ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ 300 ᠭᠠᠷᠤᠶ ᠤᠳᠤᠷᠢᠳᠬᠤ ᠳᠤᠭᠤᠶᠢᠯᠠᠩ ᠢ 15 ᠪᠤᠯᠭᠠᠨ ᠴᠤᠮᠬᠠᠳᠬᠠᠪᠠ
ᠨᠡᠶᠢᠲᠡᠯᠡᠭᠰᠡᠨ ᠴᠠᠭ᠄
2018/3/2
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤᠶᠢᠷ᠎ᠠ ᠶᠢᠨ ᠵᠢᠯ ᠳᠤ ᠬᠦᠴᠦ ᠲᠠᠯᠪᠢᠵᠤ ᠪᠠᠶᠢᠭᠠᠳ᠂ ᠡᠯ᠎ᠡ ᠲᠥᠷᠥᠯ ᠤᠨ ᠬᠡᠷᠡᠭ ᠵᠥᠪᠯᠡᠬᠦ ᠵᠣᠬᠢᠴᠠᠭᠤᠯᠬᠤ ᠪᠠᠶᠢᠭᠤᠯᠤᠮᠵᠢ ᠶᠢ ᠴᠤᠮᠠᠬᠠᠳᠬᠠᠨ ᠨᠡᠶᠢᠯᠡᠭᠦᠯᠵᠦ᠂ ᠤᠤᠯ ᠤᠨ 314 ᠤᠳᠤᠷᠢᠳᠬᠤ ᠳᠤᠭᠤᠶᠢᠯᠠᠩ ᠢ 15 ᠪᠤᠯᠭᠠᠨ ᠴᠤᠮᠬᠠᠳᠬᠠᠪᠠ᠃      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠪᠦᠦ ᠵᠧᠨ ᠢᠦᠶ ᠶᠢᠨ ᠲᠠᠨᠢᠯᠴᠠᠭᠤᠯᠤᠭᠰᠠᠨ ᠢᠶᠠᠷ᠂ ᠵᠠᠰᠠᠭ ᠤᠨ ᠣᠷᠳᠣᠨ ᠤ ᠰᠢᠰᠲ᠋ᠧᠮ ᠤᠨ ᠠᠵᠢᠯ ᠤᠨ ᠰᠤᠷᠲᠠᠯ ᠢ ᠤᠯᠠᠮ ᠨᠢᠭᠡ ᠠᠯᠬᠤᠮ ᠬᠤᠪᠢᠷᠠᠭᠤᠯᠵᠤ᠂ ᠵᠠᠰᠠᠭ ᠤᠨ ᠣᠷᠳᠣᠨ ᠤ ᠠᠵᠢᠯ ᠤᠨ ᠦᠷ᠎ᠡ ᠪᠦᠲᠦᠮᠵᠢ ᠪᠣᠯᠤᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠦᠯᠦᠭᠡ᠂ 2017 ᠤᠨ ᠤ 10 ᠳ᠋ᠤᠭᠠᠷ ᠰᠠᠷ᠎ᠠ ᠠᠴᠠ ᠨᠠᠰᠢ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤᠳᠤᠷᠢᠳᠬᠤ ᠳᠤᠭᠤᠶᠢᠯᠠᠩ ᠢ ᠨᠡᠶᠢᠯᠡᠭᠦᠯᠦᠨ ᠴᠣᠮᠬᠠᠳᠬᠠᠬᠤ ᠠᠵᠢᠯ ᠢ ᠶᠡᠭᠡ ᠬᠦᠴᠦᠨ ᠢᠶᠠᠷ ᠦᠷᠨᠢᠭᠦᠯᠵᠡᠢ᠃      ᠤᠶᠢᠯᠠᠭᠠᠭᠰᠠᠨ ᠢᠶᠠᠷ᠂ ᠡᠨᠡ ᠤᠳᠠᠭ᠎ᠠ ᠶᠢᠨ ᠴᠤᠮᠠᠬᠠᠳᠬᠠᠨ ᠦᠯᠡᠳᠡᠭᠡᠭᠰᠡᠨ ᠪᠤᠶᠤ ᠨᠡᠶᠢᠯᠡᠭᠦᠯᠦᠨ ᠪᠠᠶᠢᠭᠤᠯᠤᠭᠰᠠᠨ 15 ᠤᠳᠤᠷᠢᠳᠬᠤ ᠳᠤᠭᠤᠶᠢᠯᠠᠩ ᠨᠢ ᠵᠠᠰᠠᠭ ᠤᠨ ᠣᠷᠳᠣᠨ ᠤ ᠠᠵᠢᠯ ᠤᠨ ᠭᠤᠣᠯ ᠲᠠᠯ᠎ᠠ ᠶᠢ ᠬᠠᠮᠤᠷᠤᠭᠰᠠᠨ ᠪᠠᠶᠢᠨ᠎ᠠ᠃ ᠵᠢᠱᠢᠶᠡᠯᠡᠪᠡᠯ᠂ ᠠᠶᠤᠯ ᠦᠭᠡᠢ ᠦᠢᠯᠡᠳᠪᠦᠷᠢᠯᠡᠯ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ᠂ ᠬᠢᠯᠢ ᠶᠢᠨ ᠬᠠᠮᠠᠭᠠᠯᠠᠯᠲᠠ᠂ ᠶᠡᠷᠦᠩᠬᠡᠶᠢᠯᠡᠭᠰᠡᠨ ᠠᠵᠤ ᠠᠬᠤᠢ᠂ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠠᠬᠢᠭᠤᠯᠬᠤ᠂ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠬᠤ᠂ ᠨᠡᠶᠢᠭᠡᠮ ᠤᠨ ᠦᠢᠯᠡᠰ᠂ ︽ᠲᠠᠷᠢᠶᠠᠯᠠᠩ ᠮᠠᠯ ᠠᠵᠤ ᠠᠬᠤᠶ︾᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠠ ᠣᠷᠴᠢᠨ ᠲᠤᠭᠤᠷᠢᠨ ᠤ ᠬᠠᠮᠠᠭᠠᠯᠠᠯᠲᠠ᠂ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ᠂ ᠦᠨᠳᠦᠰᠦᠲᠡᠨ ᠤ ᠬᠡᠷᠡᠭ ᠡᠷᠬᠢᠯᠡᠬᠦ᠂ ᠤᠯᠠᠨ ᠨᠡᠶᠢᠲᠡ ᠶᠢᠨ ᠠᠮᠤᠷ ᠲᠦᠪᠰᠢᠨ᠂ ᠭᠠᠳᠠᠭᠠᠳᠤ ᠯᠤᠭ᠎ᠠ ᠨᠡᠬᠡᠬᠡᠯᠳᠡ ᠬᠢᠵᠦ ᠬᠠᠮᠲᠤᠷᠠᠯᠴᠠᠬᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠵᠡᠷᠭᠡ ᠪᠤᠯᠤᠨ᠎ᠠ᠃      ᠪᠦᠦ ᠵᠧᠨ ᠢᠦᠢ ᠬᠡᠯᠡᠭᠰᠡᠨ ᠨᠢ᠂ ᠤᠳᠤᠷᠢᠳᠬᠤ ᠳᠤᠭᠤᠶᠢᠯᠠᠩ ᠪᠣᠯᠤᠨ ᠵᠠᠰᠠᠭ ᠤᠨ ᠣᠷᠳᠣᠨ ᠤ ᠬᠠᠷᠢᠴᠠᠭ᠎ᠠ ᠶᠢ ᠬᠠᠤᠯᠢ ᠶᠤᠰᠤᠭᠠᠷ ᠰᠠᠶᠢᠲᠤᠷ ᠰᠢᠶᠳᠪᠦᠷᠢᠯᠡᠵᠦ᠂ ᠬᠡᠷᠡᠭ ᠵᠥᠪᠯᠡᠬᠦ ᠵᠣᠬᠢᠴᠠᠭᠤᠯᠬᠤ ᠪᠠᠶᠢᠭᠤᠯᠤᠮᠵᠢ ᠶᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠶᠢᠨ ᠲᠦᠯᠦᠭᠡ᠂ ᠪᠤᠢ ᠪᠦᠬᠦᠢ ᠤᠳᠤᠷᠢᠳᠬᠤ ᠳᠤᠭᠤᠶᠢᠯᠠᠩ ᠳᠤ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠡᠷᠦᠩᠬᠡᠶ ᠬᠠᠷᠢᠭᠤᠴᠠᠯᠭ᠎ᠠ ᠡᠭᠦᠷᠭᠡᠯᠡᠵᠦ᠂ ᠬᠤᠪᠢᠳᠠᠨ ᠬᠠᠮᠢᠶᠠᠷᠴᠤ ᠪᠦᠬᠦᠢ ᠳᠡᠳ᠋ ᠲᠡᠷᠢᠭᠦᠯᠡᠭᠴᠢ ᠬᠠᠷᠢᠴᠠᠩᠭᠤᠢ ᠲᠤᠰᠬᠠᠶ ᠠᠵᠢᠯ ᠢ ᠬᠠᠷᠢᠭᠤᠴᠠᠵᠤ᠂ ᠡᠯ᠎ᠡ ᠪᠦᠷᠢᠯᠳᠦᠬᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠨᠥᠬᠦᠳ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠤ ᠲᠤᠰᠢᠶᠠᠯ ᠢ ᠡᠭᠦᠷᠭᠡᠯᠡᠵᠡᠢ ᠭᠡᠪᠡ᠃      ᠡᠨᠡ ᠤᠳᠠᠭ᠎ᠠ ᠶᠢᠨ ᠴᠤᠮᠠᠬᠠᠳᠬᠠᠨ ᠨᠡᠶᠢᠯᠡᠭᠦᠯᠬᠦ ᠤᠳᠤᠷᠢᠳᠬᠤ ᠳᠤᠭᠤᠶᠢᠯᠠᠩ ᠳᠤ᠂ ᠡᠷᠴᠢᠮᠯᠢᠭ ᠥᠨᠳᠥᠷ ᠪᠦᠲᠦᠮᠵᠢᠲᠡᠶ ᠠᠵᠢᠯᠯᠠᠭᠠᠨ ᠤ ᠲᠣᠭᠲᠠᠴᠠ ᠶᠢ ᠪᠠᠶᠢᠭᠤᠯᠵᠤ᠂ ᠤᠳᠤᠷᠢᠳᠬᠤ ᠳᠤᠭᠤᠶᠢᠯᠠᠩ ᠤᠨ ᠭᠤᠣᠯᠳᠠᠯᠭ᠎ᠠ ᠵᠣᠬᠢᠴᠠᠭᠤᠯᠬᠤ ᠦᠢᠯᠡᠳᠦᠯ ᠢ ᠤᠯᠠᠮ ᠨᠢᠭᠡ ᠠᠯᠬᠤᠮ ᠳᠤᠪᠤᠶᠢᠯᠭᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠬᠤ ᠪᠠ ᠵᠠᠰᠠᠭ ᠤᠨ ᠣᠷᠳᠣᠨ ᠤ ᠰᠢᠶᠳᠪᠦᠷᠢᠲᠦ ᠪᠤᠳᠤᠯᠭ᠎ᠠ ᠶᠢ ᠵᠢᠷᠤᠮᠵᠢᠭᠤᠯᠬᠤ ᠳᠤ ᠴᠢᠬᠤᠯᠠ ᠳᠦᠷᠢᠮ ᠤᠨ ᠪᠠᠲᠤᠯᠠᠭ᠎ᠠ ᠬᠠᠩᠭᠠᠭᠰᠠᠨ ᠪᠠᠶᠢᠨ᠎ᠠ᠃ ᠵᠢᠱᠢᠶᠡᠯᠡᠪᠡᠯ᠂ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠡᠭᠦᠯᠡᠨ ᠪᠤᠳᠤᠯᠲᠠ ᠶᠢᠨ ᠠᠵᠤ ᠦᠶᠯᠡᠰ ᠤᠨ ᠬᠥᠭᠵᠢᠯᠲᠡ ᠵᠡᠷᠭᠡ 34 ᠤᠳᠤᠷᠢᠳᠬᠤ ᠳᠤᠭᠤᠶᠢᠯᠠᠩ ᠢ ᠥᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠭᠰᠡᠨ ᠠᠵᠤ ᠠᠬᠤᠶ ᠶᠢᠨ ᠠᠵᠢᠯ ᠤᠨ ᠤᠳᠤᠷᠢᠳᠬᠤ ᠳᠤᠭᠤᠶᠢᠯᠠᠩ ᠳᠤ ᠨᠡᠶᠢᠯᠡᠭᠦᠯᠵᠦ ᠤᠷᠤᠭᠤᠯᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号