ᠪᠥᠬᠦ ᠣᠷᠣᠨ ᠤ ᠶᠡᠬᠡᠩᠬᠢ ᠬᠡᠰᠡᠭ ᠭᠠᠵᠠᠷ ᠣᠷᠣᠨ ᠡᠩ ᠤᠨ ᠵᠢᠯ ᠠᠴᠠ 10—35 ᠡᠳᠦᠷ ᠡᠷᠲᠡ | ᠬᠠᠪᠤᠷᠰᠢᠪᠠ᠃ 3 ᠳ᠋ᠤᠭᠠᠷ ᠰᠠᠷ᠎ᠠ ᠶᠢᠨ ᠳᠤᠮᠳᠠᠴᠢ ᠪᠠᠷ ᠪᠥᠬᠦ ᠣᠷᠣᠨ ᠤ ᠶᠡᠬᠡᠩᠬᠢ ᠭᠠᠵᠠᠷ ᠣᠷᠣᠨ ᠤ ᠠᠭᠤᠷ | ᠠᠮᠢᠰᠬᠤᠯ 1.0 —7.0 ᠭᠷᠠᠳᠦ᠋ᠰ ᠳᠤᠯᠠᠭᠠᠷᠠᠵᠤ᠂ ᠲᠡᠦᠬᠡ ᠶᠢᠨ ᠠᠳᠠᠯᠢ ᠬᠤᠭᠤᠴᠠᠭᠠᠨ ᠤ ᠬᠢ ᠠᠴᠠ 3.7 | ᠭᠷᠠᠳᠦ᠋ᠰ ᠥᠨᠳᠥᠷᠰᠢᠵᠦ᠂ 1961 ᠣᠨ ᠠᠴᠠ ᠨᠠᠰᠢᠬᠢ ᠠᠳᠠᠯᠢ ᠬᠤᠭᠤᠴᠠᠭᠠᠨ ᠳᠤ 3 ᠳᠠᠬᠢ ᠤᠳᠠᠭ᠎ᠠ | ᠥᠨᠳᠥᠷᠰᠢᠪᠡ᠃ ᠢᠯᠠᠩᠭᠤᠶ᠎ᠠ ᠪᠣᠷᠣᠲᠣᠬᠤᠢ ᠶᠢᠨ ᠭᠠᠵᠠᠷ ᠣᠷᠣᠨ ᠤ ᠠᠭᠤᠷ ᠠᠮᠢᠰᠬᠤᠯ ᠬᠡᠪ ᠤᠨ ᠪᠤᠰᠤ | ᠳᠤᠯᠠᠭᠠᠷᠠᠵᠤ᠂ ᠪᠠᠶᠠᠨᠨᠠᠭᠤᠷ ᠬᠤᠳᠠ ᠶᠢᠨ ᠯᠢᠨᠾᠧ ᠲᠣᠭᠤᠷᠢᠭ ᠤᠨ 3 ᠳ᠋ᠤᠭᠠᠷ ᠰᠠᠷ᠎ᠠ ᠶᠢᠨ ᠳᠤᠮᠳᠠᠴᠢ ᠳᠤᠯᠠᠭᠠᠨ6.3 | ᠭᠷᠠᠳᠦ᠋ᠰ᠂ ᠳ᠋ᠧᠩᠺᠸᠦ ᠰᠢᠶᠠᠨ 7.6 ᠭᠷᠠᠳᠦ᠋ᠰ᠂ ᠬᠠᠩᠭᠢᠨ ᠬᠤᠶᠢᠲᠤ ᠬᠤᠰᠢᠭᠤ 6.4 ᠭᠷᠠᠳᠦ᠋ᠰ᠂ ᠤᠷᠠᠳ ᠤᠨ | ᠡᠮᠦᠨᠡᠲᠦ ᠬᠤᠰᠢᠭᠤ 7.8 ᠭᠷᠠᠳᠦ᠋ᠰ᠂ ᠤᠷᠠᠳ ᠤᠨ ᠳᠤᠮᠳᠠᠳᠤ ᠬᠤᠰᠢᠭᠤ 5.3 ᠭᠷᠠᠳᠦ᠋ᠰ ᠪᠣᠯᠵᠤ᠂ ᠴᠥᠮ | ᠲᠡᠦᠬᠡ ᠶᠢᠨ ᠠᠳᠠᠯᠢ ᠬᠤᠭᠤᠴᠠᠭᠠᠨ ᠳᠠᠬᠢ ᠬᠠᠮᠤᠭ ᠤᠨ ᠥᠨᠳᠥᠷ ᠬᠡᠮᠵᠢᠭᠳᠡᠯ ᠢ ᠳᠠᠪᠠᠪᠠ᠃ ᠥᠨᠳᠥᠷ ᠳᠤᠯᠠᠭᠠᠨ ᠨᠢ | ᠪᠦᠬᠦ ᠣᠷᠣᠨ ᠤ ᠬᠠᠪᠤᠷᠰᠢᠯ ᠤᠨ ᠠᠬᠢᠴᠠ ᠶᠢ ᠲᠦᠷᠭᠡᠳᠬᠡᠵᠦ᠂ 3 ᠳ᠋ᠤᠭᠠᠷ ᠰᠠᠷ᠎ᠠ ᠶᠢᠨ 20 ᠤ ᠡᠳᠦᠷ ᠪᠣᠯᠲᠠᠯ᠎ᠠ᠂ | ᠪᠥᠬᠦ ᠣᠷᠣᠨ ᠤ ᠤᠯᠤᠰ ᠤᠨ ᠲᠡᠰ ᠤᠨ 119 ᠴᠠᠭ ᠠᠭᠤᠷ ᠤᠨ ᠥᠷᠲᠡᠭᠡ ᠳᠣᠲᠣᠷᠠᠬᠢ 48 ᠥᠷᠲᠡᠭᠡ ᠨᠢ | ᠬᠠᠪᠤᠷᠰᠢᠵᠤ᠂ ᠭᠤᠣᠯᠳᠠᠭᠤ ᠳᠤᠮᠳᠠ ᠬᠡᠰᠡᠭ ᠪᠠ ᠪᠠᠷᠠᠭᠤᠨ ᠬᠡᠰᠡᠭ ᠤᠨ ᠶᠡᠬᠡᠩᠬᠢ ᠬᠡᠰᠡᠭ ᠭᠠᠵᠠᠷ ᠣᠷᠣᠨ ᠳᠤ | ᠢᠯᠡᠷᠡᠵᠦ᠂ ᠬᠠᠪᠤᠷᠰᠢᠯ ᠨᠢ ᠡᠩ ᠤᠨ ᠵᠢᠯ ᠤᠨ ᠬᠢ ᠠᠴᠠ 10—35 ᠡᠳᠦᠷ ᠤᠷᠢᠳᠴᠢᠯᠠᠪᠠ᠃ |