ᠥᠪᠥᠷ ᠮᠣᠩᠭᠤᠯ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠨᠳᠥᠷ ᠶᠠᠰᠤ ᠴᠢᠨᠠᠷ ᠲᠠᠢ ᠬᠦᠭᠵᠢᠯᠲᠡ ᠶᠢ ᠠᠬᠢᠭᠤᠯᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2018/3/20
     2018 ᠣᠨ ᠳᠤ ᠥᠪᠥᠷ ᠮᠣᠩᠭᠤᠯ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠡᠷᠴᠢᠮ ᠢ ᠦᠨᠡᠨ ᠬᠦ ᠴᠢᠩᠭᠠᠷᠠᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠦᠨᠳᠦᠷ ᠶᠠᠰᠤ ᠴᠢᠨᠠᠷ ᠲᠠᠢ ᠬᠦᠭᠵᠢᠯᠲᠡ ᠶᠢ ᠠᠬᠢᠭᠤᠯᠬᠤ ᠪᠠᠷ ᠪᠠᠶᠢᠨ᠎ᠠ᠃      ᠲᠠᠨᠢᠯᠴᠠᠭᠤᠯᠤᠭᠰᠠᠨ ᠢᠶᠠᠷ᠂ ᠥᠪᠥᠷ ᠮᠣᠩᠭᠤᠯ ᠤᠯᠤᠰ ᠪᠠ ᠥᠪᠡᠷᠲᠡᠭᠡᠨ ᠵᠠᠰᠠᠬᠤ ᠣᠷᠣᠨ ᠤ ᠰᠤᠳᠤᠯᠤᠨ ᠨᠡᠭᠡᠭᠡᠬᠦ ᠣᠷᠣᠭᠤᠯᠤᠯᠲᠠ ᠶᠢ ᠳᠡᠮᠵᠢᠬᠦ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠬᠤ ᠡᠯ᠎ᠡ ᠵᠦᠢᠯ ᠤᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠭᠦᠢᠴᠡᠳ ᠰᠠᠶᠢᠲᠤᠷ ᠠᠰᠢᠭᠯᠠᠵᠤ᠂ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠬᠦᠰᠢᠭᠦᠷᠭᠡ ᠶᠢᠨ ᠦᠢᠯᠡᠳᠦᠯ᠂ ᠦᠷᠡᠵᠢᠭᠦᠯᠬᠦ ᠠᠷᠭ᠎ᠠ ᠶᠢᠨ ᠦᠢᠯᠡᠳᠦᠯ ᠢ ᠪᠠᠳᠠᠷᠠᠭᠤᠯᠵᠤ᠂ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠡᠷᠴᠢᠮ ᠢ ᠦᠨᠡᠨ ᠬᠦ ᠴᠢᠩᠭᠠᠳᠬᠠᠵᠤ᠂ ᠠᠵᠤ ᠦᠶᠯᠡᠰ ᠤᠨ ᠬᠡᠯᠬᠢᠶᠡᠵᠢᠯ ᠤᠨ ᠲᠣᠭᠤᠷᠢᠨ ᠳᠤ ᠰᠢᠨ᠎ᠡ ᠶᠢ ᠡᠭᠦᠳᠬᠦ ᠬᠡᠯᠬᠢᠶ᠎ᠡ ᠶᠢ ᠪᠠᠶᠢᠷᠢᠯᠠᠭᠤᠯᠵᠤ᠂ ᠰᠢᠨ᠎ᠡ ᠶᠢ ᠡᠭᠦᠳᠬᠦ ᠬᠡᠯᠬᠢᠶᠡᠵᠢᠯ ᠤᠨ ᠲᠤᠭᠤᠷᠢᠨ ᠳᠤ ᠠᠵᠤ ᠦᠶᠯᠡᠰ ᠤᠨ ᠬᠡᠯᠬᠢᠶ᠎ᠡ ᠶᠢ ᠤᠷᠲᠤᠳᠬᠠᠵᠤ᠂ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ᠂ ᠦᠢᠯᠡᠳᠬᠦᠨ ᠤ ᠰᠢᠨ᠎ᠡ ᠶᠢ ᠡᠭᠦᠳᠬᠦ᠂ ᠬᠠᠮᠢᠶᠠᠷᠤᠯᠲᠠ ᠶᠢᠨ ᠰᠢᠨ᠎ᠡ ᠶᠢ ᠡᠭᠦᠳᠬᠦ᠂ ᠬᠤᠳᠠᠯᠳᠤᠭᠠᠨ ᠤ ᠬᠡᠪ ᠵᠠᠭᠪᠤᠷ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠠᠵᠤ ᠦᠢᠯᠡᠰ ᠪᠠ ᠦᠢᠯᠡᠳᠬᠦᠨ ᠢ ᠦᠷᠳᠡᠭ ᠤᠨ ᠬᠡᠯᠬᠢᠶ᠎ᠡ ᠶᠢᠨ ᠳᠤᠲᠤᠷᠠᠬᠢ ᠳᠡᠭᠡᠳᠦ ᠲᠡᠰ ᠲᠡᠰᠢ ᠳᠠᠪᠰᠢᠭᠤᠯᠬᠤ ᠶᠢ ᠲᠦᠯᠬᠢᠨ ᠠᠬᠢᠭᠤᠯᠬᠤ ᠪᠠᠷ ᠪᠠᠶᠢᠨ᠎ᠠ᠃ ᠡᠭᠦᠨ ᠤ ᠵᠡᠷᠭᠡᠴᠡᠭᠡᠪᠡᠷ᠂ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠮᠡᠷᠭᠡᠵᠢᠯ ᠤᠨ ᠠᠵᠤ ᠦᠢᠯᠡᠰ ᠤᠨ ᠰᠢᠨ᠎ᠡ ᠶᠢ ᠡᠭᠦᠳᠬᠦ ᠪᠠᠶᠢᠯᠳᠤᠬᠤ ᠪᠣᠳᠣᠯᠭ᠎ᠠ ᠶᠢᠨ ᠬᠤᠯᠪᠣᠭ᠎ᠠ ᠪᠠᠶᠢᠭᠤᠯᠬᠤ᠂ ᠴᠡᠷᠢᠭ ᠠᠷᠠᠳ ᠢ ᠠᠭᠤᠰᠤᠯᠴᠠᠭᠤᠯᠤᠨ ᠬᠦᠭᠵᠢᠭᠦᠯᠬᠦ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠬᠤ᠂ ᠰᠢᠨ᠎ᠡ ᠶᠢ ᠡᠭᠦᠳᠬᠦ ᠬᠦᠭᠵᠢᠯᠲᠡ ᠶᠢᠨ ᠰᠠᠭᠤᠷᠢ ᠮᠦᠩᠭᠦ ᠪᠠᠶᠢᠭᠤᠯᠬᠤ᠂ ︽ᠬᠤᠤᠰ ᠡᠭᠦᠳᠦᠯᠲᠡ︾᠎ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ᠂ ︽ᠢᠨᠲ᠋ᠧᠷ ᠰᠦᠯᠵᠢᠶ᠎ᠡ +︾ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠲᠠᠪᠴᠠᠩ ᠢ ᠪᠠᠶᠢᠭᠤᠯᠬᠤ ᠳᠤᠨᠢ ᠳᠡᠮᠵᠢᠯᠭᠡ ᠦᠵᠡᠭᠦᠯᠵᠦ᠂ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠬᠦ᠂ ᠬᠤᠯᠪᠤᠭᠠᠯᠠᠨ ᠰᠤᠳᠤᠯᠤᠨ ᠨᠡᠭᠡᠭᠡᠬᠦ ᠴᠢᠳᠠᠪᠤᠷᠢ ᠪᠣᠯᠤᠨ ᠬᠢᠷᠢ ᠬᠡᠮᠵᠢᠶ᠎ᠡ ᠶᠢ ᠨᠢ ᠴᠢᠷᠮᠠᠶᠢᠨ ᠳᠡᠭᠡᠭᠰᠢᠯᠡᠭᠦᠯᠵᠦ᠂ ᠤᠯᠠᠮᠵᠢᠯᠠᠯᠲᠤ ᠠᠵᠤ ᠦᠢᠯᠡᠰ ᠪᠣᠯᠤᠨ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠲᠠᠯ᠎ᠠ ᠪᠠᠷ ᠨᠢᠭᠡ ᠪᠦᠯᠦᠭ ᠵᠠᠩᠭᠢᠯᠠᠭ᠎ᠠ ᠶᠢᠨ ᠮᠡᠷᠭᠡᠵᠢᠯ ᠤᠨ ᠰᠢᠪᠲᠤᠯᠤᠯᠲᠠ ᠬᠢᠬᠦ ᠪᠠ ᠡᠵᠡᠮᠰᠢᠵᠦ᠂ ᠨᠢᠭᠡ ᠪᠦᠯᠦᠭ ᠣᠷᠦ᠋ᠢᠯᠠᠭᠰᠠᠨ ᠦᠢᠯᠡᠳᠬᠦᠨ ᠪᠤᠶᠢᠵᠢᠭᠤᠯᠵᠤ᠂ ᠨᠢᠭᠡ ᠪᠦᠯᠦᠭ ᠨᠡᠷᠡᠳᠦ ᠲᠡᠮᠳᠡᠭᠲᠦ ᠶᠢ ᠡᠭᠦᠳᠦᠨ ᠪᠠᠶᠢᠭᠤᠯᠬᠤ ᠪᠠᠷ ᠴᠢᠷᠮᠠᠶᠢᠨ᠎ᠠ᠃ ᠡᠭᠦᠨ ᠠᠴᠠ ᠭᠠᠳᠠᠨ᠎ᠠ᠂ ᠪᠠᠰᠠ ᠰᠢᠨ᠎ᠡ ᠶᠢ ᠡᠭᠦᠳᠬᠦ ᠶᠢ ᠤᠷᠮᠠᠰᠢᠭᠤᠯᠤᠨ ᠵᠣᠷᠢᠭᠵᠢᠭᠤᠯᠬᠤ ᠲᠣᠭᠲᠠᠴᠠ ᠶᠢ ᠬᠦᠴᠦᠯᠡᠨ ᠪᠦᠷᠢᠨᠰᠢᠭᠦᠯᠵᠦ᠂ ᠪᠡᠯᠡ ᠭᠠᠷᠭᠠᠨ ᠬᠢᠨᠠᠨ ᠬᠠᠮᠢᠶᠠᠷᠬᠤ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠶᠢ ᠤᠷᠮᠠᠰᠢᠭᠤᠯᠤᠨ ᠵᠣᠷᠢᠭᠵᠢᠭᠤᠯᠬᠤ ᠲᠦᠷ ᠬᠡᠷᠡᠭᠵᠢᠭᠦᠯᠬᠦ ᠠᠷᠭ᠎ᠠ ᠶᠢ ᠰᠤᠳᠤᠯᠤᠨ ᠲᠣᠭᠲᠠᠭᠠᠵᠤ᠂ ᠲᠤᠷᠰᠢᠯᠲᠠ ᠶᠢᠨ ᠴᠢᠭ᠋ ᠰᠤᠩᠭᠤᠨ ᠤᠷᠢᠳᠠᠪᠠᠷ ᠲᠤᠷᠰᠢᠨ ᠬᠡᠷᠡᠭᠵᠢᠭᠦᠯᠵᠦ᠂ ᠰᠲ᠋ᠣᠺ ᠤᠨ ᠡᠷᠬᠡ᠂ ᠬᠤᠭᠤᠴᠠᠭᠠᠲᠤ ᠡᠷᠬᠡ᠂ ᠠᠰᠢᠭ ᠬᠤᠪᠢᠶᠠᠷᠢᠯᠠᠯ ᠵᠡᠷᠭᠡ ᠤᠷᠮᠠᠰᠢᠭᠤᠯᠤᠯ ᠤᠨ ᠠᠷᠭ᠎ᠠ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠮᠡᠳᠡᠯᠭᠡ ᠶᠢᠨ ᠦᠷᠳᠡᠭ ᠢ ᠨᠡᠮᠡᠭᠳᠡᠭᠦᠯᠬᠦ ᠪᠠᠷ ᠤᠳᠤᠷᠢᠳᠤᠮᠵᠢ ᠪᠣᠯᠭᠠᠭᠰᠠᠨ ᠬᠤᠪᠢᠶᠠᠷᠢᠯᠠᠯᠲᠠ ᠶᠢᠨ ᠲᠦᠷᠦ ᠶᠢᠨ ᠪᠤᠳᠤᠯᠭ᠎ᠠ ᠶᠢ ᠪᠦᠷᠢᠨᠰᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠷ᠎ᠡ ᠪᠦᠲᠦᠭᠡᠯ ᠢ ᠤᠯᠠᠷᠢᠭᠤᠯᠬᠤ ᠤᠷᠮᠠᠰᠢᠭᠤᠯᠤᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠰᠢᠨ᠎ᠡ ᠶᠢ ᠡᠭᠦᠳᠬᠦ ᠡᠯ᠎ᠡ ᠲᠦᠷᠦᠯ ᠤᠨ ᠴᠢᠳᠠᠪᠤᠷᠢᠲᠠᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠭᠦᠢᠴᠡᠳ ᠳᠠᠶᠢᠴᠢᠯᠠᠵᠤ᠂ ᠨᠢᠭᠡ ᠪᠦᠯᠦᠭ ᠰᠢᠯᠢᠳᠡᠭ ᠠᠵᠤ ᠠᠬᠤᠶᠢᠯᠠᠯᠲᠠᠨ᠂ ᠳᠡᠭᠡᠳᠦ ᠳᠡᠰ ᠤᠨ ᠳᠠᠭᠠᠭᠤᠯᠤᠭᠴᠢ ᠴᠢᠳᠠᠪᠤᠷᠢᠲᠠᠨ᠂ ᠤᠷᠢ ᠮᠡᠷᠭᠡᠵᠢᠯᠲᠡᠨ ᠪᠤᠯᠤᠨ ᠤᠮᠠᠷᠠᠲᠤ ᠬᠢᠯᠢ ᠶᠢᠨ ᠤᠷᠠᠨ ᠳᠠᠷᠬᠠᠳ ᠢ ᠲᠦᠷᠭᠡᠨ ᠪᠤᠶᠢᠵᠢᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号