ᠦᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ | 2018 ᠣᠨ ᠤ ᠪᠦᠬᠦ ᠣᠷᠣᠨ ᠤ ᠨᠡᠶᠢᠭᠡᠮ ᠤᠨ ᠲᠡᠩᠭᠡᠷᠡᠬᠦᠯᠦᠨ ᠲᠤᠰᠠᠯᠠᠬᠤ ᠪᠠᠷᠢᠮᠵᠢᠶ᠎ᠠ ᠶᠢᠨ ᠬᠤᠯᠪᠣᠭᠳᠠᠯ ᠪᠦᠬᠦᠢ | ᠶᠠᠪᠤᠳᠠᠯ ᠤᠨ ᠲᠤᠬᠠᠶ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠤᠪᠴᠢᠯᠠᠪᠠ︶ ᠪᠠᠭᠤᠯᠭᠠᠵᠤ᠂ | ᠥᠪᠡᠷᠲᠡᠭᠡᠨ ᠵᠠᠰᠠᠬᠤ ᠣᠷᠣᠨ ᠤ 2018 ᠣᠨ ᠤ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ᠂ ᠣᠨᠴᠠ ᠬᠦᠴᠢᠷᠳᠡᠯᠲᠡᠶ ᠬᠥᠮᠦᠰ ᠤᠨ ᠦᠨᠳᠦᠰᠦᠨ | ᠠᠮᠢᠳᠤᠷᠠᠯ ᠤᠨ ᠪᠠᠷᠢᠮᠵᠢᠶ᠎ᠠ ᠪᠣᠯᠤᠨ ᠣᠨᠴᠠ ᠬᠦᠴᠢᠷᠳᠡᠯᠲᠡᠶ ᠬᠥᠮᠦᠰ ᠢ ᠠᠰᠠᠷᠠᠨ ᠰᠤᠪᠢᠯᠠᠬᠤ ᠪᠠᠷᠢᠮᠵᠢᠶ᠎ᠠ ᠶᠢ | ᠨᠡᠶᠢᠲᠡᠯᠡᠪᠡ᠃ ᠬᠦᠴᠢᠷᠳᠡᠯᠲᠡᠶ ᠤᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠢ ᠰᠠᠶᠢᠲᠤᠷ | ᠬᠢᠬᠦ ᠨᠢ᠂ ᠬᠦᠴᠢᠷᠳᠡᠯᠲᠡᠶ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ | ᠲᠦᠪᠰᠢᠨ ᠤ ᠲᠦᠷᠦᠭᠳᠡᠯ ᠢ ᠨᠡᠩ ᠲᠡᠭᠦᠯᠳᠡᠷᠵᠢᠭᠦᠯᠦᠨ᠂ ᠨᠡᠩ ᠪᠠᠲᠤᠯᠠᠭ᠎ᠠ ᠲᠠᠢ ᠪᠤᠯᠭᠠᠨ᠂ ᠨᠡᠩ ᠦᠷᠭᠦᠯᠵᠢᠯᠡᠨ | ᠬᠥᠭᠵᠢᠭᠦᠯᠬᠦ ᠪᠣᠯᠤᠨ᠎ᠠ᠃ | ︽ᠮᠡᠳᠡᠭᠳᠡᠯ︾ ᠳᠤ ᠱᠠᠭᠠᠷᠳᠠᠭᠰᠠᠨ ᠨᠢ᠂ ᠡᠯ᠎ᠡ ᠠᠶᠢᠮᠠᠭ ᠬᠤᠳᠠ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠬᠢᠨᠠᠨ ᠬᠠᠷᠭᠤᠭᠤᠯᠤᠭᠠᠳ ᠲᠣᠭᠲᠠᠭᠠᠭᠰᠠᠨ ᠨᠡᠶᠢᠭᠡᠮ ᠤᠨ ᠲᠡᠩᠭᠡᠷᠡᠬᠦᠯᠦᠨ | ᠲᠤᠰᠠᠯᠠᠬᠤ ᠪᠠᠷᠢᠮᠵᠢᠶ᠎ᠠ ᠶᠢ ᠨᠡᠶᠢᠭᠡᠮ ᠨᠡᠶᠢᠲᠡ ᠳᠤ ᠳᠠᠷᠤᠶᠢᠬᠠᠨ ᠨᠡᠶᠢᠲᠡᠯᠡᠬᠦ ᠶᠢᠨ ᠬᠠᠮᠲᠤ ᠴᠢᠩᠭ᠎ᠠ ᠬᠡᠷᠡᠭᠵᠢᠭᠦᠯᠬᠦ | ᠬᠡᠷᠡᠭᠲᠡᠶ᠃ ᠡᠨᠡ ᠵᠢᠯ ᠤᠨ ᠳᠣᠲᠣᠷ᠎ᠠ᠂ ᠨᠡᠶᠢᠭᠡᠮ ᠤᠨ ᠲᠡᠩᠭᠡᠷᠡᠭᠦᠯᠦᠨ ᠲᠤᠰᠠᠯᠠᠬᠤ ᠪᠠᠷᠢᠮᠵᠢᠶ᠎ᠠ ᠳᠤ ᠳᠠᠬᠢᠨᠲᠠ | ᠲᠤᠬᠢᠷᠠᠭᠤᠯᠤᠯᠲᠠ ᠬᠢᠬᠦ ᠳᠤ ᠡᠷᠬᠡᠪᠰᠢ ᠬᠤᠯᠪᠣᠭᠳᠠᠯ ᠪᠦᠬᠦᠢ ᠳᠡᠰ ᠳᠠᠷᠠᠭᠠᠯᠠᠯ ᠶᠣᠰᠣᠭᠠᠷ ᠳᠡᠭᠡᠭᠰᠢ ᠮᠡᠳᠡᠭᠦᠯᠵᠦ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠲᠠᠷᠠᠭ᠎ᠠ | ᠬᠡᠷᠡᠭᠵᠢᠭᠦᠯᠬᠦ ᠬᠡᠷᠡᠭᠲᠡᠶ᠃ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ 2018 ᠤᠨ ᠤ 5 ᠳ᠋ᠤᠭᠠᠷ | ᠰᠠᠷ᠎ᠠ ᠶᠢᠨ ᠡᠴᠦᠰ ᠠᠴᠠ ᠡᠮᠦᠨ᠎ᠡ ᠰᠢᠨ᠎ᠡ ᠪᠠᠷᠢᠮᠵᠢᠶ᠎ᠠ ᠶᠣᠰᠣᠭᠠᠷ ᠪᠡᠯᠡ ᠮᠥᠩᠭᠦ ᠶᠢ ᠨᠦᠬᠦᠪᠦᠷᠢᠯᠡᠨ ᠤᠯᠭᠤᠭᠰᠠᠨ | ᠠᠵᠢᠯ ᠢ ᠳᠠᠭᠤᠰᠬᠠᠵᠤ᠂ ᠠᠶᠢᠮᠠᠭ ᠬᠤᠲᠠ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ 6 ᠳ᠋ᠤᠭᠠᠷ ᠰᠠᠷ᠎ᠠ ᠶᠢᠨ | ᠡᠴᠦᠰ ᠠᠴᠠ ᠡᠮᠦᠨ᠎ᠡ ᠰᠢᠨ᠎ᠡ ᠪᠠᠷᠢᠮᠵᠢᠶ᠎ᠠ ᠶᠢ ᠬᠡᠷᠡᠭᠵᠢᠬᠦᠯᠦᠭᠰᠡᠨ ᠪᠠ ᠪᠡᠯᠡ ᠮᠥᠩᠭᠦ ᠤᠯᠭᠤᠭᠰᠠᠨ ᠪᠠᠶᠢᠳᠠᠯ ᠳᠤ | ᠪᠠᠶᠢᠴᠠᠭᠠᠯᠲᠠ ᠬᠢᠬᠦ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠳᠤ | ᠮᠡᠳᠡᠭᠦᠯᠬᠦ ᠬᠡᠷᠡᠭᠲᠠᠢ᠂ ᠥᠪᠡᠷᠲᠡᠭᠡᠨ ᠵᠠᠰᠠᠬᠤ ᠣᠷᠣᠨ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ | ᠪᠠᠶᠢᠭᠤᠯᠵᠤ ᠠᠶᠢᠮᠠᠭ ᠬᠤᠳᠠ ᠪᠣᠯᠤᠨ ᠬᠤᠰᠢᠭᠤ ᠰᠢᠶᠠᠨ ︵ᠬᠤᠳᠠ᠂ ᠲᠣᠭᠤᠷᠢᠭ︶ ᠤ ᠠᠵᠢᠯ ᠤᠨ | ᠨᠠᠶᠢᠳᠠᠪᠤᠷᠢᠵᠢᠭᠤᠯᠤᠯᠲᠠ ᠶᠢᠨ ᠪᠠᠶᠢᠳᠠᠯ ᠢ ᠰᠢᠮᠳᠠᠭᠤᠯᠤᠨ ᠪᠠᠶᠢᠴᠠᠭᠠᠯᠲᠠ ᠬᠢᠨ᠎ᠡ᠃ ᠡᠭᠦᠨ ᠤ ᠬᠠᠮᠲᠤ᠂ ᠲᠤᠶᠢᠯ ᠤᠨ | ᠤᠨᠤᠪᠴᠢᠲᠠᠢ ᠪᠠᠷ ᠶᠠᠳᠠᠭᠤ ᠶᠢ ᠲᠡᠳᠬᠦᠬᠦ ᠪᠠ ᠲᠤᠶᠢᠯ ᠤᠨ ᠤᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠶᠢᠨ | ︽ᠲᠠᠪᠤᠨ ᠨᠢᠭᠡ ᠪᠦᠯᠦᠭ︾ ᠲᠠᠬᠢ ︽ᠨᠡᠶᠢᠭᠡᠮ ᠤᠨ ᠪᠠᠲᠤᠯᠠᠭ᠎ᠠ ᠪᠠᠷ ᠪᠠᠲᠤᠯᠠᠨ ᠳᠠᠭᠠᠭᠠᠬᠤ ᠨᠢᠭᠡ ᠪᠦᠯᠦᠭ︾ ᠤᠨ | ᠱᠠᠭᠠᠷᠳᠠᠯᠭ᠎ᠠ ᠶᠤᠰᠤᠭᠠᠷ᠂ ᠬᠥᠳᠡᠯᠮᠦᠷᠢᠯᠡᠬᠦ ᠴᠢᠳᠠᠪᠤᠷᠢ ᠪᠠᠨ ᠪᠦᠷᠢᠮᠦᠰᠦᠨ ᠠᠯᠳᠠᠭᠰᠠᠨ ᠪᠤᠶᠤ ᠬᠡᠰᠡᠭ ᠠᠯᠳᠠᠭᠰᠠᠨ | ᠤᠨᠴᠠ ᠬᠦᠴᠢᠷᠳᠡᠯᠲᠠᠢ ᠬᠥᠮᠦᠨ ᠠᠮᠠ ᠳᠤ᠂ ᠪᠠᠲᠤᠯᠠᠭ᠎ᠠ ᠶᠢᠨ ᠴᠢᠨᠠᠷᠲᠠᠶ ᠶᠠᠳᠠᠭᠤ ᠶᠢ ᠲᠡᠳᠬᠦᠬᠦ ᠲᠦᠷᠦ ᠶᠢᠨ | ᠪᠤᠳᠤᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ᠂ ᠡᠪᠡᠳᠴᠢᠯᠡᠪᠡᠯ ᠡᠮᠨᠡᠬᠦ ᠭᠠᠵᠠᠷ ᠲᠠᠢ᠂ ᠵᠡᠮᠳᠡᠭ ᠪᠤᠯᠪᠠᠯ ᠲᠤᠰᠠᠯᠠᠮᠵᠢ | ᠲᠠᠢ᠂ ᠠᠮᠢᠳᠤᠷᠠᠯ ᠢ ᠨᠢ ᠪᠠᠲᠤᠯᠠᠨ ᠳᠠᠭᠠᠭᠠᠬᠤ ᠶᠢ ᠦᠨᠡᠨᠬᠦ ᠪᠠᠲᠤᠯᠠᠬᠤ ᠬᠡᠷᠡᠭᠲᠠᠢ᠃ ᠮᠠᠯᠵᠢᠬᠤ ᠲᠠᠷᠢᠶᠠᠯᠠᠬᠤ | ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠵᠢᠯ ᠤᠨ ᠬᠦᠳᠡᠯᠦᠩᠭᠦᠢ ᠪᠦᠭᠡᠳ ᠨᠠᠷᠢᠯᠢᠭ | ᠬᠠᠮᠢᠶᠠᠷᠤᠯᠲᠠ ᠶᠢ ᠰᠠᠶᠢᠲᠤᠷ ᠬᠢᠵᠦ᠂ ᠨᠥᠬᠦᠴᠡᠯ ᠳᠤ ᠨᠡᠶᠢᠴᠡᠭᠰᠡᠨ ᠶᠠᠳᠠᠭᠤ ᠬᠦᠴᠢᠷᠳᠡᠯᠲᠡᠶ ᠬᠥᠮᠦᠨ ᠠᠮᠠ ᠶᠢ | ᠪᠦᠬᠦᠨ ᠢ ᠪᠠᠲᠤᠯᠠᠭ᠎ᠠ ᠶᠢᠨ ᠬᠦᠷᠢᠶ᠎ᠡ ᠬᠡᠪᠴᠢᠶᠡᠨ ᠳᠤ ᠤᠷᠤᠭᠤᠯᠬᠤ ᠬᠡᠷᠡᠭᠲᠠᠢ᠃ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠬᠦᠷᠳᠡᠵᠦ ᠪᠠᠶᠢᠭ᠎ᠠ ᠭᠡᠷ ᠪᠦᠯᠢ ᠶᠢᠨ ᠨᠠᠰᠤᠨ ᠳᠤ ᠦᠯᠦ ᠬᠦᠷᠦᠭᠰᠡᠦᠠ᠂ ᠥᠲᠡᠭᠦᠰ᠂ ᠬᠦᠨᠳᠦ | ᠵᠡᠮᠳᠡᠭᠴᠦᠳ ᠪᠤᠯᠤᠨ ᠬᠦᠨᠳᠦ ᠡᠪᠡᠳᠴᠢᠲᠡᠳ ᠲᠤ᠂ ᠲᠤᠬᠠᠶ ᠶᠢᠨ ᠭᠠᠵᠠᠷ ᠤᠨ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠪᠠᠷᠢᠮᠵᠢᠶ᠎ᠠ ᠶᠢᠨ 30% ᠠᠴᠠ ᠬᠡᠲᠦᠷᠡᠬᠦᠯᠬᠦ ᠦᠭᠡᠢ ᠪᠠᠶᠢᠬᠤ ᠬᠠᠷᠢᠴᠠᠯ ᠢᠶᠠᠷ ᠨᠦᠬᠦᠪᠦᠷᠢ ᠶᠢᠨ ᠬᠢᠷᠢ | ᠲᠦᠪᠰᠢᠨ ᠢ ᠨᠢ ᠳᠡᠭᠡᠭᠰᠢᠯᠡᠭᠦᠯᠵᠤ᠂ ᠲᠡᠳᠡᠨ ᠤ ᠦᠨᠳᠦᠰᠦᠨ ᠠᠮᠢᠳᠤᠷᠠᠯ ᠢ ᠨᠡᠩ ᠰᠠᠶᠢᠲᠤᠷ ᠰᠠᠶᠢᠵᠢᠷᠠᠭᠤᠯᠬᠤ | ᠬᠡᠷᠡᠭᠲᠡᠶ ᠬᠡᠪᠡ᠃ | ᠡᠭᠦᠨ ᠠᠴᠠ ᠭᠠᠳᠠᠨ᠎ᠠ ︽ᠮᠡᠳᠡᠭᠳᠡᠯ︾ ᠳᠤ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠠᠮᠢᠳᠤᠷᠠᠯ ᠢᠶᠠᠨ | ᠥᠪᠡᠰᠦᠪᠡᠨ ᠠᠷᠭᠠᠴᠠᠬᠤ ᠴᠢᠳᠠᠪᠤᠷᠢ ᠪᠠᠨ ᠪᠦᠷᠢᠮᠦᠰᠦᠨ ᠪᠣᠯᠤᠨ ᠬᠡᠰᠡᠭ ᠠᠯᠳᠠᠭᠰᠠᠨ ᠤᠨᠴᠠ ᠬᠦᠴᠢᠷᠳᠡᠯᠲᠠᠢ | ᠬᠦᠮᠦᠰ ᠢ ᠳᠠᠷᠬᠠᠶ ᠪᠤᠲᠠᠷᠬᠠᠶ ᠠᠰᠠᠷᠠᠨ ᠰᠤᠪᠢᠯᠠᠬᠤ ᠦᠢᠯᠡᠴᠢᠯᠡᠬᠦ ᠪᠠᠷᠢᠮᠵᠢᠶ᠎ᠠ ᠶᠢ ᠲᠦᠷᠭᠡᠭᠡᠨ ᠲᠣᠭᠲᠠᠭᠠᠨ | ᠪᠦᠷᠢᠨᠰᠢᠬᠦᠯᠵᠤ᠂ ᠠᠰᠠᠷᠠᠨ ᠰᠤᠪᠢᠯᠠᠬᠤ ᠦᠢᠯᠡᠴᠢᠯᠡᠬᠦ ᠠᠭᠤᠯᠭ᠎ᠠ ᠶᠢ ᠨᠠᠷᠢᠯᠢᠭᠵᠢᠭᠤᠯᠵᠤ᠂ ᠨᠠᠶᠢᠳᠠᠯᠭ᠎ᠠ ᠬᠦᠯᠢᠶᠡᠭᠰᠡᠨ | ᠲᠠᠯ᠎ᠠ ᠯᠤᠭ᠎ᠠ ᠠᠰᠠᠷᠠᠨ ᠰᠤᠪᠢᠯᠠᠬᠤ ᠵᠦᠪᠯᠡᠯᠴᠡᠭᠡᠷ ᠲᠣᠭᠲᠠᠭᠠᠬᠤ ᠶᠢ ᠵᠣᠬᠢᠶᠠᠨ ᠪᠠᠶᠢᠭᠤᠯᠤᠨ ᠦᠷᠨᠢᠬᠦᠯᠬᠦ ᠬᠡᠷᠡᠭᠲᠠᠢ᠃ | ᠡᠮ ᠡᠮᠨᠡᠯᠭᠡ ᠪᠠᠷ ᠠᠪᠤᠷᠠᠨ ᠲᠤᠰᠠᠯᠠᠬᠤ ᠶᠢ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ | ᠳᠠᠭᠠᠳᠬᠠᠯ ᠯᠤᠭ᠎ᠠ ᠪᠦᠲᠦᠮᠵᠢᠲᠡᠶ ᠵᠣᠯᠭᠠᠭᠤᠯᠬᠤ ᠶᠢ ᠴᠢᠩᠭᠠᠳᠬᠠᠵᠤ᠂ ᠬᠦᠨᠳᠦ ᠣᠨᠴᠠ ᠶᠡᠭᠡ ᠡᠪᠡᠳᠴᠢᠨ ᠤ ᠡᠮ | ᠡᠮᠨᠡᠯᠭᠡ ᠶᠢᠨ ᠠᠪᠤᠷᠠᠨ ᠲᠤᠰᠠᠯᠠᠯᠲᠠ ᠶᠢ ᠲᠦᠷᠦᠯ ᠬᠤᠪᠢᠶᠠᠨ ᠲᠡᠰ ᠬᠤᠪᠢᠶᠠᠨ ᠬᠡᠷᠡᠭᠵᠢᠬᠦᠯᠬᠦ ᠶᠢ ᠲᠥᠯᠬᠢᠨ | ᠠᠬᠢᠭᠤᠯᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠤ ᠪᠠᠶᠢᠭ᠎ᠠ ᠬᠦᠮᠦᠰ ᠪᠤᠯᠤᠨ ᠳᠠᠩᠰᠠ | ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠠᠢ ᠬᠥᠮᠦᠨ ᠠᠮᠠ ᠶᠢᠨ ᠬᠤᠪᠢ ᠬᠥᠮᠦᠨ ᠤ | ᠥᠪᠡᠰᠦᠪᠡᠨ ᠬᠠᠷᠢᠭᠤᠴᠠᠬᠤ ᠲᠣᠭᠲᠠᠭᠠᠯ ᠳᠤ ᠨᠡᠶᠢᠴᠡᠭᠰᠡᠨ ᠡᠮᠴᠢᠯᠡᠭᠡᠨ ᠤ ᠵᠠᠷᠤᠳᠠᠯ ᠳᠤ ᠡᠮ ᠡᠮᠨᠡᠯᠭᠡ ᠶᠢᠨ ᠠᠪᠤᠷᠠᠨ | ᠲᠤᠰᠠᠯᠠᠯᠲᠠ ᠬᠢᠬᠦ ᠬᠠᠷᠢᠴᠠᠯ ᠢ 70% ᠠᠴᠠ ᠳᠣᠣᠷ᠎ᠠ ᠪᠠᠶᠢᠯᠭᠠᠬᠤ ᠦᠭᠡᠶ ᠪᠠᠶᠢᠬᠤ ᠶᠢ ᠪᠠᠲᠤᠯᠠᠵᠤ᠂ ᠣᠷᠣᠯᠭ᠎ᠠ | ᠪᠠᠭᠠᠲᠠᠶ ᠲᠡᠩᠬᠡᠷᠡᠭᠦᠯᠦᠨ ᠲᠤᠰᠠᠯᠠᠭᠤᠯᠬᠤ ᠬᠦᠮᠦᠰ ᠪᠣᠯᠤᠨ ᠡᠪᠡᠳᠴᠢᠨ ᠠᠴᠠ ᠪᠣᠯᠵᠣ ᠶᠠᠳᠠᠭᠤᠷᠠᠭᠰᠠᠨ ᠲᠡᠩᠬᠡᠷᠡᠭᠦᠯᠦᠨ | ᠲᠤᠰᠠᠯᠠᠭᠤᠯᠬᠤ ᠬᠦᠮᠦᠰ ᠤᠨ ᠬᠤᠪᠢ ᠬᠥᠮᠦᠨ ᠤ ᠥᠪᠡᠰᠦᠪᠡᠨ ᠬᠠᠷᠢᠭᠤᠴᠠᠬᠤ ᠲᠣᠭᠲᠠᠭᠠᠯ ᠳᠤ ᠨᠡᠶᠢᠴᠡᠭᠰᠡᠨ | ᠡᠮᠴᠢᠯᠡᠭᠡᠨ ᠤ ᠵᠠᠷᠤᠳᠠᠯ ᠳᠤ ᠡᠮ ᠡᠮᠨᠡᠯᠭᠡ ᠶᠢᠨ ᠠᠪᠤᠷᠠᠨ ᠲᠤᠰᠠᠯᠠᠯᠲᠠ ᠬᠢᠬᠦ ᠬᠠᠷᠢᠴᠠᠯ ᠢ 50% ᠠᠴᠠ ᠳᠣᠣᠷ᠎ᠠ | ᠪᠠᠶᠢᠯᠭᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠠᠢ ᠬᠡᠪᠡ᠃ |