ᠥᠪᠥᠷ ᠵᠠᠰᠠᠭ ᠠᠯᠪᠠᠨ ᠲᠠᠷᠬᠠᠭᠠᠭᠰᠠᠨ ﹇2017﹈ 145 ᠳ᠋ᠤᠭᠠᠷ ᠲᠤᠭᠠᠳᠤ | 2017 ᠣᠨ ᠤ 9 ᠳ᠋ᠤᠭᠡᠷ ᠰᠠᠷ᠎ᠠ ᠶᠢᠨ 23 ᠤ ᠡᠳᠦᠷ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ | ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠭᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ | ᠦᠢᠯᠡᠰ ᠤᠨ ᠨᠢᠭᠡᠴᠡ ᠳᠤ᠄ | ︽︿ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ﹀ ᠦᠭᠡᠷᠡᠴᠢᠯᠡᠯᠲᠡ ᠶᠢ ᠲᠦᠷᠭᠡᠳᠭᠡᠨ ᠠᠬᠢᠭᠤᠯᠬᠤ | ᠲᠣᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠭᠢᠮ ᠤᠨ ᠵᠢᠯᠤᠭᠤᠳᠬᠤ ᠰᠠᠨᠠᠯ︾ ︵ᠲᠥᠷᠥ ᠠᠯᠪᠠᠨ | ᠲᠠᠷᠬᠠᠭᠠᠭᠰᠠᠨ ﹇2017﹈ 41 ᠳ᠋ᠤᠭᠡᠷ ᠲᠣᠭᠠᠲᠤ︶ ᠤᠨ ᠵᠣᠷᠢᠭ ᠰᠠᠨᠠᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢᠨ ᠲᠤᠰᠠᠳᠠ᠂ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ︿ᠣᠯᠠᠨ | ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ﹀ ᠦᠭᠡᠷᠡᠴᠢᠯᠡᠯᠲᠡ ᠶᠢᠨ ᠬᠡᠷᠡᠭᠵᠢᠭᠦᠯᠬᠦ ᠲᠦᠰᠦᠯ︾ ᠤᠨ | ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠤᠰᠤᠭᠠᠷ᠂ ᠲᠣᠷᠰᠢᠯᠲᠠ ᠶᠢᠨ ᠴᠢᠬ ᠤᠨ ᠲᠣᠷᠰᠢᠯᠭ᠎ᠠ ᠶᠢ ᠳ᠋ᠦᠩᠨᠡᠭᠰᠡᠨ | ᠰᠠᠭᠤᠷᠢᠨ ᠳᠡᠭᠡᠷ᠎ᠡ᠂ ᠨᠢᠭᠡ ᠪᠦᠯᠦᠭ ᠪᠣᠯᠪᠠᠰᠤᠷᠠᠩᠭᠤᠢ ᠪᠣᠯᠪᠠᠯ᠂ ᠨᠢᠭᠡ ᠪᠦᠯᠦᠭ ᠢ ᠨᠢ ᠡᠮᠬᠢᠯᠡᠨ ᠨᠡᠶᠢᠯᠡᠭᠦᠯᠬᠦ | ᠵᠠᠷᠴᠢᠮ ᠢᠶᠠᠷ᠂ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ 2017 ᠣᠨ ᠤ 9 ᠳ᠋ᠤᠭᠡᠷ | ᠰᠠᠷ᠎ᠠ ᠶᠢᠨ 30 ᠤ ᠡᠳᠦᠷ ᠠᠴᠠ ᠡᠬᠢᠯᠡᠵᠦ᠂ ︽ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠵᠤ᠂ ᠨᠢᠭᠡ | ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾ ᠶᠢᠨ ᠳᠠᠩᠰᠠᠯᠠᠨ ᠲᠡᠮᠲᠡᠭᠯᠡᠬᠦ ᠳᠦᠷᠢᠮ ᠤᠨ ᠦᠭᠡᠷᠡᠴᠢᠯᠡᠯᠲᠡ ᠶᠢ | ᠪᠦᠬᠦ ᠣᠷᠣᠨ ᠳᠤ ᠨᠢᠭᠡᠲᠦᠯᠲᠡᠢ ᠲᠦᠯᠦᠪᠯᠡᠨ ᠬᠡᠷᠡᠭᠵᠢᠭᠦᠯᠬᠦ ᠪᠠᠷ ᠲᠣᠭᠲᠠᠭᠠᠪᠠ᠃ ᠡᠳᠦᠭᠡ ᠬᠤᠯᠪᠣᠭᠳᠠᠯ ᠪᠦᠬᠦᠢ | ᠵᠦᠢᠯᠡᠰ ᠢ ᠳᠣᠣᠷᠠᠬᠢ ᠮᠡᠲᠦ ᠮᠡᠳᠡᠭᠳᠡᠪᠡ᠄ | ᠨᠢᠭᠡ᠂ ᠬᠠᠤᠯᠢ ᠶᠤᠰᠤᠭᠠᠷ ᠦᠷᠨᠢᠭᠦᠯᠵᠦ᠂ ᠡᠮᠬᠢ ᠵᠢᠷᠤᠮ ᠲᠠᠢ ᠬᠡᠷᠡᠭᠵᠢᠭᠦᠯᠬᠦ ᠬᠡᠷᠡᠭᠲᠡᠢ | ︽ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠵᠤ᠂ ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾ | ᠶᠢᠨ ᠳᠠᠩᠰᠠᠯᠠᠨ ᠲᠡᠮᠲᠡᠭᠯᠡᠬᠦ ᠳᠦᠷᠢᠮ ᠤᠨ ᠦᠭᠡᠷᠡᠴᠢᠯᠡᠯᠲᠡ ᠶᠢ ᠬᠡᠷᠡᠭᠵᠢᠭᠦᠯᠬᠦ ᠳᠤ ᠪᠦᠷᠢᠳᠭᠡᠨ ᠳᠠᠩᠰᠯᠠᠠᠬᠤ ᠠᠷᠭ᠎ᠠ | ᠮᠠᠶ᠋ᠢᠭ᠂ ᠠᠭᠤᠯᠭ᠎ᠠ ᠳᠤ ᠬᠤᠪᠢᠷᠠᠯᠲᠠ ᠭᠠᠷᠬᠤ ᠠᠴᠠ ᠪᠢᠰᠢ᠂ ᠠᠵᠤ ᠠᠬᠤᠶᠢᠯᠠᠯ ᠳᠤ ᠬᠤᠯᠪᠣᠭᠳᠠᠬᠤ ᠡᠮᠬᠢᠯᠡᠨ | ᠨᠡᠶᠢᠯᠡᠭᠦᠯᠦᠭᠳᠡᠭᠰᠡᠨ ᠭᠡᠷᠡᠴᠢ ᠦᠨᠡᠮᠯᠡᠯ ᠤᠨ ᠵᠦᠢᠯᠡᠰ ᠲᠤ ᠬᠢᠨᠠᠯᠲᠠ ᠬᠠᠮᠢᠶᠠᠷᠤᠯᠲᠠ ᠬᠢᠬᠦ ᠬᠠᠮᠢᠶ᠎ᠠ ᠪᠦᠬᠦᠢ ᠰᠠᠯᠠᠭ᠎ᠠ | ᠮᠦᠴᠢᠷ ᠤᠳ ᠤᠨ ᠡᠭᠦᠷᠭᠡ ᠴᠢᠳᠠᠪᠤᠷᠢ ᠪᠠ ᠡᠭᠦᠷᠭᠡ ᠬᠠᠷᠢᠭᠤᠴᠠᠯᠭ᠎ᠠ ᠨᠢ ᠬᠤᠪᠢᠷᠠᠬᠤ ᠦᠭᠡᠢ᠂ ᠮᠦᠨ ᠬᠦ ᠣᠳᠣ ᠶᠢᠨ | ᠬᠡᠷᠡᠭᠵᠢᠭᠦᠯᠵᠦ ᠪᠠᠶᠢᠭ᠎ᠠ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠳᠦᠷᠢᠮ ᠲᠣᠭᠲᠠᠭᠠᠯ ᠤᠨ | ᠲᠣᠭᠲᠠᠭᠠᠯ ᠶᠤᠰᠤᠭᠠᠷ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ | ᠬᠠᠷᠢᠭᠤᠴᠠᠯᠭ᠎ᠠ ᠪᠠᠨ ᠬᠡᠷᠡᠭᠵᠢᠭᠦᠯᠬᠦ ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠣᠨᠣᠯᠵᠢᠬᠤᠨ ᠢᠶᠠᠨ | ᠦᠨᠡᠨᠬᠦ ᠬᠤᠪᠢᠷᠠᠭᠤᠯᠵᠤ᠂ ᠬᠡᠷᠡᠭ ᠶᠠᠪᠤᠳᠠᠯ ᠤᠨ ᠲᠤᠮᠳᠠᠬᠢ ᠪᠠ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ | ︽ᠬᠡᠨ ᠬᠢᠨᠠᠨ ᠵᠥᠪᠰᠢᠶᠡᠷᠡᠪᠡᠯ᠂ ᠲᠡᠷᠡ ᠬᠢᠨᠠᠨ ᠬᠠᠮᠢᠶᠠᠷᠴᠤ᠂ ᠬᠡᠨ ᠭᠤᠣᠯᠴᠢᠯᠠᠨ ᠬᠠᠮᠢᠶᠠᠷᠪᠠᠯ᠂ ᠲᠡᠷᠡ ᠬᠢᠨᠠᠨ | ᠬᠠᠮᠢᠶᠠᠷᠬᠤ︾ ᠵᠠᠷᠴᠢᠮ ᠶᠤᠰᠤᠭᠠᠷ᠂ ᠰᠠᠨᠠᠭᠠᠴᠢᠯᠠᠭ᠎ᠠ ᠠᠴᠠ ᠪᠠᠨ ᠬᠢᠨᠠᠨ ᠬᠠᠮᠢᠶᠠᠷᠬᠤ ᠶᠢ ᠴᠢᠩᠭᠠᠷᠠᠭᠤᠯᠵᠤ᠂ ᠬᠢᠨᠠᠨ | ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠪᠠᠷ ᠭᠦᠢᠴᠡᠳᠭᠡᠬᠦ ᠬᠡᠷᠡᠭᠲᠡᠢ᠃ | ᠬᠤᠶᠠᠷ᠂ ᠮᠡᠳᠡᠭᠡ ᠵᠠᠩᠭᠢ ᠶᠢ ᠨᠢᠭᠡᠲᠦᠯᠲᠡᠢ ᠡᠬᠢ ᠢᠷᠡᠯᠲᠡ ᠠᠴᠠ ᠴᠤᠭᠯᠠᠭᠤᠯᠵᠤ᠂ ᠬᠢᠨᠠᠯᠲᠠ | ᠬᠠᠮᠢᠶᠠᠷᠤᠯᠲᠠ ᠶᠢᠨ ᠠᠷᠭ᠎ᠠ ᠬᠡᠯᠪᠡᠷᠢ ᠳᠤ ᠰᠢᠨ᠎ᠡ ᠶᠢ ᠡᠭᠦᠳᠬᠦ ᠬᠡᠷᠡᠭᠲᠡᠢ | ︽ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠵᠤ᠂ ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾ | ᠶᠢᠨ ᠳᠠᠩᠰᠠᠯᠠᠨ ᠲᠡᠮᠲᠡᠭᠯᠡᠬᠦ ᠳᠦᠷᠢᠮ ᠢ ᠦᠭᠡᠷᠡᠴᠢᠯᠡᠭᠰᠡᠨ ᠤ ᠳᠠᠷᠠᠭ᠎ᠠ᠂ ᠡᠯ᠎ᠡ ᠬᠠᠮᠢᠶ᠎ᠠ ᠪᠦᠬᠦᠢ ᠰᠠᠯᠠᠭ᠎ᠠ | ᠮᠦᠴᠢᠷ ᠤᠳ ᠠᠵᠤ ᠦᠢᠯᠡᠳᠪᠦᠷᠢ ᠬᠤᠳᠠᠯᠳᠤᠭ᠎ᠠ ᠶᠢᠨ ᠳᠠᠩᠰᠠᠯᠠᠨ ᠲᠡᠮᠲᠡᠭᠯᠡᠭᠰᠡᠨ ᠮᠡᠳᠡᠭᠡ ᠵᠠᠩᠭᠢ ᠪᠠᠷ ᠨᠢᠭᠡᠲᠦᠯᠲᠡᠢ | ᠲᠤᠭ᠎ᠠ ᠪᠠᠷᠢᠮᠲᠠ ᠶᠢᠨ ᠡᠬᠢ ᠢᠷᠡᠯᠲᠡ ᠪᠣᠯᠭᠠᠨ᠂ ᠰᠠᠯᠠᠭ᠎ᠠ ᠮᠦᠴᠢᠷ ᠤᠨ ᠬᠤᠭᠤᠷᠣᠨᠳᠣ ᠮᠡᠳᠡᠭᠡ ᠵᠠᠩᠭᠢ ᠶᠢ | ᠬᠠᠮᠲᠤᠪᠠᠷ ᠬᠦᠷᠲᠡᠵᠦ ᠰᠤᠯᠢᠯᠴᠠᠨ᠂ ᠵᠠᠷᠴᠢᠮ ᠳᠡᠭᠡᠷ᠎ᠡ ᠪᠠᠨ ᠬᠠᠮᠲᠤᠪᠠᠷ ᠬᠦᠷᠲᠡᠬᠦ ᠲᠤᠭ᠎ᠠ ᠪᠠᠷᠢᠮᠲᠠ ᠶᠢᠨ | ᠴᠤᠭᠯᠠᠭᠤᠯᠬᠤ ᠵᠦᠢᠯᠡᠰ ᠢ ᠨᠡᠮᠡᠭᠳᠡᠭᠦᠯᠬᠦ ᠦᠭᠡᠢ᠃ ᠰᠠᠯᠠᠭ᠎ᠠ ᠮᠦᠴᠢᠷ ᠤᠨ ᠬᠠᠮᠢᠶᠠᠷᠤᠯᠲᠠ ᠳᠤ ᠦᠨᠡᠨᠬᠦ | ᠬᠡᠷᠡᠭᠴᠡᠭᠡ ᠲᠠᠢ ᠪᠠᠶᠢᠪᠠᠯ᠂ ᠬᠡᠷᠡᠭ ᠶᠠᠪᠤᠳᠠᠯ ᠤᠨ ᠳᠤᠮᠳᠠᠬᠢ ᠪᠠ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠶᠠᠪᠤᠴᠠ | ᠳᠤᠮᠳᠠ ᠬᠠᠤᠯᠢ ᠲᠣᠭᠲᠠᠭᠠᠯ ᠶᠤᠰᠤᠭᠠᠷ ᠴᠤᠭᠯᠠᠭᠤᠯᠵᠤ ᠪᠣᠯᠣᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠳ | ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠯᠪᠡᠷᠢ ᠳᠤ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠵᠠᠰᠠᠯᠲᠠ ᠶᠢᠨ | ᠰᠢᠰᠲ᠋ᠧᠮᠵᠢ᠂ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ | ᠭᠤᠷᠪᠠ᠂ ᠲᠤᠭ᠎ᠠ ᠪᠠᠷᠢᠮᠲᠠ ᠶᠢᠨ ᠰᠣᠯᠢᠯᠴᠠᠭᠠᠨ ᠤ ᠲᠡᠪᠴᠡᠩ ᠢ ᠨᠢᠭᠡᠲᠦᠯᠲᠡᠢ ᠪᠣᠯᠭᠠᠵᠤ᠂ ᠮᠡᠳᠡᠭᠡ ᠵᠠᠩᠭᠢ ᠶᠢ | ᠬᠠᠮᠲᠤᠪᠠᠷ ᠬᠦᠷᠲᠡᠬᠦ ᠶᠢ ᠪᠡᠶᠡᠯᠡᠭᠦᠯᠬᠦ ᠬᠡᠷᠡᠭᠲᠡᠢ | ᠠᠵᠤ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠤᠳ ︽ | ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠵᠤ᠂ ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾ ︵ | ᠣᠣᠯ ᠤᠨ ︽ᠲᠡᠪᠤᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠵᠤ᠂ ᠨᠢᠭᠡ ᠦᠨᠡᠮᠯᠡᠯ ᠳᠤ ᠨᠢᠭᠡ ᠨᠣᠮᠧᠷ ᠲᠠᠢ | ᠪᠠᠶᠢᠯᠭᠠᠬᠤ︾᠂ ︽ᠬᠤᠶᠠᠷ ᠦᠨᠡᠮᠯᠡᠯ ᠢ ᠡᠮᠬᠢᠯᠡᠨ ᠨᠡᠶᠢᠯᠡᠭᠦᠯᠬᠦ︾ ᠮᠡᠳᠡᠭᠡ ᠵᠠᠩᠭᠢ ᠠᠴᠠ ᠪᠤᠰᠤᠳ︶ ᠶᠢᠨ ᠬᠠᠮᠲᠤᠪᠠᠷ | ᠬᠦᠷᠲᠡᠬᠦ ᠮᠡᠳᠡᠭᠡ ᠵᠠᠩᠭᠢ ᠶᠢ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠢᠯᠡ ᠪᠠᠷ | ᠨᠡᠶᠢᠲᠡᠯᠡᠬᠦ ᠰᠢᠰᠲ᠋ᠧᠮ ︵ᠰᠠᠯᠠᠭ᠎ᠠ ᠮᠦᠴᠢᠷ ᠤᠨ ᠬᠠᠮᠵᠢᠯᠴᠠᠨ ᠬᠢᠨᠠᠨ ᠬᠠᠮᠢᠶᠠᠷᠬᠤ ᠲᠡᠪᠴᠡᠩ — ᠦᠪᠦᠷ ᠮᠣᠩᠭᠤᠯ | ︶ ᠢᠶᠠᠷ ᠨᠢᠭᠡᠲᠦᠯᠲᠡᠢ ᠳᠠᠮᠵᠢᠭᠤᠯᠤᠨ᠂ ᠢᠯᠡ ᠪᠠᠷ ᠨᠡᠶᠢᠲᠡᠯᠡᠬᠦ ᠠᠷᠭ᠎ᠠ ᠬᠡᠯᠪᠡᠷᠢ ᠪᠠᠷ ᠬᠠᠮᠢᠶ᠎ᠠ ᠪᠦᠬᠦᠢ ᠰᠠᠯᠠᠭ᠎ᠠ | ᠮᠦᠴᠢᠷ ᠲᠤ ᠮᠡᠳᠡᠭᠳᠡᠵᠦ᠂ ᠠᠵᠤ ᠠᠬᠤᠶᠢᠯᠠᠯ ᠳᠤ ᠬᠤᠯᠪᠤᠭᠳᠠᠬᠤ ᠡᠮᠬᠢᠯᠡᠨ ᠨᠡᠶᠢᠯᠡᠭᠦᠯᠦᠭᠳᠡᠭᠰᠡᠨ ᠭᠡᠷᠡᠴᠢ | ᠦᠨᠡᠮᠯᠡᠯ ᠤᠨ ᠵᠦᠢᠯᠡᠰ ᠢ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠴᠠᠭ ᠲᠣᠬᠠᠢ ᠳᠤᠨᠢ ᠲᠡᠮᠲᠡᠭᠯᠡᠵᠦ ᠵᠥᠪᠰᠢᠶᠡᠷᠡᠨ | ᠠᠪᠬᠤ ᠪᠠ ᠪᠠᠭᠤᠯᠭᠠᠨ᠂ ᠬᠠᠮᠢᠶ᠎ᠠ ᠪᠦᠬᠦᠢ ᠵᠠᠬ᠎ᠠ ᠳᠡᠯᠭᠡᠭᠦᠷ ᠤᠨ ᠭᠤᠣᠯ ᠴᠤᠭᠴᠠ ᠶᠢᠨ ᠳᠠᠩᠰᠠᠯᠠᠨ ᠲᠡᠮᠲᠡᠭᠯᠡᠭᠰᠡᠨ | ᠮᠡᠳᠡᠭᠡ ᠵᠠᠩᠭᠢ ᠶᠢ ᠬᠠᠮᠲᠤᠪᠠᠷ ᠬᠦᠷᠲᠡᠵᠦ ᠬᠠᠮᠲᠤᠪᠠᠷ ᠬᠡᠷᠡᠭᠯᠡᠬᠦ ᠶᠢ ᠪᠡᠶᠡᠯᠡᠭᠦᠯᠵᠦ᠂ ᠬᠠᠮᠢᠶᠠᠷᠤᠯᠲᠠ ᠶᠢᠨ ᠠᠵᠢᠯ ᠤᠨ | ᠬᠡᠷᠡᠭᠴᠡᠭᠡ ᠶᠢ ᠬᠠᠩᠭᠠᠬᠤ ᠬᠡᠷᠡᠭᠲᠡᠢ᠃ ᠠᠵᠤ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠰᠠᠯᠠᠭ᠎ᠠ ᠮᠦᠴᠢᠷ ᠤᠳ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠨᠢᠭᠲᠠ ᠬᠠᠮᠵᠢᠯᠴᠠᠵᠤ᠂ | ᠮᠡᠳᠡᠭᠡ ᠵᠠᠩᠭᠢ ᠶᠢ ᠬᠠᠮᠲᠤᠪᠠᠷ ᠬᠦᠷᠲᠡᠵᠦ ᠰᠣᠯᠢᠯᠴᠠᠬᠤ ᠲᠡᠪᠴᠡᠩ ᠤᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ | ᠦᠭᠡᠢ ᠲᠡᠭᠦᠯᠳᠡᠷᠵᠢᠭᠦᠯᠦᠨ᠂ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠶᠢᠨ ᠳᠦᠭᠦᠮ ᠳᠦᠳᠡᠴᠢᠯᠡᠯᠲᠡ ᠪᠠ | ᠤᠶᠤᠨᠴᠢᠯᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ | ᠳᠥᠷᠪᠡ᠂ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠤᠨ ᠴᠤᠪᠤᠷᠠᠯ ᠢ ᠰᠢᠯᠢᠳᠡᠭᠵᠢᠭᠦᠯᠬᠦ | ᠬᠡᠷᠡᠭᠲᠡᠢ | ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠲᠤᠰ ᠰᠠᠯᠠᠭ᠎ᠠ ᠮᠦᠴᠢᠷ᠂ ᠲᠤᠰ ᠰᠢᠰᠲ᠋ᠧᠮ ᠤᠨ ᠢᠶᠠᠨ | ᠬᠠᠮᠢᠶ᠎ᠠ ᠪᠦᠬᠦᠢ ᠳᠦᠷᠢᠮ ᠤᠨ ᠪᠠᠶᠢᠭᠤᠯᠤᠯᠲᠠ ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ︽ᠣᠯᠠᠨ ᠦᠨᠡᠮᠯᠡᠯ ᠢ | ᠨᠡᠶᠢᠯᠡᠭᠦᠯᠦᠨ ᠨᠢᠭᠡ ᠪᠣᠯᠭᠠᠵᠤ᠂ ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾ ᠶᠢᠨ ᠳᠠᠩᠰᠠᠯᠠᠨ ᠲᠡᠮᠲᠡᠭᠯᠡᠬᠦ | ᠳᠦᠷᠢᠮ ᠯᠦᠭᠡ ᠨᠢᠭᠡᠳᠬᠦ ᠦᠭᠡᠢ ᠠᠵᠢᠯ ᠤᠨ ᠴᠤᠪᠤᠷᠠᠯ᠂ ᠠᠵᠢᠯ ᠤᠨ ᠮᠠᠲ᠋ᠧᠷᠢᠶᠠᠯ ᠢ ᠴᠠᠭ ᠲᠣᠬᠠᠢ ᠳᠤᠨᠢ ᠵᠠᠰᠠᠵᠤ᠂ | ᠦᠪᠡᠷ ᠤᠨ ᠢᠶᠠᠨ ᠮᠡᠳᠡᠭᠡ ᠵᠠᠩᠬᠢᠵᠢᠯᠠᠬᠤ ᠪᠠᠶᠢᠭᠤᠯᠤᠯᠲᠠ ᠪᠠᠨ ᠴᠢᠩᠭᠠᠳᠬᠠᠨ᠂ ᠲᠤᠰ ᠰᠠᠯᠠᠭ᠎ᠠ ᠮᠦᠴᠢᠷ ᠤᠨ | ᠲᠣᠬᠠᠶᠢᠯᠠᠭᠰᠠᠨ ᠠᠵᠢᠯ ᠤᠨ ᠰᠢᠰᠲ᠋ᠧᠮ ᠢ ᠬᠠᠮᠲᠤᠪᠠᠷ ᠬᠦᠷᠲᠡᠬᠦ ᠲᠡᠪᠴᠡᠩ ᠯᠦᠭᠡ ᠵᠠᠪᠰᠠᠷ ᠦᠭᠡᠢ ᠵᠤᠯᠭᠠᠭᠤᠯᠬᠤ ᠶᠢ | ᠪᠡᠶᠡᠯᠡᠭᠦᠯᠵᠦ᠂ ᠬᠠᠮᠲᠤᠪᠠᠷ ᠬᠦᠷᠲᠡᠬᠦ ᠬᠡᠷᠡᠭᠯᠡᠭᠡᠨ ᠢ ᠭᠦᠨᠵᠡᠭᠡᠶᠢᠷᠡᠭᠦᠯᠬᠦ ᠬᠡᠷᠡᠭᠲᠡᠢ᠃ ︽ᠣᠯᠠᠨ ᠦᠨᠡᠮᠯᠡᠯ ᠢ | ᠨᠡᠶᠢᠯᠡᠭᠦᠯᠦᠨ ᠨᠢᠭᠡ ᠪᠣᠯᠭᠠᠵᠤ᠂ ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾ ᠶᠢᠨ ᠳᠠᠩᠰᠠᠯᠠᠨ ᠲᠡᠮᠲᠡᠭᠯᠡᠬᠦ | ᠳᠦᠷᠢᠮ ᠳᠤ ︽ᠨᠢᠭᠡ ᠢᠵᠢ ᠮᠠᠲ᠋ᠧᠷᠢᠶᠠᠯ᠂ ᠨᠢᠭᠡ ᠬᠦᠰᠦᠨᠦᠭᠲᠦ ᠳᠤ ᠳᠠᠩᠰᠠᠯᠠᠨ ᠲᠡᠮᠲᠡᠭᠯᠡᠵᠦ᠂ ᠨᠢᠭᠡ | ᠴᠤᠩᠬᠤᠪᠴᠢ ᠪᠠᠷ ᠬᠦᠯᠢᠶᠡᠨ ᠠᠪᠴᠤ ᠰᠢᠢᠳᠪᠦᠷᠢᠯᠡᠬᠦ᠂ ᠨᠢᠭᠡ ᠦᠨᠡᠮᠯᠡᠯ ᠢ ᠬᠠᠷᠭᠤᠭᠤᠯᠤᠨ ᠣᠯᠭᠤᠬᠤ᠂ ᠮᠡᠳᠡᠭᠡ | ᠵᠠᠩᠭᠢ ᠶᠢ ᠬᠠᠮᠲᠤᠪᠠᠷ ᠬᠦᠷᠲᠡᠬᠦ︾ ᠠᠵᠢᠯ ᠤᠨ ᠵᠠᠭᠪᠤᠷ ᠢ ᠬᠡᠷᠡᠭᠵᠢᠭᠦᠯᠵᠦ᠂ ᠭᠤᠶᠤᠴᠢᠯᠠᠭᠴᠢ ᠠᠴᠠ ᠵᠠᠬ᠎ᠠ | ᠳᠡᠯᠭᠡᠭᠦᠷ ᠤᠨ ᠭᠤᠣᠯ ᠴᠤᠭᠴᠠ ᠶᠢᠨ ᠳᠠᠩᠰᠠᠯᠠᠵᠤ ᠲᠡᠮᠲᠡᠭᠯᠡᠬᠦ ᠠᠵᠢᠯ ᠢ ᠭᠦᠢᠴᠡᠳᠭᠡᠬᠦ ᠳᠡᠭᠡᠨ ᠵᠦᠪᠬᠡᠨ ︽ᠨᠢᠭᠡ ᠯᠠ | ᠬᠤᠪᠢ ᠬᠦᠰᠦᠨᠦᠭᠲᠦ︾ ᠶᠢ ᠲᠠᠭᠯᠠᠨ᠂ ︽ᠨᠢᠭᠡ ᠴᠤᠩᠬᠤᠪᠴᠢ︾ ᠪᠠᠷ ︽ᠨᠢᠭᠡ ᠢᠵᠢ ᠮᠠᠲ᠋ᠧᠷᠢᠶᠠᠯ︾ ᠲᠤᠰᠢᠶᠠᠵᠦ᠂ | ᠠᠵᠤ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠠᠴᠠ | ᠨᠡᠶᠢᠭᠡᠮ ᠤᠨ ᠢᠲᠡᠭᠡᠮᠵᠢ ᠶᠢᠨ ᠨᠢᠭᠡᠲᠦᠯᠲᠡᠢ ᠣᠷᠤᠯᠠᠬᠤ ᠨᠣᠮᠧᠷ ᠨᠡᠮᠡᠭᠰᠡᠨ ᠡᠵᠡᠩᠨᠡᠯᠲᠡ ᠶᠢᠨ ᠦᠨᠡᠮᠯᠡᠯ ᠢ ᠰᠢᠭᠤᠳ | ᠬᠠᠷᠭᠤᠭᠤᠯᠤᠨ ᠣᠯᠭᠤᠵᠣ᠂ ᠵᠠᠬ᠎ᠠ ᠳᠡᠯᠭᠡᠭᠦᠷ ᠤᠨ ᠭᠤᠣᠯ ᠴᠤᠭᠴᠠ ᠨᠢ ᠡᠮᠬᠢᠯᠡᠨ ᠨᠡᠶᠢᠯᠡᠭᠦᠯᠦᠭᠳᠡᠭᠰᠡᠨ ᠪᠦᠷᠢᠳᠭᠡᠨ | ᠳᠠᠩᠰᠠᠯᠠᠵᠦ ᠲᠡᠮᠲᠡᠭᠯᠡᠬᠦ ᠵᠦᠢᠯᠡᠰ ᠢ ᠳᠠᠬᠢᠵᠤ ᠰᠢᠨ᠎ᠡ ᠪᠠᠷ ᠭᠦᠢᠴᠡᠳᠭᠡᠬᠦ ᠴᠢᠬᠤᠯᠠ ᠦᠭᠡᠢ᠃ | ᠲᠠᠪᠤ᠂ ᠠᠵᠢᠯ ᠤᠨ ᠵᠤᠯᠭᠠᠯᠲᠠ ᠶᠢ ᠰᠠᠶᠢᠲᠤᠷ ᠬᠢᠵᠦ᠂ ᠯᠠᠪᠳᠠᠭᠤᠨ ᠢᠶᠠᠷ ᠰᠢᠯᠵᠢᠬᠦ ᠶᠢ ᠦᠨᠡᠨᠬᠦ ᠪᠠᠲᠤᠯᠠᠬᠤ | ᠬᠡᠷᠡᠭᠲᠡᠢ | ᠨᠡᠶᠢᠭᠡᠮ ᠤᠨ ᠢᠲᠡᠭᠡᠮᠵᠢ ᠶᠢᠨ ᠨᠢᠭᠡᠲᠦᠯᠲᠡᠢ ᠣᠷᠤᠯᠠᠬᠤ ᠨᠣᠮᠧᠷ ᠨᠡᠮᠡᠭᠰᠡᠨ ᠡᠵᠡᠩᠨᠡᠯᠲᠡ ᠶᠢᠨ ᠦᠨᠡᠮᠯᠡᠯ ᠢ | ᠨᠢᠭᠡᠨᠲᠡ ᠭᠠᠷᠳᠠᠵᠤ ᠠᠪᠤᠭᠰᠠᠨ ᠵᠠᠬ᠎ᠠ ᠳᠡᠯᠭᠡᠭᠦᠷ ᠤᠨ ᠭᠤᠣᠯ ᠴᠤᠭᠴᠠ ︽ᠣᠯᠠᠨ ᠦᠨᠡᠮᠯᠡᠯ ᠢ ᠨᠡᠶᠢᠯᠡᠭᠦᠯᠦᠨ ᠨᠢᠭᠡ | ᠪᠣᠯᠭᠠᠵᠤ᠂ ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾ ᠡᠵᠡᠩᠨᠡᠯᠲᠡ ᠶᠢᠨ ᠦᠨᠡᠮᠯᠡᠯ ᠢ ᠳᠠᠬᠢᠵᠦ | ᠭᠦᠢᠴᠡᠳᠭᠡᠬᠦ ᠴᠢᠬᠤᠯᠠ ᠦᠭᠡᠢ᠃ ᠵᠠᠬ᠎ᠠ ᠳᠡᠯᠭᠡᠭᠦᠷ ᠤᠨ ᠭᠤᠣᠯ ᠴᠤᠭᠴᠠ ᠶᠢᠨ ᠣᠣᠯ ᠤᠨ ᠭᠡᠷᠡᠴᠢ ᠦᠨᠡᠮᠯᠡᠯ ᠤᠨ | ᠬᠦᠴᠦᠨ ᠲᠠᠢ ᠬᠤᠭᠤᠴᠠᠭ᠎ᠠ ᠨᠢ ᠳᠠᠭᠤᠰᠤᠭᠰᠠᠨ᠂ ᠬᠤᠪᠢᠷᠠᠭᠤᠯᠬᠤ ᠪᠠᠷ ᠳᠠᠩᠰᠠᠯᠠᠨ ᠲᠡᠮᠲᠡᠭᠯᠡᠬᠦ ᠪᠠᠷ | ᠭᠤᠶᠤᠴᠢᠯᠠᠭᠰᠠᠨ ᠪᠤᠶᠤ ᠡᠵᠡᠩᠨᠡᠯᠲᠡ ᠶᠢᠨ ᠦᠨᠡᠮᠯᠡᠯ ᠢ ᠰᠤᠯᠢᠬᠤ ᠪᠠᠷ ᠭᠤᠶᠤᠴᠢᠯᠠᠭᠰᠠᠨ ᠪᠠᠶᠢᠪᠠᠯ᠂ ᠳᠠᠩᠰᠠᠯᠠᠨ | ᠲᠡᠮᠲᠡᠭᠯᠡᠭᠦᠯᠬᠦ ᠪᠠᠶᠢᠭᠤᠯᠭ᠎ᠠ ᠠᠴᠠ ᠨᠡᠶᠢᠭᠡᠮ ᠤᠨ ᠢᠲᠡᠭᠡᠮᠵᠢ ᠶᠢᠨ ᠨᠢᠭᠡᠲᠦᠯᠲᠡᠢ ᠣᠷᠣᠯᠠᠬᠤ ᠨᠣᠮᠧᠷ ᠨᠡᠮᠡᠭᠰᠡᠨ | ᠡᠵᠡᠩᠨᠡᠯᠲᠡ ᠶᠢᠨ ᠦᠨᠡᠮᠯᠡᠯ ᠢ ᠰᠣᠯᠢᠵᠤ ᠣᠯᠭᠤᠬᠤ ᠬᠡᠷᠡᠭᠲᠡᠢ᠃ ᠵᠠᠬ᠎ᠠ ᠳᠡᠯᠭᠡᠭᠦᠷ ᠤᠨ ᠭᠤᠣᠯ ᠴᠤᠭᠴᠠ ᠠᠴᠠ ︽ | ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠵᠤ᠂ ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾ | ᠡᠵᠡᠩᠨᠡᠯᠲᠡ ᠶᠢᠨ ᠦᠨᠡᠮᠯᠡᠯ ᠢ ᠰᠣᠯᠢᠵᠤ ᠣᠯᠭᠤᠬᠤ ᠶᠢ ᠭᠤᠶᠤᠴᠢᠯᠠᠭᠰᠠᠨ ᠪᠠᠶᠢᠪᠠᠯ᠂ ᠣᠣᠯ ᠤᠨ ᠡᠮᠬᠢᠯᠡᠨ | ᠨᠡᠶᠢᠯᠡᠭᠦᠯᠦᠭᠳᠡᠭᠰᠡᠨ ᠪᠦᠷᠢᠳᠭᠡᠨ ᠳᠠᠩᠰᠠᠯᠠᠵᠤ ᠲᠡᠮᠲᠡᠭᠯᠡᠬᠦ ᠵᠦᠢᠯᠡᠰ ᠤᠨ ᠭᠡᠷᠡᠴᠢ᠂ ᠬᠦᠰᠦᠨᠦᠭᠲᠦ᠂ ᠪᠦᠷᠢᠳᠭᠡᠨ | ᠳᠠᠩᠰᠠᠯᠠᠬᠤ ᠪᠢᠴᠢᠭ ᠬᠠᠷ᠎ᠠ ᠵᠡᠷᠭᠡ ᠶᠢ ᠬᠤᠷᠢᠶᠠᠵᠤ ᠠᠪᠬᠤ ᠦᠭᠡᠢ᠃ ︽︿ᠲᠠᠪᠤᠨ ᠦᠨᠡᠮᠯᠡᠯ ᠢ ᠨᠡᠶᠢᠯᠡᠭᠦᠯᠦᠨ ᠨᠢᠭᠡ | ᠪᠣᠯᠭᠠᠬᠤ ᠶᠢᠨ ᠳᠠᠩᠰᠠᠯᠠᠨ ᠲᠡᠮᠲᠡᠭᠯᠡᠬᠦ ᠳᠦᠷᠢᠮ ᠤᠨ ᠦᠭᠡᠷᠡᠴᠢᠯᠡᠯᠲᠡ ᠶᠢ ᠲᠦᠷᠭᠡᠳᠭᠡᠨ ᠠᠬᠢᠭᠤᠯᠬᠤ ᠲᠣᠬᠠᠢ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠭᠢᠮ ᠤᠨ ᠮᠡᠳᠡᠭᠳᠡᠯ﹀ ᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠲᠣᠬᠠᠢ ᠠᠵᠤ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ | ᠶᠡᠷᠦᠩᠬᠡᠢ ᠲᠣᠪᠴᠢᠶ᠎ᠠ ᠵᠡᠷᠭᠡ ᠲᠠᠪᠤᠨ ᠰᠠᠯᠠᠭ᠎ᠠ ᠮᠦᠴᠢᠷ ᠤᠨ ᠮᠡᠳᠡᠭᠳᠡᠯ︾ ︵ᠠᠵᠤ ᠦᠢᠯᠡᠳᠪᠦᠷᠢ ᠬᠤᠳᠠᠯᠳᠤᠭ᠎ᠠ | ᠠᠵᠤ ᠠᠬᠤᠶᠢᠯᠠᠯ ᠳᠠᠩᠰᠠᠯᠠᠭᠰᠠᠨ ᠦᠰᠦᠭ ﹇2016﹈ 150 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠤᠰᠤᠭᠠᠷ᠂ | 2018 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠠᠵᠤ ᠠᠬᠤᠶᠢᠯᠠᠯ ︵ᠬᠤᠪᠢ ᠶᠢᠨ ᠠᠵᠤ | ᠦᠢᠯᠡᠳᠪᠦᠷᠢ ᠬᠤᠳᠠᠯᠳᠤᠭᠠᠨ ᠤ ᠡᠷᠦᠬᠡ ᠪᠠᠭᠲᠠᠬᠤ ᠦᠭᠡᠢ︶ ᠪᠠ ᠮᠠᠯᠴᠢᠨ ᠲᠠᠷᠢᠶᠠᠴᠢᠳ ᠤᠨ ᠲᠤᠰᠬᠠᠢ | ᠬᠤᠷᠰᠢᠶ᠎ᠠ ᠶᠢᠨ ᠨᠡᠶᠢᠭᠡᠮ ᠤᠨ ᠢᠲᠡᠭᠡᠮᠵᠢ ᠶᠢᠨ ᠨᠢᠭᠡᠲᠦᠯᠲᠡᠢ ᠣᠷᠤᠯᠠᠬᠤ ᠨᠣᠮᠧᠷ ᠢ ᠦᠯᠦ ᠨᠡᠮᠡᠭᠰᠡᠨ ᠡᠵᠡᠩᠨᠡᠯᠲᠡ ᠶᠢᠨ | ᠦᠨᠡᠮᠯᠡᠯ ᠨᠢ ᠬᠦᠴᠦᠨ ᠦᠭᠡᠢ ᠪᠣᠯᠣᠨ᠎ᠠ᠃ | ᠣᠳᠣᠬᠠᠨ ᠳᠤ᠂ ︽ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ︾ ᠦᠭᠡᠷᠡᠴᠢᠯᠡᠯᠲᠡ ᠶᠢ ᠨᠢᠭᠡᠨᠲᠡ | ᠲᠣᠷᠰᠢᠨ ᠬᠡᠷᠡᠭᠵᠢᠭᠦᠯᠦᠭᠰᠡᠨ ᠭᠠᠵᠠᠷ ᠣᠷᠣᠨ ᠨᠤᠭᠤᠳ ᠲᠤᠰ ᠮᠡᠳᠡᠭᠳᠡᠯ ᠤᠨ ᠱᠠᠭᠠᠷᠳᠠᠯᠭ᠎ᠠ ᠶᠢ ᠬᠢᠨᠠᠮᠠᠭᠠᠢ | ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠲᠤᠰ ᠭᠠᠵᠠᠷ ᠤᠨ ᠪᠣᠲᠠᠲᠠᠢ ᠲᠠᠢ ᠪᠠᠨ ᠤᠶᠠᠯᠳᠤᠭᠤᠯᠤᠨ᠂ ᠠᠵᠤ | ᠠᠬᠤᠶᠢᠯᠠᠯ ᠳᠤ ᠬᠤᠯᠪᠤᠭᠳᠠᠬᠤ ᠡᠮᠬᠢᠯᠡᠨ ᠨᠡᠶᠢᠯᠡᠭᠦᠯᠦᠭᠳᠡᠭᠰᠡᠨ ᠭᠡᠷᠡᠴᠢ ᠦᠨᠡᠮᠯᠡᠯ ᠤᠨ ᠵᠦᠢᠯᠡᠰ ᠲᠤ ᠬᠦᠳᠡᠯᠦᠩᠭᠦᠢ | ᠬᠠᠮᠢᠶᠠᠷᠤᠯᠲᠠ ᠶᠢ ᠬᠡᠷᠡᠭᠵᠢᠭᠦᠯᠵᠦ᠂ ︽ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠵᠤ᠂ ᠨᠢᠭᠡ ᠦᠨᠡᠮᠯᠡᠯ ᠳᠤ | ᠨᠢᠭᠡ ᠨᠣᠮᠧᠷ ᠲᠠᠢ ᠪᠠᠶᠢᠯᠭᠠᠬᠤ︾ ᠶᠢᠨ ᠳᠠᠩᠰᠠᠯᠠᠨ ᠲᠡᠮᠲᠡᠭᠯᠡᠬᠦ ᠳᠦᠷᠢᠮ ᠤᠨ ᠦᠭᠡᠷᠡᠴᠢᠯᠡᠯᠲᠡ ᠶᠢ ᠲᠠᠰᠤᠷᠠᠯᠲᠠ | ᠦᠭᠡᠢ ᠲᠡᠭᠦᠯᠳᠡᠷᠵᠢᠭᠦᠯᠬᠦ ᠬᠡᠷᠡᠭᠲᠡᠢ᠃ | ᠵᠢᠷᠭᠤᠭ᠎ᠠ᠂ ᠬᠠᠮᠲᠤᠷᠠᠨ ᠬᠠᠮᠵᠢᠯᠴᠠᠵᠤ᠂ ᠬᠡᠷᠡᠭᠯᠡᠭᠡᠨ ᠢ ᠴᠢᠩᠭᠠᠷᠠᠭᠤᠯᠬᠤ ᠬᠡᠷᠡᠭᠲᠡᠢ | ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠳ ︽ᠣᠯᠠᠨ ᠦᠨᠡᠮᠯᠡᠯ ᠢ ᠨᠡᠶᠢᠯᠡᠭᠦᠯᠦᠨ | ᠨᠢᠭᠡ ᠪᠣᠯᠭᠠᠵᠤ᠂ ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾ ᠡᠵᠡᠩᠨᠡᠯᠲᠡ ᠶᠢᠨ ᠦᠨᠡᠮᠯᠡᠯ ᠤᠨ ᠬᠠᠤᠯᠢ | ᠴᠠᠭᠠᠵᠠ ᠶᠢᠨ ᠬᠦᠴᠦᠨ ᠢ ᠮᠡᠳᠡᠷᠡᠵᠦ᠂ ︽ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠵᠤ᠂ ᠨᠢᠭᠡ ᠦᠨᠡᠮᠯᠡᠯ ᠳᠤ | ᠨᠢᠭᠡ ᠨᠣᠮᠧᠷ ᠲᠠᠢ ᠪᠠᠶᠢᠯᠭᠠᠬᠤ︾ ᠡᠵᠡᠩᠨᠡᠯᠲᠡ ᠶᠢᠨ ᠦᠨᠡᠮᠯᠡᠯ ᠢ ᠢᠳᠡᠪᠬᠢᠲᠡᠢ ᠳᠡᠯᠭᠡᠷᠡᠭᠦᠯᠵᠦ ᠬᠡᠷᠡᠭᠯᠡᠬᠦ ᠬᠡᠷᠡᠭᠲᠡᠢ᠃ | ᠵᠠᠬ᠎ᠠ ᠳᠡᠯᠭᠡᠭᠦᠷ ᠤᠨ ᠭᠤᠣᠯ ᠴᠤᠭᠴᠠ ᠬᠠᠮᠢᠶ᠎ᠠ ᠪᠦᠬᠦᠢ ᠵᠦᠢᠯᠡᠰ ᠢ ᠭᠦᠢᠴᠡᠳᠭᠡᠬᠦ ᠳᠡᠭᠡᠨ᠂ ᠠᠵᠤ ᠠᠬᠤᠶᠢᠯᠠᠯ ᠳᠤ | ᠬᠤᠯᠪᠣᠭᠳᠠᠬᠤ ᠡᠮᠬᠢᠯᠡᠨ ᠨᠡᠶᠢᠯᠡᠭᠦᠯᠦᠭᠳᠡᠭᠰᠡᠨ ᠭᠡᠷᠡᠴᠢ ᠦᠨᠡᠮᠯᠡᠯ ᠤᠨ ᠵᠦᠢᠯᠡᠰ ᠵᠡᠷᠭᠡ ᠳᠠᠩᠰᠠᠯᠠᠨ ᠲᠡᠮᠲᠡᠭᠯᠡᠬᠦ | ᠴᠢᠬᠤᠯᠠ ᠮᠠᠲ᠋ᠧᠷᠢᠶᠠᠯ ᠢ ᠳᠠᠬᠢᠵᠤ ᠲᠤᠰᠢᠶᠠᠬᠤ ᠴᠢᠬᠤᠯᠠ ᠦᠭᠡᠢ᠂ ᠨᠡᠶᠢᠭᠡᠮ ᠤᠨ ᠢᠲᠡᠭᠡᠮᠵᠢ ᠶᠢᠨ ᠨᠢᠭᠡᠲᠦᠯᠲᠡᠢ | ᠣᠷᠤᠯᠠᠬᠤ ᠨᠣᠮᠧᠷ ᠨᠡᠮᠡᠭᠰᠡᠨ ︽ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠵᠤ᠂ ᠨᠢᠭᠡ ᠦᠨᠡᠮᠯᠡᠯ ᠳᠤ ᠨᠢᠭᠡ | ᠨᠣᠮᠧᠷ ᠲᠠᠢ ᠪᠠᠶᠢᠯᠭᠠᠬᠤ︾ ᠡᠵᠡᠩᠨᠡᠯᠲᠡ ᠶᠢᠨ ᠦᠨᠡᠮᠯᠡᠯ ᠢ ᠦᠨᠳᠦᠰᠦᠯᠡᠨ ᠬᠠᠮᠢᠶ᠎ᠠ ᠪᠦᠬᠦᠢ ᠵᠦᠢᠯᠡᠰ ᠢ ᠭᠦᠢᠴᠡᠳᠭᠡᠵᠦ | ᠪᠣᠯᠣᠨ᠎ᠠ᠂ ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠶᠠᠮᠠᠷᠪᠠ ᠰᠢᠯᠲᠠᠭᠠᠨ ᠢᠶᠠᠷ | ᠭᠦᠢᠴᠡᠳᠭᠡᠬᠦ ᠶᠢ ᠲᠡᠪᠴᠢᠵᠦ ᠪᠣᠯᠬᠤ ᠦᠭᠡᠢ᠃ | ᠳᠤᠯᠤᠭ᠎ᠠ᠂ ᠪᠣᠯᠪᠠᠰᠤᠷᠠᠭᠤᠯᠤᠯ ᠢ ᠴᠢᠩᠭᠠᠳᠬᠠᠵᠤ᠂ ᠥᠷᠭᠡᠨ ᠢᠶᠠᠷ ᠤᠬᠠᠭᠤᠯᠬᠤ ᠬᠡᠷᠡᠭᠲᠡᠢ | ᠣᠯᠠᠨ ᠵᠦᠢᠯ ᠤᠨ ᠶᠠᠪᠤᠭᠳᠠᠭᠤᠰᠢᠲᠠᠢ ᠪᠦᠲᠦᠮᠵᠢᠲᠡᠢ ᠠᠷᠭ᠎ᠠ ᠬᠡᠮᠵᠢᠶ᠎ᠠ ᠠᠪᠴᠤ ᠪᠠᠶᠢᠭᠠᠳ᠂ ᠬᠠᠮᠢᠶ᠎ᠠ ᠪᠦᠬᠦᠢ | ᠲᠣᠭᠲᠠᠭᠠᠯ ᠪᠠ ᠠᠵᠢᠯ ᠤᠨ ᠱᠠᠭᠠᠷᠳᠠᠯᠭ᠎ᠠ ᠪᠠᠷ ᠭᠤᠣᠯᠳᠠᠯᠭ᠎ᠠ ᠪᠣᠯᠭᠠᠵᠤ᠂ ᠠᠵᠢᠯᠲᠠᠳ ᠤᠨ ᠪᠣᠯᠪᠠᠰᠤᠷᠠᠭᠤᠯᠤᠯ ᠢ | ᠴᠢᠩᠭᠠᠷᠠᠭᠤᠯᠤᠨ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠦᠭᠡᠷᠡᠴᠢᠯᠡᠯᠲᠡ ᠶᠢᠨ ᠠᠷᠭ᠎ᠠ | ᠬᠡᠮᠵᠢᠶ᠎ᠠ ᠪᠠᠷ ᠵᠠᠬ᠎ᠠ ᠳᠡᠯᠭᠡᠭᠦᠷ ᠤᠨ ᠭᠤᠣᠯ ᠴᠤᠭᠴᠠ ᠳᠤ ᠦᠨᠡᠨᠬᠦ ᠠᠰᠢᠭ ᠲᠤᠰᠠ ᠬᠦᠷᠲᠡᠭᠡᠭᠰᠡᠨ ᠪᠠᠶᠢᠬᠤ ᠬᠡᠷᠡᠭᠲᠡᠢ᠃ | ᠰᠣᠨᠢᠨ ᠮᠡᠳᠡᠭᠡᠨ ᠤ ᠵᠠᠭᠤᠴᠢᠯᠠᠭᠤᠷ ᠢ ᠠᠰᠢᠭᠯᠠᠨ᠂ ︽ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠵᠤ᠂ ᠨᠢᠭᠡ | ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾ ᠶᠢᠨ ᠦᠭᠡᠷᠡᠴᠢᠯᠡᠯᠲᠡ ᠶᠢ ᠤᠬᠠᠭᠤᠯᠤᠨ ᠣᠶᠢᠯᠠᠭᠠᠭᠤᠯᠵᠤ᠂ | ᠵᠠᠰᠠᠭ ᠤᠨ ᠣᠷᠳᠣᠨ ᠤ ᠰᠠᠯᠠᠭ᠎ᠠ ᠮᠦᠴᠢᠷ ᠤᠨ ᠠᠵᠢᠯ ᠭᠦᠢᠴᠡᠳᠭᠡᠬᠦ ᠴᠤᠩᠬᠤᠪᠴᠢ ᠪᠠ ᠰᠦᠯᠵᠢᠶ᠎ᠡ ᠵᠡᠷᠭᠡ ᠣᠯᠠᠨ | ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ ᠠᠵᠤ ᠠᠬᠤᠶᠢᠯᠠᠯ ᠪᠠ ᠣᠯᠠᠨ ᠲᠦᠮᠡᠨ ᠤ ᠠᠰᠠᠭᠤᠨ ᠯᠠᠪᠯᠠᠬᠤ ᠳᠤ | ᠬᠠᠷᠢᠭᠤᠯᠲᠠ ᠥᠭᠴᠦ᠂ ᠨᠡᠶᠢᠭᠡᠮ ᠤᠨ ᠰᠠᠨᠠᠭᠠᠰᠢᠷᠠᠯ ᠳᠤ ᠴᠠᠭ ᠲᠣᠬᠠᠢ ᠳᠤᠨᠢ ᠲᠤᠰᠬᠠᠯ ᠥᠭᠴᠦ᠂ ᠨᠡᠶᠢᠭᠡᠮ ᠤᠨ | ᠡᠯ᠎ᠡ ᠡᠲᠡᠭᠡᠳ ᠤᠨ ᠬᠢᠨ ᠳᠤ ᠦᠭᠡᠷᠡᠴᠢᠯᠡᠯᠲᠡ ᠶᠢ ᠮᠡᠳᠡᠭᠦᠯᠵᠦ᠂ ᠦᠭᠡᠷᠡᠴᠢᠯᠡᠯᠲᠡ ᠶᠢ ᠣᠶᠢᠯᠠᠭᠠᠭᠤᠯᠵᠤ᠂ | ᠦᠭᠡᠷᠡᠴᠢᠯᠡᠯᠲᠡ ᠶᠢ ᠳᠡᠮᠵᠢᠭᠦᠯᠦᠨ᠂ ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠬᠤ | ᠬᠡᠷᠡᠭᠲᠡᠢ᠃ | ᠨᠠᠢᠮᠠ᠂ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠵᠤ᠂ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ | ᠬᠡᠷᠡᠭᠲᠡᠢ | ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠲᠡᠷᠢᠭᠦᠨ ᠤ ᠬᠢ ᠶᠢ ᠵᠣᠷᠢᠬᠵᠢᠭᠤᠯᠵᠤ᠂ | ᠬᠤᠴᠤᠷᠤᠩᠭᠤᠢ ᠶᠢ ᠨᠢ ᠰᠢᠪᠠᠳᠠᠭᠤᠯᠬᠤ ᠶᠢ ᠪᠠᠷᠢᠮᠲᠠᠯᠠᠵᠤ᠂ ︽ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠵᠤ᠂ | ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾ ᠶᠢᠨ ᠳᠠᠩᠰᠠᠯᠠᠨ ᠲᠡᠮᠲᠡᠭᠯᠡᠬᠦ ᠳᠦᠷᠢᠮ ᠤᠨ | ᠦᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠰᠢᠮᠳᠠᠭᠤᠯᠤᠨ ᠪᠠᠶᠢᠴᠠᠭᠠᠬᠤ | ᠠᠵᠢᠯ ᠢ ᠴᠠᠭ ᠲᠤᠨᠢ ᠲᠣᠬᠢᠷᠠᠭᠤᠯᠤᠨ ᠦᠷᠨᠢᠭᠦᠯᠵᠦ᠂ ᠪᠦᠲᠦᠮᠵᠢᠲᠡᠢ ᠤᠷᠮᠠᠰᠢᠭᠤᠯᠬᠤ ᠲᠣᠭᠲᠠᠴᠠ ᠪᠠ ᠪᠤᠷᠤᠭᠤ ᠶᠢ | ᠠᠭᠤᠴᠢᠯᠠᠬᠤ ᠵᠠᠯᠠᠷᠠᠭᠤᠯᠬᠤ ᠲᠣᠭᠲᠠᠴᠠ ᠶᠢ ᠪᠣᠢ ᠪᠣᠯᠭᠠᠨ᠂ ᠦᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ ᠪᠣᠲᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ | ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠦᠭᠡᠷᠡᠴᠢᠯᠡᠯᠲᠡ ᠶᠢᠨ ᠳᠤᠮᠳᠠ | ᠲᠣᠷᠰᠢᠯᠭ᠎ᠠ ᠪᠠᠨ ᠳ᠋ᠦᠩᠨᠡᠬᠦ ᠶᠢ ᠠᠩᠬᠠᠷᠴᠤ᠂ ᠠᠵᠢᠯ ᠤᠨ ᠳᠤᠮᠳᠠ ᠠᠰᠠᠭᠤᠳᠠᠯ ᠲᠤᠯᠭᠠᠷᠠᠪᠠᠯ᠂ ᠴᠠᠭ ᠲᠣᠬᠠᠢ ᠳᠤᠨᠢ | ᠦᠪᠡᠷᠲᠡᠭᠡᠨ ᠵᠠᠰᠠᠬᠤ ᠣᠷᠣᠨ ᠤ ︽ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠵᠤ᠂ ᠨᠢᠭᠡ ᠦᠨᠡᠮᠯᠡᠯ ᠳᠤ ᠨᠢᠭᠡ | ᠨᠣᠮᠧᠷ ᠲᠠᠢ ᠪᠠᠶᠢᠯᠭᠠᠬᠤ︾ ᠶᠢᠨ ᠳᠠᠩᠰᠠᠯᠠᠨ ᠲᠡᠮᠲᠡᠭᠯᠡᠬᠦ ᠳᠦᠷᠢᠮ ᠤᠨ ᠦᠭᠡᠷᠡᠴᠢᠯᠡᠯᠲᠡ ᠶᠢᠨ ᠤᠳᠤᠷᠢᠳᠬᠤ | ᠳᠤᠭᠤᠶᠢᠯᠠᠩ ᠤᠨ ᠠᠯᠪᠠᠨ ᠭᠡᠷ ᠲᠤ ᠬᠠᠷᠢᠭᠤ ᠲᠤᠰᠬᠠᠬᠤ ᠬᠡᠷᠡᠭᠲᠡᠢ᠃ | ᠳᠠᠭᠠᠯᠳᠤᠭᠤᠯᠤᠯ᠄ | 1. ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ︽ᠣᠯᠠᠨ ᠦᠨᠡᠮᠯᠡᠯ ᠢ ᠨᠡᠶᠢᠯᠡᠭᠦᠯᠦᠨ ᠨᠢᠭᠡ | ᠪᠣᠯᠭᠠᠵᠤ᠂ ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾ ᠦᠭᠡᠷᠡᠴᠢᠯᠡᠯᠲᠡ ᠶᠢᠨ ᠠᠵᠤ ᠠᠬᠤᠶᠢᠯᠠᠯ ᠳᠤ | ᠬᠤᠯᠪᠤᠭᠳᠠᠭᠰᠠᠨ ᠡᠮᠬᠢᠯᠡᠨ ᠨᠡᠶᠢᠯᠡᠭᠦᠯᠬᠦ ᠭᠡᠷᠡᠴᠢ ᠦᠨᠡᠮᠯᠡᠯ ᠤᠨ ᠵᠦᠢᠯᠡᠰ ᠤᠨ ᠭᠠᠷᠴᠠᠭ ︵ᠨᠢᠭᠡᠳᠦᠭᠡᠷ ᠪᠦᠯᠦᠭ︶ | 2. ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ︽ᠣᠯᠠᠨ ᠦᠨᠡᠮᠯᠡᠯ ᠢ ᠨᠡᠶᠢᠯᠡᠭᠦᠯᠦᠨ ᠨᠢᠭᠡ | ᠪᠣᠯᠭᠠᠵᠤ᠂ ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾ ᠦᠭᠡᠷᠡᠴᠢᠯᠡᠯᠲᠡ ᠳᠠᠬᠢ ᠰᠠᠯᠠᠭ᠎ᠠ | ᠮᠦᠴᠢᠷ ᠤᠳ ᠤᠨ ᠬᠤᠭᠤᠷᠤᠨᠳᠤ ᠬᠠᠮᠲᠤᠪᠠᠷ ᠬᠦᠷᠲᠡᠬᠦ ᠲᠤᠭ᠎ᠠ ᠪᠠᠷᠢᠮᠲᠠ ᠶᠢᠨ ᠲᠦᠷᠦᠯ ᠵᠦᠢᠯ ᠤᠨ ᠬᠦᠰᠦᠨᠦᠭᠲᠦ | 3. ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ︽ᠣᠯᠠᠨ ᠦᠨᠡᠮᠯᠡᠯ ᠢ ᠨᠡᠶᠢᠯᠡᠭᠦᠯᠦᠨ ᠨᠢᠭᠡ | ᠪᠣᠯᠭᠠᠵᠤ᠂ ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾ ᠦᠭᠡᠷᠡᠴᠢᠯᠡᠯᠲᠡ ᠶᠢᠨ ᠠᠵᠢᠯ ᠤᠨ ᠴᠤᠪᠤᠷᠠᠯ | ᠵᠢᠷᠤᠭ | | ᠳᠠᠭᠠᠯᠳᠤᠭᠤᠯᠤᠯ 1 | ᠬᠦᠰᠦᠨᠦᠭᠲᠦ 1 | ᠬᠦᠰᠦᠨᠦᠭᠲᠦ 2 | | ᠳᠠᠭᠠᠯᠳᠤᠭᠤᠯᠤᠯ 2 | ᠬᠦᠰᠦᠨᠦᠭᠲᠦ | | ᠳᠠᠭᠠᠯᠳᠤᠭᠤᠯᠤᠯ 3 | ᠬᠦᠰᠦᠨᠦᠭᠲᠦ |