ᠳ᠋ᠤᠸᠠᠨ ᡁᠢ ᠴᠢᠶᠠᠩ ᠤᠷᠳᠤᠰ ᠬᠤᠳᠠ ᠳᠤ ᠪᠠᠶᠢᠴᠠᠭᠠᠨ ᠰᠤᠳᠤᠯᠤᠯᠳᠠ ᠬᠢᠬᠦ ᠳᠡᠭᠡᠨ ᠴᠢᠬᠤᠯᠠᠴᠢᠯᠠᠬᠰᠠᠨ ᠨᠢ ᠤᠯᠠᠮᠵᠢᠯᠠᠯᠳᠤ ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦᠯᠬᠦ ᠶᠢ ᠠᠬᠢᠭᠤᠯᠬᠤ ᠭᠡᠷᠡᠭᠳᠠᠢ ᠭᠡᠵᠡᠢ
ᠨᠡᠶᠢᠲᠡᠯᠡᠭᠰᠡᠨ ᠴᠠᠭ᠄
2018/3/26
     3 ᠳ᠋ᠤᠭᠠᠷ ᠰᠠᠷ᠎ᠠ ᠶᠢᠨ 22᠎ ᠠᠴᠠ 23᠎ ᠤ ᠡᠳᠤᠷ ᠪᠤᠯᠳᠠᠯ᠎ᠠ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠳ᠋ᠤᠸᠠᠨ ᡁᠢ ᠴᠢᠶᠠᠩ ᠤᠷᠳᠤᠰ ᠬᠤᠲᠠ ᠳᠤ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯ ᠤᠨ ᠲᠤᠬᠠᠢ ᠪᠠᠶᠢᠴᠠᠭᠠᠨ ᠰᠤᠳᠤᠯᠤᠯᠳᠠ ᠬᠢᠪᠡ᠃      ᠳ᠋ᠤᠸᠠᠨ ᡁᠢ ᠴᠢᠶᠠᠩ ᠵᠠᠳᠠᠭᠠᠢ ᠨᠡᠭᠦᠷᠡᠰᠤᠨ ᠠᠭᠤᠷᠬᠠᠢ᠂ ᠨᠠᠭᠦᠷᠡᠰᠤ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ᠂  ᠵᠡᠪᠰᠡᠭ ᠲᠤᠨᠤᠭᠯᠠᠯ ᠦᠢᠯᠡᠳᠭᠡᠯ ᠤᠨ ᠰᠠᠭᠤᠷᠢᠨ ᠪᠤᠯᠤᠨ ᠠᠵᠤ ᠠᠬᠤᠢ ᠶᠢᠨ ᠨᠡᠭᠡᠭᠡᠯᠳᠠ ᠶᠢᠨ ᠲᠤᠭᠤᠷᠢᠭ ᠤᠨ ᠠᠷᠪᠠᠭᠠᠳ ᠠᠵᠤ ᠠᠬᠤᠶᠢᠯᠠᠯ ᠪᠤᠯᠤᠨ ᠲᠦᠷᠤᠯ ᠵᠦᠢᠯ ᠳᠤ ᠪᠤᠳᠠᠳᠠᠢ ᠪᠠᠶᠢᠴᠠᠭᠠᠨ ᠰᠤᠳᠤᠯᠤᠯᠳᠠ ᠬᠢᠪᠡ᠃ ᠲᠡᠷᠡ ᠴᠢᠬᠤᠯᠠᠴᠢᠯᠠᠭᠰᠠᠨ ᠨᠢ᠂ ᠶᠡᠷᠤᠩᠬᠡᠢ ᠱᠦᠵᠢ ᠰᠢ ᠶᠢᠨ ᠫᠢᠡᠭ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠎ ᠤᠨ ᠦᠪᠤᠷ ᠮᠤᠩᠭᠤᠯ ᠤᠨ ᠲᠦᠯᠤᠭᠡᠯᠡᠭᠴᠢᠳ ᠤᠨ ᠪᠦᠯᠭᠦᠮ ᠤᠨ ᠬᠢᠨᠠᠨ ᠵᠦᠪᠯᠡᠬᠦ ᠳᠤ ᠤᠷᠤᠯᠴᠠᠬᠤ ᠦᠶ᠎ᠡ ᠳᠤ ᠬᠡᠯᠡᠭᠰᠡᠨ ᠶᠠᠷᠢᠶᠠᠨ ᠤ ᠵᠤᠷᠢᠭ ᠰᠠᠨᠠᠭ᠎ᠠ ᠶᠢ ᠳᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠠᠮᠵᠢᠯᠠᠯᠳᠤ ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦᠯᠬᠦ ᠶᠢ ᠠᠬᠢᠭᠤᠯᠵᠤ᠂ ᠲᠠᠪᠠᠭᠤᠯᠢᠭ ᠤᠨᠴᠠᠯᠢᠭᠳᠤ ᠠᠵᠤ ᠦᠢᠯᠡᠰ ᠢ ᠲᠤᠮᠤ ᠬᠡᠯᠪᠡᠷᠢᠵᠢᠭᠰᠡᠨ᠂ ᠰᠢᠨ᠎ᠠ ᠬᠡᠯᠪᠡᠷᠢᠵᠢᠭᠰᠡᠨ᠂ ᠤᠶᠤᠨᠴᠢᠯᠠᠬᠰᠠᠨ᠂ ᠪᠤᠬᠢᠷᠳᠤᠯ ᠦᠭᠡᠢ ᠵᠦᠭ ᠬᠦᠭᠵᠢᠭᠦᠯᠬᠦ ᠶᠢ ᠲᠦᠯᠬᠢᠨ ᠠᠬᠢᠭᠤᠯᠬᠤ ᠭᠡᠷᠡᠭᠳᠠᠢ᠃ ᠤᠳᠤ ᠦᠶ᠎ᠡ ᠶᠢᠨ ᠡᠨᠧᠷᠬᠢ ᠶᠢᠨ ᠠᠵᠤ ᠠᠬᠤᠢ ᠶᠢ ᠰᠠᠶᠢᠲᠤᠷ ᠠᠳᠬᠤᠵᠤ᠂ ᠴᠡᠪᠡᠷ ᠨᠡᠭᠦᠷᠡᠰᠦ ᠦᠢᠯᠡᠳᠪᠦᠷᠢᠯᠡᠬᠦ ᠲᠦᠪᠰᠢᠨ ᠢ ᠳᠡᠭᠡᠭᠰᠢᠯᠡᠭᠦᠯᠵᠦ᠂ ᠨᠡᠭᠦᠷᠡᠰᠦᠨ ᠤ ᠡᠬᠢ ᠪᠠᠶᠠᠯᠢᠭ ᠢ ᠤᠯᠠᠷᠢᠭᠤᠯᠤᠨ ᠦᠷᠳᠡᠭ ᠢ ᠨᠢ ᠨᠡᠮᠡᠭᠳᠡᠬᠦᠯᠬᠦ ᠶᠢ ᠠᠬᠢᠭᠤᠯᠵᠤ᠂ ᠢᠨᠲ᠋ᠧᠷ ᠰᠦᠯᠵᠢᠶ᠎ᠡ᠂ ᠳᠤᠮᠤ ᠳ᠋ᠠᠶᠢᠲ᠋ᠠ᠂ ᠵᠤᠬᠢᠶᠠᠮᠠᠯ ᠤᠶᠤᠨ ᠴᠢᠳᠠᠪᠬᠢ ᠪᠤᠯᠤᠨ ᠡᠨᠧᠷᠬᠢ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠬᠤ ᠬᠡᠷᠡᠭᠲᠡᠢ᠃ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠡᠢ ᠮᠠᠨᠳᠤᠭᠰᠠᠨ ᠠᠵᠤ ᠦᠢᠯᠡᠰ ᠢ ᠭᠦᠭᠵᠢᠭᠦᠯᠵᠦ᠂ ᠭᠤᠤᠯᠯᠠᠬᠤ ᠵᠠᠩᠭᠢᠯᠠᠭ᠎ᠠ ᠶᠢᠨ ᠮᠡᠷᠭᠡᠵᠢᠯ ᠪᠤᠯᠤᠨ ᠦᠢᠯᠡᠳᠬᠦᠨ ᠤ ᠰᠤᠳᠤᠯᠤᠯᠲᠠ ᠶᠢ ᠴᠢᠩᠭᠠᠳᠬᠠᠵᠤ᠂ ᠦᠷ᠎ᠡ ᠪᠦᠲᠦᠮᠵᠢ ᠶᠢ ᠨᠢ ᠲᠦᠷᠭᠡᠨ ᠤᠯᠠᠷᠢᠭᠤᠯᠬᠤ ᠬᠡᠷᠡᠭᠲᠡᠢ᠃ ᠪᠤᠬᠢᠷᠳᠤᠯ ᠦᠭᠡᠢ ᠬᠦᠭᠵᠢᠯᠲᠡ ᠶᠢ ᠠᠬᠢᠭᠤᠯᠵᠤ᠂ ᠬᠠᠲᠠᠭᠤ ᠪᠡᠶᠡᠲᠦ ᠬᠠᠶᠠᠭᠳᠠᠮᠠᠯ ᠪᠤᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠵᠢᠴᠢ ᠠᠵᠦ ᠦᠢᠯᠡᠰᠵᠢᠭᠦᠯᠬᠦ ᠶᠢ ᠲᠦᠷᠭᠡᠳᠭᠡᠬᠦ ᠬᠡᠷᠡᠭᠲᠡᠢ᠃ ᠬᠦᠷᠢᠶᠡᠯᠡᠩ ᠲᠤᠭᠤᠷᠢᠭ ᠤᠨ ᠠᠵᠤ ᠠᠬᠤᠢ ᠶᠢ ᠮᠠᠨᠳᠤᠭᠤᠯᠤᠨ ᠬᠦᠭᠵᠢᠭᠦᠯᠬᠦ ᠶᠢ ᠲᠦᠷᠭᠡᠳᠭᠡᠵᠦ᠂ ᠤᠷᠤᠨ ᠵᠠᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠬᠦᠷᠢᠶᠡᠯᠡᠩ ᠲᠤᠭᠤᠷᠢᠭ ᠢ ᠨᠡᠶᠢᠯᠡᠭᠦᠯᠬᠦ ᠪᠠ ᠦᠷᠭᠡᠳᠭᠡᠵᠦ ᠳᠡᠰ ᠳᠡᠪᠰᠢᠭᠦᠯᠬᠦ ᠶᠢ ᠠᠬᠢᠭᠤᠯᠵᠤ᠂ ᠬᠡᠪᠴᠢᠶᠡᠵᠢᠭᠦᠯᠦᠨ ᠬᠦᠭᠵᠢᠭᠦᠯᠬᠦ ᠶᠢ ᠪᠡᠶᠡᠯᠡᠭᠦᠯᠬᠦ ᠬᠡᠷᠡᠭᠲᠡᠢ᠃ ᠦᠢᠯᠡᠳᠪᠦᠷᠢᠯᠡᠯ ᠤᠨ ᠠᠮᠤᠷ ᠲᠦᠪᠰᠢᠨ ᠢ ᠰᠠᠶᠢᠲᠤᠷ ᠠᠳᠬᠤᠵᠤ᠂ ᠪᠠᠶᠢᠩᠭᠤᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ ᠭᠤᠤᠯᠳᠠᠯᠭᠠᠲᠤ ᠠᠵᠢᠯ ᠲᠦᠷᠦᠯ ᠤᠨ ᠠᠮᠤᠷ ᠲᠦᠪᠰᠢᠨ ᠤ ᠬᠠᠮᠢᠶᠠᠷᠤᠯᠲᠠ ᠪᠤᠯᠤᠨ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠢᠬᠤᠯᠠ ᠤᠨᠴᠠ ᠶᠡᠭᠡ ᠠᠳᠡᠯ ᠡᠭᠦᠰᠬᠦ ᠶᠢ ᠡᠷᠡᠰ ᠬᠤᠷᠢᠭᠯᠠᠬᠤ ᠬᠡᠷᠡᠭᠲᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号