ᠪᠦ᠋ ᠰᠢᠶᠤᠤ ᠯᠢᠨ ᠷᠠᠰᠢᠶᠠᠨ ᠬᠤᠳᠠ ᠪᠠ ᠡᠸᠡᠩᠬᠢ ᠬᠤᠰᠢᠭᠤᠨ ᠳᠤ ᠪᠠᠶᠢᠴᠠᠭᠠᠨ ᠰᠤᠳᠤᠯᠤᠯᠳᠠ ᠬᠢᠭᠦ ᠳᠡᠭᠡᠨ ᠴᠢᠬᠤᠯᠠᠴᠢᠯᠠᠬᠰᠠᠨ ᠨᠢ ᠪᠦᠬᠦ ᠤᠯᠤᠰ ᠤᠨ ᠬᠤᠶᠠᠷ ᠬᠤᠷᠠᠯ ᠤᠨ ᠵᠤᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠤᠱᠯᠠᠭᠤᠯᠵᠤ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢ ᠲᠤᠶᠢᠯ ᠤᠨ ᠤᠨᠤᠪᠴᠢᠲᠠᠢ ᠪᠠᠷ ᠨᠠᠷᠢᠯᠢᠭ ᠠᠬᠢᠭᠤᠯᠬᠤ ᠬᠡᠷᠡᠭᠳᠡᠢ ᠭᠡᠵᠡᠢ
ᠨᠡᠶᠢᠲᠡᠯᠡᠭᠰᠡᠨ ᠴᠠᠭ᠄
2018/3/26
     3 ᠳ᠋ᠤᠭᠠᠷ ᠰᠠᠷ᠎ᠠ ᠶᠢᠨ 22᠎ ᠤᠨ ᠡᠳᠦᠷ ᠠᠴᠠ 23᠎ ᠤ ᠡᠳᠦᠷ ᠪᠤᠯᠳᠠᠯ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠤᠷᠢᠳ ᠬᠤᠵᠢᠳ ᠬᠢᠩᠭᠠᠨ ᠠᠶᠢᠮᠠᠭ ᠤᠨ ᠷᠠᠰᠢᠶᠠᠨ ᠬᠤᠳᠠ ᠪᠠ ᠬᠦᠯᠦᠨ ᠪᠤᠶᠢᠷ ᠬᠤᠳᠠ ᠶᠢᠨ ᠡᠸᠡᠩᠬᠢ ᠬᠤᠰᠢᠭᠤ ᠳᠤ ᠬᠦᠷᠴᠤ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ᠃ ᠳᠡᠷᠡ᠂ ᠪᠦᠬᠦ ᠤᠯᠤᠰ ᠤᠨ ᠬᠤᠶᠠᠷ ᠬᠤᠷᠠᠯ ᠤᠨ ᠵᠤᠷᠢᠭ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠎ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠭᠦ ᠳᠤ ᠤᠷᠤᠯᠴᠠᠬᠤ ᠦᠶ᠎ᠠ ᠳᠤ ᠬᠡᠯᠡᠭᠰᠡᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢ ᠲᠤᠶᠢᠯ ᠤᠨ ᠤᠨᠤᠪᠴᠢᠲᠠᠢ ᠪᠠᠷ ᠨᠠᠷᠢᠯᠢᠭ ᠠᠬᠢᠭᠤᠯᠬᠤ ᠬᠡᠷᠡᠭᠳᠡᠢ ᠬᠡᠵᠤ ᠴᠢᠬᠤᠯᠠᠴᠢᠯᠠᠪᠠ᠃      ᠷᠠᠰᠢᠶᠠᠨ ᠬᠤᠳᠠ ᠪᠤᠯ ᠤᠯᠤᠰ ᠤᠨ ᠲᠡᠰ ᠤᠨ ᠶᠠᠳᠠᠭᠤ ᠬᠦᠴᠢᠷᠳᠡᠯᠳᠡᠢ ᠰᠢᠶᠠᠨ ᠪᠤᠯᠤᠨ᠎ᠠ᠃ ᠪᠦ᠋ ᠰᠢᠶᠤᠤ ᠯᠢᠨ ᠲᠤᠬᠠᠢ ᠶᠢᠨ ᠭᠠᠵᠠᠷ ᠤᠨ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠢ ᠲᠦᠢᠯ ᠢᠶᠠᠷ ᠬᠠᠯᠠᠮᠵᠢᠯᠠᠵᠤ ᠪᠠᠶᠢᠪᠠ᠃ ᠲᠡᠷᠡ ᠪᠠᠢ ᠯᠠᠩ ᠪᠠᠯᠭᠠᠰᠦ ᠶᠢᠨ ᠯᠢᠨ ᠰᠦ᠋ ᠲᠤᠰᠬᠤᠨ ᠤ 2016 ᠤᠨ ᠳᠤ ᠲᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠳᠡᠢ ᠡᠷᠦᠭᠡ ᠷᠦᠩ ᠰᠢᠶᠠᠨ ᠭᠦᠸᠧ ᠪᠤᠯᠤᠨ ᠱᠤᠤ ᠬᠤᠩ ᠶᠠᠨ ᠎ ᠤ ᠭᠡᠷ ᠲᠤ ᠬᠦᠷᠴᠤ᠂ ᠲᠡᠳᠡᠨ ᠤ ᠤᠷᠤᠯᠭ᠎ᠠ ᠶᠢᠨ ᠢᠷᠡᠯᠳᠡ᠂ ᠦᠷ᠎ᠠ ᠬᠡᠤᠭᠡᠳ ᠤᠨ ᠬᠢᠨᠢ ᠰᠤᠷᠭᠠᠨ ᠬᠦᠮᠦᠵᠢᠯ᠂ ᠠᠵᠢᠯ ᠤᠯᠭᠤᠯᠳᠠ ᠵᠡᠷᠭᠡ ᠪᠠᠶᠢᠳᠠᠯ ᠢ ᠨᠠᠷᠢᠯᠢᠭ ᠠᠰᠠᠭᠤᠨ ᠯᠠᠪᠯᠠᠵᠤ᠂ ᠡᠯ᠎ᠠ ᠱᠠᠳᠤᠨ ᠤ ᠬᠠᠪᠰᠤᠷᠤᠯᠭ᠎ᠠ ᠲᠡᠮᠵᠢᠯᠭᠡ ᠲᠤᠤᠷ᠎ᠠ᠂ ᠲᠡᠳᠡᠨ ᠤ ᠬᠢᠨ ᠬᠡᠷ ᠪᠦᠯᠢ ᠶᠢᠨ ᠵᠤᠭᠠᠴᠠᠯ ᠡᠷᠬᠢᠯᠡᠭᠦ᠂ ᠬᠤᠸᠠᠷ ᠴᠡᠴᠡᠭ ᠲᠠᠷᠢᠬᠤ ᠪᠠᠷ ᠲᠠᠮᠵᠢᠨ ᠶᠠᠳᠠᠭᠤ ᠠᠴᠠ ᠪᠠᠨ ᠠᠩᠬᠢᠵᠢᠷᠠᠬᠰᠠᠨ ᠪᠠᠶᠢᠳᠠᠯ ᠢ ᠤᠶᠢᠯᠠᠭᠠᠭᠠᠳ ᠪᠦ᠋ ᠰᠢᠶᠤᠤ ᠯᠢᠨ ᠲᠦᠢᠯ ᠢᠶᠠᠷ ᠪᠠᠶᠠᠷᠯᠡᠵᠦ᠂ ᠲᠡᠳᠡᠨ ᠎ ᠢ ᠦᠢᠯᠡᠳᠪᠦᠷᠢᠯᠡᠯ ᠢᠶᠠᠨ ᠬᠦᠭᠵᠢᠭᠦᠯᠭᠦ ᠪᠠ ᠬᠦᠴᠦ ᠶᠠᠪᠤᠬᠤ ᠬᠤᠳᠠᠯᠳᠤᠭ᠎ᠠ ᠡᠵᠡᠩᠨᠡᠭᠦ ᠮᠡᠷᠭᠡᠵᠢᠯ ᠢ ᠦᠷᠭᠦᠯᠵᠢᠯᠡᠨ ᠰᠤᠷᠤᠯᠴᠠᠵᠤ᠂ ᠦᠪᠡᠷ ᠢ ᠪᠠᠨ ᠬᠦᠭᠵᠢᠭᠦᠯᠭᠦ ᠴᠢᠳᠠᠪᠤᠷᠢ ᠪᠠᠨ ᠨᠡᠮᠡᠭᠳᠡᠭᠦᠯᠦᠭᠡᠷᠡᠢ ᠬᠡᠵᠤ ᠵᠤᠷᠢᠬᠵᠢᠭᠤᠯᠪᠠ᠃ ᠪᠠᠢ ᠯᠠᠩ ᠪᠠᠯᠭᠠᠰᠦ ᠶᠢᠨ ᠤᠨᠳᠤᠤ ᠭᠠᠵᠠᠷ ᠨᠡᠭᠦᠯᠭᠡᠨ ᠶᠠᠳᠠᠭᠤ ᠶᠢ ᠲᠡᠳᠭᠦᠭᠰᠡᠨ ᠵᠤᠯ ᠵᠢᠷᠭᠠᠯᠳᠦ ᠬᠡᠷ ᠣᠷᠣᠨ ᠰᠠᠭᠤᠭᠠᠯᠢ ᠠᠷᠠᠳ ᠤᠨ ᠲᠤᠭᠤᠷᠢᠭ ᠲᠤ᠂ ᠪᠦ᠋ ᠰᠢᠶᠤᠤ ᠯᠢᠨ ᠤᠷᠢᠳ ᠬᠤᠵᠢᠳ ᠶᠠᠨ ᠪᠢᠩ ᠡᠦ᠂ ᠱᠢ ᠶᠢᠩ ᠴᠦᠨ᠂ ᠯᠢᠦ ᠰᠢᠦ ᠴᠧᠩ ᠤᠨ ᠬᠡᠷ ᠢᠶᠠᠷ ᠬᠦᠷᠴᠤ᠂ ᠲᠡᠳᠡᠨ ᠤ ᠤᠷᠤᠨ ᠰᠠᠭᠤᠴᠠ᠂ ᠡᠪᠡᠳᠴᠢᠨ ᠢᠶᠠᠨ ᠡᠮᠨᠡᠭᠦᠯᠵᠦ ᠪᠠᠶᠢᠭ᠎ᠠ ᠵᠡᠷᠭᠡ ᠪᠠᠶᠢᠳᠠᠯ ᠢ ᠨᠢ ᠤᠶᠢᠯᠠᠭᠠᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠨᠦᠬᠦᠳ ᠲᠤ ᠨᠡᠭᠦᠯᠭᠡᠨ ᠰᠢᠯᠵᠢᠭᠦᠯᠵᠦ ᠶᠠᠳᠠᠭᠤ ᠠᠴᠠ ᠲᠡᠳᠭᠦᠭᠰᠡᠨ ᠡᠷᠦᠭᠡ ᠶᠢᠨ ᠠᠵᠤ ᠠᠮᠢᠳᠤᠷᠠᠯ ᠢ ᠬᠠᠯᠠᠮᠵᠢᠯᠠᠵᠤ᠂ ᠰᠡᠳᠬᠢᠯ ᠲᠠᠯᠪᠢᠨ ᠬᠦᠴᠤ ᠤᠷᠤᠭᠤᠯᠤᠨ ᠲᠤᠶᠢᠯ ᠤᠨ ᠤᠨᠤᠪᠴᠢᠲᠠᠢ ᠪᠠᠷ ᠶᠠᠳᠠᠭᠤ ᠶᠢ ᠲᠡᠳᠭᠦᠭᠦ ᠠᠵᠢᠯ ᠢ ᠰᠠᠶᠢᠲᠤᠷ ᠬᠢᠭᠦ ᠬᠡᠷᠡᠭᠳᠡᠢ ᠬᠡᠵᠤ ᠵᠠᠬᠢᠵᠠᠢ᠃      ᠡᠸᠡᠩᠬᠢ ᠬᠤᠰᠢᠭᠤ ᠪᠤᠯ ᠦᠪᠡᠷᠳᠡᠭᠡᠨ ᠵᠠᠰᠠᠬᠤ ᠤᠷᠤᠨ ᠤ ᠲᠡᠰ ᠤᠨ ᠶᠠᠳᠠᠭᠤ ᠬᠦᠴᠢᠷᠳᠡᠯᠳᠡᠢ ᠬᠤᠰᠢᠭᠤ ᠪᠤᠯᠤᠨ᠎ᠠ᠃ ᠨᠢᠳᠤᠨᠤᠨ᠂ ᠲᠤᠬᠠᠢ ᠶᠢᠨ ᠭᠠᠵᠠᠷ ᠤᠨ ᠵᠠᠰᠠᠭ ᠤᠨ ᠤᠷᠳᠤᠨ 240 ᠲᠦᠮᠡᠨ ᠲᠦᠭᠦᠷᠢᠭ ᠤᠨ ᠶᠠᠳᠠᠭᠤ ᠶᠢ ᠲᠡᠳᠭᠦᠭᠦ ᠰᠠᠭᠤᠷᠢ ᠮᠦᠩᠭᠦ ᠶᠢ ᠵᠠᠷᠣᠴᠠᠭᠤᠯᠵᠣ᠂ ᠶᠢᠨ ᠵᠢᠢ ᠼᠤᠤ ᠪᠤᠷᠢᠶᠠᠳ ᠢᠳᠡᠭᠡᠨ ᠤ ᠦᠢᠯᠡᠳᠪᠦᠷᠢ ᠪᠠᠶᠢᠭᠤᠯᠵᠤ᠂ 87 ᠡᠷᠦᠭᠡ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠳᠡᠢ ᠡᠷᠦᠭᠡ ᠶᠢᠨ ᠠᠵᠢᠯ ᠤᠯᠭᠤᠯᠳᠠ ᠶᠢ ᠰᠢᠭᠤᠳ ᠳᠠᠶᠢᠴᠢᠯᠠᠵᠠᠢ᠃ ᠪᠦ᠋ ᠰᠢᠶᠤᠤ ᠯᠢᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠳᠡ ᠪᠠ ᠠᠵᠤ ᠦᠢᠯᠡᠰ ᠢᠶᠠᠷ ᠶᠠᠳᠠᠭᠤ ᠶᠢ ᠲᠡᠳᠭᠦᠭᠦ ᠪᠠᠶᠢᠳᠠᠯ ᠢ ᠨᠠᠷᠢᠯᠢᠭ ᠤᠶᠢᠯᠠᠭᠠᠵᠤ᠂ ᠠᠵᠤ ᠠᠬᠤᠶᠢᠯᠠᠯ ᠎ ᠤᠨ ᠦᠷᠭᠦᠯᠵᠢᠯᠡᠨ ᠠᠰᠢᠭ ᠬᠤᠪᠢᠶᠠᠬᠤ᠂ ᠶᠠᠳᠠᠭᠤ ᠬᠦᠴᠢᠷᠳᠡᠯᠳᠡᠢ ᠡᠷᠦᠭᠡ ᠶᠢ ᠳᠠᠶᠢᠴᠢᠯᠠᠬᠤ ᠪᠠᠷ ᠲᠠᠮᠵᠢᠨ ᠯᠠᠪᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠵᠤ ᠪᠠᠶᠢᠭ᠎ᠠ ᠠᠷᠭ᠎ᠠ ᠬᠢᠳᠡᠯ ᠢ ᠨᠢ ᠨᠤᠳᠠᠯᠠᠪᠠ᠃ ᠡᠸᠡᠩᠬᠢ ᠬᠤᠰᠢᠭᠤᠨ ᠤ ᠪᠠᠶᠠᠨᠳᠠᠯ᠎ᠠ ᠰᠤᠮᠤ ᠶᠢᠨ ᠲᠠᠭᠤᠷ ᠦᠨᠳᠦᠰᠦᠳᠡᠨ ᠤ ᠰᠢᠶᠠᠩ ᠤᠨ ᠨᠤᠭᠤᠨ ᠭᠠᠴᠠᠭ᠎ᠠ ᠳᠤ᠂ ᠪᠦ᠋ ᠰᠢᠶᠤᠤ ᠯᠢᠨ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠳᠡᠢ ᠡᠷᠦᠭᠡ ᠰᠤᠶᠤᠯᠳᠤ ᠪᠤᠯᠤᠨ ᠳᠠᠶᠢᠴᠢᠨ ᠤ ᠬᠡᠷ ᠲᠤ ᠬᠦᠷᠴᠤ᠂ ᠲᠡᠳᠡᠨ ᠤ ᠠᠮᠢᠳᠤᠷᠠᠯ ᠤᠨ ᠪᠠᠶᠢᠳᠠᠯ ᠪᠠ ᠶᠠᠳᠠᠭᠤᠷᠠᠬᠰᠠᠨ ᠰᠢᠯᠳᠠᠭᠠᠨ ᠢ ᠨᠢ ᠨᠠᠷᠢᠨ ᠤᠶᠢᠯᠠᠭᠠᠪᠠ᠃ ᠪᠦ᠋ ᠰᠢᠶᠤᠤ ᠯᠢᠨ 2 ᠡᠷᠦᠭᠡ ᠴᠦᠮ ᠡᠪᠡᠳᠴᠢᠨ ᠠᠴᠠ ᠪᠤᠯᠵᠤ ᠶᠠᠳᠠᠭᠤᠷᠠᠬᠰᠠᠨ ᠢ ᠮᠡᠳᠡᠭᠰᠡᠨ ᠤ ᠲᠠᠷᠠᠭ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠨᠦᠬᠦᠳ ᠲᠤ ᠬᠦᠨᠳᠦ ᠡᠪᠡᠳᠴᠢᠨ ᠢ ᠪᠦᠬᠦᠨ ᠢ ᠪᠠᠳᠣᠯᠠᠬᠤ ᠪᠠᠳᠤᠯᠠᠭ᠎ᠠ ᠶᠢᠨ ᠲᠤᠬᠳᠠᠴᠠ ᠶᠢ ᠪᠦᠷᠢᠨᠰᠢᠭᠦᠯᠵᠦ᠂ ᠲᠠᠬᠢᠨ ᠶᠠᠳᠠᠭᠤᠷᠠᠬᠤ ᠨᠤᠷᠮ᠎ᠠ ᠳᠤ ᠬᠦᠳᠡᠯᠦᠩᠭᠦᠢ ᠬᠢᠨᠠᠨ ᠬᠡᠮᠵᠢᠯᠳᠡ ᠶᠢ ᠬᠡᠷᠡᠭᠵᠢᠭᠦᠯᠵᠤ᠂ ᠡᠪᠡᠳᠴᠢᠨ ᠠᠴᠠ ᠪᠤᠯᠵᠤ ᠶᠠᠳᠠᠭᠤᠷᠠᠬᠤ ᠪᠠ ᠡᠪᠡᠳᠴᠢᠨ ᠠᠴᠠ ᠪᠤᠯᠵᠤ ᠲᠠᠬᠢᠨ ᠶᠠᠳᠠᠭᠤᠷᠠᠬᠤ ᠠᠰᠠᠭᠤᠳᠠᠯ ᠢ ᠰᠠᠶᠢᠲᠤᠷ ᠰᠢᠢᠳᠪᠦᠷᠢᠯᠡᠭᠦ ᠬᠡᠷᠡᠭᠳᠡᠢ ᠬᠡᠵᠤ ᠱᠠᠭᠠᠷᠳᠠᠪᠠ᠃ ᠪᠦ᠋ ᠰᠢᠶᠤᠤ ᠯᠢᠨ ᠪᠠᠰᠠ ᠡᠸᠡᠩᠬᠢ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠲᠤᠮᠤ ᠳ᠋ᠠᠶᠢᠲ᠋ᠠ ᠶᠢᠨ ᠵᠢᠯᠤᠭᠤᠳᠬᠤ ᠲᠠᠪᠴᠠᠩ ᠤᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠰᠤᠳᠤᠯᠵᠠᠢ᠃      ᠪᠦ᠋ ᠰᠢᠶᠤᠤ ᠯᠢᠨ ᠵᠢᠭᠠᠭᠰᠠᠨ ᠨᠢ᠂ ᠤᠨᠴᠠ ᠲᠤᠬᠳᠠᠬᠰᠠᠨ ᠶᠠᠳᠠᠭᠤ ᠬᠦᠴᠢᠷᠳᠡᠯᠳᠡᠢ ᠬᠦᠮᠦᠨ ᠠᠮᠠ ᠪᠠ ᠤᠨᠴᠠ ᠶᠠᠳᠠᠭᠤ ᠬᠦᠴᠢᠷᠳᠡᠯᠳᠡᠢ ᠭᠠᠵᠠᠷ ᠤᠷᠤᠨ ᠤ ᠶᠠᠳᠠᠭᠤ ᠶᠢ ᠲᠡᠳᠭᠦᠭᠦ ᠳᠤ ᠠᠩᠬᠠᠷᠤᠯ ᠢᠶᠠᠨ ᠲᠦᠪᠯᠡᠷᠡᠭᠦᠯᠵᠤ᠂ ᠤᠯᠠᠨ ᠨᠡᠶᠢᠲᠡ ᠶᠢᠨ ᠦᠢᠯᠡᠴᠢᠯᠡᠭᠡ᠂ ᠰᠠᠭᠤᠷᠢ ᠪᠡᠯᠡᠳᠬᠡᠮᠵᠢ᠂ ᠦᠨᠳᠦᠰᠦᠨ ᠡᠮ ᠡᠮᠨᠡᠯᠭᠡ ᠶᠢᠨ ᠪᠠᠳᠤᠯᠠᠭ᠎ᠠ᠂ ᠬᠦᠴᠦ ᠶᠠᠪᠤᠵᠤ ᠠᠵᠢᠯ ᠤᠯᠬᠤ ᠪᠠ ᠠᠵᠤ ᠦᠢᠯᠡᠰ ᠢ ᠬᠦᠭᠵᠢᠭᠦᠯᠭᠦ ᠵᠡᠷᠭᠡ ᠠᠰᠠᠭᠤᠳᠠᠯ ᠢ ᠭᠤᠤᠯᠳᠠᠯᠭ᠎ᠠ ᠲᠠᠢ ᠰᠠᠶᠢᠲᠤᠷ ᠰᠢᠢᠳᠪᠦᠷᠢᠯᠡᠭᠦ ᠬᠡᠷᠡᠭᠳᠡᠢ᠃ ᠡᠨᠡ ᠵᠢᠯ ᠪᠤᠯ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠰᠤᠷᠳᠠᠯ ᠤᠨ ᠪᠠᠶᠢᠭᠤᠯᠤᠯᠲᠠ ᠶᠢᠨ ᠣᠨ ᠪᠤᠯᠤᠨ᠎ᠠ᠂ ᠡᠯ᠎ᠠ ᠱᠠᠲᠤᠨ ᠤ ᠡᠯ᠎ᠠ ᠰᠠᠯᠠᠭ᠎ᠠ ᠮᠦᠴᠢᠷ ᠢᠳᠡᠪᠬᠢᠳᠡᠢ ᠴᠢᠷᠮᠠᠶᠢᠯᠭ᠎ᠠ ᠭᠠᠷᠭᠠᠵᠤ ᠂ ᠠᠵᠢᠯ ᠢᠶᠠᠨ ᠨᠠᠷᠢᠯᠢᠬᠵᠢᠭᠤᠯᠤᠨ ᠪᠤᠲᠠᠲᠠᠶᠢᠵᠢᠭᠤᠯᠵᠤ᠂ ᠨᠢᠳᠦᠨ ᠡᠮᠦᠨᠡᠬᠢ ᠠᠰᠠᠭᠤᠳᠠᠯ ᠢ ᠰᠠᠶᠢᠲᠤᠷ ᠰᠢᠢᠳᠪᠦᠷᠢᠯᠡᠭᠦ ᠮᠦᠷᠳᠡᠭᠡᠨ ᠦᠷᠭᠦᠯᠵᠢᠯᠡᠭᠦ ᠤᠷᠳᠤ ᠬᠤᠭᠤᠴᠠᠭᠠᠨ ᠤ ᠪᠦᠳᠦᠮᠵᠢᠳᠡᠢ ᠲᠤᠬᠳᠠᠴᠠ ᠶᠢ ᠪᠦᠷᠢᠯᠳᠦᠭᠦᠯᠵᠤ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ ᠰᠠᠶᠢᠲᠤᠷ ᠬᠢᠭᠦ ᠬᠡᠷᠡᠭᠳᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号