ᠥᠪᠥᠷ ᠮᠣᠩᠭᠤᠯ ᠬᠤᠳᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠤᠮᠳᠠᠴᠢ ᠪᠠᠷᠢᠮᠵᠢᠶ᠎ᠠ ᠶᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2018/3/26
      ᠡᠨᠡ ᠵᠢᠯ ᠥᠪᠥᠷ ᠮᠣᠩᠭᠤᠯ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠪᠣᠯᠤᠨ ᠣᠨᠴᠠ ᠬᠦᠴᠢᠷᠳᠡᠯ ᠲᠠᠢ ᠬᠥᠮᠦᠰ ᠢ ᠠᠰᠠᠷᠠᠨ ᠲᠡᠵᠢᠭᠡᠬᠦ ᠪᠠᠷᠢᠮᠵᠢᠶ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠵᠦ᠂ ᠬᠤᠳᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠤᠮᠳᠠᠴᠢ ᠪᠠᠷᠢᠮᠵᠢᠶ᠎ᠠ ᠶᠢ ᠲᠤᠰ ᠲᠤᠰ  ᠰᠠᠷ᠎ᠠ ᠪᠦᠷᠢ ᠬᠥᠮᠦᠨ ᠨᠢᠭᠡᠪᠦᠷᠢ ᠳᠤ 647 ᠲᠥᠭᠦᠷᠢᠭ ᠪᠠ ᠵᠢᠯ ᠪᠦᠷᠢ ᠬᠥᠮᠦᠨ ᠨᠢᠭᠡᠪᠦᠷᠢ 5547 ᠲᠥᠭᠦᠷᠢᠭ ᠲᠤ ᠬᠦᠷᠦᠭᠦᠯᠵᠦ᠂ ᠲᠤᠰ ᠪᠦᠷᠢ 2017 ᠣᠨ ᠤ ᠬᠢ ᠠᠴᠠ 56 ᠲᠥᠭᠦᠷᠢᠭ ᠪᠠ 696 ᠲᠥᠭᠦᠷᠢᠭ ᠨᠡᠮᠡᠭᠳᠡᠭᠦᠯᠵᠦ᠂ ᠨᠡᠮᠡᠭᠳᠡᠯ ᠤᠨ ᠬᠡᠮᠵᠢᠶ᠎ᠡ ᠶᠢ 9.5% ᠪᠠ 14.3%᠎ ᠳᠤ ᠬᠦᠷᠦᠭᠦᠯᠦᠨ᠎ᠡ᠃      ᠥᠪᠥᠷ ᠮᠣᠩᠭᠤᠯ ᠤᠨ ᠡᠯ᠎ᠡ ᠬᠤᠰᠢᠭᠤ ᠰᠢᠶᠠᠨ ᠬᠠᠮᠤᠭ ᠤᠨ ᠳᠣᠣᠷ᠎ᠠ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠶᠢᠨ ᠬᠠᠮᠲᠤ᠂ ᠬᠥᠮᠦᠨ ᠪᠦᠷᠢ ᠶᠢᠨ ᠳᠤᠮᠳᠠᠴᠢ ᠨᠥᠬᠦᠪᠥᠷᠢ ᠶᠢᠨ ᠬᠢᠷᠢ ᠬᠡᠮᠵᠢᠶ᠎ᠡ ᠶᠢ  ᠳᠡᠭᠡᠭᠰᠢᠯᠡᠭᠦᠯᠬᠦ ᠮᠥᠷᠲᠡᠭᠡᠨ 5 ᠳ᠋ᠤᠭᠠᠷ ᠰᠠᠷ᠎ᠠ ᠶᠢᠨ ᠡᠴᠦᠰ ᠠᠴᠠ ᠡᠮᠦᠨ᠎ᠡ ᠰᠢᠨ᠎ᠡ ᠪᠠᠷᠢᠮᠵᠢᠶ᠎ᠠ ᠶᠣᠰᠣᠭᠠᠷ ᠪᠡᠯᠡ ᠮᠥᠩᠭᠦ ᠶᠢ ᠨᠥᠬᠦᠵᠦ ᠣᠯᠭᠤᠬᠤ ᠪᠠᠷ ᠪᠠᠶᠢᠨ᠎ᠠ᠃  ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ  ᠬᠦᠷᠲᠡᠭᠰᠡᠳ ᠎ ᠤᠨ ᠲᠤᠲᠤᠷᠠᠬᠢ ᠨᠠᠰᠤᠨ ᠳᠤ ᠦᠯᠤ ᠬᠥᠷᠦᠭᠰᠡᠳ᠂ ᠥᠲᠡᠭᠦᠰ ᠨᠠᠰᠤᠲᠠᠨ᠂ ᠬᠦᠨᠳᠦ ᠵᠡᠮᠳᠡᠭᠴᠦᠳ ᠪᠣᠯᠣᠨ ᠬᠦᠨᠳᠦ ᠡᠪᠡᠳᠴᠢᠲᠡᠨ ᠳᠤ ᠪᠣᠯ᠂ ᠡᠯ᠎ᠡ ᠬᠤᠰᠢᠭᠤ ᠰᠢᠶᠠᠨ ᠲᠤᠬᠠᠶ ᠶᠢᠨ ᠭᠠᠵᠠᠷ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ 30% ᠳᠠᠪᠠᠭᠤᠯᠬᠤ ᠦᠭᠡᠢ ᠪᠠᠶᠢᠬᠤ ᠬᠠᠷᠢᠴᠠᠯ ᠢᠶᠠᠷ ᠨᠥᠬᠦᠪᠥᠷᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃      ᠥᠪᠥᠷ ᠮᠣᠩᠭᠤᠯ ᠡᠮ ᠡᠮᠨᠡᠯᠭᠡ ᠪᠠᠷ ᠲᠡᠩᠬᠡᠷᠡᠭᠦᠯᠦᠨ ᠲᠤᠰᠠᠯᠠᠬᠤ ᠶᠠᠪᠤᠳᠠᠯ ᠢ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠯᠤᠭ᠎ᠠ ᠪᠦᠲᠦᠮᠵᠢᠲᠡᠶ ᠵᠣᠯᠭᠠᠭᠤᠯᠬᠤ ᠶᠢ ᠴᠢᠩᠭᠠᠳᠬᠠᠨ᠂ ᠬᠦᠨᠳᠦ ᠣᠨᠴᠠ ᠶᠡᠭᠡ ᠡᠪᠡᠳᠴᠢᠨ ᠢ ᠡᠮ ᠡᠮᠨᠡᠯᠭᠡ ᠪᠠᠷ ᠲᠡᠩᠬᠡᠷᠡᠭᠦᠯᠦᠨ ᠲᠤᠰᠠᠯᠠᠯᠲᠠ ᠶᠢ ᠲᠦᠷᠦᠯ ᠪᠠ ᠲᠡᠰ ᠬᠤᠪᠢᠶᠠᠨ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠭᠰᠡᠳ ᠪᠠ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯ ᠲᠠᠢ ᠬᠥᠮᠦᠨ ᠠᠮᠠ ᠶᠢᠨ ᠬᠤᠪᠢ ᠬᠥᠮᠦᠨ ᠤ ᠥᠪᠡᠰᠦᠪᠡᠨ ᠬᠠᠷᠢᠭᠤᠴᠠᠬᠤ ᠲᠣᠭᠲᠠᠭᠠᠯ ᠳᠤ ᠨᠡᠶᠢᠴᠡᠬᠦ ᠵᠠᠷᠤᠳᠠᠯ ᠳᠤ ᠡᠮ ᠡᠮᠨᠡᠯᠭᠡ ᠶᠢᠨ  ᠠᠪᠤᠷᠠᠨ ᠲᠤᠰᠠᠯᠠᠯᠲᠠ ᠬᠢᠬᠦ ᠬᠠᠷᠢᠴᠠᠯ ᠢ 70%᠎ ᠠᠴᠠ ᠳᠣᠣᠷ᠎ᠠ ᠪᠠᠶᠢᠯᠭᠠᠬᠤ ᠦᠭᠡᠶ ᠪᠠᠶᠢᠵᠤ᠂ ᠣᠷᠣᠯᠭ᠎ᠠ ᠪᠠᠭᠠᠲᠠᠶ ᠲᠡᠩᠬᠡᠷᠡᠭᠦᠯᠦᠨ ᠲᠤᠰᠠᠯᠠᠭᠤᠯᠤᠭᠰᠠᠳ ᠪᠣᠯᠤᠨ ᠡᠪᠡᠳᠴᠢᠨ ᠠᠴᠠ ᠪᠣᠯᠵᠣ ᠶᠠᠳᠠᠭᠤᠷᠠᠭᠰᠠᠨ ᠲᠡᠩᠬᠡᠷᠡᠭᠦᠯᠦᠨ ᠲᠤᠰᠠᠯᠠᠭᠤᠯᠤᠭᠰᠠᠳ ᠤᠨ ᠬᠤᠪᠢ ᠬᠥᠮᠦᠨ ᠤ ᠥᠪᠡᠰᠦᠪᠡᠨ ᠬᠠᠷᠢᠭᠤᠴᠠᠬᠤ ᠲᠣᠭᠲᠠᠭᠠᠯ ᠳᠤ ᠨᠡᠶᠢᠴᠡᠬᠦ ᠵᠠᠷᠤᠳᠠᠯ ᠳᠤ ᠡᠮ ᠡᠮᠨᠡᠯᠭᠡ ᠶᠢᠨ ᠲᠡᠩᠬᠡᠷᠡᠭᠦᠯᠦᠨ ᠲᠤᠰᠠᠯᠠᠯᠲᠠ ᠶᠢᠨ ᠬᠠᠷᠢᠴᠠᠯ ᠢ 50%᠎ ᠠᠴᠠ ᠳᠣᠣᠷ᠎ᠠ  ᠪᠠᠶᠢᠯᠭᠠᠬᠤ ᠦᠭᠡᠢ ᠪᠠᠶᠢᠬᠤ ᠶᠢ ᠦᠨᠡᠨᠬᠦ ᠪᠠᠲᠤᠯᠠᠨ᠎ᠠ᠃ ᠣᠶᠢᠯᠠᠭᠠᠭᠰᠠᠨ ᠢᠶᠠᠷ᠂ ᠬᠥᠳᠡᠯᠮᠦᠷᠢᠯᠡᠬᠦ ᠴᠢᠳᠠᠪᠤᠷᠢ ᠪᠠᠨ  ᠪᠦᠷᠢᠮᠦᠰᠦᠨ ᠠᠯᠳᠠᠭᠰᠠᠨ ᠪᠤᠶᠤ ᠬᠡᠰᠡᠭ ᠠᠯᠳᠠᠭᠰᠠᠨ ᠣᠨᠴᠣᠭᠤᠢ ᠶᠠᠳᠠᠭᠤ ᠬᠦᠴᠢᠷᠳᠡᠯ ᠲᠠᠢ ᠬᠥᠮᠦᠨ ᠠᠮᠠ ᠳᠤ ᠪᠣᠯ᠂ ᠥᠪᠥᠷ ᠮᠣᠩᠭᠤᠯ ᠪᠠᠲᠤᠯᠠᠭ᠎ᠠ ᠶᠢᠨ ᠴᠢᠨᠠᠷᠲᠠᠶ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢ  ᠶᠡᠷᠦᠩᠬᠡᠶᠢᠯᠡᠨ ᠬᠡᠷᠡᠭᠵᠢᠭᠦᠯᠵᠦ᠂ ᠡᠪᠡᠳᠴᠢᠨ ᠲᠠᠢ ᠪᠣᠯ ᠡᠮᠨᠡᠭᠦᠯᠵᠦ᠂ ᠵᠡᠮᠳᠡᠭ ᠪᠣᠯ ᠲᠤᠰᠠᠯᠠᠵᠤ᠂ ᠠᠮᠢᠳᠤᠷᠠᠯ ᠢ ᠨᠢ ᠪᠠᠲᠤᠯᠠᠨ ᠳᠠᠭᠠᠭᠠᠬᠤ ᠶᠢ ᠦᠨᠡᠨᠬᠦ ᠪᠠᠲᠤᠯᠠᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号