ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠲᠡᠷᠢᠬᠦᠯᠡᠭᠴᠢᠳ ᠤᠨ ᠪᠦᠯᠬᠦᠮ ᠤᠨ ᠪᠠᠶᠢᠡᠭᠭᠤ ᠶᠢᠨ ᠲᠡᠷᠢᠬᠦᠯᠡᠭᠴᠢᠳ ᠤᠨ ᠲᠤᠯᠤᠳᠤᠭᠠᠷ ᠬᠤᠷᠠᠯ ᠬᠤᠷᠠᠯᠳᠤᠵᠠᠢ      ᠯᠢ ᠵᠠᠨ ᠱᠦ ᠬᠤᠷᠠᠯ ᠢ ᠡᠷᠬᠢᠯᠠᠪᠠ
ᠨᠡᠶᠢᠲᠡᠯᠡᠭᠰᠡᠨ ᠴᠠᠭ᠄
2018/3/19
      ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠲᠡᠷᠢᠬᠦᠯᠡᠭᠴᠢᠳ ᠤᠨ ᠪᠦᠯᠬᠦᠮ ᠤᠨ ᠪᠠᠶᠢᠡᠭᠭᠤ ᠶᠢᠨ ᠲᠡᠷᠢᠬᠦᠯᠡᠭᠴᠢᠳ ᠤᠨ ᠲᠤᠯᠤᠳᠤᠭᠠᠷ ᠬᠤᠷᠠᠯ 18᠎ ᠤ ᠡᠳᠦᠷ ᠤᠨ ᠦᠳᠡ ᠶᠢᠨ ᠬᠤᠶᠢᠨ᠎ᠠ ᠠᠷᠠᠳ ᠤᠨ ᠶᠡᠭᠡ ᠬᠤᠷᠠᠯ ᠤᠨ ᠲᠠᠩᠬᠢᠮ ᠳᠤ ᠬᠤᠷᠠᠯᠳᠤᠪᠠ᠃ ᠶᠡᠭᠡ ᠬᠤᠷᠠᠯ ᠤᠨ ᠲᠡᠷᠢᠬᠦᠯᠡᠭᠴᠢᠳ ᠤᠨ ᠪᠦᠯᠬᠦᠮ ᠤᠨ ᠪᠠᠶᠢᠡᠭᠭᠤ ᠶᠢᠨ ᠲᠡᠷᠢᠬᠦᠯᠡᠭᠴᠢ ᠯᠢ ᠵᠠᠨ ᠱᠦ ᠬᠤᠷᠠᠯ ᠢ ᠡᠷᠬᠢᠯᠠᠪᠠ᠃      ᠬᠤᠷᠠᠯ ᠨᠢ ᠶᠡᠭᠡ ᠬᠤᠷᠠᠯ ᠤᠨ ᠲᠡᠳ᠋ ᠨᠠᠷᠢᠨ ᠪᠢᠴᠢᠭ ᠤᠨ ᠲᠠᠷᠤᠭ᠎ᠠ ᠰᠢᠨ ᠴᠦᠨ ᠶᠢᠩ ᠤᠨ ᠲᠤᠰ ᠲᠤᠰ ᠲᠠᠭᠠᠨ ᠬᠢᠭᠰᠡᠨ ᠶᠡᠭᠡ ᠬᠤᠷᠠᠯ ᠤᠨ ᠨᠠᠷᠢᠨ ᠪᠢᠴᠢᠭ ᠤᠨ ᠭᠠᠵᠠᠷ ᠤᠨ ᠪᠦᠬᠦ ᠤᠯᠤᠰ ᠤᠨ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠠᠵᠢᠯ ᠤᠨ ᠮᠡᠳᠡᠬᠦᠯᠤᠯᠳᠠ᠂ ᠠᠷᠠᠳ ᠤᠨ ᠲᠡᠭᠡᠳᠤ ᠰᠢᠬᠦᠬᠦ ᠬᠤᠷᠢᠶᠠᠨ ᠤ ᠠᠵᠢᠯ ᠤᠨ ᠮᠡᠳᠡᠬᠦᠯᠤᠯᠳᠠ᠂ ᠠᠷᠠᠳ ᠤᠨ ᠲᠡᠭᠡᠳᠤ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠬᠦᠯᠤᠯᠳᠠ ᠶᠢ ᠬᠢᠨᠠᠨ ᠵᠦᠪᠯᠡᠭᠰᠡᠨ ᠪᠠ ᠵᠠᠰᠠᠪᠤᠷᠢ ᠤᠷᠤᠭᠤᠯᠤᠬᠰᠠᠨ ᠪᠠᠶᠢᠳᠠᠯ ᠵᠢᠴᠢ ᠰᠢᠢᠳᠪᠤᠷᠢ ᠶᠢᠨ ᠲᠦᠰᠤᠯ ᠢ ᠤᠷᠤᠯᠠᠨ ᠪᠢᠴᠢᠭᠰᠡᠨ ᠨᠤᠤᠷᠠᠬ ᠤᠨ ᠲᠤᠬᠠᠢ ᠮᠡᠳᠡᠬᠦᠯᠤᠯᠳᠠ ᠶᠢ ᠰᠤᠨᠤᠰᠴᠠᠢ᠃      ᠶᠡᠭᠡ ᠬᠤᠷᠠᠯ ᠨᠢ ᠶᠡᠭᠡ ᠬᠤᠷᠠᠯ ᠤᠨ ᠲᠡᠳ᠋ ᠨᠠᠷᠢᠨ ᠪᠢᠴᠢᠭ ᠤᠨ ᠲᠠᠷᠤᠭ᠎ᠠ ᠵᠢᠶᠠᠩ ᠰᠢᠨ ᡁᠢ ᠶᠢᠨ ᠬᠢᠭᠰᠡᠨ ᠶᠡᠭᠡ ᠬᠤᠷᠠᠯ ᠤᠨ ᠨᠠᠷᠢᠨ ᠪᠢᠴᠢᠭ ᠤᠨ ᠭᠠᠵᠠᠷ ᠤᠨ ᠲᠦᠷᠤ ᠶᠢᠨ ᠶᠠᠪᠤᠳᠠᠯ ᠤᠨ ᠬᠤᠷᠢᠶ᠎ᠠ ᠶᠢᠨ ᠲᠡᠳ᠋ ᠶᠠᠷᠤᠩᠬᠡᠢ ᠰᠠᠶᠢᠳ᠂ ᠲᠦᠷᠤ ᠶᠢᠨ ᠶᠠᠪᠤᠳᠠᠯ ᠤᠨ ᠬᠡᠰᠢᠬᠦᠨ᠂ ᠡᠯ᠎ᠠ ᠶᠠᠮᠤᠨ ᠤ ᠰᠠᠶᠢᠳ᠂ ᠡᠯ᠎ᠠ ᠵᠦᠪᠯᠡᠯ ᠤᠨ ᠡᠷᠬᠢᠯᠡᠭᠴᠢ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠲᠠᠷᠤᠭ᠎ᠠ᠂ ᠬᠢᠨᠠᠨ ᠪᠤᠳᠤᠬᠤ ᠲᠠᠷᠤᠭ᠎ᠠ᠂ ᠨᠠᠷᠢᠨ ᠪᠢᠴᠢᠭ ᠤᠨ ᠲᠠᠷᠤᠭ᠎ᠠ ᠶᠢᠨ ᠵᠢᠱᠢᠭᠳᠡᠭᠴᠢ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠦᠨᠳᠤᠰᠤᠳᠠᠨ ᠤ ᠵᠦᠪᠯᠡᠯ᠂ ᠬᠢᠨᠠᠨ ᠪᠠᠶᠢᠴᠠᠭᠠᠬᠤ ᠪᠠ ᠬᠠᠤᠯᠢ ᠬᠡᠷᠡᠭᠵᠢᠭᠦᠯᠬᠦ ᠵᠦᠪᠯᠡᠯ᠂ ᠰᠤᠷᠭᠠᠨ ᠬᠦᠮᠤᠵᠢᠯ ᠰᠢᠨᠵᠢᠯᠡᠬᠦ ᠤᠬᠠᠭᠠᠨ ᠰᠤᠶᠤᠯ ᠡᠷᠡᠬᠦᠯ ᠬᠠᠮᠠᠭᠠᠯᠠᠯ ᠤᠨ ᠵᠦᠪᠯᠡᠯ᠂ ᠭᠠᠳᠠᠭᠠᠳᠤ ᠶᠠᠪᠤᠳᠠᠯ ᠤᠨ ᠵᠦᠪᠯᠡᠯ᠂ ᠳᠤᠮᠳᠠᠳᠤ ᠶᠢᠨ ᠬᠠᠷᠢᠶᠠᠳᠤ ᠶᠢᠨ ᠵᠦᠪᠯᠡᠯ᠂ ᠤᠷᠴᠢᠨ ᠲᠤᠭᠤᠷᠢᠨ ᠬᠢᠬᠡᠤᠨ ᠡᠬᠢ ᠪᠠᠶᠠᠯᠢᠬ ᠤᠨ ᠬᠠᠮᠠᠭᠠᠯᠠᠯᠳᠠ ᠶᠢᠨ ᠵᠦᠪᠯᠠᠯ᠂ ᠬᠦᠳᠡᠭᠡ ᠠᠵᠤ ᠠᠬᠤᠢ ᠬᠢᠬᠡᠤᠨ ᠬᠦᠳᠡᠭᠡ ᠲᠤᠰᠬᠤᠨ ᠤ ᠵᠦᠪᠯᠡᠯ᠂ ᠨᠡᠶᠢᠭᠡᠮ ᠤᠨ ᠪᠠᠶᠢᠭᠤᠯᠤᠯᠲᠠ ᠶᠢᠨ ᠵᠦᠪᠯᠡᠯ ᠤᠨ ᠡᠷᠬᠢᠯᠡᠭᠴᠢ ᠬᠡᠰᠢᠬᠦᠨ᠂ ᠲᠡᠳ᠋ ᠡᠷᠬᠢᠯᠡᠭᠴᠢ ᠬᠡᠰᠢᠬᠦᠨ᠂ ᠬᠡᠰᠢᠬᠦᠨ ᠤ ᠵᠢᠱᠢᠭᠳᠡᠭᠴᠢ ᠶᠢ ᠶᠠᠷᠢᠯᠴᠠᠨ ᠵᠦᠪᠳᠡᠯᠴᠡᠭᠰᠡᠨ ᠪᠠᠶᠢᠳᠠᠯ ᠤᠨ ᠲᠤᠬᠠᠢ ᠮᠡᠳᠡᠬᠦᠯᠤᠯᠳᠠ ᠶᠢ ᠰᠤᠨᠤᠰᠪᠠ᠃      ᠬᠤᠷᠠᠯ ᠠᠴᠠ ᠲᠡᠭᠡᠷᠡᠬᠢ ᠰᠢᠢᠳᠪᠤᠷᠢ ᠶᠢᠨ ᠲᠦᠰᠤᠯ ᠪᠤᠯᠤᠨ ᠡᠯ᠎ᠠ ᠵᠢᠱᠢᠭᠳᠡᠭᠴᠢᠤᠨ ᠤᠨ ᠨᠡᠷᠡᠰ ᠤᠨ ᠲᠦᠰᠤᠯ ᠢ ᠲᠡᠷᠢᠬᠦᠯᠡᠭᠴᠢᠳ ᠤᠨ ᠪᠦᠯᠬᠦᠮ ᠤᠨ ᠠᠷᠪᠠᠳᠤᠭᠠᠷ ᠬᠤᠷᠠᠯ ᠳᠤ ᠲᠡᠪᠰᠢᠬᠦᠯᠤᠨ ᠵᠦᠪᠯᠡᠬᠦᠯᠬᠦ ᠶᠢ ᠵᠦᠪᠰᠢᠶᠡᠷᠡᠪᠠ᠃      ᠶᠡᠭᠡ ᠬᠤᠷᠠᠯ ᠤᠨ ᠲᠡᠷᠢᠬᠦᠯᠡᠭᠴᠢᠳ ᠤᠨ ᠪᠦᠯᠬᠦᠮ ᠤᠨ ᠪᠠᠶᠢᠡᠭᠭᠤ ᠶᠢᠨ ᠲᠡᠷᠢᠬᠦᠯᠡᠭᠴᠢ ᠴᠧᠨ ᠰᠢ᠂ ᠸᠠᠩ ᠴᠧᠨ᠂ ᠼᠤᠤ ᠵᠢᠶᠠᠨ ᠮᠢᠩ᠂ ᠵᠠᠩ ᠴᠦᠨ ᠰᠢᠶᠠᠨ᠂ ᠱᠧᠨ ᠶᠤᠸᠠᠢ ᠶᠤᠸᠠᠢ᠂ ᠵᠢᠢ ᠪᠢᠩ ᠰᠢᠤᠸᠠᠨ᠂ ᠠᠶᠢᠯᠢᠭ᠍ᠸᠡᠩ · ᠢᠮᠢᠩᠪᠠᠭ᠋ᠠᠢ᠂ ᠸᠠᠨ ᠡᠸ᠋ ᠰᠢᠶᠠᠩ᠂ ᠴᠧᠨ ᠵᠦ ᠬᠤᠷᠠᠯ ᠳᠤ ᠤᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号