ᠥᠪᠥᠷ ᠵᠠᠰᠠᠭ ᠠᠯᠪᠠᠨ ᠲᠠᠷᠬᠠᠭᠠᠭᠰᠠᠨ ﹇2017﹈ 147 ᠳ᠋ᠤᠭᠠᠷ ᠲᠤᠭᠠᠳᠤ | 2017 ᠤᠨ ᠤ 9 ᠳ᠋ᠤᠭᠡᠷ ᠰᠠᠷ᠎ᠠ ᠶᠢᠨ 15 ᠤ ᠡᠳᠥᠷ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠥᠪᠡᠷᠲᠡᠭᠡᠨ ᠵᠠᠰᠠᠬᠤ ᠤᠷᠤᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠤᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠥᠢᠯᠡᠰ ᠤᠨ | ᠨᠢᠭᠡᠴᠡ ᠳᠤ᠄ | ᠥᠪᠡᠷᠲᠡᠭᠡᠨ ᠵᠠᠰᠠᠬᠤ ᠤᠷᠤᠨ ᠤ ᠰᠤᠶᠤᠯ ᠤᠨ ᠲᠢᠩᠬᠢᠮ ᠤᠨ ︽ᠤᠯᠠᠮᠵᠢᠯᠠᠯᠲᠤ ᠭᠠᠷ ᠤᠷᠠᠯᠠᠯ ᠢ | ᠭᠥᠭᠵᠢᠭᠦᠯᠥᠨ ᠮᠠᠨᠳᠤᠭᠤᠯᠬᠤ ᠲᠤᠬᠠᠢ ᠭᠡᠷᠡᠭᠵᠢᠭᠦᠯᠬᠦ ᠰᠠᠨᠠᠯ︾ ᠢ ᠥᠪᠡᠷᠲᠡᠭᠡᠨ ᠵᠠᠰᠠᠬᠤ ᠤᠷᠤᠨ ᠤ ᠠᠷᠠᠳ ᠤᠨ | ᠵᠠᠰᠠᠭ ᠤᠨ ᠤᠷᠳᠤᠨ ᠢᠶᠠᠷ ᠵᠥᠪᠰᠢᠶᠡᠷᠡᠭᠦᠯᠥᠭᠡᠳ᠂ ᠡᠳᠥᠭᠡ ᠲᠠᠨᠠᠷ ᠲᠤ ᠤᠯᠠᠮᠵᠢᠯᠠᠨ ᠶᠠᠪᠤᠭᠤᠯᠤᠯ᠎ᠠ᠂ | ᠪᠤᠲᠠᠳᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠳᠥᠭᠡᠢ᠃ | ᠤᠯᠠᠮᠵᠢᠯᠠᠯᠲᠤ ᠭᠠᠷ ᠤᠷᠠᠯᠠᠯ ᠢ ᠬᠥᠭᠵᠢᠭᠦᠯᠥᠨ ᠮᠠᠨᠳᠤᠭᠤᠯᠬᠤ ᠲᠤᠬᠠᠢ ᠭᠡᠷᠡᠭᠵᠢᠭᠦᠯᠬᠦ ᠰᠠᠨᠠᠯ | ᠥᠪᠡᠷᠲᠡᠭᠡᠨ ᠵᠠᠰᠠᠬᠤ ᠤᠷᠤᠨ ᠤ ᠰᠤᠶᠤᠯ ᠤᠨ ᠲᠢᠩᠬᠢᠮ | ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠲᠠᠪᠤᠳᠤᠭᠠᠷ ᠪᠥᠭᠦᠳᠠ ᠬᠤᠷᠠᠯ ᠤᠨ ︽ | ᠳᠤᠮᠳᠠᠳᠤ ᠶᠢᠨ ᠤᠯᠠᠮᠵᠢᠯᠠᠯᠲᠤ ᠰᠢᠯᠢᠳᠡᠭ ᠰᠤᠶᠤᠯ ᠢ ᠤᠯᠠᠮᠵᠢᠯᠠᠨ ᠵᠠᠯᠭᠠᠮᠵᠢᠯᠠᠬᠤ ᠰᠢᠰᠲ᠋ᠧᠮᠵᠢ ᠶᠢ ᠪᠠᠶᠢᠭᠤᠯᠵᠤ᠂ | ᠰᠤᠶᠤᠯ ᠤᠨ ᠥᠪ ᠬᠥᠷᠥᠩᠭᠡ ᠶᠢ ᠬᠠᠮᠠᠭᠠᠯᠠᠬᠤ ᠶᠢ ᠴᠢᠩᠭᠠᠳᠬᠠᠨ᠂ ᠤᠯᠠᠮᠵᠢᠯᠠᠯᠲᠤ ᠭᠠᠷ ᠤᠷᠠᠯᠠᠯ ᠢ ᠭᠥᠭᠵᠢᠭᠦᠯᠥᠨ | ᠮᠠᠨᠳᠤᠭᠤᠯᠬᠤ︾ ᠲᠤᠬᠠᠢ ᠱᠠᠭᠠᠷᠳᠠᠯᠭ᠎ᠠ ᠪᠤᠯᠤᠨ ︽ᠰᠤᠶᠤᠯ ᠤᠨ ᠶᠠᠮᠤᠨ ᠵᠡᠷᠭᠡ ᠰᠠᠯᠠᠭ᠎ᠠ ᠮᠥᠴᠢᠷ ᠤᠨ ᠳᠤᠮᠳᠠᠳᠤ | ᠤᠯᠤᠰ ᠤᠨ ᠤᠯᠠᠮᠵᠢᠯᠠᠯᠲᠤ ᠭᠠᠷ ᠤᠷᠠᠯᠠᠯ ᠢ ᠭᠥᠭᠵᠢᠭᠦᠯᠥᠨ ᠮᠠᠨᠳᠤᠭᠤᠯᠬᠤ ᠲᠥᠯᠥᠪᠯᠡᠭᠡ ᠶᠢ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠤᠯᠠᠮᠵᠢᠯᠠᠨ ᠶᠠᠪᠤᠭᠤᠯᠬᠤ ᠮᠡᠳᠡᠭᠳᠡᠯ︾ ︵ᠲᠥᠷᠥ ᠠᠯᠪᠠᠨ | ᠲᠠᠷᠬᠠᠭᠠᠭᠰᠠᠨ ﹇2017﹈ 25 ᠳ᠋ᠤᠭᠠᠷ ᠲᠤᠭᠠᠲᠤ︶ ᠤᠨ ᠵᠤᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠪᠥᠬᠦ | ᠤᠷᠤᠨ ᠤ ᠤᠯᠠᠮᠵᠢᠯᠠᠯᠲᠤ ᠭᠠᠷ ᠤᠷᠠᠯᠠᠯ ᠢ ᠤᠯᠠᠮᠵᠢᠯᠠᠨ ᠵᠠᠯᠭᠠᠮᠵᠢᠯᠠᠬᠤ ᠪᠡ ᠭᠥᠭᠵᠢᠭᠦᠯᠥᠨ ᠮᠠᠨᠳᠤᠭᠤᠯᠬᠤ ᠶᠢ | ᠠᠬᠢᠭᠤᠯᠬᠤ ᠶᠢᠨ ᠲᠤᠰᠠᠲᠠ᠂ ᠡᠳᠥᠭᠡ ᠳᠤᠤᠷᠠᠬᠢ ᠮᠡᠳᠥ ᠰᠠᠨᠠᠯ ᠢ ᠳᠤᠷᠠᠳᠪᠠ᠃ | ᠨᠢᠭᠡ᠂ ᠴᠢᠬᠤᠯᠠ ᠠᠴᠢ ᠬᠤᠯᠪᠤᠭᠳᠠᠯ | ᠤᠯᠠᠮᠵᠢᠯᠠᠯᠲᠤ ᠭᠠᠷ ᠤᠷᠠᠯᠠᠯ ᠭᠡᠳᠡᠭ ᠨᠢ ᠲᠡᠤᠬᠡ ᠶᠢᠨ ᠤᠯᠠᠮᠵᠢᠯᠠᠯ ᠪᠤᠯᠤᠨ ᠥᠨᠳᠥᠰᠥᠲᠡᠨ ᠪᠤᠶᠤ ᠤᠷᠤᠨ | ᠨᠤᠲᠤᠭ ᠤᠨ ᠤᠨᠴᠠᠯᠢᠭ ᠪᠥᠬᠦᠢ ᠡᠳᠥᠷ ᠳᠤᠲᠤᠮ ᠤᠨ ᠠᠮᠢᠳᠤᠷᠠᠯ ᠯᠤᠭ᠎ᠠ ᠨᠢᠭᠲᠠ ᠬᠠᠷᠢᠴᠠᠭ᠎ᠠ ᠲᠠᠢ ᠪᠥᠭᠡᠳ | ᠭᠤᠤᠯᠳᠠᠭᠤ ᠭᠠᠷ ᠤᠷᠠᠯᠠᠯ ᠤᠨ ᠭᠥᠳᠡᠯᠮᠤᠷᠢ ᠳᠤ ᠲᠥᠰᠢᠭᠯᠡᠨ ᠪᠥᠲᠥᠭᠡᠭᠳᠡᠭᠰᠡᠨ ᠭᠠᠷ ᠤᠷᠠᠯᠠᠯ ᠵᠢᠴᠢ ᠬᠠᠮᠢᠶ᠎ᠠ ᠪᠥᠬᠦᠢ | ᠪᠥᠲᠥᠭᠡᠭᠳᠡᠭᠦᠨ ᠢ ᠵᠢᠭᠠᠨ᠎ᠠ᠂ ᠡᠨᠡ ᠨᠢ ᠡᠭᠦᠳᠥᠯᠲᠡ ᠶᠢᠨ ᠴᠢᠨᠠᠷᠲᠠᠢ ᠭᠠᠷ ᠤᠷᠠᠯᠠᠯ ᠤᠨ ᠬᠥᠳᠡᠯᠮᠤᠷᠢ ᠪᠠ | ᠮᠠᠲ᠋ᠧᠷᠢᠶᠠᠯ ᠤᠨ ᠤᠨᠴᠠᠯᠢᠭ ᠪᠠᠷ ᠨᠢ ᠥᠪᠡᠷᠮᠢᠴᠡᠵᠢᠭᠦᠯᠥᠨ ᠥᠢᠯᠡᠳᠥᠭᠰᠡᠨ ᠪᠤᠯᠬᠤᠷ ᠠᠵᠤ ᠥᠢᠯᠡᠳᠪᠥᠷᠢᠵᠢᠭᠰᠡᠨ | ᠥᠢᠯᠡᠳᠪᠥᠷᠢᠯᠡᠯ ᠤᠨ ᠤᠷᠤᠯᠠᠰᠢ ᠥᠭᠡᠢ ᠤᠠᠴᠠᠭᠠᠢ ᠰᠢᠨᠵᠢ ᠲᠠᠢ ᠪᠠᠶᠢᠳᠠᠭ᠃ ᠡᠯ᠎ᠡ ᠥᠨᠳᠥᠰᠥᠲᠡᠨ ᠤ ᠠᠷᠠᠳ | ᠲᠥᠮᠡᠨ ᠤ ᠤᠷᠲᠤ ᠤᠳᠠᠭᠠᠨ ᠬᠤᠭᠤᠴᠠᠭᠠᠨ ᠤ ᠥᠢᠯᠡᠳᠪᠥᠷᠢᠯᠡᠯ ᠠᠮᠢᠳᠤᠷᠠᠯ ᠤᠨ ᠥᠢᠯᠡᠳᠥᠯᠭᠡ ᠳᠤᠮᠳᠠ | ᠪᠥᠷᠢᠯᠳᠥᠭᠰᠡᠨ ᠡᠳᠡᠭᠡᠷ ᠤᠯᠠᠮᠵᠢᠯᠡᠯᠲᠤ ᠭᠠᠷ ᠤᠷᠠᠯᠠᠯ ᠨᠢ᠂ ᠡᠯ᠎ᠡ ᠥᠨᠳᠥᠰᠥᠲᠡᠨ ᠤ ᠰᠤᠶᠤᠯ ᠤᠨ ᠥᠷᠳᠡᠭ ᠤᠨ | ᠥᠵᠡᠯᠲᠡ᠂ ᠥᠵᠡᠯ ᠰᠠᠨᠠᠭ᠎ᠠ ᠤᠶᠤᠨ ᠤᠬᠠᠭᠠᠨ ᠬᠢᠬᠡᠳ ᠥᠢᠯᠡᠳᠥᠯᠭᠡ ᠶᠢᠨ ᠲᠤᠷᠰᠢᠯᠭ᠎ᠠ ᠶᠢ ᠠᠬᠤᠭᠤᠯᠵᠤ ᠪᠠᠶᠢᠭ᠎ᠠ | ᠪᠤᠯᠬᠤᠷ ᠪᠤᠳᠠᠰ ᠤᠨ ᠪᠤᠰᠤ ᠰᠤᠶᠤᠯ ᠤᠨ ᠥᠪ ᠭᠥᠷᠥᠩᠬᠡ ᠶᠢᠨ ᠴᠢᠬᠤᠯᠠ ᠪᠥᠷᠢᠯᠳᠥᠭᠦᠨ ᠬᠡᠰᠡᠭ ᠪᠤᠯᠪᠠ᠃ ᠮᠠᠨ ᠤ | ᠤᠷᠤᠨ ᠤ ᠤᠯᠠᠮᠵᠢᠯᠠᠯᠲᠤ ᠭᠠᠷ ᠤᠷᠠᠯᠠᠯ ᠨᠢ ᠲᠥᠷᠥᠯ ᠵᠥᠢᠯ ᠢᠶᠠᠷ ᠤᠯᠠᠨ᠂ ᠲᠠᠷᠬᠠᠯᠲᠠ ᠪᠠᠷ ᠥᠷᠭᠡᠨ ᠪᠠᠶᠢᠳᠠᠭ᠃ | ᠤᠯᠠᠮᠵᠢᠯᠠᠯᠲᠤ ᠭᠠᠷ ᠤᠷᠠᠯᠠᠯ ᠢ ᠭᠥᠭᠵᠢᠭᠦᠯᠥᠨ ᠮᠠᠨᠳᠤᠭᠤᠯᠬᠤ ᠨᠢ ᠮᠠᠨ ᠤ ᠤᠷᠤᠨ ᠤ ᠤᠯᠠᠮᠵᠢᠯᠠᠯᠲᠤ ᠰᠢᠯᠢᠳᠡᠭ | ᠰᠤᠶᠤᠯ ᠢ ᠤᠯᠠᠮᠵᠢᠯᠠᠬᠤ ᠪᠠ ᠬᠥᠭᠵᠢᠭᠦᠯᠬᠦ᠂ ᠰᠤᠶᠤᠯ ᠤᠨ ᠠᠮᠢ ᠠᠬᠤᠢ ᠶᠢ ᠬᠠᠳᠠᠭᠠᠯᠠᠬᠤ᠂ ᠰᠤᠶᠤᠯ ᠤᠨ ᠡᠬᠢ | ᠪᠠᠶᠠᠯᠢᠭ ᠢ ᠪᠠᠶᠠᠯᠢᠬᠵᠢᠭᠤᠯᠬᠤ᠂ ᠰᠤᠶᠤᠯ ᠤᠨ ᠢᠲᠡᠭᠡᠯ ᠢ ᠨᠡᠮᠡᠭᠳᠡᠭᠦᠯᠬᠦ ᠳᠤ ᠲᠤᠰᠠᠯᠠᠮᠵᠢ ᠪᠤᠯᠳᠠᠭ︔ ᠭᠠᠷ | ᠤᠷᠠᠯᠠᠯ ᠤᠨ ᠭᠥᠳᠡᠯᠮᠥᠷᠢ ᠶᠢᠨ ᠡᠭᠦᠳᠥᠯᠲᠡ ᠶᠢᠨ ᠬᠥᠴᠥᠨ ᠢ ᠨᠡᠩ ᠰᠠᠶᠢᠨ ᠢᠶᠠᠷ ᠪᠠᠳᠠᠷᠠᠭᠤᠯᠬᠤ᠂ ᠭᠠᠷ ᠤᠷᠠᠯᠠᠯ ᠤᠨ | ᠬᠥᠳᠡᠯᠮᠥᠷᠢ ᠶᠢᠨ ᠡᠭᠦᠳᠦᠯᠲᠡ ᠶᠢᠨ ᠴᠢᠨᠠᠷᠲᠠᠢ ᠥᠷᠲᠡᠭ ᠢ ᠢᠯᠡᠷᠡᠭᠦᠯᠬᠦ᠂ ᠨᠢᠭᠲᠠ ᠨᠠᠷᠢᠯᠢᠬ ᠲᠠᠷᠬᠠᠳ ᠤᠨ ᠵᠤᠷᠢᠭ | ᠰᠠᠨᠠᠭ᠎ᠠ ᠶᠢ ᠪᠥᠬᠦ ᠨᠡᠶᠢᠭᠡᠮ ᠳᠤ ᠬᠥᠮᠥᠵᠢᠭᠦᠯᠬᠦ ᠪᠡ ᠮᠠᠨᠳᠤᠭᠤᠯᠬᠤ ᠳᠤ ᠲᠤᠰᠠᠯᠠᠮᠵᠢ ᠪᠤᠯᠳᠠᠭ︔ ᠠᠵᠢᠯ ᠤᠯᠭᠤᠬᠤ ᠶᠢ | ᠠᠬᠢᠭᠤᠯᠬᠤ᠂ ᠤᠨᠢᠨ ᠳᠡᠭᠡᠷ᠎ᠡ ᠨᠢ ᠶᠠᠳᠠᠭᠤ ᠶᠢ ᠳᠡᠳᠬᠦᠬᠦ ᠶᠢ ᠪᠡᠶᠡᠯᠡᠭᠦᠯᠬᠦ᠂ ᠬᠤᠲᠠ ᠭᠥᠳᠡᠭᠡ ᠶᠢᠨ ᠰᠠᠭᠤᠭᠠᠯᠢ | ᠠᠷᠠᠳ ᠤᠨ ᠤᠷᠤᠯᠭ᠎ᠠ ᠶᠢ ᠨᠡᠮᠡᠭᠳᠡᠭᠦᠯᠬᠦ᠂ ᠤᠯᠠᠮᠵᠢᠯᠠᠯᠲᠤ ᠵᠠᠭᠡᠯᠢ ᠭᠤᠳᠤᠮᠵᠢ ᠪᠤᠯᠤᠨ ᠬᠦᠳᠡᠭᠡ ᠲᠤᠰᠬᠤᠨ ᠤ | ᠠᠮᠢᠵᠢᠷᠠᠯ ᠤᠨ ᠬᠥᠴᠥᠨ ᠢ ᠨᠡᠮᠡᠭᠳᠡᠭᠦᠯᠬᠦ ᠳᠤ ᠲᠤᠰᠠᠯᠠᠮᠵᠢ ᠪᠤᠯᠳᠠᠭ᠃ | ᠬᠤᠶᠠᠷ᠂ ᠶᠡᠷᠥᠩᠬᠡᠢ ᠱᠠᠭᠠᠷᠳᠠᠯᠭ᠎ᠠ | ︵ᠨᠢᠭᠡ︶ ᠶᠡᠷᠥᠩᠬᠡᠢ ᠬᠠᠷᠠᠯᠲᠠ᠃ ᠥᠪᠡᠷᠲᠡᠭᠡᠨ ᠵᠠᠰᠠᠬᠤ ᠤᠷᠤᠨ ᠤ ᠡᠯ᠎ᠡ ᠥᠨᠳᠥᠰᠥᠲᠡᠨ ᠤ ᠤᠯᠠᠮᠵᠢᠯᠠᠯᠲᠤ | ᠰᠢᠯᠢᠳᠡᠭ ᠰᠤᠶᠤᠯ ᠳᠤ ᠰᠠᠭᠤᠷᠢᠯᠠᠨ᠂ ᠪᠤᠰᠤᠳ ᠥᠨᠳᠥᠰᠥᠲᠡᠨ ᠪᠤᠯᠤᠨ ᠭᠠᠵᠠᠷ ᠤᠷᠤᠨ ᠤ ᠰᠢᠯᠢᠳᠡᠭ ᠰᠤᠶᠤᠯ ᠤᠨ | ᠥᠷ᠎ᠡ ᠪᠥᠲᠥᠮᠵᠢ ᠶᠢ ᠲᠤᠯᠢᠳᠠᠨ ᠰᠤᠷᠤᠯᠴᠠᠵᠤ᠂ ᠤᠯᠠᠮᠵᠢᠯᠠᠯᠲᠤ ᠭᠠᠷ ᠤᠷᠠᠯᠠᠯ ᠳᠤ ᠬᠠᠳᠠᠭᠠᠯᠠᠭᠳᠠᠵᠤ ᠪᠠᠶᠢᠭ᠎ᠠ | ᠰᠤᠶᠤᠯ ᠤᠨ ᠡᠯᠧᠮᠧᠨ᠋ᠲ ᠪᠠ ᠭᠠᠷ ᠤᠷᠠᠯᠠᠯ ᠤᠨ ᠤᠨᠤᠯᠵᠢᠬᠤᠨ ᠢ ᠠᠭᠤᠳᠠᠯᠬᠤ ᠪᠠ ᠠᠰᠢᠭᠯᠠᠵᠤ᠂ ᠤᠯᠠᠮᠵᠢᠯᠠᠯᠲᠤ | ᠭᠠᠷ ᠤᠷᠠᠯᠠᠯ ᠤᠨ ᠰᠡᠳᠤᠪ ᠮᠠᠲ᠋ᠧᠷᠢᠶᠠᠯ ᠪᠠ ᠪᠥᠲᠥᠭᠡᠭᠳᠡᠭᠦᠨ ᠤ ᠲᠥᠷᠥᠯ ᠵᠥᠢᠯ ᠢ ᠪᠠᠶᠠᠯᠢᠬᠵᠢᠭᠤᠯᠵᠤ᠂ ᠵᠢᠷᠤᠭᠯᠠᠨ | ᠲᠦᠯᠦᠪᠯᠡᠬᠦ ᠪᠡ ᠥᠢᠯᠡᠳᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠥᠨ᠂ ᠪᠥᠲᠥᠭᠡᠭᠳᠡᠭᠦᠨ ᠤ ᠶᠠᠰᠥ ᠴᠢᠨᠠᠷ ᠢ | ᠰᠠᠶᠢᠵᠢᠷᠠᠭᠤᠯᠵᠤ᠂ ᠰᠢᠯᠢᠳᠡᠭ ᠳᠠᠷᠬᠠᠳ ᠪᠠ ᠨᠡᠷᠡᠲᠥ ᠲᠥᠷᠥᠯ ᠲᠡᠮᠳᠡᠭᠲᠥ ᠶᠢ ᠪᠤᠶᠢᠵᠢᠭᠤᠯᠤᠨ᠂ ᠤᠯᠠᠮᠵᠢᠯᠠᠯᠲᠤ ᠭᠠᠷ | ᠤᠷᠠᠯᠠᠯ ᠢ ᠤᠳᠤ ᠥᠶ᠎ᠡ ᠶᠢᠨ ᠠᠮᠢᠳᠤᠷᠠᠯ ᠳᠤᠮᠳᠠ ᠰᠢᠨ᠎ᠡ ᠪᠠᠷ ᠥᠷᠭᠡᠨ ᠳᠡᠯᠭᠡᠷ ᠬᠡᠷᠡᠭᠯᠡᠭᠳᠡᠬᠦ ᠪᠤᠯᠭᠠᠵᠤ᠂ ᠤᠯᠠᠨ | ᠲᠥᠮᠡᠨ ᠤ ᠬᠡᠷᠡᠭᠯᠡᠭᠡ ᠶᠢᠨ ᠳᠡᠰ ᠳᠡᠪᠰᠢᠬᠦ ᠱᠠᠭᠠᠷᠳᠠᠯᠭ᠎ᠠ ᠶᠢ ᠨᠡᠩ ᠰᠠᠶᠢᠨ ᠢᠶᠠᠷ ᠬᠠᠩᠭᠠᠨ᠎ᠠ᠃ | ︵ᠬᠤᠶᠠᠷ︶ ᠥᠨᠳᠥᠰᠥᠨ ᠵᠠᠷᠴᠢᠮ᠃ | 1. ᠬᠠᠮᠠᠭᠠᠯᠠᠬᠤ ᠪᠠᠷ ᠭᠤᠤᠯ ᠪᠤᠯᠭᠠᠵᠤ᠂ ᠠᠰᠢᠭᠯᠠᠬᠤ ᠶᠢ ᠴᠢᠩᠭᠠᠳᠬᠠᠬᠤ ᠬᠡᠷᠡᠭᠲᠡᠢ᠃ ᠤᠯᠠᠮᠵᠢᠯᠠᠯᠲᠤ ᠭᠠᠷ | ᠤᠷᠠᠯᠠᠯ ᠤᠨ ᠥᠨᠳᠥᠰᠥᠲᠡᠨ ᠤ ᠤᠨᠴᠠᠯᠢᠭ ᠪᠡ ᠤᠷᠤᠨ ᠨᠤᠲᠤᠭ ᠤᠨ ᠰᠤᠶᠤᠯ ᠤᠨ ᠤᠨᠴᠠᠯᠢᠭ ᠢ ᠳᠤᠪᠤᠶᠢᠯᠭᠠᠨ᠂ | ᠤᠯᠠᠮᠵᠢᠯᠠᠯᠲᠤ ᠭᠠᠷ ᠤᠷᠠᠯᠠᠯ ᠤᠨ ᠰᠤᠶᠤᠯ ᠤᠨ ᠤᠬᠢ ᠰᠤᠳᠤ ᠪᠡ ᠭᠤᠤᠯᠯᠠᠬᠤ ᠥᠷᠳᠡᠭ ᠢ ᠬᠠᠮᠠᠭᠠᠯᠠᠵᠤ᠂ | ᠤᠯᠠᠮᠵᠢᠯᠠᠯᠲᠤ ᠭᠠᠷ ᠤᠷᠠᠯᠠᠯ ᠢ ᠬᠠᠮᠠᠭᠠᠯᠠᠵᠤ ᠠᠰᠢᠭᠯᠠᠬᠤ ᠶᠢ ᠴᠢᠩᠭᠠᠳᠬᠠᠨ᠂ ᠨᠠᠶᠢᠭᠡᠮ ᠳᠤ ᠥᠢᠯᠡᠴᠢᠯᠡᠨ ᠠᠷᠠᠳ | ᠤᠯᠠᠨ ᠳᠤ ᠥᠢᠯᠡᠴᠢᠯᠡᠬᠦ ᠭᠡᠷᠡᠭᠲᠡᠢ᠃ | 2. ᠨᠢᠭᠲᠠ ᠨᠠᠷᠢᠯᠢᠬ ᠪᠠᠶᠢᠯᠭᠠᠵᠤ᠂ ᠶᠠᠰᠥ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠲᠠᠷᠬᠠᠳ ᠤᠨ ᠰᠤᠶᠤᠯ ᠢ | ᠰᠢᠮᠡᠵᠢᠭᠦᠯᠥᠨ᠂ ᠠᠩᠬᠠᠷᠤᠯ ᠲᠠᠯᠪᠢᠨ ᠪᠠᠲᠤ ᠰᠠᠬᠢᠬᠤ ᠶᠢ ᠰᠠᠨᠠᠭᠠᠴᠢᠯᠠᠵᠤ᠂ ᠶᠠᠰᠤ ᠴᠢᠨᠠᠷ ᠢ ᠲᠡᠷᠢᠭᠦᠨ ᠳᠤ | ᠲᠠᠯᠪᠢᠬᠤ ᠶᠢ ᠪᠠᠷᠢᠮᠲᠠᠯᠠᠨ᠂ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢ ᠲᠥᠯᠬᠢᠨ ᠠᠬᠢᠭᠤᠯᠵᠤ᠂ ᠨᠡᠷᠡᠲᠥ ᠲᠥᠷᠥᠯ | ᠲᠡᠮᠳᠡᠭᠲᠥ ᠶᠢᠨ ᠪᠠᠶᠢᠭᠤᠯᠤᠯᠲᠠ ᠶᠢ ᠴᠢᠩᠭᠠᠳᠬᠠᠨ᠂ ᠰᠤᠳᠤᠨ ᠵᠥᠢᠯ ᠢ ᠢᠯᠡᠭᠦᠥ ᠥᠢᠯᠡᠳᠴᠥ᠂ ᠴᠢᠳᠠᠪᠤᠷᠢᠲᠠᠨ ᠢ | ᠢᠯᠡᠭᠦᠥ ᠬᠥᠮᠥᠵᠢᠭᠦᠯᠬᠦ ᠬᠡᠷᠡᠭᠲᠡᠢ᠃ | 3. ᠠᠮᠢᠳᠤᠷᠠᠯ ᠳᠤ ᠠᠭᠤᠰᠤᠯᠴᠠᠭᠤᠯᠵᠤ᠂ ᠠᠮᠢᠵᠢᠷᠠᠯ ᠤᠨ ᠬᠥᠴᠥᠨ ᠢ ᠭᠥᠭᠵᠢᠭᠡᠭᠦ ᠬᠡᠷᠡᠭᠲᠡᠢ᠃ ᠪᠤᠳᠠᠰ ᠤᠨ | ᠪᠤᠰᠤ ᠰᠤᠶᠤᠯ ᠤᠨ ᠥᠪ ᠬᠥᠷᠥᠩᠭᠡ ᠶᠢᠨ ᠪᠥᠲᠥᠭᠡᠭᠳᠡᠭᠦᠨ ᠪᠠ ᠤᠳᠤ ᠥᠶ᠎ᠡ ᠶᠢᠨ ᠬᠥᠮᠥᠰ ᠤᠨ ᠱᠠᠭᠠᠷᠳᠠᠯᠭ᠎ᠠ | ᠬᠡᠷᠡᠭᠴᠡᠭᠡ ᠶᠢ ᠵᠤᠯᠭᠠᠭᠤᠯᠬᠤ ᠶᠢ ᠲᠥᠯᠬᠢᠨ ᠠᠬᠢᠭᠤᠯᠵᠤ᠂ ᠤᠳᠤ ᠥᠶ᠎ᠡ ᠶᠢᠨ ᠠᠮᠢᠳᠤᠷᠠᠯ ᠳᠤ ᠠᠭᠤᠰᠤᠯᠴᠠᠭᠤᠯᠬᠤ | ᠬᠡᠷᠡᠭᠲᠡᠢ᠃ ᠤᠯᠠᠮᠵᠢᠯᠠᠯᠲᠤ ᠭᠠᠷ ᠤᠷᠠᠯᠠᠯ ᠤᠨ ᠰᠤᠶᠤᠯ ᠤᠨ ᠡᠯᠧᠮᠧᠨ᠋ᠲ ᠪᠠ ᠤᠶᠤᠨ ᠰᠠᠨᠠᠭᠠᠨ ᠤ ᠥᠷᠳᠡᠭ ᠢ | ᠠᠭᠤᠳᠠᠯᠠᠨ᠂ ᠥᠪᠡᠷᠮᠢᠴᠡ ᠤᠨᠴᠠᠯᠢᠭ ᠢ ᠳᠤᠪᠤᠶᠢᠯᠭᠠᠵᠤ᠂ ᠬᠤᠷᠢᠶᠠᠬᠤ ᠶᠢᠨ ᠬᠠᠮᠲᠤ ᠬᠠᠳᠠᠭᠠᠯᠠᠨ᠂ ᠤᠯᠠᠮᠵᠢᠯᠠᠯᠲᠤ | ᠭᠠᠷ ᠤᠷᠠᠯᠠᠯ ᠤᠨ ᠤᠯᠠᠮᠵᠢᠯᠠᠨ ᠵᠠᠯᠭᠠᠮᠵᠢᠯᠠᠬᠤ ᠠᠮᠢᠵᠢᠷᠠᠯ ᠤᠨ ᠬᠥᠴᠥᠨ ᠪᠠ ᠬᠥᠭᠵᠢᠯᠲᠡ ᠶᠢᠨ ᠬᠥᠳᠡᠯᠭᠡᠬᠦ | ᠬᠥᠴᠥᠨ ᠢ ᠨᠡᠮᠡᠭᠳᠡᠭᠦᠯᠬᠦ ᠬᠡᠷᠡᠭᠲᠡᠢ᠃ | 4. ᠠᠮᠢ ᠠᠬᠤᠢ ᠶᠢ ᠬᠠᠮᠠᠭᠠᠯᠠᠵᠤ᠂ ᠪᠤᠬᠢᠷᠳᠥᠯ ᠥᠭᠡᠢ ᠬᠥᠭᠵᠢᠭᠦᠯᠬᠦ ᠬᠡᠷᠡᠭᠲᠡᠢ᠃ ᠠᠮᠢ ᠠᠬᠤᠢ ᠶᠢ | ᠬᠠᠮᠠᠭᠠᠯᠠᠬᠤ ᠥᠵᠡᠯ ᠤᠬᠠᠮᠰᠠᠷ ᠢᠶᠠᠨ ᠳᠡᠭᠡᠭᠰᠢᠯᠡᠭᠦᠯᠥᠨ᠂ ᠪᠠᠶᠢᠭᠠᠯᠢᠯᠢᠬ ᠮᠠᠲ᠋ᠧᠷᠢᠶᠠᠯ ᠢ ᠵᠤᠬᠢᠰᠲᠠᠢ ᠠᠰᠢᠭᠯᠠᠵᠤ᠂ | ᠲᠠᠬᠢᠨ ᠤᠷᠭᠤᠵᠤ ᠠᠮᠢᠯᠠᠰᠢ ᠥᠭᠡᠢ ᠪᠠᠶᠢᠭᠠᠯᠢ ᠶᠢᠨ ᠲᠥᠭᠦᠭᠡᠢ ᠮᠠᠲ᠋ᠧᠷᠢᠶᠠᠯ ᠤᠨ ᠡᠬᠢ ᠪᠠᠶᠠᠯᠢᠭ ᠢ ᠳᠤᠷ᠎ᠠ ᠪᠠᠷ ᠢᠶᠠᠨ | ᠬᠡᠷᠡᠭᠯᠡᠭᠦ ᠶᠢ ᠡᠰᠡᠷᠭᠦᠴᠡᠨ᠂ ᠬᠠᠤᠯᠢ ᠪᠤᠰᠤ ᠪᠠᠷ ᠤᠯᠤᠭᠰᠠᠨ ᠥᠨᠡᠲᠥ ᠴᠤᠬᠠᠭ ᠠᠮᠢᠲᠠᠨ ᠤᠷᠭᠤᠮᠠᠯ ᠤᠨ ᠡᠬᠢ | ᠪᠠᠶᠠᠯᠢᠭ ᠢ ᠬᠡᠷᠡᠭᠯᠡᠬᠦ ᠶᠢ ᠴᠠᠭᠠᠵᠠᠯᠠᠬᠤ ᠬᠡᠷᠡᠭᠲᠡᠢ᠃ | ᠭᠤᠷᠪᠠ᠂ ᠭᠤᠤᠯ ᠡᠭᠦᠷᠭᠡ | ︵ᠨᠢᠭᠡ︶ ᠥᠪᠡᠷᠲᠡᠭᠡᠨ ᠵᠠᠰᠠᠬᠤ ᠤᠷᠤᠨ ᠤ ᠬᠠᠮᠠᠭᠠᠯᠠᠬᠤ ᠪᠡ ᠬᠥᠭᠵᠢᠭᠦᠯᠥᠨ ᠮᠠᠨᠳᠤᠭᠤᠯᠬᠤ ᠤᠯᠠᠮᠵᠢᠯᠠᠯᠲᠤ | ᠭᠠᠷ ᠤᠷᠠᠯᠠᠯ ᠤᠨ ᠭᠠᠷᠴᠠᠭ ᠢ ᠪᠠᠶᠢᠭᠤᠯᠬᠤ ᠬᠡᠷᠡᠭᠲᠡᠢ᠃ ᠪᠤᠳᠠᠰ ᠤᠨ ᠪᠤᠰᠤ ᠰᠤᠶᠤᠯ ᠤᠨ ᠥᠪ ᠬᠥᠷᠥᠩᠭᠡ ᠶᠢᠨ | ᠤᠯᠠᠮᠵᠢᠯᠠᠯᠲᠤ ᠭᠠᠷ ᠤᠷᠠᠯᠠᠯ ᠤᠨ ᠲᠥᠷᠥᠯ ᠵᠥᠢᠯ ᠢ ᠪᠠᠶᠢᠴᠠᠭᠠᠨ ᠠᠭᠤᠳᠠᠯᠬᠤ ᠪᠠ ᠬᠠᠮᠠᠭᠠᠯᠠᠨ ᠵᠠᠯᠭᠠᠮᠵᠢᠯᠠᠬᠤ ᠶᠢ | ᠤᠯᠠᠮ ᠨᠢᠭᠡ ᠠᠯᠬᠤᠮ ᠴᠢᠩᠭᠠᠳᠬᠠᠨ᠂ ᠤᠯᠠᠮᠵᠢᠯᠠᠯᠲᠤ ᠭᠠᠷ ᠤᠷᠠᠯᠠᠯ ᠤᠨ ᠲᠥᠷᠥᠯ ᠵᠥᠢᠯ ᠤᠨ ᠥᠢᠯᠡᠳᠪᠥᠷᠢᠯᠡᠯ ᠤᠨ | ᠴᠤᠪᠤᠷᠠᠯ᠂ ᠭᠤᠤᠯᠯᠠᠬᠤ ᠤᠷ᠎ᠠ ᠮᠡᠷᠭᠡᠵᠢᠯ᠂ ᠬᠡᠷᠡᠭᠯᠡᠬᠦ ᠮᠠᠲ᠋ᠧᠷᠢᠶᠠᠯ ᠬᠢᠬᠡᠳ ᠬᠠᠮᠢᠶ᠎ᠠ ᠪᠥᠬᠦᠢ ᠪᠥᠲᠥᠭᠡᠭᠳᠡᠭᠦᠨ ᠳᠤ | ᠪᠥᠬᠦ ᠲᠠᠯ᠎ᠠ ᠶᠢᠨ ᠬᠠᠮᠠᠭᠠᠯᠠᠯᠲᠠ ᠪᠡ ᠲᠠᠮᠳᠡᠭᠯᠡᠯ ᠬᠢᠵᠤ᠂ ᠲᠡᠤᠬᠡ ᠶᠢᠨ ᠥᠨ᠎ᠡ ᠥᠷᠲᠡᠭ ᠲᠠᠢ ᠪᠤᠯᠪᠠᠴᠥ | ᠤᠳᠤᠬᠠᠨ ᠳᠤ ᠮᠥᠬᠦᠬᠦ ᠰᠢᠬᠠᠭᠰᠠᠨ ᠪᠠᠶᠢᠳᠠᠯ ᠳᠤ ᠪᠠᠶᠢᠭ᠎ᠠ ᠤᠯᠠᠮᠵᠢᠯᠠᠯᠲᠤ ᠭᠠᠷ ᠤᠷᠠᠯᠠᠯ ᠤᠨ ᠲᠥᠷᠥᠯ ᠵᠥᠢᠯ ᠳᠤ | ᠠᠪᠤᠷᠠᠯᠲᠠ ᠶᠢᠨ ᠴᠢᠨᠠᠷᠲᠠᠢ ᠲᠡᠮᠳᠡᠭᠯᠡᠯ ᠬᠢᠵᠤ᠂ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠬᠡᠷᠡᠭᠲᠡᠢ᠃ ᠥᠢᠯᠡᠳᠪᠥᠷᠢᠯᠠᠯ ᠤᠨ ᠴᠢᠨᠠᠷᠲᠠᠢ ᠬᠠᠮᠠᠭᠠᠯᠠᠯᠲᠠ ᠳᠤ ᠲᠤᠬᠢᠷᠠᠬᠤ ᠵᠥᠢᠯᠡᠰ ᠢ | ᠬᠢᠨᠠᠮᠠᠭᠠᠢ ᠡᠮᠬᠢᠯᠡᠨ᠂ ᠵᠤᠬᠢᠬᠤ ᠤᠯᠠᠮᠵᠢᠯᠠᠨ ᠵᠠᠯᠭᠠᠮᠵᠢᠯᠠᠬᠤ ᠰᠠᠭᠤᠷᠢ ᠪᠠ ᠥᠢᠯᠡᠳᠪᠥᠷᠢᠯᠡᠯ ᠤᠨ ᠬᠡᠪᠴᠢᠶ᠎ᠡ ᠶᠢ | ᠪᠥᠷᠢᠯᠳᠥᠭᠦᠯᠥᠭᠰᠡᠨ ᠭᠥᠭᠵᠢᠯᠲᠡ ᠶᠢᠨ ᠬᠡᠲᠥ ᠶᠢᠨ ᠲᠥᠯᠥᠪ ᠲᠠᠢ ᠪᠥᠭᠡᠳ ᠠᠵᠢᠯ ᠤᠯᠭᠤᠯᠲᠠ ᠶᠢ ᠳᠠᠶᠢᠴᠢᠯᠠᠬᠤ ᠳᠤ | ᠲᠤᠰᠠᠯᠠᠮᠵᠢ ᠪᠤᠯᠬᠤ ᠤᠯᠠᠮᠵᠢᠯᠠᠯᠲᠤ ᠭᠠᠷ ᠤᠷᠠᠯᠠᠯ ᠤᠨ ᠲᠥᠷᠥᠯ ᠵᠥᠢᠯ ᠳᠤ ᠥᠪᠡᠷᠲᠡᠭᠡᠨ ᠵᠠᠰᠠᠬᠤ ᠤᠷᠤᠨ ᠤ | ᠤᠯᠠᠮᠵᠢᠯᠠᠯᠲᠤ ᠭᠠᠷ ᠤᠷᠠᠯᠠᠯ ᠢ ᠭᠥᠭᠵᠢᠭᠦᠯᠥᠨ ᠮᠠᠨᠳᠤᠭᠤᠯᠬᠤ ᠭᠠᠷᠴᠠᠭ ᠢ ᠪᠠᠶᠢᠭᠤᠯᠬᠤ ᠬᠡᠷᠡᠭᠲᠡᠢ᠃ ᠭᠥᠳᠡᠯᠥᠩᠭᠦᠢ | ᠬᠠᠮᠢᠶᠠᠷᠥᠯᠲᠠ ᠶᠢ ᠬᠡᠷᠡᠭᠵᠢᠭᠦᠯᠥᠨ᠂ ᠡᠯ᠎ᠡ ᠭᠠᠵᠠᠷ ᠤᠷᠤᠨ ᠨᠢ ᠲᠤᠰ ᠱᠠᠲᠤᠨ ᠤ ᠤᠯᠠᠮᠵᠢᠯᠠᠯᠲᠤ ᠭᠠᠷ ᠤᠷᠠᠯᠠᠯ ᠢ | ᠭᠥᠭᠵᠢᠭᠦᠯᠥᠨ ᠮᠠᠨᠳᠤᠭᠤᠯᠬᠤ ᠭᠠᠷᠴᠠᠭ ᠢᠶᠠᠷ ᠯᠠᠪᠯᠠᠯᠲᠠ ᠪᠤᠯᠭᠠᠨ ᠪᠠᠶᠢᠭᠤᠯᠬᠤ ᠶᠢ ᠵᠤᠷᠢᠬᠵᠢᠭᠤᠯᠤᠨ᠎ᠠ᠃ | ᠭᠥᠭᠵᠢᠭᠦᠯᠥᠨ ᠮᠠᠨᠳᠤᠭᠤᠯᠬᠤ ᠭᠠᠷᠴᠠᠭ ᠲᠤ ᠵᠢᠭᠰᠠᠭᠠᠭᠳᠠᠭᠰᠠᠨ ᠲᠥᠷᠥᠯ ᠵᠥᠢᠯ ᠢ ᠭᠤᠤᠯᠳᠠᠯᠭ᠎ᠠ ᠲᠠᠢ ᠳᠡᠮᠵᠢᠬᠦ | ᠭᠡᠷᠡᠭᠲᠡᠢ᠃ | ︵ᠬᠤᠶᠠᠷ︶ ᠪᠤᠳᠠᠰ ᠤᠨ ᠪᠤᠰᠤ ᠰᠤᠶᠤᠯ ᠤᠨ ᠥᠪ ᠬᠥᠷᠥᠩᠭᠡ ᠶᠢ ᠥᠢᠯᠡᠳᠪᠥᠷᠢᠯᠡᠯ ᠤᠨ ᠴᠢᠨᠠᠷᠲᠠᠢ | ᠬᠠᠮᠠᠭᠠᠯᠠᠬᠤ ᠶᠢ ᠲᠥᠯᠬᠢᠨ ᠠᠬᠢᠭᠤᠯᠵᠤ᠂ ᠨᠢᠭᠡ ᠪᠥᠯᠥᠭ ᠥᠢᠯᠡᠳᠪᠥᠷᠢᠯᠡᠯ ᠤᠨ ᠴᠢᠨᠠᠷᠲᠠᠢ ᠬᠠᠮᠠᠭᠠᠯᠠᠬᠤ ᠵᠢᠱᠢᠶ᠎ᠡ | ᠥᠵᠡᠭᠦᠯᠬᠦ ᠰᠠᠭᠤᠷᠢᠨ ᠭᠠᠵᠠᠷ ᠢ ᠨᠡᠷᠡᠳᠥᠨ ᠪᠤᠶᠢᠵᠢᠭᠤᠯᠬᠤ ᠬᠡᠷᠡᠭᠲᠡᠢ᠃ ᠤᠯᠠᠮᠵᠢᠯᠠᠯᠲᠤ ᠭᠠᠷ ᠤᠷᠠᠯᠠᠯ ᠤᠨ ᠲᠥᠷᠥᠯ | ᠵᠥᠢᠯ ᠲᠥᠪᠯᠡᠷᠡᠭᠰᠡᠨ ᠭᠠᠵᠠᠷ ᠤᠷᠤᠨ ᠵᠢᠴᠢ ᠬᠠᠮᠢᠶ᠎ᠠ ᠪᠥᠬᠦᠢ ᠰᠤᠶᠤᠯ ᠤᠨ ᠠᠮᠢ ᠠᠬᠤᠢ ᠶᠢᠨ ᠬᠠᠮᠠᠭᠠᠯᠠᠯᠲᠠ ᠶᠢᠨ | ᠤᠷᠤᠨ᠂ ᠵᠢᠭᠤᠯᠴᠢᠯᠠᠯ ᠤᠨ ᠥᠵᠡᠮᠵᠢ ᠶᠢᠨ ᠤᠷᠤᠨ ᠳᠤ ᠨᠢᠭᠡ ᠪᠥᠯᠥᠭ ᠥᠢᠯᠡᠳᠪᠥᠷᠢᠯᠡᠯ ᠤᠨ ᠴᠢᠨᠠᠷᠲᠠᠢ ᠬᠠᠮᠠᠭᠠᠯᠠᠬᠤ | ᠵᠢᠱᠢᠶ᠎ᠡ ᠥᠵᠡᠭᠦᠯᠬᠦ ᠰᠠᠭᠤᠷᠢᠨ ᠭᠠᠵᠠᠷ ᠪᠠ ᠬᠠᠮᠠᠭᠠᠯᠠᠬᠤ ᠲᠥᠷᠥᠯ ᠵᠥᠢᠯ ᠢ ᠪᠠᠶᠢᠭᠤᠯᠬᠤ ᠬᠡᠷᠡᠭᠲᠡᠢ᠃ ᠲᠤᠬᠠᠢ ᠶᠢᠨ | ᠭᠠᠵᠠᠷ ᠤᠷᠤᠨ ᠳᠤᠨᠢ ᠵᠢᠭᠠᠬᠤ ᠰᠤᠷᠬᠤ᠂ ᠤᠯᠠᠮᠵᠢᠯᠠᠨ ᠵᠠᠯᠭᠠᠮᠵᠢᠯᠠᠬᠤ ᠡᠷᠥᠬᠡ᠂ ᠤᠯᠠᠮᠵᠢᠯᠠᠨ ᠵᠠᠯᠭᠠᠮᠵᠢᠯᠠᠬᠤ | ᠥᠷᠲᠡᠭᠡ ᠪᠠ ᠤᠯᠠᠮᠵᠢᠯᠠᠨ ᠵᠠᠯᠭᠠᠮᠵᠢᠯᠠᠬᠴᠢ ᠶᠢᠨ ᠠᠵᠢᠯᠯᠠᠬᠤ ᠥᠷᠥᠭᠡ ᠵᠡᠷᠭᠡ ᠶᠢ ᠭᠥᠭᠵᠢᠭᠦᠯᠥᠨ᠂ ᠤᠷᠤᠨ ᠨᠤᠲᠤᠭ | ᠂ ᠥᠨᠳᠥᠰᠥᠲᠡᠨ ᠤ ᠤᠨᠴᠠᠯᠢᠭ ᠪᠡ ᠵᠠᠬ᠎ᠠ ᠳᠡᠯᠭᠡᠭᠦᠷ ᠤᠨ ᠳᠠᠯᠳᠠ ᠬᠥᠴᠥᠨ ᠪᠥᠬᠦᠢ ᠤᠯᠠᠮᠵᠢᠯᠠᠯᠲᠤ ᠭᠠᠷ | ᠤᠷᠠᠯᠠᠯ ᠤᠨ ᠲᠥᠷᠥᠯ ᠵᠥᠢᠯ᠂ ᠪᠥᠲᠥᠭᠡᠭᠳᠡᠭᠦᠨ ᠪᠡ ᠨᠡᠷᠡᠲᠥ ᠲᠥᠷᠥᠯ ᠲᠡᠮᠳᠡᠭᠳᠥ ᠶᠢ ᠭᠤᠤᠯᠳᠠᠯᠭ᠎ᠠ ᠲᠠᠢ | ᠪᠤᠶᠢᠵᠢᠭᠤᠯᠬᠤ ᠪᠡ ᠡᠭᠦᠳᠬᠦ ᠬᠡᠷᠡᠭᠲᠡᠢ᠃ ᠥᠢᠯᠡᠳᠪᠥᠷᠢᠯᠡᠯ᠂ ᠭᠥᠢᠯᠭᠡᠭᠡ᠂ ᠪᠤᠷᠤᠯᠠᠭᠤᠯᠬᠤ ᠵᠡᠷᠭᠡ ᠠᠷᠭ᠎ᠠ ᠠᠪᠴᠢᠯ ᠢ | ᠠᠰᠢᠭᠯᠠᠨ᠂ ᠤᠯᠠᠮᠵᠢᠯᠠᠯᠲᠤ ᠭᠠᠷ ᠤᠷᠠᠯᠠᠯ ᠤᠨ ᠠᠵᠤ ᠠᠬᠤᠢ ᠶᠢᠨ ᠥᠷ᠎ᠡ ᠠᠰᠢᠭ ᠭᠥᠷᠲᠡᠭᠦ ᠴᠢᠳᠠᠪᠤᠷᠢ ᠶᠢ | ᠨᠡᠮᠡᠭᠳᠡᠭᠦᠯᠵᠥ᠂ ᠤᠯᠠᠮᠵᠢᠯᠠᠨ ᠵᠠᠯᠭᠠᠮᠵᠢᠯᠠᠭᠴᠢ ᠶᠢᠨ ᠤᠷᠤᠯᠭ᠎ᠠ ᠶᠢ ᠳᠡᠭᠡᠭᠰᠢᠯᠡᠭᠦᠯᠬᠦ ᠬᠡᠷᠡᠭᠲᠡᠢ᠃ ᠨᠠᠷᠡᠶᠢᠳᠥᠭᠰᠡᠨ | ᠥᠢᠯᠡᠳᠪᠥᠷᠢᠯᠡᠯ ᠤᠨ ᠴᠢᠨᠠᠷᠲᠠᠢ ᠬᠠᠮᠠᠭᠠᠯᠠᠬᠤ ᠵᠢᠱᠢᠶ᠎ᠡ ᠥᠵᠡᠭᠦᠯᠬᠦ ᠰᠠᠭᠤᠷᠢᠨ ᠭᠠᠵᠠᠷ ᠲᠤ ᠳᠡᠮᠵᠢᠯᠭᠡ ᠥᠵᠡᠭᠦᠯᠬᠦ | ᠬᠡᠷᠡᠭᠲᠡᠢ᠃ | ︵ᠭᠤᠷᠪᠠ︶ ᠤᠯᠠᠮᠵᠢᠯᠠᠯᠲᠤ ᠭᠠᠷ ᠤᠷᠠᠯᠠᠯ ᠤᠨ ᠤᠯᠠᠮᠵᠢᠯᠠᠨ ᠵᠠᠯᠭᠠᠮᠵᠢᠯᠠᠭᠴᠢ ᠶᠢᠨ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠤᠯᠠᠮᠵᠢᠯᠠᠯᠲᠤ ᠤᠷ᠎ᠠ ᠮᠡᠷᠭᠡᠵᠢᠯ᠂ ᠤᠯᠠᠮᠵᠢᠯᠠᠯᠲᠤ ᠤᠷᠠᠨ ᠵᠢᠷᠤᠭ᠂ | ᠤᠯᠠᠮᠵᠢᠯᠠᠯᠲᠤ ᠡᠮ ᠡᠮᠨᠡᠯᠭᠡ ᠡᠮ ᠤᠨ ᠵᠥᠢᠯ ᠢ ᠨᠤᠮᠤᠬᠠᠳᠬᠠᠵᠤ ᠥᠢᠯᠡᠳᠬᠦ ᠵᠡᠷᠭᠡ ᠤᠯᠠᠮᠵᠢᠯᠠᠯᠲᠤ ᠭᠠᠷ ᠤᠷᠠᠯᠠᠯ ᠤᠨ | ᠬᠠᠮᠢᠶ᠎ᠠ ᠪᠥᠬᠦᠢ ᠬᠥᠷᠢᠶ᠎ᠡ ᠴᠠᠷᠠᠭ᠎ᠠ ᠳᠤ᠂ ᠤᠷ᠎ᠠ ᠮᠡᠷᠭᠡᠵᠢᠯ ᠢᠶᠠᠷ ᠨᠠᠷᠢᠨ ᠨᠢᠭᠲᠠ᠂ ᠨᠥᠭᠦᠴᠡᠯ ᠳᠤ ᠨᠡᠶᠢᠴᠡᠬᠦ ᠢᠳᠡᠷ | ᠵᠠᠯᠠᠭᠤ ᠨᠠᠰᠤᠨ ᠤ ᠤᠯᠠᠮᠵᠢᠯᠠᠨ ᠵᠠᠯᠭᠠᠮᠵᠢᠯᠠᠭᠴᠢ ᠶᠢ ᠡᠷᠡᠮᠵᠡᠯᠡᠨ ᠮᠡᠳᠡᠭᠦᠯᠬᠦ ᠶᠢ ᠵᠤᠷᠢᠬᠵᠢᠭᠤᠯᠬᠤ ᠶᠢᠨ ᠬᠠᠮᠲᠤ ᠡᠯ᠎ᠡ | ᠱᠠᠲᠤᠨ ᠤ ᠪᠤᠳᠠᠰ ᠤᠨ ᠪᠤᠰᠤ ᠰᠤᠶᠤᠯ ᠤᠨ ᠥᠪ ᠬᠥᠷᠥᠩᠭᠡ ᠶᠢᠨ ᠲᠥᠯᠥᠭᠡᠯᠡᠬᠦ ᠴᠢᠨᠠᠷᠲᠠᠢ ᠲᠥᠷᠥᠯ ᠵᠥᠢᠯ ᠤᠨ | ᠲᠥᠯᠥᠭᠡᠯᠡᠬᠦ ᠴᠢᠨᠠᠷᠲᠠᠢ ᠤᠯᠠᠮᠵᠢᠯᠠᠨ ᠵᠠᠯᠭᠠᠮᠵᠢᠯᠠᠭᠴᠢ ᠶᠢᠨ ᠡᠩᠨᠡᠭᠡ ᠳᠤ ᠤᠷᠤᠭᠤᠯᠤᠨ᠂ ᠵᠤᠬᠢᠰᠲᠠᠢ ᠱᠠᠲᠤᠯᠵᠢᠨ | ᠡᠩᠨᠡᠭᠡ ᠶᠢ ᠪᠤᠢ ᠪᠤᠯᠭᠠᠵᠤ᠂ ᠵᠠᠯᠠᠭᠤ ᠨᠢᠭᠡ ᠥᠶ᠎ᠡ ᠶᠢᠨ ᠬᠢᠨ ᠤ ᠤᠯᠠᠮᠵᠢᠯᠠᠯᠲᠤ ᠭᠠᠷ ᠤᠷᠠᠯᠠᠯ ᠡᠷᠬᠢᠯᠡᠭᠦ | ᠢᠳᠡᠪᠬᠢᠵᠢᠯ ᠢ ᠳᠠᠶᠢᠴᠢᠯᠠᠬᠤ ᠬᠡᠷᠡᠭᠲᠡᠢ︔ ᠬᠠᠮᠢᠶ᠎ᠠ ᠪᠥᠬᠦᠢ ᠪᠠᠶᠢᠭᠤᠯᠤᠮᠵᠢ ᠪᠠ ᠠᠵᠤ ᠠᠬᠤᠶᠢᠯᠠᠯ ᠳᠤ ᠲᠥᠰᠢᠭᠯᠡᠨ᠂ | ᠤᠯᠠᠮᠵᠢᠯᠠᠨ ᠵᠠᠯᠭᠠᠨᠮᠵᠢᠯᠠᠭᠴᠢᠳ ᠲᠤ ᠰᠤᠳᠤᠯᠤᠨ ᠰᠤᠷᠤᠯᠴᠠᠬᠤ᠂ ᠰᠤᠳᠤᠯᠤᠨ ᠳᠠᠰᠬᠠᠬᠤ ᠪᠡ ᠪᠤᠯᠪᠠᠰᠤᠷᠠᠭᠤᠯᠬᠤ | ᠲᠤᠬᠢᠶᠠᠯ ᠢ ᠥᠷᠭᠦᠯᠵᠢᠯᠡᠨ ᠬᠠᠩᠭᠠᠵᠤ᠂ ᠰᠤᠷᠤᠯᠴᠠᠬᠤ ᠰᠤᠯᠢᠯᠴᠠᠬᠤ ᠲᠠᠪᠴᠠᠩ ᠢ ᠢᠳᠡᠪᠬᠢᠲᠡᠢ ᠪᠠᠶᠢᠭᠤᠯᠬᠤ ᠬᠡᠷᠡᠭᠲᠡᠢ | ᠃ ᠤᠯᠠᠮᠵᠢᠯᠠᠨ ᠵᠠᠯᠭᠠᠮᠵᠢᠯᠠᠭᠴᠢᠳ ᠤᠨ ᠰᠠᠨᠠᠭᠠᠴᠢᠯᠠᠭ᠎ᠠ ᠠᠴᠠ ᠪᠠᠨ ᠰᠤᠷᠤᠯᠴᠠᠬᠤ ᠶᠢ ᠤᠷᠢᠶᠠᠯᠠᠨ᠂ ᠠᠵᠢᠯ | ᠨᠢᠭᠡᠲᠡᠨ ᠤ ᠬᠤᠭᠤᠷᠤᠨᠳᠤ ᠪᠤᠶᠤ ᠠᠵᠢᠯ ᠲᠥᠷᠥᠯ ᠠᠯᠤᠰᠯᠠᠨ ᠵᠥᠪᠳᠡᠨ ᠶᠠᠷᠢᠯᠴᠠᠵᠤ ᠬᠠᠷᠢᠯᠴᠠᠨ ᠰᠤᠯᠢᠯᠴᠠᠬᠤ ᠶᠢ | ᠵᠤᠷᠢᠬᠵᠢᠭᠤᠯᠵᠤ᠂ ᠤᠷ᠎ᠠ ᠮᠡᠷᠭᠡᠵᠢᠯ ᠤᠨ ᠬᠢᠷᠢ ᠬᠡᠮᠵᠢᠶ᠎ᠡ ᠪᠡ ᠤᠯᠠᠮᠵᠢᠯᠠᠨ ᠵᠠᠯᠭᠠᠮᠵᠢᠯᠠᠬᠤ ᠴᠢᠳᠠᠪᠤᠷᠢ ᠶᠢ | ᠳᠡᠭᠡᠭᠰᠢᠯᠡᠭᠦᠯᠥᠨ᠂ ᠤᠯᠠᠮᠵᠢᠯᠠᠨ ᠵᠠᠯᠭᠠᠮᠵᠢᠯᠠᠬᠤ ᠨᠥᠬᠡᠴᠡ ᠬᠥᠴᠥᠨ ᠢ ᠨᠡᠮᠡᠭᠳᠡᠭᠦᠯᠥᠨ᠂ ᠳᠠᠬᠢᠨ ᠡᠭᠦᠳᠥᠨ ᠪᠥᠲᠥᠭᠡᠬᠦ | ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ︔ ᠲᠠᠯᠠᠪᠤᠷ ᠬᠠᠩᠭᠠᠬᠤ᠂ ᠵᠠᠷᠤᠳᠠᠯ ᠤᠨ ᠲᠤᠰᠠᠯᠠᠮᠵᠢ ᠬᠠᠩᠭᠠᠬᠤ ᠵᠡᠷᠭᠡ | ᠪᠥᠲᠥᠮᠵᠢᠲᠡᠢ ᠠᠷᠭ᠎ᠠ ᠵᠠᠮ ᠢᠶᠠᠷ ᠳᠠᠮᠵᠢᠭᠤᠯᠤᠨ᠂ ᠱᠠᠪᠢ ᠡᠯᠰᠠᠨ ᠮᠡᠷᠭᠡᠵᠢᠯ ᠰᠤᠷᠭᠠᠬᠤ᠂ ᠤᠬᠠᠭᠤᠯᠤᠨ ᠳᠡᠯᠭᠡᠨ | ᠥᠵᠡᠭᠦᠯᠬᠦ᠂ ᠰᠤᠯᠢᠯᠴᠠᠨ ᠪᠤᠯᠪᠠᠰᠤᠷᠠᠭᠤᠯᠬᠤ ᠵᠡᠷᠭᠡ ᠤᠯᠠᠮᠵᠢᠯᠠᠯᠲᠤ ᠭᠠᠷ︶ ᠤᠷᠠᠯᠠᠯ ᠵᠢᠭᠠᠬᠤ ᠰᠤᠷᠬᠤ | ᠠᠵᠢᠯᠯᠠᠭᠠᠨ ᠳᠤ ᠳᠡᠮᠵᠢᠯᠭᠡ ᠬᠠᠩᠭᠠᠬᠤ ᠬᠡᠷᠡᠭᠲᠡᠢ᠃ | ︵ᠳᠥᠷᠪᠡ︶ ᠤᠯᠠᠮᠵᠢᠯᠠᠯᠲᠤ ᠭᠠᠷ ᠤᠷᠠᠯᠠᠯ ᠤᠨ ᠠᠵᠢᠯᠯᠠᠬᠤ ᠥᠷᠲᠡᠭᠡ ᠶᠢ ᠪᠠᠶᠢᠭᠤᠯᠬᠤ ᠬᠡᠷᠡᠭᠲᠡᠢ᠃ | ᠥᠪᠡᠷᠲᠡᠭᠡᠨ ᠵᠠᠰᠠᠬᠤ ᠤᠷᠤᠨ ᠤ ᠰᠤᠶᠤᠯ ᠤᠨ ᠲᠢᠩᠬᠢᠮ ᠲᠥᠷᠥᠭᠦᠯᠡᠨ᠂ ᠡᠯ᠎ᠡ ᠬᠠᠮᠢᠶ᠎ᠠ ᠪᠥᠬᠦᠢ ᠰᠠᠯᠠᠭ᠎ᠠ | ᠮᠥᠴᠢᠷ ᠯᠤᠭ᠎ᠠ ᠵᠤᠬᠢᠴᠠᠯᠳᠤᠨ᠂ ᠤᠯᠠᠮᠵᠢᠯᠠᠯᠲᠤ ᠭᠠᠷ ᠤᠷᠠᠯᠠᠯ ᠤᠨ ᠡᠬᠢ ᠪᠠᠶᠠᠯᠢᠭ ᠪᠠ ᠲᠥᠷᠥᠯ ᠵᠥᠢᠯ ᠢ ᠡᠮᠬᠢᠯᠡᠵᠤ | ᠂ ᠬᠠᠮᠢᠶ᠎ᠠ ᠪᠥᠬᠦᠢ ᠪᠠᠶᠢᠭᠤᠯᠤᠮᠵᠢ᠂ ᠠᠵᠤ ᠠᠬᠤᠶᠢᠯᠠᠯ ᠪᠡ ᠤᠯᠠᠮᠵᠢᠯᠠᠨ ᠵᠠᠯᠭᠠᠮᠵᠢᠯᠠᠭᠴᠢ ᠯᠤᠭ᠎ᠠ ᠬᠤᠯᠪᠤᠭᠠᠯᠠᠵᠤ᠂ | ᠥᠪᠡᠷᠲᠡᠭᠡᠨ ᠵᠠᠰᠠᠬᠤ ᠤᠷᠤᠨ ᠤ ᠤᠯᠠᠮᠵᠢᠯᠠᠯᠲᠤ ᠭᠠᠷ ᠤᠷᠠᠯᠠᠯ ᠤᠨ ᠠᠵᠢᠯᠯᠠᠬᠤ ᠥᠷᠲᠡᠭᠡ ᠶᠢ ᠪᠠᠶᠢᠭᠤᠯᠤᠨ᠂ | ᠤᠯᠠᠮᠵᠢᠯᠠᠯᠲᠤ ᠭᠠᠷ ᠤᠷᠠᠯᠠᠯ ᠤᠨ ᠲᠥᠷᠥᠯ ᠵᠥᠢᠯ ᠢ ᠬᠠᠮᠠᠭᠠᠯᠠᠨ ᠵᠠᠯᠭᠠᠮᠵᠢᠯᠠᠬᠤ᠂ ᠤᠬᠠᠭᠤᠯᠤᠨ ᠪᠤᠯᠪᠠᠰᠤᠷᠠᠭᠤᠯᠬᠤ᠂ | ᠰᠤᠳᠤᠯᠤᠨ ᠨᠡᠭᠡᠭᠡᠭᠦ᠂ ᠰᠤᠯᠢᠯᠴᠠᠨ ᠬᠠᠮᠲᠤᠷᠠᠯᠴᠠᠬᠤ᠂ ᠥᠵᠡᠰᠭᠦᠯᠡᠩ ᠳᠡᠯᠭᠡᠬᠦ᠂ ᠥᠢᠯᠡᠳᠥᠨ ᠪᠤᠷᠤᠯᠠᠭᠤᠯᠬᠤ ᠵᠡᠷᠭᠡ | ᠠᠵᠢᠯᠯᠠᠭ᠎ᠠ ᠶᠢ ᠥᠷᠨᠢᠭᠦᠯᠵᠤ᠂ ᠬᠠᠮᠢᠶᠠᠷᠤᠯᠲᠠ ᠶᠢᠨ ᠥᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠤᠯᠠᠮᠵᠢᠯᠠᠯᠲᠤ | ᠭᠠᠷ ᠤᠷᠠᠯᠠᠯ ᠤᠨ ᠠᠵᠤ ᠠᠬᠤᠶᠢᠯᠠᠯ᠂ ᠲᠥᠷᠥᠯ ᠵᠥᠢᠯ ᠪᠠ ᠤᠯᠠᠮᠵᠢᠯᠠᠨ ᠵᠠᠯᠭᠠᠮᠵᠢᠯᠠᠭᠴᠢ ᠳᠤ ᠮᠡᠷᠭᠡᠵᠢᠯ ᠤᠨ | ᠵᠢᠯᠤᠭᠤᠳᠤᠮᠵᠢ᠂ ᠮᠡᠳᠡᠭᠡ ᠵᠠᠩᠬᠢ ᠶᠢᠨ ᠯᠠᠪᠯᠠᠭ᠎ᠠ᠂ ᠭᠠᠳᠠᠭᠰᠢ ᠲᠠᠨᠢᠯᠴᠠᠭᠤᠯᠬᠤ ᠵᠡᠷᠭᠡ ᠥᠢᠯᠡᠴᠢᠯᠡᠭᠡ ᠬᠠᠩᠭᠠᠬᠤ | ᠬᠡᠷᠡᠭᠲᠡᠢ᠃ ᠡᠯ᠎ᠡ ᠠᠶᠢᠮᠠᠭ ᠬᠤᠲᠠ ᠵᠢᠴᠢ ᠤᠯᠠᠮᠵᠢᠯᠠᠯᠲᠤ ᠭᠠᠷ ᠤᠷᠠᠯᠠᠯ ᠨᠡᠯᠢᠶᠡᠳ ᠲᠥᠪᠯᠡᠷᠡᠭᠰᠡᠨ ᠤᠷᠤᠨ | ᠪᠥᠰᠡ ᠳᠤ ᠰᠠᠯᠪᠤᠷᠢ ᠥᠷᠳᠡᠭᠡ ᠪᠠᠶᠢᠭᠤᠯᠤᠨ᠂ ᠡᠯ᠎ᠡ ᠭᠠᠵᠠᠷ ᠤᠷᠤᠨ ᠤ ᠤᠯᠠᠮᠵᠢᠯᠠᠯᠲᠤ ᠭᠠᠷ ᠤᠷᠠᠯᠠᠯ ᠢ ᠬᠠᠮᠠᠭᠠᠯᠠᠬᠤ | ᠪᠠ ᠤᠯᠠᠮᠵᠢᠯᠠᠨ ᠵᠠᠯᠭᠠᠮᠵᠢᠯᠠᠬᠤ ᠶᠢ ᠵᠤᠬᠢᠴᠠᠭᠤᠯᠤᠨ ᠵᠢᠯᠤᠭᠤᠳᠴᠥ᠂ ᠪᠥᠬᠦ ᠤᠷᠤᠨ ᠤ ᠤᠯᠠᠮᠵᠢᠯᠠᠯᠲᠤ ᠭᠠᠷ | ᠤᠷᠠᠯᠠᠯ ᠤᠨ ᠲᠥᠷᠥᠯ ᠵᠥᠢᠯ ᠪᠠ ᠠᠵᠤ ᠥᠢᠯᠡᠰ ᠤᠨ ᠬᠥᠭᠵᠢᠯᠲᠡ ᠶᠢ ᠠᠬᠢᠭᠤᠯᠬᠤ ᠬᠡᠷᠡᠭᠲᠡᠢ᠃ | ︵ᠲᠠᠪᠤ︶ ᠤᠯᠠᠮᠵᠢᠯᠠᠯᠲᠤ ᠭᠠᠷ ᠤᠷᠠᠯᠠᠯ ᠤᠨ ᠬᠠᠮᠢᠶ᠎ᠠ ᠪᠥᠬᠦᠢ ᠬᠢᠴᠢᠶᠡᠯ ᠲᠥᠷᠥᠯ ᠤᠨ ᠪᠠᠶᠢᠭᠤᠯᠤᠯᠲᠠ ᠪᠡ | ᠤᠨᠤᠯ ᠤᠨ ᠮᠡᠷᠭᠡᠵᠢᠯ ᠤᠨ ᠰᠤᠳᠤᠯᠤᠯᠲᠠ ᠶᠢ ᠴᠢᠩᠭᠠᠳᠬᠠᠨ᠂ ᠤᠯᠠᠮᠵᠢᠯᠠᠯᠲᠤ ᠭᠠᠷ ᠤᠷᠠᠯᠠᠯ ᠤᠨ ᠪᠥᠲᠥᠭᠡᠭᠳᠡᠭᠦᠨ ᠤ | ᠵᠢᠷᠤᠭᠯᠠᠨ ᠲᠥᠯᠥᠪᠯᠡᠬᠦ᠂ ᠥᠢᠯᠡᠳᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠨᠥᠬᠦᠴᠡᠯ ᠪᠥᠷᠢᠳᠥᠭᠰᠡᠨ | ᠳᠡᠭᠡᠳᠥ ᠰᠤᠷᠭᠠᠭᠤᠯᠢ ᠪᠡ ᠠᠵᠢᠯ ᠮᠡᠷᠭᠡᠵᠢᠯ ᠤᠨ ᠰᠤᠷᠭᠠᠭᠤᠯᠢ ᠨᠢ ᠥᠪᠡᠷ ᠤᠨ ᠪᠤᠳᠠᠲᠠᠢ ᠪᠠ ᠵᠠᠬ᠎ᠠ ᠳᠡᠯᠭᠡᠭᠦᠷ ᠤᠨ | ᠬᠡᠷᠡᠭᠴᠡᠭᠡ ᠱᠠᠭᠠᠷᠳᠠᠯᠭ᠎ᠠ ᠶᠢ ᠥᠨᠳᠥᠰᠥᠯᠡᠨ᠂ ᠤᠯᠠᠮᠵᠢᠯᠠᠯᠲᠤ ᠭᠠᠷ ᠤᠷᠠᠯᠠᠯ ᠤᠨ ᠬᠠᠮᠢᠶ᠎ᠠ ᠪᠥᠬᠦᠢ ᠲᠤᠰᠬᠠᠢ | ᠮᠡᠷᠭᠡᠵᠢᠯ ᠪᠡ ᠬᠢᠴᠢᠶᠡᠯ ᠨᠡᠭᠡᠭᠡᠬᠦ ᠶᠢ ᠳᠡᠮᠵᠢᠵᠤ᠂ ᠤᠯᠠᠮᠵᠢᠯᠠᠯᠲᠤ ᠭᠠᠷ ᠤᠷᠠᠯᠠᠯ ᠤᠨ ᠤᠨᠤᠯ ᠤᠨ ᠰᠤᠳᠤᠯᠤᠯᠲᠠ ᠪᠡ | ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠬᠤ ᠬᠡᠷᠡᠭᠲᠡᠢ᠃ ᠳᠡᠭᠡᠳᠥ ᠰᠤᠷᠭᠠᠭᠤᠯᠢ ᠪᠡ ᠠᠵᠢᠯ | ᠮᠡᠷᠭᠡᠵᠢᠯ ᠤᠨ ᠰᠤᠷᠭᠠᠭᠤᠯᠢ ᠶᠢᠨ ᠤᠯᠠᠮᠵᠢᠯᠠᠨ ᠵᠠᠯᠭᠠᠮᠵᠢᠯᠠᠭᠴᠢ᠂ ᠭᠠᠷ ᠤᠷᠠᠯᠠᠯ ᠤᠨ ᠤᠷᠠᠨ ᠵᠢᠷᠤᠭ ᠤᠨ ᠶᠡᠭᠡ | ᠪᠠᠭᠰᠢ ᠶᠢ ᠤᠷᠤᠭᠤᠯᠬᠤ ᠶᠢ ᠵᠤᠷᠢᠬᠵᠢᠭᠤᠯᠤᠨ᠂ ᠤᠯᠠᠮᠵᠢᠯᠠᠯᠲᠤ ᠭᠠᠷ ᠤᠷᠠᠯᠠᠯ ᠤᠨ ᠬᠢᠴᠢᠶᠡᠯ ᠲᠥᠷᠥᠯ ᠤᠨ ᠵᠢᠭᠠᠨ | ᠰᠤᠷᠭᠠᠯᠲᠠ ᠪᠡ ᠡᠷᠳᠡᠮ ᠰᠢᠨᠵᠢᠯᠡᠭᠡᠨ ᠤ ᠰᠣᠳᠤᠯᠭᠠᠨ ᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ | ᠬᠡᠷᠡᠭᠲᠡᠢ᠃ ᠤᠯᠠᠮᠵᠢᠯᠠᠯᠲᠤ ᠭᠠᠷ ᠤᠷᠠᠯᠠᠯ ᠵᠢᠴᠢ ᠤᠳᠤ ᠥᠶ᠎ᠡ ᠶᠢᠨ ᠰᠢᠨᠵᠢᠯᠡᠭᠡ ᠮᠡᠷᠭᠡᠵᠢᠯ ᠪᠡ ᠭᠠᠷ ᠤᠷᠠᠯᠠᠯ ᠤᠨ | ᠤᠷᠭᠠᠨᠢᠭ ᠠᠭᠤᠰᠤᠯᠴᠠᠯ ᠢ ᠰᠥᠪᠡᠭᠴᠢᠯᠡᠨ᠂ ᠮᠠᠲ᠋ᠧᠷᠢᠶᠠᠯ ᠢ ᠰᠠᠶᠢᠵᠢᠷᠠᠭᠤᠯᠬᠤ ᠪᠠ ᠥᠢᠯᠡᠳᠬᠦ ᠶᠢ ᠰᠠᠶᠢᠵᠢᠷᠠᠭᠤᠯᠵᠤ᠂ | ᠪᠥᠬᠦᠯᠢ ᠴᠤᠭᠴᠠ ᠶᠢᠨ ᠶᠠᠰᠤ ᠴᠢᠨᠠᠷ ᠢ ᠳᠡᠭᠡᠭᠰᠢᠯᠡᠭᠦᠯᠥᠨ᠂ ᠤᠯᠠᠮᠵᠢᠯᠠᠯᠲᠤ ᠭᠠᠷ ᠤᠷᠠᠯᠠᠯ ᠢ ᠨᠡᠩ ᠰᠠᠶᠢᠨ ᠢᠶᠠᠷ | ᠤᠳᠤ ᠥᠶ᠎ᠡ ᠶᠢᠨ ᠠᠮᠢᠳᠤᠷᠠᠯ ᠳᠤ ᠠᠭᠤᠰᠤᠯᠴᠠᠭᠤᠯᠬᠤ ᠬᠡᠷᠡᠭᠲᠡᠢ᠃ ᠬᠠᠮᠢᠶ᠎ᠠ ᠪᠥᠬᠦᠢ ᠤᠯᠠᠮᠵᠢᠯᠠᠯᠲᠤ ᠭᠠᠷ | ᠤᠷᠠᠯᠠᠯ ᠤᠨ ᠵᠤᠬᠢᠶᠠᠯ ᠪᠥᠲᠥᠭᠡᠯ᠂ ᠤᠷᠴᠢᠭᠤᠯᠤᠭᠰᠠᠨ ᠪᠥᠲᠥᠭᠡᠯ᠂ ᠵᠢᠷᠤᠭᠲᠤ ᠲᠡᠪᠳᠡᠷ ᠵᠡᠷᠭᠡ ᠰᠤᠳᠤᠯᠭᠠᠨ ᠪᠠ | ᠥᠢᠯᠡᠳᠥᠯᠭᠡ ᠶᠢᠨ ᠥᠷ᠎ᠡ ᠪᠥᠲᠥᠭᠡᠯ ᠢ ᠬᠡᠪᠯᠡᠬᠦᠯᠭᠦ ᠶᠢ ᠵᠤᠷᠢᠬᠵᠢᠭᠤᠯᠬᠤ ᠬᠡᠷᠡᠭᠲᠡᠢ᠃ ᠤᠯᠠᠮᠵᠢᠯᠠᠯᠲᠤ ᠭᠠᠷ | ᠤᠷᠠᠯᠠᠯ ᠤᠨ ᠲᠠᠸᠠᠷ ᠤᠨ ᠲᠡᠮᠳᠡᠭ᠂ ᠬᠤᠳᠠᠯᠳᠤᠭᠠᠨ ᠤ ᠨᠢᠭᠤᠴᠠ᠂ ᠮᠡᠳᠡᠯᠭᠡ ᠶᠢᠨ ᠥᠮᠴᠢᠯᠡᠬᠦ ᠡᠷᠭᠡ ᠪᠡ ᠰᠢᠨ᠎ᠡ ᠶᠢ | ᠡᠭᠦᠳᠥᠭᠰᠡᠨ ᠥᠷ᠎ᠡ ᠪᠥᠲᠥᠭᠡᠯ ᠤᠨ ᠬᠠᠮᠠᠭᠠᠯᠠᠯᠲᠠ ᠶᠢ ᠴᠢᠩᠭᠠᠳᠬᠠᠨ᠂ ᠤᠯᠠᠮᠵᠢᠯᠠᠨ ᠵᠠᠯᠭᠠᠮᠵᠢᠯᠠᠭᠴᠢ᠂ ᠬᠠᠮᠢᠶ᠎ᠠ | ᠪᠥᠬᠦᠢ ᠠᠵᠤ ᠠᠬᠤᠶᠢᠯᠠᠯ᠂ ᠨᠢᠭᠡᠴᠡ ᠵᠡᠷᠭᠡ ᠤᠠᠯᠮᠵᠢᠯᠠᠯᠲᠤ ᠭᠠᠷ ᠤᠷᠠᠯᠠᠯ ᠬᠠᠳᠠᠭᠠᠯᠠᠭᠴᠢᠳ ᠤᠨ ᠬᠠᠤᠯᠢ ᠶᠤᠰᠤᠨ ᠤ | ᠡᠷᠭᠡ ᠠᠰᠢᠭ ᠢ ᠬᠠᠮᠠᠭᠠᠯᠠᠬᠤ ᠬᠡᠷᠡᠭᠲᠡᠢ᠃ | ︵ᠵᠢᠷᠭᠤᠭ᠎ᠠ︶ ᠤᠯᠠᠮᠵᠢᠯᠠᠯᠲᠤ ᠭᠠᠷ ᠤᠷᠠᠯᠠᠯ ᠤᠨ ᠤᠬᠠᠭᠤᠯᠭ᠎ᠠ᠂ ᠥᠵᠡᠭᠦᠯᠭᠡ᠂ ᠪᠤᠷᠤᠯᠠᠭᠤᠯᠭ᠎ᠠ ᠶᠢᠨ ᠵᠠᠮ | ᠮᠥᠷ ᠢ ᠥᠷᠭᠡᠳᠬᠡᠬᠦ ᠬᠡᠷᠡᠭᠲᠡᠢ᠃ ᠤᠯᠠᠮᠵᠢᠯᠠᠯᠳᠤ ᠭᠠᠷ ᠤᠷᠠᠯᠠᠯ ᠲᠥᠪᠯᠡᠷᠡᠭᠰᠡᠨ ᠭᠠᠵᠠᠷ ᠤᠷᠤᠨ᠂ ᠲᠡᠤᠭᠡ | ᠰᠤᠶᠤᠯ ᠤᠨ ᠵᠠᠭᠡᠯᠢ ᠲᠤᠭᠤᠷᠢᠭ᠂ ᠵᠢᠭᠤᠯᠴᠢᠯᠠᠯ ᠤᠨ ᠥᠵᠡᠮᠵᠢ ᠶᠢᠨ ᠤᠷᠤᠨ ᠳᠤ ᠤᠯᠠᠮᠵᠢᠯᠠᠯᠲᠤ ᠭᠠᠷ ᠤᠷᠠᠯᠠᠯ ᠤᠨ | ᠪᠥᠲᠥᠭᠡᠭᠳᠡᠭᠦᠨ ᠢ ᠳᠡᠯᠭᠡᠨ ᠪᠤᠷᠤᠯᠠᠭᠤᠯᠬᠤ ᠭᠠᠵᠠᠷ ᠪᠠᠶᠢᠭᠤᠯᠬᠤ ᠶᠢ ᠵᠤᠷᠢᠬᠵᠢᠭᠤᠯᠤᠨ᠂ ᠥᠨᠳᠥᠰᠥᠲᠡᠨ ᠤ ᠤᠨᠴᠠᠯᠢᠭ | ᠪᠤᠶᠤ ᠭᠠᠵᠠᠷ ᠤᠷᠤᠨ ᠤ ᠤᠨᠴᠠᠯᠢᠭ ᠪᠥᠬᠦᠢ ᠤᠯᠠᠮᠵᠢᠯᠠᠯᠲᠤ ᠭᠠᠷ ᠤᠷᠠᠯᠠᠯ ᠤᠨ ᠪᠥᠲᠥᠭᠡᠭᠳᠡᠬᠦᠨ ᠢ ᠲᠥᠪᠯᠡᠷᠡᠭᠦᠯᠥᠨ | ᠳᠡᠯᠭᠡᠨ ᠥᠵᠡᠭᠦᠯᠬᠦ᠂ ᠤᠬᠠᠭᠤᠯᠬᠤ ᠪᠡ ᠲᠠᠨᠢᠯᠴᠠᠭᠤᠯᠵᠤ᠂ ᠤᠯᠠᠮᠵᠢᠯᠠᠯᠲᠤ ᠭᠠᠷ ᠤᠷᠠᠯᠠᠯ ᠵᠢᠴᠢ ᠵᠢᠭᠤᠯᠴᠢᠯᠠᠯ ᠤᠨ | ᠵᠠᠬ᠎ᠠ ᠳᠡᠯᠭᠡᠭᠦᠷ ᠤᠨ ᠤᠶᠠᠯᠳᠤᠬᠤ ᠶᠢ ᠠᠬᠢᠭᠤᠯᠬᠤ ᠬᠡᠷᠡᠭᠲᠡᠢ᠃ ᠤᠯᠤᠰ ᠤᠨ ᠰᠤᠶᠤᠯ ᠪᠠ ᠪᠠᠶᠢᠭᠠᠯᠢ ᠶᠢᠨ ᠥᠪ | ᠬᠥᠷᠥᠩᠭᠡ ᠶᠢᠨ ᠡᠳᠥᠷ᠂ ᠥᠪᠡᠷᠲᠡᠭᠡᠨ ᠵᠠᠰᠠᠬᠤ ᠤᠷᠤᠨ ᠤ ᠲᠠᠯ᠎ᠠ ᠨᠤᠲᠤᠭ ᠤᠨ ᠰᠤᠶᠤᠯ ᠤᠨ ᠥᠪ ᠬᠥᠷᠥᠩᠭᠡ ᠶᠢᠨ | ᠡᠳᠥᠷ᠂ ᠪᠤᠳᠠᠰ ᠤᠨ ᠪᠤᠰᠤ ᠰᠤᠶᠤᠯ ᠤᠨ ᠥᠪ ᠬᠥᠷᠥᠩᠭᠡ ᠶᠢᠨ ᠡᠳᠥᠷ᠂ ᠵᠢᠭᠤᠯᠴᠢᠯᠠᠯ ᠵᠡᠷᠭᠡ ᠬᠠᠮᠢᠶ᠎ᠠ ᠪᠥᠬᠦᠢ | ᠪᠠᠶᠠᠷ ᠳᠤᠷᠠᠰᠬᠠᠯ ᠳᠡᠭᠡᠷ᠎ᠡ ᠤᠯᠠᠮᠵᠢᠯᠠᠯᠲᠤ ᠭᠠᠷ ᠤᠷᠠᠯᠠᠯ ᠤᠨ ᠲᠤᠰᠬᠠᠢ ᠲᠤᠭᠤᠷᠢᠭ ᠪᠠᠶᠢᠷᠢᠯᠠᠭᠤᠯᠬᠤ ᠬᠡᠷᠡᠭᠲᠡᠢ᠃ | ᠪᠤᠳᠠᠰ ᠤᠨ ᠪᠤᠰᠤ ᠰᠤᠶᠤᠯ ᠤᠨ ᠥᠪ ᠬᠥᠷᠥᠩᠭᠡ ᠵᠢᠴᠢ ᠤᠯᠠᠮᠵᠢᠯᠠᠯᠲᠤ ᠭᠠᠷ ᠤᠷᠠᠯᠠᠯ ᠤᠨ ᠡᠯ᠎ᠡ ᠵᠥᠢᠯ ᠤᠨ | ᠥᠵᠡᠭᠦᠯᠭᠡ ᠶᠢ ᠡᠷᠬᠢᠯᠡᠨ᠂ ᠤᠯᠠᠮᠵᠢᠯᠠᠯᠲᠤ ᠭᠠᠷ ᠤᠷᠠᠯᠠᠯ ᠳᠤ ᠨᠡᠩ ᠤᠯᠠᠨ ᠥᠵᠡᠭᠦᠯᠥᠨ ᠠᠷᠠᠯᠵᠢᠶᠠᠯᠠᠬᠤ ᠲᠠᠪᠴᠠᠩ | ᠪᠠᠶᠢᠭᠤᠯᠬᠤ ᠬᠡᠷᠡᠭᠲᠡᠢ᠃ ᠬᠤᠳᠠᠯᠳᠤᠭᠠᠨ ᠤ ᠰᠥᠯᠵᠢᠶ᠎ᠠ ᠪᠡ ᠬᠠᠮᠢᠶ᠎ᠠ ᠪᠥᠬᠦᠢ ᠲᠤᠰᠬᠠᠢ ᠮᠡᠷᠭᠡᠵᠢᠯ ᠤᠨ ᠰᠥᠯᠵᠢᠶᠡᠨ ᠤ | ᠰᠥᠯᠵᠢᠶ᠎ᠡ ᠪᠠᠷ ᠪᠤᠷᠤᠯᠠᠭᠤᠯᠬᠤ ᠲᠠᠪᠴᠠᠩ ᠪᠠᠶᠢᠭᠤᠯᠬᠤ ᠶᠢ ᠵᠤᠷᠢᠬᠵᠢᠭᠤᠯᠤᠨ᠂ ᠤᠯᠠᠮᠵᠢᠯᠠᠯᠳᠤ ᠭᠠᠷ ᠤᠷᠠᠯᠠᠯ ᠤᠨ | ᠪᠥᠲᠥᠭᠡᠭᠳᠡᠭᠦᠨ ᠢ ᠬᠠᠮᠵᠢᠨ ᠲᠠᠨᠢᠯᠴᠠᠭᠤᠯᠬᠤ ᠬᠡᠷᠡᠭᠲᠡᠢ᠃ | ︵ᠳᠤᠯᠤᠭ᠎ᠠ︶ ᠨᠡᠶᠢᠭᠡᠮ ᠤᠨ ᠤᠬᠠᠭᠤᠯᠭ᠎ᠠ ᠪᠠ ᠲᠥᠭᠡᠮᠡᠯᠵᠢᠭᠦᠯᠬᠦ ᠬᠥᠮᠥᠵᠢᠯ ᠢ ᠠᠬᠢᠭᠤᠯᠬᠤ ᠬᠡᠷᠡᠭᠲᠡᠢ᠃ | ᠤᠯᠠᠮᠵᠢᠯᠠᠯᠲᠤ ᠭᠠᠷ ᠤᠷᠠᠯᠠᠯ ᠤᠨ ᠨᠡᠶᠢᠭᠡᠮ ᠤᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠂ ᠵᠠᠭᠤᠴᠢᠯᠠᠭᠤᠷ᠂ | ᠨᠡᠶᠢᠲᠡ ᠶᠢᠨ ᠠᠰᠠᠷᠠᠮᠵᠢ ᠶᠢᠨ ᠵᠠᠷ ᠢ ᠠᠰᠢᠭᠯᠠᠨ᠂ ᠨᠢᠰᠭᠡᠯ ᠤᠨ ᠪᠠᠭᠤᠳᠠᠯ᠂ ᠲᠡᠷᠭᠡᠨ ᠥᠷᠲᠡᠭᠡ᠂ ᠰᠤᠶᠤᠯ ᠤᠨ | ᠲᠠᠯᠠᠪᠤᠷ ᠤᠨ ᠤᠯᠠᠨ ᠨᠡᠶᠢᠲᠡ ᠶᠢᠨ ᠤᠷᠤᠨ ᠵᠠᠢ ᠳᠤ ᠤᠯᠠᠮᠵᠢᠯᠠᠯᠲᠤ ᠭᠠᠷ ᠤᠷᠠᠯᠠᠯ ᠤᠨ ᠨᠠᠶᠢᠲᠡ ᠶᠢᠨ ᠠᠰᠠᠷᠠᠮᠵᠢ ᠶᠢᠨ | ᠤᠬᠠᠭᠤᠯᠭ᠎ᠠ ᠶᠢ ᠥᠷᠨᠢᠭᠦᠯᠵᠤ᠂ ᠤᠯᠠᠮᠵᠢᠯᠠᠯᠲᠤ ᠭᠠᠷ ᠤᠷᠠᠯᠠᠯ ᠤᠨ ᠨᠡᠶᠢᠭᠡᠮ ᠤᠨ ᠨᠥᠯᠥᠭᠡ ᠪᠠ ᠤᠯᠠᠨ ᠨᠡᠶᠢᠲᠡ ᠶᠢᠨ | ᠮᠡᠳᠡᠷᠡᠮᠵᠢ ᠶᠢᠨ ᠬᠡᠮᠵᠢᠶ᠎ᠡ ᠶᠢ ᠥᠷᠭᠡᠳᠬᠡᠨ᠂ ᠤᠷᠤᠨ ᠨᠤᠲᠤᠭ ᠤᠨ ᠰᠤᠶᠤᠯ ᠤᠨ ᠡᠬᠢ ᠪᠠᠶᠠᠯᠢᠭ ᠪᠠ ᠰᠤᠶᠤᠯ ᠤᠨ | ᠲᠥᠷᠥᠯ ᠲᠡᠮᠳᠡᠭᠲᠥ ᠶᠢ ᠳᠡᠯᠭᠡᠨ ᠤᠬᠠᠭᠤᠯᠬᠤ ᠬᠡᠷᠡᠭᠲᠡᠢ᠃ ᠲᠧᠯᠸᠢᠰ᠂ ᠰᠥᠯᠵᠢᠶ᠎ᠡ ᠵᠠᠭᠤᠴᠢᠯᠠᠭᠤᠷ ᠵᠠᠷᠭᠡ ᠶᠢᠨ | ᠡᠯᠪᠡᠭ ᠪᠠᠶᠠᠯᠢᠭ ᠤᠯᠠᠮᠵᠢᠯᠠᠯᠲᠤ ᠭᠠᠷ ᠤᠷᠠᠯᠠᠯ ᠤᠨ ᠲᠥᠷᠥᠯ ᠤᠨ ᠫᠷᠤᠭ᠍ᠷᠠᠮ ᠡᠷᠬᠢᠯᠡᠭᠦ ᠶᠢ ᠵᠤᠷᠢᠬᠵᠢᠭᠤᠯᠬᠤ ᠬᠡᠷᠡᠭᠲᠡᠢ᠃ | ᠤᠯᠠᠮᠵᠢᠯᠠᠯᠲᠤ ᠭᠠᠷ ᠤᠷᠠᠯᠠᠯ ᠤᠨ ᠪᠠᠷᠢᠮᠲᠠᠲᠤ ᠺᠢᠨᠤ᠋᠂ ᠵᠢᠭᠠᠨ ᠰᠤᠷᠭᠠᠬᠤ ᠹᠢᠯᠢᠮ ᠪᠠ ᠤᠬᠠᠭᠤᠯᠭ᠎ᠠ ᠶᠢᠨ ᠹᠢᠯᠢᠮ ᠢ | ᠰᠡᠭᠦᠳᠡᠷᠯᠡᠬᠦ ᠪᠠ ᠤᠷᠴᠢᠭᠤᠯᠤᠨ ᠥᠢᠯᠡᠳᠴᠥ᠂ ᠮᠡᠳᠡᠯᠭᠡ ᠤᠯᠠᠮᠵᠢᠯᠠᠬᠤ᠂ ᠲᠥᠭᠡᠮᠡᠯᠵᠢᠭᠦᠯᠬᠦ ᠪᠠ ᠤᠷ᠎ᠠ ᠮᠡᠷᠭᠡᠵᠢᠯ | ᠰᠤᠯᠢᠯᠴᠠᠬᠤ ᠶᠢ ᠠᠬᠢᠭᠤᠯᠵᠤ᠂ ᠤᠯᠠᠨ ᠨᠡᠶᠢᠲᠡ ᠶᠢᠨ ᠤᠯᠠᠮᠵᠢᠯᠠᠯᠲᠤ ᠭᠠᠷ ᠤᠷᠠᠯᠠᠯ ᠤᠨ ᠮᠡᠳᠡᠯᠭᠡ ᠰᠤᠷᠤᠯᠴᠠᠬᠤ ᠳᠤ | ᠳᠥᠭᠦᠮ ᠥᠵᠡᠭᠦᠯᠬᠦ ᠬᠡᠷᠡᠭᠲᠡᠢ᠃ ᠡᠯ᠎ᠡ ᠬᠤᠯᠪᠤᠭᠳᠠᠯ ᠪᠥᠬᠦᠢ ᠰᠠᠯᠠᠭ᠎ᠠ ᠮᠥᠴᠢᠷ ᠪᠠ ᠨᠡᠶᠢᠭᠡᠮ ᠤᠨ ᠵᠤᠬᠢᠶᠠᠨ | ᠪᠠᠶᠢᠭᠤᠯᠤᠯᠲᠠ ᠶᠢᠨ ᠤᠯᠠᠮᠵᠢᠯᠠᠯᠲᠤ ᠭᠠᠷ ᠤᠷᠠᠯᠠᠯ ᠤᠨ ᠬᠠᠮᠢᠶ᠎ᠡ ᠪᠥᠬᠦᠢ ᠠᠵᠢᠯᠯᠠᠭ᠎ᠠ ᠳᠤ ᠢᠳᠡᠪᠬᠢᠲᠡᠢ ᠤᠷᠤᠯᠴᠠᠬᠤ | ᠪᠤᠶᠤ ᠵᠤᠬᠢᠶᠠᠨ ᠪᠠᠶᠢᠭᠤᠯᠬᠤ ᠶᠢ ᠵᠤᠷᠢᠬᠵᠢᠭᠤᠯᠵᠤ᠂ ᠡᠯ᠎ᠡ ᠱᠠᠲᠤᠨ ᠤ ᠤᠯᠠᠨ ᠨᠡᠶᠢᠲᠡ ᠶᠢᠨ ᠰᠤᠶᠤᠯ ᠤᠨ | ᠪᠠᠶᠢᠭᠤᠯᠤᠮᠵᠢ ᠶᠢᠨ ᠥᠢᠯᠡᠳᠥᠯ ᠢ ᠭᠥᠢᠴᠡᠳ ᠪᠠᠳᠠᠷᠠᠭᠤᠯᠤᠨ᠂ ᠤᠯᠠᠨ ᠨᠡᠶᠢᠲᠡ ᠶᠢᠨ ᠰᠤᠶᠤᠯ ᠤᠨ ᠥᠢᠯᠡᠴᠢᠯᠡᠭᠡᠨ ᠤ | ᠲᠠᠯᠠᠪᠤᠷ ᠲᠤ ᠲᠥᠰᠢᠭᠯᠡᠵᠤ ᠨᠡᠶᠢᠭᠡᠮ ᠲᠤᠭᠤᠷᠢᠭ ᠲᠤ ᠬᠠᠨᠳᠤᠭᠤᠯᠤᠭᠰᠠᠨ ᠤᠯᠠᠮᠵᠢᠯᠠᠯᠲᠤ ᠭᠠᠷ ᠤᠷᠠᠯᠠᠯ ᠤᠨ | ᠥᠵᠡᠭᠦᠯᠭᠡ ᠬᠢᠬᠦ᠂ ᠤᠶᠢᠯᠠᠭᠠᠬᠤ᠂ ᠵᠢᠭᠠᠬᠤ ᠰᠤᠷᠬᠤ᠂ ᠲᠠᠶᠢᠯᠤᠮᠵᠢ ᠬᠢᠬᠦ᠂ ᠪᠤᠯᠪᠠᠰᠤᠷᠠᠭᠤᠯᠬᠤ ᠵᠡᠷᠭᠡ ᠡᠯ᠎ᠡ | ᠵᠥᠢᠯ ᠤᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠤ᠂ ᠡᠯ᠎ᠡ ᠱᠠᠲᠤᠨ ᠤ ᠤᠯᠠᠨ ᠨᠡᠶᠢᠲᠡ ᠶᠢᠨ ᠰᠤᠶᠤᠯ ᠤᠨ | ᠪᠠᠶᠢᠭᠤᠯᠤᠮᠵᠢ ᠶᠢ ᠤᠯᠠᠮᠵᠢᠯᠠᠯᠲᠤ ᠭᠠᠷ ᠤᠷᠠᠯᠠᠯ ᠢ ᠲᠥᠭᠡᠮᠡᠯᠵᠢᠭᠦᠯᠥᠨ ᠳᠡᠯᠭᠡᠷᠡᠭᠦᠯᠬᠦ ᠴᠢᠬᠤᠯᠠ ᠪᠠᠬᠢᠯᠡᠯᠲᠠ ᠪᠤᠯᠭᠠᠨ᠂ | ᠤᠯᠠᠨ ᠲᠥᠮᠡᠨ ᠤ ᠰᠤᠶᠤᠯ ᠤᠨ ᠠᠮᠢᠳᠤᠷᠠᠯ ᠢ ᠪᠠᠶᠠᠯᠢᠬᠵᠢᠭᠤᠯᠵᠤ᠂ ᠤᠯᠠᠮᠵᠢᠯᠠᠯᠲᠤ ᠭᠠᠷ ᠤᠷᠠᠯᠠᠯ ᠤᠨ ᠨᠡᠶᠢᠭᠡᠮ ᠤᠨ | ᠮᠡᠳᠡᠷᠡᠮᠵᠢ ᠶᠢ ᠴᠢᠩᠭᠠᠷᠠᠭᠤᠯᠬᠤ ᠬᠡᠷᠡᠭᠲᠡᠢ᠃ ᠪᠤᠳᠠᠰ ᠤᠨ ᠪᠤᠰᠤ ᠰᠤᠶᠤᠯ ᠤᠨ ᠥᠪ ᠬᠥᠷᠥᠩᠭᠡ ᠶᠢ ᠰᠤᠷᠭᠠᠭᠤᠯᠢ ᠶᠢᠨ | ᠬᠥᠷᠢᠶᠡᠨ ᠳᠤ ᠤᠷᠤᠭᠤᠯᠬᠤ ᠵᠡᠷᠭᠡ ᠠᠵᠢᠯᠯᠠᠭ᠎ᠠ ᠶᠢ ᠥᠷᠭᠦᠯᠵᠢᠯᠡᠨ ᠥᠷᠨᠢᠭᠦᠯᠬᠦ ᠬᠡᠷᠡᠭᠲᠡᠢ᠃ ᠤᠯᠠᠮᠵᠢᠯᠠᠯᠲᠤ ᠭᠠᠷ | ᠤᠷᠠᠯᠠᠯ ᠢ ᠳᠡᠭᠡᠳᠥ ᠰᠤᠷᠭᠠᠭᠤᠯᠢ ᠶᠢᠨ ᠬᠥᠮᠥᠨ ᠨᠡᠶᠢᠭᠡᠮ ᠤᠨ ᠬᠡᠪ ᠴᠢᠨᠠᠷ ᠤᠨ ᠬᠢᠴᠢᠶᠡᠯ ᠪᠡ ᠳᠤᠮᠳᠠᠳᠤ ᠪᠠᠭ᠎ᠠ | ᠰᠤᠷᠭᠠᠭᠤᠯᠢ ᠶᠢᠨ ᠬᠢᠴᠢᠶᠡᠯ ᠤᠨ ᠭᠠᠳᠠᠨᠠᠬᠢ ᠵᠢᠭᠠᠨ ᠰᠤᠷᠭᠠᠬᠤ ᠠᠵᠢᠯᠯᠠᠭ᠎ᠠ ᠳᠤ ᠤᠷᠤᠭᠤᠯᠬᠤ ᠭᠡᠷᠡᠭᠲᠡᠢ᠂ ᠶᠡᠭᠡ | ᠰᠤᠷᠭᠠᠭᠤᠯᠢ ᠳᠤᠮᠳᠠᠳᠤ ᠪᠠᠭ᠎ᠠ ᠰᠤᠷᠭᠠᠭᠤᠯᠢ ᠶᠢᠨ ᠭᠠᠵᠠᠷ ᠤᠷᠤᠨ ᠤ ᠤᠨᠴᠠᠯᠢᠭ᠂ ᠥᠨᠳᠥᠰᠥᠲᠡᠨ ᠤ ᠤᠨᠴᠠᠯᠢᠭ ᠢ | ᠢᠯᠡᠷᠡᠭᠦᠯᠥᠭᠰᠡᠨ ᠤᠯᠠᠮᠵᠢᠯᠠᠯᠲᠤ ᠭᠠᠷ ᠤᠷᠠᠯᠠᠯ ᠢ ᠪᠡᠶ᠎ᠡ ᠪᠠᠷ ᠢᠶᠠᠨ ᠤᠶᠢᠯᠠᠭᠠᠬᠤ ᠪᠡ ᠤᠷᠤᠯᠳᠤᠭᠠᠨ ᠵᠤᠬᠢᠶᠠᠨ | ᠪᠠᠶᠢᠭᠤᠯᠵᠤ ᠥᠷᠨᠢᠭᠦᠯᠬᠦ ᠶᠢ ᠳᠡᠮᠵᠢᠨ᠂ ᠵᠠᠯᠠᠭᠤᠴᠤᠳ ᠪᠠᠭᠠᠴᠤᠳ ᠤᠨ ᠤᠷᠤᠯᠳᠤᠵᠤ ᠬᠢᠬᠦ ᠴᠢᠳᠠᠪᠤᠷᠢ ᠪᠡ ᠡᠭᠦᠳᠥᠨ | ᠪᠥᠲᠥᠭᠡᠬᠦ ᠴᠢᠳᠠᠪᠤᠷᠢ ᠶᠢ ᠳᠡᠭᠡᠭᠰᠢᠯᠡᠭᠦᠯᠵᠤ᠂ ᠤᠯᠠᠮᠵᠢᠯᠠᠯᠲᠤ ᠰᠤᠶᠤᠯ ᠤᠨ ᠮᠠᠳᠡᠷᠡᠮᠵᠢ ᠶᠢ ᠨᠢ ᠨᠡᠩ ᠭᠥᠨ ᠪᠤᠯᠭᠠᠬᠤ | ᠬᠡᠷᠡᠭᠲᠡᠢ᠃ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠨᠢᠭᠡᠳᠥᠯᠲᠡᠢ ᠲᠥᠯᠥᠪᠵᠢᠭᠦᠯᠥᠨ ᠵᠤᠬᠢᠴᠠᠭᠤᠯᠬᠤ ᠶᠢ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ | ᠤᠷᠤᠨ ᠨᠤᠭᠤᠳ ᠳᠡᠭᠡᠳᠥ ᠬᠡᠮᠵᠢᠶ᠎ᠡ ᠪᠠᠷ ᠴᠢᠬᠤᠯᠠᠴᠢᠯᠠᠨ᠂ ᠰᠤᠶᠤᠯ᠂ ᠠᠵᠤ ᠠᠬᠤᠢ ᠪᠡ ᠮᠡᠳᠡᠭᠡ ᠵᠠᠩᠬᠢᠵᠢᠯᠲᠠ᠂ | ᠡᠳ᠋ ᠤᠨ ᠵᠠᠰᠠᠭ᠂ ᠰᠢᠨᠵᠢᠯᠡᠭᠡ ᠮᠡᠷᠭᠡᠵᠢᠯ᠂ ᠰᠤᠷᠭᠠᠨ ᠬᠥᠮᠥᠵᠢᠯ᠂ ᠬᠥᠮᠥᠨ ᠤ ᠬᠥᠴᠥᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠭ᠎ᠠ᠂ ᠤᠷᠴᠢᠨ ᠲᠤᠭᠤᠷᠢᠨ ᠤ ᠬᠠᠮᠠᠭᠠᠯᠠᠯᠲᠠ᠂ ᠤᠢ ᠰᠢᠭᠤᠢ᠂ ᠮᠠᠯ ᠠᠵᠤ ᠠᠬᠤᠢ᠂ ᠤᠷᠤᠨ | ᠰᠠᠭᠤᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠮᠥᠩᠭᠦᠨ ᠭᠥᠢᠯᠭᠡᠭᠡ᠂ ᠵᠢᠭᠤᠯᠴᠢᠯᠠᠯ᠂ ᠥᠢᠯᠡᠳᠪᠥᠷᠢ | ᠬᠤᠳᠠᠯᠳᠤᠭ᠎ᠠ᠂ ᠰᠤᠨᠢᠨ ᠮᠡᠳᠡᠭᠡ ᠬᠡᠪᠯᠡᠯ ᠷᠠᠳᠢᠣ᠋ ᠲᠧᠯᠸᠢᠰ᠂ ᠶᠠᠳᠠᠭᠤ ᠶᠢ ᠳᠡᠳᠬᠦᠬᠦ᠂ ᠵᠡᠮᠳᠡᠭᠴᠥᠳ ᠤᠨ ᠬᠤᠯᠪᠤᠭ᠎ᠠ | ᠵᠡᠷᠭᠡ ᠰᠠᠯᠠᠭ᠎ᠠ ᠮᠥᠴᠢᠷ ᠢ ᠨᠢᠭᠡᠳᠥᠯᠲᠡᠢ ᠲᠥᠯᠥᠪᠵᠢᠭᠦᠯᠥᠨ ᠵᠤᠬᠢᠴᠠᠭᠤᠯᠵᠤ᠂ ᠰᠤᠶᠤᠯ ᠤᠨ ᠠᠵᠢᠯ ᠥᠢᠯᠡᠰ ᠪᠠ | ᠰᠤᠶᠤᠯ ᠤᠨ ᠠᠵᠤ ᠥᠢᠯᠡᠰ ᠢ ᠴᠡᠴᠡᠭᠯᠡᠨ ᠭᠥᠭᠵᠢᠭᠦᠯᠬᠦ ᠪᠠ ᠤᠨᠢᠨ ᠳᠡᠭᠡᠷ᠎ᠡ ᠨᠢ ᠳᠡᠳᠬᠦᠬᠦ᠂ ᠰᠢᠨ᠎ᠡ ᠮᠠᠯᠵᠢᠬᠤ | ᠲᠠᠷᠢᠶᠠᠯᠠᠬᠤ ᠤᠷᠤᠨ ᠤ ᠪᠥᠲᠥᠭᠡᠨ ᠪᠠᠶᠢᠭᠤᠯᠤᠯᠲᠠ᠂ ᠥᠨᠳᠥᠰᠥᠲᠡᠨ ᠤ ᠤᠯᠠᠮᠵᠢᠯᠠᠯᠲᠤ ᠭᠠᠷ ᠤᠷᠠᠯᠠᠯ ᠵᠢᠴᠢ | ᠤᠨᠴᠠᠯᠢᠭᠲᠤ ᠲᠤᠰᠬᠤᠨ ᠪᠠᠯᠭᠠᠰᠤ ᠶᠢ ᠬᠠᠮᠠᠭᠠᠯᠠᠬᠤ ᠪᠡ ᠬᠥᠭᠵᠢᠭᠦᠯᠬᠦ᠂ ᠤᠯᠠᠮᠵᠢᠯᠠᠯᠲᠤ ᠠᠶᠢᠯ ᠲᠤᠰᠬᠤᠨ ᠢ | ᠬᠠᠮᠠᠭᠠᠯᠠᠬᠤ᠂ ᠥᠵᠡᠰᠭᠦᠯᠡᠩᠲᠥ ᠰᠢᠶᠠᠩ ᠲᠤᠰᠬᠤᠨ ᠢ ᠪᠥᠲᠥᠭᠡᠨ ᠪᠠᠶᠢᠭᠤᠯᠬᠤ᠂ ᠪᠥᠬᠦ ᠬᠥᠷᠢᠶ᠎ᠡ ᠴᠠᠷᠠᠭ᠎ᠠ ᠳᠤ | ᠵᠢᠭᠤᠯᠴᠢᠯᠠᠬᠤ ᠵᠡᠷᠭᠡ ᠠᠵᠢᠯ ᠯᠤᠭ᠎ᠠ ᠤᠶᠠᠯᠳᠤᠭᠤᠯᠤᠨ᠂ ᠤᠯᠠᠮᠵᠢᠯᠠᠯᠲᠤ ᠭᠠᠷ ᠤᠷᠠᠯᠠᠯ ᠢ ᠬᠥᠭᠵᠢᠭᠦᠯᠥᠨ | ᠮᠠᠨᠳᠤᠭᠤᠯᠬᠤ ᠪᠥᠲᠥᠮᠵᠢᠲᠡᠢ ᠠᠷᠭ᠎ᠠ ᠵᠠᠮ ᠢ ᠢᠳᠡᠪᠬᠢᠲᠡᠢ ᠰᠥᠪᠡᠭᠴᠢᠯᠡᠬᠦ ᠬᠡᠷᠡᠭᠲᠡᠢ᠃ ᠮᠠᠯᠵᠢᠬᠤ ᠲᠠᠷᠢᠶᠠᠯᠠᠬᠤ | ᠤᠷᠤᠨ ᠤ ᠥᠯᠡᠭᠦᠥ ᠬᠥᠳᠡᠯᠮᠥᠷᠢ ᠬᠥᠴᠥ᠂ ᠬᠤᠲᠠ ᠶᠢᠨ ᠠᠵᠢᠯ ᠤᠨ ᠪᠠᠶᠢᠷᠢ ᠠᠴᠠ ᠪᠠᠭᠤᠭᠰᠠᠨ ᠠᠵᠢᠯᠲᠠᠨ | ᠠᠵᠢᠯᠴᠢᠨ᠂ ᠬᠤᠲᠠ ᠬᠥᠳᠡᠭᠡ ᠶᠢᠨ ᠵᠡᠮᠳᠡᠭᠴᠥᠥᠯ᠂ ᠨᠤᠲᠤᠭ ᠲᠠᠭᠠᠨ ᠪᠤᠴᠠᠭᠰᠠᠨ ᠪᠠ ᠬᠥᠳᠡᠭᠡ ᠪᠠᠭᠤᠨ ᠥᠢᠯᠡᠰ | ᠴᠤᠭᠴᠠᠯᠠᠨ ᠰᠢᠨ᠎ᠡ ᠶᠢ ᠡᠭᠦᠳᠤᠭ᠍ᠰᠡᠳ᠂ ᠥᠨᠳᠥᠰᠥᠲᠡᠨ ᠤ ᠭᠠᠵᠠᠷ ᠤᠷᠤᠨ ᠤ ᠤᠯᠠᠨ ᠲᠥᠮᠡᠨ ᠳᠤ | ᠬᠠᠨᠳᠤᠭᠤᠯᠤᠭᠰᠠᠨ ᠭᠠᠷ ᠤᠷᠠᠯᠠᠯ ᠤᠨ ᠤᠷ᠎ᠠ ᠮᠡᠷᠭᠡᠵᠢᠯ ᠤᠨ ᠪᠤᠯᠪᠠᠰᠤᠷᠠᠭᠤᠯᠤᠯ ᠢ ᠥᠷᠭᠡᠨ ᠢᠶᠠᠷ ᠥᠷᠨᠢᠭᠦᠯᠥᠨ᠂ | ᠲᠡᠳᠡᠨᠡᠷ ᠤᠨ ᠤᠯᠠᠮᠵᠢᠯᠠᠯᠲᠤ ᠭᠠᠷ ᠤᠷᠠᠯᠠᠯ ᠤᠨ ᠥᠢᠯᠡᠳᠪᠥᠷᠢᠯᠡᠯ ᠡᠷᠬᠢᠯᠡᠬᠦ ᠶᠢ ᠵᠤᠷᠢᠬᠵᠢᠭᠤᠯᠬᠤ ᠬᠡᠷᠡᠭᠲᠡᠢ᠃ | ᠪᠤᠳᠠᠰ ᠤᠨ ᠪᠤᠰᠤ ᠰᠤᠶᠤᠯ ᠤᠨ ᠥᠪ ᠬᠥᠷᠥᠩᠭᠡ ᠶᠢᠨ ᠥᠢᠯᠡᠳᠪᠥᠷᠢᠯᠡᠯ ᠤᠨ ᠴᠢᠨᠠᠷᠲᠠᠢ ᠬᠠᠮᠠᠭᠠᠯᠠᠬᠤ ᠵᠢᠱᠢᠶ᠎ᠡ | ᠥᠵᠡᠭᠦᠯᠬᠦ ᠰᠠᠭᠤᠷᠢᠨ ᠭᠠᠵᠠᠷ ᠤᠨ ᠬᠥᠲᠥᠯᠥᠨ ᠳᠠᠭᠠᠭᠤᠯᠬᠤ ᠥᠢᠯᠡᠳᠥᠯ ᠢᠶᠠᠨ ᠪᠠᠳᠠᠷᠠᠭᠤᠯᠬᠤ ᠶᠢ ᠬᠥᠲᠥᠯᠥᠨ | ᠵᠢᠯᠤᠭᠤᠳᠬᠤ ᠬᠡᠷᠡᠭᠲᠡᠢ᠃ | ︵ᠬᠤᠶᠠᠷ︶ ᠳᠡᠮᠵᠢᠬᠦ ᠲᠥᠷᠥ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠱᠠᠲᠤᠨ ᠤ | ᠡᠳ᠋ ᠤᠨ ᠵᠠᠰᠠᠭ ᠤᠳ ᠤᠯᠠᠮᠵᠢᠯᠠᠯᠲᠤ ᠰᠤᠶᠤᠯ ᠪᠠ ᠤᠯᠠᠮᠵᠢᠯᠠᠯᠲᠤ ᠭᠠᠷ ᠤᠷᠠᠯᠠᠯ ᠢ ᠳᠡᠮᠵᠢᠬᠦ ᠡᠷᠴᠢᠮ ᠢᠶᠠᠨ | ᠴᠢᠩᠭᠠᠷᠠᠭᠤᠯᠤᠨ᠂ ᠤᠯᠠᠮᠵᠢᠯᠠᠯᠲᠤ ᠭᠠᠷ ᠤᠷᠠᠯᠠᠯ ᠢ ᠭᠥᠭᠵᠢᠭᠦᠯᠥᠨ ᠮᠠᠨᠳᠤᠭᠤᠯᠬᠤ ᠶᠢ ᠭᠥᠲᠥᠯᠥᠨ ᠵᠢᠯᠤᠭᠤᠳᠬᠤ | ᠪᠡᠯᠡ ᠮᠥᠩᠬᠦ ᠶᠢ ᠪᠠᠶᠢᠭᠤᠯᠵᠤ᠂ ᠲᠤᠭᠲᠠᠭᠠᠯ ᠳᠤ ᠨᠡᠶᠢᠴᠡᠬᠦ ᠪᠥᠭᠡᠳ ᠥᠨᠳᠥᠰᠥᠲᠡᠨ᠂ ᠤᠷᠤᠨ ᠪᠥᠰᠡ ᠶᠢᠨ | ᠤᠨᠴᠠᠯᠢᠭ ᠪᠠ ᠬᠥᠭᠵᠢᠯᠲᠡ ᠶᠢᠨ ᠳᠠᠯᠳᠠ ᠬᠥᠴᠥᠨ ᠪᠥᠬᠦᠢ ᠤᠯᠠᠮᠵᠢᠯᠠᠯᠲᠤ ᠭᠠᠷ ᠤᠷᠠᠯᠠᠯ ᠤᠨ ᠲᠥᠷᠥᠯ ᠵᠥᠢᠯ ᠳᠤ | ᠵᠤᠬᠢᠬᠤ ᠳᠡᠮᠵᠢᠯᠭᠡ ᠥᠭᠬᠦ ᠬᠡᠷᠡᠭᠲᠡᠢ᠃ ᠶᠠᠳᠠᠭᠤ ᠬᠥᠴᠢᠷᠲᠡᠯᠲᠡᠢ ᠭᠠᠵᠠᠷ ᠤᠷᠤᠨ ᠤ ᠤᠯᠠᠮᠵᠢᠯᠠᠯᠲᠤ ᠭᠠᠷ ᠤᠷᠠᠯᠠᠯ ᠢ | ᠬᠥᠭᠵᠢᠭᠦᠯᠬᠦ ᠲᠥᠷᠥᠯ ᠵᠥᠢᠯ ᠳᠤ ᠳᠡᠮᠵᠢᠯᠭᠡ ᠥᠭᠬᠦ ᠬᠡᠷᠡᠭᠲᠡᠢ᠂ ᠳᠡᠭᠡᠳᠥ ᠰᠤᠷᠭᠠᠭᠤᠯᠢ ᠶᠢᠨ ᠤᠯᠠᠮᠵᠢᠯᠠᠯᠲᠤ ᠭᠠᠷ | ᠤᠷᠠᠯᠠᠯ ᠤᠨ ᠬᠢᠴᠢᠶᠡᠯ ᠲᠥᠷᠥᠯ ᠢᠶᠠᠷ ᠲᠡᠭᠦᠰᠥᠭᠰᠡᠨ ᠰᠤᠷᠤᠭᠴᠢᠳ ᠤᠨ ᠤᠯᠠᠮᠵᠢᠯᠠᠯᠲᠤ ᠭᠠᠷ ᠤᠷᠠᠯᠠᠯ ᠤᠨ ᠥᠢᠯᠡᠰ | ᠴᠤᠭᠴᠠᠯᠠᠬᠤ ᠪᠠ ᠰᠢᠨ᠎ᠡ ᠶᠢ ᠡᠭᠦᠳᠬᠦ ᠶᠢ ᠥᠷᠨᠢᠭᠦᠯᠬᠦ ᠳᠤ ᠳᠡᠮᠵᠢᠯᠭᠡ ᠤᠯᠭᠤᠬᠤ ᠬᠡᠷᠡᠭᠲᠡᠢ᠃ ᠤᠯᠠᠮᠵᠢᠯᠠᠯᠲᠤ ᠭᠠᠷ | ᠤᠷᠠᠯᠠᠯ ᠤᠨ ᠤᠬᠠᠭᠤᠯᠭ᠎ᠠ ᠳᠡᠯᠭᠡᠨ ᠥᠵᠡᠭᠦᠯᠭᠡ᠂ ᠵᠢᠭᠠᠬᠤ ᠰᠤᠷᠬᠤ ᠪᠤᠯᠪᠠᠰᠤᠷᠠᠭᠤᠯᠤᠯ ᠤᠨ ᠰᠠᠭᠤᠷᠢ | ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ ᠶᠢᠨ ᠬᠠᠮᠲᠤ ︽13 · 5︾ ᠶᠢᠨ ᠬᠤᠭᠤᠴᠠᠭᠠᠨ ᠤ | ᠰᠤᠶᠤᠯ ᠤᠨ ᠵᠢᠭᠤᠯᠴᠢᠯᠠᠯ ᠢ ᠳᠡᠭᠡᠭᠰᠢᠯᠡᠭᠦᠯᠬᠦ ᠢᠨᠵᠧᠨᠧᠷᠢᠩ ᠳᠤ ᠤᠷᠤᠭᠤᠯᠤᠬᠤ ᠬᠡᠷᠡᠭᠲᠡᠢ᠃ ᠤᠯᠠᠮᠵᠢᠯᠠᠯᠲᠤ ᠭᠠᠷ | ᠤᠷᠠᠯᠠᠯ ᠤᠨ ᠠᠵᠤ ᠠᠬᠤᠶᠢᠯᠠᠯ ᠨᠢ ᠤᠳᠤ ᠪᠠᠷ ᠬᠡᠷᠡᠭᠵᠢᠭᠦᠯᠵᠤ ᠪᠠᠶᠢᠭ᠎ᠠ ᠵᠢᠵᠢᠭ ᠪᠢᠴᠢᠯ ᠠᠵᠤ ᠠᠬᠤᠶᠢᠯᠠᠯ ᠪᠠ | ᠳᠡᠭᠡᠳᠥ ᠰᠢᠨ᠎ᠡ ᠮᠡᠷᠭᠡᠵᠢᠯ ᠤᠨ ᠠᠵᠤ ᠠᠬᠤᠶᠢᠯᠠᠯ ᠵᠡᠷᠭᠡ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ | ᠪᠤᠳᠤᠯᠭ᠎ᠠ ᠶᠢᠨ ᠨᠥᠭᠦᠴᠡᠯ ᠳᠤ ᠨᠡᠶᠢᠴᠡᠪᠡᠯ᠂ ᠲᠤᠭᠲᠠᠭᠠᠯ ᠶᠤᠰᠤᠭᠠᠷ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ | ᠲᠥᠷᠥ ᠶᠢᠨ ᠪᠤᠳᠤᠯᠭ᠎ᠠ ᠶᠢ ᠭᠥᠷᠲᠡᠭᠡᠬᠦ ᠬᠡᠷᠡᠭᠲᠡᠢ᠃ | ︵ᠭᠤᠷᠪᠠ︶ ᠮᠥᠩᠭᠦᠨ ᠭᠥᠢᠯᠭᠡᠭᠡᠨ ᠤ ᠥᠢᠯᠡᠴᠢᠯᠡᠭᠡ ᠶᠢ ᠴᠢᠩᠭᠠᠳᠬᠠᠨ᠎ᠠ᠃ ᠤᠯᠠᠮᠵᠢᠯᠠᠯᠲᠤ ᠭᠠᠷ | ᠤᠷᠠᠯᠠᠯ ᠤᠨ ᠠᠵᠤ ᠠᠬᠤᠶᠢᠯᠠᠯ ᠤᠨ ᠵᠤᠭᠤᠰ ᠤᠨ ᠪᠤᠰᠤ ᠬᠥᠷᠥᠩᠭᠡ ᠶᠢ ᠥᠨᠡᠯᠡᠨ ᠵᠢᠱᠢᠬᠦ ᠳᠥᠷᠢᠮ ᠤᠨ | ᠰᠢᠰᠲ᠋ᠧᠮᠵᠢ ᠶᠢ ᠰᠥᠪᠡᠭᠴᠢᠯᠡᠨ ᠪᠠᠶᠢᠭᠤᠯᠵᠤ᠂ ᠨᠥᠭᠦᠴᠡᠯ ᠳᠤ ᠨᠡᠶᠢᠴᠡᠬᠦ ᠤᠯᠠᠮᠵᠢᠯᠠᠯᠲᠤ ᠭᠠᠷ ᠤᠷᠠᠯᠠᠯ ᠤᠨ ᠠᠵᠤ | ᠠᠬᠤᠶᠢᠯᠠᠯ ᠤᠨ ᠪᠡᠯᠡ ᠲᠤᠬᠢᠷᠠᠭᠤᠯᠭ᠎ᠠ ᠶᠢᠨ ᠬᠥᠭᠵᠢᠯᠲᠡ ᠶᠢ ᠳᠡᠮᠵᠢᠬᠦ ᠬᠡᠷᠡᠭᠲᠡᠢ᠃ ᠮᠥᠩᠭᠦᠨ ᠭᠥᠢᠯᠭᠡᠭᠡᠨ ᠤ | ᠪᠠᠶᠢᠭᠤᠯᠤᠮᠵᠢ ᠶᠢᠨ ᠤᠯᠠᠮᠵᠢᠯᠠᠯᠲᠤ ᠭᠠᠷ ᠤᠷᠠᠯᠠᠯ ᠤᠨ ᠠᠵᠤ ᠠᠬᠤᠶᠢᠯᠠᠯ ᠤᠨ ᠤᠨᠴᠠᠯᠢᠭ ᠲᠤ ᠲᠤᠬᠢᠷᠠᠬᠤ ᠮᠥᠩᠭᠦᠨ | ᠭᠥᠢᠯᠭᠡᠭᠡᠨ ᠤ ᠨᠡᠷᠡᠳᠬᠦᠨ ᠪᠡ ᠥᠢᠯᠡᠴᠢᠯᠡᠭᠡ ᠶᠢ ᠨᠡᠭᠡᠭᠡᠨ ᠬᠥᠭᠵᠢᠭᠦᠯᠬᠦ ᠶᠢ ᠵᠤᠷᠢᠬᠵᠢᠭᠤᠯᠤᠨ᠂ ᠤᠯᠠᠮᠵᠢᠯᠠᠯᠲᠤ ᠭᠠᠷ | ᠤᠷᠠᠯᠠᠯ ᠤᠨ ᠠᠵᠤ ᠠᠬᠤᠶᠢᠢᠯᠠᠯ ᠤᠨ ᠪᠠᠯᠡ ᠣᠷᠤᠭᠤᠯᠬᠤ ᠪᠡᠯᠡ ᠲᠤᠬᠢᠷᠠᠭᠤᠯᠭ᠎ᠠ ᠶᠢᠨ ᠳᠡᠮᠵᠢᠯᠭᠡ ᠪᠡ | ᠥᠢᠯᠡᠴᠢᠯᠡᠭᠡ ᠶᠢ ᠴᠢᠩᠭᠠᠳᠬᠠᠬᠤ ᠬᠡᠷᠡᠭᠲᠡᠢ᠃ | |