ᠮᠠᠨ ᠤ ᠤᠷᠤᠨ ᠳᠤ ᠰᠠᠭᠤᠭ᠎ᠠ ᠪᠦᠬᠦ ᠤᠯᠤᠰ ᠤᠨ ᠤᠯᠤᠰ ᠲᠦᠷᠦ ᠶᠢᠨ ᠵᠦᠪᠯᠯᠡᠭᠡᠨ ᠤ ᠬᠡᠰᠢᠭᠦᠳ 99 ᠬᠤᠪᠢ ᠰᠠᠨᠠᠯ ᠲᠤᠷᠠᠳᠤᠯᠭ᠎ᠠ ᠲᠡᠪᠰᠢᠭᠦᠯᠵᠦ 87 ᠬᠤᠪᠢ ᠰᠠᠨᠠᠯ ᠳᠣᠷᠠᠳᠣᠯᠭ᠎ᠠ ᠨᠢ ᠳᠠᠩᠰᠠᠯᠠᠭᠳᠠᠪᠠ
ᠨᠡᠶᠢᠲᠡᠯᠡᠭᠰᠡᠨ ᠴᠠᠭ᠄
2018/3/16
     ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯ ᠤᠨ ᠬᠤᠭᠤᠴᠠᠭᠠᠨ ᠳᠤ᠂ ᠮᠠᠨ ᠤ ᠤᠷᠤᠨ ᠳᠤ ᠰᠠᠭᠤᠭ᠎ᠠ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ 29 ᠬᠡᠰᠢᠭᠦᠨ ᠲᠤᠰᠠᠭᠠᠷ ᠪᠤᠶᠤ ᠨᠡᠷ᠎ᠠ ᠬᠤᠯᠪᠤᠭᠠᠯᠠᠬᠤ ᠬᠡᠯᠪᠡᠷᠢ ᠪᠠᠷ ᠶᠡᠭᠡ ᠬᠤᠷᠠᠯ ᠳᠤ 99 ᠬᠤᠪᠢ ᠰᠠᠨᠠᠯ ᠲᠤᠷᠠᠳᠤᠯᠭ᠎ᠠ ᠲᠡᠪᠰᠢᠭᠦᠯᠵᠤ᠂ ᠬᠢᠨᠠᠨ ᠪᠠᠶᠢᠴᠠᠭᠠᠬᠤ ᠪᠠᠷ ᠲᠠᠮᠵᠢᠨ 87 ᠬᠤᠪᠢ ᠰᠠᠨᠠᠯ ᠲᠤᠷᠠᠳᠤᠯᠭ᠎ᠠ ᠨᠢ ᠰᠠᠨᠠᠯ ᠲᠤᠷᠠᠳᠤᠯᠭ᠎ᠠ ᠪᠠᠷ ᠲᠠᠩᠰᠠᠯᠠᠭᠳᠠᠨ᠂ ᠪᠤᠰᠤᠳ 12 ᠬᠤᠪᠢ ᠰᠠᠨᠠᠯ ᠲᠤᠷᠠᠳᠤᠯᠭ᠎ᠠ ᠶᠢ ᠨᠢ ᠴᠢᠬᠤᠯᠠ ᠰᠠᠨᠠᠯ ᠰᠠᠨᠠᠭᠤᠯᠭ᠎ᠠ ᠪᠣᠯᠭᠠᠵᠣ ᠬᠠᠮᠢᠶ᠎ᠠ ᠪᠦᠬᠦᠢ ᠰᠠᠯᠠᠭ᠎ᠠ ᠮᠦᠴᠢᠷ ᠲᠤ  ᠰᠢᠯᠵᠢᠭᠦᠯᠦᠨ ᠥᠭᠴᠡᠢ᠃      ᠮᠠᠨ ᠤ ᠤᠷᠤᠨ ᠳᠤ ᠰᠠᠭᠤᠭ᠎ᠠ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠬᠡᠰᠢᠭᠦᠳ ᠤᠨ ᠰᠠᠨᠠᠯ ᠲᠤᠷᠠᠳᠤᠯᠭ᠎ᠠ ᠪᠠᠷ ᠲᠠᠩᠰᠠᠯᠠᠬᠳᠠᠬᠰᠠᠨ 87 ᠬᠤᠪᠢ ᠰᠠᠨᠠᠯ ᠲᠤᠷᠠᠳᠤᠯᠭ᠎ᠠ ᠨᠢ ᠠᠵᠤ ᠠᠬᠤᠢ ᠶᠢᠨ ᠬᠦᠭᠵᠢᠯᠳᠡ᠂ ᠲᠠᠷᠢᠶᠠᠯᠠᠩ ᠤᠨ ᠤᠰᠤᠨ ᠠᠰᠢᠬᠯᠠᠯᠳᠠ᠂ ᠰᠤᠶᠤᠯ ᠰᠤᠷᠭᠠᠨ ᠬᠦᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ ᠨᠡᠶᠢᠭᠡᠮ ᠤᠨ ᠬᠠᠮᠢᠶᠠᠷᠤᠯᠳᠠ᠂ ᠭᠠᠳᠠᠭᠠᠳᠤ ᠨᠡᠭᠡᠭᠡᠯᠳᠡ᠂ ᠠᠷᠠᠯᠵᠢᠶ᠎ᠠ ᠬᠤᠳᠠᠯᠳᠤᠭ᠎ᠠ ᠵᠤᠭᠠᠴᠠᠯ᠂ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ᠂ ᠡᠳ᠋ ᠤᠨ ᠵᠠᠰᠠᠭ ᠭᠠᠶᠢᠯᠢ ᠶᠢᠨ ᠶᠠᠪᠣᠳᠠᠯ ᠮᠦᠩᠭᠦᠨ ᠬᠦᠢᠯᠭᠡᠭᠡᠨ ᠵᠡᠷᠭᠡ ᠤᠯᠠᠨ ᠬᠦᠷᠢᠶ᠎ᠠ ᠶᠢ ᠬᠠᠮᠤᠷᠴᠤ᠂ ᠮᠠᠰᠢ ᠴᠢᠩᠭ᠎ᠠ ᠴᠢᠭᠯᠡᠭᠦᠯᠦᠯᠳᠦ ᠴᠢᠨᠠᠷ ᠪᠠ ᠬᠡᠷᠡᠭᠵᠢᠭᠦᠯᠦᠰᠢᠳᠡᠢ ᠴᠢᠨᠠᠷ ᠲᠠᠢ ᠪᠠᠶᠢᠵᠤ᠂ ᠨᠡᠶᠢᠭᠡᠮ ᠤᠨ ᠡᠯ᠎ᠠ ᠡᠳᠡᠭᠡᠳ ᠤᠨ ᠠᠩᠬᠠᠷᠤᠯ ᠢ ᠳᠠᠳᠠᠨ ᠦᠪᠦᠷ ᠮᠤᠩᠭᠤᠯ ᠤᠨ ᠰᠠᠶᠢᠨ ᠰᠠᠶᠢᠬᠠᠨ ᠲᠦᠷᠢ ᠲᠦᠷᠭᠦ ᠶᠢ ᠱᠤᠭᠤᠪᠠ᠃ ᠡᠭᠦᠨ ᠳᠤ᠂ ᠲᠤᠶᠢᠯ ᠤᠨ ᠣᠨᠣᠪᠴᠢᠲᠠᠢ ᠪᠠᠷ ᠶᠠᠳᠠᠭᠤ ᠶᠢ ᠲᠡᠳᠭᠦᠭᠦ᠂ ᠡᠮ ᠡᠮᠴᠢᠯᠡᠭᠡ᠂ ᠨᠠᠰᠤᠵᠢᠯ᠂ ᠰᠤᠷᠭᠠᠨ ᠬᠦᠮᠦᠵᠢᠯ᠂ ᠢᠳᠡᠭᠡᠨ ᠤ ᠠᠮᠤᠷ ᠲᠦᠪᠰᠢᠨ ᠵᠡᠷᠭᠡ ᠠᠷᠠᠳ ᠤᠨ ᠠᠮᠢᠳᠤᠷᠠᠯ ᠤᠨ ᠲᠤᠭᠤᠷᠢᠨ ᠳᠤ ᠬᠤᠤᠷᠠᠳᠦ ᠬᠠᠪᠤᠳᠠᠷ ᠢ ᠡᠮᠨᠡᠨ ᠵᠠᠰᠠᠬᠤ ᠡᠮᠴᠢᠯᠡᠭᠡᠨ ᠤ ᠠᠵᠢᠯᠯᠠᠭ᠎ᠠ ᠶᠢ ᠵᠢᠷᠤᠮᠵᠢᠭᠤᠯᠬᠤ᠂ ᠢᠳᠡᠭᠡᠨ ᠎ ᠤ ᠠᠮᠤᠷ ᠲᠦᠪᠰᠢᠨ ᠤ ᠮᠡᠳᠡᠭᠡ ᠵᠠᠩᠬᠢ ᠶᠢ ᠬᠠᠮᠳᠤᠪᠡᠷ ᠬᠦᠷᠲᠡᠬᠦ ᠰᠢᠰᠲ᠋ᠧᠮᠵᠢ ᠶᠢᠨ ᠠᠵᠢᠯ ᠤᠨ ᠲᠤᠬᠳᠠᠴᠠ ᠶᠢ ᠲᠦᠷᠭᠡᠳᠭᠡᠨ ᠪᠠᠶᠢᠭᠤᠯᠤᠨ ᠲᠡᠭᠦᠯᠳᠡᠷᠵᠢᠭᠦᠯᠭᠦ᠂ ᠬᠤᠤᠰ ᠬᠡᠯᠡ ᠪᠠᠷ ᠬᠢᠴᠢᠶᠡᠯᠯᠡᠭᠰᠡᠨ ᠤᠶᠤᠳᠠᠳ ᠤᠨ ᠠᠵᠤ ᠦᠢᠯᠡᠰ ᠪᠤᠰᠬᠠᠵᠤ ᠠᠵᠢᠯ ᠤᠯᠬᠤ ᠶᠢ ᠴᠢᠨᠠᠬᠰᠢᠳᠠ ᠲᠡᠮᠵᠢᠭᠦ᠂ ᠦᠨᠳᠦᠷ ᠲᠤᠮᠳᠠᠳᠤ ᠶᠢᠨ ᠰᠤᠷᠭᠠᠨ ᠬᠦᠮᠦᠵᠢᠯ ᠤᠨ ᠬᠦᠭᠵᠢᠯᠳᠡ ᠶᠢ ᠲᠦᠷᠭᠡᠳᠭᠡᠭᠦ᠂ ᠮᠤᠩᠭᠤᠯ ᠡᠮᠨᠡᠯᠭᠡ ᠶᠢᠨ ᠶᠡᠷᠦᠩᠬᠡᠶᠢᠯᠡᠭᠰᠡᠨ ᠰᠠᠯᠠᠭ᠎ᠠ ᠶᠢᠨ ᠡᠮᠴᠢᠯᠡᠭᠡᠨ ᠤ ᠪᠠᠶᠢᠭᠤᠯᠤᠯᠳᠠ ᠶᠢ ᠴᠢᠩᠭᠠᠳᠬᠠᠵᠤ᠂ ᠡᠪᠡᠳᠴᠢᠨ ᠠᠴᠠ ᠪᠤᠯᠵᠤ ᠶᠠᠳᠠᠭᠤᠷᠠᠬᠰᠠᠳ ᠢ ᠶᠠᠳᠠᠭᠤ ᠠᠴᠠ ᠠᠩᠬᠢᠵᠢᠷᠠᠭᠤᠯᠬᠤ ᠠᠬᠢᠴᠠ ᠶᠢ ᠠᠬᠢᠭᠤᠯᠬᠤ᠂ ᠠᠷᠠᠳ ᠠᠴᠠ ᠡᠷᠬᠢᠯᠡᠭᠰᠡᠨ ᠬᠡᠤᠭᠡᠳ ᠤᠨ ᠴᠡᠴᠡᠷᠯᠢᠭ ᠤᠨ ᠬᠢᠨᠠᠯᠳᠠ ᠬᠠᠮᠢᠶᠠᠷᠣᠯᠳᠠ ᠶᠢ ᠴᠢᠩᠭᠠᠳᠬᠠᠬᠤ᠂ ᠤᠨᠴᠠ ᠶᠠᠳᠠᠭᠤ ᠬᠦᠴᠢᠷᠳᠡᠯᠳᠡᠢ ᠵᠡᠮᠳᠡᠭᠴᠤᠳ ᠤᠨ ᠠᠮᠢᠳᠤᠷᠠᠯ ᠤᠨ ᠨᠦᠬᠦᠪᠦᠷᠢ ᠪᠠ ᠬᠦᠨᠳᠦ ᠵᠡᠮᠳᠡᠭᠴᠤᠳ ᠢ ᠠᠰᠠᠷᠠᠨ ᠰᠤᠪᠢᠯᠠᠬᠤ ᠨᠦᠬᠦᠪᠦᠷᠢ ᠶᠢᠨ ᠪᠠᠷᠢᠮᠵᠢᠶ᠎ᠠ ᠶᠢ ᠲᠡᠭᠡᠭᠰᠢᠯᠡᠭᠦᠯᠭᠦ᠂ ᠶᠠᠳᠠᠭᠤ ᠬᠦᠴᠢᠷᠳᠡᠯᠳᠡᠢ ᠪᠤᠰᠤ ᠭᠠᠵᠠᠷ ᠤᠷᠤᠨ ᠤ ᠶᠠᠳᠠᠭᠤ ᠬᠦᠴᠢᠷᠳᠡᠯᠳᠡᠢ ᠬᠦᠮᠦᠨ ᠠᠮᠠ ᠶᠢ ᠶᠠᠳᠠᠭᠤ ᠠᠴᠠ ᠠᠩᠬᠢᠵᠢᠷᠠᠭᠤᠯᠬᠤ ᠠᠰᠠᠭᠤᠳᠠᠯ ᠎ ᠢ ᠴᠢᠨᠠᠬᠰᠢᠳᠠ ᠬᠠᠯᠠᠮᠵᠢᠯᠠᠬᠤ᠂ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ ᠶᠢᠨ ᠡᠮ ᠤᠨ ᠦᠨ᠎ᠠ ᠬᠠᠩᠰᠢ ᠶᠢ ᠦᠰᠭᠡᠭᠦ ᠶᠢ ᠬᠢᠵᠠᠭᠠᠷᠯᠠᠬᠤ ᠵᠡᠷᠭᠡ ᠰᠠᠨᠠᠯ ᠲᠤᠷᠠᠳᠤᠯᠭ᠎ᠠ ᠨᠢ ᠦᠷᠭᠡᠨ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠲᠤᠰᠬᠠᠬᠰᠠᠨ ᠪᠠᠶᠢᠨ᠎ᠠ᠃      ᠡᠨᠡ ᠵᠢᠯ ᠪᠤᠯ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠬᠡᠰᠢᠭᠦᠳ ᠤᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠭᠦ ᠡᠬᠢᠯᠡᠯᠳᠡ ᠶᠢᠨ ᠵᠢᠯ ᠮᠦᠨ᠃ ᠰᠠᠨᠠᠯ ᠲᠤᠷᠠᠳᠤᠯᠭ᠎ᠠ ᠪᠤᠯ ᠬᠡᠰᠢᠭᠦᠳ ᠤᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠭᠦ ᠴᠢᠬᠤᠯᠠ ᠬᠡᠯᠪᠡᠷᠢ ᠪᠤᠯᠤᠨ᠎ᠠ᠃ ᠮᠠᠨ ᠎ ᠤ ᠤᠷᠤᠨ ᠳᠤ ᠰᠠᠭᠤᠭ᠎ᠠ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠬᠡᠰᠢᠭᠦᠳ᠂ ᠤᠯᠤᠰ ᠲᠦᠷᠦ ᠶᠢᠨ ᠬᠡᠰᠢᠭᠦᠨ ᠤ ᠢᠷᠠᠭᠤ ᠠᠯᠳᠠᠷ ᠪᠤᠯᠤᠨ ᠠᠵᠠ ᠲᠤᠬᠢᠶᠠᠯ ᠢᠶᠠᠨ ᠨᠠᠨᠳᠢᠩᠨᠡᠨ᠂ ᠲᠠᠰᠤᠷᠠᠯᠳᠠ ᠦᠭᠡᠢ ᠴᠢᠷᠮᠠᠶᠢᠨ ᠰᠤᠷᠤᠯᠴᠠᠵᠤ᠂ ᠦᠨᠡᠨ ᠪᠤᠳᠠᠳᠠᠢ ᠪᠠᠶᠢᠴᠠᠭᠠᠨ ᠰᠤᠳᠤᠯᠤᠯᠳᠠ ᠬᠢᠵᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠰᠠᠶᠢᠳᠤᠷ ᠤᠶᠢᠯᠠᠭᠠᠨ ᠦᠷ᠎ᠠ ᠪᠦᠳᠦᠮᠵᠢᠳᠡᠢ᠂ ᠴᠢᠨᠠᠷ ᠰᠠᠶᠢᠳᠠᠢ ᠰᠠᠨᠠᠯ ᠲᠤᠷᠠᠳᠤᠯᠭ᠎ᠠ ᠶᠢ ᠢᠯᠡᠭᠦᠭᠡᠨ ᠲᠤᠷᠠᠳᠴᠤ᠂ ᠡᠯ᠎ᠠ ᠦᠨᠳᠦᠰᠦᠳᠡᠨ ᠡᠯ᠎ᠠ ᠡᠳᠡᠭᠡᠳ ᠤᠨ ᠬᠦᠰᠡᠯ ᠨᠡᠶᠢᠳᠡᠯᠭ᠎ᠠ ᠶᠢ ᠬᠦᠰᠡᠷᠳᠡᠭᠦᠯᠬᠦ ᠦᠭᠡᠢ ᠬᠡᠵᠤ ᠢᠯᠡᠷᠬᠡᠶᠢᠯᠡᠵᠡᠭᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号