ᠡᠨᠡ ᠵᠢᠯ ᠦᠪᠦᠷ ᠮᠣᠩᠭᠤᠯ ᠤᠨ ᠬᠤᠶᠠᠳᠤᠭᠠᠷ ᠳᠡᠰ ᠠᠴᠠ ᠳᠡᠭᠡᠭᠰᠢᠬᠢ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠲᠠᠰᠤᠯᠤᠨ ᠪᠤᠳᠤᠬᠤ ᠲᠤᠬᠠᠶᠢᠯᠠᠭᠰᠠᠨ ᠠᠵᠢᠯ ᠢ ᠪᠦᠬᠦᠨ ᠢ ᠨᠡᠪᠲᠡᠷᠡᠬᠦᠯᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2018/3/20
      ᠡᠨᠡ ᠵᠢᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠳᠠᠩᠰᠠᠯᠠᠭᠤᠯᠬᠤ ᠭᠠᠷᠳᠠᠮ ᠢ ᠤᠯᠠᠮ ᠨᠢᠭᠡ ᠠᠯᠬᠤᠮ ᠳᠥᠭᠦᠮᠴᠢᠯᠡᠵᠦ᠂ ᠤᠨᠳᠤᠤ ᠭᠠᠵᠠᠷ ᠲᠤ ᠡᠮᠨᠡᠭᠦᠯᠦᠭᠰᠡᠨ ᠵᠠᠷᠤᠳᠠᠯ ᠢ  ᠰᠢᠭᠤᠳ ᠲᠠᠰᠤᠯᠤᠨ ᠪᠤᠳᠤᠬᠤ ᠠᠵᠢᠯ ᠢ ᠪᠦᠷᠢᠨᠰᠢᠬᠦᠯᠵᠤ᠂ ᠪᠦᠬᠦ ᠣᠷᠣᠨ ᠤ ᠬᠤᠶᠠᠳᠤᠭᠠᠷ ᠳᠡᠰ ᠠᠴᠠ ᠳᠡᠭᠡᠭᠰᠢᠬᠢ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠲᠠᠰᠤᠯᠤᠨ ᠪᠤᠳᠤᠬᠤ ᠲᠤᠬᠠᠶᠢᠯᠠᠭᠰᠠᠨ ᠠᠵᠢᠯ ᠢ ᠪᠦᠬᠦᠨ ᠢ ᠨᠡᠪᠲᠡᠷᠡᠬᠦᠯᠬᠦ ᠪᠠᠷ ᠪᠠᠶᠢᠨ᠎ᠠ᠃      ᠣᠶᠢᠯᠠᠭᠠᠭᠰᠠᠨ ᠢᠶᠠᠷ᠂ ᠨᠢᠳᠤᠨᠤᠨ ᠤ 8 ᠳ᠋ᠤᠭᠠᠷ ᠰᠠᠷ᠎ᠠ ᠶᠢᠨ ᠡᠴᠦᠰ ᠲᠤ᠂ ᠮᠠᠨ ᠤ ᠣᠷᠣᠨ ᠤ ᠡᠮ ᠡᠮᠨᠡᠯᠭᠡ ᠶᠢᠨ ᠳᠠᠭᠠᠳᠬᠠᠯ ᠢ ᠨᠢᠭᠡᠳᠦᠯᠲᠡᠶ ᠲᠦᠯᠦᠪᠯᠡᠵᠤ ᠪᠠᠶᠢᠭ᠎ᠠ ᠪᠤᠢ ᠪᠦᠬᠦᠢ ᠭᠠᠵᠠᠷ ᠣᠷᠣᠨ ᠢ ᠤᠯᠤᠰ ᠤᠨ ᠤᠨᠳᠤᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠲᠠᠰᠤᠯᠤᠨ ᠪᠤᠳᠤᠬᠤ ᠲᠠᠪᠴᠠᠩ ᠳᠤ ᠵᠠᠯᠭᠠᠨ ᠤᠷᠤᠭᠤᠯᠵᠤ᠂ ᠮᠤᠵᠢ ᠠᠯᠤᠰᠯᠠᠨ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠪᠠ ᠡᠮᠨᠡᠯᠭᠡ ᠳᠤ ᠰᠠᠭᠤᠭᠰᠠᠨ ᠵᠠᠷᠤᠳᠠᠯ ᠢ ᠰᠢᠭᠤᠳ ᠲᠠᠰᠤᠯᠤᠨ ᠪᠤᠳᠤᠬᠤ ᠶᠢ ᠪᠡᠶᠡᠯᠡᠭᠦᠯᠵᠦ᠂ ᠳᠠᠭᠠᠳᠬᠠᠯ ᠳᠤ ᠣᠷᠣᠯᠴᠠᠭᠰᠠᠨ ᠤᠯᠠᠨ ᠲᠦᠮᠡᠨ ᠤ ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ ᠢ ᠣᠷᠣᠯᠠᠨ ᠥᠭᠬᠦ ᠠᠰᠠᠭᠤᠳᠠᠯ ᠢ ᠨᠢ ᠰᠢᠢᠳᠪᠦᠷᠢᠯᠡᠭᠡᠳ᠂ ᠳᠠᠭᠠᠳᠬᠠᠯ ᠳᠤ ᠣᠷᠣᠯᠴᠠᠭᠰᠠᠨ ᠡᠪᠡᠳᠴᠢᠲᠡᠨ ᠢ ᠰᠠᠨᠠᠭ᠎ᠠ ᠠᠮᠤᠷ᠂ ᠴᠠᠭ ᠲᠤ ᠠᠷᠪᠢᠲᠠᠢ᠂ ᠬᠦᠴᠦᠨ ᠳᠤ ᠠᠷᠪᠢᠲᠠᠶ᠂ ᠵᠤᠭᠤᠰᠤᠨ ᠳᠤ ᠠᠷᠪᠢᠲᠠᠢ ᠪᠤᠯᠭᠠᠭᠰᠠᠨ ᠪᠠᠶᠢᠨ᠎ᠠ᠃ ᠤᠳᠤᠬᠠᠨ ᠳᠤ᠂ ᠮᠠᠨ ᠤ ᠣᠷᠣᠨ ᠳᠤ ᠨᠢᠭᠡᠨᠲᠡ ᠮᠤᠵᠢ ᠠᠯᠤᠰᠯᠠᠨ ᠣᠨᠳᠣᠤ ᠭᠠᠵᠠᠷ ᠡᠮᠨᠡᠬᠦᠯᠬᠦ ᠲᠤᠭᠲᠠᠭᠰᠠᠨ ᠴᠢᠬ ᠤᠨ ᠡᠮᠴᠢᠯᠡᠭᠡᠨ ᠤ ᠪᠠᠶᠢᠭᠤᠯᠤᠮᠵᠢ 156 ᠪᠠᠶᠢᠵᠤ᠂ ᠨᠢᠭᠡᠳᠦᠭᠡᠷ ᠪᠦᠯᠦᠭ ᠭᠤᠷᠪᠠᠳᠤᠭᠠᠷ ᠳᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠦᠬᠦᠨ ᠢ ᠮᠤᠵᠢ ᠠᠯᠤᠰᠯᠠᠨ ᠣᠨᠳᠣᠤ ᠭᠠᠵᠠᠷ ᠡᠮᠨᠡᠭᠦᠯᠬᠦ ᠰᠢᠰᠲ᠋ᠧᠮ ᠳᠤ ᠵᠠᠯᠭᠠᠨ ᠤᠷᠤᠭᠤᠯᠤᠭᠰᠠᠨ 13 ᠮᠤᠵᠢ ᠶᠢᠨ ᠨᠢᠭᠡ ᠨᠢ ᠪᠤᠯᠪᠠ᠃ ᠤᠷᠤᠨ ᠤ ᠳᠤᠲᠤᠷ᠎ᠠ ᠤᠨᠳᠤᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠲᠠᠰᠤᠯᠤᠨ ᠪᠤᠳᠤᠭᠰᠠᠨ ᠨᠢ ᠨᠡᠶᠢᠲᠡ 92.54 ᠲᠦᠮᠡᠨ ᠬᠦᠮᠦᠨ ᠤᠳᠠᠭ᠎ᠠ ᠳᠤ ᠬᠦᠷᠴᠦ᠂ ᠲᠠᠰᠤᠯᠤᠨ ᠪᠤᠳᠤᠭᠰᠠᠨ ᠵᠣᠭᠤᠰᠣᠨ ᠤ ᠲᠤᠭ᠎ᠠ ᠨᠢ 1.62 ᠳ᠋ᠦᠡᠭᠰᠢᠭᠤᠷ ᠲᠥᠭᠦᠷᠢᠭ ᠪᠤᠯᠵᠠᠢ᠃ ᠮᠤᠵᠢ ᠠᠯᠤᠰᠯᠠᠨ ᠣᠨᠳᠣᠤ ᠭᠠᠵᠠᠷ ᠡᠮᠨᠡᠯᠭᠡ ᠳᠤ ᠰᠠᠭᠤᠭᠰᠠᠨ ᠢ ᠰᠢᠭᠤᠳ ᠲᠠᠰᠤᠯᠤᠨ ᠪᠤᠳᠤᠭᠰᠠᠨ ᠨᠢ 1.79 ᠲᠦᠮᠡᠨ ᠬᠥᠮᠦᠨ ᠤᠳᠠᠭ᠎ᠠ ᠳᠤ ᠬᠦᠷᠴᠦ᠂ ᠲᠠᠰᠤᠯᠤᠨ ᠪᠤᠳᠤᠭᠰᠠᠨ ᠡᠮ ᠡᠮᠨᠡᠯᠭᠡ ᠶᠢᠨ ᠵᠠᠷᠤᠳᠠᠯ ᠤᠨ ᠶᠡᠷᠦᠩᠬᠡᠶ ᠲᠤᠭ᠎ᠠ ᠨᠢ 4.61 ᠳ᠋ᠦᠡᠭᠰᠢᠭᠤᠷ ᠲᠥᠭᠦᠷᠢᠭ ᠪᠤᠯᠵᠠᠢ᠃ ᠪᠦᠬᠦ ᠣᠷᠣᠨ ᠤ ᠮᠤᠵᠢ ᠠᠯᠤᠰᠯᠠᠨ ᠣᠨᠳᠣᠤ ᠭᠠᠵᠠᠷ ᠡᠮᠨᠡᠬᠦᠯᠬᠦ ᠰᠢᠰᠲ᠋ᠧᠮ ᠳᠤ ᠳᠠᠩᠰᠠᠯᠠᠭᠤᠯᠤᠭᠰᠠᠨ ᠬᠥᠮᠦᠨ ᠤ ᠲᠤᠭ᠎ᠠ 10.63 ᠲᠦᠮᠡ ᠪᠤᠯᠵᠠᠢ᠃ ᠪᠡᠭᠡᠵᠢᠩ ᠬᠤᠲᠠ᠂ ᠴᠦᠩᠴᠢᠩ ᠬᠤᠲᠠ᠂ ᠱᠠᠨᠰᠢ ᠮᠤᠵᠢ᠂ ᠭᠤᠸᠠᠩᠰᠢ ᠶᠢᠨ ᠥᠪᠡᠷᠲᠡᠭᠡᠨ ᠵᠠᠰᠠᠬᠤ ᠣᠷᠣᠨ᠂ ᠰᠢᠨᠵᠢᠶᠠᠩ ᠤᠨ ᠥᠪᠡᠷᠲᠡᠭᠡᠨ ᠵᠠᠰᠠᠬᠤ ᠣᠷᠣᠨ᠂ ᠨᠢᠩᠰᠢᠶᠠ ᠶᠢᠨ ᠥᠪᠡᠷᠲᠡᠭᠡᠨ ᠵᠠᠰᠠᠬᠤ ᠣᠷᠣᠨ ᠵᠡᠷᠭᠡ ᠮᠤᠵᠢ ︵ᠬᠤᠲᠠ᠂ ᠤᠷᠤᠨ︶᠎ ᠶᠢᠨ ᠬᠥᠮᠦᠰ ᠮᠠᠨ ᠤ ᠣᠷᠣᠨ ᠤ ᠡᠮᠨᠡᠯᠭᠡ ᠳᠤ ᠰᠠᠭᠤᠵᠤ ᠲᠠᠰᠤᠯᠤᠨ ᠪᠤᠳᠤᠭᠰᠠᠨ ᠨᠢ 134 ᠬᠥᠮᠦᠨ ᠤᠳᠠᠭ᠎ᠠ ᠳᠤ ᠬᠦᠷᠴᠦ᠂ ᠲᠠᠰᠤᠯᠤᠨ ᠪᠤᠳᠤᠭᠰᠠᠨ ᠡᠮᠨᠡᠯᠭᠡ ᠳᠤ ᠰᠠᠭᠤᠭᠰᠠᠨ ᠡᠮᠴᠢᠯᠡᠭᠡᠨ ᠤ ᠵᠠᠷᠤᠳᠠᠯ ᠎ ᠨᠢ 222.22 ᠲᠦᠮᠡᠨ ᠲᠥᠭᠦᠷᠢᠭ ᠪᠤᠯᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号