ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠶᠡᠭᠡ ᠳᠡᠭᠡᠲᠦ ᠰᠤᠷᠭᠠᠭᠤᠯᠢ ᠲᠡᠭᠦᠰᠦᠭᠰᠡᠨ 471 | ᠰᠢᠯᠢᠳᠡᠭ ᠤᠶᠤᠲᠠᠳ ᠢ ᠦᠨᠳᠦᠰᠦᠨ ᠱᠠᠲᠤᠨ ᠳᠤ ᠣᠴᠢᠵᠤ ᠠᠵᠢᠯᠯᠠᠭᠤᠯᠬᠤ ᠪᠠᠷ ᠲᠦᠯᠦᠪᠯᠡᠵᠤ ᠪᠤᠢ᠃ | ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠴᠠᠭ᠄ 3 ᠳ᠋ᠤᠭᠠᠷ ᠰᠠᠷ᠎ᠠ ᠶᠢᠨ 26 ᠤ ᠡᠳᠦᠷ ᠤᠨ 9᠄ 00 ᠠᠴᠠ 3 | ᠳ᠋ᠤᠭᠠᠷ ᠰᠠᠷ᠎ᠠ ᠶᠢᠨ 31 ᠤ ᠡᠳᠦᠷ ᠤᠨ 17᠄ 00 ᠪᠣᠯᠲᠠᠯ᠎ᠠ᠃ ᠪᠢᠷ ᠤᠨ ᠰᠢᠯᠭᠠᠯᠲᠠ ᠶᠢᠨ ᠴᠠᠭ᠄ 4 ᠳ᠋ᠤᠭᠡᠷ | ᠰᠠᠷ᠎ᠠ ᠶᠢᠨ 21 ᠤ ᠡᠳᠦᠷ᠃ | ᠣᠶᠢᠯᠠᠭᠠᠭᠰᠠᠨ ᠢᠶᠠᠷ᠂ 2018 ᠣᠨ ᠳᠤ ᠤᠯᠤᠰ ᠤᠨ ᠳᠣᠲᠣᠭᠠᠳᠤ ᠶᠢᠨ ᠪᠦᠬᠦᠯᠢ ᠡᠳᠦᠷ ᠤᠨ ᠳᠦᠷᠢᠮᠲᠦ | ᠡᠩ ᠤᠨ ᠶᠡᠭᠡ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ | ᠨᠠᠮᠲᠠᠷ ᠲᠠᠢ ᠲᠡᠭᠦᠰᠦᠭᠰᠡᠳ ︵ᠬᠠᠨᠳᠤᠯᠭ᠎ᠠ ᠲᠠᠢ ᠬᠥᠮᠦᠵᠢᠭᠦᠯᠬᠦ ᠰᠤᠷᠤᠭᠴᠢ᠂ ᠨᠠᠶᠢᠳᠠᠨ ᠬᠥᠮᠦᠵᠢᠭᠦᠯᠬᠦ ᠰᠤᠷᠤᠭᠴᠢ | ᠵᠢᠴᠢ ᠰᠦᠯᠵᠢᠶᠡᠨ ᠤ ᠳᠡᠭᠡᠳᠦ ᠰᠤᠷᠭᠠᠭᠤᠯᠢ᠂ ᠨᠠᠰᠤᠨ ᠳᠤ ᠬᠦᠷᠦᠭᠰᠡᠳ ᠤᠨ ᠰᠤᠷᠭᠠᠨ ᠬᠥᠮᠦᠵᠢᠯ ᠤᠨ ᠳᠡᠭᠡᠳᠦ | ᠰᠤᠷᠭᠠᠭᠤᠯᠢ᠂ ᠲᠤᠰᠠᠭᠠᠷ ᠳᠡᠭᠡᠳᠦ ᠰᠤᠷᠭᠠᠭᠤᠯᠢ ᠠᠴᠠ ᠲᠡᠭᠦᠰᠦᠭᠰᠡᠳ ᠪᠣᠯᠤᠨ ᠠᠵᠢᠯ ᠤᠨ ᠪᠠᠶᠢᠷᠢ ᠳᠠᠭᠠᠨ | ᠰᠤᠷᠤᠯᠭ᠎ᠠ ᠶᠢᠨ ᠨᠠᠮᠲᠠᠷ ᠤᠯᠤᠭᠰᠠᠨ ᠬᠦᠮᠦᠰ ᠪᠠᠭᠲᠠᠬᠤ ᠦᠭᠡᠶ᠂ ᠡᠭᠦᠨ ᠳᠤ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠳᠤ ᠬᠠᠨᠳᠤᠭᠤᠯᠤᠨ ᠪᠣᠳᠠᠲᠠᠶ ᠨᠢᠭᠡᠴᠡ ᠳᠤ ᠬᠠᠨᠳᠤᠭᠤᠯᠤᠭᠰᠠᠨ ᠦᠭᠡᠢ ᠬᠦᠮᠦᠰ ᠨᠡᠷ᠎ᠡ ᠮᠡᠳᠡᠭᠦᠯᠦᠨ | ᠰᠢᠯᠭᠠᠭᠤᠯᠵᠤ ᠪᠣᠯᠤᠨ᠎ᠠ︶ ᠢ ᠰᠤᠩᠭᠤᠨ᠎ᠠ᠃ ᠰᠤᠩᠭᠤᠬᠤ ᠳᠡᠰ ᠳᠠᠷᠠᠭᠠᠯᠠᠯ᠄ ᠬᠤᠪᠢ ᠬᠥᠮᠦᠨ ᠭᠤᠶᠤᠴᠢᠯᠠᠬᠤ᠂ | ᠵᠣᠬᠢᠶᠠᠨ ᠪᠠᠶᠢᠭᠤᠯᠤᠯᠲᠠ ᠲᠠᠨᠢᠯᠴᠠᠭᠤᠯᠬᠤ᠂ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ᠂ ᠪᠢᠷ ᠤᠨ ᠰᠢᠯᠭᠠᠯᠲᠠ ᠬᠢᠬᠦ᠂ | ᠬᠢᠷᠢ ᠬᠡᠮ ᠤᠨ ᠳᠠᠬᠢᠨ ᠬᠢᠨᠠᠯᠲᠠ ᠬᠢᠬᠦ᠂ ᠨᠢᠭᠤᠷᠳᠠᠠ ᠰᠢᠯᠭᠠᠬᠤ᠂ ᠶᠡᠷᠦᠩᠬᠡᠶ ᠬᠢᠷᠢ ᠪᠦᠲᠦᠮᠵᠢ ᠶᠢ ᠪᠤᠳᠤᠬᠤ᠂ | ᠪᠡᠶ᠎ᠡ ᠶᠢᠨ ᠪᠠᠶᠢᠴᠠᠭᠠᠯᠲᠠ ᠬᠢᠬᠦ ᠪᠠ ᠬᠢᠨᠠᠨ ᠰᠢᠯᠭᠠᠯᠲᠠ ᠬᠢᠬᠦ᠂ ᠵᠠᠷᠯᠠᠬᠤ ᠪᠠ ᠬᠤᠪᠢᠶᠠᠷᠢᠯᠠᠬᠤ᠂ ᠪᠤᠯᠪᠠᠰᠤᠷᠠᠭᠤᠯᠬᠤ | ᠪᠠ ᠡᠯᠰᠡᠬᠦ ᠵᠡᠷᠭᠡ ᠳᠡᠰ ᠳᠠᠷᠠᠭᠠᠯᠠᠯ ᠢᠶᠠᠷ ᠶᠠᠪᠤᠭᠳᠠᠨ᠎ᠠ᠃ ︽ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠰᠢᠯᠢᠳᠡᠭ | ᠤᠶᠤᠲᠠᠳ ᠢ ᠰᠤᠩᠭᠤᠬᠤ︾ ᠳᠤ ᠨᠡᠷ᠎ᠡ ᠮᠡᠳᠡᠭᠦᠯᠬᠦ ᠪᠠ ᠪᠢᠷ ᠤᠨ ᠰᠢᠯᠭᠠᠯᠲᠠ ᠬᠢᠬᠦ ᠨᠢ ︽2018 ᠣᠨ ᠤ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠯᠠᠨ ᠨᠡᠶᠢᠲᠡ ᠶᠢᠨ ᠪᠦᠯᠬᠦᠮ ᠪᠠᠶᠢᠭᠤᠯᠭ᠎ᠠ ᠪᠤᠯᠤᠨ | ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠴᠤ ᠪᠠᠶᠢᠭ᠎ᠠ ᠨᠢᠭᠡᠴᠡ ᠶᠢᠨ ᠠᠯᠪᠠᠲᠠᠨ ᠪᠠ ᠠᠵᠢᠯᠲᠠᠨ ᠡᠯᠰᠡᠬᠦ | ᠰᠢᠯᠭᠠᠯᠲᠠ︾ ︵ᠳᠣᠷᠣᠭᠰᠢ ︽ᠳᠦᠷᠪᠡᠨ ᠱᠠᠲᠤᠨ ᠤ ᠬᠠᠮ ᠰᠢᠯᠭᠠᠯᠲᠠ︾ ᠭᠡᠵᠦ ᠲᠤᠪᠴᠢᠯᠠᠨ᠎ᠠ︶ ᠲᠠᠢ ᠵᠡᠷᠭᠡᠪᠡᠷ | ᠶᠠᠪᠤᠭᠳᠠᠬᠤ ᠤᠴᠢᠷ ᠠᠴᠠ᠂ ᠰᠢᠯᠭᠠᠭᠤᠯᠤᠭᠰᠠᠳ ︽ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠰᠢᠯᠢᠳᠡᠭ | ᠤᠶᠤᠲᠠᠳ ᠢ ᠰᠤᠩᠭᠤᠬᠤ︾ ᠪᠠ ︽ᠳᠦᠷᠪᠡᠨ ᠱᠠᠲᠤᠨ ᠤ ᠬᠠᠮ ᠰᠢᠯᠭᠠᠯᠲᠠ︾ ᠠᠴᠠ ᠨᠢᠭᠡ ᠶᠢ ᠨᠢ ᠰᠤᠩᠭᠤᠨ | ᠤᠷᠤᠯᠴᠠᠨ᠎ᠠ᠂ ᠪᠦᠬᠦᠨ ᠳᠤ ᠮᠡᠳᠡᠬᠦᠯᠦᠨ ᠰᠢᠯᠭᠠᠭᠤᠯᠵᠤ ᠪᠤᠯᠬᠤ ᠦᠭᠡᠢ᠃ |