ᠥᠪᠥᠷ ᠮᠣᠩᠭᠤᠯ 2018 ᠣᠨ ᠤ ᠵᠠᠰᠠᠭ ᠤᠨ ᠣᠷᠳᠣᠨ ᠤ ᠠᠩᠬᠠᠳᠤᠭᠠᠷ ᠪᠦᠯᠦᠭ ᠤᠨ ᠢᠯᠡ ᠵᠢᠭᠡᠯᠡᠯᠭᠡ ᠶᠢᠨ ᠲᠡᠮᠳᠡᠭᠲᠦ ᠶᠢ 145.5 ᠳ᠋ᠦᠩᠰᠢᠭᠤᠷ ᠭᠠᠷᠤᠶ ᠲᠥᠭᠦᠷᠢᠭ ᠲᠠᠷᠬᠠᠭᠠᠪᠠ
ᠨᠡᠶᠢᠲᠡᠯᠡᠭᠰᠡᠨ ᠴᠠᠭ᠄
2018/3/15
     3 ᠳ᠋ᠤᠭᠠᠷ ᠰᠠᠷ᠎ᠠ ᠶᠢᠨ 13᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠎ ᠤ ᠡᠷᠬᠡ ᠣᠯᠭᠤᠯᠲᠠ ᠪᠠᠷ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠡᠳ᠋ ᠤᠨ ᠵᠠᠰᠠᠭ ᠤᠨ ᠶᠠᠮᠤᠨ ᠤ ᠱᠧᠨᠵᠧᠨ ᠤ ᠦᠨᠡᠲᠦ ᠲᠡᠮᠳᠡᠭᠲᠦ ᠠᠷᠠᠯᠵᠢᠶᠠᠯᠠᠬᠤ ᠭᠠᠵᠠᠷ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠲᠠᠷᠬᠠᠭᠠᠬᠤ ᠰᠢᠰᠲ᠋ᠧᠮ ᠢᠶᠠᠷ ᠳᠠᠮᠵᠢᠨ᠂ ᠢᠯᠡ ᠪᠠᠷ ᠳᠠᠭᠠᠭᠠᠴᠢᠯᠠᠯᠲᠠ ᠵᠠᠷᠯᠠᠬᠤ ᠠᠷᠭ᠎ᠠ ᠎ ᠪᠠᠷ ᠠᠩᠬᠠᠳᠤᠭᠠᠷ ᠪᠦᠯᠦᠭ ᠤᠨ ᠵᠢᠭᠡᠯᠡᠯᠭᠡ ᠶᠢᠨ ᠲᠡᠮᠳᠡᠭᠲᠦ ᠶᠢ145.5004 ᠳ᠋ᠦᠩᠰᠢᠭᠤᠷ ᠲᠥᠭᠦᠷᠢᠭ ᠠᠮᠵᠢᠯᠲᠠᠲᠠᠢ ᠲᠠᠷᠬᠠᠭᠠᠪᠠ᠃ ᠡᠭᠦᠨ ᠳᠤ᠄ ᠡ᠊ᠩ ᠤᠨ ᠵᠢᠭᠡᠯᠡᠯᠭᠡ ᠶᠢᠨ ᠲᠡᠮᠳᠡᠭᠲᠦ ᠶᠢ107.7648 ᠳ᠋ᠦᠩᠰᠢᠭᠤᠷ ᠲᠦᠬᠦᠷᠢᠭ ᠲᠠᠷᠬᠠᠭᠠᠪᠠ᠂ 3 ᠵᠢᠯ ᠤᠨ ᠬᠤᠭᠤᠴᠠᠭ᠎ᠠ ᠲᠠᠢ ᠨᠢ 10.5648 ᠳ᠋ᠦᠩᠰᠢᠭᠤᠷ ᠲᠥᠭᠦᠷᠢᠭ᠂ 5 ᠵᠢᠯ ᠤᠨ ᠬᠤᠭᠤᠴᠠᠭ᠎ᠠ ᠲᠠᠢ ᠨᠢ 32.4 ᠳ᠋ᠦᠩᠰᠢᠭᠤᠷ ᠲᠥᠭᠦᠷᠢᠭ᠂ 7 ᠵᠢᠯ ᠤᠨ ᠬᠤᠭᠤᠴᠠᠭ᠎ᠠ ᠲᠠᠢ ᠨᠢ 32.4 ᠳ᠋ᠦᠩᠰᠢᠭᠤᠷ ᠲᠥᠭᠦᠷᠢᠭ᠂ 10 ᠵᠢᠯ ᠤᠨ ᠬᠤᠭᠤᠴᠠᠭ᠎ᠠ ᠲᠠᠢ ᠨᠢ 32.4 ᠳ᠋ᠦᠩᠰᠢᠭᠤᠷ ᠲᠥᠭᠦᠷᠢᠭ ᠪᠤᠢ᠂ ᠳᠠᠭᠠᠭᠠᠴᠢᠯᠠᠯᠲᠠ ᠣᠯᠣᠭᠰᠠᠨ  ᠬᠦᠦ ᠮᠥᠩᠭᠦ ᠶᠢᠨ ᠨᠤᠷᠮ᠎ᠠ ᠨᠢ ᠲᠤᠰ ᠪᠦᠷᠢ 3.97%᠂ 4.16%᠂ 4.29%᠂ 4.32% ᠪᠣᠯᠣᠨ᠎ᠠ︔  ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ 37.7356 ᠳ᠋ᠦᠩᠰᠢᠭᠤᠷ ᠲᠦᠬᠦᠷᠢᠭ ᠲᠠᠷᠬᠠᠭᠠᠪᠠ᠂ ᠡᠭᠦᠨ ᠳᠤ 5 ᠵᠢᠯ ᠤᠨ ᠬᠤᠭᠤᠴᠠᠭ᠎ᠠ ᠲᠠᠢ ᠨᠢ 18.8678 ᠳ᠋ᠦᠩᠰᠢᠭᠤᠷ ᠲᠥᠭᠦᠷᠢᠭ᠂ 10 ᠵᠢᠯ ᠤᠨ ᠬᠤᠭᠤᠴᠠᠭ᠎ᠠ ᠲᠠᠢ ᠨᠢ 18.8678 ᠳ᠋ᠦᠩᠰᠢᠭᠤᠷ ᠲᠥᠭᠦᠷᠢᠭ ᠪᠤᠢ᠂ ᠳᠠᠭᠠᠭᠠᠴᠢᠯᠠᠯᠲᠠ ᠣᠯᠤᠭᠰᠠᠨ ᠬᠦᠦ ᠮᠥᠩᠭᠦ ᠶᠢᠨ ᠨᠤᠷᠮ᠎ᠠ ᠨᠢ ᠲᠤᠰ ᠲᠤᠰ 4.15%᠂ 4.35%᠎ ᠳᠤ ᠪᠣᠯᠣᠨ᠎ᠠ᠃ ᠡᠨᠡ ᠤᠳᠠᠭᠠᠨ ᠤ ᠵᠢᠭᠡᠯᠡᠯᠭᠡ ᠶᠢᠨ ᠲᠡᠮᠳᠡᠭᠲᠦ ᠶᠢ ᠵᠠᠬ᠎ᠠ ᠳᠡᠯᠭᠡᠭᠦᠷᠴᠢᠯᠡᠬᠦ ᠵᠠᠷᠴᠢᠮ ᠶᠣᠰᠣᠭᠠᠷ ᠲᠠᠷᠬᠠᠭᠠᠵᠤ᠂ ᠡᠯ᠎ᠡ ᠪᠠᠩᠬᠢ ᠪᠣᠯᠣᠨ ᠲᠡᠮᠳᠡᠭᠲᠦ ᠶᠢᠨ ᠬᠤᠳᠠᠯᠳᠤᠭᠠᠴᠢᠨ ᠤᠨ ᠳᠠᠭᠠᠭᠠᠴᠢᠯᠠᠯᠲᠠ ᠬᠦᠯᠢᠶᠡᠭᠰᠡᠨ ᠳᠠᠬᠢᠨ ᠲᠤᠭ᠎ᠠ ᠨᠢ ᠳᠠᠬᠢᠨᠲᠠ ᠰᠢᠨ᠎ᠡ ᠲᠡᠮᠳᠡᠭᠯᠡᠯ ᠢ ᠡᠭᠦᠳᠴᠦ᠂ ᠵᠢᠭᠡᠯᠡᠯᠭᠡ ᠶᠢᠨ ᠲᠡᠮᠳᠡᠭᠲᠦ ᠶᠢᠨ ᠵᠠᠬ᠎ᠠ ᠳᠡᠯᠭᠡᠭᠦᠷ ᠤᠨ ᠥᠪᠥᠷ ᠮᠣᠩᠭᠤᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠤᠷᠳᠤ ᠬᠤᠭᠤᠴᠠᠭᠠᠨ᠎ᠠ ᠰᠠᠶᠢᠵᠢᠷᠠᠬᠤ ᠪᠠᠶᠢᠳᠠᠯ ᠲᠠᠢ ᠪᠠᠶᠢᠬᠤ ᠶᠢ ᠬᠠᠷᠠᠭᠤᠯᠪᠠ
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号