ᠸᠠᠩ ᠶᠠᠩ ᠤᠯᠤᠰ ᠲᠦᠷᠦ ᠶᠢᠨ ᠵᠦᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠎ ᠤᠨ ᠬᠤᠷᠢᠶ᠎ᠠ ᠶᠢᠨ ᠠᠩᠬᠠᠳᠤᠭᠠᠷ ᠤᠳᠠᠭ᠎ᠠ ᠶᠢᠨ ᠲᠡᠷᠢᠭᠦᠯᠡᠭᠴᠢᠳ ᠤᠨ ᠬᠤᠷᠠᠯ ᠢ ᠡᠷᠬᠢᠯᠡᠡ ᠬᠤᠷᠠᠯᠳᠤᠭᠤᠯᠪᠠ
ᠨᠡᠶᠢᠲᠡᠯᠡᠭᠰᠡᠨ ᠴᠠᠭ᠄
2018/3/16
     ᠤᠯᠤᠰ ᠲᠦᠷᠦ ᠶᠢᠨ ᠵᠦᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠬᠤᠷᠢᠶ᠎ᠠ ᠶᠢᠨ ᠠᠩᠬᠠᠳᠤᠭᠠᠷ ᠤᠳᠠᠭ᠎ᠠ ᠶᠢᠨ ᠲᠡᠷᠢᠭᠦᠯᠡᠭᠴᠢᠳ ᠤᠨ ᠬᠤᠷᠠᠯ 15᠎ ᠤ ᠡᠳᠦᠷ ᠤᠨ ᠦᠳᠡ ᠶᠢᠨ ᠬᠤᠶᠢᠨ᠎ᠠ ᠪᠡᠭᠡᠵᠢᠩ ᠳᠤ ᠬᠤᠷᠠᠯᠳᠤᠵᠠᠢ᠃ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠸᠠᠩ ᠶᠠᠩ ᠬᠤᠷᠠᠯ ᠢ ᠡᠷᠬᠢᠯᠡᠬᠦ ᠶᠢᠨ ᠬᠠᠮᠳᠤ ᠶᠠᠷᠢᠶ᠎ᠠ ᠲᠠᠯᠪᠢᠪᠠ᠃      ᠬᠤᠷᠠᠯ ᠠᠴᠠ ᠤᠯᠤᠰ ᠲᠦᠷᠦ ᠶᠢᠨ ᠵᠦᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠎ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠠᠩᠬᠠᠳᠤᠭᠠᠷ ᠬᠤᠷᠠᠯ ᠤᠨ ᠵᠦᠪᠯᠡᠬᠦ ᠵᠦᠢᠯ ︵ᠲᠦᠰᠦᠯ︶᠂ ᠡᠳᠦᠷ ᠤᠨ ᠲᠠᠷᠠᠭᠠᠯᠠᠯ ᠪᠠ ᠤᠯᠤᠰ ᠲᠦᠷᠦ ᠶᠢᠨ ᠵᠦᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠬᠤᠷᠢᠶ᠎ᠠ ᠶᠢᠨ ᠡᠯ᠎ᠠ ᠲᠤᠰᠬᠠᠢ ᠵᠦᠪᠯᠡᠯ ᠤᠨ ᠭᠡᠰᠢᠭᠦᠳ ᠤᠨ ᠨᠡᠷᠡᠰ ᠢ ᠬᠢᠨᠠᠨ ᠵᠦᠪᠯᠡᠵᠦ ᠪᠠᠳᠤᠯᠠᠨ᠂ 3 ᠳ᠋ᠤᠭᠠᠷ ᠰᠠᠷ᠎ᠠ ᠶᠢᠨ 15᠎ ᠤ ᠡᠳᠦᠷ ᠠᠴᠠ 16᠎ ᠤ ᠡᠳᠦᠷ ᠪᠤᠯᠳᠠᠯ᠎ᠠ᠂ ᠪᠡᠭᠡᠵᠢᠩ ᠳᠤ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠪᠠᠶᠢᠩᠭᠤ ᠶᠢᠨ ᠬᠤᠷᠢᠶ᠎ᠠ ᠶᠢᠨ ᠠᠩᠬᠠᠳᠤᠭᠠᠷ ᠬᠤᠷᠠᠯ ᠢ ᠬᠤᠷᠠᠯᠳᠤᠭᠤᠯᠬᠤ ᠪᠠᠷ ᠲᠤᠭᠳᠠᠵᠠᠢ᠃      ᠬᠤᠷᠠᠯ ᠠᠴᠠ ᠤᠯᠤᠰ ᠲᠦᠷᠦ ᠶᠢᠨ ᠵᠦᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠎ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠲᠤᠰᠬᠠᠢ ᠵᠦᠪᠯᠡᠯ ᠲᠤᠬᠢᠷᠠᠭᠤᠯᠬᠤ ᠲᠤᠬᠠᠢ ᠲᠤᠭᠳᠠᠭᠠᠯ ︵ᠲᠦᠰᠦᠯ︶᠂ ᠤᠯᠤᠰ ᠲᠦᠷᠦ ᠶᠢᠨ ᠵᠦᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠬᠤᠷᠢᠶ᠎ᠠ ᠶᠢᠨ ᠲᠡᠳ᠋ ᠨᠠᠷᠢᠨ ᠪᠢᠴᠢᠭ ᠤᠨ ᠲᠠᠷᠤᠭ᠎ᠠ ᠪᠠᠷ ᠲᠤᠮᠢᠯᠠᠬᠤ ᠨᠡᠷᠡᠰ ︵ᠲᠦᠰᠦᠯ︶᠂ ᠤᠯᠤᠰ ᠲᠦᠷᠦ ᠶᠢᠨ ᠵᠦᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠬᠤᠷᠢᠶ᠎ᠠ ᠶᠢᠨ ᠡᠯ᠎ᠠ ᠲᠤᠰᠬᠠᠢ ᠵᠦᠪᠯᠡᠯ ᠎ ᠤᠨ ᠡᠷᠬᠢᠯᠡᠭᠴᠢ᠂ ᠲᠡᠳ᠋ ᠡᠷᠬᠢᠯᠡᠭᠴᠢ ᠶᠢᠨ ᠨᠡᠷᠡᠰ ︵ᠲᠦᠰᠦᠯ︶᠎ ᠢ ᠬᠢᠨᠠᠨ ᠵᠦᠪᠯᠡᠵᠡᠢ᠃ ᠬᠤᠷᠠᠯ ᠠᠴᠠ ᠲᠡᠭᠡᠷ᠎ᠠ ᠲᠤᠷᠠᠳᠤᠭᠰᠠᠨ ᠲᠦᠰᠦᠯ ᠢ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠪᠠᠶᠢᠩᠭᠤ ᠶᠢᠨ ᠬᠤᠷᠢᠶ᠎ᠠ ᠶᠢᠨ ᠠᠩᠬᠠᠳᠤᠭᠠᠷ ᠬᠤᠷᠠᠯ ᠲᠡᠭᠡᠷ᠎ᠠ ᠬᠢᠨᠠᠨ ᠵᠦᠪᠯᠡᠬᠦ ᠲᠤᠷᠠᠳᠤᠯᠭ᠎ᠠ ᠭᠠᠷᠭᠠᠬᠤ ᠪᠠᠷ ᠲᠤᠭᠳᠠᠵᠠᠢ᠃ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠪᠦᠭᠡᠳ ᠨᠠᠷᠢᠨ ᠪᠢᠴᠢᠭ ᠤᠨ ᠲᠠᠷᠤᠭ᠎ᠠ ᠰᠢᠶᠠ ᠪᠤᠤ ᠯᠦᠩ ᠬᠠᠮᠢᠶ᠎ᠠ ᠪᠦᠬᠦᠢ ᠲᠦᠰᠦᠯ ᠤᠨ ᠲᠤᠬᠠᠢ ᠲᠤᠳᠤᠷᠬᠠᠶᠢᠯᠠᠯᠳᠠ ᠬᠢᠪᠠ᠃      ᠸᠠᠩ ᠶᠠᠩ ᠵᠢᠭᠠᠭᠰᠠᠨ ᠨᠢ᠂ ᠰᠠᠶ᠋ᠢᠬᠠᠨ ᠲᠡᠭᠦᠰᠦᠭᠰᠡᠡ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠎ ᠤ ᠠᠷᠪᠠᠨ ᠭᠤᠷᠪᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯ ᠨᠢ ᠰᠤᠩᠭᠤᠭᠤᠯᠢ ᠪᠠᠷ ᠲᠠᠮᠵᠢᠨ ᠲᠡᠷᠢᠭᠦᠯᠡᠭᠴᠢᠳ ᠎ ᠤᠨ ᠬᠤᠷᠠᠯ ᠢ ᠪᠦᠷᠢᠯᠳᠦᠭᠦᠯᠵᠦ᠂ ᠰᠢᠨ᠎ᠠ ᠨᠢᠭᠡ ᠬᠤᠭᠤᠴᠠᠭᠠᠨ ᠤ ᠤᠯᠤᠰ ᠲᠦᠷᠦ ᠶᠢᠨ ᠵᠦᠪᠯᠡᠯᠭᠡᠨ ᠤ ᠤᠳᠤᠷᠢᠳᠬᠤ ᠪᠠᠭ ᠢ ᠪᠠᠶᠢᠭᠤᠯᠵᠠᠢ᠃ ᠡᠨᠡ ᠪᠤᠯ ᠨᠠᠮ ᠪᠤᠯᠤᠨ ᠠᠷᠠᠳ ᠲᠦᠮᠡᠨ ᠠᠴᠠ ᠲᠠᠭᠠᠭᠠᠯᠭᠠᠭᠰᠠᠠ ᠬᠦᠨᠳᠦ ᠨᠠᠶᠢᠳᠠᠯᠭ᠎ᠠ᠂ ᠮᠦᠨᠴᠦ ᠪᠦᠬᠦ ᠭᠡᠰᠢᠭᠦᠳ ᠤᠨ ᠢᠳᠡᠭᠡᠯ ᠪᠤᠯᠤᠨ᠎ᠠ᠃ ᠪᠢᠳᠡ ᠬᠠᠮᠳᠤᠪᠠᠷ ᠴᠢᠷᠮᠠᠶᠢᠵᠤ᠂ ᠡᠭᠦᠷᠭᠡ ᠬᠠᠷᠢᠭᠤᠴᠠᠯᠭ᠎ᠠ ᠪᠠᠨ ᠭᠤᠳᠤᠭᠠᠬᠤ ᠦᠭᠡᠢ᠂ ᠬᠦᠨᠳᠦ ᠨᠠᠶᠢᠳᠠᠯᠭ᠎ᠠ ᠶᠢ ᠬᠦᠰᠡᠷᠳᠡᠭᠦᠯᠬᠦ ᠦᠭᠡᠢ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠲᠤᠮᠳᠠᠳᠤ ᠤᠯᠤᠰ ᠤᠨ ᠡᠪ ᠬᠠᠮᠳᠤ ᠨᠠᠮ ᠤᠨ ᠡᠷᠡᠰ ᠴᠢᠩᠭ᠎ᠠ ᠤᠳᠤᠷᠢᠳᠤᠯᠭ᠎ᠠ ᠲᠤᠤᠷ᠎ᠠ᠂ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠦᠢᠯᠡᠰ ᠢ ᠦᠷᠭᠦᠯᠵᠢᠯᠡᠨ ᠤᠷᠤᠭᠰᠢ ᠲᠦᠯᠬᠢᠨ ᠠᠬᠢᠭᠤᠯᠬᠤ ᠬᠡᠷᠡᠭᠳᠡᠢ᠃ ᠲᠡᠷᠢᠭᠦᠯᠡᠭᠴᠢᠳ ᠤᠨ ᠬᠤᠷᠠᠯ ᠤᠨ ᠪᠦᠷᠢᠯᠳᠦᠭᠦᠨ᠂ ᠨᠢᠭᠡ ᠳᠤ᠂ ᠵᠦᠪ ᠤᠨᠤᠪᠴᠢᠳᠠᠢ ᠤᠯᠤᠰ ᠲᠦᠷᠦ ᠶᠢᠨ ᠴᠢᠭᠯᠡᠯ ᠢ ᠭᠤᠶᠢᠪᠢᠰᠢ ᠦᠭᠡᠢ ᠪᠠᠷᠢᠮᠳᠠᠯᠠᠵᠤ᠂ ᠬᠤᠶᠠᠷ ᠲᠤ᠂ ᠡᠭᠦᠷᠭᠡ ᠬᠠᠷᠢᠭᠤᠴᠠᠯᠭ᠎ᠠ ᠪᠠᠨ ᠰᠠᠶᠢᠳᠤᠷ ᠭᠦᠢᠴᠡᠳᠭᠡᠵᠦ᠂ ᠭᠤᠷᠪᠠ ᠳᠤ᠂ ᠠᠷᠠᠳᠴᠢᠯᠠᠯ ᠢ ᠲᠦᠷᠦᠭᠦᠯᠡᠨ ᠪᠠᠳᠠᠷᠠᠭᠤᠯᠵᠤ᠂ ᠲᠦᠷᠪᠡ ᠳᠤ᠂ ᠤᠯᠠᠨ ᠲᠦᠮᠡᠨ ᠲᠠᠢ ᠲᠦᠷᠦᠭᠦᠯᠡᠨ ᠬᠠᠷᠢᠯᠴᠠᠬᠤ ᠬᠡᠷᠡᠭᠳᠡᠢ ᠭᠡᠵᠡᠢ᠃      ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠵᠠᠩ ᠴᠢᠩ ᠯᠢ᠂ ᠯᠢᠦ ᠴᠢ ᠪᠤᠤ᠂ ᠫᠠᠫᠠᠯᠠ · ᠭᠧᠯᠧᠭᠨᠠᠮᠵᠢᠯ᠂ ᠳ᠋ᠦᠩ ᠵᠢᠶᠠᠨ ᠬᠤᠸᠠ᠂ ᠸᠠᠨ ᠭᠠᠩ᠂ ᠾᠧ ᠾᠸᠦ ᠬᠤᠸᠠ᠂ ᠯᠦ ᠵᠠᠨ ᠭᠦᠩ᠂ ᠸᠠᠩ ᠵᠧᠩ ᠸᠧᠢ᠂ ᠮᠠ ᠪᠢᠶᠤᠤ᠂ ᠴᠧᠨ ᠰᠢᠶᠤᠤ ᠭᠤᠸᠠᠩ᠂ ᠯᠢᠶᠠᠩ ᠵᠧᠨ ᠶᠢᠩ᠂ ᠶᠠᠩ ᠴᠤᠸᠠᠨ ᠲᠠᠩ᠂ ᠯᠢ ᠪᠢᠨ᠂ ᠪᠠᠭᠠᠳᠤᠷ᠂ ᠸᠠᠩ ᠶᠦᠩ ᠴᠢᠩ᠂ ᠾᠧ ᠯᠢ ᠹᠧᠩ᠂ ᠰᠤ᠋ ᠬᠤᠢ᠂ ᠵᠧᠩ ᠵᠢᠶᠠᠨ ᠪᠠᠩ᠂ ᠭᠦ᠋ ᠱᠧᠩ ᠽᠦ᠂ ᠯᠢᠦ ᠰᠢᠨ ᠴᠧᠩ᠂ ᠾᠧ ᠸᠧᠢ᠂ ᠱᠤᠤ ᠬᠤᠩ᠂ ᠭᠤᠤ ᠶᠦᠨ ᠯᠦᠩ ᠬᠤᠷᠠᠯ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号