬ ᠢ ᠪᠠᠳᠤᠯᠠᠨ᠂ ᠦᠨᠳᠤᠰᠤᠳᠠᠨ ᠨᠦᠭᠦᠳ ᠤᠨ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ | ᠲᠤᠰᠠᠯᠠᠯᠴᠠᠬᠤ ᠡᠶ᠎ᠡ ᠵᠤᠬᠢᠴᠠᠩᠭᠤᠢ ᠬᠠᠷᠢᠴᠠᠭ᠎ᠠ ᠶᠢ ᠬᠠᠮᠠᠭᠠᠯᠠᠨ ᠬᠦᠭᠵᠢᠬᠦᠯᠤᠨ᠎ᠠ︾ ᠬᠡᠵᠤ ᠵᠠᠰᠠᠪᠤᠷᠢ | ᠤᠷᠤᠭᠤᠯᠪᠠ᠃ | ᠭᠤᠴᠢ ᠶᠢᠰᠦᠳᠦᠭᠡᠷ ᠵᠦᠢᠯ ᠦᠨᠳᠤᠰᠤᠨ ᠬᠠᠤᠯᠢ ᠶᠢᠨ ᠬᠤᠷᠢᠨ ᠲᠦᠷᠪᠡᠳᠤᠭᠡᠷ ᠵᠤᠶᠢᠯ ᠤᠨ ᠬᠤᠶᠠᠳᠤᠭᠠᠷ | ᠪᠠᠳᠠᠭ ᠤᠨ ︽ᠤᠯᠤᠰ ᠠᠴᠠ ᠡᠬᠡ ᠤᠷᠤᠨ ᠢᠶᠠᠨ ᠬᠠᠶᠢᠷᠠᠯᠠᠬᠤ᠂ ᠠᠷᠠᠳ ᠲᠦᠮᠡᠨ ᠢᠶᠠᠨ ᠬᠠᠶᠢᠷᠠᠯᠠᠬᠤ᠂ ᠬᠦᠳᠡᠯᠮᠤᠷᠢ | ᠳᠤ ᠲᠤᠷᠠᠳᠠᠢ᠂ ᠰᠢᠨᠵᠢᠯᠡᠬᠦ ᠤᠬᠠᠭᠠᠨ ᠳᠤ ᠲᠤᠷᠠᠳᠠᠢ᠂ ᠨᠡᠶᠢᠬᠡᠮ ᠵᠢᠷᠤᠮ ᠢ ᠬᠠᠶᠢᠷᠠᠯᠠᠬᠤ ᠨᠡᠶᠢᠳᠠ ᠶᠢᠨ ᠶᠤᠰᠤ ᠮᠤᠷᠠᠯ | ᠢ ᠡᠷᠬᠢᠮᠯᠠᠵᠤ︾ ᠭᠡᠳᠡᠭ ᠢ ︽ᠤᠯᠤᠰ ᠠᠴᠠ ᠨᠡᠶᠢᠬᠡᠮ ᠵᠢᠷᠤᠮ ᠤᠨ ᠭᠤᠤᠯᠯᠠᠬᠴᠢ ᠦᠷᠳᠡᠭ ᠤᠨ ᠦᠵᠡᠯᠳᠡ ᠶᠢ | ᠡᠷᠬᠢᠮᠯᠡᠵᠦ᠂ ᠡᠬᠡ ᠤᠷᠤᠨ ᠢᠶᠠᠨ ᠬᠠᠶᠢᠷᠠᠯᠠᠬᠤ᠂ ᠠᠷᠠᠳ ᠲᠦᠮᠡᠨ ᠢᠶᠠᠨ ᠬᠠᠶᠢᠷᠠᠯᠠᠬᠤ᠂ ᠬᠦᠳᠡᠯᠮᠤᠷᠢ ᠳᠤ ᠲᠤᠷᠠᠳᠠᠢ᠂ | ᠰᠢᠨᠵᠢᠯᠡᠬᠦ ᠤᠬᠠᠭᠠᠨ ᠳᠤ ᠲᠤᠷᠠᠳᠠᠢ᠂ ᠨᠡᠶᠢᠬᠡᠮ ᠵᠢᠷᠤᠮ ᠢ ᠬᠠᠶᠢᠷᠠᠯᠠᠬᠤ ᠨᠡᠶᠢᠳᠠ ᠶᠢᠨ ᠶᠤᠰᠤ ᠮᠤᠷᠠᠯ ᠢ ᠡᠷᠬᠢᠮᠯᠡᠵᠦ︾ | ᠬᠡᠵᠤ ᠵᠠᠰᠠᠪᠤᠷᠢ ᠤᠷᠤᠭᠤᠯᠪᠠ᠃ ᠡᠨᠡᠬᠦ ᠪᠠᠳᠠᠭ ᠢ᠄ ︽ᠤᠯᠤᠰ ᠠᠴᠠ ᠨᠡᠶᠢᠬᠡᠮ ᠵᠢᠷᠤᠮ ᠤᠨ ᠭᠤᠤᠯᠯᠠᠬᠴᠢ ᠦᠷᠳᠡᠭ | ᠤᠨ ᠦᠵᠡᠯᠳᠡ ᠶᠢ ᠡᠷᠬᠢᠮᠯᠠᠵᠤ᠂ ᠡᠬᠡ ᠤᠷᠤᠨ ᠢᠶᠠᠨ ᠬᠠᠶᠢᠷᠠᠯᠠᠬᠤ᠂ ᠠᠷᠠᠳ ᠲᠦᠮᠡᠨ ᠢᠶᠠᠨ ᠬᠠᠶᠢᠷᠠᠯᠠᠬᠤ᠂ | ᠬᠦᠳᠡᠯᠮᠤᠷᠢ ᠳᠤ ᠲᠤᠷᠠᠳᠠᠢ᠂ ᠰᠢᠨᠵᠢᠯᠡᠬᠦ ᠤᠬᠠᠭᠠᠨ ᠳᠤ ᠲᠤᠷᠠᠳᠠᠢ᠂ ᠨᠡᠶᠢᠬᠡᠮ ᠵᠢᠷᠤᠮ ᠢ ᠬᠠᠶᠢᠷᠠᠯᠠᠬᠤ ᠨᠡᠶᠢᠳᠠ ᠶᠢᠨ | ᠶᠤᠰᠤ ᠮᠤᠷᠠᠯ ᠢ ᠡᠷᠬᠢᠮᠯᠠᠵᠤ᠂ ᠠᠷᠠᠳ ᠲᠦᠮᠡᠨ ᠳᠤ ᠡᠬᠡ ᠤᠷᠤᠨᠴᠢ ᠦᠵᠡᠯ᠂ ᠨᠡᠶᠢᠳᠡᠴᠢ ᠦᠵᠡᠯ ᠪᠠ | ᠢᠨᠲ᠋ᠧᠷᠨᠠᠼᠢᠤᠨᠠᠯ ᠤᠨ ᠦᠵᠡᠯ᠂ ᠡᠪ ᠬᠠᠮᠳᠤᠴᠢ ᠦᠵᠡᠯ ᠤᠨ ᠬᠦᠮᠤᠵᠢᠯ ᠬᠢᠵᠤ᠂ ᠬᠤᠪᠢᠰᠤᠩᠭᠤᠢ ᠪᠤᠳᠠᠰᠴᠢ ᠦᠵᠡᠯ | ᠪᠠ ᠲᠡᠤᠬᠡ ᠶᠢᠨ ᠪᠤᠳᠠᠰᠴᠢ ᠦᠵᠡᠯ ᠤᠨ ᠬᠦᠮᠤᠵᠢᠯ ᠬᠢᠨ᠎ᠠ᠂ ᠬᠦᠷᠤᠩᠬᠡᠳᠤ ᠶᠤᠰᠤᠨ ᠤ ᠦᠵᠡᠯ ᠰᠠᠨᠠᠭ᠎ᠠ᠂ ᠹᠸᠤᠳᠠᠯ | ᠤᠨ ᠦᠵᠡᠯ ᠰᠠᠨᠠᠭ᠎ᠠ ᠪᠠ ᠪᠤᠰᠤᠳ ᠢᠯᠵᠢᠷᠠᠮᠠᠯ ᠦᠵᠡᠯ ᠰᠠᠨᠠᠭ᠎ᠠ ᠶᠢ ᠡᠰᠡᠷᠬᠦᠴᠡᠨ᠎ᠠ︾ ᠬᠡᠵᠤ ᠬᠠᠷᠠᠭᠠᠯᠵᠠᠭᠤᠯᠤᠨ | ᠵᠠᠰᠠᠪᠤᠷᠢ ᠤᠷᠤᠭᠤᠯᠪᠠ᠃ | ᠲᠦᠴᠢᠳᠦᠭᠡᠷ ᠵᠦᠢᠯ ᠦᠨᠳᠤᠰᠤᠨ ᠬᠠᠤᠯᠢ ᠶᠢᠨ ᠬᠤᠷᠢᠨ ᠲᠤᠯᠤᠳᠤᠭᠠᠷ ᠵᠤᠶᠢᠯ ᠳᠤ ᠳᠤᠤᠷᠠᠬᠢ ᠮᠡᠳᠦ ᠨᠢᠬᠡ | ᠪᠠᠳᠠᠭ ᠠᠭᠤᠯᠭ᠎ᠠ ᠨᠡᠮᠡᠵᠦ ᠭᠤᠷᠪᠠᠳᠤᠭᠠᠷ ᠪᠠᠳᠠᠭ ᠪᠤᠯᠭᠠᠪᠠ᠄ ︽ᠤᠯᠤᠰ ᠤᠨ ᠠᠯᠪᠠᠨ ᠠᠵᠢᠯᠳᠠᠨ ᠲᠤᠰᠢᠶᠠᠯ ᠳᠤ | ᠭᠠᠷᠬᠤ ᠳᠠᠭᠠᠨ ᠬᠠᠤᠯᠢ ᠴᠠᠭᠠᠵᠠ ᠶᠢᠨ ᠲᠤᠭᠳᠠᠭᠠᠯ ᠶᠤᠰᠤᠭᠠᠷ ᠢᠯᠡ ᠪᠠᠷ ᠦᠨᠳᠤᠰᠤᠨ ᠬᠠᠤᠯᠢ ᠳᠤ ᠲᠠᠩᠭᠠᠷᠢᠬᠯᠠᠬᠤ | ᠬᠡᠷᠡᠭᠳᠠᠢ︾᠃ | ᠲᠦᠴᠢᠨ ᠨᠢᠭᠡᠳᠦᠭᠡᠷ ᠵᠦᠢᠯ ᠦᠨᠳᠤᠰᠤᠨ ᠬᠠᠤᠯᠢ ᠶᠢᠨ ᠵᠢᠷᠠᠨ ᠬᠤᠶᠠᠳᠤᠭᠠᠷ ᠵᠤᠶᠢᠯ ᠤᠨ ︽ᠪᠦᠬᠦ ᠤᠯᠤᠰ | ᠤᠨ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠲᠤᠤᠷ᠎ᠠ ᠲᠤᠷᠠᠳᠤᠬᠰᠠᠨ ᠡᠷᠬᠡ ᠲᠤᠰᠢᠶᠠᠯ ᠤᠳ ᠢ | ᠬᠦᠢᠴᠡᠳᠬᠡᠨ᠎ᠠ︾ ᠭᠡᠳᠡᠭ ᠲᠤ ᠨᠢᠬᠡ ᠵᠤᠷᠪᠤᠰ ᠠᠭᠤᠯᠭ᠎ᠠ ᠨᠡᠮᠡᠵᠤ᠂ ︽︵ᠲᠤᠯᠤᠭ᠎ᠠ︶ ᠤᠯᠤᠰ ᠤᠨ ᠬᠢᠨᠠᠨ | ᠪᠠᠶᠢᠴᠠᠭᠠᠬᠤ ᠵᠦᠪᠯᠡᠯ ᠤᠨ ᠡᠷᠬᠢᠯᠡᠭᠴᠢ ᠶᠢ ᠰᠤᠩᠭᠤᠨ᠎ᠠ︾ ᠬᠡᠵᠤ ᠲᠤᠯᠤᠳᠤᠭᠠᠷ ᠵᠤᠷᠪᠤᠰ ᠪᠤᠯᠭᠠᠪᠠ᠂ ᠤᠤᠯ ᠤᠨ | ᠳᠤᠯᠤᠳᠤᠭᠠᠷ ᠵᠤᠷᠪᠤᠰ ᠠᠴᠠ ᠠᠷᠪᠠᠨ ᠲᠠᠪᠤᠳᠤᠭᠠᠷ ᠵᠤᠷᠪᠤᠰ ᠬᠦᠷᠬᠦ ᠠᠭᠤᠯᠭ᠎ᠠ ᠶᠢ ᠲᠤᠰᠪᠤᠷᠢ ᠨᠠᠢᠮᠠᠳᠤᠭᠠᠷ | ᠵᠤᠷᠪᠤᠰ ᠠᠴᠠ ᠠᠷᠪᠠᠨ ᠵᠢᠷᠭᠤᠳᠤᠭᠠᠷ ᠵᠤᠷᠪᠤᠰ ᠬᠦᠷᠬᠦ ᠠᠭᠤᠯᠭ᠎ᠠ ᠪᠤᠯᠭᠠᠨ ᠬᠤᠪᠢᠷᠠᠭᠤᠯᠪᠠ᠃ | ᠲᠦᠴᠢᠨ ᠬᠤᠶᠠᠳᠤᠭᠠᠷ ᠵᠦᠢᠯ ᠦᠨᠳᠤᠰᠤᠨ ᠬᠠᠤᠯᠢ ᠶᠢᠨ ᠵᠢᠷᠠᠨ ᠭᠤᠷᠪᠠᠳᠤᠭᠠᠷ ᠵᠤᠶᠢᠯ ᠤᠨ ︽ᠪᠦᠬᠦ | ᠤᠯᠤᠰ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠲᠤᠤᠷ᠎ᠠ ᠲᠤᠷᠠᠳᠤᠬᠰᠠᠨ ᠬᠦᠮᠤᠰ ᠢ | ᠲᠤᠰᠢᠶᠠᠯ ᠠᠴᠠ ᠨᠢ ᠪᠠᠭᠤᠯᠭᠠᠬᠤ ᠡᠷᠬᠡ ᠲᠠᠢ︾ ᠭᠡᠳᠡᠭ ᠲᠤ ᠨᠢᠭᠡ ᠵᠤᠷᠪᠤᠰ ᠠᠭᠤᠯᠭ᠎ᠠ ᠨᠡᠮᠡᠵᠦ᠂ ︽︵ᠲᠦᠷᠪᠡ︶ | ᠤᠯᠤᠰ ᠤᠨ ᠬᠢᠨᠠᠨ ᠪᠠᠶᠢᠴᠠᠭᠠᠠᠬᠤ ᠵᠦᠪᠯᠡᠯ ᠤᠨ ᠡᠷᠬᠢᠯᠡᠭᠴᠢ︾ ᠬᠡᠵᠤ ᠲᠦᠷᠪᠡᠳᠤᠭᠡᠷ ᠵᠤᠷᠪᠤᠰ ᠪᠤᠯᠭᠠᠪᠠ᠂ ᠤᠤᠯ | ᠤᠨ ᠲᠦᠷᠪᠡᠳᠤᠭᠡᠷ ᠵᠤᠷᠪᠤᠰ᠂ ᠲᠠᠪᠤᠳᠤᠭᠠᠷ ᠵᠤᠷᠪᠤᠰ ᠢ ᠲᠤᠰᠪᠤᠷᠢ ᠲᠠᠪᠤᠳᠤᠭᠠᠷ ᠵᠤᠷᠪᠤᠰ᠂ ᠵᠢᠷᠭᠤᠳᠤᠭᠠᠷ ᠵᠤᠷᠪᠤᠰ | ᠪᠤᠯᠭᠠᠨ ᠬᠤᠪᠢᠷᠠᠭᠤᠯᠪᠠ᠃ | ᠲᠦᠴᠢᠨ ᠭᠤᠷᠪᠠᠳᠤᠭᠠᠷ ᠵᠦᠢᠯ ᠦᠨᠳᠤᠰᠤᠨ ᠬᠠᠤᠯᠢ ᠵᠢᠨᠵᠢᠷᠠᠨ ᠲᠠᠪᠤᠳᠤᠭᠠᠷ ᠵᠤᠶᠢᠯ ᠤᠨ ᠲᠦᠷᠪᠡᠳᠤᠭᠡᠷ | ᠪᠠᠳᠠᠭ ᠤᠨ ︽ᠪᠦᠬᠦ ᠤᠯᠤᠰ ᠤᠨ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ | ᠤ ᠪᠦᠷᠢᠯᠳᠤᠬᠦᠨ ᠨᠠᠷ ᠲᠦᠷᠤ ᠶᠢᠨ ᠵᠠᠰᠠᠬ ᠵᠠᠬᠢᠷᠭᠠᠨ ᠤ ᠪᠠᠶᠢᠭᠤᠯᠭ᠎ᠠ᠂ ᠰᠢᠬᠦᠨ ᠲᠠᠰᠤᠯᠬᠤ ᠪᠠ ᠪᠠᠶᠢᠴᠠᠭᠠᠬᠤ | ᠪᠠᠶᠢᠭᠤᠯᠭ᠎ᠠ ᠶᠢᠨ ᠲᠤᠰᠢᠶᠠᠯ ᠢ ᠬᠠᠷᠢᠭᠤᠴᠠᠵᠤ ᠪᠤᠯᠬᠤ ᠦᠬᠡᠢ︾ ᠭᠡᠳᠡᠭ ᠢ ︽ᠪᠦᠬᠦ ᠤᠯᠤᠰ ᠤᠨ ᠠᠷᠠᠳ ᠤᠨ | ᠲᠦᠯᠤᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠤᠬᠦᠨ ᠨᠠᠷ ᠲᠦᠷᠤ ᠶᠢᠨ ᠵᠠᠰᠠᠬ | ᠵᠠᠬᠢᠷᠭᠠᠨ ᠤ ᠪᠠᠶᠢᠭᠤᠯᠭ᠎ᠠ᠂ ᠬᠢᠨᠠᠨ ᠪᠠᠶᠢᠴᠠᠭᠠᠬᠤ ᠪᠠᠶᠢᠭᠤᠯᠭ᠎ᠠ᠂ ᠰᠢᠬᠦᠨ ᠲᠠᠰᠤᠯᠬᠤ ᠪᠠ ᠪᠠᠶᠢᠴᠠᠭᠠᠬᠤ ᠪᠠᠶᠢᠭᠤᠯᠭ᠎ᠠ | ᠶᠢᠨ ᠲᠤᠰᠢᠶᠠᠯ ᠢ ᠬᠠᠷᠢᠭᠤᠴᠠᠵᠤ ᠪᠣᠯᠬᠤ ᠦᠭᠡᠢ︾ ᠬᠡᠵᠤ ᠵᠠᠰᠠᠪᠤᠷᠢ ᠤᠷᠤᠭᠤᠯᠪᠠ᠃ | ᠲᠦᠴᠢᠨ ᠲᠦᠷᠪᠡᠳᠦᠭᠡᠷ ᠵᠦᠢᠯ ᠦᠨᠳᠤᠰᠤᠨ ᠬᠠᠤᠯᠢ ᠶᠢᠨ ᠵᠢᠷᠠᠨ ᠲᠤᠯᠤᠳᠤᠭᠠᠷ ᠵᠤᠶᠢᠯ ᠤᠨ ︽ᠪᠦᠬᠦ | ᠤᠯᠤᠰ ᠤᠨ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠤᠤᠷ᠎ᠠ | ᠲᠤᠷᠠᠳᠤᠭᠰᠠᠨ ᠡᠷᠬᠡ ᠲᠤᠰᠢᠶᠠᠯ ᠢ ᠬᠦᠢᠴᠡᠳᠬᠡᠨ᠎ᠠ ᠭᠡᠳᠡᠭ ᠤᠨ ᠵᠢᠷᠭᠤᠳᠤᠭᠠᠷ ᠵᠤᠷᠪᠤᠰ ᠤᠨ ︽︵ᠵᠢᠷᠭᠤᠭ᠎ᠠ︶ | ᠲᠦᠷᠤ ᠶᠢᠨ ᠶᠠᠪᠤᠳᠠᠯ ᠤᠨ ᠬᠤᠷᠢᠶ᠎ᠠ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶ᠎ᠠ᠂ ᠠᠷᠠᠳ ᠤᠨ ᠲᠡᠭᠡᠳᠤ | ᠰᠢᠬᠦᠬᠦ ᠬᠤᠷᠢᠶ᠎ᠠ ᠪᠤᠯᠤᠨ ᠠᠷᠠᠳ ᠤᠨ ᠲᠡᠭᠡᠳᠤ ᠪᠠᠶᠢᠴᠠᠭᠠᠬᠤ ᠬᠤᠷᠢᠶᠠᠨ ᠤ ᠠᠵᠢᠯ ᠳᠤ ᠬᠢᠨᠠᠯᠳᠠ ᠲᠠᠯᠪᠢᠨ᠎ᠠ︾ | ᠬᠡᠰᠡᠨ ᠢ ︽︵ᠵᠢᠷᠭᠤᠭ᠎ᠠ︶ ᠲᠦᠷᠤ ᠶᠢᠨ ᠶᠠᠪᠤᠳᠠᠯ ᠤᠨ ᠬᠤᠷᠢᠶ᠎ᠠ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶ᠎ᠠ | ᠂ ᠤᠯᠤᠰ ᠤᠨ ᠬᠢᠨᠠᠨ ᠪᠠᠶᠢᠴᠠᠭᠠᠬᠤ ᠵᠦᠪᠯᠡᠯ᠂ ᠠᠷᠠᠳ ᠤᠨ ᠲᠡᠭᠡᠳᠤ ᠰᠢᠬᠦᠬᠦ ᠬᠤᠷᠢᠶ᠎ᠠ ᠪᠤᠯᠤᠨ ᠠᠷᠠᠳ ᠤᠨ ᠲᠡᠭᠡᠳᠤ | ᠪᠠᠶᠢᠴᠠᠭᠠᠬᠤ ᠬᠤᠷᠢᠶᠠᠨ ᠤ ᠠᠵᠢᠯ ᠳᠤ ᠬᠢᠨᠠᠯᠳᠠ ᠲᠠᠯᠪᠢᠨ᠎ᠠ︾ ᠬᠡᠵᠤ ᠵᠠᠰᠠᠪᠤᠷᠢ ᠤᠷᠤᠭᠤᠯᠪᠠ︔ ᠨᠢᠬᠡ ᠵᠤᠷᠪᠤᠰ | ᠠᠭᠤᠯᠭ᠎ᠠ ᠨᠡᠮᠡᠵᠤ᠂ ︽︵ᠠᠷᠪᠠᠨ ᠨᠢᠭᠡ︶ ᠤᠯᠤᠰ ᠤᠨ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠶᠢᠨ | ᠳᠡᠪᠰᠢᠭᠦᠯᠦᠭᠰᠡᠨ ᠨᠡᠷ᠎ᠠ ᠶᠢ ᠦᠨᠳᠤᠰᠤᠯᠠᠨ ᠤᠯᠤᠰ ᠤᠨ ᠬᠢᠨᠠᠨ ᠪᠠᠶᠢᠴᠠᠭᠠᠬᠤ ᠵᠦᠪᠯᠡᠯ ᠤᠨ ᠲᠡᠳ᠋ ᠡᠷᠬᠢᠯᠡᠭᠴᠢ᠂ | ᠬᠡᠰᠢᠬᠦᠨ ᠢ ᠲᠤᠮᠢᠯᠠᠬᠤ ᠪᠤᠶᠤ ᠪᠠᠭᠤᠯᠭᠠᠨ᠎ᠠ︾ ᠬᠡᠵᠤ ᠠᠷᠪᠠᠨ ᠨᠢᠬᠡᠳᠤᠬᠡᠷ ᠵᠤᠷᠪᠤᠰ ᠪᠤᠯᠭᠠᠪᠠ᠂ ᠤᠤᠯ ᠤᠨ ᠠᠷᠪᠠᠨ | ᠨᠢᠬᠡᠳᠤᠭᠡᠷ ᠵᠤᠷᠪᠤᠰ ᠠᠴᠠ ᠬᠤᠷᠢᠨ ᠨᠢᠬᠡᠳᠤᠬᠡᠷ ᠵᠤᠷᠪᠤᠰ ᠬᠦᠷᠬᠦ ᠠᠭᠤᠯᠭ᠎ᠠ ᠶᠢ ᠲᠤᠰᠪᠤᠷᠢ ᠠᠷᠪᠠᠨ ᠬᠤᠶᠠᠳᠤᠭᠠᠷ | ᠵᠤᠷᠪᠤᠰ ᠠᠴᠠ ᠬᠤᠷᠢᠨ ᠬᠤᠶᠠᠳᠤᠭᠠᠷ ᠵᠤᠷᠪᠤᠰ ᠬᠦᠷᠬᠦ ᠠᠭᠤᠯᠭ᠎ᠠ ᠪᠤᠯᠭᠠᠨ ᠬᠤᠪᠢᠷᠠᠭᠤᠯᠪᠠ᠃ | ᠦᠨᠳᠦᠰᠦᠨ ᠬᠠᠤᠯᠢ ᠶᠢᠨ ᠲᠠᠯᠠᠳᠤᠭᠠᠷ ᠵᠦᠢᠯ ᠤᠨ ᠨᠢᠭᠡᠳᠦᠭᠡᠷ ᠪᠠᠳᠠᠭ ᠤᠨ ︽ᠪᠦᠬᠦ ᠤᠯᠤᠰ ᠤᠨ ᠠᠷᠠᠳ | ᠤᠨ ᠲᠦᠯᠦᠭᠡᠯᠡᠭᠴᠢᠳ ᠤᠨ ᠶᠡᠭᠡ ᠬᠤᠷᠠᠯ ᠦᠨᠳᠦᠰᠦᠳᠡᠨ ᠤ ᠵᠦᠪᠯᠡᠯ᠂ ᠬᠠᠤᠯᠢ ᠴᠠᠭᠠᠵᠠ ᠶᠢᠨ ᠵᠦᠪᠯᠡᠯ᠂ ᠡᠳ᠋ ᠤᠨ | ᠵᠠᠰᠠᠬ ᠠᠵᠦ ᠠᠬᠤᠢ ᠶᠢᠨ ᠵᠦᠪᠯᠡᠯ᠂ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠰᠤᠶᠤᠯ ᠡᠷᠡᠬᠦᠯ ᠬᠠᠮᠠᠭᠠᠯᠠᠯ ᠤᠨ | ᠵᠦᠪᠯᠡᠯ᠂ ᠭᠠᠳᠠᠭᠠᠳᠤ ᠶᠠᠪᠤᠳᠠᠯ ᠤᠨ ᠵᠦᠪᠯᠡᠯ᠂ ᠲᠤᠮᠳᠠᠳᠤ ᠶᠢᠨ ᠬᠠᠷᠢᠶᠠᠳᠤ ᠶᠢᠨ ᠵᠦᠪᠯᠡᠯ ᠪᠠ ᠪᠤᠰᠤᠳ ᠪᠠᠶᠢᠭᠤᠯᠬᠤ | ᠴᠢᠬᠤᠯᠠ ᠲᠠᠢ ᠲᠤᠰᠬᠠᠢ ᠵᠦᠪᠯᠡᠯ ᠤᠳ ᠢ ᠪᠠᠶᠢᠭᠤᠯᠤᠨ᠎ᠠ᠃︾ ᠭᠡᠳᠡᠭ ᠢ ︽ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠦᠨᠳᠦᠰᠦᠳᠡᠨ ᠤ ᠵᠦᠪᠯᠡᠯ᠂ ᠦᠨᠳᠦᠰᠦᠨ ᠬᠠᠤᠯᠢ ᠪᠠ ᠬᠠᠤᠯᠢ ᠴᠠᠭᠠᠵᠠ ᠶᠢᠨ | ᠵᠦᠪᠯᠡᠯ᠂ ᠡᠳ᠋ ᠤᠨ ᠵᠠᠰᠠᠬ ᠠᠵᠦ ᠠᠬᠤᠢ ᠶᠢᠨ ᠵᠦᠪᠯᠡᠯ᠂ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠰᠤᠶᠤᠯ | ᠡᠷᠡᠬᠦᠯ ᠬᠠᠮᠠᠭᠠᠯᠠᠯ ᠤᠨ ᠵᠦᠪᠯᠡᠯ᠂ ᠭᠠᠳᠠᠭᠠᠳᠤ ᠶᠠᠪᠤᠳᠠᠯ ᠤᠨ ᠵᠦᠪᠯᠡᠯ᠂ ᠲᠤᠮᠳᠠᠳᠤ ᠶᠢᠨ ᠬᠠᠷᠢᠶᠠᠳᠤ ᠶᠢᠨ ᠵᠦᠪᠯᠡᠯ | ᠪᠠ ᠪᠤᠰᠤᠳ ᠪᠠᠶᠢᠭᠤᠯᠬᠤ ᠴᠢᠬᠤᠯᠠ ᠲᠠᠢ ᠲᠤᠰᠬᠠᠢ ᠵᠦᠪᠯᠡᠯ ᠤᠳ ᠢ ᠪᠠᠶᠢᠭᠤᠯᠤᠨ᠎ᠠ᠃︾ ᠭᠡᠵᠦ ᠵᠠᠰᠠᠪᠤᠷᠢ | ᠤᠷᠤᠭᠤᠯᠪᠠ᠃ | ᠲᠦᠴᠢᠨ ᠲᠠᠪᠤᠳᠤᠭᠠᠷ ᠵᠦᠢᠯ ᠦᠨᠳᠦᠰᠦᠨ ᠬᠠᠤᠯᠢ ᠶᠢᠨ ᠲᠠᠯ᠎ᠠ ᠶᠢᠰᠦᠳᠦᠭᠡᠷ ᠵᠦᠢᠯ ᠤᠨ ᠭᠤᠷᠪᠠᠳᠤᠭᠠᠷ | ᠪᠠᠳᠠᠭ ᠤᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ᠂ ᠳᠡᠳ᠋ ᠲᠡᠷᠢᠭᠦᠯᠡᠭᠴᠢ ᠶᠢᠨ | ᠬᠤᠭᠤᠴᠠᠭ᠎ᠠ ᠪᠦᠷᠢ ᠶᠢᠨ ᠲᠤᠰᠢᠶᠠᠯ ᠤᠨ ᠬᠤᠭᠤᠴᠠᠭ᠎ᠠ ᠨᠢ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠬᠤᠭᠤᠴᠠᠭ᠎ᠠ ᠪᠦᠷᠢ ᠶᠢᠨ ᠲᠤᠰᠢᠶᠠᠯ ᠤᠨ ᠬᠤᠭᠤᠴᠠᠭ᠎ᠠ ᠲᠠᠢ ᠠᠳᠠᠯᠢ᠂ ᠵᠠᠯᠭᠠᠪᠠᠷ ᠬᠤᠶᠠᠷ | ᠬᠤᠭᠤᠴᠠᠭ᠎ᠠ ᠠᠴᠠ ᠢᠯᠡᠭᠦᠦ ᠲᠤᠰᠢᠶᠠᠯ ᠬᠠᠷᠢᠭᠤᠴᠠᠵᠤ ᠪᠤᠯᠬᠤ ᠦᠭᠡᠢ᠃︾ ᠭᠡᠳᠡᠭ ᠢ ︽ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠲᠡᠷᠢᠭᠦᠯᠡᠭᠴᠢ᠂ ᠳᠡᠳ᠋ ᠲᠡᠷᠢᠭᠦᠯᠡᠭᠴᠢ ᠶᠢᠨ ᠬᠤᠭᠤᠴᠠᠭ᠎ᠠ ᠪᠦᠷᠢ ᠶᠢᠨ ᠲᠤᠰᠢᠶᠠᠯ ᠤᠨ | ᠬᠤᠭᠤᠴᠠᠭ᠎ᠠ ᠨᠢ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ | ᠪᠦᠷᠢ ᠶᠢᠨ ᠲᠤᠰᠢᠶᠠᠯ ᠤᠨ ᠬᠤᠭᠤᠴᠠᠭ᠎ᠠ ᠲᠠᠢ ᠠᠳᠠᠯᠢ᠃︾ ᠭᠡᠵᠦ ᠵᠠᠰᠠᠪᠤᠷᠢ ᠤᠷᠤᠭᠤᠯᠪᠠ᠃ | ᠲᠦᠴᠢᠨ ᠵᠢᠷᠭᠤᠳᠤᠭᠠᠷ ᠵᠦᠢᠯ ᠦᠨᠳᠦᠰᠦᠨ ᠬᠠᠤᠯᠢ ᠶᠢᠨ ᠨᠠᠶᠠ ᠶᠢᠰᠦᠳᠦᠭᠡᠷ ᠵᠦᠢᠯ ᠤᠨ ︽ᠲᠦᠷᠦ ᠶᠢᠨ | ᠶᠠᠪᠤᠳᠠᠯ ᠤᠨ ᠬᠤᠷᠢᠶ᠎ᠡ ᠳᠤᠤᠷ᠎ᠠ ᠲᠤᠷᠠᠳᠤᠭᠰᠠᠨ ᠡᠷᠬᠡ ᠲᠤᠰᠢᠶᠠᠯ ᠤᠳ ᠢ ᠭᠦᠢᠴᠡᠳᠬᠡᠨ᠎ᠡ︾ ᠭᠡᠳᠡᠭ ᠤᠨ | ᠵᠢᠷᠭᠤᠳᠤᠭᠠᠷ ᠵᠤᠷᠪᠤᠰ ︽︵ᠵᠢᠷᠭᠤᠭ᠎ᠠ︶ ᠠᠵᠤ ᠠᠬᠤᠢ ᠶᠢᠨ ᠠᠵᠢᠯ ᠪᠤᠯᠤᠨ ᠬᠤᠲᠠ ᠬᠦᠳᠡᠭᠡ ᠶᠢᠨ ᠪᠦᠲᠦᠭᠡᠨ | ᠪᠠᠶᠢᠭᠤᠯᠤᠯᠲᠠ ᠶᠢ ᠤᠳᠤᠷᠢᠳᠤᠨ ᠬᠠᠮᠢᠶᠠᠷᠤᠨ᠎ᠠ︾ ᠭᠡᠳᠡᠭ ᠢ ︽︵ᠵᠢᠷᠭᠤᠭ᠎ᠠ︶ ᠠᠵᠤ ᠠᠬᠤᠢ ᠶᠢᠨ ᠠᠵᠢᠯ ᠪᠠ | ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢ | ᠤᠳᠤᠷᠢᠳᠤᠨ ᠬᠠᠮᠢᠶᠠᠷᠤᠨ᠎ᠠ︾ ᠭᠡᠵᠦ ᠵᠠᠰᠠᠪᠤᠷᠢ ᠤᠷᠤᠭᠤᠯᠪᠠ︔ ᠨᠠᠢᠮᠠᠳᠤᠭᠠᠷ ᠵᠤᠷᠪᠤᠰ ︽︵ᠨᠠᠢᠮᠠ︶ ᠠᠷᠠᠳ ᠤᠨ | ᠶᠠᠪᠤᠳᠠᠯ᠂ ᠲᠤᠳᠤᠭᠠᠳᠤ ᠶᠢ ᠬᠠᠮᠠᠭᠠᠯᠠᠬᠤ᠂ ᠬᠠᠤᠯᠢ ᠴᠠᠭᠠᠵᠠ ᠶᠢᠨ ᠵᠠᠰᠠᠬ ᠵᠠᠬᠢᠷᠭ᠎ᠠ ᠪᠠ ᠬᠢᠨᠠᠨ ᠪᠠᠶᠢᠴᠠᠭᠠᠬᠤ ᠵᠡᠷᠭᠡ | ᠠᠵᠢᠯ ᠢ ᠤᠳᠤᠷᠢᠳᠤᠨ ᠬᠠᠮᠢᠶᠠᠷᠤᠨ᠎ᠠ︾ ᠭᠡᠳᠡᠭ ᠢ ︽︵ᠨᠠᠢᠮᠠ︶ ᠠᠷᠠᠳ ᠤᠨ ᠶᠠᠪᠤᠳᠠᠯ᠂ ᠲᠤᠳᠤᠭᠠᠳᠤ ᠶᠢ | ᠬᠠᠮᠠᠭᠠᠯᠠᠬᠤ᠂ ᠬᠠᠤᠯᠢ ᠴᠠᠭᠠᠵᠠ ᠶᠢᠨ ᠵᠠᠰᠠᠬ ᠵᠠᠬᠢᠷᠭ᠎ᠠ ᠵᠡᠷᠭᠡ ᠠᠵᠢᠯ ᠢ ᠤᠳᠤᠷᠢᠳᠤᠨ ᠬᠠᠮᠢᠶᠠᠷᠤᠨ᠎ᠠ︾ ᠭᠡᠵᠦ | ᠵᠠᠰᠠᠪᠤᠷᠢ ᠤᠷᠤᠭᠤᠯᠪᠠ᠃ | ᠲᠦᠴᠢᠨ ᠲᠤᠯᠤᠳᠤᠭᠠᠷ ᠵᠦᠢᠯ ᠦᠨᠳᠦᠰᠦᠨ ᠬᠠᠤᠯᠢ ᠶᠢᠨ ᠵᠠᠭᠤᠳᠤᠭᠠᠷ ᠵᠦᠢᠯ ᠳᠤ ᠨᠢᠭᠡ ᠪᠠᠳᠠᠭ ᠠᠭᠤᠯᠭ᠎ᠠ | ᠨᠡᠮᠡᠵᠦ᠂ ᠬᠤᠶᠠᠳᠤᠭᠠᠷ ᠪᠠᠳᠠᠭ ᠪᠤᠯᠭᠠᠪᠠ᠄ ︽ᠲᠤᠭᠤᠷᠢᠬ ᠬᠤᠪᠢᠶᠠᠭᠰᠠᠨ ᠬᠤᠲᠠ ᠶᠢᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠪᠠ ᠲᠡᠳᠡᠨ ᠤ ᠪᠠᠶᠢᠩᠭᠤ ᠶᠢᠨ ᠬᠤᠷᠢᠶ᠎ᠠ ᠨᠢ ᠦᠨᠳᠦᠰᠦᠨ ᠬᠠᠤᠯᠢ᠂ ᠬᠠᠤᠯᠢ | ᠴᠠᠭᠠᠵᠠ᠂ ᠵᠠᠰᠠᠬ ᠵᠠᠬᠢᠷᠭᠠᠨ ᠤ ᠬᠠᠤᠯᠢ ᠳᠤᠭᠳᠠᠭᠠᠯ ᠪᠠ ᠲᠤᠰ ᠮᠤᠵᠢ᠂ ᠦᠪᠡᠷᠲᠡᠭᠡᠨ ᠵᠠᠰᠠᠬᠤ ᠤᠷᠤᠨ ᠤ ᠤᠷᠤᠨ | ᠨᠤᠲᠤᠬ ᠤᠨ ᠴᠢᠨᠠᠷᠲᠠᠢ ᠬᠠᠤᠯᠢ ᠳᠤᠭᠳᠠᠭᠠᠯ ᠲᠠᠢ ᠬᠠᠷᠰᠢᠯᠳᠤᠬᠤ ᠦᠭᠡᠢ ᠤᠷᠢᠳᠠᠯ ᠳᠤᠤᠷ᠎ᠠ᠂ ᠬᠠᠤᠯᠢ ᠶᠤᠰᠤᠭᠠᠷ | ᠤᠷᠤᠨ ᠨᠤᠲᠤᠬ ᠤᠨ ᠴᠢᠨᠠᠷᠲᠠᠢ ᠬᠠᠤᠯᠢ ᠳᠤᠭᠳᠠᠭᠠᠯ ᠢ ᠲᠤᠬᠲᠠᠭᠠᠵᠤ᠂ ᠲᠤᠰ ᠮᠤᠵᠢ᠂ ᠦᠪᠡᠷᠲᠡᠭᠡᠨ ᠵᠠᠰᠠᠬᠤ | ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠮᠡᠳᠡᠭᠦᠯᠦᠨ | ᠵᠦᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠵᠦ ᠪᠤᠯᠦᠨ᠎ᠡ᠃︾ | ᠲᠦᠴᠢᠨ ᠨᠠᠢᠮᠠᠳᠤᠭᠠᠷ ᠵᠦᠢᠯ ᠦᠨᠳᠦᠰᠦᠨ ᠬᠠᠤᠯᠢ ᠶᠢᠨ ᠵᠠᠭᠤ ᠪᠦᠭᠡᠳ ᠨᠢᠭᠡᠳᠦᠭᠡᠷ ᠵᠦᠢᠯ ᠤᠨ | ᠬᠤᠶᠠᠳᠤᠭᠠᠷ ᠪᠠᠳᠠᠭ ᠲᠠᠬᠢ ︽ᠰᠢᠶᠠᠨ ᠤ ᠱᠠᠲᠤᠨ ᠠᠴᠠ ᠳᠡᠭᠡᠭᠰᠢᠬᠢ ᠤᠷᠤᠨ ᠨᠤᠲᠤᠬ ᠤᠨ ᠡᠯ᠎ᠡ ᠱᠠᠲᠤᠨ ᠤ ᠠᠷᠠᠳ | ᠤᠨ ᠲᠦᠯᠦᠭᠡᠯᠡᠭᠴᠢᠳ ᠤᠨ ᠶᠡᠭᠡ ᠬᠤᠷᠠᠯ ᠨᠢ ᠲᠤᠰ ᠱᠠᠲᠤᠨ ᠤ ᠠᠷᠠᠳ ᠤᠨ ᠰᠢᠬᠦᠬᠦ ᠬᠤᠷᠢᠶᠠᠨ ᠤ ᠬᠤᠷᠢᠶᠠᠨ | ᠳᠠᠷᠤᠭ᠎ᠠ ᠪᠠ ᠲᠤᠰ ᠱᠠᠲᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠶᠢ ᠰᠤᠩᠭᠤᠬᠤ | ᠪᠦᠭᠡᠳ ᠪᠠᠭᠤᠯᠭᠠᠬᠤ ᠡᠷᠬᠡ ᠲᠠᠢ᠃︾ ᠭᠡᠳᠡᠭ ᠢ ︽ᠰᠢᠶᠠᠨ ᠤ ᠱᠠᠲᠤᠨ ᠠᠴᠠ ᠳᠡᠭᠡᠭᠰᠢᠬᠢ ᠤᠷᠤᠨ ᠨᠤᠲᠤᠬ ᠤᠨ | ᠡᠯ᠎ᠡ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠨᠢ ᠲᠤᠰ ᠱᠠᠲᠤᠨ ᠤ ᠬᠢᠨᠠᠨ ᠪᠠᠶᠢᠴᠠᠭᠠᠬᠤ | ᠵᠦᠪᠯᠡᠯ ᠤᠨ ᠡᠷᠬᠢᠯᠡᠭᠴᠢ᠂ ᠲᠤᠰ ᠱᠠᠲᠤᠨ ᠤ ᠠᠷᠠᠳ ᠤᠨ ᠰᠢᠬᠦᠬᠦ ᠬᠤᠷᠢᠶᠠᠨ ᠤ ᠬᠤᠷᠢᠶᠠᠨ ᠳᠠᠷᠤᠭ᠎ᠠ ᠪᠠ ᠲᠤᠰ | ᠱᠠᠲᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠶᠢ ᠰᠤᠩᠭᠤᠬᠤ ᠪᠦᠭᠡᠳ ᠪᠠᠭᠤᠯᠭᠠᠬᠤ | ᠡᠷᠬᠡ ᠲᠠᠢ᠃︾ ᠭᠡᠵᠦ ᠵᠠᠰᠠᠪᠤᠷᠢ ᠤᠷᠤᠭᠤᠯᠪᠠ᠃ | ᠲᠦᠴᠢ ᠶᠢᠰᠦᠳᠦᠭᠡᠷ ᠵᠦᠢᠯ ᠦᠨᠳᠦᠰᠦᠨ ᠬᠠᠤᠯᠢ ᠶᠢᠨ ᠵᠠᠭᠤ ᠪᠦᠭᠡᠳ ᠭᠤᠷᠪᠠᠳᠤᠭᠠᠷ ᠵᠦᠢᠯ ᠤᠨ | ᠭᠤᠷᠪᠠᠳᠤᠭᠠᠷ ᠪᠠᠳᠠᠭ ᠤᠨ ︽ᠰᠢᠶᠠᠨ ᠤ ᠱᠠᠲᠤᠨ ᠠᠴᠠ ᠳᠡᠭᠡᠭᠰᠢᠬᠢ ᠤᠷᠤᠨ ᠨᠤᠲᠤᠬ ᠤᠨ ᠡᠯ᠎ᠡ ᠱᠠᠲᠤᠨ ᠤ ᠠᠷᠠᠳ | ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠭᠦᠨ ᠨᠠᠷ ᠲᠦᠷᠦ ᠶᠢᠨ ᠵᠠᠰᠠᠬ | ᠵᠠᠬᠢᠷᠭᠠᠨ ᠤ ᠪᠠᠶᠢᠭᠤᠯᠭ᠎ᠠ᠂ ᠰᠢᠭᠦᠨ ᠲᠠᠰᠤᠯᠬᠤ ᠪᠠᠶᠢᠭᠤᠯᠭ᠎ᠠ ᠪᠠ ᠪᠠᠶᠢᠴᠠᠭᠠᠬᠤ ᠪᠠᠶᠢᠭᠤᠯᠭ᠎ᠠ ᠳᠤ ᠲᠤᠰᠢᠶᠠᠯ | ᠬᠠᠷᠢᠭᠤᠴᠠᠵᠤ ᠪᠤᠯᠬᠤ ᠦᠭᠡᠢ᠃︾ ᠭᠡᠳᠡᠭ ᠢ ︽ᠰᠢᠶᠠᠨ ᠤ ᠱᠠᠲᠤᠨ ᠠᠴᠠ ᠳᠡᠭᠡᠭᠰᠢᠬᠢ ᠤᠷᠤᠨ ᠨᠤᠲᠤᠬ ᠤᠨ ᠡᠯ᠎ᠡ | ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠭᠦᠨ ᠨᠠᠷ | ᠲᠦᠷᠦ ᠶᠢᠨ ᠵᠠᠰᠠᠬ ᠵᠠᠬᠢᠷᠭᠠᠨ ᠤ ᠪᠠᠶᠢᠭᠤᠯᠭ᠎ᠠ᠂ ᠬᠢᠨᠠᠨ ᠪᠠᠶᠢᠴᠠᠭᠠᠬᠤ ᠪᠠᠶᠢᠭᠤᠯᠭ᠎ᠠ᠂ ᠰᠢᠭᠦᠨ ᠲᠠᠰᠤᠯᠬᠤ | ᠪᠠᠶᠢᠭᠤᠯᠭ᠎ᠠ ᠪᠠ ᠪᠠᠶᠢᠴᠠᠭᠠᠬᠤ ᠪᠠᠶᠢᠭᠤᠯᠭ᠎ᠠ ᠳᠤ ᠲᠤᠰᠢᠶᠠᠯ ᠬᠠᠷᠢᠭᠤᠴᠠᠵᠤ ᠪᠣᠯᠬᠤ ᠦᠭᠡᠢ᠃︾ ᠭᠡᠵᠦ ᠵᠠᠰᠠᠪᠤᠷᠢ | ᠤᠷᠤᠭᠤᠯᠪᠠ᠃ | ᠲᠠᠪᠢᠳᠤᠭᠠᠷ ᠵᠦᠢᠯ ᠦᠨᠳᠦᠰᠦᠨ ᠬᠠᠤᠯᠢ ᠶᠢᠨ ᠵᠠᠭᠤ ᠪᠦᠭᠡᠳ ᠳᠦᠷᠪᠡᠳᠦᠭᠡᠷ ᠵᠦᠢᠯ ᠤᠨ ︽ᠲᠤᠰ ᠱᠠᠲᠤᠨ | ᠤ ᠠᠷᠠᠳ ᠤᠨ ᠵᠠᠰᠠᠬ ᠤᠨ ᠤᠷᠳᠤᠨ᠂ ᠠᠷᠠᠳ ᠤᠨ ᠰᠢᠬᠦᠬᠦ ᠬᠤᠷᠢᠶ᠎ᠠ ᠪᠠ ᠠᠷᠠᠳ ᠤᠨ ᠪᠠᠶᠢᠴᠠᠭᠠᠬᠤ ᠬᠤᠷᠢᠶᠠᠨ ᠤ | ᠠᠵᠢᠯ ᠳᠤ ᠬᠢᠨᠠᠯᠲᠠ ᠲᠠᠯᠪᠢᠨ᠎ᠠ︾ ᠭᠡᠳᠡᠭ ᠢ ︽ᠲᠤᠰ ᠱᠠᠲᠤᠨ ᠤ ᠠᠷᠠᠳ ᠤᠨ ᠵᠠᠰᠠᠬ ᠤᠨ ᠤᠷᠳᠤᠨ᠂ ᠬᠢᠨᠠᠨ | ᠪᠠᠶᠢᠴᠠᠭᠠᠬᠤ ᠵᠦᠪᠯᠡᠯ᠂ ᠠᠷᠠᠳ ᠤᠨ ᠰᠢᠬᠦᠬᠦ ᠬᠤᠷᠢᠶ᠎ᠠ ᠪᠠ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠳᠤ | ᠬᠢᠨᠠᠯᠲᠠ ᠲᠠᠯᠪᠢᠨ᠎ᠠ︾ ᠭᠡᠵᠦ ᠵᠠᠰᠠᠪᠤᠷᠢ ᠤᠷᠤᠭᠤᠯᠪᠠ᠃ ᠡᠨᠡᠬᠦ ᠵᠦᠢᠯ ᠢ᠄ ︽ᠰᠢᠶᠠᠨ ᠤ ᠱᠠᠲᠤᠨ ᠠᠴᠠ ᠳᠡᠭᠡᠭᠰᠢᠬᠢ | ᠤᠷᠤᠨ ᠨᠤᠲᠤᠬ ᠤᠨ ᠡᠯ᠎ᠡ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠲᠤᠰ ᠵᠠᠰᠠᠬ ᠵᠠᠬᠢᠷᠭᠠᠨ ᠤ ᠤᠷᠤᠨ ᠤ ᠪᠠᠨ ᠲᠤᠳᠤᠷᠠᠬᠢ ᠡᠯ᠎ᠡ ᠲᠠᠯ᠎ᠠ ᠶᠢᠨ ᠠᠵᠢᠯ ᠤᠨ ᠴᠢᠬᠤᠯᠠ ᠶᠡᠭᠡ | ᠶᠠᠪᠤᠳᠠᠯ ᠤᠳ ᠢ ᠶᠠᠷᠢᠯᠴᠠᠬᠤ ᠪᠦᠭᠡᠳ ᠲᠤᠬᠲᠠᠭᠠᠨ᠎ᠠ︔ ᠲᠤᠰ ᠱᠠᠲᠤᠨ ᠤ ᠠᠷᠠᠳ ᠤᠨ ᠵᠠᠰᠠᠬ ᠤᠨ ᠤᠷᠳᠤᠨ᠂ | ᠬᠢᠨᠠᠨ ᠪᠠᠶᠢᠴᠠᠭᠠᠬᠤ ᠵᠦᠪᠯᠡᠯ᠂ ᠠᠷᠠᠳ ᠤᠨ ᠰᠢᠬᠦᠬᠦ ᠬᠤᠷᠢᠶ᠎ᠠ ᠪᠠ ᠠᠷᠠᠳ ᠤᠨ ᠪᠠᠶᠢᠴᠠᠭᠠᠬᠤ ᠬᠤᠷᠢᠶᠠᠨ ᠤ | ᠠᠵᠢᠯ ᠳᠤ ᠬᠢᠨᠠᠯᠲᠠ ᠲᠠᠯᠪᠢᠨ᠎ᠠ︔ ᠲᠤᠰ ᠱᠠᠲᠤᠨ ᠤ ᠠᠷᠠᠳ ᠤᠨ ᠵᠠᠰᠠᠬ ᠤᠨ ᠤᠷᠳᠤᠨ ᠤ ᠵᠤᠬᠢᠰ ᠦᠭᠡᠢ | ᠲᠤᠬᠲᠠᠭᠠᠯ ᠪᠠ ᠵᠠᠷᠯᠢᠬ ᠢ ᠬᠦᠴᠦᠨ ᠦᠭᠡᠢ ᠪᠤᠯᠭᠠᠨ᠎ᠠ︔ ᠳᠤᠤᠷ᠎ᠠ ᠨᠢᠭᠡ ᠱᠠᠲᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠵᠤᠬᠢᠰ ᠦᠭᠡᠢ ᠰᠢᠢᠳᠪᠦᠷᠢ ᠶᠢ ᠬᠦᠴᠦᠨ ᠦᠭᠡᠢ ᠪᠤᠯᠭᠠᠨ᠎ᠠ︔ | ᠬᠠᠤᠯᠢ ᠳᠤ ᠲᠤᠬᠲᠠᠭᠠᠬᠰᠠᠨ ᠡᠷᠬᠡ ᠮᠡᠳᠡᠯ ᠤᠨ ᠬᠡᠪᠴᠢᠶᠡᠨ ᠲᠤᠳᠤᠷ᠎ᠠ ᠲᠦᠷᠦ ᠶᠢᠨ ᠪᠠᠶᠢᠭᠤᠯᠤᠯᠭ᠎ᠠ ᠶᠢᠨ ᠠᠵᠢᠯᠲᠠᠨ | ᠢ ᠲᠤᠮᠢᠯᠠᠬᠤ ᠪᠤᠶᠤ ᠪᠠᠭᠤᠯᠭᠠᠬᠤ ᠶᠢ ᠲᠤᠬᠲᠠᠭᠠᠨ᠎ᠠ︔ ᠲᠤᠰ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠬᠤᠷᠠᠯᠳᠤᠭᠠᠨ ᠲᠡᠭᠦᠰᠦᠭᠰᠡᠨ ᠬᠤᠭᠤᠴᠠᠭᠠᠨ ᠳᠤ᠂ ᠳᠡᠭᠡᠷ᠎ᠡ ᠨᠢᠭᠡ ᠱᠠᠲᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠤᠨᠴᠠ ᠵᠠᠷᠢᠮ ᠲᠦᠯᠦᠭᠡᠯᠡᠭᠴᠢ ᠶᠢ ᠪᠠᠭᠤᠯᠭᠠᠬᠤ ᠪᠤᠶᠤ ᠨᠦᠬᠦᠪᠦᠷᠢᠯᠡᠵᠦ | ᠰᠤᠩᠭᠤᠨ᠎ᠠ︾ ᠭᠡᠵᠦ ᠬᠠᠷᠠᠭᠠᠯᠵᠠᠭᠤᠯᠤᠨ ᠵᠠᠰᠠᠪᠤᠷᠢ ᠤᠷᠤᠭᠤᠯᠪᠠ᠃ | ᠲᠠᠪᠢᠨ ᠨᠢᠭᠡᠳᠦᠭᠡᠷ ᠵᠦᠢᠯ ᠦᠨᠳᠦᠰᠦᠨ ᠬᠠᠤᠯᠢ ᠶᠢᠨ ᠵᠠᠭᠤ ᠪᠦᠭᠡᠳ ᠳᠤᠯᠤᠳᠤᠭᠠᠷ ᠵᠦᠢᠯ ᠤᠨ ᠨᠢᠭᠡᠳᠦᠭᠡᠷ | ᠪᠠᠳᠠᠭ ᠤᠨ ︽ᠰᠢᠶᠠᠨ ᠤ ᠱᠠᠲᠤᠨ ᠠᠴᠠ ᠳᠡᠭᠡᠭᠰᠢᠬᠢ ᠤᠷᠤᠨ ᠨᠤᠲᠤᠬ ᠤᠨ ᠡᠯ᠎ᠡ ᠱᠠᠲᠤᠨ ᠤ ᠠᠷᠠᠳ ᠤᠨ ᠵᠠᠰᠠᠬ | ᠤᠨ ᠤᠷᠳᠤᠨ ᠬᠠᠤᠯᠢ ᠳᠤ ᠲᠤᠬᠲᠠᠭᠠᠬᠰᠠᠨ ᠡᠷᠬᠡ ᠮᠡᠳᠡᠯ ᠤᠨ ᠬᠡᠪᠴᠢᠶᠡᠨ ᠲᠤᠳᠤᠷ᠎ᠠ ᠲᠤᠰ ᠵᠠᠰᠠᠬ ᠵᠠᠬᠢᠷᠭᠠᠨ ᠤ | ᠤᠷᠤᠨ ᠤ ᠠᠵᠤ ᠠᠬᠤᠢ᠂ ᠰᠤᠷᠭᠠᠨ ᠬᠦᠮᠦᠵᠢᠯ᠂ ᠰᠢᠨᠵᠢᠯᠡᠬᠦ ᠤᠬᠠᠭᠠᠨ᠂ ᠰᠤᠶᠤᠯ᠂ ᠡᠷᠡᠭᠦᠯ ᠬᠠᠮᠠᠭᠠᠯᠠᠯ᠂ | ᠪᠡᠶ᠎ᠡ ᠶᠢᠨ ᠲᠠᠮᠢᠷ ᠤᠨ ᠦᠢᠯᠡᠰ᠂ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠪᠠ ᠡᠳ᠋ ᠤᠨ | ᠵᠠᠰᠠᠬ᠂ ᠠᠷᠠᠳ ᠤᠨ ᠶᠠᠪᠤᠳᠠᠯ᠂ ᠲᠤᠳᠤᠭᠠᠳᠤ ᠶᠢ ᠬᠠᠮᠠᠭᠠᠯᠠᠬᠤ᠂ ᠦᠨᠳᠦᠰᠦᠲᠡᠨ ᠤ ᠬᠡᠷᠡᠭ ᠶᠠᠪᠤᠳᠠᠯ᠂ ᠬᠠᠤᠯᠢ | ᠴᠠᠭᠠᠵᠠ ᠶᠢᠨ ᠵᠠᠰᠠᠬ ᠵᠠᠬᠢᠷᠭ᠎ᠠ᠂ ᠬᠢᠨᠠᠨ ᠪᠠᠶᠢᠴᠠᠭᠠᠬᠤ᠂ ᠲᠦᠯᠦᠪᠯᠡᠭᠡᠳᠤ ᠦᠷᠡᠵᠢᠯ ᠵᠡᠷᠭᠡ ᠶᠢᠨ ᠵᠠᠰᠠᠬ ᠵᠠᠬᠢᠷᠭᠠᠨ ᠤ | ᠠᠵᠢᠯ ᠢ ᠬᠠᠮᠢᠶᠠᠷᠴᠤ᠂ ᠲᠤᠬᠲᠠᠭᠠᠯ ᠪᠠ ᠵᠠᠷᠯᠢᠬ ᠨᠡᠶᠢᠲᠡᠯᠡᠵᠦ᠂ ᠵᠠᠰᠠᠬ ᠵᠠᠬᠢᠷᠭᠠᠨ ᠤ ᠠᠵᠢᠯᠲᠠᠳ ᠢ ᠲᠤᠮᠢᠯᠠᠬᠤ ᠪᠠ | ᠪᠠᠭᠤᠯᠭᠠᠬᠤ᠂ ᠬᠦᠮᠦᠵᠢᠭᠦᠯᠦᠨ ᠪᠤᠯᠪᠠᠰᠤᠷᠠᠭᠤᠯᠬᠤ᠂ ᠬᠢᠨᠠᠨ ᠰᠢᠯᠭᠠᠬᠤ ᠪᠠ ᠱᠠᠩᠨᠠᠵᠤ ᠰᠢᠳᠬᠡᠨ᠎ᠡ᠃︾ ᠭᠡᠳᠡᠭ ᠢ ︽ | ᠰᠢᠶᠠᠨ ᠤ ᠱᠠᠲᠤᠨ ᠠᠴᠠ ᠳᠡᠭᠡᠭᠰᠢᠬᠢ ᠤᠷᠤᠨ ᠨᠤᠲᠤᠬ ᠤᠨ ᠡᠯ᠎ᠡ ᠱᠠᠲᠤᠨ ᠤ ᠠᠷᠠᠳ ᠤᠨ ᠵᠠᠰᠠᠬ ᠤᠨ ᠤᠷᠳᠤᠨ | ᠬᠠᠤᠯᠢ ᠳᠤ ᠲᠤᠬᠲᠠᠭᠠᠬᠰᠠᠨ ᠡᠷᠬᠡ ᠮᠡᠳᠡᠯ ᠤᠨ ᠬᠡᠪᠴᠢᠶᠡᠨ ᠲᠤᠳᠤᠷ᠎ᠠ ᠲᠤᠰ ᠵᠠᠰᠠᠬ ᠵᠠᠬᠢᠷᠭᠠᠨ ᠤ ᠤᠷᠤᠨ ᠤ ᠠᠵᠤ | ᠠᠬᠤᠢ᠂ ᠰᠤᠷᠭᠠᠨ ᠬᠦᠮᠦᠵᠢᠯ᠂ ᠰᠢᠨᠵᠢᠯᠡᠬᠦ ᠤᠬᠠᠭᠠᠨ᠂ ᠰᠤᠶᠤᠯ᠂ ᠡᠷᠡᠭᠦᠯ ᠬᠠᠮᠠᠭᠠᠯᠠᠯ᠂ ᠪᠡᠶ᠎ᠡ ᠶᠢᠨ ᠲᠠᠮᠢᠷ ᠤᠨ | ᠦᠢᠯᠡᠰ᠂ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠪᠠ ᠡᠳ᠋ ᠤᠨ ᠵᠠᠰᠠᠬ᠂ ᠠᠷᠠᠳ ᠤᠨ | ᠶᠠᠪᠤᠳᠠᠯ᠂ ᠲᠤᠳᠤᠭᠠᠳᠤ ᠶᠢ ᠬᠠᠮᠠᠭᠠᠯᠠᠬᠤ᠂ ᠦᠨᠳᠦᠰᠦᠲᠡᠨ ᠤ ᠬᠡᠷᠡᠭ ᠶᠠᠪᠤᠳᠠᠯ᠂ ᠬᠠᠤᠯᠢ ᠴᠠᠭᠠᠵᠠ ᠶᠢᠨ ᠵᠠᠰᠠᠬ | ᠵᠠᠬᠢᠷᠭ᠎ᠠ᠂ ᠲᠦᠯᠦᠪᠯᠡᠭᠡᠲᠤ ᠦᠷᠡᠵᠢᠯ ᠵᠡᠷᠭᠡ ᠶᠢᠨ ᠵᠠᠰᠠᠬ ᠵᠠᠬᠢᠷᠭᠠᠨ ᠤ ᠠᠵᠢᠯ ᠢ ᠬᠠᠮᠢᠶᠠᠷᠴᠤ᠂ ᠲᠤᠬᠲᠠᠭᠠᠯ ᠪᠠ | ᠵᠠᠷᠯᠢᠬ ᠨᠡᠶᠢᠲᠡᠯᠡᠵᠦ᠂ ᠵᠠᠰᠠᠬ ᠵᠠᠬᠢᠷᠭᠠᠨ ᠤ ᠠᠵᠢᠯᠲᠠᠳ ᠢ ᠲᠤᠮᠢᠯᠠᠬᠤ ᠪᠠ ᠪᠠᠭᠤᠯᠭᠠᠬᠤ᠂ ᠬᠦᠮᠦᠵᠢᠭᠦᠯᠦᠨ | ᠪᠤᠯᠪᠠᠰᠤᠷᠠᠭᠤᠯᠬᠤ᠂ ᠬᠢᠨᠠᠨ ᠰᠢᠯᠭᠠᠬᠤ ᠪᠠ ᠱᠠᠩᠨᠠᠵᠤ ᠰᠢᠳᠬᠡᠨ᠎ᠡ᠃︾ ᠭᠡᠵᠦ ᠵᠠᠰᠠᠪᠤᠷᠢ ᠤᠷᠤᠭᠤᠯᠪᠠ᠃ | ᠲᠠᠪᠢᠨ ᠬᠤᠶᠠᠳᠤᠭᠠᠷ ᠵᠦᠢᠯ ᠦᠨᠳᠦᠰᠦᠨ ᠬᠠᠤᠯᠢ ᠶᠢᠨ ᠭᠤᠷᠪᠠᠳᠤᠭᠠᠷ ᠪᠦᠯᠦᠭ ᠤᠨ ︽ᠲᠦᠷᠦ ᠶᠢᠨ | ᠪᠠᠶᠢᠭᠤᠯᠤᠮᠵᠢ︾ ᠳᠤ ᠨᠢᠭᠡ ᠭᠡᠰᠡᠭ ᠠᠭᠤᠯᠭ᠎ᠠ ᠨᠡᠮᠡᠵᠦ᠂ ᠲᠤᠯᠤᠳᠤᠭᠠᠷ ᠬᠡᠰᠡᠭ ︽ᠬᠢᠨᠠᠨ ᠪᠠᠶᠢᠴᠠᠭᠠᠬᠤ ᠵᠦᠪᠯᠡᠯ︾ | ᠪᠤᠯᠭᠠᠪᠠ︔ ᠲᠠᠪᠤᠨ ᠵᠤᠷᠪᠤᠰ ᠠᠭᠤᠯᠭ᠎ᠠ ᠨᠡᠮᠡᠵᠦ᠂ ᠲᠤᠰ ᠪᠦᠷᠢ ᠵᠠᠭᠤ ᠬᠤᠷᠢᠨ ᠭᠤᠷᠪᠠᠳᠤᠭᠠᠷ ᠵᠦᠢᠯ ᠠᠴᠠ ᠵᠠᠭᠤ | ᠬᠤᠷᠢᠨ ᠲᠤᠯᠤᠳᠤᠭᠠᠷ ᠵᠦᠢᠯ ᠪᠤᠯᠭᠠᠪᠠ᠃ ᠠᠭᠤᠯᠭ᠎ᠠ ᠨᠢ ᠳᠤᠤᠷᠠᠬᠢ ᠮᠡᠲᠦ᠄ | ᠳᠤᠯᠤᠳᠤᠭᠠᠷ ᠬᠡᠰᠡᠭ ᠬᠢᠨᠠᠨ ᠪᠠᠶᠢᠴᠠᠭᠠᠬᠤ ᠵᠦᠪᠯᠡᠯ | ᠵᠠᠭᠤ ᠬᠤᠷᠢᠨ ᠭᠤᠷᠪᠠᠳᠤᠭᠠᠷ ᠵᠦᠢᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠯ᠎ᠡ ᠱᠠᠲᠤᠨ | ᠤ ᠬᠢᠨᠠᠨ ᠪᠠᠶᠢᠴᠠᠭᠠᠬᠤ ᠵᠦᠪᠯᠡᠯ ᠪᠤᠯ ᠤᠯᠤᠰ ᠤᠨ ᠬᠢᠨᠠᠨ ᠪᠠᠶᠢᠴᠠᠭᠠᠬᠤ ᠪᠠᠶᠢᠭᠤᠯᠤᠯᠭ᠎ᠠ ᠪᠤᠯᠤᠨ᠎ᠠ᠃ | ᠵᠠᠭᠤ ᠬᠤᠷᠢᠨ ᠳᠦᠷᠪᠡᠳᠦᠭᠡᠷ ᠵᠦᠢᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠠᠴᠠ ᠤᠯᠤᠰ ᠤᠨ | ᠬᠢᠨᠠᠨ ᠪᠠᠶᠢᠴᠠᠭᠠᠬᠤ ᠵᠦᠪᠯᠡᠯ ᠪᠠ ᠤᠷᠤᠨ ᠨᠤᠲᠤᠬ ᠤᠨ ᠡᠯ᠎ᠡ ᠱᠠᠲᠤᠨ ᠤ ᠬᠢᠨᠠᠨ ᠪᠠᠶᠢᠴᠠᠭᠠᠬᠤ ᠵᠦᠪᠯᠡᠯ ᠢ | ᠪᠠᠶᠢᠭᠤᠯᠤᠨ᠎ᠠ᠃ | ᠬᠢᠨᠠᠨ ᠪᠠᠶᠢᠴᠠᠭᠠᠬᠤ ᠵᠦᠪᠯᠡᠯ ᠲᠤᠤᠷ᠎ᠡ ᠲᠤᠷᠠᠳᠤᠭᠰᠠᠨ ᠬᠦᠮᠦᠰ ᠢᠶᠠᠷ ᠪᠦᠷᠢᠯᠳᠦᠨ᠎ᠡ᠄ | ᠡᠷᠬᠢᠯᠡᠭᠴᠢ᠂ | ᠲᠡᠳ᠋ ᠡᠷᠬᠢᠯᠡᠭᠴᠢ ᠨᠦᠭᠦᠳ᠂ | ᠭᠡᠰᠢᠬᠦᠨ ᠨᠦᠭᠦᠳ᠃ | ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠶᠢᠨ ᠬᠤᠭᠤᠴᠠᠭ᠎ᠠ ᠪᠦᠷᠢ ᠶᠢᠨ ᠲᠤᠰᠢᠶᠠᠯ ᠤᠨ | ᠬᠤᠭᠤᠴᠠᠭ᠎ᠠ ᠨᠢ ᠲᠤᠰ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ | ᠪᠦᠷᠢ ᠶᠢᠨ ᠲᠤᠰᠢᠶᠠᠯ ᠤᠨ ᠬᠤᠭᠤᠴᠠᠭ᠎ᠠ ᠲᠠᠢ ᠠᠳᠠᠯᠢ᠃ ᠤᠯᠤᠰ ᠤᠨ ᠬᠢᠨᠠᠨ ᠪᠠᠶᠢᠴᠠᠭᠠᠬᠤ ᠵᠦᠪᠯᠡᠯ ᠤᠨ | ᠡᠷᠬᠢᠯᠡᠭᠴᠢ ᠵᠠᠯᠭᠠᠪᠡᠷ ᠬᠤᠶᠠᠷ ᠬᠤᠭᠤᠴᠠᠭ᠎ᠠ ᠠᠴᠠ ᠢᠯᠡᠭᠦᠤ ᠲᠤᠰᠢᠶᠠᠯ ᠬᠠᠷᠢᠭᠤᠴᠠᠵᠤ ᠪᠣᠯᠬᠤ ᠦᠭᠡᠢ᠃ | ᠬᠢᠨᠠᠨ ᠪᠠᠶᠢᠴᠠᠭᠠᠬᠤ ᠵᠦᠪᠯᠡᠯ ᠤᠨ ᠵᠤᠬᠢᠶᠠᠨ ᠪᠠᠶᠢᠭᠤᠯᠤᠯᠲᠠ ᠪᠤᠯᠤᠨ ᠡᠷᠭᠡ ᠲᠤᠰᠢᠶᠠᠯ ᠢ ᠬᠠᠤᠯᠢ ᠪᠠᠷ | ᠲᠤᠭᠲᠠᠭᠠᠨᠡ᠃ | ᠵᠠᠭᠤ ᠬᠤᠷᠢᠨ ᠲᠠᠪᠤᠳᠤᠭᠠᠷ ᠵᠦᠢᠯ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠤᠯᠤᠰ ᠤᠨ | ᠬᠢᠨᠠᠨ ᠪᠠᠶᠢᠴᠠᠭᠠᠬᠤ ᠵᠦᠪᠯᠡᠯ ᠪᠤᠯ ᠬᠠᠮᠤᠭ ᠤᠨ ᠲᠡᠭᠡᠳᠤ ᠬᠢᠨᠠᠨ ᠪᠠᠶᠢᠴᠠᠭᠠᠬᠤ ᠪᠠᠶᠢᠭᠤᠯᠭ᠎ᠠ ᠮᠦᠨ᠃ | ᠤᠯᠤᠰ ᠤᠨ ᠬᠢᠨᠠᠨ ᠪᠠᠶᠢᠴᠠᠭᠠᠬᠤ ᠵᠦᠪᠯᠡᠯ ᠤᠷᠤᠨ ᠨᠤᠲᠤᠭ ᠤᠨ ᠡᠯ᠎ᠡ ᠱᠠᠲᠤᠨ ᠤ ᠬᠢᠨᠠᠨ ᠪᠠᠶᠢᠴᠠᠭᠠᠬᠤ | ᠵᠦᠪᠯᠡᠯ ᠤᠨ ᠠᠵᠢᠯ ᠢ ᠤᠳᠤᠷᠢᠳᠴᠤ᠂ ᠲᠡᠭᠡᠷ᠎ᠡ ᠱᠠᠲᠤᠨ ᠤ ᠬᠢᠨᠠᠨ ᠪᠠᠶᠢᠴᠠᠭᠠᠬᠤ ᠵᠦᠪᠯᠡᠯ ᠨᠢ ᠲᠤᠤᠷ᠎ᠡ ᠱᠠᠲᠤᠨ ᠤ | ᠬᠢᠨᠠᠨ ᠪᠠᠶᠢᠴᠠᠭᠠᠬᠤ ᠵᠦᠪᠯᠡᠯ ᠤᠨ ᠠᠵᠢᠯ ᠢ ᠤᠳᠤᠷᠢᠳᠤᠨᠡ᠃ | ᠵᠠᠭᠤ ᠬᠤᠷᠢᠨ ᠵᠢᠷᠭᠤᠳᠤᠭᠠᠷ ᠵᠦᠢᠯ ᠤᠯᠤᠰ ᠤᠨ ᠬᠢᠨᠠᠨ ᠪᠠᠶᠢᠴᠠᠭᠠᠬᠤ ᠵᠦᠪᠯᠡᠯ ᠪᠦᠬᠦ ᠤᠯᠤᠰ ᠤᠨ ᠠᠷᠠᠳ | ᠤᠨ ᠲᠦᠯᠦᠭᠡᠯᠡᠭᠴᠢᠳ ᠤᠨ ᠶᠡᠭᠡ ᠬᠤᠷᠠᠯ ᠪᠠ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ | ᠤᠨ ᠪᠠᠶᠢᠡᠭᠭᠤ ᠶᠢᠨ ᠬᠤᠷᠢᠶ᠎ᠡ ᠳᠤ ᠬᠠᠷᠢᠭᠤᠴᠠᠨ᠎ᠡ᠃ ᠤᠷᠤᠨ ᠨᠤᠲᠤᠭ ᠤᠨ ᠡᠯ᠎ᠡ ᠱᠠᠲᠤᠨ ᠤ ᠬᠢᠨᠠᠨ ᠪᠠᠶᠢᠴᠠᠭᠠᠬᠤ | ᠵᠦᠪᠯᠡᠯ ᠨᠢ ᠲᠡᠭᠦᠨ ᠤ ᠪᠤᠢ ᠪᠤᠯᠤᠭᠰᠠᠨ ᠲᠦᠷᠦ ᠶᠢᠨ ᠡᠷᠭᠡᠲᠤ ᠪᠠᠶᠢᠭᠤᠯᠭ᠎ᠠ ᠪᠠ ᠲᠡᠭᠡᠷ᠎ᠡ ᠱᠠᠲᠤᠨ ᠤ ᠬᠢᠨᠠᠨ | ᠪᠠᠶᠢᠴᠠᠭᠠᠬᠤ ᠵᠦᠪᠯᠡᠯ ᠳᠤ ᠬᠠᠷᠢᠭᠤᠴᠠᠨ᠎ᠡ᠃ | ᠵᠠᠭᠤ ᠬᠤᠷᠢᠨ ᠲᠤᠯᠤᠳᠤᠭᠠᠷ ᠵᠦᠢᠯ ᠬᠢᠨᠠᠨ ᠪᠠᠶᠢᠴᠠᠭᠠᠬᠤ ᠵᠦᠪᠯᠡᠯ ᠬᠠᠤᠯᠢ ᠶᠤᠰᠤᠭᠠᠷ ᠪᠠᠶ᠎ᠡ ᠪᠠᠨ ᠲᠠᠭᠠᠭᠠᠵᠤ | ᠬᠢᠨᠠᠨ ᠪᠠᠶᠢᠴᠠᠭᠠᠬᠤ ᠡᠷᠭᠡ ᠪᠠᠨ ᠬᠡᠷᠡᠭᠵᠢᠭᠦᠯᠵᠤ᠂ ᠵᠠᠰᠠᠭ ᠵᠠᠬᠢᠷᠭᠠᠨ ᠤ ᠪᠠᠶᠢᠭᠤᠯᠭ᠎ᠠ᠂ ᠨᠡᠶᠢᠭᠡᠮ ᠤᠨ ᠪᠦᠯᠬᠦᠮ | ᠪᠤᠯᠤᠨ ᠬᠤᠪᠢ ᠬᠦᠮᠦᠨ ᠤ ᠭᠠᠷ ᠲᠦᠷᠦᠬᠦ ᠶᠢ ᠬᠦᠯᠢᠶᠡᠬᠦ ᠦᠭᠡᠢ᠃ | ᠬᠢᠨᠠᠨ ᠪᠠᠶᠢᠴᠠᠭᠠᠬᠤ ᠪᠠᠶᠢᠭᠤᠯᠭ᠎ᠠ ᠡᠷᠭᠡ ᠲᠤᠰᠢᠶᠠᠯ ᠢᠶᠠᠨ ᠠᠰᠢᠬᠯᠡᠨ ᠬᠠᠤᠯᠢ ᠠᠴᠠ ᠵᠦᠷᠢᠴᠡᠭᠰᠡᠨ ᠠᠵᠢᠯᠯᠠᠭ᠎ᠠ | ᠪᠠ ᠡᠷᠭᠡ ᠲᠤᠰᠢᠶᠠᠯ ᠢᠶᠠᠨ ᠠᠰᠢᠬᠯᠡᠨ ᠶᠠᠯ᠎ᠡ ᠬᠢᠭᠰᠡᠨ ᠭᠡᠷᠡᠭ ᠢ ᠰᠢᠢᠳᠪᠤᠷᠢᠯᠡᠬᠦ ᠳᠡᠭᠡᠨ᠂ ᠰᠢᠬᠦᠨ ᠲᠠᠰᠤᠯᠬᠤ | ᠪᠠᠶᠢᠭᠤᠯᠭ᠎ᠠ᠂ ᠪᠠᠶᠢᠴᠠᠭᠠᠬᠤ ᠪᠠᠶᠢᠭᠤᠯᠭ᠎ᠠ᠂ ᠬᠠᠤᠯᠢ ᠭᠡᠷᠡᠭᠵᠢᠭᠦᠯᠬᠦ ᠰᠠᠯᠠᠭ᠎ᠠ ᠮᠦᠴᠢᠷ ᠲᠠᠢ ᠬᠠᠷᠢᠯᠴᠠᠨ ᠬᠠᠮᠵᠢᠯᠴᠠᠵᠤ᠂ | ᠬᠠᠷᠢᠯᠴᠠᠨ ᠬᠢᠵᠠᠭᠠᠷᠯᠠᠬᠤ ᠬᠡᠷᠡᠭᠳᠠᠢ᠃ | ᠤᠤᠯ ᠤᠨ ᠲᠤᠯᠤᠳᠤᠭᠠᠷ ᠭᠡᠰᠡᠭ ᠢ ᠨᠠᠢᠮᠠᠳᠤᠭᠠᠷ ᠭᠡᠰᠡᠭ ᠪᠤᠯᠭᠠᠨ ᠬᠤᠪᠢᠷᠠᠭᠤᠯᠵᠤ᠂ ᠤᠤᠯ ᠤᠨ ᠵᠠᠭᠤ | ᠬᠤᠷᠢᠨ ᠭᠤᠷᠪᠠᠳᠤᠭᠠᠷ ᠵᠦᠢᠯ ᠠᠴᠠ ᠵᠠᠭᠤ ᠭᠤᠴᠢᠨ ᠨᠠᠢᠮᠠᠳᠤᠭᠠᠷ ᠵᠦᠢᠯ ᠬᠦᠷᠬᠦ ᠠᠭᠤᠯᠭ᠎ᠠ ᠶᠢ ᠲᠤᠰᠪᠤᠷᠢ ᠵᠠᠭᠤ | ᠬᠤᠷᠢᠨ ᠨᠠᠢᠮᠠᠳᠤᠭᠠᠷ ᠵᠦᠢᠯ ᠠᠴᠠ ᠵᠠᠭᠤ ᠲᠦᠴᠢᠨ ᠭᠤᠷᠪᠠᠳᠤᠭᠠᠷ ᠵᠦᠢᠯ ᠪᠤᠯᠭᠠᠨ ᠬᠤᠪᠢᠷᠠᠭᠤᠯᠪᠠ᠃ |