ᠪᠦ᠋ ᠰᠢᠶᠤᠤ ᠯᠢᠨ ᠦᠬᠠᠢ ᠬᠤᠳᠠ ᠪᠠ ᠠᠯᠠᠱᠠ ᠠᠶᠢᠮᠠᠭ ᠲᠤ ᠪᠠᠶᠢᠴᠠᠭᠠᠨ ᠰᠤᠳᠤᠯᠤᠯᠳᠠ ᠬᠢᠭᠦ ᠳᠡᠭᠡᠨ ᠴᠢᠬᠤᠯᠠᠴᠢᠯᠠᠬᠰᠠᠨ ᠨᠢ ᠪᠦᠬᠦ ᠤᠯᠤᠰ ᠤᠨ ︽ᠬᠤᠶᠠᠷ ᠬᠤᠷᠠᠯ︾᠎ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠯᠠᠪᠳᠠᠭᠤᠨ ᠪᠠᠳᠤᠳᠠᠢ ᠠᠬᠢᠭᠤᠯᠬᠤ ᠬᠡᠷᠡᠭᠳᠡᠢ
ᠨᠡᠶᠢᠲᠡᠯᠡᠭᠰᠡᠨ ᠴᠠᠭ᠄
2018/3/27
     
     3 ᠳ᠋ᠤᠭᠠᠷ ᠰᠠᠷ᠎ᠠ ᠶᠢᠨ 25᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠦᠬᠠᠢ ᠬᠤᠳᠠ ᠪᠠ ᠠᠯᠠᠱᠠ ᠠᠶᠢᠮᠠᠭ ᠲᠤ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠬᠰᠠᠨ ᠨᠢ᠂ ᠪᠦᠬᠦ ᠤᠯᠤᠰ ᠤᠨ ︽ᠬᠤᠶᠠᠷ ᠬᠤᠷᠠᠯ ᠤᠨ ᠵᠤᠷᠢᠭ ᠰᠠᠨᠠᠭ᠎ᠠ᠂ ᠤᠨᠴᠠᠭᠠᠢᠢᠯᠠᠨ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠲᠦᠯᠦᠭᠡᠯᠡᠭᠴᠢᠳ ᠎ ᠤᠨ ᠪᠦᠯᠬᠦᠮ ᠤᠨ ᠬᠢᠨᠠᠨ ᠵᠦᠪᠯᠡᠭᠦ ᠳᠤ ᠤᠷᠤᠯᠴᠠᠬᠤ ᠦᠶ᠎ᠠ ᠳᠤ ᠬᠡᠯᠡᠭᠰᠡᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠯᠠᠪᠳᠠᠭᠤᠨ ᠪᠠᠳᠤᠳᠠᠢ ᠠᠬᠢᠭᠤᠯᠦᠨ᠂ ᠠᠵᠤ ᠦᠢᠯᠡᠰ ᠤᠨ ᠪᠦᠳᠦᠴᠡ ᠶᠢᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠭᠦᠯᠭᠦ ᠶᠢ ᠲᠦᠷᠭᠡᠳᠭᠡᠭᠦ ᠬᠡᠷᠡᠭᠳᠡᠢ ᠬᠡᠪᠠ᠃      ᠦᠬᠠᠢ ᠬᠤᠳᠠ ᠳᠤ ᠪᠠᠶᠢᠬᠰᠠᠨ ᠬᠤᠭᠤᠴᠠᠭᠠᠨ ᠳᠠᠭᠠᠨ᠂ ᠪᠦ᠋ ᠰᠢᠶᠤᠤ ᠯᠢᠨ ᠤᠷᠢᠳ ᠬᠤᠵᠢᠳ ᠦᠬᠠᠢ ᠶᠢᠨ ᠶᠠ ᠳ᠋ᠦᠩ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠳᠤ ᠺᠤᠮᠫᠠᠨᠢ ᠶᠢᠨ ᠨᠠᠹᠲ᠋ᠠᠯᠧᠨ ᠤ ᠰᠢᠷᠢᠰ ᠵᠠᠪᠰᠠᠷ ᠎ ᠤᠨ ᠪᠡᠶ᠎ᠠ ᠪᠠ ᠢᠳᠡᠪᠬᠢ ᠴᠢᠨᠠᠷᠳᠦ ᠪᠤᠳᠤᠬᠳᠦ ᠡᠳ᠋ ᠤᠨ ᠲᠦᠷᠦᠯ ᠵᠦᠢᠯ᠂ ᠺᠠᠪᠦ᠋ᠸᠧᠲ ᠾᠧᠩ ᠶᠧ ᠴᠧᠩ ᠤᠨ ᠦᠨᠳᠦᠷ ᠴᠢᠳᠠᠮᠵᠢᠳᠦ ᠮᠠᠲ᠋ᠧᠷᠢᠶᠠᠯ ︵ᠦᠪᠦᠷ ᠮᠤᠩᠭᠤᠯ︶᠎ ᠤᠨ ᠬᠢᠵᠠᠭᠠᠷᠳᠦ ᠺᠤᠮᠫᠠᠨᠢ ᠶᠢᠨ ᠬᠡᠢ ᠹᠠᠰ ᠤᠨ ᠴᠠᠬᠢᠭᠤᠷ ᠎ ᠤᠨ ᠲᠠᠪᠬᠤᠷ ᠢᠰᠦᠯ ᠤᠨ ᠲᠦᠷᠦᠯ ᠵᠦᠢᠯ᠂ ᠳ᠋ᠦᠩ ᠶᠤᠸᠠᠨ ᠰᠢᠨᠵᠢᠯᠡᠭᠦ ᠤᠬᠠᠭᠠᠨ ᠮᠡᠷᠭᠡᠵᠢᠯ ᠤᠨ ᠤᠰᠤᠳᠦ᠋ᠷᠦᠭᠴᠢ ᠵᠡᠷᠭᠡ ᠢᠶᠤᠨ ᠪᠡᠶᠡᠳᠦ ᠨᠡᠭᠦᠷᠡᠰᠦ ᠪᠠᠷ ᠬᠢᠭᠰᠡᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢᠨ ᠲᠤᠬᠠᠢ ᠶᠢᠨ ᠲᠠᠯᠠᠪᠠᠢ ᠳᠤ ᠬᠦᠷᠴᠤ᠂ ᠲᠦᠷᠦᠯ ᠵᠦᠢᠯ ᠤᠨ ᠲᠦᠯᠦᠪᠵᠢᠭᠦᠯᠭᠡ᠂ ᠤᠷᠠᠯᠠᠯ ᠤᠨ ᠡᠮᠬᠢ ᠳᠠᠷᠠᠭᠠᠯᠠᠯ᠂ ᠮᠡᠷᠭᠡᠵᠢᠯ ᠤᠨ ᠰᠤᠳᠤᠯᠤᠨ ᠨᠡᠭᠡᠭᠡᠯᠳᠡ᠂ ᠤᠷᠴᠢᠨ ᠲᠤᠭᠤᠷᠢᠨ ᠢ ᠬᠠᠮᠠᠭᠠᠯᠠᠬᠤ ᠲᠦᠭᠦᠭᠡᠷᠦᠮᠵᠢ᠂ ᠠᠶᠤᠯ ᠦᠭᠡᠢ ᠦᠢᠯᠡᠳᠪᠦᠷᠢᠯᠡᠯ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠤᠢᠢᠯᠠᠭᠠᠪᠠ᠃ ᠪᠦ᠋ ᠰᠢᠶᠤᠤ ᠯᠢᠨ᠂ ᠠᠵᠤ ᠠᠬᠤᠢᠢᠯᠠᠯ ᠳᠤ ᠴᠢᠳᠠᠪᠤᠷᠢᠳᠠᠨ᠂ ᠮᠡᠷᠭᠡᠵᠢᠯ ᠵᠡᠷᠭᠡ ᠲᠠᠯ᠎ᠠ ᠶᠢᠨ ᠲᠠᠪᠠᠭᠤᠯᠢᠭ ᠲᠠᠢ᠂ ᠲᠠᠪᠠᠭᠤᠯᠢᠭ ᠲᠠᠭᠠᠨ ᠰᠠᠭᠤᠷᠢᠯᠠᠨ᠂ ᠳᠠᠯᠳᠠ ᠬᠦᠴᠦᠨ ᠢᠶᠠᠨ ᠠᠭᠤᠳᠠᠯᠵᠤ᠂ ᠲᠡᠭᠡᠳᠦ ᠰᠢᠨ᠎ᠠ ᠮᠡᠷᠭᠡᠵᠢᠯ ᠪᠠ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢ ᠲᠦᠷᠭᠡᠨ ᠬᠡᠷᠡᠭᠯᠡᠨ ᠤᠯᠠᠮᠵᠢᠯᠠᠯᠳᠦ ᠠᠵᠤ ᠦᠢᠯᠡᠰ ᠢ ᠦᠭᠡᠷᠡᠴᠢᠯᠡᠨ ᠲᠡᠰ ᠲᠡᠪᠰᠢᠭᠦᠯᠵᠤ᠂ ᠰᠢᠨ᠎ᠠ ᠪᠠᠷ ᠮᠠᠨᠳᠤᠵᠣ ᠪᠠᠶᠢᠭ᠎ᠠ᠂ ᠲᠡᠭᠡᠳᠦ ᠲᠡᠰ ᠤᠨ᠂ ᠦᠨᠳᠦᠷ ᠲᠠᠭᠠᠯᠳᠠ ᠦᠷᠳᠡᠭ ᠪᠦᠬᠦᠢ ᠠᠵᠤ ᠦᠢᠯᠡᠰ ᠢ ᠶᠡᠭᠡᠪᠡᠷ ᠬᠦᠭᠵᠢᠭᠦᠯᠵᠤ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠠᠵᠤ ᠦᠢᠯᠡᠰ ᠢ ᠴᠢᠬᠤᠯᠠᠴᠢᠯᠠᠨ ᠬᠦᠭᠵᠢᠭᠦᠯᠵᠤ᠂ ᠠᠵᠤ ᠦᠢᠯᠡᠰ ᠤᠨ ᠪᠦᠳᠦᠴᠡ ᠪᠠᠨ ᠰᠢᠯᠢᠳᠡᠭᠵᠢᠭᠦᠯᠦᠨ ᠲᠡᠰ ᠲᠡᠪᠰᠢᠭᠦᠯᠭᠦ ᠶᠢ ᠠᠬᠢᠭᠤᠯᠬᠤ ᠬᠡᠷᠡᠭᠳᠡᠢ ᠬᠡᠪᠡ᠃      ᠠᠯᠠᠱᠠ ᠶᠢᠨ ᠠᠵᠤ ᠠᠬᠤᠢ ᠶᠢᠨ ᠨᠡᠭᠡᠭᠡᠯᠳᠡ ᠶᠢᠨ ᠲᠤᠭᠤᠷᠢᠭ ᠪᠤᠯ ᠦᠪᠡᠷᠳᠡᠭᠡᠨ ᠵᠠᠰᠠᠬᠤ ᠤᠷᠤᠨ ᠤ ᠲᠦᠷᠦᠭᠦᠦ ᠪᠦᠯᠦᠭ ᠤᠨ ᠠᠮᠢ ᠠᠬᠤᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠤᠨ ᠵᠢᠱᠢᠶ᠎ᠠ ᠦᠵᠡᠭᠦᠯᠭᠦ ᠴᠢᠭ᠋ ᠪᠠ ᠡᠷᠬᠢᠯᠳᠡᠳᠦ ᠠᠵᠤ ᠠᠬᠤᠢ ᠶᠢᠨ ᠠᠵᠤ ᠦᠢᠯᠡᠳᠪᠦᠷᠢ ᠶᠢᠨ ᠵᠢᠱᠢᠶ᠎ᠠ ᠦᠵᠡᠭᠦᠯᠭᠦ ᠲᠤᠭᠤᠷᠢᠭ ᠪᠤᠯᠤᠨ᠎ᠠ᠃ ᠠᠯᠠᠱᠠ ᠶᠢᠨ ᠠᠵᠤ ᠠᠬᠤᠢ ᠶᠢᠨ ᠨᠡᠭᠡᠭᠡᠯᠳᠡ ᠶᠢᠨ ᠲᠤᠭᠤᠷᠢᠭ ᠲᠤ᠂ ᠪᠦ᠋ ᠰᠢᠶᠤᠤ ᠯᠢᠨ ᠤᠷᠢᠳ ᠬᠤᠵᠢᠳ ᠦᠪᠦᠷ ᠮᠤᠩᠭᠤᠯ ᠤᠨ ᠴᠢᠩ ᠬᠤᠸᠠ ᠪᠦᠯᠦᠭᠯᠡᠯ᠂ ᠦᠪᠦᠷ ᠮᠤᠩᠭᠤᠯ ᠤᠨ ᠵᠢᠤᠢ ᠱᠢ ᠡᠨᠧᠷᠬᠢ ᠶᠢᠨ ᠬᠢᠵᠠᠭᠠᠷᠳᠦ ᠺᠤᠮᠫᠠᠨᠢ᠂ ᠲᠤᠮᠳᠠᠳᠤ ᠤᠯᠤᠰ ᠤᠨ ᠲᠠᠪᠤᠰᠤᠨ ᠤ ᠦᠢᠯᠡᠰ ᠤᠨ ᠵᠢᠷᠠᠳᠠᠢ ᠲᠠᠪᠤᠰᠤᠨ ᠤ ᠬᠢᠮᠢ ᠶᠢᠨ ᠪᠦᠯᠦᠭᠯᠡᠯ ᠤᠨ ᠬᠢᠵᠠᠭᠠᠷᠳᠦ ᠺᠤᠮᠫᠠᠨᠢ ᠳᠤ ᠪᠠᠶᠢᠴᠠᠭᠠᠨ ᠰᠤᠳᠤᠯᠤᠯᠲᠠ ᠬᠢᠵᠦ᠂ ᠠᠵᠤ ᠠᠬᠤᠢᠢᠯᠠᠯ ᠤᠨ ᠦᠢᠯᠡᠳᠪᠦᠷᠢᠯᠡᠯ ᠡᠵᠡᠩᠨᠡᠯᠳᠡ ᠶᠢᠨ ᠪᠠᠶᠢᠳᠠᠯ ᠎ ᠢ ᠨᠠᠷᠢᠨ ᠤᠢᠢᠯᠠᠭᠠᠵᠤ᠂ ᠠᠵᠤ ᠠᠬᠤᠢᠢᠯᠠᠯ ᠤᠨ ᠰᠢᠨᠵᠢᠯᠡᠭᠦ ᠤᠬᠠᠭᠠᠨ ᠮᠡᠷᠭᠡᠵᠢᠯ ᠤᠨ ᠰᠢᠨ᠎ᠠ ᠶᠢ ᠡᠭᠦᠳᠭᠦ ᠳᠤ ᠲᠦᠰᠢᠭᠯᠡᠨ ᠠᠵᠤ ᠦᠢᠯᠡᠰ ᠤᠨ ᠪᠦᠳᠦᠴᠨ ᠪᠠᠨ ᠰᠢᠯᠢᠳᠡᠭᠵᠢᠭᠦᠯᠦᠭᠰᠡᠨ ᠪᠠ ᠦᠯᠡᠭᠦᠳᠡᠭᠰᠡᠨ ᠦᠢᠯᠡᠳᠪᠦᠷᠢᠯᠡᠯ ᠤᠨ ᠴᠢᠳᠠᠪᠤᠷᠢ ᠪᠠᠨ ᠨᠠᠮᠳᠠᠭᠤᠯᠤᠬᠰᠠᠨ ᠠᠷᠭ᠎ᠠ ᠬᠢᠳᠡᠯ ᠢ ᠨᠢ ᠨᠤᠳᠠᠯᠠᠪᠠ᠃ ᠪᠦ᠋ ᠰᠢᠶᠤᠤ ᠯᠢᠨ ᠴᠢᠬᠤᠯᠠᠴᠢᠯᠠᠭᠰᠠᠨ ᠨᠢ᠂ ᠰᠢᠨ᠎ᠠ ᠬᠦᠭᠵᠢᠯᠳᠡ ᠶᠢᠨ ᠣᠨᠣᠯᠵᠢᠬᠤᠨ ᠢ ᠬᠢᠨᠠᠮᠠᠭᠠᠢ ᠲᠤᠤᠱᠯᠠᠭᠤᠯᠤᠨ ᠨᠡᠶᠢᠳᠡᠪᠦᠷᠢᠵᠢᠭᠤᠯᠵᠤ᠂ ᠴᠢᠨᠠᠷ ᠴᠢᠨᠰᠠᠭ᠎ᠠ ᠶᠢ ᠲᠡᠷᠢᠭᠦᠨ ᠳᠤ ᠲᠠᠯᠪᠢᠬᠤ᠂ ᠦᠷ᠎ᠠ ᠠᠰᠢᠭ ᠢ ᠲᠡᠷᠢᠭᠦᠨ ᠳᠤ ᠲᠠᠯᠪᠢᠬᠤ ᠶᠢ ᠪᠠᠷᠢᠮᠳᠠᠯᠠᠵᠤ᠂ ᠦᠷᠭᠦᠯᠵᠢᠯᠡᠨ ᠰᠢᠨ᠎ᠠ ᠶᠢ ᠡᠭᠦᠳᠦᠨ ᠬᠥᠭᠵᠢᠭᠦᠯᠬᠦ᠂ ᠴᠢᠨᠠᠷ ᠴᠢᠠᠰᠠᠭ᠎ᠠ ᠦᠷ᠎ᠠ ᠠᠰᠢᠭ ᠢᠶᠠᠨ ᠲᠡᠭᠡᠭᠰᠢᠯᠡᠭᠦᠯᠭᠦ ᠪᠠ ᠲᠤᠳᠠᠭᠤᠳᠠᠯ ᠢᠶᠠᠨ ᠨᠦᠬᠦᠪᠦᠷᠢᠯᠡᠭᠦ ᠲᠠᠯ᠎ᠠ ᠪᠠᠷ ᠬᠦᠴᠦ ᠤᠷᠤᠭᠤᠯᠵᠤ᠂ ᠭᠤᠤᠯᠳᠠᠯᠭ᠎ᠠ ᠪᠠᠨ ᠠᠵᠤ ᠦᠢᠯᠡᠰ ᠤᠨ ᠪᠦᠳᠦᠴᠡ ᠶᠢᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠭᠦᠯᠭᠦ ᠲᠡᠭᠡᠷ᠎ᠠ ᠲᠠᠯᠪᠢᠵᠤ᠂ ᠠᠵᠤ ᠦᠢᠯᠡᠰ ᠤᠨ ᠬᠡᠯᠬᠢᠶ᠎ᠠ ᠶᠢ ᠴᠢᠨᠠᠬᠰᠢᠳᠠ ᠤᠷᠳᠤᠳᠬᠠᠵᠤ᠂ ᠡᠨᠧᠷᠬᠢ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠬᠯᠠᠬᠤ ᠠᠰᠢᠭ ᠨᠤᠷᠮ᠎ᠠ ᠶᠢ ᠲᠡᠭᠡᠭᠰᠢᠯᠡᠭᠦᠯᠭᠦ ᠬᠡᠷᠡᠭᠳᠡᠢ ᠬᠡᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号