ᠥᠪᠥᠷ ᠮᠣᠩᠭᠤᠯ ᠮᠠᠯᠵᠢᠬᠤ ᠲᠠᠷᠢᠶᠠᠯᠠᠬᠤ ᠣᠷᠣᠨ ᠤ ᠶᠠᠳᠠᠭᠤ ᠬᠦᠴᠢᠷᠳᠡᠯᠲᠡᠶ ᠡᠷᠦᠬᠡ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2018/3/23
     ᠡᠨᠡ ᠵᠢᠯ ᠮᠠᠨ ᠤ ᠣᠷᠣᠨ ᠡᠷᠡᠭᠦᠯ ᠮᠡᠨᠳᠦ ᠶᠢᠨ ᠲᠠᠯ᠎ᠠ ᠪᠠᠷ ᠲᠤᠶᠢᠯ ᠤᠨ ᠣᠨᠣᠪᠴᠢᠲᠠᠢ ᠪᠠᠷ ᠶᠠᠳᠠᠭᠤ ᠶᠢ ᠲᠡᠳᠬᠦᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠢᠨᠵᠧᠨᠧᠷᠢᠩ ᠢ ᠲᠤᠶᠢᠯ ᠤᠨ ᠣᠨᠣᠪᠴᠢᠲᠠᠢ ᠪᠠᠷ ᠬᠡᠷᠡᠭᠵᠢᠭᠦᠯᠵᠦ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠰᠢᠪᠲᠤᠯᠤᠯᠲᠠ ᠶᠢᠨ ᠲᠠᠶᠢᠨ ᠤ ᠢᠯᠠᠯᠲᠠ ᠶᠢ ᠡᠷᠡᠰ ᠲᠡᠮᠡᠴᠡᠨ ᠤᠯᠬᠤ ᠪᠠᠷ ᠪᠠᠶᠢᠨ᠎ᠠ᠃      ᠮᠠᠨ ᠤ ᠣᠷᠣᠨ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠠᠵᠢᠯ ᠳᠤ᠂ ᠨᠢᠭᠡ ᠳᠤ ︽ᠭᠤᠷᠪᠠᠨ ᠨᠢᠭᠡ ᠪᠦᠯᠦᠭ︾ ︵ᠬᠦᠨᠳᠦ ᠡᠪᠡᠳᠴᠢᠨ ᠢ ᠨᠢᠭᠡ ᠪᠦᠯᠦᠭ ᠲᠥᠪᠯᠡᠷᠡᠭᠦᠯᠦᠨ ᠠᠪᠤᠷᠠᠨ ᠵᠠᠰᠠᠬᠤ᠂ ᠤᠵᠢᠭ ᠡᠪᠡᠳᠴᠢᠨ ᠢ ᠨᠢᠭᠡ ᠪᠦᠯᠦᠭ ᠭᠡᠷᠢᠶᠡᠲᠦ ᠦᠢᠯᠡᠴᠢᠯᠡᠭᠡ ᠪᠠᠷ ᠬᠠᠮᠢᠶᠠᠷᠬᠤ᠂ ᠬᠦᠨᠳᠦ ᠡᠪᠡᠳᠴᠢᠨ ᠢ ᠨᠢᠭᠡ ᠪᠦᠯᠦᠭ ᠪᠠᠲᠤᠯᠠᠨ ᠳᠠᠭᠠᠭᠠᠬᠤ︶ ᠠᠵᠢᠯᠯᠠᠭᠠᠨ ᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠦᠨ᠎ᠡ᠃ ᠬᠦᠨᠳᠦ ᠡᠪᠡᠳᠴᠢᠨ ᠢ ᠲᠥᠪᠯᠡᠷᠡᠭᠦᠯᠦᠨ ᠠᠪᠤᠷᠠᠨ ᠡᠮᠨᠡᠬᠦ ᠬᠡᠪᠴᠢᠶᠡᠨ ᠳᠤ ᠮᠠᠯᠵᠢᠬᠤ ᠲᠠᠷᠢᠶᠠᠯᠠᠬᠤ ᠣᠷᠣᠨ ᠤ ᠶᠠᠳᠠᠭᠤ ᠬᠦᠴᠢᠷᠳᠡᠯᠲᠡᠶ ᠡᠪᠡᠳᠴᠢᠲᠡᠨ ᠢ ᠪᠦᠬᠦᠨ ᠢ ᠬᠠᠮᠤᠷᠴᠤ᠂ ᠠᠭᠤᠰᠬᠢᠨ ᠤ ᠥᠮᠡᠨ᠂ ᠬᠦᠬᠦᠨ ᠪᠤᠯᠴᠢᠷᠬᠠᠶ ᠶᠢᠨ ᠥᠮᠡᠨ᠂ ᠰᠠᠪᠠᠨ ᠤ ᠬᠦᠵᠦᠭᠦᠦ ᠶᠢᠨ ᠥᠮᠡᠨ᠂ ᠬᠡᠦᠬᠡᠳ ᠤᠨ ᠬᠠᠪᠤᠳᠠᠷ ᠪᠣᠯᠤᠨ ᠠᠭᠤᠰᠬᠢ ᠲᠣᠭᠤᠰᠣᠳᠠᠯ ᠡᠪᠡᠳᠴᠢᠨ ᠵᠡᠷᠭᠡ 5 ᠡᠪᠡᠳᠴᠢᠨ ᠤ ᠲᠥᠷᠥᠯ ᠢ ᠨᠡᠮᠡᠵᠦ᠂ ᠤᠤᠯ ᠤᠨ 9 ᠬᠦᠨᠳᠦ ᠡᠪᠡᠳᠴᠢᠨ ᠤ ᠲᠥᠷᠥᠯ ᠢ 14 ᠲᠥᠷᠥᠯ ᠪᠣᠯᠭᠠᠨ ᠥᠷᠭᠡᠳᠬᠡᠨ᠎ᠠ᠃ ᠬᠤᠶᠠᠷ ᠲᠤ ᠮᠠᠯᠵᠢᠬᠤ ᠲᠠᠷᠢᠶᠠᠯᠠᠬᠤ ᠣᠷᠣᠨ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯ ᠲᠠᠢ ᠬᠥᠮᠦᠨ ᠠᠮᠠ ᠶᠢᠨ ᠦᠨᠳᠦᠰᠦᠨ ᠡᠮ ᠡᠮᠨᠡᠯᠭᠡ ᠶᠢᠨ ᠳᠠᠩᠰᠠ ᠲᠠᠶᠢᠯᠬᠤ ᠲᠥᠷᠥ ᠶᠢᠨ ᠪᠤᠳᠤᠯᠭ᠎ᠠ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠶᠠᠳᠠᠭᠤ ᠬᠦᠴᠢᠷᠳᠡᠯ ᠲᠠᠢ ᠬᠥᠮᠦᠨ ᠠᠮᠠ ᠶᠢᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠠ ᠬᠤᠳᠠᠯᠳᠤᠭᠠᠨ ᠤ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠳᠤ ᠵᠤᠭᠤᠰ ᠢᠶᠠᠷ ᠳᠡᠮᠵᠢᠬᠦ ᠡᠷᠴᠢᠮ ᠢ ᠨᠡᠮᠡᠭᠳᠡᠭᠦᠯᠵᠦ᠂ ᠵᠠᠰᠠᠭ ᠤᠨ ᠣᠷᠳᠣᠨ ᠤ ᠪᠡᠯᠡ ᠮᠥᠩᠭᠦ ᠪᠠᠲᠤᠯᠠᠨ ᠳᠠᠭᠠᠭᠠᠬᠤ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯ ᠲᠠᠢ ᠬᠥᠮᠦᠨ ᠠᠮᠠ ᠶᠢᠨ ᠵᠢᠯ ᠤᠨ ᠡᠮ ᠡᠮᠨᠡᠯᠭᠡ ᠶᠢᠨ ᠵᠠᠷᠤᠳᠠᠯ ᠤᠨ ᠬᠤᠪᠢ ᠬᠥᠮᠦᠨ ᠤ ᠥᠪᠡᠰᠦᠪᠡᠨ ᠲᠤᠰᠢᠶᠠᠬᠤ ᠬᠠᠷᠢᠴᠠᠯ ᠢ 10%᠎ ᠠᠴᠠ ᠬᠡᠲᠦᠷᠡᠭᠦᠯᠬᠦ ᠤᠢᠭᠡᠢ ᠪᠠᠶᠢᠯᠭᠠᠬᠤ ᠪᠠ ᠬᠤᠪᠢ ᠬᠥᠮᠦᠨ ᠤ ᠣᠨ ᠤ ᠲᠤᠰᠢᠶᠠᠬᠤ ᠶᠡᠷᠦᠩᠬᠡᠶ ᠬᠡᠮᠵᠢᠶ᠎ᠡ ᠶᠢ 5000 ᠲᠥᠭᠦᠷᠢᠭ ᠠᠴᠠ ᠬᠡᠲᠦᠷᠡᠭᠦᠯᠬᠦ ᠤᠢᠭᠡᠢ ᠪᠠᠶᠢᠯᠭᠠᠬᠤ ᠶᠢ ᠦᠨᠡᠨ ᠬᠦ ᠪᠠᠲᠤᠯᠠᠨ᠎ᠠ᠃ ᠭᠤᠷᠪᠠ ᠳᠤ ᠶᠠᠳᠠᠭᠤ ᠬᠦᠴᠢᠷᠳᠡᠯ ᠲᠠᠢ ᠬᠥᠮᠦᠨ ᠠᠮᠠ ᠶᠢᠨ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠲᠥᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠶᠠᠳᠠᠭᠤ ᠬᠦᠴᠢᠷᠳᠡᠯᠲᠡᠶ ᠬᠥᠮᠦᠨ ᠠᠮᠠ ᠳᠤ ᠵᠠᠷᠤᠳᠠᠯ ᠬᠤᠷᠢᠶᠠᠬᠤ ᠦᠭᠡᠶ ᠪᠠᠷ ᠪᠡᠶ᠎ᠡ ᠶᠢᠨ ᠪᠠᠶᠢᠴᠠᠭᠠᠯᠲᠠ ᠬᠢᠵᠦ ᠥᠭᠬᠦ᠂ ᠶᠠᠳᠠᠭᠤ ᠬᠦᠴᠢᠷᠳᠡᠯᠲᠡᠶ ᠣᠯᠠᠨ ᠲᠦᠮᠡᠨ ᠳᠤ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠺᠠᠷᠲ ᠲᠠᠷᠬᠠᠭᠠᠬᠤ ᠶᠢ ᠦᠷᠭᠦᠯᠵᠢᠯᠡᠨ ᠬᠡᠷᠡᠭᠵᠢᠭᠦᠯᠦᠨ᠎ᠡ᠃ ᠰᠢᠶᠠᠨ ᠤ ᠬᠡᠪᠴᠢᠶᠡᠨ ᠳᠠᠬᠢ ᠡᠮᠨᠡᠯᠭᠡ ᠳᠤ ᠰᠠᠭᠤᠪᠠᠯ ᠤᠷᠢᠳ ᠢᠶᠠᠷ ᠡᠮᠨᠡᠵᠦ ᠳᠠᠷᠠᠭ᠎ᠠ ᠨᠢ ᠵᠠᠷᠤᠳᠠᠯ ᠲᠤᠰᠢᠶᠠᠬᠤ ᠪᠠ ︽ᠨᠢᠭᠡ ᠥᠷᠲᠡᠭᠡᠨ ᠤ ᠮᠠᠶ᠋ᠢᠭ︾᠎ ᠤᠨ ᠲᠡᠷᠡ ᠳᠠᠷᠤᠶ ᠳᠤᠨᠢ ᠲᠠᠰᠤᠯᠤᠨ ᠪᠣᠳᠣᠬᠤ ᠳᠦᠷᠢᠮ ᠢ ᠤᠯᠠᠮ ᠨᠢᠭᠡ ᠠᠯᠬᠤᠮ ᠪᠦᠷᠢᠨᠰᠢᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号