ᠮᠠᠨ ᠤ ᠤᠷᠤᠨ ᠳᠤ ᠰᠠᠭᠤᠭ᠎ᠠ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠬᠡᠰᠢᠭᠦᠳ ᠲᠤᠭᠤᠶᠢᠯᠠᠩ ᠬᠤᠪᠢᠶᠠᠵᠤ ᠬᠢᠨᠠᠨ ᠪᠠᠶᠢᠴᠠᠭᠠᠬᠤ ᠬᠠᠤᠯᠢ ᠶᠢᠨ ᠲᠦᠰᠦᠯ ᠪᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠲᠦᠰᠦᠯ ᠢ ᠶᠠᠷᠢᠯᠴᠠᠪᠠ  ᠯᠢ ᠵᠢᠶᠠ᠂ ᠷᠸᠠ ᠶᠠ ᠫᠢᠩ ᠨᠠᠷ ᠤᠷᠤᠯᠴᠠᠵᠠᠢ
ᠨᠡᠶᠢᠲᠡᠯᠡᠭᠰᠡᠨ ᠴᠠᠭ᠄
2018/3/14
     3 ᠳ᠋ᠤᠭᠠᠷ ᠰᠠᠷ᠎ᠠ ᠶᠢᠨ 13᠎ ᠤ ᠡᠳᠦᠷ ᠤᠨ ᠦᠳᠡ ᠶᠢᠨ ᠬᠤᠶᠢᠨ᠎ᠠ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠳᠤ ᠤᠷᠤᠯᠴᠠᠵᠤ ᠪᠠᠶᠢᠭ᠎ᠠ ᠮᠠᠨ ᠤ ᠤᠷᠤᠨ ᠳᠤ ᠰᠠᠭᠤᠭ᠎ᠠ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ  ᠎ ᠤ ᠬᠡᠰᠢᠭᠦᠳ ᠦᠪᠡᠷ ᠦᠪᠡᠷ ᠤᠨ ᠡᠳᠡᠭᠡᠳ ᠤᠨ ᠲᠤᠭᠤᠶᠢᠯᠠᠩ ᠳᠠᠭᠠᠨ ᠬᠢᠨᠠᠨ ᠪᠠᠶᠢᠴᠠᠭᠠᠬᠤ ᠬᠠᠤᠯᠢ ᠶᠢᠨ ᠲᠦᠰᠦᠯ ᠪᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠲᠦᠰᠦᠯ ᠢ ᠶᠠᠷᠢᠯᠴᠠᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠤᠯᠤᠰ ᠲᠦᠷᠦ ᠶᠢᠨ ᠵᠦᠪᠯᠡᠯᠭᠡᠨ ᠎ ᠤ ᠲᠡᠷᠢᠭᠦᠯᠡᠭᠴᠢ᠂ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢ ᠵᠢᠶᠠ᠂ ᠦᠪᠡᠷᠳᠡᠭᠡᠨ ᠵᠠᠰᠠᠬᠤ ᠤᠷᠤᠨ ᠤ ᠠᠷᠪᠠᠨ ᠨᠢᠭᠡᠳᠦᠭᠡᠷ ᠬᠤᠭᠤᠴᠠᠭᠠᠨ ᠤ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠷᠧᠨ ᠶᠠ ᠫᠢᠩ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠯᠢ ᠪᠢᠩ ᠷᠦᠩ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠳ᠋ᠦᠩ ᠾᠧᠩ ᠢᠤᠢ᠂ ᠵᠧᠩ ᠹᠦ᠋ ᠲᠢᠶᠠᠨ᠂ ᠯᠢᠦ ᠰᠢᠨ ᠯᠧ ᠶᠠᠷᠢᠯᠴᠠᠬᠤ ᠳᠤ ᠤᠷᠤᠯᠴᠠᠵᠠᠢ᠃      ᠶᠠᠷᠢᠯᠴᠠᠬᠤ ᠲᠤᠮᠳᠠ᠂ ᠬᠡᠰᠢᠭᠦᠳ ᠪᠤᠳᠤᠬᠰᠠᠨ ᠰᠠᠨᠠᠬᠰᠠᠨ ᠢᠶᠠᠨ ᠠᠭᠤᠵᠢᠷᠠᠳᠠᠯ᠎ᠠ ᠶᠠᠷᠢᠪᠠ᠃ ᠤᠯᠠᠨ ᠢᠶᠠᠷ ᠢᠶᠠᠨ᠂ ᠤᠯᠤᠰ ᠤᠨ ᠬᠢᠨᠠᠨ ᠪᠠᠶᠢᠴᠠᠭᠠᠬᠤ ᠬᠠᠤᠯᠢ ᠶᠢ ᠲᠤᠬᠳᠠᠭᠠᠬᠤ ᠨᠢ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠭᠠᠷᠭᠠᠬᠰᠠᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠰᠢᠢᠳᠪᠦᠷᠢᠳᠤ ᠪᠤᠳᠤᠯᠭ᠎ᠠ ᠪᠤᠯᠤᠨ᠎ᠠ᠂ ᠡᠨᠡ ᠨᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠲᠠᠰᠤᠷᠠᠯᠳᠠ ᠦᠭᠡᠢ ᠬᠦᠨᠵᠡᠭᠡᠶᠢᠷᠡᠭᠦᠯᠦᠨ ᠠᠬᠢᠭᠤᠯᠬᠤ ᠲᠤᠯᠭᠠᠮ᠎ᠠ ᠬᠡᠷᠡᠭᠴᠡᠭᠡ ᠲᠠᠢ ᠨᠡᠶᠢᠴᠡᠵᠤ᠂ ᠨᠠᠮ ᠢ ᠴᠢᠩᠭ᠎ᠠ ᠵᠠᠰᠠᠬᠤ᠂ ᠬᠠᠤᠯᠢ ᠪᠠᠷ ᠤᠯᠤᠰ ᠢᠶᠠᠨ ᠵᠠᠰᠠᠬᠤ᠂ ᠦᠭᠡᠷᠡᠴᠢᠯᠡᠯᠳᠡ ᠶᠢ ᠬᠦᠨᠵᠡᠭᠡᠶᠢᠷᠡᠭᠦᠯᠭᠦ ᠴᠢᠬᠤᠯᠠ ᠱᠠᠭᠠᠷᠳᠠᠯᠭ᠎ᠠ ᠶᠢ ᠢᠯᠡᠷᠡᠭᠦᠯᠦᠨ᠂ ᠢᠯᠵᠢᠷᠠᠯ ᠢ ᠡᠰᠡᠷᠭᠦᠴᠡᠭᠦ ᠠᠵᠢᠯ ᠳᠠᠬᠢ ᠨᠠᠮ ᠤᠨ ᠨᠢᠭᠡᠳᠦᠯᠳᠡᠢ ᠤᠳᠤᠷᠢᠳᠤᠯᠭ᠎ᠠ ᠶᠢ ᠴᠢᠨᠠᠬᠰᠢᠳᠠ ᠴᠢᠩᠭᠠᠳᠬᠠᠵᠤ᠂ ᠣᠯᠣᠰ ᠢ ᠵᠠᠰᠠᠬᠤ ᠰᠢᠰᠲ᠋ᠧᠮᠵᠢ ᠪᠠ ᠵᠠᠰᠠᠬᠤ ᠴᠢᠳᠠᠪᠤᠷᠢ ᠶᠢᠨ ᠤᠳᠤᠬᠢᠴᠢᠯᠠᠯᠳᠠ ᠶᠢ ᠠᠬᠢᠭᠤᠯᠬᠤ ᠳᠤ ᠲᠦᠢᠯ ᠤᠨ ᠴᠢᠬᠤᠯᠠ ᠠᠴᠢ ᠬᠤᠯᠪᠤᠬᠳᠠᠯ ᠲᠠᠢ ᠭᠡᠵᠦ ᠦᠵᠡᠵᠦ᠂ ᠡᠷᠡᠰ ᠬᠦᠷᠢᠶᠡᠯᠡᠨ ᠪᠦᠷᠢᠮᠦᠰᠦᠨ ᠵᠦᠪᠰᠢᠶᠡᠷᠡᠨ᠎ᠠ ᠬᠡᠵᠤ ᠢᠯᠡᠷᠬᠡᠶᠢᠯᠡᠪᠡ᠃      ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠲᠦᠰᠦᠯ ᠢ ᠶᠠᠷᠢᠯᠴᠠᠬᠤ ᠳᠠᠭᠠᠨ ᠬᠡᠰᠢᠭᠦᠳ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠲᠦᠰᠦᠯ ᠨᠢ ᠪᠠᠶᠢᠭᠤᠯᠤᠮᠵᠢ ᠶᠢᠨ ᠪᠠᠶᠢᠷᠢᠰᠢᠯ ᠪᠠ ᠡᠭᠦᠷᠭᠡ ᠴᠢᠳᠠᠪᠬᠢ ᠶᠢᠨ ᠲᠤᠬᠢᠷᠠᠭᠤᠯᠤᠯᠳᠠ ᠶᠢ ᠰᠢᠯᠢᠳᠡᠭᠵᠢᠭᠦᠯᠵᠤ᠂ ᠢᠯᠡ ᠲᠤᠳᠤ ᠠᠰᠠᠭᠤᠳᠠᠯ ᠤᠨ ᠤᠳᠤᠷᠢᠳᠤᠮᠵᠢ ᠶᠢ ᠢᠯᠡᠷᠡᠭᠦᠯᠪᠡ︔ ᠲᠦᠰᠦᠯ ᠨᠢ ᠤᠳᠤ ᠶᠢᠨ ᠪᠠᠶᠢᠳᠠᠯ ᠳᠠᠭᠠᠨ ᠰᠠᠭᠤᠷᠢᠯᠠᠨ ᠭᠤᠤᠯᠳᠠᠯᠭ᠎ᠠ ᠶᠢ ᠠᠳᠬᠤᠬᠤ᠂ ᠲᠤᠳᠠᠭᠤᠳᠠᠯ ᠢᠶᠠᠨ ᠨᠦᠬᠦᠪᠦᠷᠢᠯᠡᠭᠦ᠂ ᠪᠠᠭᠤᠷᠠᠢ ᠲᠠᠯ᠎ᠠ ᠪᠠᠨ ᠬᠦᠴᠦᠷᠭᠡᠭᠵᠢᠭᠦᠯᠭᠦ ᠶᠢ ᠲᠤᠪᠤᠶᠢᠯᠭᠠᠭᠰᠠᠨ ᠮᠦᠷᠳᠡᠭᠡᠨ ᠠᠯᠤᠰ ᠬᠡᠳᠦ ᠶᠢ ᠪᠤᠳᠤᠯᠬᠢᠯᠠᠵᠦ᠂ ᠰᠠᠭᠤᠷᠢ ᠲᠠᠯᠪᠢᠬᠤ᠂ ᠲᠤᠯᠭᠠᠭᠤᠷᠢ ᠪᠣᠰᠬᠠᠬᠤ᠂ ᠪᠦᠳᠦᠴᠡ ᠶᠢ ᠲᠤᠬᠳᠠᠭᠠᠬᠤ ᠶᠢ ᠠᠩᠬᠠᠷᠴᠣ᠂ ᠰᠢᠨ᠎ᠠ ᠴᠠᠭ ᠦᠶ᠎ᠠ ᠳᠤ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠢᠯᠡᠰ ᠢ ᠪᠠᠷᠢᠮᠳᠠᠯᠠᠨ ᠬᠦᠭᠵᠢᠭᠦᠯᠭᠦ ᠱᠠᠭᠠᠷᠳᠠᠯᠭ᠎ᠠ ᠲᠠᠢ ᠨᠢᠬᠳᠠ ᠤᠶᠠᠯᠳᠤᠪᠠ︔ ᠲᠦᠰᠦᠯ ᠨᠢ ᠠᠷᠠᠳ ᠲᠦᠮᠡᠨ ᠤ ᠡᠳᠦᠷ ᠢᠷᠡᠭᠦᠶ᠎ᠠ ᠨᠡᠮᠡᠭᠳᠡᠵᠤ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠳᠤ ᠠᠩᠬᠠᠷᠤᠯ ᠢᠶᠠᠨ ᠲᠦᠪᠯᠡᠷᠡᠭᠦᠯᠵᠤ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠳᠤ ᠡᠯ᠎ᠠ ᠵᠦᠢᠯ ᠎ ᠤᠨ ᠲᠦᠷᠢᠮ ᠤᠨ ᠲᠤᠬᠢᠷᠠᠭᠤᠯᠤᠯᠳᠠ ᠬᠢᠵᠤ᠂ ᠠᠷᠠᠳ ᠲᠦᠮᠡᠨ ᠢᠶᠠᠷ ᠭᠤᠤᠯ ᠪᠤᠯᠭᠠᠬᠤ ᠦᠭᠡᠷᠡᠴᠢᠯᠡᠯᠳᠡ ᠶᠢᠨ ᠦᠷᠳᠡᠭ ᠤᠨ ᠤᠳᠤᠷᠢᠳᠤᠮᠵᠢ ᠶᠢ ᠪᠠᠷᠢᠮᠳᠠᠯᠠᠵᠤ᠂ ᠠᠷᠠᠳ ᠲᠦᠮᠡᠨ ᠬᠠᠤᠯᠢ ᠶᠤᠰᠤᠭᠠᠷ ᠲᠦᠷᠦ ᠶᠢᠨ ᠶᠠᠪᠤᠳᠠᠯ᠂ ᠠᠵᠤ ᠠᠬᠤᠢ ᠰᠤᠶᠤᠯ ᠤᠨ ᠦᠢᠯᠡᠰ᠂ ᠨᠡᠶᠢᠭᠡᠮ  ᠎ ᠤᠨ ᠣᠴᠢᠷ ᠶᠠᠪᠤᠳᠠᠯ ᠢ ᠬᠠᠮᠢᠶᠠᠷᠬᠤ ᠡᠷᠭᠡ ᠶᠢ ᠨᠡᠩ ᠬᠦᠴᠦᠨ ᠪᠦᠬᠦᠢ ᠪᠠᠳᠤᠯᠠᠭ᠎ᠠ ᠲᠠᠢ ᠪᠣᠯᠭᠠᠪᠠ ᠬᠡᠵᠤ ᠦᠵᠡᠵᠤ᠂ ᠦᠭᠡᠷᠡᠴᠢᠯᠡᠯᠳᠡ ᠶᠢᠨ ᠲᠦᠰᠦᠯ ᠢ ᠪᠦᠷᠢᠮᠦᠰᠦᠨ ᠵᠦᠪᠰᠢᠶᠡᠷᠡᠨ᠎ᠠ ᠬᠡᠵᠤ ᠢᠯᠡᠷᠬᠡᠶᠢᠯᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号