ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ | ᠢᠯᠠᠯᠳᠠ ᠶᠢ ᠲᠡᠮᠡᠴᠡᠨ ᠤᠯᠬᠤ ᠠᠶᠠᠨ ᠵᠠᠮ ᠢᠶᠠᠷ ᠡᠷᠡᠯᠬᠡᠭᠯᠡᠨ ᠤᠷᠤᠭᠰᠢᠯᠠᠬᠤ ᠳᠠᠭᠠᠨ᠂ ᠠᠷᠠᠳ ᠤᠨ ᠤᠯᠤᠰ | ᠲᠦᠷᠦ ᠶᠢᠨ ᠵᠦᠪᠯᠡᠯᠭᠡᠨ ᠪᠠᠰᠠ ᠨᠢᠭᠡᠨ ᠤᠳᠠᠭ᠎ᠠ ᠶᠢᠨ ᠰᠢᠨ᠎ᠠ ᠬᠠᠭᠤᠴᠢᠨ ᠤ ᠰᠤᠯᠢᠭᠳᠠᠯ ᠢᠶᠠᠨ ᠤᠷᠤᠬᠰᠢᠲᠠᠢ | ᠪᠡᠶᠡᠯᠡᠭᠦᠯᠦᠯ᠎ᠡ᠃ ᠨᠠᠮ ᠤᠨ ᠲᠦᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶ᠎ᠠ ᠶᠢᠨ ᠪᠠᠶᠢᠩᠭᠤ ᠶᠢᠨ ᠭᠡᠰᠢᠭᠦᠨ | ᠸᠠᠩ ᠶᠠᠩ 14 ᠤ ᠡᠳᠦᠷ ᠤᠨ ᠦᠳᠡ ᠶᠢᠨ ᠬᠤᠶᠢᠨ᠎ᠠ ᠬᠤᠷᠠᠯᠳᠤᠭᠰᠠᠨ ᠪᠦᠬᠦ ᠤᠯᠤᠰ ᠤᠨ ᠤᠯᠤᠰ ᠲᠦᠷᠦ ᠶᠢᠨ | ᠵᠦᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯ ᠤᠨ ᠳᠦᠷᠪᠠᠳᠤᠭᠡᠷ ᠤᠳᠠᠭ᠎ᠠ ᠶᠢᠨ | ᠪᠦᠭᠦᠳᠡ ᠬᠤᠷᠠᠯ ᠳᠡᠭᠡᠷ᠎ᠠ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠪᠠᠷ | ᠰᠤᠩᠭᠤᠭᠳᠠᠵᠠᠢ᠃ ᠡᠭᠦᠨ ᠤ ᠬᠠᠮᠳᠤ ᠬᠤᠷᠠᠯ ᠠᠴᠠ 24 ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ | ᠳᠡᠳ᠋ ᠲᠡᠷᠢᠭᠦᠯᠡᠭᠴᠢ ᠶᠢ ᠰᠤᠩᠭᠤᠨ ᠭᠠᠷᠭᠠᠪᠠ᠃ | ᠰᠤᠩᠭᠤᠭᠤᠯᠢ ᠶᠢᠨ ᠦᠷ᠎ᠠ ᠳ᠋ᠦᠩ ᠢ ᠵᠠᠷᠯᠠᠨ ᠤᠩᠰᠢᠬᠤ ᠠᠴᠠ ᠡᠮᠦᠨ᠎ᠠ᠂ ᠠᠷᠪᠠᠨ ᠬᠤᠶᠠᠳᠤᠭᠠᠷ | ᠬᠤᠭᠤᠴᠠᠭᠠᠨ ᠤ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠢᠤᠢ ᠵᠧᠩ ᠱᠧᠩ ᠶᠡᠭᠡ | ᠬᠤᠷᠠᠯ ᠤᠨ ᠲᠠᠯᠠᠪᠠᠢ ᠳᠤ ᠢᠷᠡᠵᠤ᠂ ᠤᠳᠠᠯ ᠦᠭᠡᠢ ᠪᠤᠢ ᠪᠤᠯᠬᠤ ᠪᠠᠷ ᠪᠠᠶᠢᠭ᠎ᠠ ᠰᠢᠨ᠎ᠠ ᠨᠢᠭᠡᠨ ᠬᠤᠭᠤᠴᠠᠭᠠᠨ ᠤ | ᠤᠯᠤᠰ ᠲᠦᠷᠦ ᠶᠢᠨ ᠵᠦᠪᠯᠡᠯᠭᠡᠨ ᠤ ᠪᠦᠬᠦ ᠤᠯᠤᠰ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠳᠤ ᠪᠠᠶᠠᠷ ᠬᠦᠷᠭᠡᠪᠡ᠃ | 17 ᠴᠠᠭ 15 ᠮᠢᠨᠦ᠋ᠲ ᠲᠤ᠂ ᠬᠤᠷᠠᠯ ᠡᠷᠬᠢᠯᠡᠭᠴᠢ ᠠᠴᠠ ᠸᠠᠩ ᠶᠠᠩ ᠤᠯᠤᠰ ᠲᠦᠷᠦ ᠶᠢᠨ ᠵᠦᠪᠯᠡᠯᠭᠡᠨ ᠤ | ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠬᠤᠷᠢᠶ᠎ᠠ ᠶᠢᠨ ᠲᠡᠷᠢᠭᠦᠯᠡᠭᠴᠢ ᠪᠠᠷ ᠰᠤᠩᠭᠤᠭᠳᠠᠭᠰᠠᠨ ᠢ | ᠨᠡᠶᠢᠳᠡᠯᠡᠭᠰᠡᠨ ᠤ ᠳᠠᠷᠠᠭ᠎ᠠ᠂ ᠢᠤᠢ ᠵᠧᠩ ᠱᠧᠩ ᠸᠠᠩ ᠶᠠᠩ ᠯᠤᠭ᠎ᠠ ᠳᠤᠳᠤᠨᠤᠰᠤᠭ ᠢᠶᠠᠷ ᠭᠠᠷ ᠠᠳᠬᠤᠵᠤ᠂ ᠠᠬᠤᠢ | ᠲᠠᠯᠠᠪᠠᠢ ᠳᠤ ᠠᠯᠠᠭ᠎ᠠ ᠲᠠᠰᠢᠯᠳᠠ ᠶᠢᠨ ᠳᠠᠭᠤᠨ ᠤᠳᠠᠳᠠᠯ᠎ᠠ ᠨᠢᠵᠢᠭᠢᠨᠡᠪᠡ᠃ | ᠬᠤᠷᠠᠯ ᠠᠴᠠ ᠰᠤᠩᠭᠤᠨ ᠭᠠᠷᠭᠠᠭᠰᠠᠨ ᠤᠯᠤᠰ ᠲᠦᠷᠦ ᠶᠢᠨ ᠵᠦᠪᠯᠡᠯᠭᠡᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠪᠦᠬᠦ ᠤᠯᠤᠰ ᠤᠨ ᠬᠤᠷᠢᠶ᠎ᠠ ᠶᠢᠨ ᠳᠡᠳ᠋ ᠲᠡᠷᠢᠭᠦᠯᠡᠭᠴᠢᠳ ᠪᠤᠯ᠄ ᠵᠠᠩ ᠴᠢᠩ ᠯᠢ᠂ ᠯᠢᠦ ᠴᠢ ᠪᠤᠤ᠂ | ᠫᠠᠪᠠᠯᠠ · ᠭᠧᠯᠧᠭᠨᠠᠮᠵᠢᠯ᠂ ᠳ᠋ᠦᠩ ᠵᠢᠶᠠᠨ ᠬᠤᠸᠠ᠂ ᠸᠠᠨ ᠭᠠᠩ᠂ ᠾᠧ ᠾᠸᠤ ᠬᠤᠸᠠ᠂ ᠯᠦ ᠵᠠᠨ ᠭᠦᠩ᠂ ᠸᠠᠩ | ᠵᠧᠩ ᠸᠧᠢ᠂ ᠮᠠ ᠪᠢᠶᠤᠤ᠂ ᠴᠧᠨ ᠰᠢᠶᠤᠤ ᠭᠤᠸᠠᠩ᠂ ᠯᠢᠶᠠᠩ ᠵᠧᠨ ᠶᠢᠩ᠂ ᠰᠢᠶᠠ ᠪᠤᠤ ᠯᠦᠩ᠂ ᠶᠠᠩ ᠴᠤᠸᠠᠨ | ᠲᠠᠩ᠂ ᠯᠢ ᠪᠢᠨ᠂ ᠪᠠᠭᠠᠳᠤᠷ᠂ ᠸᠠᠩ ᠶᠦᠩ ᠴᠢᠩ᠂ ᠾᠧ ᠯᠢ ᠹᠧᠩ᠂ ᠰᠦ᠋ ᠬᠤᠢ᠂ ᠵᠧᠩ ᠵᠢᠶᠠᠨ ᠪᠠᠩ᠂ ᠭᠦ᠋ | ᠱᠧᠩ ᠽᠦ᠂ ᠯᠢᠦ ᠰᠢᠨ ᠴᠧᠩ᠂ ᠾᠧ ᠸᠧᠢ᠂ ᠱᠤᠤ ᠬᠤᠩ᠂ ᠭᠤᠤ ᠶᠦᠨ ᠯᠦᠩ᠃ | ᠬᠤᠷᠠᠯ ᠠᠴᠠ ᠰᠢᠶᠠ ᠪᠤᠤ ᠯᠦᠩ ᠢ ᠤᠯᠤᠰ ᠲᠦᠷᠦ ᠶᠢᠨ ᠵᠦᠪᠯᠡᠯᠭᠡᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠪᠦᠬᠦ ᠤᠯᠤᠰ ᠤᠨ ᠬᠤᠷᠢᠶ᠎ᠠ ᠶᠢᠨ ᠨᠠᠷᠢᠨ ᠪᠢᠴᠢᠭ ᠤᠨ ᠳᠠᠷᠤᠭ᠎ᠠ ᠪᠠᠷ ᠰᠤᠩᠭᠤᠭᠰᠠᠨ ᠪᠦᠭᠡᠳ | ᠤᠯᠤᠰ ᠲᠦᠷᠦ ᠶᠢᠨ ᠵᠦᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠬᠤᠷᠢᠶ᠎ᠠ ᠶᠢᠨ | 300 ᠪᠠᠶᠢᠩᠭᠤ ᠶᠢᠨ ᠭᠡᠰᠢᠭᠦᠨ ᠢ ᠰᠤᠩᠭᠤᠨ ᠭᠠᠷᠭᠠᠵᠠᠢ᠃ | ᠬᠤᠷᠠᠯ 15 ᠴᠠᠭ ᠤᠨ ᠦᠶ᠎ᠠ ᠪᠠᠷ ᠠᠷᠠᠳ ᠤᠨ ᠶᠡᠭᠡ ᠬᠤᠷᠠᠯ ᠤᠨ ᠲᠠᠩᠭᠢᠮ ᠳᠤ ᠡᠬᠢᠯᠡᠪᠡ᠃ ᠶᠡᠭᠡ ᠬᠤᠷᠠᠯ | ᠤᠨ ᠭᠦᠢᠴᠡᠳᠭᠡᠭᠴᠢ ᠲᠡᠷᠢᠭᠦᠯᠡᠭᠴᠢ ᠪᠤᠯ ᠵᠠᠩ ᠴᠢᠩ ᠯᠢ᠂ ᠳ᠋ᠦᠩ ᠵᠢᠶᠠᠨ ᠬᠤᠸᠠ᠂ ᠾᠧ ᠾᠸᠤ ᠬᠤᠸᠠ᠂ ᠯᠢᠶᠠᠩ | ᠵᠧᠨ ᠶᠢᠩ ᠪᠤᠯᠤᠨ᠎ᠠ᠂ ᠵᠠᠩ ᠴᠢᠩ ᠯᠢ ᠬᠤᠷᠠᠯ ᠢ ᠡᠷᠬᠢᠯᠡᠪᠡ᠃ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ | ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠭᠡᠰᠢᠭᠦᠨ ᠨᠡᠶᠢᠳᠡ 2158 ᠬᠦᠮᠦᠨ᠂ ᠡᠨᠡ ᠡᠳᠦᠷ ᠪᠤᠳᠠᠳᠠᠢ | ᠬᠦᠷᠦᠯᠴᠡᠨ ᠢᠷᠡᠭᠰᠡᠨ ᠨᠢ 2144 ᠬᠦᠮᠦᠨ ᠪᠠᠶᠢᠵᠤ᠂ ᠰᠤᠩᠭᠤᠭᠤᠯᠢ ᠶᠢᠨ ᠲᠤᠭᠳᠠᠭᠠᠭᠰᠠᠨ ᠬᠦᠮᠦᠨ ᠤ | ᠲᠤᠭ᠎ᠠ ᠲᠠᠢ ᠨᠡᠶᠢᠴᠡᠵᠤ ᠪᠠᠶᠢᠨ᠎ᠠ᠃ | ᠰᠤᠩᠭᠤᠭᠤᠯᠢ ᠡᠬᠢᠯᠡᠬᠦ ᠠᠴᠠ ᠡᠮᠦᠨ᠎ᠠ᠂ ᠬᠤᠷᠠᠯ ᠡᠷᠬᠢᠯᠡᠭᠴᠢ ᠠᠴᠠ ᠡᠩ ᠲᠡᠷᠢᠭᠦᠨ ᠳᠤ ᠠᠵᠢᠯᠳᠠᠨ ᠢ | ᠤᠷᠢᠵᠤ ᠶᠡᠷᠦᠩᠬᠡᠢ ᠪᠢᠯᠧᠲ ᠬᠢᠨᠠᠭᠴᠢ᠂ ᠪᠢᠯᠧᠲ ᠬᠢᠨᠠᠭᠴᠢ ᠶᠢᠨ ᠨᠡᠷᠡᠰ ᠢ ᠵᠠᠷᠯᠠᠨ ᠤᠡᠭᠰᠢᠭᠤᠯᠪᠠ᠃ ᠶᠡᠷᠦᠩᠬᠡᠢ | ᠪᠢᠯᠧᠲ ᠬᠢᠨᠠᠭᠴᠢ᠂ ᠪᠢᠯᠧᠲ ᠬᠢᠨᠠᠭᠴᠢ ᠳᠠᠷᠤᠶᠢᠬᠠᠨ ᠠᠵᠢᠯ ᠤᠨ ᠪᠠᠶᠢᠷᠢ ᠳᠠᠭᠠᠨ ᠬᠦᠷᠴᠦ᠂ ᠪᠢᠯᠧᠲ ᠬᠢᠨᠠᠭᠴᠢ ᠠᠴᠠ | ᠪᠦᠬᠦ ᠲᠠᠯᠠᠪᠠᠢ ᠶᠢᠨ 23 ᠪᠢᠯᠧᠲ ᠤᠨ ᠬᠠᠶᠢᠷᠴᠠᠭ ᠢ ᠪᠠᠶᠢᠴᠠᠭᠠᠪᠠ᠃ ᠬᠤᠶᠠᠷ ᠶᠡᠷᠦᠩᠬᠡᠢ ᠪᠢᠯᠧᠲ ᠬᠢᠨᠠᠭᠴᠢ ᠠᠴᠠ | ᠬᠤᠷᠠᠯ ᠳᠤ ᠪᠠᠶᠢᠴᠠᠭᠠᠯᠳᠠ ᠶᠢᠨ ᠦᠷ᠎ᠡ ᠳ᠋ᠦᠩ ᠢ ᠮᠡᠳᠡᠭᠦᠯᠪᠡ᠃ | ᠲᠠᠷᠠᠭ᠎ᠠ ᠨᠢ ᠠᠵᠢᠯᠲᠠᠳ ᠠᠴᠠ ᠰᠤᠩᠭᠤᠭᠤᠯᠢ ᠶᠢᠨ ᠪᠢᠯᠧᠲ ᠲᠦᠭᠡᠭᠡᠵᠤ ᠡᠬᠢᠯᠡᠪᠡ᠃ ᠰᠤᠩᠭᠤᠭᠤᠯᠢ ᠶᠢᠨ | ᠪᠢᠯᠧᠲ ᠨᠢ ᠬᠤᠶᠠᠷ ᠬᠠᠭᠤᠳᠠᠰᠤ ᠲᠠᠢ᠂ ᠲᠤᠰᠪᠤᠷᠢ ᠲᠡᠷᠢᠭᠦᠯᠡᠭᠴᠢ᠂ ᠲᠡᠳ᠋ ᠲᠡᠷᠢᠭᠦᠯᠡᠭᠴᠢ᠂ ᠨᠠᠷᠢᠨ ᠪᠢᠴᠢᠭ ᠤᠨ | ᠲᠠᠷᠤᠭ᠎ᠠ ᠶᠢ ᠰᠤᠩᠭᠤᠬᠤ ᠰᠤᠩᠭᠤᠭᠤᠯᠢ ᠶᠢᠨ ᠪᠢᠯᠧᠲ ᠪᠤᠯᠤᠨ ᠪᠠᠶᠢᠡᠭᠭᠤ ᠶᠢᠨ ᠭᠡᠰᠢᠭᠦᠨ ᠢ ᠰᠤᠩᠭᠤᠬᠤ ᠪᠢᠯᠧᠲ | ᠪᠤᠯᠤᠨ᠎ᠡ᠃ | ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ | ᠠᠩᠬᠠᠳᠤᠭᠠᠷ ᠬᠤᠷᠠᠯ ᠤᠨ ᠰᠤᠩᠭᠤᠭᠤᠯᠢ ᠶᠢᠨ ᠠᠷᠭ᠎ᠠ ᠶᠢ ᠦᠨᠳᠦᠰᠦᠯᠡᠵᠤ᠂ ᠶᠡᠭᠡ ᠬᠤᠷᠠᠯ ᠤᠨ ᠰᠤᠩᠭᠤᠭᠤᠯᠢ ᠨᠢ | ᠨᠡᠷ᠎ᠠ ᠲᠡᠮᠳᠡᠭᠯᠡᠬᠦ ᠦᠭᠡᠢ ᠪᠠᠷ ᠪᠢᠯᠧᠲ ᠦᠭᠬᠦ ᠠᠷᠭ᠎ᠠ ᠶᠢ ᠭᠡᠷᠡᠭᠯᠡᠪᠠ᠃ ᠲᠡᠷᠢᠭᠦᠯᠡᠭᠴᠢ᠂ ᠲᠡᠳ᠋ ᠲᠡᠷᠢᠭᠦᠯᠡᠭᠴᠢ᠂ | ᠨᠠᠷᠢᠨ ᠪᠢᠴᠢᠭ ᠤᠨ ᠲᠠᠷᠤᠭ᠎ᠠ ᠪᠤᠯᠤᠨ ᠪᠠᠶᠢᠡᠭᠭᠤ ᠶᠢᠨ ᠭᠡᠰᠢᠭᠦᠨ ᠢ ᠲᠡᠩᠴᠡᠬᠦᠤ ᠲᠤᠭᠠᠲᠤ ᠰᠤᠩᠭᠤᠭᠤᠯᠢ ᠶᠢᠨ | ᠠᠷᠭ᠎ᠠ ᠪᠠᠷ ᠰᠤᠩᠭᠤᠪᠠ᠃ ᠵᠢᠱᠢᠭᠳᠡᠭᠰᠡᠳ ᠤᠨ ᠤᠯᠤᠭᠰᠠᠨ ᠵᠦᠪᠰᠢᠶᠡᠷᠡᠯ ᠤᠨ ᠪᠢᠯᠧᠲ ᠨᠢ ᠪᠦᠬᠦ ᠭᠡᠰᠢᠭᠦᠨ ᠤ | ᠲᠤᠭ᠎ᠠ ᠶᠢᠨ ᠬᠠᠭᠠᠰ ᠠᠴᠠ ᠬᠡᠳᠦᠷᠡᠪᠡᠯ ᠰᠤᠩᠭᠤᠬᠳᠠᠨᠠ᠃ ᠠᠵᠢᠯᠲᠠᠳ ᠠᠴᠠ ᠰᠤᠩᠭᠤᠭᠤᠯᠢ ᠶᠢᠨ ᠪᠢᠯᠧᠲ ᠲᠠᠬᠯᠠᠬᠤ | ᠱᠠᠭᠠᠷᠳᠠᠯᠭ᠎ᠠ ᠶᠢ ᠵᠠᠷᠯᠠᠨ ᠤᠡᠭᠰᠢᠬᠰᠡᠨ ᠤ ᠲᠠᠷᠠᠭ᠎ᠠ᠂ ᠭᠡᠰᠢᠬᠦᠳ ᠡᠬᠢᠯᠡᠨ ᠪᠢᠯᠧᠲ ᠲᠠᠬᠯᠠᠪᠠ᠃ ᠪᠢᠯᠧᠲ ᠦᠭᠴᠤ | ᠡᠬᠢᠯᠡᠭᠰᠡᠨ ᠤ ᠲᠠᠷᠠᠭ᠎ᠠ᠂ ᠶᠠᠷᠤᠩᠭᠡᠢ ᠪᠢᠯᠧᠲ ᠬᠢᠨᠠᠬᠴᠢ᠂ ᠪᠢᠯᠧᠲ ᠬᠢᠨᠠᠬᠴᠢ ᠤᠷᠤᠨ ᠪᠠᠶᠢᠷᠢ ᠳᠠᠭᠠᠨ ᠬᠦᠷᠦᠭᠰᠡᠨ | ᠪᠦᠭᠡᠳ ᠤᠷᠢᠳᠠᠪᠡᠷ ᠪᠢᠯᠧᠲ ᠦᠭᠴᠠᠢ᠂ ᠭᠡᠰᠢᠬᠦᠳ ᠰᠠᠭᠤᠳᠠᠯ ᠤᠨ ᠲᠤᠭᠤᠷᠢᠭ ᠢᠶᠠᠨ ᠦᠨᠳᠦᠰᠦᠯᠡᠨ ᠲᠤᠰᠪᠤᠷᠢ | ᠲᠤᠬᠲᠠᠬᠰᠡᠨ ᠪᠢᠯᠧᠲ ᠤᠨ ᠬᠠᠶᠢᠷᠴᠠᠭ ᠲᠤ ᠬᠦᠷᠴᠦ ᠪᠢᠯᠧᠲ ᠥᠭᠪᠡ᠃ | ᠠᠵᠢᠯᠲᠠᠳ ᠬᠤᠷᠢᠶᠠᠨ ᠠᠪᠤᠬᠰᠡᠨ ᠰᠤᠩᠭᠤᠭᠤᠯᠢ ᠶᠢᠨ ᠪᠢᠯᠧᠲ ᠢᠶᠠᠨ ᠲᠤᠭᠠᠯᠠᠵᠤ ᠪᠠᠷᠠᠬᠰᠨᠨ ᠤ ᠲᠠᠷᠠᠭ᠎ᠠ᠂ | ᠶᠠᠷᠤᠩᠭᠡᠢ ᠪᠢᠯᠧᠲ ᠬᠢᠨᠠᠬᠴᠢ ᠠᠴᠠ ᠬᠤᠷᠠᠯ ᠡᠷᠬᠢᠯᠡᠭᠴᠢ ᠳᠤ ᠪᠢᠯᠧᠲ ᠤᠨ ᠦᠷ᠎ᠡ ᠳ᠋ᠦᠩ ᠤᠨ ᠮᠡᠳᠡᠬᠦᠯᠤᠯᠲᠠ ᠶᠢᠨ | ᠬᠠᠭᠤᠳᠠᠰᠤ ᠶᠢ ᠲᠤᠰᠢᠶᠠᠵᠠᠢ᠃ ᠬᠤᠷᠠᠯ ᠡᠷᠬᠢᠯᠡᠭᠴᠢ ᠠᠴᠠ ᠰᠤᠩᠭᠤᠭᠤᠯᠢ ᠬᠦᠴᠦᠨ ᠲᠠᠢ ᠭᠡᠵᠤ ᠨᠡᠶᠢᠳᠡᠯᠡᠪᠠ᠃ | ᠪᠢᠯᠧᠲ ᠢ ᠪᠦᠷᠢᠳᠬᠡᠵᠤ ᠪᠠᠷᠠᠬᠰᠡᠨ ᠤ ᠲᠠᠷᠠᠭ᠎ᠠ᠂ ᠠᠵᠢᠯᠲᠠᠳ ᠠᠴᠠ ᠰᠤᠩᠭᠤᠭᠤᠯᠢ ᠶᠢᠨ ᠪᠢᠯᠧᠲ ᠢ ᠪᠦᠷᠢᠳᠭᠡᠭᠰᠡᠨ | ᠦᠷ᠎ᠡ ᠳ᠋ᠦᠩ ᠢ ᠵᠠᠷᠯᠠᠨ ᠤᠡᠭᠰᠢᠵᠠᠢ᠃ ᠰᠤᠩᠭᠤᠭᠤᠯᠢ ᠶᠢᠨ ᠦᠷ᠎ᠡ ᠳ᠋ᠦᠩ ᠳᠤ ᠬᠠᠷᠠᠭᠤᠯᠤᠭᠰᠠᠨ ᠨᠢ᠂ ᠲᠡᠷᠢᠭᠦᠯᠡᠭᠴᠢ᠂ | ᠲᠡᠳ᠋ ᠲᠡᠷᠢᠭᠦᠯᠡᠭᠴᠢ᠂ ᠨᠠᠷᠢᠨ ᠪᠢᠴᠢᠭ ᠤᠨ ᠲᠠᠷᠤᠭ᠎ᠠ ᠪᠤᠯᠤᠨ ᠪᠠᠶᠢᠡᠭᠭᠤ ᠶᠢᠨ ᠭᠡᠰᠢᠭᠦᠨ ᠵᠡᠷᠭᠡ 325 | ᠵᠢᠱᠢᠭᠳᠡᠭᠰᠡᠳ ᠤᠨ ᠤᠯᠤᠬᠰᠡᠨ ᠪᠢᠯᠧᠲ ᠨᠢ ᠴᠦᠮ ᠪᠦᠬᠦ ᠭᠡᠰᠢᠬᠦᠨ ᠤ ᠶᠡᠷᠤᠩᠭᠡᠢ ᠲᠤᠭ᠎ᠠ ᠶᠢᠨ ᠬᠠᠭᠠᠰ ᠠᠴᠠ | ᠭᠡᠳᠦᠷᠡᠵᠤ᠂ ᠪᠦᠬᠦᠨ ᠢᠶᠠᠷ ᠢᠶᠠᠨ ᠰᠤᠩᠭᠤᠬᠳᠠᠪᠠ᠃ | ᠰᠢᠨ᠎ᠡ ᠪᠠᠷ ᠰᠤᠩᠭᠤᠬᠳᠠᠬᠰᠡᠨ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠲᠡᠷᠢᠬᠦᠯᠡᠭᠴᠢ᠂ | ᠲᠡᠳ᠋ ᠲᠡᠷᠢᠭᠦᠯᠡᠭᠴᠢ ᠶᠢᠨ ᠲᠤᠮᠳᠠᠴᠢ ᠨᠠᠰᠤ ᠨᠢ 64 ᠪᠤᠯᠤᠨ᠎ᠠ᠃ ᠲᠡᠳ᠋ ᠲᠡᠷᠢᠭᠦᠯᠡᠭᠴᠢ ᠶᠢᠨ ᠲᠤᠲᠤᠷ᠎ᠡ ᠲᠤᠮᠳᠠᠳᠤ | ᠤᠯᠤᠰ ᠤᠨ ᠡᠪ ᠬᠠᠮᠲᠤ ᠨᠠᠮ ᠤᠨ ᠭᠡᠰᠢᠬᠦᠨ 11 ᠬᠦᠮᠦᠨ᠂ ᠲᠤᠮᠳᠠᠳᠤ ᠤᠯᠤᠰ ᠤᠨ ᠡᠪ ᠬᠠᠮᠲᠤ ᠨᠠᠮ ᠤᠨ | ᠭᠡᠰᠢᠭᠦᠨ ᠪᠤᠰᠤ 13 ᠬᠦᠮᠦᠨ᠂ ᠴᠦᠭᠡᠨ ᠲᠤᠭᠠᠲᠤ ᠦᠨᠳᠦᠰᠦᠲᠡᠨ 4 ᠬᠦᠮᠦᠨ᠂ ᠡᠮᠡᠭᠲᠠᠢ 2 ᠬᠦᠮᠦᠨ ᠪᠠᠶᠢᠨ᠎ᠠ᠃ | ᠰᠢᠨ᠎ᠡ ᠪᠠᠷ ᠰᠤᠩᠭᠤᠬᠳᠡᠬᠰᠨᠨ ᠪᠠᠶᠢᠡᠭᠭᠤ ᠶᠢᠨ ᠭᠡᠰᠢᠬᠦᠨ ᠤ ᠲᠤᠮᠳᠠᠴᠢ ᠨᠠᠰᠤ ᠨᠢ 59.3 ᠪᠠᠶᠢᠵᠤ᠂ ᠡᠬᠦᠨ ᠤ | ᠲᠤᠲᠤᠷ᠎ᠡ ᠲᠤᠮᠲᠠᠳᠤ ᠤᠯᠤᠰ ᠤᠨ ᠡᠪ ᠬᠠᠮᠲᠤ ᠨᠠᠮ ᠤᠨ ᠭᠡᠰᠢᠬᠦᠨ ᠪᠤᠰᠤ 195 ᠬᠦᠮᠦᠨ ᠪᠠᠶᠢᠵᠤ᠂ 65% ᠢ | ᠡᠵᠡᠯᠡᠵᠠᠢ︔ ᠴᠦᠭᠡᠨ ᠲᠤᠭᠠᠲᠤ ᠦᠨᠳᠦᠰᠦᠲᠡᠨ 33 ᠬᠦᠮᠦᠨ ᠪᠤᠢ︔ ᠡᠮᠡᠭᠲᠡᠢ 39 ᠬᠦᠮᠦᠨ ᠪᠤᠢ᠃ | ᠪᠦᠬᠦ ᠲᠠᠯᠠᠪᠠᠢ ᠶᠢᠨ ᠭᠡᠰᠢᠬᠦᠳ ᠬᠠᠯᠠᠭᠤᠨ ᠠᠯᠠᠭ᠎ᠠ ᠲᠠᠰᠢᠯᠲᠠ ᠪᠠᠷ ᠰᠢᠨ᠎ᠡ ᠬᠤᠭᠤᠴᠠᠭᠠᠨ ᠤ ᠤᠯᠤᠰ | ᠲᠦᠷᠦ ᠶᠢᠨ ᠵᠦᠪᠯᠡᠯᠭᠡᠨ ᠤ ᠪᠦᠬᠦ ᠤᠯᠤᠰ ᠤᠨ ᠬᠤᠷᠢᠶ᠎ᠠ ᠶᠢᠨ ᠪᠠᠶᠢᠡᠭᠭᠤ ᠶᠢᠨ ᠬᠤᠷᠢᠶ᠎ᠡ ᠶᠢᠨ ᠪᠤᠢ ᠪᠤᠯᠤᠬᠰᠨᠨ ᠳᠤ | ᠪᠠᠶᠠᠷ ᠬᠦᠷᠬᠡᠪᠠ᠃ |